ᠣᠲᠤᠭ ᠬᠤᠰᠢᠭᠤ ᠬᠤᠩ ᠱᠢ ᠪᠦᠯᠦᠭᠯᠡᠯ᠂ ᠠᠢ ᠰᠢᠦᠢ ᠬᠤᠪᠢ ᠣᠷᠣᠭᠤᠯᠤᠭᠰᠠᠨ ᠺᠣᠮᠫᠠᠨᠢ ᠲᠠᠢ ᠰᠠᠭᠤᠳᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/11/30
      11 ᠰᠠᠷ᠎ᠠ ᠶᠢᠨ 29 ᠤ ᠡᠳᠦᠷ᠂ ᠣᠲᠤᠭ ᠬᠤᠰᠢᠭᠤ ᠬᠤᠩ ᠱᠢ ᠪᠦᠯᠦᠭᠯᠡᠯ᠂ ᠠᠢ ᠰᠢᠦᠢ ᠶᠢᠨ ᠬᠤᠪᠢ ᠣᠷᠣᠭᠤᠯᠤᠭᠰᠠᠨ ᠺᠣᠮᠫᠠᠨᠢ ᠲᠠᠢ ᠰᠠᠭᠤᠳᠠᠯ ᠤᠨ ᠬᠤᠷᠠᠯ ᠬᠤᠷᠠᠯᠳᠤᠭᠤᠯᠵᠤ᠂ ᠬᠤᠰᠢᠭᠤ ᠨᠠᠮ ᠤᠨ ᠬᠤᠷᠢᠶᠠᠨ ᠤ ᠱᠦᠵᠢ ᠭᠤᠤ ᠬᠤᠸᠠᠢ ᠵᠢᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃
11.30图片.jpg
      ᠬᠤᠩ ᠱᠢ ᠪᠦᠯᠦᠭᠯᠡᠯ ᠤᠨ ᠶᠡᠷᠦᠩᠬᠡᠢ ᠳᠠᠭᠠᠭᠠᠮᠠᠯ ᠤᠨ ᠲᠤᠰᠠᠯᠠᠭᠴᠢ᠂ ᠠᠽᠢᠶ᠎ᠠ ᠲᠢᠪ ᠤᠨ ᠴᠠᠬᠢᠭᠤᠷ ᠤᠨ ᠦᠢᠯᠡᠰ ᠤᠨ ᠬᠡᠷᠡᠭ ᠮᠡᠳᠡᠭᠴᠢ ᠯᠦ ᠰᠢᠶᠦ᠋ᠡᠭ ᠸᠧᠢ ᠨᠠᠷ ᠵᠢᠴᠢ ᠬᠤᠰᠢᠭᠤᠨ ᠤ ᠤᠳᠤᠷᠢᠳᠤᠯᠭ᠎ᠠ ᠯᠢ ᡁᠢ ᠪᠢᠶᠣᠣ᠂ ᠯᠢᠦ ᠷᠦᠢ᠂ ᠦ᠋ ᠶᠦᠩ ᠨᠢᠩ ᠪᠣᠯᠣᠨ ᠬᠤᠰᠢᠭᠤ ᠠᠵᠤ ᠦᠢᠯᠡᠳᠪᠦᠷᠢ ᠮᠡᠳᠡᠭᠡ ᠵᠠᠩᠬᠢᠴᠢᠯᠠᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃       ᠬᠤᠷᠠᠯ ᠳᠡᠭᠡᠷ᠎ᠡ᠂ ᠤᠳᠤᠭ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠦ᠋ ᠶᠦᠩ ᠨᠢᠩ ᠨᠡᠭᠡᠭᠡᠯᠲᠡ ᠶᠢᠨ ᠲᠣᠭᠤᠷᠢᠭ ᠤᠨ ᠠᠵᠤ ᠠᠬᠤᠢ ᠶᠢᠨ ᠬᠥᠭᠵᠢᠯᠲᠡ ᠪᠣᠯᠣᠨ ᠠᠵᠤ ᠦᠢᠯᠡᠰ ᠤᠨ ᠰᠠᠭᠤᠷᠢ ᠵᠡᠷᠭᠡ ᠪᠠᠶᠢᠳᠠᠯ ᠢ ᠲᠠᠨᠢᠯᠴᠠᠭᠤᠯᠪᠠ᠃ ᠬᠤᠩ ᠱᠢ ᠪᠦᠯᠦᠭᠯᠡᠯ ᠂ ᠠᠢ ᠰᠢᠦᠢ ᠬᠤᠪᠢ ᠣᠷᠣᠭᠤᠯᠤᠭᠰᠠᠨ ᠺᠣᠮᠫᠠᠨᠢ ᠠᠵᠤ ᠠᠬᠤᠶᠢᠯᠠᠯ ᠤᠨ ᠲᠦᠢᠮᠣ ᠪᠠᠶᠢᠳᠠᠯ ᠵᠢᠴᠢ ᠪᠠᠶᠢᠭᠤᠯᠬᠤ ᠪᠠᠷ ᠪᠠᠶᠢᠭ᠎ᠠ ᠲᠥᠷᠥᠯ ᠵᠦᠢᠯ ᠤᠨ ᠪᠠᠶᠢᠳᠠᠯ ᠢᠶᠠᠨ ᠲᠤᠰ ᠲᠤᠰ ᠲᠠᠨᠢᠯᠴᠠᠭᠤᠯᠪᠠ᠃ ᠬᠤᠷᠠᠯ ᠳᠤ ᠣᠷᠣᠯᠴᠠᠭᠰᠠᠳ ᠪᠠᠶᠢᠭᠤᠯᠬᠤ ᠪᠠᠷ ᠪᠠᠶᠢᠭ᠎ᠠ ᠲᠥᠷᠥᠯ ᠵᠦᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃ ᠭᠤᠤ ᠬᠤᠸᠠᠢ ᠵᠢᠩ ᠠᠴᠠ ᠯᠦ ᠰᠢᠶᠦ᠋ᠡᠭ ᠸᠧᠢ ᠨᠠᠷ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠬᠦ ᠳᠡᠭᠡᠨ᠂ ᠣᠶᠢᠷ᠎ᠠ ᠶᠢᠨ ᠵᠢᠯ ᠳᠤ᠂ ᠤᠲᠤᠭ ᠬᠤᠰᠢᠭᠤ ᠠᠵᠤ ᠦᠢᠯᠡᠳᠪᠦᠷᠢ ᠪᠠᠷ ᠬᠤᠰᠢᠭᠤ ᠪᠠᠨ ᠬᠦᠴᠦᠷᠬᠡᠭᠵᠢᠭᠦᠯᠬᠦ ᠬᠠᠷᠠᠯᠲᠠ ᠳᠤ ᠰᠠᠭᠤᠷᠢᠯᠠᠨ᠂ ᠠᠵᠤ ᠦᠢᠯᠡᠰ ᠤᠨ ᠲᠠᠲᠠᠬᠤ ᠦᠢᠯᠡᠳᠦᠯ ᠪᠣᠯᠣᠨ ᠬᠦᠴᠦᠨ ᠵᠦᠢᠯ ᠲᠥᠪᠯᠡᠷᠡᠭᠰᠡᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ᠂ ᠰᠢᠨ᠎ᠡ ᠮᠠᠲ᠋ᠧᠷᠢᠶᠠᠯ ᠦᠢᠯᠡᠳᠬᠦ ᠵᠡᠷᠭᠡ ᠭᠤᠣᠯᠳᠠᠯᠭ᠎ᠠ ᠲᠠᠢ ᠬᠦᠷᠢᠶ᠎ᠡ ᠬᠡᠪᠴᠢᠶ᠎ᠡ ᠶᠢ ᠴᠢᠩᠭ᠎ᠠ ᠠᠩᠬᠠᠷᠤᠨ᠂ ᠬᠡᠯᠬᠢᠶ᠎ᠡ ᠶᠢ ᠤᠷᠲᠤᠳᠬᠠᠬᠤ᠂ ᠬᠡᠯᠬᠢᠶ᠎ᠡ ᠶᠢ ᠨᠥᠬᠦᠪᠦᠷᠢᠯᠡᠬᠦ᠂ ᠬᠡᠯᠬᠢᠶ᠎ᠡ ᠶᠢ ᠪᠠᠶᠢᠭᠤᠯᠬᠤ᠂ ᠬᠡᠯᠬᠢᠶ᠎ᠡ ᠶᠢ ᠬᠦᠴᠦᠷᠬᠡᠭᠵᠢᠭᠦᠯᠬᠦ ᠶᠢ ᠴᠢᠩᠭ᠎ᠠ ᠠᠳᠬᠤᠵᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠢᠳᠡᠪᠬᠢᠲᠡᠢ ᠬᠥᠭᠵᠢᠭᠦᠯᠦᠭᠰᠡᠨ ᠪᠠᠶᠢᠨ᠎ᠠ᠃      ᠬᠤᠩ ᠱᠢ ᠪᠦᠯᠦᠭᠯᠡᠯ ᠳᠤᠮᠳᠠᠳᠤ ᠤᠯᠤᠰ ᠤᠨ ᠠᠵᠤ ᠠᠬᠤᠶᠢᠯᠠᠯ ᠤᠨ 500 ᠬᠦᠴᠦᠷᠬᠡᠭ᠂ ᠳᠤᠮᠳᠠᠳᠤ ᠤᠯᠤᠰ ᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ 500 ᠬᠦᠴᠦᠷᠬᠡᠭ ᠤᠨ ᠨᠢᠭᠡ ᠨᠢ ᠪᠣᠯᠤᠭᠰᠠᠨ ᠤ ᠬᠤᠪᠢ ᠳᠤ᠂ ᠠᠢ ᠰᠢᠦᠢ ᠬᠤᠪᠢ ᠣᠷᠣᠭᠤᠯᠤᠭᠰᠠᠨ ᠺᠣᠮᠫᠠᠨᠢ ᠨᠢ ᠪᠦᠬᠦ ᠪᠥᠮᠪᠥᠷᠴᠡᠭ ᠤᠨ ᠨᠡᠷᠡᠨ ᠡᠨᠧᠷᠭᠢ ᠶᠢᠨ ᠳ᠋ᠢᠶᠠᠨ ᡂᠢ ᠶᠢᠨ ᠭᠤᠣᠯ ᠬᠠᠩᠭᠠᠯᠭ᠎ᠠ ᠶᠢᠨ ᠬᠤᠳᠠᠯᠳᠤᠭᠠᠴᠢᠨ ᠪᠠ ᠤᠳᠤ ᠦᠶ᠎ᠡ ᠶᠢᠨ ᠭᠡᠷᠡᠯ ᠴᠡᠨᠡᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯ ᠲᠦᠷᠦᠯ ᠤᠨ ᠳᠠᠭᠠᠭᠤᠯᠤᠭᠴᠢ ᠠᠵᠤ ᠠᠬᠤᠶᠢᠯᠠᠯ ᠪᠣᠯᠤᠭᠰᠠᠨ ᠤ ᠬᠤᠪᠢ ᠳᠤ᠂ ᠤᠲᠤᠭ ᠬᠤᠰᠢᠭᠤᠨ ᠤ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠬᠡᠯᠪᠡᠷᠢ ᠶᠢᠨ ᠬᠤᠪᠢᠷᠠᠭᠤᠯᠤᠯᠲᠠ᠂ ᠠᠵᠤ ᠦᠢᠯᠡᠰ ᠤᠨ ᠬᠥᠭᠵᠢᠯᠲᠡ ᠶᠢᠨ ᠴᠢᠭᠯᠡᠯ ᠲᠠᠢ ᠳᠡᠭᠡᠳᠦ ᠬᠡᠮᠵᠢᠶ᠎ᠡ ᠪᠠᠷ ᠨᠡᠶᠢᠴᠡᠵᠦ᠂ ᠤᠲᠤᠭ ᠬᠤᠰᠢᠭᠤᠨ ᠤ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠪᠢᠳᠡ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠥᠭᠵᠢᠯᠲᠡ ᠶᠢᠨ ᠢᠷᠡᠭᠡᠳᠦᠢ ᠶᠢ ᠲᠦᠢᠯ ᠢᠶᠠᠷ ᠴᠢᠬᠤᠯᠠᠴᠢᠯᠠᠵᠤ᠂ ᠠᠵᠤ ᠠᠬᠤᠶᠢᠯᠠᠯ ᠤᠨ ᠬᠢᠨ ᠲᠤᠰ ᠪᠡᠶ᠎ᠡ ᠶᠢᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠪᠠᠨ ᠤᠲᠤᠭ ᠬᠤᠰᠢᠭᠤᠨ ᠤ ᠠᠵᠤ ᠦᠢᠯᠡᠰ ᠤᠨ ᠪᠠᠶᠢᠷᠢᠰᠢᠭᠤᠯᠤᠯᠲᠠ ᠪᠣᠯᠣᠨ ᠳᠠᠪᠠᠭᠤᠯᠢᠭ ᠲᠠᠢ ᠤᠶᠠᠯᠳᠤᠭᠤᠯᠤᠨ᠂ ᠴᠢᠨᠠᠭᠰᠢᠳᠠ ᠭᠦᠨᠵᠡᠭᠡᠢ ᠠᠪᠴᠠᠯᠳᠤᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠬᠠᠮᠲᠤ ᠪᠠᠷ ᠠᠬᠢᠭᠤᠯᠬᠤ ᠶᠢ ᠴᠢᠩ ᠰᠡᠳᠬᠢᠯ ᠠᠴᠠ ᠪᠠᠨ ᠬᠦᠰᠡᠵᠦ ᠪᠠᠶᠢᠨ᠎ᠠ᠃       ᠤᠲᠤᠭ ᠬᠤᠰᠢᠭᠤ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠳᠤ ᠰᠠᠶᠢᠨ ᠰᠠᠶᠢᠬᠠᠨ ᠬᠥᠭᠵᠢᠯᠲᠡ ᠶᠢᠨ ᠣᠷᠴᠢᠨ ᠲᠣᠭᠤᠷᠢᠨ ᠢ ᠪᠦᠷᠢᠯᠳᠦᠭᠦᠯᠵᠦ ᠥᠭᠭᠦᠨ᠎ᠡ ᠭᠡᠪᠡ᠃ ᠯᠦ ᠰᠢᠶᠦ᠋ᠡᠭ ᠸᠧᠢ ᠨᠠᠷ ᠢᠯᠡᠷᠬᠡᠶᠢᠯᠡᠬᠦ ᠳᠡᠭᠡᠨ ᠂ ᠤᠲᠤᠭ ᠬᠤᠰᠢᠭᠤᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠰᠠᠶᠢᠨ᠂ ᠰᠠᠯᠬᠢᠨ ᠤ ᠬᠦᠴᠦ᠂ ᠨᠠᠷᠠᠨ ᠡᠨᠧᠷᠭᠢ᠂ ᠭᠠᠵᠠᠷ ᠰᠢᠷᠣᠢ᠂ ᠴᠠᠬᠢᠭᠤᠷ ᠤᠨ ᠠᠭᠤᠷᠬᠠᠢ ᠶᠢᠨ ᠡᠬᠢ ᠪᠠᠶᠠᠯᠢᠭ ᠡᠯᠪᠡᠭ᠂ ᠠᠵᠤ ᠦᠢᠯᠡᠰ ᠤᠨ ᠰᠠᠭᠤᠷᠢ ᠵᠤᠵᠠᠭᠠᠨ᠂ ᠪᠡᠯᠡ ᠣᠷᠣᠭᠤᠯᠤᠯᠲᠠ ᠶᠢᠨ ᠠᠯᠤᠰ ᠤᠨ ᠲᠥᠯᠥᠪ ᠳᠠᠪᠠᠭᠤᠯᠢᠭ ᠪᠠᠶᠢᠨ᠎ᠠ᠃ ᠠᠵᠤ ᠠᠬᠤᠶᠢᠯᠠᠯ ᠬᠥᠭᠵᠢᠯᠲᠡ ᠶᠢᠨ ᠠᠵᠠ ᠲᠣᠬᠢᠶᠠᠯ ᠢ ᠡᠵᠡᠮᠳᠡᠵᠦ᠂ ᠲᠦᠷᠦᠯ ᠵᠦᠢᠯ ᠢ ᠨᠠᠶᠢᠳᠠᠪᠤᠷᠢᠵᠢᠭᠤᠯᠬᠤ ᠪᠠ ᠬᠡᠷᠡᠭᠵᠢᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠂ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠵᠦ᠂ ᠬᠠᠮᠲᠤ ᠪᠠᠷ ᠬᠥᠭᠵᠢᠬᠦ ᠶᠢ ᠪᠡᠶᠡᠯᠡᠭᠦᠯᠦᠨ᠎ᠡ ᠭᠡᠵᠡᠢ᠃  
ᠢᠷᠡᠯᠲᠡ᠄ ᠣᠲᠤᠭ ᠨᠡᠶᠢᠲᠡᠯᠡᠯ