10 ᠰᠠᠷ᠎ᠠ ᠶᠢᠨ 31 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠢᠭᠡᠳᠦᠭᠡᠷ᠂ ᠬᠤᠶᠠᠳᠤᠭᠠᠷ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠲᠤᠰ ᠲᠤᠰ ᠪᠠᠶᠠᠨᠨᠠᠭᠤᠷ ᠬᠤᠳᠠ ᠪᠣᠯᠣᠨ ᠦᠬᠠᠢ ᠬᠤᠳᠠ ᠳᠤ ᠱᠠᠯᠠᠪᠳᠠᠭᠤᠯᠤᠨ ᠪᠠᠶᠢᠴᠠᠭᠠᠬᠤ ᠪᠠᠷ ᠣᠷᠣᠵᠤ ᠰᠠᠭᠤᠬᠤ | ᠳᠠᠶᠢᠴᠢᠯᠠᠯᠲᠠ ᠶᠢᠨ ᠬᠤᠷᠠᠯ ᠬᠤᠷᠠᠯᠳᠤᠭᠤᠯᠤᠭᠰᠠᠨ ᠨᠢ ᠬᠤᠶᠠᠳᠤᠭᠠᠷ ᠡᠭᠡᠯᠵᠢ ᠶᠢᠨ ᠬᠤᠶᠠᠳᠤᠭᠠᠷ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠢ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠠᠵᠢᠯ ᠵᠢᠩᠬᠢᠨᠢ ᠪᠠᠷ ᠡᠬᠢᠯᠡᠭᠰᠡᠨ ᠢ ᠬᠠᠷᠠᠭᠤᠯᠵᠤ ᠪᠠᠶᠢᠨ᠎ᠠ᠃ ᠳᠠᠶᠢᠴᠢᠯᠠᠯᠲᠠ ᠶᠢᠨ ᠬᠤᠷᠠᠯ | ᠳᠡᠭᠡᠷ᠎ᠡ᠂ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠱᠠᠯᠠᠪᠳᠠᠭᠤᠯᠤᠨ ᠪᠠᠶᠢᠴᠠᠭᠠᠬᠤ ᠠᠵᠢᠯ ᠢ ᠰᠠᠶᠢᠲᠤᠷ ᠬᠢᠬᠦ ᠲᠤᠬᠠᠢ ᠱᠠᠭᠠᠷᠳᠠᠯᠭ᠎ᠠ ᠳᠤᠷᠠᠳᠴᠤ᠂ | ᠬᠤᠶᠠᠷ ᠬᠤᠲᠠ ᠶᠢᠨ ᠭᠤᠣᠯ ᠬᠠᠷᠢᠭᠤᠴᠠᠯᠭᠠᠲᠠᠨ ᠨᠥᠬᠦᠳ ᠲᠣᠰ ᠲᠣᠰ ᠣᠷᠣᠵᠤ ᠰᠠᠭᠤᠬᠤ ᠳᠠᠶᠢᠴᠢᠯᠠᠯᠲᠠ ᠬᠢᠪᠡ᠃ | ᠲᠤᠰ ᠡᠭᠡᠯᠵᠢ ᠶᠢᠨ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠳᠤ ᠰᠢ ᠶᠢᠨ | ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ︔ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ᠂ ᠬᠠᠲᠤᠨ | ᠭᠤᠣᠯ ᠤᠨ ᠰᠠᠪᠠ ᠭᠠᠵᠠᠷ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠭᠰᠠᠨ ᠪᠠᠶᠢᠳᠠᠯ︔ ᠠᠮᠢ ᠠᠬᠤᠢ | ᠣᠷᠴᠢᠨ ᠲᠣᠭᠤᠷᠢᠨ ᠤ ᠬᠠᠮᠠᠭᠠᠯᠠᠯᠲᠠ ᠶᠢᠨ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ | ᠡᠭᠦᠷᠭᠡᠯᠡᠬᠦ︾ ᠶᠢ ᠨᠠᠶᠢᠳᠠᠪᠤᠷᠢᠵᠢᠭᠤᠯᠤᠭᠰᠠᠨ ᠪᠠᠶᠢᠳᠠᠯ︔ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠣᠨ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠣᠯᠣᠨ ᠠᠮᠢ ᠠᠬᠤᠢ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ︔ ᠲᠥᠪ ᠤᠨ ᠠᠮᠢ ᠠᠬᠤᠢ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠶᠣᠰᠣᠭᠠᠷ ᠴᠡᠭᠴᠡᠯᠡᠨ ᠰᠠᠶᠢᠵᠢᠷᠠᠭᠤᠯᠤᠭᠰᠠᠨ᠂ ᠲᠥᠪ ᠤᠨ ᠱᠠᠯᠠᠪᠳᠠᠭᠤᠯᠤᠨ | ᠪᠠᠶᠢᠴᠠᠭᠠᠬᠤ ᠳᠤᠭᠤᠶᠢᠯᠠᠩ ᠤᠨ ᠭᠦᠢᠴᠡᠳᠬᠡᠯᠭᠡᠬᠦ ᠪᠠᠷ ᠰᠢᠯᠵᠢᠭᠦᠯᠦᠨ ᠥᠭᠭᠦᠭᠰᠡᠨ ᠤᠯᠠᠨ ᠲᠦᠮᠡᠨ ᠤ ᠵᠠᠬᠢᠳᠠᠯ ᠰᠤᠷᠪᠤᠯᠵᠢᠯᠠᠯ ᠤᠨ ᠬᠡᠷᠡᠭ ᠢ ᠰᠢᠢᠳᠪᠦᠷᠢᠯᠡᠭᠰᠡᠨ | ᠪᠠᠶᠢᠳᠠᠯ ᠵᠢᠴᠢ ᠳᠡᠭᠡᠷ᠎ᠡ ᠨᠢᠭᠡ ᠡᠭᠡᠯᠵᠢ ᠶᠢᠨ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ | ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠶᠣᠰᠣᠭᠠᠷ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠪᠠ ᠤᠯᠠᠨ ᠲᠦᠮᠡᠨ ᠤ ᠵᠠᠬᠢᠳᠠᠯ ᠰᠤᠷᠪᠤᠯᠵᠢᠯᠠᠯ ᠤᠨ ᠬᠡᠷᠡᠭ ᠢ | ᠰᠢᠢᠳᠪᠦᠷᠢᠯᠡᠭᠰᠡᠨ ᠪᠠᠶᠢᠳᠠᠯ︔ ᠤᠯᠤᠰ ᠪᠠ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ ᠴᠠᠭᠠᠵᠠ ᠬᠠᠤᠯᠢ | ᠲᠣᠭᠲᠠᠭᠠᠯ᠂ ᠲᠥᠷᠥ ᠶᠢᠨ ᠪᠣᠳᠣᠯᠭ᠎ᠠ ᠳᠦᠷᠢᠮ ᠲᠣᠭᠲᠠᠭᠠᠯ᠂ ᠪᠠᠷᠢᠮᠵᠢᠶ᠎ᠠ ᠵᠢᠷᠤᠮᠵᠢᠯ᠂ ᠲᠥᠯᠦᠪᠵᠢᠭᠦᠯᠭᠡ ᠲᠥᠯᠥᠪᠯᠡᠭᠡ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠤᠭᠰᠠᠨ ᠪᠠᠶᠢᠳᠠᠯ︔ ᠠᠮᠢ ᠠᠬᠤᠢ ᠣᠷᠴᠢᠨ ᠲᠣᠭᠤᠷᠢᠨ ᠤ ᠲᠣᠪᠤᠶᠢᠮ᠎ᠠ ᠠᠰᠠᠭᠤᠳᠠᠯ ᠵᠢᠴᠢ ᠲᠡᠭᠦᠨ ᠢ ᠰᠢᠢᠳᠪᠦᠷᠢᠯᠡᠭᠰᠡᠨ ᠪᠠᠶᠢᠳᠠᠯ ᠪᠣᠯᠣᠨ ᠠᠷᠠᠳ | ᠣᠯᠠᠨ ᠤ ᠲᠤᠰᠬᠠᠭᠰᠠᠨ ᠠᠮᠢ ᠠᠬᠤᠢ ᠣᠷᠴᠢᠨ ᠲᠣᠭᠤᠷᠢᠨ ᠤ ᠠᠰᠠᠭᠤᠳᠠᠯ ᠢ ᠪᠠᠷᠢᠨ ᠬᠡᠷᠡᠭᠵᠢᠭᠦᠯᠵᠦ ᠪᠠᠷᠢᠨ ᠰᠠᠶᠢᠵᠢᠷᠠᠭᠤᠯᠤᠭᠰᠠᠨ ᠪᠠᠶᠢᠳᠠᠯ ᠵᠡᠷᠭᠡ ᠶᠢ | ᠭᠤᠣᠯᠳᠠᠯᠭ᠎ᠠ ᠲᠠᠢ ᠱᠠᠯᠠᠪᠳᠠᠭᠤᠯᠤᠨ ᠪᠠᠶᠢᠴᠠᠭᠠᠨ᠎ᠠ᠃ ᠠᠵᠢᠯ ᠤᠨ ᠲᠣᠬᠢᠷᠠᠭᠤᠯᠤᠯᠲᠠ ᠶᠢ ᠦᠨᠳᠦᠰᠦᠯᠡᠪᠡᠯ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠨᠢᠭᠡᠳᠦᠭᠡᠷ᠂ ᠬᠤᠶᠠᠳᠤᠭᠠᠷ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠣᠷᠣᠵᠤ ᠰᠠᠭᠤᠬᠤ ᠬᠤᠭᠤᠴᠠᠭ᠎ᠠ ᠨᠢ ᠴᠥᠮ 25 | ᠡᠳᠦᠷ ᠪᠠᠶᠢᠵᠤ᠂ ᠣᠷᠣᠵᠤ ᠰᠠᠭᠤᠬᠤ ᠬᠤᠭᠤᠴᠠᠭᠠᠨ ᠳᠤ ᠲᠤᠰᠬᠠᠢ ᠵᠠᠬᠢᠳᠠᠯ ᠰᠤᠷᠪᠤᠯᠵᠢᠯᠠᠯ ᠤᠨ ᠢᠯᠡᠴᠢᠯᠡᠨ ᠮᠡᠳᠡᠭᠦᠯᠬᠦ ᠤᠲᠠᠰᠤ ᠪᠠ ᠲᠤᠰᠬᠠᠢ ᠰᠢᠤᠳᠠᠨ ᠤ | ᠬᠠᠶᠢᠷᠴᠠᠭ ᠭᠠᠷᠭᠠᠵᠤ ᠣᠯᠠᠨ ᠲᠦᠮᠡᠨ ᠤ ᠠᠮᠢ ᠠᠬᠤᠢ ᠣᠷᠴᠢᠨ ᠲᠣᠭᠤᠷᠢᠨ ᠤ ᠠᠰᠠᠭᠤᠳᠠᠯ ᠤᠨ ᠲᠤᠬᠠᠢ ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠡ ᠶᠢ ᠭᠥᠯᠢᠶᠡᠨ | ᠠᠪᠴᠤ ᠰᠢᠢᠳᠪᠦᠷᠢᠯᠡᠨ᠎ᠡ᠃ |