ᠭᠤᠤ ᠬᠤᠸᠠᠢ ᠵᠢᠩ ᠪᠦᠯᠬᠦᠮ ᠳᠠᠭᠠᠭᠤᠯᠤᠨ ᠱᠠᠩᠬᠠᠢ ᠵᠧᠵᠢᠶᠠᠩ ᠵᠡᠷᠭᠡ ᠭᠠᠵᠠᠷ ᠢᠶᠠᠷ ᠰᠢᠨᠵᠢᠯᠡᠨ ᠪᠠᠶᠢᠴᠠᠭᠠᠵᠤ ᠰᠤᠷᠤᠯᠴᠠᠨ ᠬᠤᠳᠠᠯᠳᠤᠭᠠᠴᠢᠨ ᠤᠷᠢᠵᠤ ᠪᠡᠯᠡ ᠣᠷᠣᠭᠤᠯᠪᠠ
ᠨᠡᠶᠢᠲᠡᠯᠡᠭᠰᠡᠨ ᠴᠠᠭ᠄
2023/11/7
      11 ᠰᠠᠷ᠎ᠠ ᠶᠢᠨ 2 ᠤᠨ ᠡᠳᠦᠷ ᠠᠴᠠ 5 ᠤ ᠡᠳᠦᠷ ᠪᠣᠯᠲᠠᠯ᠎ᠠ᠂ ᠰᠢ ᠶᠢᠨ ᠫᠢᠡᠭ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠶ ᠥᠷᠨᠢᠭᠦᠯᠬᠦ ᠲᠠᠰᠢᠷᠠᠮ ᠳᠤ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠶᠡᠭᠡ ᠶᠠᠪᠤᠳᠠᠯ︾ ᠪᠣᠯᠤᠨ ᠬᠤᠲᠠ ᠶᠢᠨ ᠨᠠᠮ ᠤᠨ ᠬᠤᠷᠢᠶ᠎ᠠ ᠶᠢᠨ ︽ᠭᠤᠷᠪᠠᠨ ᠳᠥᠷᠪᠡ︾ ᠬᠠᠷᠠᠯᠲᠠᠲᠤ ᠡᠭᠦᠷᠭᠡ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ︽ᠲᠠᠪᠤ ᠶᠢ ᠳᠠᠬᠢᠨ ᠲᠠᠰ ᠳᠡᠪᠰᠢᠭᠦᠯᠬᠦ︾ ᠶᠢ ᠠᠬᠢᠭᠤᠯᠬᠤ ᠶᠢᠨ ᠲᠥᠯᠥᠭᠡ᠂ ᠬᠤᠰᠢᠭᠤ ᠨᠠᠮ ᠤᠨ ᠬᠤᠷᠢᠶᠠᠨ ᠤ ᠱᠦᠵᠢ ᠭᠤᠤ ᠬᠤᠸᠠᠢ ᠵᠢᠩ ᠪᠦᠯᠬᠦᠮ ᠳᠠᠭᠠᠭᠤᠯᠤᠨ ᠱᠠᠩᠬᠠᠶ᠂ ᠵᠧᠵᠢᠶᠠᠩ ᠵᠡᠷᠭᠡ ᠭᠠᠵᠠᠷ ᠲᠤ ᠬᠦᠷᠴᠦ ᠪᠠᠶᠢᠴᠠᠭᠠᠨ ᠰᠤᠷᠤᠯᠴᠠᠵᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠤᠨ᠂ ᠳᠠᠪᠠᠭᠤᠯᠢᠭ ᠠᠵᠤ ᠦᠢᠯᠡᠰ ᠤᠨ ᠬᠡᠯᠬᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠤᠯᠳᠠᠯᠭ᠎ᠠ ᠲᠠᠢ ᠠᠵᠤ ᠠᠬᠤᠶᠢᠯᠠᠯ ᠢᠶᠠᠷ ᠬᠦᠷᠴᠦ ᠶᠠᠷᠢᠯᠴᠠᠨ ᠰᠠᠨᠠᠯ ᠢᠶᠠᠨ ᠰᠣᠯᠢᠯᠴᠠᠵᠤ᠂ ᠬᠠᠮᠢᠶ᠎ᠠ ᠪᠦᠬᠦᠢ ᠬᠠᠮᠲᠤᠷᠠᠯᠴᠠᠭᠠᠨ ᠤ ᠤᠴᠢᠷ ᠶᠠᠪᠤᠳᠠᠯ ᠢ ᠭᠦᠨᠵᠡᠭᠡᠶ ᠶᠠᠷᠢᠯᠴᠠᠨ ᠵᠥᠪᠳᠡᠯᠴᠡᠪᠡ᠃      ᠭᠤᠦ ᠬᠤᠸᠠᠢ ᠵᠢᠩ ᠱᠠᠩᠬᠠᠢ ᠶᠢᠨ ᠳ᠋ᠦᠩ ᠹᠠᠩ ᠰᠢ ᠸᠠᠩ ᠪᠦᠯᠦᠭᠯᠡᠯ ᠤᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠶᠠᠷᠢᠯᠴᠠᠨ ᠰᠠᠨᠠᠯ ᠢᠶᠠᠨ ᠰᠣᠯᠢᠯᠴᠠᠬᠤ ᠳᠠᠭᠠᠨ᠂ ᠠᠵᠤ ᠠᠬᠤᠶᠢᠯᠠᠯ ᠤᠨ ᠬᠥᠭᠵᠢᠯᠲᠡ ᠶᠢᠨ ᠶᠠᠪᠤᠴᠠ ᠵᠢᠴᠢ ᠠᠵᠤ ᠦᠢᠯᠡᠰ ᠤᠨ ᠪᠠᠶᠢᠷᠢᠰᠢᠭᠤᠯᠤᠯᠲᠠ ᠶᠢᠨ ᠠᠯᠤᠰ ᠤᠨ ᠲᠥᠰᠥᠪ ᠢ ᠨᠠᠷᠢᠨ ᠤᠢᠢᠯᠠᠭᠠᠭᠰᠠᠨ ᠪᠥᠭᠡᠳ ᠠᠵᠤ ᠠᠬᠤᠶᠢᠯᠠᠯ ᠳᠤ ᠤᠲᠤᠭ ᠬᠤᠰᠢᠭᠤᠨ ᠤ ᠪᠡᠯᠡ ᠣᠷᠣᠭᠤᠯᠤᠯᠲᠠ ᠶᠢᠨ ᠣᠷᠴᠢᠨ ᠲᠣᠭᠤᠷᠢᠨ᠂ ᠠᠵᠤ ᠦᠢᠯᠡᠰ ᠤᠨ ᠲᠦᠷᠦ ᠶᠢᠨ ᠪᠤᠳᠤᠯᠭ᠎ᠠ ᠶᠢ ᠲᠠᠨᠢᠯᠴᠠᠭᠤᠯᠵᠠᠢ᠃ ᠭᠤᠤ ᠬᠤᠸᠠᠢ ᠵᠢᠩ ᠢᠯᠡᠷᠬᠡᠶᠢᠯᠡᠬᠦ ᠳᠡᠭᠡᠨ᠂ ᠳ᠋ᠦᠩ ᠹᠠᠩ ᠰᠢ ᠸᠠᠩ ᠪᠦᠯᠦᠭᠯᠡᠯ ᠨᠢ ᠲᠡᠷᠢᠭᠦᠨ ᠤ ᠡᠵᠡᠩᠨᠡᠯᠲᠡ ᠶᠢᠨ ᠣᠶᠢᠯᠠᠭᠠᠭᠳᠠᠬᠤᠨ᠂ ᠬᠥᠷᠥᠩᠭᠡ ᠶᠢᠨ ᠪᠣᠳᠠᠲᠤ ᠬᠦᠴᠦᠨ ᠢᠶᠠᠷ ᠢᠶᠠᠨ ᠳᠤᠮᠳᠠᠳᠤ ᠤᠯᠤᠰ ᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ 500 ᠬᠦᠴᠦᠷᠬᠡᠭ ᠤᠨ ᠨᠢᠭᠡ ᠨᠢ ᠪᠣᠯᠣᠭᠰᠠᠨ ᠪᠠᠶᠢᠨ᠎ᠠ᠃ ᠣᠳᠣᠬᠠᠨ ᠳᠤ ᠮᠠᠨ ᠤ ᠬᠤᠰᠢᠭᠤ ︽ᠡᠨᠧᠷᠭᠢ ᠶᠢᠨ ᠪᠣᠬᠢᠷᠲᠤᠯ ᠥᠬᠡᠶ ᠦᠢᠯᠡᠳᠪᠦᠷᠢᠯᠡᠯ ᠬᠡᠷᠡᠭᠯᠡᠭᠡ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠬᠤ︾᠂ ︽ᠨᠠᠷᠢᠯᠢᠭ ᠬᠢᠮᠢ ᠶᠢᠨ ᠠᠵᠤ ᠦᠢᠯᠡᠳᠪᠤᠷᠢ ᠶᠢᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠬᠤ︾ ᠂ ︽ᠰᠢᠨ᠎ᠡ ᠡᠨᠧᠷᠭᠢ ᠶᠢᠨ ᠦᠢᠯᠡᠳᠴᠥ ᠨᠥᠭᠡᠴᠡᠯᠡᠵᠦ ᠬᠡᠷᠡᠭᠯᠡᠬᠦ ᠶᠢ ᠨᠢᠭᠡ ᠴᠤᠭᠴᠠᠵᠢᠭᠤᠯᠤᠭᠰᠠᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠬᠤ︾ ᠵᠡᠷᠭᠡ ︽ᠨᠠᠢᠮᠠᠨ ᠵᠢᠱᠢᠶ᠎ᠡ ᠦᠵᠡᠭᠦᠯᠬᠦ︾ ᠬᠠᠷᠠᠯᠲᠠᠲᠤ ᠡᠭᠦᠷᠭᠡ ᠳᠤ ᠲᠤᠭᠤᠷᠢᠭᠤᠯᠵᠤ᠂ ᠣᠳᠣᠬᠢᠴᠢᠯᠠᠭᠰᠠᠨ ᠠᠵᠤ ᠠᠬᠤᠢ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠶᠢ ᠲᠦᠷᠭᠡᠳᠬᠡᠬᠦ ᠪᠠᠷ ᠬᠦᠴᠣᠯᠡᠵᠣ ᠪᠣᠢ᠂ ᠬᠤᠶᠠᠷ ᠲᠠᠯ᠎ᠠ ᠪᠠᠷ ᠢᠶᠠᠨ ᠨᠡᠩ ᠥᠷᠭᠡᠨ ᠭᠦᠷᠢᠶ᠎ᠠ ᠬᠡᠪᠴᠢᠶᠡᠨ ᠳᠤ ᠨᠡᠩ ᠭᠦᠨ ᠳᠠᠪᠬᠤᠷᠭ᠎ᠠ ᠶᠢᠨ ᠬᠠᠮᠲᠤᠷᠠᠯᠴᠠᠭ᠎ᠠ ᠬᠢᠵᠤ᠂ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠨ᠂ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠦᠶ᠎ᠡ ᠭᠡᠵᠤ ᠶᠠᠷᠢᠪᠠ᠃ ᠠᠵᠤ ᠠᠬᠤᠶᠢᠯᠠᠯ ᠤᠨ ᠬᠠᠷᠢᠭᠤᠴᠠᠯᠭᠠᠲᠠᠨ ᠣᠲᠤᠭ ᠬᠤᠰᠢᠭᠤ ᠠᠵᠤ ᠦᠢᠯᠡᠰ ᠤᠨ ᠬᠥᠭᠵᠢᠯᠲᠡ ᠶᠢᠨ ᠵᠥᠪ ᠵᠠᠮ ᠢᠶᠠᠨ ᠰᠣᠩᠭᠤᠭᠰᠠᠨ ᠪᠠᠶᠢᠨ᠎ᠠ᠂ ᠤᠯᠠᠮ ᠭᠦᠨᠵᠡᠭᠡᠢ ᠬᠠᠷᠢᠯᠴᠠᠵᠤ᠂ ᠡᠷᠲᠡᠬᠡᠨ ᠬᠠᠮᠲᠤᠷᠠᠵᠤ ᠠᠵᠢᠯᠯᠠᠨ᠂ ᠴᠢᠨᠠᠷ ᠰᠠᠶᠢᠲᠠᠶ ᠬᠥᠭᠵᠢᠯᠲᠡ ᠶᠢ ᠭᠠᠷ ᠬᠤᠯᠪᠣᠨ ᠬᠠᠮᠲᠤ ᠪᠠᠷ ᠠᠬᠢᠭᠤᠯᠬᠤ ᠶᠢ ᠬᠦᠰᠡᠵᠦ ᠪᠠᠶᠢᠨ᠎ᠠ ᠭᠡᠵᠡᠢ᠃      ᠭᠤᠤ ᠬᠤᠸᠠᠢ ᠵᠢᠩ ᠪᠣᠯᠣᠨ ᠬᠠᠮᠲᠤ ᠶᠠᠪᠤᠭᠰᠠᠳ ᠪᠦᠬᠦ ᠳᠡᠯᠡᠬᠡᠢ ᠳᠤ ᠡᠩ ᠲᠡᠷᠢᠭᠦᠨ ᠳᠤ ᠠᠮᠢᠳᠤ ᠪᠣᠳᠠᠰ ᠤᠨ ᠨᠡᠶᠢᠯᠡᠯᠭᠡ ᠶᠢᠨ ᠮᠡᠷᠭᠡᠵᠢᠯ ᠢ ᠬᠡᠪᠴᠢᠶᠡᠵᠢᠭᠦᠯᠦᠨ ᠠᠵᠤ ᠦᠢᠯᠡᠳᠪᠦᠷᠢᠵᠢᠭᠦᠯᠦᠨ ᠬᠡᠷᠡᠭᠯᠡᠭᠰᠡᠨ᠂ ᠨᠡᠶᠢᠯᠡᠮᠡᠯ ᠠᠮᠢᠳᠤ ᠪᠣᠳᠠᠰ ᠤᠨ ᠬᠦᠷᠢᠶᠡᠨ ᠤ ᠰᠢᠨ᠎ᠡ ᠶᠢ ᠡᠭᠦᠳᠬᠦ ᠬᠡᠯᠪᠡᠷᠢ ᠶᠢᠨ ᠠᠵᠤ ᠠᠬᠤᠶᠢᠯᠠᠯ ᠪᠣᠯᠬᠤ ᠱᠠᠩᠬᠠᠢ ᠶᠢᠨ ᠺᠠᠢ ᠰᠠᠢ ᠠᠮᠢᠳᠤ ᠪᠣᠳᠠᠰ ᠤᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠤᠨ ᠨᠡᠭᠡᠭᠡᠯᠲᠡ᠂ ᠲᠤᠬᠠᠶᠢᠯᠠᠭᠰᠠᠨ ᠠᠵᠢᠯ ᠤᠨ ᠥᠷᠭᠡᠳᠬᠡᠯ᠂ ᠵᠠᠬ᠎ᠠ ᠳᠡᠯᠭᠡᠭᠦᠷ ᠤᠨ ᠡᠵᠡᠩᠨᠡᠯᠲᠡ ᠵᠡᠷᠭᠡ ᠪᠠᠶᠢᠳᠠᠯ ᠢ ᠭᠦᠨᠵᠡᠭᠡᠶ ᠣᠶᠢᠯᠠᠭᠠᠭᠰᠠᠨ ᠤ ᠳᠠᠷᠠᠭ᠎ᠠ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠶ ᠰᠣᠯᠢᠯᠴᠠᠵᠤ᠂ ᠠᠵᠤ ᠠᠬᠤᠶᠢᠯᠠᠯ ᠤᠨ ᠣᠲᠤᠭ ᠬᠤᠰᠢᠭᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠲᠣᠰ ᠪᠡᠶ᠎ᠡ ᠶᠢᠨ ᠮᠡᠷᠭᠡᠵᠢᠯ ᠤᠨ ᠳᠠᠪᠠᠭᠤᠯᠢᠭ᠂ ᠵᠠᠬ᠎ᠠ ᠳᠡᠯᠭᠡᠭᠦᠷ ᠤᠨ ᠳᠠᠪᠠᠭᠤᠯᠢᠭ ᠢᠶᠠᠨ ᠣᠲᠤᠭ ᠬᠤᠰᠢᠭᠤᠨ ᠤ ᠠᠵᠤ ᠦᠢᠯᠡᠰ ᠤᠨ ᠳᠠᠪᠠᠭᠤᠯᠢᠭ᠂ ᠡᠬᠢ ᠪᠠᠶᠠᠯᠢᠭ ᠤᠨ ᠳᠠᠪᠠᠭᠤᠯᠢᠭ ᠲᠠᠢ ᠤᠶᠠᠯᠳᠤᠭᠤᠯᠤᠨ᠂ ᠣᠷᠣᠨ ᠨᠤᠲᠤᠭ ᠤᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ᠂ ᠬᠡᠯᠬᠢᠶ᠎ᠡ ᠶᠢ ᠨᠥᠬᠦᠪᠥᠷᠢᠯᠡᠬᠦ᠂ ᠬᠡᠯᠬᠢᠶ᠎ᠡ ᠶᠢ ᠴᠢᠩᠭᠠᠳᠬᠠᠬᠤ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠪᠡ᠃ ᠠᠵᠤ ᠠᠬᠤᠶᠢᠯᠠᠯ ᠤᠨ ᠬᠠᠷᠢᠭᠤᠴᠠᠯᠭᠠᠲᠠᠨ ᠴᠤ ᠬᠠᠷᠢᠯᠴᠠᠭ᠎ᠠ ᠪᠠᠨ ᠭᠦᠨᠵᠡᠭᠡᠶᠢᠷᠡᠭᠦᠯᠵᠦ᠂ ᠬᠠᠮᠲᠤᠷᠠᠯᠴᠠᠭᠠᠨ ᠤ ᠬᠦᠷᠢᠶ᠎ᠡ ᠬᠡᠪᠴᠢᠶ᠎ᠡ ᠪᠠᠨ ᠥᠷᠭᠡᠳᠬᠡᠨ᠂ ᠠᠵᠤ ᠠᠬᠤᠶᠢᠯᠠᠯ ᠪᠠ ᠣᠷᠣᠨ ᠨᠤᠲᠤᠭ ᠤᠨ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠭᠥᠷᠳᠡᠬᠦ ᠶᠢ ᠴᠢᠷᠮᠠᠶᠢᠨ ᠪᠡᠶᠡᠯᠡᠭᠦᠯᠦᠨ᠎ᠡ ᠭᠡᠵᠡᠢ᠃      ᠭᠤᠤ ᠬᠤᠸᠠᠢ ᠵᠢᠩ ᠪᠣᠯᠣᠨ ᠬᠠᠮᠲᠤ ᠶᠠᠪᠤᠭᠰᠠᠳ ᠵᠧᠵᠢᠶᠠᠩ ᠤᠨ ᠬᠤᠩ ᠱᠢ ᠰᠲ᠋ᠣᠺ ᠡᠵᠡᠮᠳᠡᠬᠦ ᠪᠦᠯᠦᠭᠯᠡᠯ ᠤᠨ ᠬᠢᠵᠠᠭᠠᠷᠲᠤ ᠺᠣᠮᠫᠠᠨᠢ ᠪᠠᠷ ᠬᠦᠷᠴᠦ᠂ ᠠᠵᠤ ᠠᠬᠤᠶᠢᠯᠠᠯ ᠤᠨ ᠦᠵᠡᠭᠦᠯᠦᠯᠭᠡ ᠶᠢᠨ ᠲᠢᠩᠬᠢᠮ ᠪᠣᠯᠤᠨ ᠲᠣᠭᠠᠴᠢᠯᠠᠭᠰᠠᠨ ᠡᠵᠡᠮᠳᠡᠯ ᠤᠨ ᠲᠥᠪ ᠢ ᠲᠣᠭᠤᠷᠢᠨ ᠦᠵᠡᠬᠦ ᠳᠡᠭᠡᠨ ᠬᠤᠩ ᠱᠢ ᠶᠢᠨ ᠬᠥᠭᠵᠢᠯᠲᠡ ᠶᠢᠨ ᠶᠠᠪᠤᠴᠠ᠂ ᠮᠡᠷᠭᠡᠵᠢᠯ ᠤᠨ ᠬᠥᠳᠡᠯᠭᠡᠭᠦᠷ ᠵᠢᠴᠢ ᠪᠠᠶᠢᠯᠳᠤᠬᠤ ᠪᠤᠳᠤᠯᠭ᠎ᠠ ᠶᠢᠨ ᠬᠡᠯᠪᠡᠷᠢ ᠶᠢᠨ ᠬᠤᠪᠢᠷᠠᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠨ᠂ ᠣᠲᠤᠭ ᠬᠤᠰᠢᠭᠤ  ᠨᠢ ᠣᠶᠢᠷ᠎ᠠ ᠶᠢᠨ ᠵᠢᠯ ᠤᠳ ᠲᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠪᠠᠷ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ︽ᠡᠬᠢ ᠪᠤᠯᠠᠭ︾ ᠪᠣᠯᠭᠠᠬᠤ ᠶᠢ ᠪᠠᠷᠢᠮᠲᠠᠯᠠᠵᠤ᠂ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠪᠠᠷ ᠠᠴᠢᠶᠠᠯᠠᠪᠤᠷᠢ ᠪᠣᠯᠭᠠᠨ᠂ ᠪᠠᠭᠲᠠᠭᠠᠮᠵᠢ ᠶᠡᠬᠡᠲᠡᠶ᠂ ᠴᠢᠨᠠᠷ ᠰᠠᠶᠢᠲᠠᠶ᠂ ᠳᠠᠶᠢᠴᠢᠯᠠᠬᠤ ᠴᠢᠳᠠᠪᠤᠷᠢ ᠪᠠᠷ ᠴᠢᠩᠭ᠎ᠠ ᠨᠢᠭᠡ ᠪᠦᠯᠦᠭ ᠲᠥᠷᠥᠯ ᠵᠦᠢᠯ ᠢ ᠵᠠᠯᠭᠠᠭ᠎ᠠ ᠪᠠᠷ ᠨᠠᠶᠢᠳᠠᠪᠤᠷᠢᠵᠢᠭᠤᠯᠵᠠᠶ ᠭᠡᠵᠤ ᠶᠠᠷᠢᠬᠤ ᠶᠢᠨ ᠳᠠᠭᠠᠤ ᠬᠤᠩ ᠱᠢ ᠪᠦᠯᠦᠭᠯᠡᠯ ᠲᠠᠢ ᠨᠡᠩ ᠥᠷᠭᠡᠨ ᠬᠦᠷᠢᠶᠡᠨ ᠳᠤ ᠬᠠᠮᠲᠤᠷᠠᠯᠴᠠᠭ᠎ᠠ ᠬᠢᠵᠤ᠂ ᠬᠥᠭᠵᠢᠯᠲᠡ ᠶᠢ ᠪᠡᠶᠡᠯᠡᠭᠦᠯᠦᠨ ᠬᠠᠮᠲᠤᠪᠠᠷ ᠠᠰᠢᠭ ᠬᠦᠷᠳᠡᠬᠦ ᠪᠠᠷ ᠴᠢᠷᠮᠠᠶᠢᠶ᠎ᠠ ᠭᠡᠵᠡᠢ᠃ ᠠᠵᠤ ᠠᠬᠤᠶᠢᠯᠠᠯ ᠤᠨ ᠬᠠᠷᠢᠭᠤᠴᠠᠯᠭᠠᠲᠠᠨ ᠴᠤ ᠣᠲᠤᠭ ᠬᠤᠰᠢᠭᠤᠨ ᠤ ᠡᠬᠢ ᠪᠠᠶᠠᠯᠢᠭ ᠤᠨ ᠳᠠᠪᠠᠭᠤᠯᠢᠭ ᠪᠠᠷ ᠢᠯᠡᠳᠳᠡ ᠪᠠᠶᠢᠵᠤ᠂ ᠬᠥᠭᠵᠢᠯᠲᠡ ᠶᠢᠨ ᠰᠠᠭᠤᠷᠢ ᠪᠠ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠨᠢ ᠴᠤ ᠦᠷᠭᠦᠯᠵᠢᠯᠡᠨ ᠰᠠᠶᠢᠵᠢᠷᠠᠵᠤ ᠪᠠᠶᠢᠭ᠎ᠠ ᠶᠤᠮ ᠪᠠᠶᠢᠨ᠎ᠠ᠂ ᠬᠠᠷᠢᠯᠴᠠᠭ᠎ᠠ ᠪᠠᠨ ᠤᠯᠠᠮ ᠴᠢᠩᠭᠠᠳᠬᠠᠵᠤ᠂ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠭᠥᠷᠳᠡᠬᠦ ᠤᠶᠠᠯᠳᠤᠯ ᠴᠡᠭ᠂ ᠬᠦᠴᠦᠯᠡᠬᠦ ᠴᠡᠭ ᠢ ᠡᠷᠢᠯᠬᠢᠯᠡᠨ᠂ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠵᠦ᠂ ᠬᠠᠮᠲᠤ ᠪᠠᠷ ᠬᠥᠭᠵᠢᠬᠦ ᠶᠢ ᠪᠡᠶᠡᠯᠡᠭᠦᠯᠦᠨ᠎ᠡ ᠭᠡᠰᠡᠨ ᠪᠠᠶᠢᠨ᠎ᠠ᠃      ᠭᠤᠤ ᠬᠤᠸᠠᠢ ᠵᠢᠩ ᠪᠣᠯᠣᠨ ᠬᠠᠮᠲᠤ ᠶᠠᠪᠤᠭᠰᠠᠳ ᠲᠡᠷᠢᠭᠦᠨ ᠤ ᠭᠡᠷᠡᠯ ᠴᠡᠨᠡᠭ ᠤᠨ ᠰᠢᠯ ᠤᠨ ᠦᠢᠯᠡᠳᠪᠦᠷᠢᠯᠡᠯ ᠤᠨ ᠱᠤᠭᠤᠮ ᠪᠠ ᠪᠦᠷᠢᠨ ᠪᠦᠲᠦᠨ ᠠᠵᠤ ᠦᠢᠯᠡᠰ ᠤᠨ ᠭᠡᠯᠭᠢᠶ᠎ᠠ ᠲᠠᠢ᠂ ᠤᠯᠤᠰ ᠤᠨ ᠲᠡᠰ ᠤᠨ ᠦᠢᠯᠡᠳᠬᠦ ᠦᠢᠯᠡᠰ ᠤᠨ ᠲᠠᠩ ᠲᠦᠷᠦᠯ ᠤᠨ ᠮᠠᠩᠯᠠᠢ ᠶᠢᠨ ᠵᠢᠱᠢᠶ᠎ᠠ ᠦᠵᠡᠭᠦᠯᠬᠦ ᠠᠵᠤ ᠠᠬᠤᠶᠢᠯᠠᠯ᠂ ᠪᠦᠬᠦ ᠳᠡᠯᠡᠬᠡᠢ ᠶᠢᠨ ᠬᠠᠮᠤᠭ ᠤᠨ ᠲᠤᠮᠤ ᠭᠡᠷᠡᠯ ᠴᠡᠨᠡᠭ ᠤᠨ ᠰᠢᠯ ᠦᠢᠯᠡᠳᠬᠦ ᠬᠤᠳᠠᠯᠳᠤᠭᠠᠴᠢᠨ ᠤ ᠨᠢᠭᠡ ᠪᠣᠯᠬᠤ ᠹᠦ᠋ ᠯᠠᠢ ᠲᠧ ᠰᠢᠯ ᠤᠨ ᠪᠦᠯᠦᠭᠯᠡᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠢᠨ ᠢᠶᠠᠷ ᠬᠦᠷᠴᠦ ᠦᠢᠯᠡᠳᠪᠦᠷᠢ ᠶᠢᠨ ᠲᠠᠰᠤᠯᠭ᠎ᠠ ᠶᠢᠨ ᠦᠢᠯᠡᠳᠪᠦᠷᠢᠯᠡᠯ ᠤᠨ ᠱᠤᠭᠤᠮ ᠢ ᠲᠤᠬᠠᠢ ᠶᠢᠨ ᠭᠠᠵᠠᠷ ᠲᠤᠨᠢ ᠲᠣᠭᠤᠷᠢᠨ ᠦᠵᠡᠵᠦ᠂ ᠭᠠᠷ ᠤᠷᠠᠯᠠᠯ ᠤᠨ ᠶᠠᠪᠤᠴᠠ᠂ ᠮᠡᠷᠭᠡᠵᠢᠯ ᠤᠨ ᠰᠤᠳᠤᠯᠤᠨ ᠨᠡᠭᠡᠭᠡᠯᠳᠡ᠂ ᠵᠠᠬ᠎ᠠ ᠳᠡᠯᠭᠡᠭᠦᠷ ᠤᠨ ᠢᠷᠡᠭᠡᠳᠦᠢ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠭᠤᠤ ᠬᠤᠸᠠᠢ ᠵᠢᠩ ᠮᠠᠨ ᠤ ᠣᠲᠤᠭ ᠬᠤᠰᠢᠭᠤ ᠡᠬᠢ ᠪᠠᠶᠠᠯᠢᠭ ᠢᠶᠠᠷ ᠡᠯᠪᠡᠭ᠂ ᠣᠷᠣᠨ ᠪᠠᠶᠢᠷᠢ ᠪᠠᠷ ᠳᠠᠪᠠᠭᠤᠯᠢᠭ ᠪᠦᠭᠡᠳ ᠵᠠᠮ ᠬᠠᠷᠢᠯᠴᠠᠭ᠎ᠠ ᠲᠥᠬᠦᠮ᠂ ᠠᠵᠤ ᠦᠢᠯᠡᠰ ᠣᠯᠠᠨ ᠲᠠᠯ᠎ᠠ ᠪᠠᠷ ᠬᠥᠭᠵᠢᠭᠰᠡᠨ ᠪᠣᠯᠬᠤᠷ ᠬᠡᠷᠡᠯ ᠴᠡᠨᠡᠭ ᠤᠨ ᠰᠢᠯ ᠤᠨ ᠠᠵᠤ ᠦᠢᠯᠡᠰ ᠢ ᠬᠥᠭᠵᠢᠭᠦᠯᠬᠦ ᠳᠤ ᠯᠤᠲᠤ ᠶᠡᠭᠡ ᠳᠠᠯᠳᠠ ᠶᠢᠨ ᠬᠦᠴᠦᠨ ᠲᠠᠢ ᠪᠠᠶᠢᠨ᠎ᠠ᠂ ᠬᠤᠶᠠᠷ ᠲᠠᠯ᠎ᠠ ᠪᠠᠷ ᠢᠶᠠᠨ ᠲᠤᠰ ᠤᠳᠠᠭ᠎ᠠ ᠶᠢᠨ ᠰᠢᠨᠵᠢᠯᠡᠨ ᠪᠠᠶᠢᠴᠠᠭᠠᠯᠲᠠ ᠪᠠᠷ ᠠᠵᠠ ᠲᠣᠬᠢᠶᠠᠯ ᠪᠣᠯᠭᠠᠵᠤ᠂ ᠨᠡᠩ ᠤᠯᠠᠨ ᠪᠡᠯᠡ ᠣᠷᠣᠭᠤᠯᠵᠤ ᠦᠢᠯᠡᠰ ᠪᠤᠰᠬᠠᠬᠤ ᠠᠵᠠ ᠲᠣᠬᠢᠶᠠᠯ ᠢ ᠡᠭᠦᠳᠬᠦ ᠪᠠᠷ ᠴᠢᠷᠮᠠᠶᠢᠨ᠂ ᠨᠡᠩ ᠭᠦᠨᠵᠡᠭᠡᠢ ᠬᠠᠮᠲᠤᠷᠠᠨ ᠠᠵᠢᠯᠯᠠᠵᠤ᠂ ᠬᠠᠮᠲᠤᠪᠠᠷ ᠠᠰᠢᠭ ᠬᠦᠷᠳᠡᠬᠦ᠂ ᠬᠠᠮᠵᠢᠯᠴᠠᠨ ᠬᠥᠭᠵᠢᠬᠦ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠪᠡ᠃      ᠡᠨᠡ ᠬᠤᠭᠤᠴᠠᠭᠠᠨ ᠳᠤ᠂ ᠭᠤᠤ ᠬᠤᠸᠠᠢ ᠵᠢᠩ ᠪᠣᠯᠣᠨ ᠬᠠᠮᠲᠤ ᠶᠠᠪᠤᠭᠰᠠᠳ ᠪᠠᠰᠠ ᠵᠢᠷᠭᠤᠳᠤᠭᠠᠷ ᠬᠤᠭᠤᠴᠠᠭᠠᠨ ᠤ ᠦᠵᠡᠰᠬᠦᠯᠡᠩ ᠤᠨ ᠴᠤᠭᠯᠠᠭᠠᠨ ᠳᠤ ᠣᠷᠣᠯᠴᠠᠬᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠳᠠᠯᠳᠤᠭᠠᠴᠢᠨ ᠤᠷᠢᠵᠤ ᠰᠢᠨᠵᠢᠯᠡᠨ ᠪᠠᠶᠢᠴᠠᠭᠠᠬᠤ ᠠᠵᠤ ᠠᠬᠤᠶᠢᠯᠠᠯ ᠪᠣᠯᠬᠤ ᠱᠠᠩᠬᠠᠢ ᠶᠢᠨ ᠫᠦᠯᠢᠲ᠋ᠧ ᠵᠢᠴᠢ ᠵᠢᠶᠠᠩᠰᠦ ᠶᠢᠨ ᠬᠠᠢ ᠰᠾᠢ ᠳ᠋ᠡ ᠨᠡᠷ ᠲᠠᠢ ᠰᠠᠭᠤᠨ ᠶᠠᠷᠢᠯᠴᠠᠬᠤ ᠶᠢᠨ ᠳᠠᠭᠠᠤ᠂ ᠱᠠᠩᠬᠠᠢ ᠬᠤᠳᠠ ᠶᠢᠨ ᠶᠠᠩ ᠫᠦ᠋ ᠪᠢᠨ ᠵᠢᠶᠠᠩ ᠠᠷᠠᠳ ᠤᠨ ᠬᠤᠳᠠ ᠶᠢᠨ ᠪᠦᠳᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠦᠵᠡᠭᠦᠯᠭᠡ ᠶᠢᠨ ᠣᠷᠳᠣᠨ᠂ ᠵᠧᠵᠢᠶᠠᠩ ᠮᠤᠵᠢ ᠶᠢᠨ ᠳ᠋ᠦᠩ ᠶᠠᠩ ᠠᠵᠤ ᠠᠬᠤᠢ ᠶᠢᠨ ᠨᠡᠭᠡᠭᠡᠯᠳᠡ ᠶᠢᠨ ᠤᠷᠤᠨ ᠤ ᠬᠠᠮᠢᠶᠠᠷᠤᠯᠲᠠ ᠶᠢᠨ ᠵᠥᠪᠯᠡᠯ ᠳᠤ ᠬᠦᠷᠴᠦ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠪᠠ᠃      ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠯᠢ ᡁᠢ ᠪᠢᠶᠣᠤ ᠵᠢᠴᠢ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠤᠰᠢᠭᠤ ᠬᠤᠳᠠᠯᠳᠤᠭᠠᠴᠢᠨ ᠤᠷᠢᠵᠤ ᠪᠠᠯᠠ ᠲᠠᠲᠠᠬᠤ ᠦᠢᠯᠡᠴᠢᠯᠡᠭᠡᠨ ᠤ ᠲᠥᠪ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠨᠠᠷ ᠬᠠᠮᠲᠤ ᠰᠢᠨᠵᠢᠯᠡᠨ ᠪᠠᠶᠢᠴᠠᠭᠠᠪᠠ᠃ 
ᠢᠷᠡᠯᠲᠡ᠄ ᠣᠲᠤᠭ ᠨᠡᠶᠢᠲᠡᠯᠡᠯ