ᠭᠤᠤ ᠬᠤᠸᠠᠢ ᠵᠢᠩ ᠪᠦᠯᠬᠦᠮ ᠳᠠᠭᠠᠭᠤᠯᠤᠨ ᠱᠠᠩᠬᠠᠢ ᠵᠧᠵᠢᠶᠠᠩ ᠵᠡᠷᠭᠡ ᠭᠠᠵᠠᠷ ᠢᠶᠠᠷ ᠰᠢᠨᠵᠢᠯᠡᠨ ᠪᠠᠶᠢᠴᠠᠭᠠᠵᠤ ᠰᠤᠷᠤᠯᠴᠠᠨ ᠠᠷᠠᠯᠵᠢᠶᠠᠴᠢᠨ ᠤᠷᠢᠵᠤ ᠪᠡᠯᠡ ᠤᠷᠤᠭᠤᠯᠤᠭᠰᠠᠨ
ᠨᠡᠶᠢᠲᠡᠯᠡᠭᠰᠡᠨ ᠴᠠᠭ᠄
2023/11/6
      11 ᠰᠠᠷ᠎ᠠ ᠶᠢᠨ 2 ᠠᠴᠠ 5 ᠤ ᠡᠳᠦᠷ ᠪᠣᠯᠲᠠᠯ᠎ᠠ᠂ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠶ ᠥᠷᠨᠢᠭᠦᠯᠵᠦ ᠪᠠᠶᠢᠭ᠎ᠠ ᠲᠠᠰᠢᠷᠠᠮ ᠳᠤ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠶᠡᠭᠡ ᠶᠠᠪᠤᠳᠠᠯ︾ ᠪᠣᠯᠤᠨ ᠬᠤᠲᠠ ᠶᠢᠨ ᠨᠠᠮ ᠤᠨ ᠬᠤᠷᠢᠶ᠎ᠠ ᠶᠢᠨ ︽ᠭᠤᠷᠪᠠ ᠳᠥᠷᠪᠡ︾ ᠶᠢᠨ ᠬᠠᠷᠠᠯᠲᠠᠲᠤ ᠡᠭᠦᠷᠭᠡ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ︽ᠲᠠᠪᠤ ᠶᠢ ᠳᠠᠬᠢᠨ ᠲᠠᠰ ᠳᠡᠪᠰᠢᠭᠦᠯᠬᠦ︾ ᠶᠢ ᠠᠬᠢᠭᠤᠯᠬᠤ ᠶᠢᠨ ᠲᠥᠯᠥᠭᠡ᠂ ᠬᠤᠰᠢᠭᠤ ᠨᠠᠮ ᠤᠨ ᠬᠤᠷᠢᠶᠠᠨ ᠤ ᠱᠦᠵᠢ ᠭᠤᠤ ᠬᠤᠸᠠᠢ ᠵᠢᠩ ᠪᠦᠯᠬᠦᠮ ᠳᠠᠭᠠᠭᠤᠯᠤᠨ ᠱᠠᠩᠬᠠᠶ᠂ ᠵᠧᠵᠢᠶᠠᠩ ᠵᠡᠷᠭᠡ ᠭᠠᠵᠠᠷ ᠲᠤ ᠬᠦᠷᠴᠦ ᠪᠠᠶᠢᠴᠠᠭᠠᠨ ᠰᠤᠷᠤᠯᠴᠠᠵᠤ᠂ ᠠᠷᠠᠯᠵᠢᠶᠠᠴᠢᠨ ᠤᠷᠢᠵᠤ ᠪᠠᠯᠠ ᠣᠷᠣᠭᠤᠯᠤᠨ᠂ ᠳᠠᠪᠠᠭᠤᠯᠢᠭ ᠠᠵᠤ ᠦᠢᠯᠡᠰ ᠤᠨ ᠬᠡᠯᠬᠢᠶ᠎ᠡ ᠳᠤ ᠠᠩᠬᠠᠷᠤᠯ ᠢᠶᠠᠨ ᠲᠥᠪᠯᠡᠷᠡᠭᠦᠯᠦᠨ᠂ ᠭᠤᠤᠯᠳᠠᠯᠭ᠎ᠠ ᠲᠠᠢ ᠠᠵᠤ ᠠᠬᠤᠶᠢᠯᠠᠯ ᠢᠶᠠᠷ ᠬᠦᠷᠴᠦ ᠶᠠᠷᠢᠯᠴᠠᠨ ᠰᠣᠯᠢᠯᠴᠠᠵᠤ᠂ ᠬᠤᠯᠪᠣᠭᠳᠠᠯ ᠪᠥᠬᠦᠶ ᠬᠠᠮᠲᠤᠷᠠᠯᠴᠠᠭᠠᠨ ᠤ ᠤᠴᠢᠷ ᠶᠠᠪᠤᠳᠠᠯ ᠢ ᠭᠦᠨᠵᠡᠭᠡᠶ ᠵᠥᠪᠳᠡᠯᠴᠡᠪᠡ᠃      ᠱᠠᠩᠬᠠᠢ ᠶᠢᠨ ᠳ᠋ᠦᠩ ᠹᠠᠩ ᠰᠢ ᠸᠠᠩ ᠪᠦᠯᠦᠭᠯᠡᠯ ᠳᠤ᠂ ᠭᠤᠤ ᠬᠤᠸᠠᠢ ᠵᠢᠩ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠶᠠᠷᠢᠯᠴᠠᠨ ᠰᠠᠨᠠᠯ ᠢᠶᠠᠨ ᠰᠣᠯᠢᠯᠴᠠᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠶᠠᠪᠤᠴᠠ ᠵᠢᠴᠢ ᠠᠵᠤ ᠦᠢᠯᠡᠰ ᠤᠨ ᠪᠠᠶᠢᠷᠢᠰᠢᠭᠤᠯᠤᠯᠲᠠ ᠶᠢᠨ ᠠᠯᠤᠰ ᠤᠨ ᠲᠥᠯᠥᠪ ᠢ ᠨᠠᠷᠢᠨ ᠤᠢᠢᠯᠠᠭᠠᠭᠰᠠᠨ ᠪᠥᠭᠡᠳ ᠠᠵᠤ ᠠᠬᠤᠶᠢᠯᠠᠯ ᠳᠤ ᠤᠲᠤᠭ ᠬᠤᠰᠢᠭᠤᠨ ᠤ ᠪᠡᠯᠡ ᠣᠷᠣᠭᠤᠯᠤᠯᠲᠠ ᠶᠢᠨ ᠣᠷᠴᠢᠨ ᠲᠣᠭᠤᠷᠢᠨ᠂ ᠠᠵᠤ ᠦᠢᠯᠡᠰ ᠤᠨ ᠲᠦᠷᠦ ᠶᠢᠨ ᠪᠤᠳᠤᠯᠭ᠎ᠠ ᠶᠢ ᠲᠠᠨᠢᠯᠴᠠᠭᠤᠯᠵᠠᠢ᠃ ᠭᠤᠤ  ᠬᠤᠸᠠᠢ ᠵᠢᠩ ᠢᠯᠡᠷᠬᠡᠶᠢᠯᠡᠬᠦ ᠳᠡᠭᠡᠨ᠂ ᠳ᠋ᠦᠩ ᠹᠠᠩ ᠰᠢ ᠸᠠᠩ ᠪᠦᠯᠦᠭᠯᠡᠯ ᠪᠣᠯ ᠳᠤᠮᠳᠠᠳᠤ ᠤᠯᠤᠰ ᠤᠨ ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ 500 ᠬᠦᠴᠦᠷᠬᠡᠭ ᠤᠨ ᠨᠢᠭᠡ ᠮᠥᠨ᠂ ᠡᠵᠡᠩᠨᠡᠯᠲᠡ ᠶᠢᠨ ᠣᠶᠢᠯᠠᠭᠠᠭᠳᠠᠬᠤᠨ ᠢᠶᠠᠷ ᠲᠡᠷᠢᠭᠦᠨ ᠤ᠂ ᠬᠥᠷᠥᠩᠭᠡ ᠶᠢᠨ ᠪᠣᠳᠠᠲᠤ ᠬᠦᠴᠦᠨ ᠢᠶᠠᠷ ᠴᠢᠩᠭ᠎ᠠ ᠪᠠᠶᠢᠳᠠᠭ᠃ ᠣᠳᠣᠬᠠᠨ ᠳᠤ ᠣᠲᠤᠭ ᠬᠤᠰᠢᠭᠤ ︽ᠡᠨᠧᠷᠭᠢ ᠶᠢᠨ ᠪᠣᠬᠢᠷᠲᠤᠯ ᠥᠬᠡᠶ ᠦᠢᠯᠡᠳᠪᠦᠷᠢᠯᠡᠯ ᠬᠡᠷᠡᠭᠯᠡᠭᠡ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠬᠤ︾ ︽ᠨᠠᠷᠢᠯᠢᠭ ᠬᠢᠮᠢ ᠶᠢᠨ ᠠᠵᠤ ᠦᠢᠯᠡᠳᠪᠤᠷᠢ ᠶᠢᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ︾ ︽ᠰᠢᠨ᠎ᠡ ᠡᠨᠧᠷᠭᠢ ᠶᠢᠨ ᠦᠢᠯᠡᠳᠴᠥ ᠨᠥᠭᠡᠴᠡᠯᠡᠵᠦ ᠬᠡᠷᠡᠭᠯᠡᠬᠦ ᠶᠢ ᠨᠢᠭᠡ ᠴᠤᠭᠴᠠᠵᠢᠭᠤᠯᠤᠭᠰᠠᠨ ᠵᠢᠱᠢᠶ᠎ᠡ ᠦᠵᠡᠭᠦᠯᠬᠦ ᠰᠠᠭᠤᠷᠢᠨ ᠭᠠᠵᠠᠷ︾ ᠵᠡᠷᠭᠡ ︽ᠨᠠᠢᠮᠠᠨ ᠵᠢᠱᠢᠶ᠎ᠡ ᠦᠵᠡᠭᠦᠯᠬᠦ︾ ᠬᠠᠷᠠᠯᠲᠠᠲᠤ ᠡᠭᠦᠷᠭᠡ ᠶᠢ ᠲᠣᠭᠲᠠᠭᠠᠵᠤ ᠪᠠᠶᠢᠨ᠎ᠠ᠃ ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮ ᠢ ᠲᠦᠷᠭᠡᠳᠬᠡᠨ ᠪᠠᠶᠢᠭᠤᠯᠬᠤ ᠳᠤ᠂ ᠬᠤᠶᠠᠷ ᠲᠠᠯ᠎ᠠ ᠪᠠᠷ ᠢᠶᠠᠨ ᠨᠡᠩ ᠥᠷᠭᠡᠨ ᠭᠦᠷᠢᠶ᠎ᠠ᠂ ᠨᠡᠩ ᠶᠡᠭᠡ ᠭᠡᠪᠴᠢᠶ᠎ᠠ᠂ ᠨᠡᠩ ᠭᠦᠨ ᠳᠠᠪᠬᠤᠷᠭ᠎ᠠ ᠳᠤ ᠨᠢᠭᠲᠠ ᠬᠠᠮᠲᠤᠷᠠᠯᠴᠠᠭ᠎ᠠ ᠬᠢᠵᠦ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ ᠬᠠᠮᠲᠤᠷᠠᠯᠴᠠᠭ᠎ᠠ ᠬᠢᠵᠦ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠪᠡ᠃ ᠠᠵᠤ ᠠᠬᠤᠶᠢᠯᠠᠯ ᠤᠨ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠣᠲᠤᠭ ᠬᠤᠰᠢᠭᠤ ᠠᠵᠤ  ᠦᠢᠯᠡᠰ ᠤᠨ ᠬᠥᠭᠵᠢᠯᠲᠡ ᠶᠢᠨ ᠲᠠᠯ᠎ᠠ ᠪᠠᠷ ᠤᠷᠤᠯᠳᠤᠭᠠᠨ ᠤ ᠵᠠᠮ ᠢᠶᠠᠨ ᠣᠨᠣᠪᠴᠢᠲᠠᠶ ᠰᠣᠩᠭᠤᠵᠤ᠂ ᠴᠢᠭᠯᠡᠯ ᠢᠶᠠᠨ ᠣᠨᠣᠪᠴᠢᠲᠠᠶ ᠡᠷᠢᠵᠦ ᠣᠯᠵᠠᠶ᠂ ᠤᠯᠠᠮ ᠨᠢᠭᠡ ᠠᠯᠬᠤᠮ ᠭᠦᠨᠵᠡᠭᠡᠶ ᠵᠣᠯᠭᠠᠭᠤᠯᠵᠤ᠂ ᠡᠷᠲᠡᠬᠡᠨ ᠪᠣᠳᠠᠲᠠᠶ ᠶᠢ ᠡᠷᠬᠢᠮᠯᠡᠭᠰᠡᠨ ᠬᠠᠮᠲᠤᠷᠠᠯᠴᠠᠭ᠎ᠠ ᠬᠢᠵᠦ᠂ ᠴᠢᠨᠠᠷ ᠰᠠᠶᠢᠲᠠᠶ ᠬᠥᠭᠵᠢᠯᠲᠡ ᠶᠢ ᠭᠠᠷ ᠬᠤᠯᠪᠣᠨ ᠬᠠᠮᠲᠤ ᠪᠠᠷ ᠠᠬᠢᠭᠤᠯᠬᠤ ᠶᠢ ᠬᠦᠰᠡᠵᠦ ᠪᠠᠶᠢᠨ᠎ᠠ ᠭᠡᠵᠡᠶ᠃      ᠱᠠᠩᠬᠠᠢ ᠶᠢᠨ ᠺᠠᠢ ᠰᠠᠢ ᠠᠮᠢᠳᠤ ᠪᠣᠳᠠᠰ ᠤᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠪᠣᠯ ᠨᠡᠶᠢᠯᠡᠮᠡᠯ ᠠᠮᠢᠳᠤ ᠪᠣᠳᠠᠰ ᠤᠨ ᠬᠦᠷᠢᠶᠡᠨ ᠤ ᠰᠢᠨ᠎ᠡ ᠶᠢ ᠡᠭᠦᠳᠬᠦ ᠬᠡᠯᠪᠡᠷᠢ ᠶᠢᠨ ᠠᠵᠤ ᠠᠬᠤᠶᠢᠯᠠᠯ ᠪᠠᠶᠢᠵᠤ᠂ ᠪᠦᠬᠦ ᠳᠡᠯᠡᠬᠡᠢ ᠳᠤ ᠡᠩ ᠲᠡᠷᠢᠭᠦᠨ ᠳᠤ ᠠᠮᠢᠳᠤ ᠪᠣᠳᠠᠰ ᠤᠨ ᠨᠡᠶᠢᠯᠡᠯᠭᠡ ᠶᠢᠨ ᠮᠡᠷᠭᠡᠵᠢᠯ ᠢ ᠶᠡᠭᠡ ᠭᠡᠪᠴᠢᠶ᠎ᠠ ᠪᠠᠷ ᠠᠵᠤ ᠦᠢᠯᠡᠳᠪᠦᠷᠢᠵᠢᠭᠦᠯᠦᠨ ᠬᠡᠷᠡᠭᠯᠡᠬᠦ ᠶᠢ ᠪᠡᠶᠡᠯᠡᠭᠦᠯᠵᠡᠢ᠃ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠯᠲᠡ᠂ ᠲᠤᠬᠠᠶᠢᠯᠠᠭᠰᠠᠨ ᠠᠵᠢᠯ ᠤᠨ ᠥᠷᠭᠡᠳᠬᠡᠯ᠂ ᠵᠠᠬ᠎ᠠ ᠳᠡᠯᠭᠡᠭᠦᠷ ᠤᠨ ᠡᠵᠡᠩᠨᠡᠯᠲᠡ ᠵᠡᠷᠭᠡ ᠪᠠᠶᠢᠳᠠᠯ ᠢ ᠭᠦᠨᠵᠡᠭᠡᠶ ᠣᠶᠢᠯᠠᠭᠠᠭᠰᠠᠨ ᠤ ᠳᠠᠷᠠᠭ᠎ᠠ᠂ ᠭᠤᠤ ᠬᠤᠸᠠᠢ ᠵᠢᠩ ᠨᠠᠷ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠶ ᠰᠣᠯᠢᠯᠴᠠᠵᠤ᠂ ᠠᠵᠤ ᠠᠬᠤᠶᠢᠯᠠᠯ ᠤᠳ ᠣᠲᠤᠭ ᠬᠤᠰᠢᠭᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠲᠣᠰ ᠪᠡᠶ᠎ᠡ ᠶᠢᠨ ᠮᠡᠷᠭᠡᠵᠢᠯ ᠤᠨ ᠳᠠᠪᠠᠭᠤᠯᠢᠭ᠂ ᠵᠠᠬ᠎ᠠ ᠳᠡᠯᠭᠡᠭᠦᠷ ᠤᠨ ᠳᠠᠪᠠᠭᠤᠯᠢᠭ ᠢᠶᠠᠨ ᠣᠲᠤᠭ ᠬᠤᠰᠢᠭᠤᠨ ᠤ ᠠᠵᠤ ᠦᠶ᠋ᠯᠡᠰ ᠤᠨ ᠳᠠᠪᠠᠭᠤᠯᠢᠭ᠂ ᠡᠬᠢ ᠪᠠᠶᠠᠯᠢᠭ ᠤᠨ ᠳᠠᠪᠠᠭᠤᠯᠢᠭ ᠲᠠᠢ ᠤᠶᠠᠯᠳᠤᠭᠤᠯᠵᠤ᠂ ᠣᠷᠣᠨ ᠨᠤᠲᠤᠭ ᠤᠨ ᠠᠵᠤ ᠦᠶ᠋ᠯᠡᠰ ᠤᠨ ᠬᠡᠯᠬᠢᠶ᠎ᠡ ᠶᠢ ᠤᠷᠲᠤᠳᠬᠠᠬᠤ᠂ ᠬᠡᠯᠬᠢᠶ᠎ᠡ ᠶᠢ ᠨᠥᠬᠦᠪᠥᠷᠢᠯᠡᠬᠦ᠂ ᠬᠡᠯᠬᠢᠶ᠎ᠡ ᠶᠢ ᠴᠢᠩᠭᠠᠳᠬᠠᠬᠤ ᠶᠢ ᠬᠦᠰᠡᠵᠦ ᠪᠠᠶᠢᠨ᠎ᠠ ᠭᠡᠪᠡ᠃ ᠠᠵᠤ ᠠᠬᠤᠶᠢᠯᠠᠯ ᠤᠨ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠨᠡᠪᠲᠡᠷᠡᠯᠴᠡᠭᠡ ᠰᠣᠯᠢᠯᠴᠠᠭ᠎ᠠ ᠪᠠᠨ ᠭᠦᠨᠵᠡᠭᠡᠶᠢᠷᠡᠭᠦᠯᠵᠦ᠂ ᠬᠠᠮᠲᠤᠷᠠᠯᠴᠠᠭᠠᠨ ᠤ ᠬᠦᠷᠢᠶ᠎ᠡ ᠬᠡᠪᠴᠢᠶ᠎ᠡ ᠪᠠᠨ ᠥᠷᠭᠡᠳᠬᠡᠨ᠂ ᠠᠵᠤ ᠠᠬᠤᠶᠢᠯᠠᠯ ᠪᠠ ᠣᠷᠣᠨ ᠨᠤᠲᠤᠭ ᠤᠨ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠭᠥᠷᠳᠡᠬᠦ ᠶᠢ ᠴᠢᠷᠮᠠᠶᠢᠨ ᠪᠡᠶᠡᠯᠡᠭᠦᠯᠦᠨ᠎ᠡ ᠭᠡᠵᠡᠶ᠃      ᠵᠧᠵᠢᠶᠠᠩ ᠤᠨ ᠬᠤᠩ ᠱᠢ ᠰᠲ᠋ᠣᠺ ᠡᠵᠡᠮᠳᠡᠬᠦ ᠪᠦᠯᠦᠭᠯᠡᠯ ᠤᠨ ᠬᠢᠵᠠᠭᠠᠷᠲᠤ ᠺᠣᠮᠫᠠᠨᠢ ᠳᠤ᠂ ᠭᠤᠤ ᠬᠤᠸᠠᠢ ᠵᠢᠩ ᠠᠵᠤ ᠠᠬᠤᠶᠢᠯᠠᠯ ᠤᠨ ᠦᠵᠡᠭᠦᠯᠦᠯᠭᠡ ᠶᠢᠨ ᠲᠢᠩᠬᠢᠮ ᠪᠣᠯᠤᠨ ᠲᠣᠭᠠᠴᠢᠯᠠᠭᠰᠠᠨ ᠡᠵᠡᠮᠰᠢᠯ ᠤᠨ ᠲᠥᠪ ᠢ ᠲᠣᠭᠤᠷᠢᠨ ᠦᠵᠡᠬᠦ ᠳᠡᠭᠡᠨ ᠬᠤᠩ ᠱᠢ ᠶᠢᠨ ᠬᠥᠭᠵᠢᠯᠲᠡ ᠶᠢᠨ ᠶᠠᠪᠤᠴᠠ᠂ ᠮᠡᠷᠭᠡᠵᠢᠯ ᠤᠨ ᠬᠥᠳᠡᠯᠭᠡᠭᠦᠷ ᠵᠢᠴᠢ ᠪᠠᠶᠢᠯᠳᠤᠬᠤ ᠪᠤᠳᠤᠯᠭ᠎ᠠ ᠶᠢᠨ ᠬᠡᠯᠪᠡᠷᠢ ᠶᠢᠨ ᠬᠤᠪᠢᠷᠠᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠭᠤᠤ ᠬᠤᠸᠠᠢ ᠵᠢᠩ ᠵᠢᠭᠠᠵᠤ ᠭᠠᠷᠭᠠᠭᠰᠠᠨ ᠨᠢ᠂ ᠣᠶᠢᠷ᠎ᠠ ᠶᠢᠨ ᠵᠢᠯ ᠤᠳ ᠲᠤ ᠣᠲᠤᠭ ᠬᠤᠰᠢᠭᠤ  ᠠᠷᠠᠯᠵᠢᠶᠠᠴᠢᠨ ᠤᠷᠢᠵᠤ ᠪᠠᠯᠠ ᠣᠷᠣᠭᠤᠯᠬᠤ ᠶᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ︽ᠡᠬᠢ ᠪᠤᠯᠠᠭ︾ ᠪᠣᠯᠭᠠᠬᠤ ᠶᠢ ᠪᠠᠷᠢᠮᠲᠠᠯᠠᠵᠤ᠂ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠪᠠᠷ ᠠᠴᠢᠶᠠᠯᠠᠪᠤᠷᠢ ᠪᠣᠯᠭᠠᠵᠤ᠂ ᠪᠠᠭᠲᠠᠭᠠᠮᠵᠢ ᠶᠡᠬᠡᠲᠡᠶ᠂ ᠴᠢᠨᠠᠷ ᠰᠠᠶᠢᠲᠠᠶ᠂ ᠳᠠᠶᠢᠴᠢᠯᠠᠬᠤ ᠴᠢᠳᠠᠪᠤᠷᠢ ᠪᠠᠷ ᠴᠢᠩᠭ᠎ᠠ ᠨᠢᠭᠡ ᠪᠦᠯᠦᠭ ᠲᠥᠷᠥᠯ ᠵᠦᠢᠯ ᠢ ᠵᠠᠯᠭᠠᠭ᠎ᠠ ᠪᠠᠷ ᠨᠠᠶᠢᠳᠠᠪᠤᠷᠢᠵᠢᠭᠤᠯᠵᠠᠶ᠃ ᠬᠤᠩ ᠱᠢ ᠪᠦᠯᠦᠭᠯᠡᠯ ᠲᠠᠢ ᠨᠡᠩ ᠥᠷᠭᠡᠨ ᠬᠦᠷᠢᠶᠡᠨ ᠳᠤ ᠬᠠᠮᠲᠤᠷᠠᠯᠴᠠᠭ᠎ᠠ ᠥᠷᠨᠢᠭᠦᠯᠵᠦ᠂ ᠬᠥᠭᠵᠢᠯᠲᠡ ᠶᠢᠨ ᠬᠠᠮᠲᠤᠪᠠᠷ ᠠᠰᠢᠭ ᠬᠦᠷᠳᠡᠬᠦ ᠶᠢ ᠴᠢᠷᠮᠠᠶᠢᠨ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠪᠠ᠃ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠦᠵᠡᠬᠦ ᠪᠠᠷ᠂ ᠣᠲᠤᠭ ᠬᠤᠰᠢᠭᠤᠨ ᠤ ᠡᠬᠢ ᠪᠠᠶᠠᠯᠢᠭ ᠤᠨ ᠳᠠᠪᠠᠭᠤᠯᠢᠭ ᠢᠯᠡᠳᠲᠡ ᠪᠠᠶᠢᠵᠤ᠂ ᠬᠥᠭᠵᠢᠯᠲᠡ ᠶᠢᠨ ᠰᠠᠭᠤᠷᠢ ᠪᠠ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠦᠷᠭᠦᠯᠵᠢᠯᠡᠨ ᠰᠠᠶᠢᠵᠢᠷᠠᠵᠤ ᠪᠠᠶᠢᠨ᠎ᠠ᠂ ᠤᠯᠤᠯᠴᠠᠭ᠎ᠠ ᠵᠣᠯᠭᠠᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠭᠥᠷᠳᠡᠬᠦ ᠨᠡᠶᠢᠯᠡᠯ ᠴᠡᠭ᠂ ᠬᠦᠴᠦᠯᠡᠬᠦ ᠴᠡᠭ ᠢ ᠡᠷᠢᠯᠬᠢᠯᠡᠵᠦ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠵᠦ᠂ ᠬᠠᠮᠲᠤ ᠪᠠᠷ ᠬᠥᠭᠵᠢᠬᠦ ᠶᠢ ᠪᠡᠶᠡᠯᠡᠭᠦᠯᠦᠨ᠎ᠡ ᠭᠡᠰᠡᠨ ᠪᠠᠶᠢᠨ᠎ᠠ᠃      ᠹᠦ᠋ ᠯᠠᠢ ᠲᠧ ᠰᠢᠯ ᠤᠨ ᠪᠦᠯᠦᠭᠯᠡᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠪᠣᠯ ᠪᠦᠬᠦ ᠳᠡᠯᠡᠬᠡᠢ ᠶᠢᠨ ᠬᠠᠮᠤᠭ ᠤᠨ ᠲᠤᠮᠤ ᠭᠡᠷᠡᠯ ᠴᠡᠨᠡᠭ ᠤᠨ ᠰᠢᠯ ᠦᠢᠯᠡᠳᠬᠦ ᠬᠤᠳᠠᠯᠳᠤᠭᠠᠴᠢᠨ ᠤ ᠨᠢᠭᠡ ᠪᠣᠯᠤᠨ᠎ᠠ᠂ ᠲᠡᠷᠢᠭᠦᠨ ᠤ ᠭᠡᠷᠡᠯ ᠴᠡᠨᠡᠭ ᠤᠨ ᠰᠢᠯ ᠤᠨ ᠦᠢᠯᠡᠳᠪᠦᠷᠢᠯᠡᠯ ᠤᠨ ᠱᠤᠭᠤᠮ ᠪᠠ ᠪᠦᠷᠢᠨ ᠪᠦᠲᠦᠨ ᠠᠵᠤ ᠦᠢᠯᠡᠰ ᠤᠨ ᠭᠡᠯᠭᠢᠶ᠎ᠠ ᠲᠠᠢ᠂ ᠤᠯᠤᠰ ᠤᠨ ᠲᠡᠰ ᠤᠨ ᠦᠢᠯᠡᠳᠬᠦ ᠦᠢᠯᠡᠰ ᠤᠨ ᠲᠠᠩ ᠲᠦᠷᠦᠯ ᠤᠨ ᠮᠠᠩᠯᠠᠢ ᠶᠢᠨ ᠵᠢᠱᠢᠶ᠎ᠠ ᠦᠵᠡᠭᠦᠯᠬᠦ ᠠᠵᠤ ᠠᠬᠤᠶᠢᠯᠠᠯ ᠪᠣᠯᠤᠨ᠎ᠠ᠃ ᠹᠦ᠋ ᠯᠠᠢ ᠲᠧ ᠪᠦᠯᠦᠭᠯᠡᠯ ᠳᠤ᠂ ᠭᠤᠤ ᠬᠤᠸᠠᠢ ᠵᠢᠩ ᠨᠡᠷ ᠦᠢᠯᠡᠳᠪᠦᠷᠢ ᠶᠢᠨ ᠲᠠᠰᠤᠭ ᠦᠢᠯᠡᠳᠪᠦᠷᠢᠯᠡᠯ ᠤᠨ ᠱᠤᠭᠤᠮ ᠢ ᠲᠤᠬᠠᠢ ᠶᠢᠨ ᠭᠠᠵᠠᠷ ᠲᠤᠨᠢ ᠲᠣᠭᠤᠷᠢᠨ ᠦᠵᠡᠵᠦ᠂ ᠭᠠᠷ ᠤᠷᠠᠯᠠᠯ ᠤᠨ ᠶᠠᠪᠤᠴᠠ᠂ ᠮᠡᠷᠭᠡᠵᠢᠯ ᠤᠨ ᠰᠤᠳᠤᠯᠤᠨ ᠨᠡᠭᠡᠭᠡᠯᠳᠡ᠂ ᠵᠠᠬ᠎ᠠ ᠳᠡᠯᠭᠡᠭᠦᠷ ᠤᠨ ᠠᠯᠤᠰ ᠢᠷᠡᠭᠡᠳᠦᠢ ᠵᠡᠷᠭᠡ ᠪᠠᠶᠢᠳᠠᠯ ᠢ ᠨᠠᠷᠢᠨ ᠣᠶᠢᠯᠠᠭᠠᠪᠠ ᠃ ᠭᠤᠤ ᠬᠤᠸᠠᠢ ᠵᠢᠩ ᠢᠯᠡᠷᠬᠡᠶᠢᠯᠡᠬᠦ ᠳᠡᠭᠡᠨ᠂ ᠣᠲᠤᠭ ᠬᠤᠰᠢᠭᠤᠨ ᠤ ᠡᠬᠢ ᠪᠠᠶᠠᠯᠢᠭ ᠡᠯᠪᠡᠭ ᠳᠡᠯᠪᠡᠭ᠂ ᠣᠷᠣᠨ ᠪᠠᠶᠢᠷᠢ ᠳᠠᠪᠠᠭᠤᠯᠢᠭ᠂ ᠵᠠᠮ ᠬᠠᠷᠢᠯᠴᠠᠭ᠎ᠠ ᠲᠥᠬᠦᠮ᠂ ᠠᠵᠤ ᠦᠢᠯᠡᠰ ᠣᠯᠠᠨ ᠡᠰᠢᠴᠢᠯᠡᠭᠰᠡᠨ ᠪᠣᠯᠬᠤᠷ ᠬᠡᠷᠡᠯ ᠸᠣᠯᠲ ᠤᠨ ᠰᠢᠯ ᠤᠨ ᠠᠵᠤ ᠦᠢᠯᠡᠰ ᠢ ᠬᠥᠭᠵᠢᠭᠦᠯᠬᠦ ᠳᠠᠯᠳᠠ ᠬᠦᠴᠦᠨ ᠯᠤᠲᠤ ᠶᠡᠭᠡ ᠪᠠᠶᠢᠨ᠎ᠠ᠃ ᠬᠤᠶᠠᠷ ᠲᠠᠯ᠎ᠠ ᠪᠠᠷ ᠢᠶᠠᠨ ᠲᠤᠰ ᠤᠳᠠᠭ᠎ᠠ ᠶᠢᠨ ᠰᠢᠨᠵᠢᠯᠡᠨ ᠪᠠᠶᠢᠴᠠᠭᠠᠯᠲᠠ ᠪᠠᠷ ᠠᠵᠠ ᠲᠣᠬᠢᠶᠠᠯ ᠪᠣᠯᠭᠠᠵᠤ᠂ ᠨᠡᠩ ᠤᠯᠠᠨ ᠪᠡᠯᠡ ᠣᠷᠣᠭᠤᠯᠵᠤ ᠦᠢᠯᠡᠰ ᠪᠤᠰᠬᠠᠬᠤ ᠠᠵᠠ ᠲᠣᠬᠢᠶᠠᠯ ᠢ ᠡᠭᠦᠳᠬᠦ ᠪᠠᠷ ᠴᠢᠷᠮᠠᠶᠢᠵᠤ᠂ ᠨᠡᠩ ᠭᠦᠨ ᠭᠦᠨᠵᠡᠭᠡᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠪᠠᠶᠢᠭᠤᠯᠵᠤ᠂ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ᠂ ᠬᠠᠮᠵᠢᠯᠴᠠᠨ ᠬᠥᠭᠵᠢᠬᠦ ᠶᠢ ᠪᠡᠶᠡᠯᠡᠭᠦᠯᠬᠦ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠪᠡ᠃      ᠡᠨᠡ ᠬᠤᠭᠤᠴᠠᠭᠠᠨ ᠳᠤ᠂ ᠭᠤᠤ ᠬᠤᠸᠠᠢ ᠵᠢᠩ ᠨᠡᠷ ᠪᠠᠰᠠ ᠵᠢᠷᠭᠤᠳᠤᠭᠠᠷ ᠬᠤᠭᠤᠴᠠᠭᠠᠨ ᠤ ᠦᠵᠡᠰᠬᠦᠯᠡᠩ ᠤᠨ ᠴᠤᠭᠯᠠᠭᠠᠨ ᠳᠤ ᠣᠷᠣᠯᠴᠠᠬᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠷᠠᠯᠵᠢᠶᠠᠴᠢᠨ ᠤᠷᠢᠵᠤ ᠰᠢᠨᠵᠢᠯᠡᠨ ᠪᠠᠶᠢᠴᠠᠭᠠᠬᠤ ᠠᠵᠤ ᠠᠬᠤᠶᠢᠯᠠᠯ ᠪᠣᠯᠬᠤ ᠱᠠᠩᠬᠠᠢ ᠶᠢᠨ ᠫᠦᠯᠢᠲ᠋ᠧ ᠵᠢᠴᠢ ᠵᠢᠶᠠᠩᠰᠦ ᠶᠢᠨ ᠬᠠᠢ ᠰᠧ ᠳ᠋ᠡ ᠨᠡᠷ ᠲᠠᠢ ᠶᠠᠷᠢᠯᠴᠠᠬᠤ ᠬᠤᠷᠠᠯ ᠬᠢᠭᠰᠡᠨ ᠪᠥᠭᠡᠳ ᠱᠠᠩᠬᠠᠢ ᠬᠤᠳᠠ ᠶᠢᠨ ᠶᠠᠩ ᠫᠦ᠋ ᠪᠢᠨ ᠵᠢᠶᠠᠩ ᠠᠷᠠᠳ ᠤᠨ ᠬᠤᠳᠠ ᠶᠢᠨ ᠪᠦᠳᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠦᠵᠡᠭᠦᠯᠦᠯᠭᠡ ᠶᠢᠨ ᠣᠷᠳᠣᠨ᠂ ᠵᠧᠵᠢᠶᠠᠩ ᠮᠤᠵᠢ ᠶᠢᠨ ᠳ᠋ᠦᠩ ᠶᠠᠩ ᠬᠤᠳᠠ ᠶᠢᠨ ᠠᠵᠤ ᠠᠬᠤᠢ ᠶᠢᠨ ᠨᠡᠭᠡᠭᠡᠯᠳᠡ ᠶᠢᠨ ᠤᠷᠤᠨ ᠤ ᠬᠠᠮᠢᠶᠠᠷᠤᠯᠲᠠ ᠶᠢᠨ ᠵᠥᠪᠯᠡᠯ ᠳᠤ ᠬᠦᠷᠴᠦ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠪᠠ᠃      ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤ ᠳᠡᠳ᠋ ᠳᠠᠷᠤᠭ᠎ᠠ ᠯᠢ ᡁᠢ ᠪᠢᠶᠣᠤ ᠵᠢᠴᠢ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂  ᠬᠤᠰᠢᠭᠤ ᠬᠤᠳᠠᠯᠳᠤᠭᠠᠴᠢᠨ ᠤᠷᠢᠵᠤ ᠪᠠᠯᠠ ᠲᠠᠲᠠᠬᠤ ᠦᠢᠯᠡᠴᠢᠯᠡᠭᠡᠨ ᠤ ᠲᠥᠪ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠨᠠᠷ ᠬᠠᠮᠲᠤ ᠪᠠᠷ ᠰᠢᠨᠵᠢᠯᠡᠨ ᠪᠠᠶᠢᠴᠠᠭᠠᠪᠠ᠃
ᠢᠷᠡᠯᠲᠡ᠄ ᠣᠲᠤᠭ ᠨᠡᠶᠢᠲᠡᠯᠡᠯ