10 ᠰᠠᠷ᠎ᠠ ᠶᠢᠨ 30 ᠤ ᠡᠳᠦᠷ᠂ ᠥᠪᠡᠷᠲᠡᠭᠡᠨ ᠵᠠᠰᠠᠬᠤ ᠣᠷᠣᠨ ᠤ ᠬᠠᠲᠤᠨ ᠭᠤᠣᠯ ᠤᠨ ᠶᠡᠭᠡ ᠲᠣᠬᠤᠢ ᠶᠢᠨ ᠬᠡᠰᠡᠭ ᠤᠨ ᠪᠣᠭᠤᠮᠲᠠ ᠰᠢᠪᠲᠤᠯᠬᠤ | ᠳᠠᠶᠢᠯᠠᠯᠳᠤᠭᠠᠨ ᠤ ᠠᠬᠤᠢ ᠲᠠᠯᠠᠪᠠᠢ ᠶᠢᠨ ᠠᠬᠢᠭᠤᠯᠬᠤ ᠬᠤᠷᠠᠯ ᠣᠷᠳᠣᠰ ᠬᠤᠲᠠ ᠳᠤ ᠬᠤᠷᠠᠯᠳᠤᠵᠠᠢ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ | ᠳᠠᠶᠢᠴᠢᠨ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠠᠢ᠃ ᠬᠤᠷᠠᠯ ᠠᠴᠠ᠂ ᠬᠠᠲᠤᠨ ᠭᠤᠣᠯ ᠤᠨ ᠶᠡᠭᠡ ᠲᠣᠬᠤᠢ ᠶᠢᠨ ᠭᠡᠰᠡᠭ ᠤᠨ ᠪᠣᠭᠤᠮᠲᠠ | ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠳᠤ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠶᠣᠰᠣᠭᠠᠷ᠂ ᠰᠢᠪᠠᠷ | ᠡᠯᠡᠰᠦ ᠬᠠᠲᠤᠨ ᠭᠤᠣᠯ ᠳᠤ ᠤᠷᠤᠰᠤᠨ ᠣᠷᠣᠬᠤ ᠪᠣᠯᠣᠨ ᠰᠠᠯᠬᠢ ᠰᠢᠭᠤᠷᠭ᠎ᠠ ᠶᠢᠨ ᠳᠠᠭᠠᠷᠢᠯᠲᠠ ᠶᠢᠨ ᠬᠤᠶᠠᠷ ᠶᠡᠭᠡ ᠬᠤᠣᠷ ᠬᠥᠨᠥᠭᠡᠯ ᠳᠤ ᠠᠩᠬᠠᠷᠤᠯ ᠢᠶᠠᠨ | ᠲᠥᠪᠯᠡᠷᠡᠭᠦᠯᠦᠨ᠂ ᠡᠯᠡᠰᠦ ᠬᠠᠲᠤᠨ ᠭᠤᠣᠯ ᠳᠤ ᠤᠷᠤᠰᠤᠨ ᠣᠷᠣᠬᠤ ᠶᠢ ᠬᠤᠷᠢᠭᠯᠠᠬᠤ᠂ ᠡᠯᠡᠰᠦ ᠠᠭᠤᠯᠠᠨ ᠳᠤ ᠭᠠᠷᠬᠤ ᠶᠢ ᠬᠤᠷᠢᠭᠯᠠᠬᠤ᠂ ᠡᠯᠡᠰᠦ ᠶᠢ ᠡᠵᠡᠮᠳᠡᠨ | ᠡᠬᠢ ᠡᠭᠦᠰᠦᠯ ᠠᠴᠠ ᠨᠢ ᠠᠷᠢᠯᠭᠠᠬᠤ᠂ ᠠᠮᠢ ᠠᠬᠤᠢ ᠶᠢ ᠬᠠᠮᠠᠭᠠᠯᠠᠬᠤ 4 ᠳᠠᠶᠢᠯᠠᠯᠳᠤᠭᠠᠨ ᠢ ᠰᠠᠶᠢᠲᠤᠷ ᠬᠢᠵᠦ᠂ ᠲᠠᠷᠢᠶᠠᠯᠠᠩ ᠤᠨ ᠤᠰᠤ ᠠᠷᠪᠢᠯᠠᠬᠤ᠂ ᠠᠵᠤ | ᠦᠢᠯᠡᠰ ᠢ ᠬᠥᠭᠵᠢᠭᠦᠯᠬᠦ᠂ ᠠᠵᠢᠯ ᠣᠯᠭᠤᠯᠲᠠ ᠪᠠᠷ ᠲᠡᠳᠬᠦᠮᠵᠢ ᠢ ᠣᠷᠣᠯᠠᠭᠤᠯᠬᠤ ᠵᠡᠷᠭᠡ ᠬᠤᠯᠪᠣᠭᠳᠠᠯ ᠪᠦᠬᠦᠢ ᠠᠵᠢᠯ ᠢ ᠰᠠᠶᠢᠲᠤᠷ ᠲᠥᠪᠯᠡᠷᠡᠭᠦᠯᠦᠨ᠂ ᠡᠯ᠎ᠡ | ᠲᠠᠯ᠎ᠠ ᠶᠢᠨ ᠬᠦᠴᠦᠨ ᠢ ᠳᠠᠶᠢᠴᠢᠯᠠᠨ᠂ ᠡᠨᠡ ᠡᠪᠦᠯ ᠢᠷᠡᠬᠦ ᠬᠠᠪᠤᠷ ᠨᠢᠭᠡ ᠪᠦᠯᠦᠭ ᠪᠣᠳᠠᠲᠤ ᠢᠨᠵᠧᠨᠧᠷᠢᠩ ᠤᠨ ᠦᠨᠡᠨ ᠪᠣᠳᠠᠲᠠᠢ ᠠᠬᠢᠴᠠ ᠶᠢ ᠣᠯᠵᠤ᠂ ᠰᠡᠳᠬᠢᠯ | ᠨᠢᠭᠡᠳᠦᠨ ᠬᠦᠴᠦᠨ ᠢᠶᠠᠨ ᠬᠠᠮᠲᠤᠳᠬᠠᠵᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | | | | |