ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ︽ᠾᠧᠰᠢ ᠶᠢᠨ ᠬᠤᠩᠭᠢᠯ — ᠲᠠᠺᠯᠢᠮᠠᠺᠠᠨ ᠡᠯᠡᠰᠦᠨ ᠴᠥᠯ ᠤᠨ ᠵᠠᠬ᠎ᠠ ᠶᠢ ᠬᠤᠷᠢᠭᠯᠠᠬᠤ ᠳᠠᠶᠢᠯᠠᠯᠳᠤᠭᠠᠨ︾ ᠢ ᠡᠬᠢᠯᠡᠭᠦᠯᠬᠦ ᠲᠤᠬᠠᠢ ᠶᠢᠨ ᠲᠠᠯᠠᠪᠠᠢ ᠶᠢᠨ ᠠᠬᠢᠭᠤᠯᠬᠤ ᠬᠤᠷᠠᠯ ᠬᠤᠷᠠᠯᠳᠤᠭᠤᠯᠪᠠ ᠳᠠᠶᠢᠴᠢᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2023/11/7
      11 ᠳ᠋ᠦ᠋ᠭᠡᠷ ᠰᠠᠷ᠎ᠠ ᠶᠢᠨ 1 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠾᠧᠰᠢ ᠶᠢᠨ ᠬᠤᠩᠭᠢᠯ — ᠲᠠᠺᠯᠢᠮᠠᠺᠠᠨ ᠡᠯᠡᠰᠦᠨ ᠴᠥᠯ ᠤᠨ ᠵᠠᠬ᠎ᠠ ᠶᠢ ᠬᠤᠷᠢᠭᠯᠠᠬᠤ ᠳᠠᠶᠢᠯᠠᠯᠳᠤᠭᠠᠨ︾ ᠤ ᠲᠤᠬᠠᠢ ᠶᠢᠨ ᠲᠠᠯᠠᠪᠠᠢ ᠶᠢᠨ ᠠᠬᠢᠭᠤᠯᠬᠤ ᠬᠤᠷᠠᠯ ᠵᠢᠴᠢ ᠠᠯᠠᠱᠠ ᠠᠶᠢᠮᠠᠭ ᠤᠨ ᠡᠯᠡᠰᠦ ᠶᠢ ᠰᠡᠷᠭᠡᠶᠢᠯᠡᠨ ᠡᠯᠡᠰᠦ ᠶᠢ ᠵᠠᠰᠠᠬᠤ ᠲᠤᠯᠤᠭᠠᠨ ᠶᠡᠭᠡ ᠳᠠᠶᠢᠯᠠᠯᠳᠤᠭᠠᠨ ᠤ ᠪᠥᠬᠦ ᠲᠠᠯ᠎ᠠ ᠪᠠᠷ ᠠᠵᠢᠯ ᠡᠬᠢᠯᠡᠭᠦᠯᠦᠨ ᠲᠠᠩᠭᠠᠷᠢᠭᠯᠠᠬᠤ ᠬᠤᠷᠠᠯ ᠠᠯᠠᠱᠠ ᠪᠠᠷᠠᠭᠤᠨ ᠬᠤᠰᠢᠭᠤᠨ ᠳᠤ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠳᠠᠶᠢᠴᠢᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠠᠢ᠃ ᠠᠯᠠᠱᠠ ᠠᠶᠢᠮᠠᠭ ᠨᠢ ᠬᠠᠳᠤᠨ ᠭᠤᠣᠯ ᠤᠨ ᠶᠡᠭᠡ ᠲᠣᠬᠤᠢ ᠶᠢᠨ ᠰᠢᠪᠲᠤᠯᠤᠯᠲᠠ ᠶᠢᠨ ᠳᠠᠶᠢᠯᠠᠯᠳᠤᠭᠠᠨ ᠤ ᠬᠡᠰᠡᠭ ᠪᠠ ᠾᠧᠰᠢ ᠶᠢᠨ ᠬᠤᠩᠭᠢᠯ — ᠲᠠᠺᠯᠢᠮᠠᠺᠠᠨ ᠡᠯᠡᠰᠦᠨ ᠴᠦᠯ ᠤᠨ ᠵᠠᠬ᠎ᠠ ᠶᠢ ᠬᠤᠷᠢᠭᠯᠠᠬᠤ ᠳᠠᠶᠢᠯᠠᠯᠳᠤᠭᠠᠨ ᠤ ᠬᠡᠰᠡᠭ ᠲᠤ ᠬᠠᠷᠢᠶᠠᠯᠠᠭᠳᠠᠬᠤ ᠪᠥᠭᠡᠳ ᠤᠯᠤᠰ ᠤᠨ ᠲᠡᠰ ᠤᠨ 2 ᠲᠦᠰᠦᠯ ᠪᠠ ᠥᠪᠡᠷᠲᠡᠭᠡᠨ ᠵᠠᠰᠠᠬᠤ ᠣᠷᠣᠨ ᠤ ᠲᠡᠰ ᠤᠨ 7 ᠲᠦᠰᠦᠯ ᠢ ᠲᠥᠯᠥᠪᠯᠡᠨ ᠬᠡᠷᠡᠭᠵᠢᠭᠦᠯᠵᠦ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ 7 ᠶᠡᠭᠡ ᠳᠠᠶᠢᠯᠠᠯᠳᠤᠭᠠᠨ ᠢ ᠰᠠᠶᠢᠲᠤᠷ ᠬᠢᠬᠦ ᠪᠠᠷ ᠪᠠᠶᠢᠷᠢᠯᠠᠭᠤᠯᠤᠨ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠵᠢᠷᠭᠤᠳᠤᠭᠠᠷ ᠬᠤᠭᠤᠴᠠᠭᠠᠨ ᠤ ᠭᠤᠣᠯᠳᠠᠯᠭ᠎ᠠ ᠲᠠᠢ ᠡᠭᠦᠷᠭᠡ 1660 ᠲᠦᠮᠡᠨ ᠮᠦ ᠶᠢ ᠵᠠᠰᠠᠬᠤ ᠪᠠᠷ ᠲᠥᠯᠥᠪᠯᠡᠵᠡᠢ᠃ 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ