11 ᠰᠠᠷ᠎ᠠ ᠶᠢᠨ 3 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠲᠥᠪ ᠤᠨ | ᠮᠥᠩᠭᠦᠨ ᠭᠦᠢᠯᠭᠡᠭᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ | ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ | ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠭᠢᠯᠡᠵᠡᠢ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠮᠥᠩᠭᠦᠨ ᠭᠦᠢᠯᠭᠡᠭᠡᠨ ᠤ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ ᠮᠥᠩᠭᠦᠨ | ᠭᠦᠢᠯᠭᠡᠭᠡᠨ ᠤ ᠦᠢᠯᠡᠰ ᠤᠨ ᠬᠥᠭᠵᠢᠯᠲᠡ ᠶᠢᠨ ᠠᠯᠢ ᠣᠯᠠᠨ ᠴᠢᠬᠤᠯᠠ ᠶᠡᠭᠡ ᠣᠨᠣᠯ ᠤᠨ ᠪᠠ ᠦᠢᠯᠡᠳᠦᠯᠭᠡ ᠶᠢᠨ ᠠᠰᠠᠭᠤᠳᠠᠯ ᠢ ᠰᠢᠨᠵᠢᠯᠡᠬᠦ ᠤᠬᠠᠭᠠᠨᠴᠢ ᠪᠠᠷ | ᠬᠠᠷᠢᠭᠤᠯᠵᠤ᠂ ᠰᠢᠨ᠎ᠡ ᠴᠠᠭ ᠦᠶ᠎ᠡ ᠰᠢᠨ᠎ᠡ ᠠᠶᠠᠨ ᠳᠤ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠦᠨᠳᠦᠰᠦᠨ ᠵᠢᠷᠤᠮᠯᠠᠯ ᠪᠠ | ᠠᠵᠢᠯᠯᠠᠭᠠᠨ ᠤ ᠵᠦᠭᠯᠡᠭᠦᠷ ᠬᠠᠩᠭᠠᠪᠠ᠃ | ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠲᠥᠪ ᠤᠨ ᠮᠥᠩᠭᠦᠨ | ᠭᠦᠢᠯᠭᠡᠭᠡᠨ ᠤ ᠠᠵᠢᠯ ᠤᠨ ᠬᠤᠷᠠᠯ ᠠᠴᠠ ᠲᠣᠭᠲᠠᠭᠠᠭᠰᠠᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠮᠥᠩᠭᠦᠨ ᠭᠦᠢᠯᠭᠡᠭᠡᠨ ᠤ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠤᠯᠠᠮ ᠴᠢᠨᠠᠭᠰᠢᠳᠠ ᠴᠢᠩᠭᠠᠳᠬᠠᠵᠤ᠂ ᠨᠢᠭᠡ ᠠᠴᠠ ᠵᠦᠢᠴᠢᠯᠡᠨ ᠨᠥᠭᠦᠭᠡ ᠶᠢ ᠮᠡᠳᠡᠵᠥ᠂ | ᠮᠥᠩᠭᠦᠨ ᠭᠦᠢᠯᠭᠡᠭᠡᠨ ᠤ ᠬᠦᠷᠢᠶᠡᠨ ᠳᠠᠬᠢ ᠡᠯ᠎ᠡ ᠵᠦᠢᠯ ᠤᠨ ᠠᠵᠢᠯ ᠢ ᠯᠠᠪᠳᠠᠭᠤᠨ ᠬᠦᠴᠦᠲᠡᠢ ᠰᠠᠶᠢᠲᠤᠷ ᠬᠢᠵᠦ᠂ ᠮᠠᠨ ᠤ ᠣᠷᠣᠨ ᠤ ᠮᠥᠩᠭᠦᠨ ᠭᠦᠢᠯᠭᠡᠭᠡᠨ ᠤ | ᠦᠢᠯᠡᠰ ᠢ ᠲᠠᠰᠤᠷᠠᠯᠲᠠ ᠦᠭᠡᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠪᠠᠷ ᠬᠤᠶᠠᠷ ᠶᠡᠭᠡ ᠶᠠᠪᠤᠳᠠᠯ ᠢ | ᠰᠠᠶᠢᠲᠤᠷ ᠬᠢᠬᠦ ᠳᠤ ᠬᠦᠴᠦᠨ ᠨᠡᠮᠡᠷᠢᠯᠡᠵᠦ᠂ ᠰᠢᠨ᠎ᠡ ᠵᠠᠮ ᠢ ᠨᠡᠭᠡᠭᠡᠬᠦ᠂ ᠳᠤᠮᠳᠠ ᠲᠦᠪᠰᠢᠨ ᠳᠤ ᠣᠷᠣᠬᠤ ᠶᠢ ᠪᠡᠶᠡᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ 10 ᠰᠠᠷ᠎ᠠ ᠶᠢᠨ 27 ᠤ ᠡᠳᠦᠷ ᠤᠨ ᠲᠥᠪ ᠤᠨ ᠤᠯᠤᠰ ᠲᠦᠷᠦ ᠶᠢᠨ ᠲᠣᠪᠴᠢᠶ᠎ᠠ ᠶᠢᠨ ᠬᠤᠷᠠᠯ | ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠶᠡᠷᠦᠩᠬᠡᠢ ᠱᠦᠵᠢ ᠰᠢ ᠶᠢᠨ ᠫᠢᠩ ᠤᠨ ᠵᠡᠭᠦᠨ ᠬᠤᠶᠢᠲᠤ ᠣᠷᠣᠨ ᠢ | ᠬᠥᠭᠵᠢᠭᠦᠯᠦᠨ ᠮᠠᠨᠳᠤᠭᠤᠯᠬᠤ ᠲᠤᠬᠠᠢ ᠤᠳᠠᠭ᠎ᠠ ᠪᠦᠷᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ᠂ ᠥᠪᠥᠷ ᠮᠣᠩᠭᠤᠯ ᠤᠨ | ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠠᠢ ᠤᠶᠠᠯᠳᠤᠭᠤᠯᠤᠨ ᠨᠠᠪᠲᠠᠷᠡᠭᠦᠯᠵᠦ᠂ ᠪᠦᠭᠦ ᠣᠷᠣᠨ ᠤ ᠭᠤᠣᠯᠳᠠᠯᠭ᠎ᠠ ᠲᠠᠢ | ᠠᠵᠢᠯ ᠢ ᠠᠬᠢᠭᠤᠯᠬᠤ ᠬᠤᠷᠠᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠲᠦᠷᠦ ᠶᠢᠨ ᠪᠣᠳᠣᠯᠭ᠎ᠠ ᠶᠢᠨ ᠠᠵᠠ ᠲᠣᠭᠢᠶᠠᠯ ᠢ ᠰᠠᠶᠢᠲᠤᠷ ᠠᠳᠬᠤᠨ | ᠰᠠᠶᠢᠲᠤᠷ ᠠᠰᠢᠭᠯᠠᠵᠤ᠂ ᠡᠯ᠎ᠡ ᠵᠦᠢᠯ ᠤᠨ ᠠᠵᠢᠯ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠵᠦ᠂ ︽ᠲᠠᠪᠤᠨ ᠶᠡᠭᠡ ᠡᠭᠦᠷᠭᠡ︾ ᠶᠢ ᠴᠢᠨᠠᠷ ᠰᠠᠶᠢᠲᠠᠢ ᠪᠡᠶᠡᠯᠡᠭᠦᠯᠬᠦ ᠪᠠᠷ | ︽ᠲᠠᠪᠤᠨ ᠶᠡᠭᠡ ᠠᠮᠤᠷ ᠲᠦᠪᠰᠢᠨ︾ ᠢ ᠨᠡᠩ ᠰᠠᠶᠢᠲᠤᠷ ᠬᠠᠮᠠᠭᠠᠯᠠᠬᠤ ᠬᠡᠷᠡᠭᠲᠡᠢ᠃ | ᠶᠡᠷᠦᠩᠬᠡᠢ ᠱᠦᠵᠢ ᠰᠢ ᠶᠢᠨ ᠫᠢᠩ ᠤᠨ ᠴᠡᠪᠡᠷ ᠡᠨᠧᠷᠭᠢ ᠶᠢ ᠲᠦᠷᠭᠡᠳᠬᠡᠨ ᠬᠥᠭᠵᠢᠭᠦᠯᠬᠦ ᠲᠤᠬᠠᠢ ᠴᠢᠬᠤᠯᠠ ᠱᠠᠭᠠᠷᠳᠠᠯᠭ᠎ᠠ ᠶᠢ ᠭᠦᠨᠵᠡᠭᠡᠢ | ᠨᠠᠶᠢᠳᠠᠪᠤᠷᠢᠵᠢᠭᠤᠯᠵᠤ᠂ ᠨᠡᠩ ᠴᠢᠩᠭ᠎ᠠ ᠲᠤᠯᠭᠠᠮ ᠪᠤᠳᠤᠯ ᠢᠶᠠᠷ ᠰᠢᠨ᠎ᠡ ᠡᠨᠧᠷᠭᠢ ᠶᠢᠨ ᠬᠥᠭᠵᠢᠯᠲᠡ ᠶᠢ ᠴᠢᠩᠭ᠎ᠠ ᠠᠳᠬᠤᠵᠤ᠂ ᠨᠡᠩ ᠲᠦᠷᠭᠡᠨ ᠠᠯᠬᠤᠭ᠎ᠠ ᠪᠠᠷ | ᠪᠣᠬᠢᠷᠳᠤᠯ ᠦᠭᠡᠢ ᠴᠠᠭᠢᠯᠭᠠᠨ ᠢᠶᠠᠷ ᠣᠷᠣᠯᠠᠭᠤᠯᠬᠤ ᠶᠢ ᠠᠬᠢᠭᠤᠯᠵᠤ᠂ ᠨᠡᠩ ᠶᠡᠭᠡ ᠡᠷᠴᠢᠮ ᠢᠶᠠᠷ ᠰᠢᠩᠭᠡᠭᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠰᠢᠨ᠎ᠡ | ᠡᠨᠧᠷᠭᠢ ᠶᠢᠨ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ | ᠲᠥᠪ ᠤᠨ ᠤᠯᠤᠰ ᠲᠦᠷᠦ ᠶᠢᠨ ᠲᠣᠪᠴᠢᠶ᠎ᠠ ᠶᠢᠨ ᠶᠢᠰᠦᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ | ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠤᠨᠤᠯ ᠤᠨ | ᠰᠤᠳᠤᠯᠭᠠᠨ ᠢ ᠦᠨᠡᠨ ᠬᠦ ᠴᠢᠩᠭᠠᠳᠬᠠᠵᠤ᠂ ᠤᠯᠠᠨ ᠵᠦᠢᠯ ᠤᠨ ᠰᠣᠶᠣᠯ ᠤᠨ ᠠᠭᠤᠰᠤᠯᠴᠠᠨ ᠣᠷᠣᠰᠢᠬᠤ ᠣᠨᠴᠠᠯᠢᠭ ᠢ ᠢᠯᠡᠷᠡᠭᠦᠯᠦᠭᠰᠡᠨ ︽ᠤᠮᠠᠷᠠᠲᠤ ᠬᠢᠯᠢ ᠶᠢᠨ | ᠰᠣᠶᠣᠯ︾ ᠤᠨ ᠲᠦᠷᠦᠯ ᠲᠡᠮᠳᠡᠭ ᠢ ᠲᠦᠷᠭᠡᠳᠬᠡᠨ ᠴᠣᠭᠴᠠᠯᠠᠵᠤ᠂ ᠨᠡᠩ ᠤᠯᠠᠨ ᠴᠢᠨᠠᠷ ᠰᠠᠶᠢᠲᠠᠢ᠂ ᠨᠥᠯᠥᠭᠡᠯᠡᠬᠦ ᠬᠦᠴᠦᠨ ᠲᠠᠢ ᠰᠤᠳᠤᠯᠭᠠᠨ ᠤ ᠦᠷ᠎ᠡ ᠪᠦᠲᠦᠭᠡᠯ ᠢ | ᠴᠢᠷᠮᠠᠶᠢᠨ ᠡᠭᠦᠳᠬᠦ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠴᠥᠮ ᠰᠢᠰᠲ᠋ᠧᠮ ᠲᠠᠢ ᠰᠤᠳᠤᠯᠭᠠᠨ ᠪᠠ ᠦᠢᠯᠡᠳᠦᠯᠭᠡ ᠶᠢᠨ | ᠰᠦᠪᠡᠭᠴᠢᠯᠡᠯᠲᠡ ᠪᠠᠨ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ | ᠰᠢᠵᠢᠮ ᠢ ᠡᠯ᠎ᠡ ᠵᠦᠢᠯ ᠤᠨ ᠠᠵᠢᠯ ᠳᠠᠭᠠᠨ ᠭᠡᠯᠪᠡᠷᠢ ᠲᠠᠢ ᠰᠡᠳᠬᠢᠯᠭᠡ ᠲᠠᠢ ᠪᠦᠳᠦᠮᠵᠢᠳᠡᠢ ᠪᠠᠷ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠶᠢᠨ ᠪᠦᠭᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠪᠣᠯᠣᠨ ᠪᠦᠭᠦ ᠤᠯᠤᠰ ᠤᠨ | ᠡᠮᠡᠭᠲᠡᠶᠢᠴᠦᠳ ᠤᠨ ᠬᠤᠯᠪᠤᠭ᠎ᠠ ᠶᠢᠨ ᠰᠢᠨ᠎ᠡ ᠨᠢᠭᠡ ᠬᠤᠭᠤᠴᠠᠭᠠᠨ ᠤ ᠤᠳᠤᠷᠢᠳᠬᠤ ᠪᠠᠭ ᠤᠨ ᠪᠦᠷᠢᠯᠳᠦᠭᠦᠨ ᠲᠠᠢ ᠬᠠᠮᠲᠤ ᠶᠢᠨ ᠶᠠᠷᠢᠯᠴᠠᠭ᠎ᠠ ᠬᠢᠬᠦ ᠦᠶ᠎ᠡ ᠶᠢᠨ | ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠤᠯᠭᠠᠬᠤ ᠶᠢ ᠪᠠᠷᠢᠮᠲᠠᠯᠠᠵᠤ᠂ ᠦᠵᠡᠯ ᠰᠠᠨᠠᠭ᠎ᠠ | ᠤᠯᠤᠰ ᠲᠦᠷᠦ ᠶᠢᠨ ᠵᠢᠯᠣᠭᠤᠳᠤᠯᠭ᠎ᠠ ᠶᠢ ᠦᠷᠭᠦᠯᠵᠢᠯᠡᠨ ᠴᠢᠩᠭᠠᠳᠬᠠᠵᠤ᠂ ᠥᠷᠭᠡᠨ ᠤᠯᠠᠨ ᠠᠵᠢᠯᠲᠠᠨ ᠠᠵᠢᠯᠴᠢᠨ᠂ ᠡᠮᠡᠭᠲᠡᠶᠢᠴᠦᠳ ᠤᠨ ᠡᠷᠡᠰ ᠭᠤᠶᠢᠪᠢᠰᠢ | ᠦᠭᠡᠢ ᠪᠠᠷ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠭᠠᠯ ᠬᠠᠯᠠᠭᠤᠨ ᠦᠢᠯᠡᠳᠦᠯᠭᠡ ᠳᠤ ᠢᠳᠡᠪᠬᠢᠲᠡᠢ | ᠣᠷᠤᠯᠴᠠᠬᠤ ᠶᠢ ᠬᠥᠮᠥᠵᠢᠭᠦᠯᠦᠨ ᠵᠢᠯᠤᠭᠤᠳᠬᠤ ᠬᠡᠷᠡᠭᠲᠡᠢ᠃ ᠡᠯ᠎ᠡ ᠱᠠᠲᠤᠨ ᠤ ᠠᠵᠢᠯᠴᠢᠨ ᠤ ᠡᠪᠯᠡᠯ᠂ ᠡᠮᠡᠭᠲᠡᠶᠢᠴᠦᠳ ᠤᠨ ᠬᠤᠯᠪᠤᠭ᠎ᠠ ᠶᠢᠨ ᠵᠣᠬᠢᠶᠠᠨ | ᠪᠠᠶᠢᠭᠤᠯᠤᠯᠲᠠ ᠠᠯᠢᠪᠠ ᠬᠠᠷᠠᠯᠲᠠ ᠣᠶᠢᠯᠠᠭᠠᠭᠳᠠᠬᠤᠨ ᠢ ᠦᠨᠡᠨ ᠪᠣᠳᠠᠲᠠᠢ ᠦᠷ᠎ᠡ ᠪᠦᠳᠦᠮᠵᠢ ᠪᠣᠯᠭᠠᠨ ᠬᠤᠪᠢᠷᠠᠭᠤᠯᠬᠤ ᠶᠢ ᠪᠠᠷᠢᠮᠲᠠᠯᠠᠵᠤ᠂ ᠬᠦᠴᠦᠯᠡᠬᠦ ᠴᠡᠭ ᠢᠶᠠᠨ | ᠣᠨᠣᠪᠴᠢᠲᠠᠢ ᠣᠯᠵᠤ ᠠᠵᠢᠯ ᠢᠶᠠᠨ ᠪᠣᠳᠠᠲᠠᠢ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠪᠠᠶᠠᠷ ᠤᠨ ᠵᠠᠬᠢᠳᠠᠯ᠂ ᠬᠠᠷᠢᠭᠤ ᠵᠠᠬᠢᠳᠠᠯ ᠤᠨ | ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠤᠨ᠂ ᠭᠠᠳᠠᠭᠠᠳᠤ ᠬᠠᠷᠢᠯᠴᠠᠭ᠎ᠠ ᠶᠢ | ᠭᠦᠨᠵᠡᠭᠡᠶᠢᠷᠡᠭᠦᠯᠬᠦ᠂ ᠣᠯᠠᠨ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠠᠮᠲᠤᠷᠠᠯᠴᠠᠭ᠎ᠠ ᠳᠤ ᠣᠷᠤᠯᠴᠠᠬᠤ ᠲᠤᠬᠠᠢ | ᠱᠠᠭᠠᠷᠳᠠᠯᠭ᠎ᠠ ᠳᠤᠷᠠᠳᠪᠠ᠃ | ᠬᠤᠷᠠᠯ ᠠᠴᠠ ᠪᠠᠰᠠ ᠪᠦᠭᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠭᠤᠣᠯᠳᠠᠯᠭ᠎ᠠ ᠲᠠᠢ ᠠᠵᠢᠯ ᠤᠨ ᠪᠠᠶᠢᠳᠠᠯ ᠤᠨ ᠬᠠᠷᠢᠭᠤ | ᠮᠡᠳᠡᠭᠦᠯᠦᠯᠲᠡ ᠶᠢ ᠰᠣᠨᠣᠰᠴᠤ᠂ ᠣᠯᠣᠭᠰᠠᠨ ᠠᠮᠵᠢᠯᠲᠠ ᠪᠦᠲᠦᠮᠵᠢ ᠶᠢ ᠭᠦᠢᠴᠡᠳ ᠨᠤᠲᠠᠯᠠᠵᠤ᠂ ᠪᠦᠭᠦ ᠣᠷᠣᠨ ᠤ ᠳᠣᠲᠣᠭᠠᠳᠤ ᠶᠢ ᠬᠠᠮᠠᠭᠠᠯᠠᠬᠤ ᠰᠢᠰᠲ᠋ᠧᠮ ᠤᠨ ᠬᠢᠨ | ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠠᠮᠤᠷ ᠲᠦᠪᠰᠢᠨ ᠢ ᠪᠠᠲᠤᠯᠠᠬᠤ᠂ ᠲᠣᠭᠲᠠᠭᠤᠨ ᠢ ᠬᠠᠮᠠᠭᠠᠯᠠᠬᠤ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠬᠥᠭᠵᠢᠯᠲᠡ ᠶᠢ | ᠠᠬᠢᠭᠤᠯᠬᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠲᠣᠰ ᠪᠡᠶ᠎ᠡ ᠶᠢᠨ ᠪᠠᠶᠢᠭᠤᠯᠤᠯᠲᠠ ᠪᠠᠨ ᠪᠦᠭᠦ ᠲᠠᠯ᠎ᠠ ᠪᠠᠷ ᠴᠢᠩᠭᠠᠳᠬᠠᠵᠤ᠂ | ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠨᠠᠩ ᠰᠠᠶᠢᠲᠤᠷ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | | | |