ᠡᠯ᠎ᠡ ᠠᠶᠢᠮᠠᠭ ᠬᠤᠲᠠ ᠬᠤᠷᠠᠯ ᠬᠤᠷᠠᠯᠳᠤᠭᠤᠯᠵᠤ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠰᠠᠨᠠᠯ︾ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠪᠠ – ᠴᠢᠬᠤᠯᠠ ᠶᠡᠭᠡ ᠠᠵᠠ ᠲᠣᠭᠢᠶᠠᠯ ᠢ ᠠᠳᠬᠤᠵᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠪᠠ ᠬᠠᠷᠠᠯᠲᠠ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2023/11/7
     ᠣᠶᠢᠷ᠎ᠠ ᠶᠢᠨ ᠡᠳᠦᠷ ᠬᠥᠯᠥᠨ ᠪᠤᠶᠢᠷ ᠬᠤᠳᠠ᠂ ᠤᠯᠠᠭᠠᠨᠬᠠᠳᠠ ᠬᠤᠳᠠ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ︵ᠳᠣᠷᠣᠭᠰᠢ ︽ᠰᠠᠨᠠᠯ︾ ᠭᠡᠵᠦ ᠳᠥᠭᠦᠮᠴᠢᠯᠡᠨ᠎ᠡ︶ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ᠂ ᠳᠠᠷᠠᠭᠠᠴᠢ ᠶᠢᠨ ᠠᠵᠢᠯ ᠢᠶᠠᠨ ᠪᠠᠶᠢᠷᠢᠯᠠᠭᠤᠯᠪᠠ᠃     ᠬᠥᠯᠥᠨ ᠪᠤᠶᠢᠷ ᠬᠤᠳᠠ     10 ᠰᠠᠷ᠎ᠠ ᠶᠢᠨ 23 ᠤ ᠡᠳᠦᠷ᠂ ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ ᠪᠠᠶᠢᠩᠭᠤ ᠶᠢᠨ ᠭᠡᠰᠢᠭᠦᠳ ᠤᠨ ᠬᠤᠷᠠᠯ ᠬᠤᠷᠠᠯᠳᠤᠭᠤᠯᠵᠤ᠂ ︽ᠰᠠᠨᠠᠯ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃     ᠬᠤᠷᠠᠯ ᠠᠴᠠ᠂ ︽ᠰᠠᠨᠠᠯ︾ ᠢ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠯ ᠣᠳᠣᠬᠠᠨ ᠤ ᠴᠢᠬᠤᠯᠠ ᠤᠯᠤᠰ ᠲᠦᠷᠦ ᠶᠢᠨ ᠡᠭᠦᠷᠭᠡ ᠪᠣᠯᠣᠨ᠎ᠠ᠃ ᠪᠦᠭᠦ ᠬᠤᠲᠠ ᠪᠠᠷ ᠢᠶᠠᠨ ᠡᠷᠬᠡᠪᠰᠢ ᠴᠢᠬᠤᠯᠠ ᠶᠡᠭᠡ ᠠᠵᠠ ᠲᠣᠭᠢᠶᠠᠯ ᠢ ᠴᠢᠩᠭ᠎ᠠ ᠠᠳᠬᠤᠵᠤ᠂ ᠳᠠᠯᠳᠠ ᠬᠦᠴᠦᠨ ᠢᠶᠠᠨ ᠭᠦᠢᠴᠡᠳ ᠠᠭᠤᠳᠠᠯᠵᠤ᠂ ᠰᠠᠨᠠᠭᠠᠴᠢᠯᠠᠭ᠎ᠠ ᠠᠴᠠ ᠪᠠᠨ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠪᠠᠷ ᠪᠠᠷᠢᠮᠵᠢᠶᠠᠯᠠᠨ᠂ ᠵᠦᠢᠯ ᠵᠤᠷᠪᠤᠰ ᠳᠠᠷᠠᠭᠠᠯᠠᠨ ᠬᠠᠷᠢᠴᠠᠭᠤᠯᠤᠨ ᠰᠤᠳᠤᠯᠵᠤ᠂ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠢ ᠲᠥᠯᠥᠪᠵᠢᠭᠦᠯᠦᠨ᠂ ᠬᠦᠯᠢᠶᠡᠬᠦ ᠦᠭᠡᠢ ᠲᠦᠰᠢᠭᠯᠡᠬᠦ ᠦᠭᠡᠢ ᠪᠠᠶᠢᠵᠤ᠂ ᠵᠣᠯᠭᠠᠯᠴᠠᠭ᠎ᠠ ᠪᠠᠨ ᠴᠢᠩᠭᠠᠳᠬᠠᠨ᠂ ᠢᠳᠡᠪᠬᠢᠲᠡᠢ ᠲᠡᠮᠡᠴᠡᠵᠦ᠂ ᠨᠠᠩ ᠣᠯᠠᠨ ᠭᠤᠣᠯᠳᠠᠯᠭ᠎ᠠ ᠲᠠᠢ ᠲᠥᠷᠥᠯ ᠵᠦᠢᠯ ᠪᠣᠯᠣᠨ ᠵᠦᠢᠯᠡᠰ ᠢ ᠤᠯᠤᠰ᠂ ᠥᠪᠡᠷᠲᠡᠭᠡᠨ ᠵᠠᠰᠠᠬᠤ ᠣᠷᠣᠨ ᠤ ᠳᠡᠮᠵᠢᠯᠭᠡ ᠶᠢᠨ ᠬᠡᠪᠴᠢᠶᠡᠨ ᠳᠤ ᠣᠷᠣᠭᠤᠯᠬᠤ ᠪᠠᠷ ᠴᠢᠷᠮᠠᠶᠢᠬᠤ ᠬᠡᠷᠡᠭᠲᠡᠢ᠃ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠦᠨ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭᠠᠳᠬᠠᠬᠤ᠂ ᠥᠪᠥᠷ ᠮᠣᠩᠭᠤᠯ ᠤᠨ ᠵᠡᠭᠦᠨ ᠬᠡᠰᠡᠭ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠢᠱᠢᠶ᠎ᠡ ᠦᠵᠡᠭᠦᠯᠭᠦ ᠣᠷᠣᠨ ᠢ ᠡᠭᠦᠳᠦᠨ ᠪᠠᠶᠢᠭᠤᠯᠬᠤ ᠵᠡᠷᠭᠡ ᠲᠠᠯ᠎ᠠ ᠪᠠᠷ ᠬᠠᠷᠢᠭᠤᠴᠠᠯᠭ᠎ᠠ ᠡᠭᠦᠷᠭᠡᠯᠡᠵᠦ ᠂ ᠲᠡᠷᠢᠭᠦᠨ ᠤ ᠬᠢ ᠶᠢ ᠡᠭᠦᠳᠴᠦ ᠰᠢᠯᠢᠳᠡᠭ ᠪᠤᠯᠬᠤ ᠪᠠᠷ ᠴᠢᠷᠮᠠᠶᠢᠨ᠂ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠠᠮᠢ ᠠᠬᠤᠢ ᠶᠢ ᠠᠵᠤ ᠦᠢᠯᠡᠰᠵᠢᠭᠦᠯᠬᠦ᠂ ᠠᠵᠤ ᠦᠢᠯᠡᠰ ᠢ ᠠᠮᠢ ᠠᠬᠤᠶᠢᠵᠢᠭᠤᠯᠬᠤ ᠠᠯᠬᠤᠮ ᠢ ᠲᠦᠷᠭᠡᠳᠬᠡᠨ᠂ ᠠᠵᠤ ᠦᠢᠯᠡᠰ ᠤᠨ ᠬᠥᠭᠵᠢᠯᠲᠡ ᠶᠢᠨ ︽ᠲᠠᠪᠤᠨ ᠶᠡᠭᠡ ᠠᠵᠢᠯᠯᠠᠭᠠᠨ ᠤ ᠲᠥᠯᠥᠪᠯᠡᠭᠡ︾ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠳᠣᠲᠣᠭᠠᠳᠤ ᠭᠠᠳᠠᠭᠠᠳᠤ ᠨᠡᠭᠡᠭᠡᠯᠲᠡ ᠶᠢ ᠭᠦᠨᠵᠡᠭᠡᠶᠢᠷᠡᠭᠦᠯᠦᠨ᠂ ᠨᠠᠩ ᠰᠢᠯᠢᠳᠡᠭ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠪᠤᠶ ᠪᠤᠯᠭᠠᠵᠤ᠂ ᠤᠨᠢᠨ ᠳᠡᠭᠡᠷ᠎ᠡ ᠨᠢ ᠬᠦᠴᠦᠯᠡᠵᠦ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠵᠤ᠂ ᠥᠷᠢ ᠥᠭᠴᠡᠭᠡᠨ ᠤ ᠲᠦᠭᠰᠢᠭᠦᠷᠢ ᠶᠢ ᠡᠮᠬᠢ ᠵᠢᠷᠤᠮ ᠲᠠᠢ ᠪᠠᠷ ᠠᠷᠢᠯᠭᠠᠨ᠂ ᠰᠢᠨ᠎ᠡ ᠶᠢ ᠡᠭᠦᠳᠬᠦ ᠰᠡᠳᠬᠢᠴᠡ᠂ ᠪᠣᠳᠠᠲᠠᠢ ᠶᠢ ᠡᠷᠭᠢᠮᠯᠡᠭᠦ ᠠᠷᠭ᠎ᠠ ᠬᠡᠮᠵᠢᠶ᠎ᠡ᠂ ᠪᠣᠳᠠᠲᠠᠢ ᠠᠵᠢᠯᠯᠠᠬᠤ ᠬᠡᠪ ᠰᠤᠷᠲᠠᠯ ᠢᠶᠠᠷ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠪᠠ ᠬᠠᠷᠠᠯᠲᠠ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃     ᠤᠯᠠᠭᠠᠨᠬᠠᠳᠠ ᠬᠤᠲᠠ     ︽ᠰᠠᠨᠠᠯ︾ ᠢ ᠨᠡᠶᠢᠲᠡᠯᠡᠭᠰᠡᠨ ᠠᠴᠠ ᠨᠠᠭᠠᠰᠢ᠂ ᠤᠯᠠᠭᠠᠨᠬᠠᠳᠠ ᠬᠤᠲᠠ ᠶᠢᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠬᠤᠲᠠ ᠶᠢᠨ ᠨᠠᠮ ᠤᠨ ᠬᠤᠷᠢᠶ᠎ᠠ ᠪᠠᠶᠢᠩᠭᠤ ᠶᠢᠨ ᠭᠡᠰᠢᠭᠦᠳ ᠤᠨ ᠬᠤᠷᠠᠯ ᠬᠤᠷᠠᠯᠳᠤᠭᠤᠯᠵᠤ᠂ ︽ᠰᠠᠨᠠᠯ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶ᠎ᠠ ᠶᠢᠨ ᠭᠤᠣᠯ ᠤᠳᠤᠷᠢᠳᠤᠯᠭ᠎ᠠ ᠪᠠᠶᠢᠴᠠᠭᠠᠨ ᠰᠤᠳᠤᠯᠤᠯᠲᠠ ᠬᠢᠬᠦ᠂ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠨᠠᠮ ᠤᠨ ᠬᠢᠴᠢᠶᠡᠯ ᠣᠷᠣᠬᠤ᠂ ᠣᠨᠣᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠯᠭ᠎ᠠ ᠵᠡᠷᠭᠡ ᠣᠯᠠᠨ ᠲᠠᠯᠠᠪᠤᠷ ᠲᠤ ︽ᠰᠠᠨᠠᠯ︾ ᠢ ᠲᠤᠭᠤᠰᠢᠯᠠᠭᠤᠯᠬᠤ ᠶᠢ ᠰᠠᠶᠢᠲᠤᠷ ᠠᠳᠬᠤᠬᠤ ᠲᠤᠬᠠᠢ ᠠᠵᠢᠯ ᠤᠨ ᠪᠠᠶᠢᠷᠢᠯᠠᠭᠤᠯᠤᠯᠲᠠ ᠬᠢᠵᠦ᠂ ᠡᠭᠦᠷᠭᠡ ᠲᠤᠰᠢᠶᠠᠨ᠂ ᠱᠠᠭᠠᠷᠳᠠᠯᠭ᠎ᠠ ᠳᠤᠷᠠᠳᠪᠠ᠃ ︽ᠰᠠᠨᠠᠯ︾ ᠤᠨ ᠳᠣᠲᠣᠷᠠᠬᠢ ᠤᠯᠠᠭᠠᠨᠬᠠᠳᠠ ᠬᠤᠲᠠ ᠯᠤᠭ᠎ᠠ ᠰᠢᠭᠤᠳ ᠬᠤᠯᠪᠣᠭᠳᠠᠬᠤ ᠲᠥᠷᠥ ᠶᠢᠨ ᠪᠣᠳᠣᠯᠭ᠎ᠠ ᠶᠢᠨ ᠲᠣᠭᠤᠷᠢᠨ ᠳᠤ᠂ ᠠᠵᠢᠯ ᠤᠨ ᠲᠤᠰᠬᠠᠢ ᠠᠩᠭᠢ ᠶᠢ ᠵᠣᠬᠢᠶᠠᠨ ᠪᠠᠶᠢᠭᠤᠯᠵᠤ᠂ ᠪᠣᠳᠠᠲᠠᠢ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠪᠠ ᠡᠭᠦᠷᠭᠡ ᠶᠢᠨ ᠨᠠᠷᠢᠨ ᠳᠠᠩᠰᠠ ᠶᠢ ᠬᠦᠷᠢᠶ᠎ᠡ ᠴᠠᠷᠠᠭ᠎ᠠ ᠬᠤᠪᠢᠶᠠᠨ ᠰᠤᠳᠤᠯᠤᠨ ᠲᠣᠭᠲᠠᠭᠠᠵᠤ᠂ ︽ᠰᠠᠨᠠᠯ︾ ᠤᠨ ᠡᠯ᠎ᠡ ᠵᠦᠢᠯ ᠤᠨ ᠠᠵᠢᠯ ᠤᠨ ᠬᠠᠷᠠᠯᠲᠠ ᠪᠠ ᠡᠭᠦᠷᠭᠡ ᠶᠢᠨ ᠱᠠᠭᠠᠷᠳᠠᠯᠭ᠎ᠠ ᠶᠢ ᠪᠣᠳᠠᠲᠠᠢ ᠨᠠᠷᠢᠯᠢᠭ ᠨᠠᠶᠢᠳᠠᠪᠤᠷᠢᠵᠢᠭᠤᠯᠬᠤ ᠶᠢ ᠬᠦᠴᠦᠯᠡᠨ ᠠᠬᠢᠭᠤᠯᠪᠠ᠃     ᠤᠯᠠᠭᠠᠨᠬᠠᠳᠠ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠲᠣᠭᠲᠠᠮᠠᠯ ᠬᠤᠭᠤᠴᠠᠭ᠎ᠠ ᠲᠠᠢ ᠪᠠᠷ ᠠᠵᠤ ᠠᠬᠤᠢ ᠶᠢᠨ ᠠᠵᠢᠯ ᠢ ᠰᠤᠳᠤᠯᠵᠤ᠂ ᠠᠵᠤ ᠠᠬᠤᠢ ᠶᠢᠨ ᠠᠵᠢᠯᠯᠠᠭᠠᠨ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠠᠵᠤ ᠠᠬᠤᠶᠢᠯᠠᠯ ᠤᠨ ᠦᠢᠯᠡᠳᠪᠦᠷᠢᠯᠡᠯ᠂ ᠵᠠᠬ᠎ᠠ ᠳᠡᠯᠭᠡᠭᠦᠷ ᠤᠨ ᠬᠡᠷᠡᠭᠯᠡᠭᠡ ᠵᠡᠷᠭᠡ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠳᠤᠲᠠᠭᠤᠳᠠᠯ ᠪᠠ ᠪᠠᠭᠤᠷᠠᠢ ᠲᠠᠯ᠎ᠠ ᠶᠢ ᠴᠢᠩᠭ᠎ᠠ ᠠᠩᠬᠠᠷᠴᠤ᠂ ᠪᠦᠭᠦ ᠬᠤᠲᠠ ᠶᠢᠨ ᠬᠡᠰᠡᠭ ᠠᠵᠤ ᠠᠬᠤᠢ ᠶᠢᠨ ᠭᠦᠢᠴᠡᠳᠬᠡᠯ ᠲᠤᠭ᠎ᠠ ᠪᠣᠯᠣᠨ ᠬᠥᠮᠥᠨ ᠠᠮᠠ ᠶᠢᠨ ᠬᠡᠪᠴᠢᠶ᠎ᠡ᠂ ᠠᠵᠤ ᠦᠢᠯᠡᠰ ᠤᠨ ᠬᠥᠭᠵᠢᠯᠲᠡ ᠬᠠᠷᠢᠯᠴᠠᠨ ᠵᠣᠬᠢᠴᠠᠯᠳᠤᠬᠤ ᠦᠭᠡᠢ ᠪᠠᠶᠢᠬᠤ ᠠᠰᠠᠭᠤᠳᠠᠯ ᠢ ᠭᠦᠨᠵᠡᠭᠡᠢ ᠰᠤᠳᠤᠯᠤᠨ᠂ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠴᠢᠩᠭ᠎ᠠ ᠠᠳᠬᠤᠵᠤ᠂ ᠠᠷᠭ᠎ᠠ ᠪᠦᠭᠦᠨ ᠢ ᠰᠦᠪᠡᠭᠴᠢᠯᠡᠨ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠦᠨ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠡᠷᠡᠭᠯᠡᠭᠡ ᠶᠢ ᠬᠥᠭᠵᠢᠭᠡᠵᠦ᠂ ᠣᠨ ᠤ ᠬᠠᠷᠠᠯᠲᠠ ᠡᠭᠦᠷᠭᠡ ᠪᠠᠨ ᠪᠡᠶᠡᠯᠡᠭᠦᠯᠬᠦ ᠪᠠᠷ ᠪᠦᠭᠦ ᠬᠦᠴᠦᠨ ᠢᠶᠠᠷ ᠢᠶᠠᠨ ᠰᠢᠪᠲᠤᠯᠤᠯᠲᠠ ᠬᠢᠵᠦ ᠪᠠᠶᠢᠨ᠎ᠠ᠃ ᠠᠵᠤ ᠠᠬᠤᠢ ᠶᠢᠨ ᠠᠵᠢᠯᠯᠠᠭᠠᠨ ᠤ ᠲᠣᠬᠢᠷᠠᠭᠤᠯᠤᠯᠲᠠ ᠶᠢ ᠴᠢᠩᠭᠠᠳᠬᠠᠬᠤ ᠶᠢᠨ ᠲᠥᠯᠥᠭᠡ᠂ ᠬᠤᠲᠠ ᠶᠢᠨ ᠵᠠᠰᠠᠭ ᠤᠨ ᠣᠷᠳᠣᠨ ᠤ ᠤᠳᠤᠷᠢᠳᠤᠯᠭ᠎ᠠ ᠬᠤᠰᠢᠭᠤ ᠰᠢᠶᠠᠨ ᠲᠣᠭᠤᠷᠢᠭ ᠤᠨ ᠠᠵᠢᠯ ᠤᠨ ᠲᠣᠭᠲᠠᠴᠠ ᠶᠢ ᠳᠠᠭᠠᠭᠠᠴᠢᠯᠠᠨ ᠬᠠᠷᠢᠭᠤᠴᠠᠵᠤ ᠱᠠᠯᠠᠪᠳᠠᠭᠤᠯᠤᠨ ᠵᠢᠯᠤᠭᠤᠳᠬᠤ ᠶᠢ ᠬᠡᠷᠡᠭᠵᠢᠭᠦᠯᠵᠦ᠂ ᠬᠤᠲᠠ ᠶᠢᠨ ᠱᠠᠲᠤᠨ ᠤ ᠤᠳᠤᠷᠢᠳᠤᠯᠭ᠎ᠠ ᠨᠢᠭᠡᠳᠦᠭᠡᠷ ᠹᠷᠣᠨᠲ ᠲᠤ ᠭᠦᠨᠵᠡᠭᠡᠶᠢᠷᠡᠨ᠂ ᠬᠤᠰᠢᠭᠤ ᠰᠢᠶᠠᠨ ᠲᠣᠭᠤᠷᠢᠭ ᠢ ᠴᠠᠭ ᠲᠤᠬᠠᠢ ᠳᠤᠨᠢ ᠬᠠᠪᠰᠤᠷᠤᠨ ᠪᠣᠳᠠᠲᠠᠢ ᠠᠰᠠᠭᠤᠳᠠᠯ ᠢ ᠨᠢ ᠰᠢᠢᠳᠪᠦᠷᠢᠯᠡᠵᠦ᠂ ᠡᠯ᠎ᠡ ᠭᠠᠵᠠᠷ ᠣᠷᠣᠨ ᠢ ᠱᠠᠯᠠᠪᠳᠠᠭᠤᠯᠤᠨ ᠵᠢᠯᠤᠭᠤᠳᠴᠤ ᠪᠠᠶᠢᠭᠠᠳ ᠳᠥᠷᠪᠡᠳᠦᠭᠡᠷ ᠤᠯᠠᠷᠢᠯ ᠤᠨ ᠡᠯ᠎ᠡ ᠵᠦᠢᠯ ᠤᠨ ᠠᠵᠢᠯ ᠢ ᠰᠠᠶᠢᠲᠤᠷ ᠭᠢᠯᠭᠡᠵᠦ ᠪᠤᠢ︔ ︽ᠡᠳᠦᠷ ᠲᠤ ᠲᠣᠬᠢᠷᠠᠭᠤᠯᠤᠯᠲᠠ ᠬᠢᠵᠦ᠂ ᠭᠠᠷᠠᠭ ᠲᠤ ᠰᠤᠳᠤᠯᠤᠨ ᠮᠠᠭᠠᠳᠯᠠᠬᠤ︾ ᠠᠵᠢᠯ ᠤᠨ ᠲᠣᠭᠲᠠᠴᠠ ᠶᠢ ᠬᠡᠷᠡᠭᠵᠢᠭᠦᠯᠵᠦ᠂ ᠬᠡᠪ ᠤᠨ ᠲᠣᠬᠢᠷᠠᠭᠤᠯᠤᠯᠲᠠ ᠨᠢ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠢ ᠳᠠᠭᠠᠵᠤ᠂ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠤᠷᠢᠳᠴᠢᠯᠠᠨ ᠵᠢᠱᠢᠵᠦ ᠵᠠᠳᠠᠯᠬᠤ ᠶᠢ ᠴᠢᠩᠭᠠᠳᠬᠠᠨ᠂ ᠭᠤᠣᠯᠳᠠᠯᠭ᠎ᠠ ᠲᠠᠢ ᠭᠠᠵᠠᠷ ᠣᠷᠣᠨ᠂ ᠭᠤᠣᠯᠳᠠᠯᠭ᠎ᠠ ᠲᠠᠢ ᠠᠵᠢᠯ ᠲᠥᠷᠥᠯ᠂ ᠭᠤᠣᠯᠳᠠᠯᠭ᠎ᠠ ᠲᠠᠢ ᠠᠵᠤ ᠠᠬᠤᠶᠢᠯᠠᠯ ᠢ ᠴᠢᠩᠭ᠎ᠠ ᠠᠩᠬᠠᠷᠴᠤ᠂ ᠨᠡᠪᠲᠡᠷᠡᠯᠴᠡᠨ ᠵᠣᠯᠭᠠᠭᠤᠯᠬᠤ ᠪᠠ ᠬᠢᠨᠠᠨ ᠬᠡᠮᠵᠢᠵᠦ ᠰᠤᠳᠤᠯᠤᠨ ᠮᠠᠭᠠᠳᠯᠠᠬᠤ ᠶᠢ ᠴᠢᠩᠭᠠᠳᠬᠠᠨ᠂ ᠬᠦᠴᠢᠷᠳᠡᠯᠲᠡᠢ ᠠᠰᠠᠭᠤᠳᠠᠯ ᠢ ᠬᠠᠨᠳᠤᠯᠭᠠᠲᠤ ᠴᠢᠨᠠᠷᠲᠠᠢ ᠪᠠᠷ ᠰᠢᠢᠳᠪᠦᠷᠢᠯᠡᠵᠦ᠂ ᠣᠨ ᠤ ᠬᠠᠷᠠᠯᠲᠠᠲᠤ ᠡᠭᠦᠷᠭᠡ ᠪᠠᠨ ᠪᠡᠶᠡᠯᠡᠭᠦᠯᠬᠦ ᠳᠤ ᠬᠦᠴᠦᠲᠡᠢ ᠪᠠᠲᠤᠯᠠᠭ᠎ᠠ ᠬᠠᠩᠭᠠᠵᠤ ᠪᠠᠶᠢᠨ᠎ᠠ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ