ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠵᠢᠴᠢ ᠠᠵᠤ ᠠᠬᠤᠢ ᠶᠢᠨ ᠪᠠᠶᠢᠭᠤᠯᠤᠮᠵᠢ ᠪᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠤᠰᠬᠠᠢ ᠳᠤᠭᠤᠶᠢᠯᠠᠩ ᠤᠨ ᠪᠦᠭᠦᠳᠡ ᠬᠤᠷᠠᠯ ᠬᠤᠷᠠᠯᠳᠤᠭᠤᠯᠪᠠ ᠸᠠᠩ ᠯᠢ ᠰᠢᠶᠠ ᠬᠤᠷᠠᠯ ᠢ ᠡᠷᠭᠢᠯᠡᠵᠠᠢ
ᠨᠡᠶᠢᠲᠡᠯᠡᠭᠰᠡᠨ ᠴᠠᠭ᠄
2023/11/7
      11 ᠰᠠᠷ᠎ᠠ ᠶᠢᠨ 2 ᠤᠨ ᠡᠳᠦᠷ᠂ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠵᠢᠴᠢ ᠠᠵᠤ ᠠᠬᠤᠢ ᠶᠢᠨ ᠪᠠᠶᠢᠭᠤᠯᠤᠮᠵᠢ ᠪᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠤᠰᠬᠠᠢ ᠳᠤᠭᠤᠶᠢᠯᠠᠩ ᠤᠨ ᠪᠦᠭᠦᠳᠡ ᠬᠤᠷᠠᠯ ᠢ ᠡᠷᠭᠢᠯᠡᠨ ᠬᠤᠷᠠᠯᠳᠤᠭᠤᠯᠪᠠ᠃       ᠬᠤᠷᠠᠯ ᠠᠴᠠ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠬᠤᠯᠪᠣᠭᠳᠠᠯ ᠪᠦᠬᠦᠢ ᠭᠤᠣᠯᠳᠠᠯᠭ᠎ᠠ ᠲᠠᠢ ᠡᠭᠦᠷᠭᠡ ᠶᠢ ᠠᠬᠢᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠭᠠᠵᠠᠷ ᠰᠢᠷᠣᠢ ᠦᠢᠯᠡᠳᠪᠦᠷᠢ ᠶᠢᠨ ᠭᠡᠷ ᠪᠠᠶᠢᠰᠢᠩ ᠤᠨ ᠥᠮᠴᠢᠯᠡᠬᠦ ᠡᠷᠬᠡ ᠶᠢᠨ ᠭᠠᠷᠳᠠᠮ ᠢ ᠭᠦᠢᠴᠡᠳᠬᠡᠬᠦ ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ ᠬᠤᠯᠪᠤᠭᠠᠯᠠᠨ ᠬᠥᠳᠡᠯᠦᠯᠴᠡᠬᠦ ᠲᠣᠭᠲᠠᠴᠠ ᠪᠠᠶᠢᠭᠤᠯᠵᠤ᠂ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠬᠠᠤᠯᠢ ᠲᠣᠭᠲᠠᠭᠠᠯ ᠶᠣᠰᠣᠭᠠᠷ ᠦᠯᠡᠳᠡᠭᠳᠡᠯ ᠢ ᠪᠠᠭᠠᠰᠬᠠᠵᠤ᠂ ᠦᠷ᠎ᠡ ᠪᠦᠲᠦᠮᠵᠢ ᠶᠢ ᠳᠡᠭᠡᠭᠰᠢᠯᠡᠭᠦᠯᠦᠨ ᠨᠡᠮᠡᠭᠳᠡᠯ ᠢ ᠪᠠᠲᠤᠯᠠᠬᠤ ᠭᠡᠷᠡᠭᠲᠡᠢ︔ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠢ ᠬᠡᠢ ᠶᠢᠨ ᠡᠬᠢ ᠪᠠᠶᠠᠯᠢᠭ ᠢ ᠬᠠᠶᠢᠨ ᠰᠢᠨᠵᠢᠯᠡᠬᠦ ᠪᠠ ᠨᠥᠭᠡᠴᠡ ᠶᠢ ᠨᠡᠮᠡᠭᠳᠡᠭᠦᠯᠦᠨ ᠮᠠᠯᠲᠠᠵᠤ ᠦᠢᠯᠡᠳᠪᠦᠷᠢᠯᠡᠬᠦ ᠠᠵᠢᠯ ᠢ ᠰᠤᠳᠤᠯᠵᠤ᠂ ᠬᠠᠶᠢᠨ ᠰᠢᠨᠵᠢᠯᠡᠬᠦ ᠡᠷᠴᠢᠮ ᠢᠶᠠᠨ ᠴᠢᠩᠭᠠᠷᠠᠭᠤᠯᠤᠨ᠂ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠢ ᠬᠡᠢ ᠶᠢᠨ ᠨᠡᠭᠡᠭᠡᠨ ᠬᠥᠭᠵᠢᠭᠦᠯᠦᠯᠲᠡ ᠪᠠ ᠰᠢᠨ᠎ᠡ ᠡᠨᠧᠷᠭᠢ ᠶᠢᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠬᠡᠪ ᠤᠨ ᠪᠤᠰᠤ ᠬᠡᠢ ᠶᠢ ᠨᠡᠭᠡᠭᠡᠨ ᠬᠥᠭᠵᠢᠭᠦᠯᠬᠦ ᠮᠡᠷᠭᠡᠵᠢᠯ ᠤᠨ ᠪᠣᠭᠤᠮᠲᠠ ᠰᠢᠪᠲᠤᠯᠬᠤ ᠶᠢ ᠴᠢᠩᠭᠠᠳᠬᠠᠨ᠂ ᠠᠵᠤ ᠦᠢᠯᠡᠰ ᠤᠨ ᠬᠡᠯᠬᠢᠶ᠎ᠡ ᠶᠢᠨ ᠶᠣᠰᠣᠭᠠᠷ ᠨᠡᠭᠦᠷᠡᠰᠦᠨ ᠳᠠᠪᠬᠤᠷᠭ᠎ᠠ ᠶᠢᠨ ᠬᠡᠢ ᠶᠢ ᠣᠨᠳᠣᠣᠰᠢᠭᠤᠯᠤᠨ ᠠᠰᠢᠭᠯᠠᠬᠤ ᠶᠢ ᠲᠥᠯᠥᠪᠵᠢᠭᠦᠯᠬᠦ ᠬᠡᠷᠡᠭᠲᠡᠢ ᠭᠡᠵᠦ ᠱᠠᠭᠠᠷᠳᠠᠪᠠ᠃       ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢᠨ ᠪᠠᠶᠢᠭᠤᠯᠤᠮᠵᠢ ᠪᠣᠯᠣᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠰᠢᠯᠭᠠᠯᠲᠠ ᠶᠢᠨ ᠬᠠᠭᠤᠳᠠᠰᠤ ᠲᠤᠰᠢᠶᠠᠬᠤ ᠤᠬᠠᠮᠰᠠᠷ ᠢᠶᠠᠨ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠬᠤᠷᠠᠯ ᠤᠨ ᠡᠯ᠎ᠡ ᠵᠦᠢᠯ ᠤᠨ ᠪᠠᠶᠢᠷᠢᠯᠠᠭᠤᠯᠤᠯᠲᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠢ᠃ ᠠᠵᠤ ᠠᠬᠤᠢ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠠᠯ᠎ᠠ ᠪᠠᠷ᠂ ᠨᠢᠭᠡ ᠳᠤ᠂ ᠨᠢᠭᠡ ᠶᠠᠪᠤᠳᠠᠯ ᠢ ᠥᠨᠳᠥᠷ ᠪᠦᠲᠦᠮᠵᠢᠲᠡᠶ ᠪᠦᠲᠦᠭᠡᠬᠦ ᠶᠢᠨ ᠲᠣᠭᠤᠷᠢᠨ ᠳᠤ᠂ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠥᠷᠥ ᠶᠢᠨ ᠪᠣᠳᠣᠯᠭ᠎ᠠ ᠶᠢᠨ 4.0 ᠬᠡᠪ ᠢ ᠲᠦᠷᠭᠡᠬᠡᠨ ᠨᠡᠶᠢᠲᠡᠯᠡᠬᠦ ᠬᠡᠷᠡᠭᠲᠡᠢ᠃ ᠬᠤᠶᠠᠷ ᠲᠤ᠂ ᠦᠨᠡᠨ ᠪᠣᠳᠠᠲᠠᠢ ᠠᠷᠭ᠎ᠠ ᠬᠡᠮᠵᠢᠶ᠎ᠡ ᠠᠪᠴᠤ ᠭᠦᠭᠡᠬᠤᠲᠠ ᠪᠤᠭᠤᠲᠤ ᠣᠷᠳᠣᠰ ᠤᠯᠠᠭᠠᠨᠴᠠᠪ ᠤᠨ ᠨᠢᠭᠡ ᠴᠣᠭᠴᠠᠵᠢᠭᠰᠠᠨ ᠵᠣᠬᠢᠴᠠᠩᠭᠤᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠭᠤᠷᠪᠠ ᠳᠤ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠡᠨᠧᠷᠭᠢ ᠶᠢᠨ ᠰᠢᠰᠲ᠋ᠧᠮ ᠢ ᠱᠠᠯᠠᠪᠳᠠᠨ ᠪᠠᠶᠢᠭᠤᠯᠬᠤ ᠬᠡᠷᠡᠭᠲᠡᠢ᠃ ᠳᠥᠷᠪᠡ ᠳᠤ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠭᠦ ᠬᠡᠷᠡᠭᠲᠡᠢ᠃ ᠲᠠᠪᠤ ᠳᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠤᠵᠠᠭᠠᠶᠢᠷᠠᠭᠤᠯᠤᠨ ᠪᠤᠶᠢᠵᠢᠭᠤᠯᠵᠤ᠂ ᠠᠵᠤ ᠠᠬᠤᠶᠢᠯᠠᠯ ᠢ ᠬᠠᠪᠰᠤᠷᠤᠨ ᠵᠠᠬ᠎ᠠ ᠳᠡᠯᠭᠡᠭᠦᠷ ᠡᠷᠢᠵᠦ᠂ ᠵᠠᠬᠢᠶᠠᠯᠠᠭ᠎ᠠ ᠡᠷᠢᠵᠦ᠂ ᠲᠦᠭᠦᠬᠡᠢ ᠮᠠᠲ᠋ᠧᠷᠢᠶᠠᠯ ᠡᠷᠢᠵᠦ᠂ ᠠᠵᠢᠯᠴᠢᠨ ᠡᠷᠢᠵᠦ ᠥᠭᠬᠦ ᠬᠡᠷᠡᠭᠲᠡᠢ᠃ ᠠᠮᠢ ᠠᠬᠤᠢ ᠶᠢᠨ ᠪᠣᠯᠪᠠᠰᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠠᠯ᠎ᠠ ᠪᠠᠷ᠂ ᠨᠢᠭᠡ ᠳᠤ᠂ ᠪᠦᠭᠦ ᠨᠡᠶᠢᠭᠡᠮ ᠤᠨ ᠡᠬᠢ ᠪᠠᠶᠠᠯᠢᠭ ᠢ ᠪᠦᠭᠦ ᠲᠠᠯ᠎ᠠ ᠪᠠᠷ ᠠᠷᠪᠢᠯᠠᠨ ᠡᠷᠴᠢᠮᠵᠢᠭᠦᠯᠬᠦ ᠲᠤᠬᠠᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠡᠯ᠎ᠡ ᠬᠦᠷᠢᠶᠡᠨ ᠤ ᠡᠬᠢ ᠪᠠᠶᠠᠯᠢᠭ ᠢ ᠠᠷᠪᠢᠯᠠᠨ ᠡᠷᠴᠢᠮᠵᠢᠭᠦᠯᠬᠦ ᠶᠢ ᠭᠦᠨᠵᠡᠭᠡᠢ ᠠᠬᠢᠭᠤᠯᠬᠤ ᠬᠡᠷᠡᠭᠲᠡᠢ᠃ ᠬᠤᠶᠠᠷ ᠲᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠲᠡᠷᠢᠭᠦᠨ ᠳᠤ ᠲᠠᠯᠪᠢᠬᠤ ᠶᠢ ᠡᠷᠡᠰ ᠪᠠᠷᠢᠮᠲᠠᠯᠠᠵᠤ᠂ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠢ ᠰᠠᠶᠢᠲᠤᠷ ᠬᠢᠵᠦ᠂ ᠶᠡᠭᠡ ᠤᠰᠤ ᠪᠠᠷ ᠨᠠᠯᠠᠶᠢᠲᠠᠯ᠎ᠠ ᠤᠰᠤᠯᠠᠬᠤ᠂ ᠬᠡᠲᠦᠷᠡᠲᠡᠯ᠎ᠡ ᠮᠠᠯᠵᠢᠬᠤ ᠵᠡᠷᠭᠡ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ᠃ ᠭᠤᠷᠪᠠ ᠳᠤ᠂ ᠥᠭᠡᠷᠡᠴᠢᠯᠡᠯᠲᠡ ᠶᠢᠨ ᠰᠡᠳᠬᠢᠮᠵᠢ᠂ ᠰᠢᠨ᠎ᠡ ᠶᠢ ᠡᠭᠦᠳᠬᠦ ᠰᠡᠳᠬᠢᠬᠦᠢ ᠪᠠᠷ ︽ᠬᠤᠣᠰ ᠨᠡᠭᠦᠷᠡᠰᠦᠲᠥ᠋ᠷᠥᠭᠴᠢ︾ ᠶᠢᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠮᠠᠯᠵᠢᠬᠤ ᠲᠠᠷᠢᠶᠠᠯᠠᠬᠤ ᠣᠷᠣᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠨᠢ ᠬᠥᠳᠡᠭᠡ ᠲᠣᠰᠬᠤᠨ ᠤ ᠥᠮᠴᠢᠯᠡᠬᠦ ᠡᠷᠬᠡ ᠶᠢᠨ ᠳᠦᠷᠢᠮ ᠤᠨ ᠥᠭᠡᠷᠡᠴᠢᠯᠡᠯᠲᠡ ᠪᠣᠯᠣᠨ ᠲᠠᠷᠢᠶᠠᠴᠢᠨ ᠮᠠᠯᠴᠢᠳ ᠤᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠠᠬᠢᠭᠤᠯᠬᠤ ᠲᠣᠭᠤᠷᠢᠨ ᠳᠤ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠬᠦ ᠬᠡᠷᠡᠭᠲᠡᠢ᠃ ᠠᠷᠠᠳ ᠤᠨ ᠠᠮᠢᠳᠤᠷᠠᠯ ᠤᠨ ᠬᠦᠷᠢᠶᠡᠨ ᠤ ᠥᠭᠡᠷᠡᠴᠢᠯᠡᠯᠲᠡ ᠨᠢ ᠠᠵᠢᠯ ᠣᠯᠭᠤᠯᠲᠠ᠂ ᠰᠤᠷᠭᠠᠨ ᠬᠥᠮᠦᠵᠢᠯ᠂ ᠨᠠᠰᠤᠵᠢᠯ ᠤᠨ ᠠᠰᠠᠷᠠᠮᠵᠢ ᠂ ᠡᠮ ᠡᠮᠨᠡᠯᠭᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠰᠤᠷᠭᠠᠨ ᠬᠥᠮᠦᠵᠢᠯ ᠤᠨ ᠰᠢᠨ᠎ᠡ ᠶᠢ ᠡᠭᠦᠳᠬᠦ ᠬᠥᠭᠵᠢᠯᠲᠡ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃ ᠬᠤᠷᠠᠯ ᠠᠴᠠ ᠪᠠᠰᠠ ᠬᠡᠮᠵᠢᠨ ᠵᠢᠷᠤᠭᠰᠠᠨ ᠦᠷ᠎ᠡ ᠪᠦᠲᠦᠭᠡᠯ ᠤᠨ ᠬᠠᠮᠢᠶᠠᠷᠤᠯᠲᠠ ᠶᠢᠨ ᠬᠡᠷᠡᠭᠵᠢᠭᠦᠯᠬᠦ ᠠᠷᠭ᠎ᠠ ᠳᠤ ᠵᠠᠰᠠᠪᠤᠷᠢ ᠣᠷᠣᠭᠤᠯᠬᠤ ᠲᠥᠰᠥᠯ᠂ ᠵᠠᠰᠠᠭ ᠤᠨ ᠣᠷᠳᠣᠨ ᠤ ᠬᠡᠰᠡᠭ ᠳᠦᠷᠢᠮ ᠲᠣᠭᠲᠠᠭᠠᠯ ᠢ ᠬᠦᠴᠦᠨ ᠦᠭᠡᠢ ᠪᠤᠯᠭᠠᠬᠤ ᠲᠤᠬᠠᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠲᠣᠭᠲᠠᠭᠠᠯ ᠤᠨ ᠲᠥᠰᠥᠯ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠬᠠᠮᠢᠶᠠᠷᠤᠯᠲᠠ ᠶᠢ ᠴᠢᠩᠭᠠᠳᠬᠠᠬᠤ ᠲᠤᠬᠠᠢ ᠬᠡᠷᠡᠭᠵᠢᠭᠦᠯᠬᠦ ᠰᠠᠨᠠᠯ ︵ ᠲᠤᠷᠰᠢᠨ ᠬᠡᠷᠡᠭᠵᠢᠭᠦᠯᠬᠦ︶᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠠᠵᠤ ᠠᠬᠤᠶᠢᠯᠠᠯ ᠤᠨ ᠲᠣᠭᠲᠠᠭᠠᠯ ᠠᠴᠠ ᠵᠥᠷᠢᠴᠡᠨ ᠡᠵᠡᠩᠨᠡᠵᠦ ᠪᠡᠯᠡ ᠣᠷᠣᠭᠤᠯᠤᠭᠰᠠᠨ ᠠᠵᠢᠯᠯᠠᠭ᠎ᠠ ᠠᠴᠠ ᠬᠠᠷᠢᠭᠤᠴᠠᠯᠭ᠎ᠠ ᠨᠡᠬᠡᠮᠵᠢᠯᠡᠬᠦ ᠠᠷᠭ᠎ᠠ ᠶᠢ ᠰᠤᠳᠤᠯᠪᠠ᠃  
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ