11 ᠰᠠᠷ᠎ᠠ ᠶᠢᠨ 29 ᠤ ᠡᠳᠦᠷ᠂ ᠣᠲᠤᠭ ᠬᠤᠰᠢᠭᠤ ᠬᠤᠩ ᠱᠢ ᠪᠦᠯᠦᠭᠯᠡᠯ᠂ ᠠᠢ ᠰᠢᠦᠢ ᠶᠢᠨ ᠬᠤᠪᠢ ᠣᠷᠣᠭᠤᠯᠤᠭᠰᠠᠨ ᠺᠣᠮᠫᠠᠨᠢ ᠲᠠᠢ ᠰᠠᠭᠤᠳᠠᠯ ᠤᠨ | ᠬᠤᠷᠠᠯ ᠬᠤᠷᠠᠯᠳᠤᠭᠤᠯᠵᠤ᠂ ᠬᠤᠰᠢᠭᠤ ᠨᠠᠮ ᠤᠨ ᠬᠤᠷᠢᠶᠠᠨ ᠤ ᠱᠦᠵᠢ ᠭᠤᠸ ᠬᠤᠸᠠᠢ ᠵᠢᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ ᠬᠤᠩ ᠱᠢ | ᠪᠦᠯᠦᠭᠯᠡᠯ ᠤᠨ ᠶᠡᠷᠦᠩᠬᠡᠢ ᠳᠠᠭᠠᠭᠠᠮᠠᠯ ᠤᠨ ᠲᠤᠰᠠᠯᠠᠭᠴᠢ᠂ ᠠᠽᠢᠶ᠎ᠠ ᠲᠢᠪ ᠤᠨ ᠴᠠᠬᠢᠭᠤᠷ ᠤᠨ ᠦᠢᠯᠡᠰ ᠤᠨ ᠬᠡᠷᠡᠭ ᠮᠡᠳᠡᠭᠴᠢ ᠯᠦ ᠰᠢᠶᠦ᠋ᠡᠭ ᠸᠧᠢ ᠨᠠᠷ ᠵᠢᠴᠢ | ᠬᠤᠰᠢᠭᠤᠨ ᠤ ᠤᠳᠤᠷᠢᠳᠤᠯᠭ᠎ᠠ ᠯᠢ ᡁᠢ ᠪᠢᠶᠣᠣ᠂ ᠯᠢᠦ ᠷᠦᠢ᠂ ᠦ᠋ ᠶᠦᠩ ᠨᠢᠩ ᠪᠣᠯᠣᠨ ᠬᠤᠰᠢᠭᠤ ᠠᠵᠤ ᠦᠢᠯᠡᠳᠪᠦᠷᠢ ᠮᠡᠳᠡᠭᠡ ᠵᠠᠩᠬᠢᠴᠢᠯᠠᠯᠲᠠ ᠪᠠ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠵᠡᠷᠭᠡ | ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃ | ᠬᠤᠷᠠᠯ ᠳᠡᠭᠡᠷ᠎ᠡ᠂ ᠤᠳᠤᠭ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠦ᠋ ᠶᠦᠩ ᠨᠢᠩ | ᠨᠡᠭᠡᠭᠡᠯᠲᠡ ᠶᠢᠨ ᠲᠣᠭᠤᠷᠢᠭ ᠤᠨ ᠠᠵᠤ ᠠᠬᠤᠢ ᠶᠢᠨ ᠬᠥᠭᠵᠢᠯᠲᠡ ᠪᠣᠯᠣᠨ ᠠᠵᠤ ᠦᠢᠯᠡᠰ ᠤᠨ ᠰᠠᠭᠤᠷᠢ ᠵᠡᠷᠭᠡ ᠪᠠᠶᠢᠳᠠᠯ ᠢ ᠲᠠᠨᠢᠯᠴᠠᠭᠤᠯᠪᠠ᠃ ᠬᠤᠩ ᠱᠢ ᠪᠦᠯᠦᠭᠯᠡᠯ᠂ | ᠠᠢ ᠰᠢᠦᠢ ᠬᠤᠪᠢ ᠣᠷᠣᠭᠤᠯᠤᠭᠰᠠᠨ ᠺᠣᠮᠫᠠᠨᠢ ᠠᠵᠤ ᠠᠬᠤᠶᠢᠯᠠᠯ ᠤᠨ ᠲᠣᠶᠢᠮᠣ ᠪᠠᠶᠢᠳᠠᠯ ᠵᠢᠴᠢ ᠪᠠᠶᠢᠭᠤᠯᠬᠤ ᠪᠠᠷ ᠪᠠᠶᠢᠭ᠎ᠠ ᠲᠥᠷᠥᠯ ᠵᠦᠢᠯ ᠤᠨ ᠪᠠᠶᠢᠳᠠᠯ ᠢᠶᠠᠨ ᠲᠤᠰ | ᠲᠤᠰ ᠲᠠᠨᠢᠯᠴᠠᠭᠤᠯᠪᠠ᠃ ᠬᠤᠷᠠᠯ ᠳᠤ ᠣᠷᠣᠯᠴᠠᠭᠰᠠᠳ ᠪᠠᠶᠢᠭᠤᠯᠬᠤ ᠪᠠᠷ ᠪᠠᠶᠢᠭ᠎ᠠ ᠲᠥᠷᠥᠯ ᠵᠦᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠲᠤᠬᠠᠢ | ᠰᠠᠨᠠᠯ ᠢᠶᠠᠨ ᠭᠦᠨᠵᠡᠭᠡᠢ ᠰᠣᠯᠢᠯᠴᠠᠪᠠ᠃ | ᠭᠤᠤ ᠬᠤᠸᠠᠢ ᠵᠢᠩ ᠠᠴᠠ ᠯᠦ ᠰᠢᠶᠦ᠋ᠡᠭ ᠸᠧᠢ ᠨᠠᠷ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠬᠦ ᠳᠡᠭᠡᠨ᠂ | ᠣᠶᠢᠷ᠎ᠠ ᠶᠢᠨ ᠵᠢᠯ ᠳᠤ᠂ ᠤᠲᠤᠭ ᠬᠤᠰᠢᠭᠤ ᠠᠵᠤ ᠦᠢᠯᠡᠳᠪᠦᠷᠢ ᠪᠠᠷ ᠬᠤᠰᠢᠭᠤ ᠪᠠᠨ ᠬᠦᠴᠦᠷᠬᠡᠭᠵᠢᠭᠦᠯᠬᠦ ᠬᠠᠷᠠᠯᠲᠠ ᠳᠤ ᠰᠠᠭᠤᠷᠢᠯᠠᠨ᠂ ᠠᠵᠤ ᠦᠢᠯᠡᠰ ᠤᠨ | ᠲᠠᠲᠠᠬᠤ ᠦᠢᠯᠡᠳᠦᠯ ᠪᠣᠯᠣᠨ ᠬᠦᠴᠦᠨ ᠵᠦᠢᠯ ᠲᠥᠪᠯᠡᠷᠡᠭᠰᠡᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ᠂ ᠰᠢᠨ᠎ᠡ | ᠮᠠᠲ᠋ᠧᠷᠢᠶᠠᠯ ᠦᠢᠯᠡᠳᠬᠦ ᠵᠡᠷᠭᠡ ᠭᠤᠣᠯᠳᠠᠯᠭ᠎ᠠ ᠲᠠᠢ ᠬᠦᠷᠢᠶ᠎ᠡ ᠬᠡᠪᠴᠢᠶ᠎ᠡ ᠶᠢ ᠴᠢᠩᠭ᠎ᠠ ᠠᠩᠬᠠᠷᠤᠨ᠂ ᠬᠡᠯᠬᠢᠶ᠎ᠡ ᠶᠢ ᠤᠷᠲᠤᠳᠬᠠᠬᠤ᠂ ᠬᠡᠯᠬᠢᠶ᠎ᠡ ᠶᠢ ᠨᠥᠬᠦᠪᠦᠷᠢᠯᠡᠬᠦ᠂ | ᠬᠡᠯᠬᠢᠶ᠎ᠡ ᠶᠢ ᠪᠠᠶᠢᠭᠤᠯᠬᠤ᠂ ᠬᠡᠯᠬᠢᠶ᠎ᠡ ᠶᠢ ᠬᠦᠴᠦᠷᠬᠡᠭᠵᠢᠭᠦᠯᠬᠦ ᠶᠢ ᠴᠢᠩᠭ᠎ᠠ ᠠᠳᠬᠤᠵᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ | ᠦᠢᠯᠡᠰ ᠢ ᠢᠳᠡᠪᠬᠢᠲᠡᠢ ᠬᠥᠭᠵᠢᠭᠦᠯᠦᠭᠰᠡᠨ ᠪᠠᠶᠢᠨ᠎ᠠ᠃ ᠬᠤᠩ ᠱᠢ ᠪᠦᠯᠦᠭᠯᠡᠯ ᠳᠤᠮᠳᠠᠳᠤ ᠤᠯᠤᠰ ᠤᠨ ᠠᠵᠤ ᠠᠬᠤᠶᠢᠯᠠᠯ ᠤᠨ 500 ᠬᠦᠴᠦᠷᠬᠡᠭ᠂ ᠳᠤᠮᠳᠠᠳᠤ | ᠤᠯᠤᠰ ᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ 500 ᠬᠦᠴᠦᠷᠬᠡᠭ ᠤᠨ ᠨᠢᠭᠡ ᠨᠢ ᠪᠣᠯᠤᠭᠰᠠᠨ ᠤ ᠬᠤᠪᠢ ᠳᠤ᠂ ᠠᠢ ᠰᠢᠦᠢ ᠬᠤᠪᠢ | ᠣᠷᠣᠭᠤᠯᠤᠭᠰᠠᠨ ᠺᠣᠮᠫᠠᠨᠢ ᠨᠢ ᠪᠦᠬᠦ ᠪᠥᠮᠪᠥᠷᠴᠡᠭ ᠤᠨ ᠨᠡᠷᠡᠨ ᠡᠨᠧᠷᠭᠢ ᠶᠢᠨ ᠳ᠋ᠢᠶᠠᠨ ᡂᠢ ᠶᠢᠨ ᠭᠤᠣᠯ ᠬᠠᠩᠭᠠᠯᠭ᠎ᠠ ᠶᠢᠨ ᠬᠤᠳᠠᠯᠳᠤᠭᠠᠴᠢᠨ ᠪᠠ ᠤᠳᠤ ᠦᠶ᠎ᠡ ᠶᠢᠨ | ᠭᠡᠷᠡᠯ ᠴᠡᠨᠡᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯ ᠲᠦᠷᠦᠯ ᠤᠨ ᠳᠠᠭᠠᠭᠤᠯᠤᠭᠴᠢ ᠠᠵᠤ ᠠᠬᠤᠶᠢᠯᠠᠯ ᠪᠣᠯᠤᠭᠰᠠᠨ ᠤ ᠬᠤᠪᠢ ᠳᠤ᠂ ᠤᠲᠤᠭ | ᠬᠤᠰᠢᠭᠤᠨ ᠤ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠬᠡᠯᠪᠡᠷᠢ ᠶᠢᠨ ᠬᠤᠪᠢᠷᠠᠭᠤᠯᠤᠯᠲᠠ᠂ ᠠᠵᠤ ᠦᠢᠯᠡᠰ ᠤᠨ ᠬᠥᠭᠵᠢᠯᠲᠡ ᠶᠢᠨ ᠴᠢᠭᠯᠡᠯ ᠲᠠᠢ ᠳᠡᠭᠡᠳᠦ | ᠬᠡᠮᠵᠢᠶ᠎ᠡ ᠪᠠᠷ ᠨᠡᠶᠢᠴᠡᠵᠦ᠂ ᠤᠲᠤᠭ ᠬᠤᠰᠢᠭᠤᠨ ᠤ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠬᠥᠭᠵᠢᠯᠲᠡ ᠶᠢ | ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠪᠢᠳᠡ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠥᠭᠵᠢᠯᠲᠡ ᠶᠢᠨ ᠢᠷᠡᠭᠡᠳᠦᠢ ᠶᠢ | ᠲᠤᠶᠢᠯ ᠢᠶᠠᠷ ᠴᠢᠬᠤᠯᠠᠴᠢᠯᠠᠵᠤ᠂ ᠠᠵᠤ ᠠᠬᠤᠶᠢᠯᠠᠯ ᠤᠨ ᠬᠢᠨ ᠲᠤᠰ ᠪᠡᠶ᠎ᠡ ᠶᠢᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠪᠠᠨ ᠤᠲᠤᠭ ᠬᠤᠰᠢᠭᠤᠨ ᠤ ᠠᠵᠤ | ᠦᠢᠯᠡᠰ ᠤᠨ ᠪᠠᠶᠢᠷᠢᠰᠢᠭᠤᠯᠤᠯᠲᠠ ᠪᠣᠯᠣᠨ ᠳᠠᠪᠠᠭᠤᠯᠢᠭ ᠲᠠᠢ ᠤᠶᠠᠯᠳᠤᠭᠤᠯᠤᠨ᠂ ᠴᠢᠨᠠᠭᠰᠢᠳᠠ ᠭᠦᠨᠵᠡᠭᠡᠢ ᠠᠪᠴᠠᠯᠳᠤᠭᠤᠯᠵᠤ᠂ ᠴᠢᠨᠠᠷ ᠰᠠᠶᠢᠲᠠᠢ ᠬᠥᠭᠵᠢᠯᠲᠡ ᠶᠢ | ᠬᠠᠮᠲᠤ ᠪᠠᠷ ᠠᠬᠢᠭᠤᠯᠬᠤ ᠶᠢ ᠴᠢᠩ ᠰᠡᠳᠬᠢᠯ ᠠᠴᠠ ᠪᠠᠨ ᠬᠦᠰᠡᠵᠦ ᠪᠠᠶᠢᠨ᠎ᠠ᠃ ᠤᠲᠤᠭ ᠬᠤᠰᠢᠭᠤ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠪᠦᠬᠦ | ᠬᠦᠴᠦᠨ ᠢᠶᠠᠷ ᠢᠶᠠᠨ ᠰᠠᠶᠢᠲᠤᠷ ᠬᠢᠵᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠳᠤ ᠰᠠᠶᠢᠨ ᠰᠠᠶᠢᠬᠠᠨ ᠬᠥᠭᠵᠢᠯᠲᠡ ᠶᠢᠨ ᠣᠷᠴᠢᠨ ᠲᠣᠭᠤᠷᠢᠨ ᠢ | ᠪᠦᠷᠢᠯᠳᠦᠭᠦᠯᠵᠦ ᠥᠭᠭᠦᠨ᠎ᠡ ᠭᠡᠪᠡ᠃ | ᠯᠦ ᠰᠢᠶᠦ᠋ᠡᠭ ᠸᠧᠢ ᠨᠠᠷ ᠢᠯᠡᠷᠬᠡᠶᠢᠯᠡᠬᠦ ᠳᠡᠭᠡᠨ᠂ ᠤᠲᠤᠭ ᠬᠤᠰᠢᠭᠤᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠰᠠᠶᠢᠨ᠂ ᠰᠠᠯᠬᠢᠨ ᠤ ᠬᠦᠴᠦ᠂ | ᠨᠠᠷᠠᠨ ᠡᠨᠧᠷᠭᠢ᠂ ᠭᠠᠵᠠᠷ ᠰᠢᠷᠣᠢ᠂ ᠴᠠᠬᠢᠭᠤᠷ ᠤᠨ ᠠᠭᠤᠷᠬᠠᠢ ᠶᠢᠨ ᠡᠬᠢ ᠪᠠᠶᠠᠯᠢᠭ ᠡᠯᠪᠡᠭ᠂ ᠠᠵᠤ ᠦᠢᠯᠡᠰ ᠤᠨ ᠰᠠᠭᠤᠷᠢ ᠵᠤᠵᠠᠭᠠᠨ᠂ ᠪᠡᠯᠡ ᠣᠷᠣᠭᠤᠯᠤᠯᠲᠠ ᠶᠢᠨ | ᠠᠯᠤᠰ ᠤᠨ ᠲᠥᠯᠥᠪ ᠳᠠᠪᠠᠭᠤᠯᠢᠭ ᠪᠠᠶᠢᠨ᠎ᠠ᠃ ᠠᠵᠤ ᠠᠬᠤᠶᠢᠯᠠᠯ ᠬᠥᠭᠵᠢᠯᠲᠡ ᠶᠢᠨ ᠠᠵᠠ ᠲᠣᠬᠢᠶᠠᠯ ᠢ ᠡᠵᠡᠮᠳᠡᠵᠦ᠂ ᠲᠦᠷᠦᠯ ᠵᠦᠢᠯ ᠢ ᠨᠠᠶᠢᠳᠠᠪᠤᠷᠢᠵᠢᠭᠤᠯᠬᠤ ᠪᠠ | ᠬᠡᠷᠡᠭᠵᠢᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠂ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠵᠦ᠂ ᠬᠠᠮᠲᠤ ᠪᠠᠷ ᠬᠥᠭᠵᠢᠬᠦ ᠶᠢ ᠪᠡᠶᠡᠯᠡᠭᠦᠯᠦᠨ᠎ᠡ ᠭᠡᠵᠡᠢ᠃ | |