ᠣᠷᠳᠣᠰ᠄ ᠰᠢᠨ᠎ᠡ ᠶᠢ ᠡᠭᠦᠳᠬᠦ ᠬᠦᠴᠦᠨ ᠢᠶᠠᠷ ᠪᠦᠬᠦ ᠣᠷᠣᠨ ᠳᠤ ᠳᠠᠭᠤᠷᠢᠶᠠᠯ ᠦᠵᠡᠭᠦᠯᠬᠦᠢ ᠰᠢᠷᠢᠰ ᠮᠡᠳᠡᠭᠡᠯᠡᠯ ᠨᠢᠭᠡ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠬᠡᠷᠬᠢᠨ ᠬᠥᠲᠥᠯᠥᠨ ᠳᠠᠭᠠᠭᠤᠯᠬᠤ ᠪᠤᠢ︖ ᠣᠷᠳᠣᠰ ᠳᠠᠭᠤᠷᠢᠶᠠᠯ ᠦᠵᠡᠭᠦᠯᠪᠡ
ᠨᠡᠶᠢᠲᠡᠯᠡᠭᠰᠡᠨ ᠴᠠᠭ᠄
2023/11/9
      ᠪᠣᠯᠣᠩ ᠡᠬᠢᠯᠡᠬᠦ ᠦᠭᠡ᠄ ᠥᠭᠡᠷᠡᠴᠢᠯᠡᠯᠲᠡ ᠪᠠᠷ ᠬᠥᠳᠡᠯᠭᠡᠬᠦ ᠬᠦᠴᠦᠨ ᠢ ᠴᠢᠩᠭᠠᠳᠬᠠᠵᠤ᠂ ᠰᠢᠨ᠎ᠡ ᠶᠢ ᠡᠭᠦᠳᠬᠦ ᠪᠠᠷ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠴᠠ ᠴᠢᠳᠠᠪᠤᠷᠢᠲᠠᠨ ᠤ ᠰᠢᠨ᠎ᠡ ᠶᠢ ᠡᠭᠦᠳᠬᠦ ᠬᠦᠷᠲᠡᠯ᠎ᠡ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠰᠢᠨ᠎ᠡ ᠶᠢ ᠡᠭᠦᠳᠬᠦ ᠠᠴᠠ ᠬᠤᠳᠠᠯᠳᠤᠭ᠎ᠠ ᠡᠷᠬᠢᠯᠡᠬᠦ ᠣᠷᠴᠢᠨ ᠠᠬᠤᠢ ᠶᠢ ᠰᠢᠯᠢᠳᠡᠭᠵᠢᠭᠦᠯᠦᠨ ᠰᠢᠨ᠎ᠡ ᠶᠢ ᠡᠭᠦᠳᠬᠦ ᠠᠴᠠ ᠠᠮᠢ ᠠᠬᠤᠢ ᠣᠷᠴᠢᠨ ᠲᠣᠭᠤᠷᠢᠨ ᠤ ᠰᠢᠨ᠎ᠡ ᠶᠢ ᠡᠭᠦᠳᠬᠦ ᠬᠦᠷᠲᠡᠯ᠎ᠡ᠂ ᠣᠷᠳᠣᠰ ᠤᠨ ᠴᠢᠨᠠᠷ ᠰᠠᠶᠢᠲᠠᠢ ᠬᠥᠭᠵᠢᠯᠲᠡ ᠶᠢᠨ ᠵᠠᠮ ᠮᠥᠷ ᠢ ᠠᠵᠢᠭᠯᠠᠪᠠᠯ᠂ ᠰᠢᠨ᠎ᠡ ᠶᠢ ᠡᠭᠦᠳᠬᠦ ᠨᠢ ᠢᠮᠠᠭᠲᠠ ᠬᠥᠭᠵᠢᠯᠲᠡ ᠳᠤ ᠬᠦᠴᠦᠨ ᠨᠡᠮᠡᠷᠢᠯᠡᠵᠦ᠂ ᠬᠥᠭᠵᠢᠯᠲᠡ ᠳᠤ ᠴᠢᠳᠠᠪᠤᠷᠢᠲᠠᠨ ᠣᠯᠭᠤᠵᠤ᠂ ᠬᠥᠭᠵᠢᠯᠲᠡ ᠳᠤ ᠬᠦᠴᠦᠨ ᠬᠤᠷᠠᠮᠳᠤᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠥᠳᠡᠯᠭᠡᠬᠦ ᠬᠦᠴᠦᠨ ᠪᠣᠯᠤᠭᠰᠠᠨ ᠪᠠᠶᠢᠨ᠎ᠠ᠃       ᠣᠶᠢᠷ᠎ᠠ ᠶᠢᠨ ᠵᠢᠯ ᠤᠳ ᠲᠤ᠂ ᠣᠷᠳᠣᠰ ᠬᠤᠲᠠ ᠴᠢᠳᠠᠪᠤᠷᠢᠲᠠᠨ ᠢᠶᠠᠷ ᠬᠤᠲᠠ ᠪᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ ᠪᠣᠳᠣᠯᠭ᠎ᠠ ᠶᠢ ᠡᠷᠡᠰ ᠭᠤᠶᠢᠪᠢᠰᠢ ᠦᠭᠡᠢ ᠲᠤᠭᠤᠰᠢᠯᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠪᠥᠬᠦ ᠲᠠᠯ᠎ᠠ ᠳᠠᠬᠢ ᠰᠢᠨ᠎ᠡ ᠶᠢ ᠡᠭᠦᠳᠬᠦ ᠶᠢᠨ ᠵᠠᠩᠭᠢᠯᠠᠭ᠎ᠠ ᠶᠢᠨ ᠦᠢᠯᠡᠳᠦᠯ ᠢ ᠲᠠᠰᠤᠷᠠᠯᠲᠠ ᠦᠭᠡᠢ ᠬᠥᠭᠵᠢᠭᠡᠨ᠂ ᠴᠢᠳᠠᠪᠤᠷᠢᠲᠠᠨ ᠤ ︽ᠬᠥᠳᠡᠯᠭᠡᠭᠦᠷ︾ ᠢᠶᠠᠷ ᠬᠤᠲᠠ ᠶᠢᠨ ᠰᠢᠨ᠎ᠡ ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ ᠬᠥᠭᠵᠢᠭᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠥᠳᠡᠯᠭᠡᠬᠦ ᠬᠦᠴᠦᠨ ᠢᠶᠠᠷ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠬᠥᠭᠵᠢᠭᠡᠨ᠂ ᠴᠢᠳᠠᠪᠤᠷᠢᠲᠠᠨ ᠴᠤᠭᠯᠠᠷᠠᠭᠰᠠᠨ ᠬᠤᠲᠠ᠂ ᠠᠵᠤ ᠦᠢᠯᠡᠰ ᠪᠠ ᠰᠤᠷᠭᠠᠨ ᠬᠥᠮᠦᠵᠢᠯ ᠤᠨ ᠠᠭᠤᠰᠤᠯᠴᠠᠭᠰᠠᠨ ᠬᠤᠲᠠ᠂ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠲᠠᠢ ᠬᠤᠲᠠ ᠶᠢ ᠲᠦᠷᠭᠡᠳᠬᠡᠨ ᠪᠦᠲᠦᠭᠡᠨ ᠪᠠᠶᠢᠭᠤᠯᠪᠠ᠃ ︽ᠪᠥᠬᠦ ᠤᠯᠤᠰ ᠤᠨ ᠲᠡᠷᠢᠭᠦᠨ ᠤ ᠰᠢᠨ᠎ᠡ ᠶᠢ ᠡᠭᠦᠳᠬᠦ ᠠᠮᠢ ᠠᠬᠤᠢ ᠶᠢ ᠪᠦᠲᠦᠭᠡᠨ ᠪᠠᠶᠢᠭᠤᠯᠬᠤ ᠶᠢᠨ ᠬᠡᠷᠡᠭᠵᠢᠭᠦᠯᠬᠦ ᠲᠥᠰᠥᠯ︾ ᠢ ᠵᠠᠯᠭᠠᠭ᠎ᠠ ᠪᠠᠷ ᠲᠣᠭᠲᠠᠭᠠᠵᠤ᠂ ᠴᠢᠳᠠᠪᠤᠷᠢᠲᠠᠨ ᠪᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠭᠤᠷᠪᠠᠨ ᠵᠢᠯ ᠤᠨ ᠠᠵᠢᠯᠯᠠᠭ᠎ᠠ ᠶᠢ ᠬᠡᠷᠡᠭᠵᠢᠭᠦᠯᠦᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠲᠥᠷᠥ ᠶᠢᠨ ᠪᠣᠳᠣᠯᠭ᠎ᠠ ᠶᠢᠨ 30 ᠵᠤᠷᠪᠤᠰ᠂ ᠴᠢᠳᠠᠪᠤᠷᠢᠲᠠᠨ ᠤ ᠰᠢᠨ᠎ᠡ ᠲᠥᠷᠥ ᠶᠢᠨ ᠪᠣᠳᠣᠯᠭ᠎ᠠ ᠶᠢᠨ 30 ᠵᠤᠷᠪᠤᠰ᠂ ᠠᠵᠤ ᠦᠢᠯᠡᠰ ᠤᠨ ᠰᠦᠷᠦᠭᠵᠢᠯ ᠤᠨ ᠬᠥᠭᠵᠢᠯᠲᠡ ᠶᠢ ᠳᠡᠮᠵᠢᠬᠦ 12 ᠵᠤᠷᠪᠤᠰ᠂ ᠬᠤᠳᠠᠯᠳᠤᠭ᠎ᠠ ᠡᠷᠭᠢᠯᠡᠬᠦ ᠣᠷᠴᠢᠨ ᠠᠬᠤᠢ ᠶᠢ ᠰᠢᠯᠢᠳᠡᠭᠵᠢᠭᠦᠯᠬᠦ 500 ᠵᠤᠷᠪᠤᠰ ᠵᠡᠷᠭᠡ ᠠᠷᠭ᠎ᠠ ᠬᠡᠮᠵᠢᠶ᠎ᠡ ᠶᠢ ᠨᠡᠶᠢᠲᠡᠯᠡᠵᠦ᠂ ᠲᠥᠷᠥ ᠶᠢᠨ ᠪᠣᠳᠣᠯᠭ᠎ᠠ ᠶᠢᠨ ᠪᠡᠯᠡ ᠮᠥᠩᠭᠦ ᠶᠢ ᠨᠡᠶᠢᠲᠡ 3.82 ᠳ᠋ᠦᠩᠰᠢᠭᠤᠷ ᠲᠥᠭᠦᠷᠢᠭ ᠪᠡᠶᠡᠯᠡᠭᠦᠯᠪᠡ᠃       ᠣᠶᠢᠷ᠎ᠠ ᠶᠢᠨ ᠡᠳᠦᠷ᠂ ᠴᠢ ᠷᠦᠢ ᠮᠠᠰᠢᠨ ᠲᠡᠷᠭᠡᠨ ᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠪᠠᠰᠠ ᠪᠠᠶᠠᠷ ᠤᠨ ᠴᠢᠮᠡᠭᠡ ᠳᠠᠮᠵᠢᠭᠤᠯᠪᠠ᠄ ᠴᠢ ᠷᠦᠢ ᠮᠠᠰᠢᠨ ᠲᠡᠷᠭᠡᠨ ᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠣᠷᠳᠣᠰ ᠲᠠᠬᠢ ᠬᠤᠪᠢᠶᠠᠷᠢ ᠺᠣᠮᠫᠠᠨᠢ 6.12 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠰᠢᠨ᠎ᠡ ᠡᠨᠧᠷᠭᠢ ᠶᠢᠨ ᠰᠠᠭᠤᠳᠠᠯ ᠤᠨ ᠮᠠᠰᠢᠨ ᠲᠡᠷᠭᠡᠨ ᠤ ᠦᠢᠯᠡᠳᠪᠦᠷᠢᠯᠡᠯ ᠤᠨ ᠱᠤᠭᠤᠮ ᠢ ᠪᠠᠶᠢᠭᠤᠯᠤᠭᠰᠠᠨ ᠪᠥᠭᠡᠳ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠤ ᠬᠢᠷᠢ ᠬᠡᠮ ᠤᠨ ᠬᠢᠨᠠᠨ ᠪᠠᠶᠢᠴᠠᠭᠠᠯᠲᠠ ᠪᠠᠷ ᠪᠠᠲᠤᠯᠠᠭᠳᠠᠨ᠂ ᠦᠢᠯᠡᠳᠬᠦᠨ ᠨᠢ ᠴᠠᠬᠢᠯᠭᠠᠨ ᠴᠡᠨᠡᠭᠯᠡᠬᠦ ᠬᠡᠯᠪᠡᠷᠢ ᠶᠢᠨ ᠬᠤᠯᠢᠮᠠᠭ ᠬᠥᠳᠡᠯᠭᠡᠬᠦ ᠬᠦᠴᠦᠨ ᠤ ᠰᠢᠨ᠎ᠡ ᠡᠨᠧᠷᠭᠢ ᠶᠢᠨ ᠰᠠᠭᠤᠳᠠᠯ ᠤᠨ ᠮᠠᠰᠢᠨ ᠲᠡᠷᠭᠡ ᠪᠠᠶᠢᠵᠤ᠂ ᠵᠢᠯ ᠳᠤ 2 ᠲᠦᠮᠡᠨ ᠰᠠᠭᠤᠷᠢ ᠮᠠᠰᠢᠨ ᠲᠡᠷᠭᠡ ᠦᠢᠯᠡᠳᠪᠦᠷᠢᠯᠡᠵᠦ ᠳᠡᠶᠢᠯᠦᠨ᠎ᠡ᠃ 9 ᠰᠠᠷ᠎ᠠ ᠶᠢᠨ ᠰᠡᠭᠦᠯᠴᠢ ᠪᠠᠷ᠂ ᠣᠷᠳᠣᠰ ᠬᠤᠲᠠ ᠶᠢᠨ ᠤᠯᠤᠰ ᠤᠨ ᠪᠡᠯᠡ ᠣᠷᠣᠭᠤᠯᠤᠯᠲᠠ ᠶᠢᠨ ᠪᠦᠯᠦᠭᠯᠡᠯ ᠤᠨ ᠰᠢᠨ᠎ᠡ ᠡᠨᠧᠷᠭᠢ ᠶᠢ ᠨᠡᠭᠡᠭᠡᠨ ᠠᠰᠢᠭᠯᠠᠬᠤ ᠬᠢᠵᠠᠭᠠᠷᠲᠤ ᠺᠣᠮᠫᠠᠨᠢ ᠠᠴᠠ ᠡᠵᠡᠩᠨᠡᠭᠰᠡᠨ ᠵᠢᠯᠣᠭᠤᠴᠢ ᠦᠭᠡᠢ ᠲᠦᠷᠢᠶᠡᠰᠦᠨ ᠮᠠᠰᠢᠨ ᠤ ᠲᠥᠷᠥᠯ ᠵᠦᠢᠯ ᠢ ᠬᠢᠶ᠎ᠠ ᠪᠠᠭᠰᠢ ᠲᠣᠭᠤᠷᠢᠭ ᠲᠤ ᠲᠤᠷᠰᠢᠨ ᠠᠵᠢᠯᠯᠠᠭᠤᠯᠪᠠ᠃ ᠥᠭᠡᠷᠡᠴᠢᠯᠡᠯᠲᠡ ᠪᠠᠷ ᠬᠥᠳᠡᠯᠭᠡᠬᠦ ᠬᠦᠴᠦᠨ ᠢ ᠴᠢᠩᠭᠠᠳᠬᠠᠵᠤ᠂ ᠰᠢᠨ᠎ᠡ ᠶᠢ ᠡᠭᠦᠳᠬᠦ ᠪᠠᠷ ᠠᠮᠢᠵᠢᠷᠠᠯ ᠤᠨ ᠬᠦᠴᠦᠨ ᠢ ᠬᠥᠭᠵᠢᠭᠡᠨ ᠎ᠡ᠃ ᠣᠶᠢᠷ᠎ᠠ ᠶᠢᠨ ᠵᠢᠯ ᠤᠳ ᠲᠤ᠂ ᠣᠷᠳᠣᠰ ᠤᠨ ᠡᠬᠡ ᠭᠠᠵᠠᠷ ᠲᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠦᠷᠢᠶ ᠎ᠡ ᠴᠠᠷᠠᠭᠠᠨ ᠳᠤ᠂ ᠡᠳᠦᠷ ᠪᠦᠷᠢ ᠬᠥᠮᠥᠰ ᠤᠨ ᠰᠡᠳᠬᠢᠯ ᠢ ᠳᠣᠭᠳᠣᠯᠤᠭᠤᠯᠤᠮ᠎ᠠ ᠴᠢᠮᠡᠭᠡ ᠰᠣᠨᠣᠰᠳᠠᠵᠤ ᠪᠤᠢ᠃ ᠣᠷᠳᠣᠰ ᠬᠤᠳᠠ ᠶᠢᠨ ᠬᠢᠨ ᠲᠤᠰ ᠪᠡᠶ᠎ᠡ ᠶᠢᠨ ᠠᠵᠤ ᠦᠢᠯᠡᠰ ᠤᠨ ᠰᠠᠭᠤᠷᠢ ᠪᠣᠯᠣᠨ ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠵᠤ᠂ ᠰᠢᠨ᠎ᠡ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠦᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠦᠷ᠎ᠡ ᠪᠦᠲᠦᠭᠡᠯ ︽ᠣᠷᠭᠢᠯᠬᠤ︾ ᠪᠠᠶᠢᠳᠠᠯ ᠢᠯᠡᠷᠡᠵᠦ᠂ ᠠᠵᠤ ᠦᠢᠯᠡᠰ ᠤᠨ ᠰᠢᠨ᠎ᠡ ᠶᠢ ᠡᠭᠦᠳᠬᠦ ︽ᠤᠶᠤᠨ ᠤ ᠥᠨᠳᠥᠷ ᠴᠡᠭ︾ ᠡᠳᠦᠷ ᠢᠷᠡᠬᠦᠶ᠎ᠡ ᠪᠦᠷᠢᠯᠳᠦᠵᠦ ᠪᠠᠶᠢᠨ᠎ᠠ᠃ ᠥᠩᠭᠡᠷᠡᠭᠰᠡᠨ ᠳᠤ᠂ ᠤᠯᠤᠰ ᠤᠨ ᠳᠣᠲᠣᠭᠠᠳᠤ ᠶᠢᠨ ᠥᠨᠳᠥᠷ ᠨᠡᠭᠦᠷᠡᠰᠦᠲᠥ᠋ᠷᠥᠭᠴᠢᠲᠦ α — ᠠᠯᠺᠧᠨ ᠢ ᠦᠢᠯᠡᠳᠬᠦ ᠮᠡᠷᠭᠡᠵᠢᠯ ᠨᠢ ᠣᠯᠠᠨ ᠬᠦᠴᠢᠷ ᠠᠰᠠᠭᠤᠳᠠᠯ ᠳᠤ ᠲᠤᠯᠭᠠᠷᠠᠵᠤ ᠪᠠᠶᠢᠵᠠᠢ᠂ ᠥᠪᠥᠷ ᠮᠣᠩᠭᠤᠯ ᠤᠨ ᠢ ᠲᠠᠢ ᠪᠦᠯᠦᠭᠯᠡᠯ ᠹᠢᠲ᠋ᠣ᠋ ᠶᠢᠨ ᠨᠡᠶᠢᠯᠡᠯᠭᠡ ᠶᠢᠨ α — ᠠᠯᠺᠧᠨ ᠢ ᠰᠠᠯᠭᠠᠵᠤ ᠴᠡᠪᠡᠷᠵᠢᠭᠦᠯᠬᠦ ᠵᠠᠩᠭᠢᠯᠠᠭ᠎ᠠ ᠶᠢᠨ ᠮᠡᠷᠭᠡᠵᠢᠯ ᠢ ᠠᠮᠵᠢᠯᠲᠠ ᠲᠠᠢ ᠰᠤᠳᠤᠯᠤᠨ ᠪᠦᠲᠦᠭᠡᠭᠰᠡᠨ ᠤ ᠳᠠᠷᠠᠭ᠎ᠠ᠂ ᠡᠨᠡ ᠬᠦ ᠬᠦᠴᠢᠷ ᠠᠰᠠᠭᠤᠳᠠᠯ ᠢ ᠲᠦᠢᠯᠪᠤᠷᠢᠲᠠᠢ ᠰᠢᠢᠳᠪᠦᠷᠢᠯᠡᠪᠡ᠃ ᠠᠵᠤ ᠠᠬᠤᠶᠢᠯᠠᠯ ᠤᠨ ᠲᠡᠰ ᠳᠡᠪᠰᠢᠭᠦᠯᠵᠦ ᠬᠡᠯᠪᠡᠷᠢ ᠪᠠᠨ ᠬᠤᠪᠢᠷᠠᠭᠤᠯᠬᠤ ᠴᠢᠬᠤᠯᠠ ᠮᠡᠷᠭᠡᠵᠢᠯ ᠪᠣᠯᠤᠭᠰᠠᠨ ᠤ ᠬᠤᠪᠢ ᠳᠤ᠂ α — ᠠᠯᠺᠧᠨ ᠢ ᠰᠠᠯᠭᠠᠵᠤ ᠴᠡᠪᠡᠷᠵᠢᠭᠦᠯᠬᠦ ᠮᠡᠷᠭᠡᠵᠢᠯ ᠢ 5 ᠵᠢᠯ ᠤᠨ ᠬᠤᠭᠤᠴᠠᠭᠠᠨ ᠳᠤ ᠨᠡᠭᠡᠭᠡᠨ ᠬᠥᠭᠵᠢᠭᠦᠯᠵᠦ᠂ ᠣᠳᠣᠬᠠᠨ ᠳᠤ ᠨᠢᠭᠡᠨᠲᠡ ᠮᠢᠩᠭᠠᠨ ᠲᠣᠨ ᠤ ᠲᠡᠰ ᠤᠨ ᠠᠵᠤ ᠦᠢᠯᠡᠳᠪᠦᠷᠢ ᠶᠢᠨ ᠳᠠᠭᠤᠷᠢᠶᠠᠯ ᠦᠵᠡᠭᠦᠯᠬᠦ ᠲᠥᠬᠦᠭᠡᠷᠦᠮᠵᠢ ᠶᠢ ᠪᠠᠶᠢᠭᠤᠯᠤᠭᠰᠠᠨ ᠪᠠᠶᠢᠨ᠎ᠠ᠃ α — ᠠᠯᠺᠧᠨ ᠪᠣᠯ ᠨᠢᠭᠡ ᠵᠦᠢᠯ ᠤᠨ ᠬᠤᠪᠣᠷ ᠨᠠᠨᠳᠢᠨ ᠳᠡᠭᠡᠳᠦ ᠲᠡᠰ ᠤᠨ ᠮᠡᠷᠭᠡᠵᠢᠯ ᠤᠨ ᠬᠢᠮᠢ ᠶᠢᠨ ᠠᠵᠤ ᠦᠢᠯᠡᠳᠪᠦᠷᠢ ᠶᠢᠨ ᠲᠦᠭᠦᠬᠡᠢ ᠮᠠᠲ᠋ᠧᠷᠢᠶᠠᠯ ᠪᠠᠶᠢᠵᠤ᠂ ᠲᠡᠭᠦᠨ ᠢ ᠰᠢᠨ᠎ᠡ ᠡᠨᠧᠷᠭᠢ ᠶᠢᠨ ᠬᠦᠷᠢᠶ᠎ᠡ ᠴᠠᠷᠠᠭ᠋ ᠎ᠠ᠂ ᠳᠡᠭᠡᠳᠦ ᠲᠡᠰ ᠤᠨ ᠵᠠᠰᠠᠯ ᠴᠢᠮᠡᠭᠯᠡᠯ ᠤᠨ ᠡᠳ᠋ ᠵᠡᠷᠭᠡ ᠳᠡᠭᠡᠳᠦ ᠲᠡᠰ ᠤᠨ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠦᠢᠯᠡᠳᠬᠦᠨ ᠪᠠ ᠰᠢᠨ᠎ᠡ ᠮᠠᠲ᠋ᠧᠷᠢᠶᠠᠯ ᠤᠨ ᠠᠵᠢᠯ ᠲᠦᠷᠦᠯ ᠳᠤ ᠥᠷᠭᠡᠨ ᠢᠶᠠᠷ ᠬᠡᠷᠡᠭᠯᠡᠵᠦ ᠪᠠᠶᠢᠳᠠᠭ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠶᠢ ᠳᠤᠷᠠᠳᠬᠤ ᠳᠤ᠂ ᠥᠪᠥᠷ ᠮᠣᠩᠭᠤᠯ ᠤᠨ ᠢ ᠲᠠᠢ ᠨᠡᠭᠦᠷᠡᠰᠦ ᠪᠠᠷ ᠰᠠᠭᠤᠷᠢ ᠪᠣᠯᠭᠠᠭᠰᠠᠨ ᠰᠢᠨ᠎ᠡ ᠮᠠᠲ᠋ᠧᠷᠢᠶᠠᠯ ᠤᠨ ᠰᠤᠳᠤᠯᠭᠠᠨ ᠤ ᠬᠦᠷᠢᠶᠡᠯᠡᠩ ᠤᠨ ᠳᠡᠳ᠋ ᠳᠠᠷᠤᠭ᠎ᠠ ᠯᠢ ᡁᠢ ᠹᠧᠢ᠄ ︽ᠮᠠᠨ ᠤ ᠠᠩᠬᠠᠨ ᠤ ᠡᠭᠦᠳᠦᠯᠲᠡ ᠶᠢᠨ ᠴᠢᠨᠠᠷᠲᠠᠢ ᠮᠡᠷᠭᠡᠵᠢᠯ ᠳᠡᠯᠡᠬᠡᠢ ᠶᠢᠨ ᠭᠠᠭᠴᠠᠭᠠᠷ ᠡᠵᠡᠮᠰᠢᠯ ᠢ ᠡᠪᠳᠡᠵᠦ᠂ ᠢᠯᠠᠩᠭᠤᠶ᠎ᠠ α — ᠠᠯᠺᠧᠨ ᠤ ᠦᠢᠯᠡᠳᠬᠦᠨ ᠤᠯᠤᠰ ᠤᠨ ᠳᠣᠲᠣᠭᠠᠳᠤ ᠶᠢᠨ ᠬᠤᠭᠤᠰᠤᠨ ᠢ ᠨᠥᠬᠦᠪᠦᠷᠢᠯᠡᠵᠡᠢ᠃ ᠢ ᠲᠠᠢ ᠪᠦᠯᠦᠭᠯᠡᠯ ᠨᠢ ᠤᠯᠠᠮᠵᠢᠯᠠᠯᠲᠤ ᠨᠡᠭᠦᠷᠡᠰᠦᠨ ᠤ ᠠᠵᠤ ᠠᠬᠤᠶᠢᠯᠠᠯ ᠪᠣᠯᠤᠭᠰᠠᠨ ᠤ ᠬᠤᠪᠢ ᠳᠤ᠂ ᠲᠠᠷᠠᠭᠠᠴᠢ ᠶᠢᠨ ᠠᠯᠬᠤᠮ ᠳᠤ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠠᠪᠤᠴᠠ ᠳᠤ ᠨᠡᠭᠦᠷᠡᠰᠦᠨ ᠤ ᠬᠡᠷᠡᠭᠯᠡᠭᠡ ᠶᠢ ᠳᠡᠭᠡᠳᠦ ᠲᠠᠰᠵᠢᠭᠦᠯᠬᠦ᠂ ᠲᠣᠣᠷ᠎ᠠ ᠨᠡᠭᠦᠷᠡᠰᠦᠲᠥ᠋ᠷᠥᠭᠴᠢᠲᠦ ᠪᠣᠯᠭᠠᠬᠤ᠂ ᠣᠯᠠᠨ ᠡᠰᠢᠵᠢᠭᠦᠯᠦᠨ ᠬᠥᠭᠵᠢᠭᠦᠯᠬᠦ ᠶᠢ ᠪᠡᠶᠡᠯᠡᠭᠦᠯᠬᠦ ᠳᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠣᠯ ᠵᠠᠶᠢᠯᠠᠰᠢ ᠦᠭᠡᠢ ᠰᠣᠩᠭᠤᠯᠲᠠ ᠮᠥᠨ︾ ᠭᠡᠵᠡᠢ᠃ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠣᠯ ᠴᠢᠨᠠᠷ ᠰᠠᠶᠢᠲᠠᠢ ᠬᠥᠭᠵᠢᠯᠲᠡ ᠶᠢᠨ ᠬᠥᠳᠡᠯᠭᠡᠬᠦ ᠬᠦᠴᠦᠨ ᠮᠥᠨ᠃      ᠣᠷᠳᠣᠰ ᠲᠤ᠂ ᠰᠢᠨ᠎ᠡ ᠶᠢ ᠡᠭᠦᠳᠬᠦ ᠨᠢ ᠨᠢᠭᠡᠨᠲᠡ ᠡᠯ᠎ᠡ ᠲᠠᠯ᠎ᠠ ᠶᠢᠨ ᠬᠢᠨ ᠤ ᠠᠩᠬᠠᠷᠤᠯ ᠲᠥᠪᠯᠡᠷᠡᠭᠰᠡᠨ ᠥᠨᠳᠥᠷ ᠳᠠᠪᠲᠠᠮᠵᠢᠲᠤ ᠦᠭᠡᠰ ᠪᠣᠯᠵᠤ᠂ ᠪᠦᠬᠦ ᠨᠡᠶᠢᠭᠡᠮ ᠤᠨ ᠬᠠᠮᠲᠤ ᠶᠢᠨ ᠲᠠᠨᠢᠯᠲᠠ ᠪᠠ ᠠᠵᠢᠯᠯᠠᠭ᠎ᠠ ᠪᠣᠯᠵᠤ᠂ ᠨᠢᠭᠡᠨᠲᠡ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ ᠭᠤᠣᠯ ᠠᠷᠭ᠋ ᠎ᠠ ᠵᠠᠮ ᠪᠣᠯᠤᠭᠰᠠᠨ ᠪᠠᠶᠢᠨ᠎ᠠ᠂ ᠡᠨᠡ ᠨᠢ ᠳᠤᠷ᠎ᠠ ᠶᠢᠨ ᠨᠢᠭᠡ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠳᠬᠦ ᠲᠦᠷᠦᠯ ᠤᠨ ᠠᠵᠤ ᠠᠬᠤᠶᠢᠯᠠᠯ ᠤᠨ ᠦᠢᠯᠡᠳᠬᠦᠨ ᠨᠢᠭᠡᠪᠦᠷᠢ ᠳᠤ ᠢᠯᠡᠷᠡᠨ᠎ᠡ᠃ ᠥᠪᠥᠷ ᠮᠣᠩᠭᠤᠯ ᠤᠨ ᠭᠤᠸᠠᠩ ᠾᠧ ᠶᠤᠸᠠᠨ ᠨᠠᠨᠦᠮᠧᠳ᠋ᠷ ᠤᠨ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠪᠣᠯ ᠥᠨᠳᠥᠷ ᠬᠤᠪᠢᠶᠠᠷᠢᠲᠤ ᠬᠤᠪᠣᠷ ᠰᠢᠷᠣᠢ ᠶᠢᠨ ᠡᠬᠢ ᠪᠠᠶᠠᠯᠢᠭ ᠤᠨ ᠴᠢᠨᠠᠷ ᠰᠠᠶᠢᠲᠠᠢ ᠦᠵᠦᠭᠦᠷ ᠦᠢᠯᠡᠳᠬᠦᠨ ᠢ ᠨᠡᠭᠡᠭᠡᠨ ᠬᠥᠭᠵᠢᠭᠦᠯᠬᠦ ᠪᠠ ᠠᠵᠤ ᠦᠶᠢᠯᠡᠰᠵᠢᠭᠦᠯᠬᠦ ᠪᠠᠷ ᠬᠦᠴᠦᠯᠡᠨ ᠴᠢᠷᠮᠠᠶᠢᠵᠤ ᠪᠠᠶᠢᠭ᠎ᠠ ᠣᠷᠳᠣᠰ ᠤᠨ ᠲᠣᠰ ᠭᠠᠵᠠᠷ ᠣᠷᠣᠨ ᠤ ᠮᠡᠷᠭᠡᠵᠢᠯ ᠤᠨ ᠰᠢᠨ᠎ᠡ ᠶᠢ ᠡᠭᠦᠳᠬᠦ ᠠᠵᠤ ᠠᠬᠤᠶᠢᠯᠠᠯ ᠪᠣᠯᠣᠨ᠎ᠠ᠃ ᠪᠠᠶᠢᠭᠤᠯᠤᠭᠳᠠᠭᠠᠳ ᠬᠤᠶᠠᠷ ᠵᠢᠯ ᠪᠣᠯᠤᠭ᠎ᠠ ᠦᠭᠡᠢ ᠪᠠᠷ ᠲᠤᠰ ᠺᠣᠮᠫᠠᠨᠢ ᠤᠯᠤᠰ ᠤᠨ ᠳᠣᠲᠣᠭᠠᠳᠤ ᠳᠤ ᠤᠷᠢᠳᠠᠪᠠᠷ ᠨᠠᠨᠦᠮᠧᠳ᠋ᠷ ᠤᠨ ᠨᠤᠨᠳᠠᠭ ᠢ ᠪᠣᠬᠢᠷᠲᠤᠯ ᠦᠭᠡᠢ ᠦᠢᠯᠡᠳᠬᠦ ᠵᠡᠷᠭᠡ ᠶᠢᠰᠦᠨ ᠵᠦᠢᠯ ᠤᠨ ᠭᠤᠣᠯᠯᠠᠭᠴᠢ ᠮᠡᠷᠭᠡᠵᠢᠯ ᠢ ᠰᠤᠳᠤᠯᠤᠨ ᠦᠢᠯᠡᠳᠴᠦ᠂ 15 ᠵᠦᠢᠯ ᠤᠨ ᠤᠯᠤᠰ ᠤᠨ ᠡᠭᠦᠳᠦᠯᠲᠡ ᠶᠢᠨ ᠲᠤᠰᠬᠠᠢ ᠠᠰᠢᠭ ᠢ ᠬᠦᠷᠲᠡᠵᠦ᠂ ᠲᠡᠷᠡᠴᠢᠯᠡᠨ ᠠᠩᠬᠠᠳᠤᠭᠠᠷ ᠬᠤᠭᠤᠴᠠᠭᠠᠨ ᠤ ︽ᠣᠷᠳᠣᠰ ᠬᠤᠨᠳᠠᠭᠠᠲᠤ︾ ᠰᠢᠨ᠎ᠡ ᠶᠢ ᠡᠭᠦᠳᠴᠦ ᠦᠢᠯᠡᠰ ᠪᠦᠲᠦᠭᠡᠬᠦ ᠤᠷᠤᠯᠳᠤᠭᠠᠨ ᠳᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠴᠦ ᠦᠰᠦᠨ ᠪᠤᠶᠢᠵᠢᠭᠰᠠᠨ ᠠᠵᠤ ᠠᠬᠤᠶᠢᠯᠠᠯ ᠤᠨ ᠳᠤᠭᠤᠶᠢᠯᠠᠩ ᠤᠨ ᠨᠢᠭᠡᠳᠦᠭᠡᠷ ᠳᠡᠰ ᠤᠨ ᠱᠠᠩᠨᠠᠯ ᠢ ᠬᠦᠷᠲᠡᠵᠡᠢ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠦᠷᠦ ᠶᠢᠨ ᠪᠣᠳᠣᠯᠭ᠎ᠠ ᠶᠢᠨ ᠲᠠᠯ᠎ᠠ ᠪᠠᠷ᠂ ᠣᠷᠳᠣᠰ ᠬᠤᠳᠠ ᠶᠡᠷᠦ ᠨᠢ ᠤᠷᠢᠳᠠᠪᠠᠷ ᠬᠡᠷᠡᠭᠵᠢᠭᠦᠯᠵᠦ ᠤᠷᠢᠳᠠᠪᠠᠷ ᠲᠤᠷᠰᠢᠬᠤ ᠲᠦᠷᠦ ᠶᠢᠨ ᠪᠣᠳᠣᠯᠭ᠎ᠠ ᠲᠠᠢ᠂ ᠬᠥᠮᠥᠨ ᠠᠴᠠ ᠤᠷᠢᠳᠴᠢᠯᠠᠬᠤ ᠰᠥᠰᠥ ᠵᠣᠷᠢᠭ ᠲᠠᠢ᠂ ᠳᠡᠯᠭᠡᠷᠡᠭᠦᠯᠦᠨ ᠳᠠᠭᠤᠷᠢᠶᠠᠯ ᠦᠵᠡᠭᠦᠯᠬᠦ ᠬᠦᠴᠦᠨ ᠲᠠᠢ ᠶᠤᠮ᠃ ᠡᠭᠦᠨ ᠳᠤ ᠥᠪᠥᠷ ᠮᠣᠩᠭᠤᠯ ᠤᠨ ᠭᠤᠸᠠᠩ ᠾᠧ ᠶᠤᠸᠠᠨ ᠤ ᠨᠠᠨᠦᠮᠧᠳ᠋ᠷ ᠤᠨ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠪᠠᠢ ᠲᠤᠤ᠄ ︽ᠣᠶᠢᠷ᠎ᠠ ᠶᠢᠨ ᠵᠢᠯ ᠤᠳ ᠲᠤ᠂ ᠣᠷᠳᠣᠰ ᠬᠤᠲᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ 30 ᠵᠤᠷᠪᠤᠰ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠡᠶᠢᠲᠡᠯᠡᠵᠦ᠂ ᠮᠠᠨ ᠤ ᠺᠣᠮᠫᠠᠨᠢ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠤᠨ ᠲᠠᠯ᠎ᠠ ᠪᠠᠷ 1000 ᠭᠠᠷᠤᠢ ᠲᠦᠮᠡᠨ ᠲᠥᠭᠦᠷᠢᠭ ᠤᠨ ᠳᠡᠮᠵᠢᠯᠭᠡ ᠶᠢᠨ ᠪᠡᠯᠡ ᠮᠥᠩᠭᠦ ᠣᠯᠵᠤ᠂ ᠺᠣᠮᠫᠠᠨᠢ ᠶᠢᠨ ᠦᠢᠯᠡᠳᠬᠦᠨ ᠤ ᠰᠤᠳᠤᠯᠤᠨ ᠨᠡᠭᠡᠭᠡᠯᠲᠡ ᠵᠢᠴᠢ ᠪᠦᠬᠦᠯᠢ ᠴᠣᠭᠴᠠ ᠶᠢᠨ ᠬᠢᠷᠢ ᠲᠦᠪᠰᠢᠨ ᠤ ᠳᠡᠭᠡᠭᠰᠢᠯᠡᠯᠲᠡ ᠳᠤ ᠴᠥᠮ ᠮᠠᠰᠢ ᠶᠡᠭᠡ ᠬᠠᠪᠰᠤᠷᠤᠯᠭ᠋ ᠎ᠠ ᠦᠵᠡᠭᠦᠯᠦᠭᠰᠡᠨ ᠶᠤᠮ︾ ᠭᠡᠵᠦ ᠪᠠᠶᠢᠯ ᠎ᠠ᠃ ᠪᠦᠷᠢᠳᠬᠡᠯ ᠢ ᠦᠨᠳᠦᠰᠦᠯᠡᠪᠡᠯ᠂ ᠡᠨᠡ ᠵᠢᠯ ᠤᠨ 1 — 10 ᠰᠠᠷ᠎ᠠ ᠳᠤ᠂ ᠣᠷᠳᠣᠰ ᠬᠤᠲᠠ ᠶᠢᠨ ᠮᠡᠷᠭᠡᠵᠢᠯ ᠤᠨ ᠭᠡᠷ᠎ᠡ ᠶᠢᠨ ᠠᠷᠠᠯᠵᠢᠶ᠎ᠠ ᠪᠦᠲᠦᠭᠰᠡᠨ ᠲᠤᠭ᠎ᠠ 30700.45 ᠲᠦᠮᠡᠨ ᠲᠥᠭᠦᠷᠢᠭ ᠲᠤ ᠬᠦᠷᠴᠦ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠪᠠ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠤᠨ ᠲᠤᠭ᠎ᠠ ᠲᠣᠰ ᠲᠣᠰ 228 ᠪᠠ 312 ᠪᠣᠯᠵᠠᠢ᠃       ᠣᠷᠳᠣᠰ ᠬᠤᠳᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠳᠡᠳ᠋ ᠳᠠᠷᠤᠭ᠎ᠠ ᠪᠦ᠋ ᠵᠢᠶᠠᠨ ᠪᠢᠨ᠄ ︽ᠲᠠᠷᠠᠭᠠᠴᠢ ᠶᠢᠨ ᠠᠯᠬᠤᠮ ᠳᠤ᠂ ᠪᠢᠳᠡ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠪᠥᠬᠦ ᠤᠯᠤᠰ ᠤᠨ ᠲᠡᠷᠢᠭᠦᠨ ᠤ ᠰᠢᠨ᠎ᠡ ᠶᠢ ᠡᠭᠦᠳᠬᠦ ᠠᠮᠢ ᠠᠬᠤᠢ ᠶᠢ ᠪᠥᠬᠦ ᠬᠦᠴᠦᠨ ᠢᠶᠠᠷ ᠢᠶᠠᠨ ᠴᠣᠭᠴᠠᠯᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥ ᠶᠢᠨ ᠪᠣᠳᠣᠯᠭ᠎ᠠ ᠶᠢᠨ ᠲᠠᠰ ᠳᠡᠪᠰᠢᠬᠦ ᠶᠢ ᠲᠦᠷᠭᠡᠳᠬᠡᠨ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠦᠨ᠂ ᠲᠥᠷᠥ ᠶᠢᠨ ᠪᠣᠳᠣᠯᠭ᠎ᠠ ᠶᠢᠨ ᠠᠰᠢᠭ ᠬᠦᠷᠲᠡᠭᠡᠮᠵᠢ ᠶᠢ ᠭᠦᠢᠴᠡᠳ ᠪᠠᠳᠠᠷᠠᠭᠤᠯᠵᠤ᠂ ᠥᠨᠳᠥᠷ ᠬᠢᠷᠢ ᠲᠦᠪᠰᠢᠨ ᠪᠦᠬᠦᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢᠶᠠᠷ ᠠᠵᠤ ᠦᠢᠯᠡᠰ ᠤᠨ ᠴᠢᠨᠠᠷ ᠰᠠᠶᠢᠲᠠᠢ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠶᠢ ᠲᠤᠯᠭᠠᠭᠤᠷᠢᠯᠠᠨ ᠳᠠᠭᠠᠭᠤᠯᠤᠨ᠎ᠠ︾ ᠭᠡᠵᠡᠢ᠃ 
ᠢᠷᠡᠯᠲᠡ᠄ ᠣᠷᠳᠣᠰ ᠤᠨ ᠡᠳᠦᠷ ᠤᠨ ᠰᠣᠨᠢᠨ