ᠣᠷᠳᠣᠰ᠄ ᠰᠢᠨ᠎ᠡ ᠶᠢ ᠡᠭᠦᠳᠬᠦ ᠬᠦᠴᠦᠨ ᠢᠶᠠᠷ ᠪᠦᠬᠦ ᠣᠷᠣᠨ ᠳᠤ ᠳᠠᠭᠤᠷᠢᠶᠠᠯ ᠦᠵᠡᠭᠦᠯᠬᠦᠢ ᠰᠢᠷᠢᠰ ᠮᠡᠳᠡᠭᠡᠯᠡᠯ ᠬᠤᠶᠠᠷ ᠣᠷᠳᠣᠰ ᠶᠠᠭᠤ ᠪᠠᠷ ᠢᠶᠠᠨ ᠴᠢᠳᠠᠪᠤᠷᠢᠲᠠᠨ ᠢ ᠲᠠᠲᠠᠬᠤ
ᠨᠡᠶᠢᠲᠡᠯᠡᠭᠰᠡᠨ ᠴᠠᠭ᠄
2023/11/9
      10 ᠰᠠᠷ᠎ᠠ ᠶᠢᠨ 11 ᠤ ᠡᠳᠦᠷ ᠠᠴᠠ 13 ᠤ ᠡᠳᠦᠷ ᠪᠣᠯᠲᠠᠯ᠎ᠠ᠂ ᠣᠷᠳᠣᠰ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠳᠠᠷᠤᠭ᠎ᠠ ᠳ᠋ᠦ᠋ ᠬᠤᠢ ᠯᠢᠶᠠᠩ ᠪᠦᠯᠬᠦᠮ ᠳᠠᠭᠠᠭᠤᠯᠤᠨ ᠭᠤᠸᠠᠩᠳᠦ᠋ᠩ ᠮᠤᠵᠢ ᠶᠢᠨ ᠭᠤᠸᠠᠩᠵᠧᠦ ᠬᠤᠳᠠ᠂ ᠱᠧᠨᠵᠧᠨ ᠬᠤᠳᠠ ᠳᠤ ᠬᠦᠷᠴᠦ ᠬᠤᠯᠪᠣᠭᠳᠠᠯ ᠪᠦᠬᠦᠢ ᠰᠢᠨᠵᠢᠯᠡᠬᠦ ᠤᠬᠠᠭᠠᠨ ᠤ ᠰᠤᠳᠤᠯᠭᠠᠨ ᠤ ᠶᠡᠭᠡ ᠳᠡᠭᠡᠳᠦ ᠰᠤᠷᠭᠠᠭᠤᠯᠢ ᠪᠣᠯᠣᠨ ᠠᠵᠤ ᠠᠬᠤᠶᠢᠯᠠᠯ ᠤᠨ ᠬᠢᠨ ᠲᠠᠢ ᠠᠭᠤᠯᠵᠠᠭᠰᠠᠨ ᠤ ᠬᠠᠮᠲᠤ ᠰᠢᠨ᠎ᠡ ᠶᠢ ᠡᠭᠦᠳᠬᠦ ᠲᠠᠪᠴᠠᠩ ᠢ ᠪᠠᠶᠢᠭᠤᠯᠬᠤ᠂ ᠴᠢᠳᠠᠪᠤᠷᠢᠲᠠᠨ ᠤ ᠵᠥᠷᠢᠶᠡᠲᠦ ᠭᠠᠵᠠᠷ ᠢ ᠴᠣᠭᠴᠠᠯᠠᠬᠤ ᠵᠡᠷᠭᠡ ᠠᠭᠤᠯᠭ᠎ᠠ ᠶᠢᠨ ᠲᠤᠬᠠᠢ ᠶᠠᠷᠢᠯᠴᠠᠪᠠ︔ ︽ᠣᠷᠳᠣᠰ ᠤᠨ ᠡᠨᠡ ᠰᠤᠷᠭᠠᠭᠤᠯᠢ ᠳᠤ ᠪᠠᠭᠰᠢ ᠡᠯᠰᠡᠨ᠎ᠡ᠂ ᠣᠷᠣᠨ ᠰᠠᠭᠤᠴᠠ ᠬᠤᠳᠠᠯᠳᠤᠨ ᠠᠪᠬᠤ ᠨᠥᠬᠦᠪᠦᠷᠢ ᠣᠯᠭᠤᠨ᠎ᠠ︾ ᠣᠶᠢᠷ᠎ᠠ ᠳᠤ᠂ ᠣᠷᠳᠣᠰᠴᠤᠳ ᠤᠨ ᠵᠢᠷᠭᠢᠶ᠎ᠡ ᠶᠢᠨ ᠨᠠᠶᠢᠵᠠ ᠶᠢᠨ ᠲᠣᠭᠤᠷᠢᠭ ᠤᠨ ᠬᠢᠨ ᠴᠥᠮ ᠡᠨᠡ ᠬᠦ ᠮᠡᠳᠡᠭᠡ ᠵᠠᠩᠭᠢ ᠶᠢ ᠳᠠᠮᠵᠢᠭᠤᠯᠤᠨ ᠲᠠᠷᠬᠠᠭᠠᠵᠤ᠂ ᠨᠥᠬᠦᠪᠦᠷᠢ ᠣᠯᠭᠤᠬᠤ ᠬᠠᠷᠠᠭᠠᠯᠵᠠᠯ ᠨᠢ ᠬᠥᠮᠥᠰ ᠢ ᠪᠠᠭ᠋ᠠᠷᠠᠭᠤᠯᠤᠨ᠎ᠠ︔ ᠡᠭᠦᠨ ᠠᠴᠠ ᠡᠮᠦᠨ᠎ᠡ᠂ 9 ᠰᠠᠷ᠎ᠠ ᠶᠢᠨ 25 ᠤ ᠡᠳᠦᠷ ᠠᠴᠠ 28 ᠤ ᠡᠳᠦᠷ ᠪᠣᠯᠲᠠᠯ᠎ᠠ᠂ ᠣᠷᠳᠣᠰ ᠤᠨ ︽ᠬᠠᠶᠢᠷ ᠎ᠠ ᠬᠠᠯᠠᠮᠵᠢᠲᠤ ᠬᠤᠲᠠ ᠶᠢᠨ ᠤᠷᠢᠯᠭ᠎ᠠ — ᠪᠡᠭᠡᠵᠢᠩ ᠥᠷᠲᠡᠭᠡ︾ ᠶᠢᠨ 2023 ᠣᠨ ᠤ ᠨᠠᠮᠤᠷ ᠤᠨ ᠤᠯᠠᠷᠢᠯ ᠤᠨ ᠴᠢᠳᠠᠪᠤᠷᠢᠲᠠᠨ ᠤᠷᠢᠬᠤ ᠠᠵᠢᠯᠯᠠᠭ᠎ᠠ ᠶᠢ ᠠᠮᠵᠢᠯᠲᠠ ᠲᠠᠢ ᠡᠷᠭᠢᠯᠡᠭᠰᠡᠨ ᠰᠣᠨᠢᠨ ᠮᠡᠳᠡᠭᠡ ᠬᠥᠮᠥᠰ ᠤᠨ ᠠᠩᠬᠠᠷᠤᠯ ᠢ ᠲᠠᠲᠠᠨ᠎ᠠ᠃ ᠴᠢᠳᠠᠪᠤᠷᠢᠲᠠᠨ ᠪᠣᠯ ᠨᠢᠭᠡᠳᠦᠭᠡᠷ ᠦᠢᠯᠡᠳᠪᠦᠷᠢᠯᠡᠯ ᠤᠨ ᠬᠦᠴᠦᠨ ᠮᠥᠨ᠃      ᠣᠶᠢᠷ᠎ᠠ ᠶᠢᠨ ᠵᠢᠯ ᠤᠳ ᠠᠴᠠ᠂ ᠣᠷᠳᠣᠰ ᠬᠤᠳᠠ ᠶᠢᠨ ᠬᠢᠨ ᠦᠵᠡᠯ ᠰᠠᠨᠠᠭ᠎ᠠ ᠪᠠᠨ ᠶᠡᠬᠡᠪᠡᠷ ᠴᠢᠯᠦᠭᠡᠯᠡᠵᠦ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠬᠤᠳᠠ ᠪᠠᠨ ᠮᠠᠨᠳᠤᠭᠤᠯᠬᠤ᠂ ᠴᠢᠳᠠᠪᠤᠷᠢᠲᠠᠨ ᠢᠶᠠᠷ ᠬᠤᠳᠠ ᠪᠠᠨ ᠬᠦᠴᠦᠷᠬᠡᠭᠵᠢᠭᠦᠯᠬᠦ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠣᠷᠴᠢᠨ ᠠᠬᠤᠢ ᠶᠢ ᠰᠢᠯᠢᠳᠡᠭᠵᠢᠭᠦᠯᠬᠦ᠂ ᠴᠢᠳᠠᠪᠤᠷᠢᠲᠠᠨ ᠤ ᠰᠢᠨ᠎ᠡ ᠲᠦᠷᠦ ᠶᠢᠨ ᠪᠣᠳᠣᠯᠭ᠎ᠠ ᠵᠡᠷᠭᠡ ᠤᠯᠠᠨ ᠲᠠᠯ᠎ᠠ ᠪᠠᠷ ᠬᠦᠴᠦᠯᠡᠵᠦ᠂ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠳᠠᠰᠤᠷᠠᠯᠳᠠ ᠦᠭᠡᠢ ᠬᠥᠭᠵᠢᠭᠡᠵᠦ᠂ ᠬᠥᠭᠵᠢᠯᠲᠡ ᠶᠢᠨ ᠰᠢᠨ᠎ᠡ ᠳᠠᠪᠠᠭᠤᠯᠢᠭ ᠢ ᠳᠠᠰᠤᠷᠠᠯᠳᠠ ᠦᠭᠡᠢ ᠢᠯᠡᠷᠡᠭᠦᠯᠵᠦ᠂ ᠬᠥᠭᠵᠢᠯᠲᠡ ᠶᠢᠨ ᠴᠢᠳᠠᠪᠤᠷᠢᠲᠠᠨ ᠢ ᠳᠠᠰᠤᠷᠠᠯᠳᠠ ᠦᠭᠡᠢ ᠬᠤᠷᠠᠨ ᠴᠤᠭᠯᠠᠷᠠᠭᠤᠯᠤᠨ᠂ ︽ᠴᠢᠳᠠᠪᠤᠷᠢᠲᠠᠨ ᠤ ᠥᠨᠳᠦᠷᠯᠢᠭ ᠭᠠᠵᠠᠷ︾ ᠢ ᠪᠠᠶᠢᠭᠤᠯᠤᠨ᠂ ᠴᠢᠳᠠᠪᠤᠷᠢᠲᠠᠨ ᠲᠠᠲᠠᠬᠤ ︽ᠤᠶᠠᠩᠭᠠᠲᠤ ᠮᠣᠳᠣ︾ ᠶᠢ ᠳᠠᠰᠤᠷᠠᠯᠳᠠ ᠦᠭᠡᠢ ︽ᠵᠠᠶᠢᠯᠠᠵᠠᠢ︾᠃       ᠣᠶᠢᠷ᠎ᠠ ᠳᠤ᠂ ᠰᠤᠷᠪᠤᠯᠵᠢᠯᠠᠭᠴᠢ ᠴᠢᠳᠠᠪᠤᠷᠢᠲᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠲᠤ ᠬᠦᠷᠪᠡ᠃ ᠠᠳᠡ᠂ ᠬᠠᠷᠠᠭᠠᠨ ᠰᠡᠷᠡᠯ ᠤᠨ ᠮᠡᠷᠭᠡᠵᠢᠯ ᠢ ᠰᠤᠳᠤᠯᠤᠨ ᠨᠡᠭᠡᠭᠡᠬᠦ ᠪᠠ ᠬᠡᠷᠡᠭᠯᠡᠬᠦ᠂ ᠬᠥᠮᠥᠨ ᠤ ᠬᠦᠴᠦᠨ ᠤ ᠡᠬᠢ ᠪᠠᠶᠠᠯᠢᠭ ᠤᠨ ᠪᠦᠬᠦ ᠠᠵᠤ ᠦᠢᠯᠡᠰ ᠤᠨ ᠬᠡᠯᠬᠢᠶ᠎ᠡ ᠶᠢ ᠴᠣᠭᠴᠠᠯᠠᠬᠤ ᠵᠡᠷᠭᠡ ᠰᠢᠨ᠎ᠡ ᠶᠢ ᠡᠭᠦᠳᠬᠦ ᠦᠢᠯᠡᠰ ᠪᠦᠲᠦᠭᠡᠬᠦ ᠬᠡᠯᠪᠡᠷᠢ ᠶᠢᠨ ᠠᠵᠤ ᠠᠬᠤᠶᠢᠯᠠᠯ ᠨᠢᠭᠡᠨᠲᠡ 10 ᠭᠠᠷᠤᠢ ᠨᠤᠲᠤᠭᠰᠢᠵᠤ᠂ ᠠᠵᠢᠯᠲᠠᠳ ᠶᠠᠭ ᠬᠠᠯᠠᠭᠤᠨ ᠳᠤᠯᠠᠭᠠᠨ ᠣᠷᠴᠢᠨ ᠲᠣᠭᠤᠷᠢᠨ ᠳᠤ ᠰᠠᠨᠠᠭ᠎ᠠ ᠠᠮᠤᠷ ᠠᠵᠢᠯᠯᠠᠵᠤ ᠪᠠᠶᠢᠨ ᠎ᠠ᠃ ᠠᠳᠡ ᠠᠵᠢᠯᠯᠠᠵᠤ ᠪᠠᠶᠢᠭ᠎ᠠ ᠱᠠᠨᠳᠦ᠋ᠩ ᠤᠨ ᠪᠥᠸᠧ ᠶᠤᠸᠠᠨ ᠬᠠᠷᠠᠭᠠᠨ ᠳᠠᠪᠲᠠᠮᠵᠢ ᠮᠡᠳᠡᠭᠡ ᠵᠠᠩᠭᠢ ᠶᠢᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠴᠧᠨ ᠰᠢᠶᠣᠣ ᠬᠤᠢ᠄ ︽ᠣᠷᠳᠣᠰ ᠲᠤ ᠵᠠᠰᠠᠭ ᠤᠨ ᠣᠷᠳᠣᠨ ᠠᠴᠠ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠤᠬᠠᠢ ᠮᠠᠰᠢ ᠤᠯᠠᠨ ᠰᠠᠶᠢᠨ ᠲᠦᠷᠦ ᠶᠢᠨ ᠪᠣᠳᠣᠯᠭ᠎ᠠ ᠰᠠᠶᠢᠨ ᠲᠠᠪᠴᠠᠩ ᠢ ᠬᠠᠩᠭᠠᠵᠤ᠂ ᠮᠢᠨᠤ ᠡᠵᠡᠩᠨᠡᠵᠦ ᠪᠠᠶᠢᠭ᠎ᠠ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠳᠤ ᠮᠠᠰᠢ ᠰᠠᠶᠢᠨ ᠣᠷᠴᠢᠨ ᠠᠬᠤᠢ ᠶᠢ ᠡᠭᠦᠳᠴᠦ ᠥᠭᠴᠡᠢ︾ ᠭᠡᠪᠡ᠃ ᠴᠢᠳᠠᠪᠤᠷᠢᠲᠠᠨ ᠤ ᠬᠥᠭᠵᠢᠯᠲᠡ ᠶᠢᠨ ᠣᠷᠴᠢᠨ ᠠᠬᠤᠢ ᠶᠢᠨ ᠲᠤᠬᠠᠢ ᠶᠠᠷᠢᠬᠤ ᠳᠤ᠂ ᠣᠷᠳᠣᠰ ᠬᠤᠲᠠ ᠶᠢᠨ ᠴᠢᠳᠠᠪᠤᠷᠢᠲᠠᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠦᠢᠯᠡᠴᠢᠯᠡᠭᠡᠨ ᠤ ᠲᠥᠪ ᠤᠨ ᠡᠷᠬᠢᠯᠡᠭᠴᠢ ᠶᠠᠩ ᠰᠧ ᠮᠢᠩ᠄ ︽ᠴᠢᠳᠠᠪᠤᠷᠢᠲᠠᠨ ᠤ ᠠᠵᠢᠯ ᠳᠤ ᠵᠠᠮ ᠨᠡᠭᠡᠭᠡᠵᠦ᠂ ︿ᠨᠢᠭᠡ ᠲᠥᠪ ᠬᠤᠶᠠᠷ ᠬᠦᠷᠢᠶᠡᠯᠡᠩ ᠨᠠᠶᠢᠮᠠᠨ ᠰᠠᠭᠤᠷᠢᠨ ᠭᠠᠵᠠᠷ﹀ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ ᠰᠢᠰᠲ᠋ᠧᠮ ᠢ ᠪᠠᠶᠢᠭᠤᠯᠬᠤ ᠶᠢᠨ ᠲᠥᠯᠥᠭᠡ᠂ ᠮᠠᠨ ᠤ ᠬᠤᠲᠠ 7.6 ᠲᠦᠮᠡᠨ ᠲᠡᠭᠰᠢ ᠳᠥᠷᠪᠡᠯᠵᠢᠨ ᠮᠧᠳ᠋ᠷ ᠤᠨ ᠶᠡᠷᠦᠩᠬᠡᠢ ᠲᠠᠯᠠᠪᠠᠶ ᠲᠠᠢ ᠪᠠᠷᠠᠭᠤᠨ ᠬᠤᠶᠢᠲᠤ ᠣᠷᠣᠨ ᠤ ᠬᠠᠮᠤᠭ ᠤᠨ ᠲᠣᠮᠣ ᠴᠢᠳᠠᠪᠤᠷᠢᠲᠠᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠲᠥᠯᠥᠪᠵᠢᠭᠦᠯᠦᠨ ᠪᠠᠶᠢᠭᠤᠯᠵᠠᠢ︾ ᠭᠡᠪᠡ᠃ ᠣᠳᠣᠬᠠᠨ ᠳᠤ᠂ ᠴᠢᠳᠠᠪᠤᠷᠢᠲᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠲᠤ 7 ᠠᠺᠠᠳᠧᠮᠢᠴᠢ ᠶᠢᠨ ᠪᠦᠯᠬᠦᠮ ᠪᠣᠯᠣᠨ 16 ᠰᠢᠨ᠎ᠡ ᠶᠢ ᠡᠭᠦᠳᠬᠦ ᠠᠵᠤ ᠠᠬᠤᠶᠢᠯᠠᠯ ᠨᠤᠶᠤᠭᠰᠢᠪᠠ᠃ ᠬᠤᠲᠠ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠦᠢᠯᠡᠴᠢᠯᠡᠭᠡᠨ ᠤ ᠲᠥᠪ ᠤᠨ ᠡᠷᠬᠢᠯᠡᠭᠴᠢ ᠰᠦ᠋ ᠵᠢᠶᠦ᠋ᠨ ᠵᠢᠶᠧ᠄ ︽ᠪᠢᠳᠡ ᠠᠯᠢ ᠴᠢᠳᠠᠬᠤ ᠪᠠᠷ ᠪᠥᠬᠦ ᠲᠠᠯ᠎ᠠ ᠶᠢᠨ ᠬᠠᠯᠠᠭᠤᠨ ᠦᠢᠯᠡᠴᠢᠯᠡᠭᠡ ᠬᠠᠩᠭᠠᠵᠤ᠂ 451 ᠵᠦᠢᠯ ᠤᠨ ᠦᠢᠯᠡᠴᠢᠯᠡᠭᠡᠨ ᠤ ᠵᠦᠢᠯᠡᠰ ᠢ ᠪᠥᠬᠦ ᠬᠦᠴᠦᠨ ᠢᠶᠠᠷ ᠢᠶᠠᠨ ᠰᠠᠶᠢᠲᠤᠷ ᠡᠷᠭᠢᠯᠡᠵᠦ᠂ 33 ᠵᠦᠢᠯ ᠤᠨ ᠥᠷᠲᠡᠭᠡᠴᠢᠯᠡᠭᠰᠡᠨ ᠮᠠᠶ᠋ᠢᠭ ᠤᠨ ᠦᠢᠯᠡᠴᠢᠯᠡᠭᠡᠨ ᠤ ᠪᠣᠭᠴᠣ ᠶᠢ ᠰᠠᠶᠢᠲᠤᠷ ᠬᠡᠷᠡᠭᠯᠡᠨ᠂ ᠬᠠᠮᠤᠭ ᠤᠨ ᠰᠢᠯᠢᠳᠡᠭ ᠰᠢᠨ᠎ᠡ ᠶᠢ ᠡᠭᠦᠳᠬᠦ ᠡᠬᠢ ᠪᠠᠶᠠᠯᠢᠭ ᠢ ᠪᠥᠬᠦ ᠲᠠᠯ᠎ᠠ ᠪᠠᠷ ᠡᠮᠬᠢᠯᠡᠨ ᠨᠡᠶᠢᠯᠡᠭᠦᠯᠵᠦ᠂ ᠪᠠᠷᠠᠭᠤᠨ ᠬᠡᠰᠡᠭ ᠤᠨ ᠭᠠᠵᠠᠷ ᠣᠷᠣᠨ ᠤ ᠬᠠᠮᠤᠭ ᠤᠨ ᠢᠯᠡᠭᠦᠦ ᠲᠠᠲᠠᠬᠤ ᠬᠦᠴᠦᠨ ᠲᠠᠢ᠂ ᠥᠷᠢᠰᠦᠯᠳᠦᠬᠦ ᠬᠦᠴᠦᠨ ᠲᠠᠢ᠂ ᠨᠥᠯᠥᠭᠡᠯᠡᠬᠦ ᠬᠦᠴᠦᠨ ᠲᠠᠢ ᠴᠢᠳᠠᠪᠤᠷᠢᠲᠠᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠥᠨᠳᠦᠷᠯᠢᠭ ᠭᠠᠵᠠᠷ ᠢ ᠴᠢᠷᠮᠠᠶᠢᠨ ᠴᠣᠭᠴᠠᠯᠠᠨ᠎ᠠ︾ ᠭᠡᠵᠡᠢ᠃ ᠰᠢᠯᠢᠳᠡᠭ ᠰᠠᠶᠢᠨ ᠲᠠᠪᠴᠠᠩ ᠢ ᠪᠠᠶᠢᠭᠤᠯᠬᠤ ᠪᠠ ᠰᠠᠶᠢᠨ ᠰᠠᠶᠢᠬᠠᠨ ᠣᠷᠴᠢᠨ ᠠᠬᠤᠢ ᠶᠢ ᠡᠭᠦᠳᠬᠦ ᠠᠴᠠ ᠭᠠᠳᠠᠨ᠎ᠠ᠂ ᠣᠷᠳᠣᠰ ᠬᠤᠳᠠ ᠴᠢᠳᠠᠪᠤᠷᠢᠲᠠᠨ ᠰᠢᠨ᠎ᠡ ᠲᠦᠷᠦ ᠶᠢᠨ ᠪᠣᠳᠣᠯᠭ᠎ᠠ ᠶᠢ ᠢᠳᠡᠪᠬᠢᠲᠡᠢ ᠲᠣᠭᠲᠠᠭᠠᠵᠤ᠂ ᠤᠶᠤᠨ ᠤᠬᠠᠭᠠᠨ ᠤ ᠬᠡᠪ ᠵᠠᠭᠪᠤᠷ ᠢ ᠪᠦᠬᠦ ᠲᠠᠯ᠎ᠠ ᠪᠠᠷ ᠡᠭᠦᠳᠴᠡᠢ᠃ ᠴᠢᠳᠠᠪᠤᠷᠢᠲᠠᠨ ᠪᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠭᠤᠷᠪᠠᠨ ᠵᠢᠯ ᠤᠨ ᠠᠵᠢᠯᠯᠠᠭ᠎ᠠ ᠶᠢ ᠬᠡᠷᠡᠭᠵᠢᠭᠦᠯᠦᠨ᠂ ᠴᠢᠳᠠᠪᠤᠷᠢᠲᠠᠨ ᠤ ᠰᠢᠨ᠎ᠡ ᠲᠥᠷᠥ ᠶᠢᠨ ᠪᠣᠳᠣᠯᠭ᠎ᠠ ᠶᠢᠨ 30 ᠵᠤᠷᠪᠤᠰ ᠢ ᠨᠡᠶᠢᠲᠡᠯᠡᠵᠦ᠂ 13 ᠵᠦᠢᠯ ᠤᠨ ᠢᠵᠢ ᠪᠦᠷᠢᠳᠦᠭᠦᠯᠬᠦ ᠲᠥᠷᠥ ᠶᠢᠨ ᠪᠣᠳᠣᠯᠭ᠎ᠠ ᠪᠠ ᠬᠦᠷᠢᠶ᠎ᠡ ᠴᠠᠷᠠᠭ᠎ᠠ ᠬᠤᠪᠢᠶᠠᠭᠰᠠᠨ ᠲᠤᠰᠬᠠᠢ ᠵᠦᠢᠯ ᠢᠶᠠᠷ ᠲᠡᠳᠬᠦᠬᠦ ᠲᠥᠷᠥ ᠶᠢᠨ ᠪᠣᠳᠣᠯᠭ᠎ᠠ ᠶᠢ ᠲᠣᠭᠲᠠᠭᠠᠨ᠂ ᠣᠷᠣᠭᠤᠯᠤᠯᠲᠠ ᠶᠢ ᠴᠢᠩᠭᠠᠳᠬᠠᠬᠤ᠂ ᠪᠦᠬᠦᠨ ᠢ ᠬᠠᠮᠤᠷᠬᠤ ᠴᠢᠳᠠᠪᠤᠷᠢᠲᠠᠨ ᠤ ᠲᠥᠷᠥ ᠶᠢᠨ ᠪᠣᠳᠣᠯᠭ᠎ᠠ ᠶᠢᠨ ᠲᠣᠭᠲᠠᠯᠴᠠᠭ᠋ ᠎ᠠ ᠶᠢ ᠪᠣᠶ ᠪᠣᠯᠭᠠᠪᠠ᠃ ︽ᠤᠶᠠᠩᠭᠠᠲᠤ ᠮᠣᠳᠣ ᠵᠠᠶᠢᠯᠠᠵᠤ᠂ ᠭᠠᠷᠤᠳᠢ ᠭᠠᠯᠪᠢᠩᠭ᠋ ᠎ᠠ ᠰᠠᠭᠤᠯᠭᠠᠮᠤᠢ︾᠃ ᠰᠢᠯᠢᠳᠡᠭ ᠰᠠᠶᠢᠨ ᠲᠠᠪᠴᠠᠩ ᠢ ᠴᠣᠭᠴᠠᠯᠠᠨ ᠪᠠᠶᠢᠭᠤᠯᠬᠤ ᠪᠠ ᠠᠰᠢᠭᠲᠠᠢ ᠲᠦᠷᠦ ᠶᠢᠨ ᠪᠣᠳᠣᠯᠭ᠎ᠠ ᠨᠢ ᠬᠠᠶᠢᠷ ᠎ᠠ ᠬᠠᠯᠠᠮᠵᠢᠲᠤ ᠬᠤᠳᠠ ᠶᠢᠨ ᠴᠢᠳᠠᠪᠤᠷᠢᠲᠠᠨ ᠢ ᠲᠠᠲᠠᠬᠤ ᠨᠡᠷ᠎ᠡ ᠶᠢᠨ ᠬᠠᠭᠤᠳᠠᠰᠤ ᠪᠣᠯᠵᠤ᠂ ᠨᠡᠩ ᠤᠯᠠᠨ ᠰᠢᠯᠢᠳᠡᠭ ᠴᠢᠳᠠᠪᠤᠷᠢᠲᠠᠨ ᠢ ᠣᠷᠣᠭᠤᠯᠤᠨ ᠠᠪᠴᠢᠷᠠᠪᠠ᠃ ᠪᠦᠷᠢᠳᠬᠡᠯ ᠢ ᠦᠨᠳᠦᠰᠦᠯᠡᠪᠡᠯ᠂ ᠣᠳᠣᠬᠠᠨ ᠳᠤ ᠮᠠᠨ ᠤ ᠬᠤᠲᠠ ᠳᠤ ᠵᠢᠯ ᠪᠦᠷᠢ ᠡᠯ᠎ᠡ ᠲᠥᠷᠥᠯ ᠤᠨ ᠴᠢᠳᠠᠪᠤᠷᠢᠲᠠᠨ 2.7 ᠲᠦᠮᠡ᠂ ᠳᠡᠭᠡᠳᠦ ᠲᠠᠰ ᠤᠨ ᠴᠢᠳᠠᠪᠤᠷᠢᠲᠠᠨ 3500 ᠬᠥᠮᠥᠨ ᠰᠢᠨ᠎ᠡ ᠪᠠᠷ ᠨᠡᠮᠡᠭᠳᠡᠵᠦ᠂ ᠴᠢᠳᠠᠪᠤᠷᠢᠲᠠᠨ ᠤ ᠶᠡᠷᠦᠩᠬᠡᠢ ᠬᠡᠮᠵᠢᠶ᠎ᠡ 48.5 ᠲᠦᠮᠡ ᠳᠤ ᠬᠦᠷᠴᠦ ᠂ ᠳᠡᠭᠡᠳᠦ ᠲᠠᠰ ᠤᠨ ᠴᠢᠳᠠᠪᠤᠷᠢᠲᠠᠨ 5.2 ᠲᠦᠮᠡ ᠳᠤ ᠬᠦᠷᠴᠡᠢ᠃       ᠢᠷᠡᠭᠡᠳᠦᠢ ᠳᠤ᠂ ᠨᠡᠩ ᠤᠯᠠᠨ ᠴᠢᠳᠠᠪᠤᠷᠢᠲᠠᠨ ᠣᠷᠳᠣᠰ ᠲᠤ ᠴᠤᠭᠯᠠᠷᠠᠵᠤ᠂ ᠰᠠᠶᠢᠨ ᠰᠠᠶᠢᠬᠠᠨ ᠢᠷᠡᠭᠡᠳᠦᠢ ᠶᠢᠨ ᠲᠤᠬᠠᠢ ᠬᠠᠮᠲᠤᠪᠠᠷ ᠲᠡᠮᠡᠴᠡᠨ᠂ ᠬᠠᠶᠢᠷ ᠎ᠠ ᠬᠠᠯᠠᠮᠵᠢᠲᠤ ᠬᠤᠳᠠ ᠶᠢᠨ ᠬᠥᠭᠵᠢᠯᠲᠡ ᠳᠤ ᠤᠯᠠᠮ ᠡᠷᠴᠢᠮᠲᠡᠢ ᠴᠢᠳᠠᠪᠤᠷᠢᠲᠠᠨ ᠤ ᠬᠥᠳᠡᠯᠭᠡᠬᠦ ᠬᠦᠴᠦᠨ ᠬᠠᠩᠭᠠᠵᠤ᠂ ᠣᠷᠳᠣᠰ ᠤᠨ ᠪᠦᠬᠦ ᠣᠷᠣᠨ ᠤ ᠲᠣᠭᠲᠠᠭᠤᠨ ᠤ ᠲᠤᠯᠭᠠᠭᠤᠷᠢᠯᠠᠭᠴᠢ᠂ ᠠᠬᠢᠯᠲᠠ ᠶᠢᠨ ᠳᠠᠭᠠᠭᠤᠯᠤᠭᠴᠢ ᠪᠣᠯᠬᠤ ᠳᠤ ᠤᠷᠤᠭᠰᠢᠯᠠᠯᠲᠠ ᠶᠢᠨ ᠤᠶᠤᠨ ᠤᠬᠠᠭᠠᠨ ᠪᠠ ᠲᠣᠭᠲᠠᠭᠤᠨ ᠤ ᠬᠦᠴᠦᠨ ᠴᠢᠳᠠᠯ ᠢᠶᠠᠨ ᠡᠷᠭᠦᠨ᠎ᠡ᠃  
ᠢᠷᠡᠯᠲᠡ᠄ ᠣᠷᠳᠣᠰ ᠤᠨ ᠡᠳᠦᠷ ᠤᠨ ᠰᠣᠨᠢᠨ