ᠰᠢᠨ᠎ᠡ ᠶᠢ ᠡᠭᠦᠳᠬᠦ ᠬᠦᠴᠦᠨ ᠢᠶᠠᠷ ᠪᠦᠬᠦ ᠣᠷᠣᠨ ᠳᠤ ᠳᠠᠭᠤᠷᠢᠶᠠᠯ ᠦᠵᠡᠭᠦᠯᠬᠦᠢ ᠰᠢᠷᠢᠰ ᠮᠡᠳᠡᠭᠡᠯᠡᠯ ᠭᠤᠷᠪᠠ ᠣᠷᠳᠣᠰ ᠬᠥᠭᠵᠢᠯᠲᠡ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠵᠦ ᠪᠣᠬᠢᠷᠳᠤᠯ ᠦᠭᠡᠢ ᠬᠥᠭᠵᠢᠯᠲᠡ ᠶᠢᠨ ᠰᠢᠨ᠎ᠡ ᠵᠠᠮ ᠢ ᠨᠡᠭᠡᠭᠡᠪᠡ
ᠨᠡᠶᠢᠲᠡᠯᠡᠭᠰᠡᠨ ᠴᠠᠭ᠄
2023/11/9
      ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠶᠢ ᠠᠬᠢᠭᠤᠯᠬᠤ ᠰᠢᠨ᠎ᠡ ᠤᠷᠤᠯᠳᠤᠭᠠᠨ ᠤ ᠵᠠᠮ ᠳᠡᠭᠡᠷ᠎ᠡ ᠣᠷᠳᠣᠰ ᠶᠡᠷᠦ ᠨᠢ ᠠᠯᠬᠤᠭ᠋ ᠎ᠠ ᠪᠠᠨ ᠵᠣᠭᠰᠤᠭ᠎ᠠ ᠦᠭᠡᠢ — 9 ᠰᠠᠷ᠎ᠠ ᠶᠢᠨ ᠰᠡᠭᠦᠯᠴᠢ ᠪᠠᠷ᠂ ᠣᠷᠳᠣᠰ ᠬᠤᠲᠠ ᠶᠢᠨ ᠠᠷᠠᠯᠵᠢᠶᠠᠴᠢᠨ ᠤᠷᠢᠬᠤ ᠪᠡᠯᠡ ᠣᠷᠣᠭᠤᠯᠤᠯᠲᠠ ᠶᠢᠨ ᠪᠦᠯᠦᠭᠯᠡᠯ ᠤᠨ ᠪᠡᠯᠡ ᠣᠷᠣᠭᠤᠯᠤᠨ ᠪᠦᠲᠦᠭᠡᠨ ᠪᠠᠶᠢᠭᠤᠯᠤᠭᠰᠠᠨ ᠯᠦᠩ ᠵᠢᠢ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠤᠨ ᠬᠤᠶᠠᠳᠤᠭᠠᠷ ᠪᠦᠯᠦᠭ ᠤᠨ ᠪᠠᠷᠢᠯᠭ᠋ ᠎ᠠ ᠶᠢ ᠠᠮᠵᠢᠯᠲᠠ ᠲᠠᠢ ᠳᠠᠭᠤᠰᠬᠠᠵᠤ᠂ ᠡᠵᠡᠨ ᠬᠤᠷᠤᠭ᠎ᠠ ᠬᠤᠰᠢᠭᠤᠨ ᠤ ᠡᠨᠧᠷᠭᠢ ᠬᠠᠳᠠᠭᠠᠯᠠᠬᠤ᠂ ᠬᠡᠷᠡᠯ ᠴᠡᠨᠡᠭ ᠤᠨ ᠬᠤᠣᠰ ᠵᠠᠭᠤᠨ GW ᠠᠵᠤ ᠦᠢᠯᠡᠰ ᠤᠨ ᠰᠦᠷᠦᠭᠵᠢᠯ ᠢ ᠪᠤᠶᠢᠵᠢᠭᠤᠯᠬᠤ᠂ ᠰᠢᠨ᠎ᠡ ᠡᠨᠧᠷᠭᠢ ᠶᠢᠨ ᠲᠣᠨᠣᠭᠯᠠᠯ ᠢ ᠦᠢᠯᠡᠳᠬᠦ ᠪᠠ ᠬᠡᠷᠡᠭᠯᠡᠭᠡᠨ ᠤ ᠳᠠᠭᠤᠷᠢᠶᠠᠯ ᠦᠵᠡᠭᠦᠯᠬᠦ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠳᠤ ᠬᠦᠴᠦᠨ ᠨᠡᠮᠡᠷᠢᠯᠡᠪᠡ᠃       ᠳᠡᠭᠡᠷ᠎ᠡ ᠬᠠᠭᠠᠰ ᠵᠢᠯ ᠠᠴᠠ ᠨᠠᠭᠠᠰᠢ᠂ ᠮᠠ ᠤ ᠬᠤᠲᠠ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠤᠨ ᠭᠡᠷ᠎ᠡ ᠲᠣᠭᠲᠠᠵᠤ ᠲᠥᠷᠥᠯ ᠵᠦᠢᠯ ᠢ ᠪᠣᠳᠠᠲᠠᠢ ᠨᠠᠶᠢᠳᠠᠪᠤᠷᠢᠵᠢᠭᠤᠯᠬᠤ ᠶᠢ ᠵᠠᠯᠭᠠᠭ᠋ ᠎ᠠ ᠪᠠᠷ ᠪᠡᠶᠡᠯᠡᠭᠦᠯᠵᠡᠢ᠃ ᠣᠷᠳᠣᠰ ᠤᠳᠤ ᠶᠠᠭ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠰᠢᠨ᠎ᠡ ᠲᠣᠨᠣᠭᠯᠠᠯ ᠦᠢᠯᠡᠳᠬᠦ ᠂ ᠰᠢᠨ᠎ᠡ ᠮᠡᠷᠭᠡᠵᠢᠯ ᠤᠨ ᠲᠥᠪᠯᠡᠷᠡᠭᠰᠡᠨ ᠭᠠᠵᠠᠷ ᠪᠣᠯᠵᠤ ᠪᠠᠶᠢᠨ᠎ᠠ᠃ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠪᠠ ︽ᠳᠡᠯᠡᠬᠡᠢ ᠶᠢᠨ ᠳᠡᠰ ᠤᠨ ᠳᠥᠷᠪᠡᠨ ᠠᠵᠤ ᠦᠢᠯᠡᠰ︾ ᠢ ᠴᠣᠭᠴᠠᠯᠠᠬᠤ ᠲᠠᠢ ᠨᠢᠭᠲᠠ ᠤᠶᠠᠯᠳᠤᠭᠤᠯᠤᠨ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢᠨ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠰᠢᠯᠢᠳᠡᠭᠵᠢᠭᠦᠯᠦᠨ ᠲᠠᠰ ᠳᠡᠪᠰᠢᠭᠦᠯᠵᠦ᠂ ᠬᠦᠷᠢᠶᠡᠯᠡᠩ ᠲᠣᠭᠤᠷᠢᠭ ᠤᠨ ᠡᠬᠢ ᠪᠠᠶᠠᠯᠢᠭ ᠤᠨ ᠬᠦᠴᠦᠨ ᠵᠦᠢᠯ ᠰᠤᠯᠠ ᠪᠠᠶᠢᠬᠤ᠂ ᠬᠥᠭᠵᠢᠯᠲᠡ ᠶᠢᠨ ᠴᠢᠨᠠᠷᠵᠢᠯ ᠦᠷ᠎ᠡ ᠠᠰᠢᠭ ᠠᠨᠠᠢ ᠪᠠᠶᠢᠬᠤ ᠵᠡᠷᠭᠡ ᠬᠦᠴᠢᠷ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢᠨ ᠤᠷᠢᠳ ᠢᠶᠠᠷ ᠬᠡᠷᠡᠭᠵᠢᠭᠦᠯᠬᠦ ᠥᠯᠢᠭᠡᠷ ᠳᠠᠭᠤᠷᠢᠶᠠᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ ᠡᠨᠧᠷᠭᠢ ᠶᠢᠨ ᠲᠣᠮᠣ ᠬᠤᠲᠠ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠵᠠᠮ ᠢᠶᠠᠷ ᠢᠳᠡᠷᠡᠭᠦᠨ ᠠᠯᠬᠤᠪᠠ᠃       ᠰᠤᠷᠪᠤᠯᠵᠢᠯᠠᠭᠴᠢ ᠬᠠᠩᠭᠢᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠳᠤᠭᠤᠶᠢᠳᠠᠯ᠎ᠠ ᠠᠵᠤ ᠦᠢᠯᠡᠰ ᠤᠨ ᠬᠦᠷᠢᠶᠡᠯᠡᠩ ᠳᠤ ᠪᠠᠶᠢᠭ᠎ᠠ ᠥᠪᠥᠷ ᠮᠣᠩᠭᠤᠯ ᠤᠨ ᠢ ᠲᠠᠢ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠬᠦᠷᠴᠦ᠂ ᠠᠳᠡᠬᠢ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠲᠥᠷᠥᠯ ᠵᠦᠢᠯ ᠤᠨ ᠪᠠᠶᠢᠳᠠᠯ ᠢ ᠣᠶᠢᠯᠠᠭᠠᠪᠠ᠃ ᠥᠪᠥᠷ ᠮᠣᠩᠭᠤᠯ ᠤᠨ ᠢ ᠲᠠᠢ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠶᠢᠨ  ᠬᠢᠨ ᠠᠯᠤᠰ ᠬᠡᠳᠤ ᠶᠢᠨ ᠲᠥᠯᠦᠪᠵᠢᠭᠦᠯᠭᠡ ᠶᠢ ᠪᠠᠷᠢᠮᠲᠠᠯᠠᠵᠤ᠂ ᠰᠠᠨᠠᠭᠠᠴᠢᠯᠠᠭ᠎ᠠ ᠠᠴᠠ ᠪᠠᠨ ᠰᠢᠨ᠎ᠡ ᠮᠡᠷᠭᠡᠵᠢᠯ ᠢ ᠰᠤᠳᠤᠯᠵᠤ᠂ ᠰᠠᠨᠠᠭᠠᠴᠢᠯᠠᠭ᠎ᠠ ᠠᠴᠠ ᠪᠠᠨ ᠰᠢᠨ᠎ᠡ ᠦᠢᠯᠡᠳᠬᠦᠨ ᠢ ᠰᠤᠳᠤᠯᠤᠨ ᠨᠡᠭᠡᠭᠡᠵᠦ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠳᠤᠮᠳᠠ ᠰᠢᠨ᠎ᠡ ᠵᠠᠮ ᠢ ᠨᠡᠭᠡᠭᠡᠵᠡᠢ᠃ 7 ᠰᠠᠷ᠎ᠠ ᠶᠢᠨ 23 ᠤ ᠡᠳᠦᠷ᠂ ᠥᠪᠥᠷ ᠮᠣᠩᠭᠤᠯ ᠤᠨ ᠢ ᠲᠠᠢ ᠪᠦᠯᠦᠭᠯᠡᠯ ᠤᠨ ᠮᠢᠩᠭᠠᠨ ᠲᠣᠨ ᠤ ᠲᠠᠰ ᠤᠨ ᠹᠢᠱᠧᠷ ᠲᠷᠤᠫᠱ ᠨᠡᠶᠢᠯᠡᠮᠡᠯ α — ᠠᠯᠺᠧᠨ ᠢ ᠰᠠᠯᠭᠠᠵᠤ ᠴᠡᠪᠡᠷᠵᠢᠭᠦᠯᠬᠦ ᠳᠠᠭᠤᠷᠢᠶᠠᠯ ᠦᠵᠡᠭᠦᠯᠬᠦ ᠲᠥᠬᠦᠭᠡᠷᠦᠮᠵᠢ ᠶᠢ ᠠᠮᠵᠢᠯᠲᠠ ᠲᠠᠢ ᠠᠵᠢᠯᠯᠠᠭᠤᠯᠤᠭᠰᠠᠨ ᠪᠥᠭᠡᠳ ᠪᠥᠬᠦ ᠶᠠᠪᠤᠴᠠ ᠶᠢ ᠨᠡᠪᠲᠡᠷᠡᠭᠦᠯᠪᠡ᠂ ᠡᠨᠡ ᠨᠢ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠥᠮᠴᠢᠯᠡᠯ ᠤᠨ ᠡᠷᠬᠡ ᠲᠠᠢ ᠹᠢᠱᠧᠷ ᠲᠷᠤᠫᠱ ᠨᠡᠶᠢᠯᠡᠮᠡᠯ α — ᠠᠯᠺᠧᠨ ᠢ ᠰᠠᠯᠭᠠᠵᠤ ᠴᠡᠪᠡᠷᠰᠢᠭᠦᠯᠬᠦ ᠵᠠᠩᠭᠢᠯᠠᠭ᠎ᠠ ᠶᠢᠨ ᠮᠡᠷᠭᠡᠵᠢᠯ ᠰᠢᠪᠲᠤᠯᠤᠯᠲᠠ ᠶᠢᠨ ᠴᠢᠨᠠᠷᠲᠠᠢ ᠠᠬᠢᠴᠠ ᠲᠠᠢ ᠪᠣᠯᠤᠭᠰᠠᠨ ᠢ ᠬᠠᠷᠠᠭᠤᠯᠵᠤ᠂ ᠤᠯᠤᠰ ᠤᠨ ᠳᠣᠲᠣᠭᠠᠳᠤ ᠶᠢᠨ ᠲᠣᠰ ᠮᠡᠷᠭᠡᠵᠢᠯ ᠤᠨ ᠬᠤᠭᠤᠰᠤᠨ ᠢ ᠨᠥᠬᠦᠪᠦᠷᠢᠯᠡᠭᠰᠡᠨ ᠪᠠᠶᠢᠨ᠎ᠠ᠃ ︽ᠡᠨᠡ ᠮᠡᠷᠭᠡᠵᠢᠯ ᠨᠢ ᠤᠯᠤᠰ ᠤᠨ ᠳᠣᠲᠣᠭᠠᠳᠤ ᠶᠢᠨ ᠠᠩᠬᠠᠳᠠᠭᠴᠢ ᠮᠢᠩᠭᠠᠨ ᠲᠣᠨ ᠤ ᠲᠡᠰ ᠤᠨ ᠲᠥᠷᠥᠯ ᠵᠦᠢᠯ ᠤᠨ ᠠᠮᠵᠢᠯᠲᠠ ᠲᠠᠢ ᠵᠢᠱᠢᠶ᠎ᠡ ᠪᠣᠯᠬᠤ ᠶᠤᠮ᠂ ᠢ ᠲᠠᠢ ᠬᠢᠮᠢ ᠶᠢᠨ ᠠᠵᠤ ᠦᠢᠯᠡᠳᠪᠦᠷᠢ ᠶᠢᠨ 20 ᠲᠦᠮᠡᠨ ᠲᠣᠨ ᠤ ᠲᠡᠰ ᠤᠨ α — ᠠᠯᠺᠧᠨ ᠤ ᠬᠡᠯᠬᠢᠶ ᠎ᠡ ᠶᠢ ᠤᠷᠲᠤᠳᠬᠠᠬᠤ᠂ ᠬᠡᠯᠬᠢᠶ᠎ᠡ ᠶᠢ ᠨᠥᠬᠦᠪᠦᠷᠢᠯᠡᠬᠦ  ᠳᠤ ᠰᠠᠶᠢᠨ ᠡᠬᠢᠯᠡᠯᠲᠡ ᠶᠢ ᠪᠤᠢ ᠪᠣᠯᠭᠠᠵᠤ᠂ ᠤᠯᠤᠰ ᠤᠨ ᠰᠢᠨ᠎ᠡ ᠮᠠᠲ᠋ᠧᠷᠢᠶᠠᠯ ᠢ ᠰᠤᠳᠤᠯᠤᠨ ᠨᠡᠭᠡᠭᠡᠬᠦ ᠳᠤ ᠨᠡᠩ ᠶᠡᠭᠡ ᠬᠤᠪᠢ ᠨᠡᠮᠡᠷᠢ ᠦᠵᠡᠭᠦᠯᠵᠡᠢ︾ ᠭᠡᠵᠦ ᠢ ᠲᠠᠢ ᠬᠢᠮᠢ ᠶᠢᠨ ᠠᠵᠤ ᠦᠢᠯᠡᠳᠪᠦᠷᠢ ᠶᠢᠨ ᠺᠤᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ᠂ ᠨᠠᠮ ᠤᠨ ᠶᠡᠷᠦᠩᠬᠡᠢ ᠡᠭᠦᠷ ᠤᠨ ᠱᠦᠵᠢ ᠯᠢᠦ ᠸᠠᠨ ᠵᠧᠦ ᠬᠡᠯᠡᠨ᠎ᠡ᠃       ᠮᠠᠨ ᠤ ᠬᠤᠲᠠ ᠬᠥᠭᠵᠢᠯᠲᠡ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠠᠬᠢᠴᠠ ᠳᠤᠮᠳᠠ᠂ ᠯᠦᠩ ᠵᠢᠢ᠂ ᠶᠤᠸᠠᠨ ᠵᠢᠩ᠂ ᠱᠠᠩᠬᠠᠢ ᠶᠢᠨ ᠮᠠᠰᠢᠨ ᠲᠡᠷᠭᠡᠨ ᠤ ᠬᠤᠩ ᠶᠠᠨ ᠺᠤᠮᠫᠠᠨᠢ ᠵᠡᠷᠭᠡ ᠨᠢᠭᠡ ᠪᠦᠯᠦᠭ ᠲᠣᠯᠣᠭᠠᠶᠢᠯᠠᠬᠤ ᠠᠵᠤ ᠠᠬᠤᠶᠢᠯᠠᠯ ᠢ ᠳᠡᠰ ᠳᠠᠷᠠᠭᠠᠯᠠᠨ ᠨᠤᠲᠤᠭᠰᠢᠭᠤᠯᠵᠤ᠂ ᠭᠤᠣᠯᠳᠠᠯᠭ᠎ᠠ ᠲᠠᠢ ᠠᠵᠤ ᠦᠢᠯᠡᠰ ᠤᠨ ᠲᠥᠷᠥᠯ ᠵᠦᠢᠯ ᠢ ᠭᠡᠷ᠎ᠡ ᠲᠣᠭᠲᠠᠭᠰᠠᠨ ᠠᠴᠠ ᠠᠪᠤᠭᠠᠳ ᠠᠵᠢᠯ ᠡᠬᠢᠯᠡᠭᠦᠯᠬᠦ ᠪᠣᠯᠲᠡᠯ᠎ᠡ 1 ᠰᠠᠷ᠎ᠠ ᠪᠣᠯᠣᠯ ᠦᠭᠡᠢ ᠲᠥᠷᠥᠯ ᠵᠦᠢᠯ ᠢ ᠠᠬᠢᠭᠤᠯᠪᠠ᠃ ᠮᠧᠩ ᠰᠦ᠋ ᠠᠵᠤ ᠠᠬᠤᠢ ᠶᠢᠨ ᠨᠡᠭᠡᠭᠡᠯᠲᠡ ᠶᠢᠨ ᠣᠷᠣᠨ ᠳᠤ ᠪᠥᠬᠦ ᠳᠡᠯᠡᠬᠡᠢ ᠶᠢᠨ ᠠᠩᠬᠠᠳᠠᠭᠴᠢ ᠨᠡᠭᠦᠷᠡᠰᠦᠲᠥ᠋ᠷᠥᠭᠴᠢ ᠥᠯᠦ ᠭᠠᠳᠠᠭᠰᠢᠯᠠᠭᠤᠯᠬᠤ ᠠᠵᠤ ᠦᠢᠯᠡᠰ ᠤᠨ ᠬᠦᠷᠢᠶᠡᠯᠡᠩ ᠢ ᠪᠦᠲᠦᠭᠡᠨ ᠪᠠᠶᠢᠭᠤᠯᠵᠤ᠂ ᠣᠲᠤᠭ ᠠᠵᠤ ᠠᠬᠤᠢ ᠶᠢᠨ ᠨᠡᠭᠡᠭᠡᠯᠲᠡ ᠶᠢᠨ ᠣᠷᠣᠨ ᠳᠤ ᠲᠦᠰᠢᠭᠯᠡᠨ ᠪᠥᠬᠦ ᠣᠷᠣᠨ ᠤ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠳᠠᠭᠤᠷᠢᠶᠠᠯ ᠦᠵᠡᠭᠦᠯᠬᠦ ᠬᠦᠷᠢᠶᠡᠯᠡᠩ ᠲᠣᠭᠤᠷᠢᠭ ᠢ ᠪᠦᠲᠦᠭᠡᠨ ᠪᠠᠶᠢᠭᠤᠯᠵᠤ᠂ ᠱᠦᠷᠬᠡᠢ ᠠᠵᠤ ᠠᠬᠤᠢ ᠶᠢᠨ ᠨᠡᠭᠡᠭᠡᠯᠲᠡ ᠶᠢᠨ ᠣᠷᠣᠨ ᠳᠤ ᠤᠯᠤᠰ ᠤᠨ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠳᠠᠭᠤᠷᠢᠶᠠᠯ ᠦᠵᠡᠭᠦᠯᠬᠦ ᠰᠠᠭᠤᠷᠢᠨ ᠭᠠᠵᠠᠷ ᠢ ᠪᠦᠲᠦᠭᠡᠨ ᠪᠠᠶᠢᠭᠤᠯᠵᠤ ᠪᠠᠶᠢᠨ᠎ᠠ᠃ ︽ᠨᠢᠳᠤᠨᠤᠨ ᠤ ᠵᠢᠯ ᠤᠨ ᠰᠡᠭᠦᠯᠴᠢ ᠠᠴᠠ ᠡᠨᠡ ᠵᠢᠯ ᠤᠨ ᠡᠬᠢᠨ ᠳᠤ᠂ ᠮᠠᠨ ᠤ ᠬᠤᠲᠠ ᠳᠡᠯᠡᠬᠡᠢ ᠶᠢᠨ ᠲᠠᠰ ᠤᠨ ᠳᠥᠷᠪᠡᠨ ᠠᠵᠤ ᠦᠢᠯᠡᠰ ᠢ ᠴᠣᠭᠴᠠᠯᠠᠬᠤ ᠲᠤᠬᠠᠢ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠲᠠᠷᠬᠠᠭᠠᠵᠤ᠂ ᠭᠤᠣᠯᠯᠠᠬᠤ ᠠᠵᠤ ᠦᠢᠯᠡᠰ ᠤᠨ ᠰᠢᠨ᠎ᠡ ᠶᠢ ᠡᠭᠦᠳᠬᠦ ᠬᠥᠭᠵᠢᠯᠲᠡ᠂ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠪᠤᠶᠢᠵᠢᠭᠤᠯᠬᠤ ᠬᠥᠭᠵᠢᠯᠲᠡ ᠶᠢᠨ ᠰᠡᠳᠬᠢᠴᠡ ᠶᠢ ᠪᠦᠷᠢᠯᠳᠦᠭᠦᠯᠦᠨ᠂ ᠠᠵᠤ ᠦᠢᠯᠡᠰ ᠤᠨ ᠬᠥᠭᠵᠢᠯᠲᠡ ᠶᠢᠨ ᠬᠡᠯᠪᠡᠷᠢ ᠪᠠᠨ ᠬᠤᠪᠢᠷᠠᠭᠤᠯᠬᠤ ᠪᠠᠶᠢᠳᠠᠯ ᠢ ᠰᠠᠶᠢᠵᠢᠷᠠᠭᠤᠯᠵᠤ ᠪᠠᠶᠢᠨ᠎ᠠ︾ ᠭᠡᠵᠦ ᠣᠷᠳᠣᠰ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ ᠵᠢᠩ ᠬᠤᠢ ᠮᠢᠨ ᠶᠠᠷᠢᠨ᠎ᠠ᠃ 
ᠢᠷᠡᠯᠲᠡ᠄ ᠣᠷᠳᠣᠰ ᠤᠨ ᠡᠳᠦᠷ ᠤᠨ ᠰᠣᠨᠢᠨ