ᠭᠤᠤ ᠬᠤᠸᠠᠢ ᠵᠢᠩ ᠤᠯᠠᠭᠠᠨᠪᠠᠯᠭᠠᠰᠣ ᠪᠣᠯᠣᠨ ᠠᠷᠪᠠᠰ ᠰᠤᠮᠤᠨ ᠳᠤ ᠭᠤᠣᠯ ᠨᠠᠭᠤᠷ ᠴᠥᠬᠦᠷᠣᠮ ᠢ ᠴᠠᠭᠳᠠᠨ ᠪᠠᠶᠢᠴᠠᠭᠠᠬᠤ ᠶᠢᠨ ᠬᠠᠮᠲᠤ ᠤᠯᠤᠰ ᠤᠨ ᠡᠵᠡᠮᠳᠡᠯ ᠤᠨ ᠣᠭᠲᠣᠯᠣᠭᠠᠰᠤ ᠶᠢᠨ ᠤᠰᠤᠨ ᠤ ᠴᠢᠨᠠᠷ ᠢ ᠬᠢᠨᠠᠨ ᠪᠠᠶᠢᠴᠠᠭᠠᠪᠠ
ᠨᠡᠶᠢᠲᠡᠯᠡᠭᠰᠡᠨ ᠴᠠᠭ᠄
2023/11/9
      11 ᠰᠠᠷ᠎ᠠ ᠶᠢᠨ 8 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠭᠤᠸ ᠬᠤᠸᠠᠢ ᠵᠢᠩ ᠤᠯᠠᠭᠠᠨᠪᠠᠯᠭᠠᠰᠣ ᠪᠠ ᠠᠷᠪᠠᠰ ᠰᠤᠮᠤᠨ ᠳᠤ ᠭᠤᠣᠯ ᠨᠠᠭᠤᠷ ᠴᠥᠬᠦᠷᠣᠮ ᠢ ᠴᠠᠭᠳᠠᠨ ᠪᠠᠶᠢᠴᠠᠭᠠᠬᠤ ᠶᠢᠨ ᠬᠠᠮᠲᠤ ᠤᠯᠤᠰ ᠤᠨ ᠡᠵᠡᠮᠳᠡᠯ ᠤᠨ ᠣᠭᠲᠣᠯᠣᠭᠠᠰᠤ ᠶᠢᠨ ᠤᠰᠤᠨ ᠤ ᠴᠢᠨᠠᠷ ᠢ ᠬᠢᠨᠠᠨ ᠪᠠᠶᠢᠴᠠᠭᠠᠵᠤ᠂ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ᠂ ᠭᠤᠣᠯ ᠮᠥᠷᠡᠨ ᠤ ᠳᠠᠷᠤᠭ᠎ᠠ ᠶᠢᠨ ᠠᠯᠪᠠᠨ ᠭᠡᠷ ᠤᠨ ᠬᠠᠷᠢᠭᠤᠴᠠᠯᠭᠠᠲᠠᠨ ᠣᠷᠣᠯᠴᠠᠵᠠᠢ᠃
1.jpg
      ᠤᠯᠠᠭᠠᠨᠪᠠᠯᠭᠠᠰᠤᠨ ᠤ ᠴᠠᠭᠠᠨᠨᠠᠭᠤᠷ ᠭᠠᠴᠠᠭ᠎ᠠ ᠪᠠᠷ ᠪᠠᠶᠢᠴᠠᠭᠠᠨ ᠦᠵᠡᠬᠦ ᠳᠡᠭᠡᠨ᠂ ᠭᠤᠤ ᠬᠤᠸᠠᠢ ᠵᠢᠩ ᠳᠣᠰᠤᠲᠤ ᠶᠢᠨ ᠭᠤᠣᠯ ᠢ ᠡᠬᠢ ᠡᠭᠦᠰᠦᠯ ᠠᠴᠠ ᠨᠢ ᠬᠠᠮᠠᠭᠠᠯᠠᠭᠰᠠᠨ ᠪᠠᠶᠢᠳᠠᠯ ᠤᠨ ᠲᠤᠬᠠᠢ ᠲᠠᠨᠢᠯᠴᠠᠭᠤᠯᠭ᠎ᠠ ᠶᠢ ᠨᠠᠷᠢᠨ ᠨᠢᠮᠪᠡᠢ ᠰᠣᠨᠣᠰᠤᠭᠰᠠᠨ ᠤ ᠳᠠᠷᠠᠭ᠎ᠠ᠂ ᠭᠤᠣᠯ ᠮᠥᠷᠡᠨ ᠨᠠᠭᠤᠷ ᠴᠥᠭᠦᠷᠥᠮ ᠤᠨ ᠡᠬᠢ ᠪᠠᠶᠠᠯᠢᠭ ᠢ ᠰᠠᠶᠢᠲᠤᠷ ᠬᠠᠮᠠᠭᠠᠯᠠᠬᠤ ᠨᠢ ᠤᠰᠤᠨ ᠤ ᠡᠬᠢ ᠰᠤᠷᠪᠤᠯᠵᠢ ᠶᠢ ᠬᠠᠳᠠᠭᠠᠯᠠᠬᠤ᠂ ᠠᠮᠢ ᠠᠬᠤᠢ ᠶᠢᠨ ᠠᠮᠤᠷ ᠲᠦᠪᠰᠢᠨ ᠢ ᠬᠠᠮᠠᠭᠠᠯᠠᠬᠤ ᠵᠡᠷᠭᠡ ᠳᠤ ᠲᠤᠶᠢᠯ ᠤᠨ ᠴᠢᠬᠤᠯᠠ ᠠᠴᠢ ᠬᠤᠯᠪᠣᠭᠳᠠᠯ ᠲᠠᠢ᠃ ᠡᠯ᠎ᠡ ᠰᠤᠮᠤ ᠪᠠᠯᠭᠠᠰᠤ ᠵᠢᠴᠢ ᠬᠤᠯᠪᠣᠭᠳᠠᠯ ᠪᠦᠬᠦᠢ ᠪᠠᠶᠢᠭᠤᠯᠭ᠎ᠠ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠰᠤᠨ ᠤ ᠡᠬᠢ ᠰᠤᠷᠪᠤᠯᠵᠢ ᠶᠢ ᠡᠬᠢ ᠡᠭᠦᠰᠦᠯ ᠠᠴᠠ ᠨᠢ ᠬᠠᠮᠠᠭᠠᠯᠠᠬᠤ ᠪᠠ ᠪᠥᠬᠦ ᠰᠠᠪᠠ ᠭᠠᠵᠠᠷ ᠤᠨ ᠠᠮᠢ ᠠᠬᠤᠢ ᠶᠢ ᠬᠠᠮᠠᠭᠠᠯᠠᠵᠤ ᠵᠠᠰᠠᠬᠤ ᠡᠷᠴᠢᠮ ᠢ ᠦᠨᠡᠨᠬᠦ ᠴᠢᠩᠭᠠᠳᠬᠠᠨ᠂ ᠤᠰᠤ ᠨᠢ ᠲᠤᠩᠭᠠᠯᠠᠭ᠂ ᠡᠷᠭᠢ ᠨᠢ ᠨᠣᠭᠤᠭᠠᠨ᠂ ᠭᠤᠣᠯ ᠨᠢ ᠤᠷᠤᠰᠬᠠᠯ ᠲᠠᠢ᠂ ᠦᠵᠡᠮᠵᠢ ᠨᠢ ᠭᠤᠶᠣ ᠤᠰᠤᠨ ᠤ ᠠᠮᠢ ᠠᠬᠤᠢ ᠶᠢᠨ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠢ ᠭᠡᠵᠤ ᠵᠢᠭᠠᠵᠤ ᠭᠠᠷᠭᠠᠪᠠ᠃      ᠪᠣᠯᠦᠩ ᠤᠨ ᠬᠤᠶᠠᠳᠤᠭᠠᠷ ᠤᠰᠤᠨ ᠴᠥᠭᠦᠷᠥᠮ ᠢ ᠪᠠᠶᠢᠴᠠᠭᠠᠨ ᠦᠵᠡᠬᠦ ᠳᠡᠭᠡᠨ᠂ ᠭᠤᠸ ᠬᠤᠸᠠᠢ ᠵᠢᠩ ᠬᠤᠯᠪᠣᠭᠳᠠᠯ ᠪᠦᠬᠦᠢ ᠰᠤᠮᠤ ᠪᠠᠯᠭᠠᠰᠤ ᠪᠠᠶᠢᠴᠠᠭᠠᠯᠲᠠ ᠪᠠᠷ ᠢᠯᠡᠷᠡᠭᠦᠯᠦᠭᠰᠡᠨ ᠳᠣᠣᠷᠠᠳᠤ ᠤᠷᠤᠰᠬᠠᠯ ᠳᠠᠬᠢ ᠭᠤᠣᠯ ᠤᠨ ᠵᠠᠮ ᠤᠨ ︽ᠳᠤᠷ᠎ᠠ ᠪᠠᠷ ᠡᠵᠡᠯᠡᠭᠰᠡᠨ ᠮᠠᠯᠲᠠᠭᠰᠠᠨ ᠣᠪᠣᠭᠠᠯᠠᠭᠰᠠᠨ ᠪᠠᠶᠢᠭᠤᠯᠤᠭᠰᠠᠨ︾ ᠠᠰᠠᠭᠤᠳᠠᠯ ᠢ ᠲᠡᠷᠡ ᠳᠣᠣᠷ᠎ᠠ ᠨᠢ ᠴᠡᠭᠴᠡᠯᠡᠨ ᠵᠠᠰᠠᠬᠤ ᠬᠡᠷᠡᠭᠲᠡᠢ ᠭᠡᠵᠦ ᠱᠠᠭᠠᠷᠳᠠᠭᠰᠠᠨ ᠪᠥᠭᠡᠳ ᠬᠤᠯᠪᠣᠭᠳᠠᠯ ᠪᠦᠬᠦᠢ ᠬᠠᠷᠢᠭᠤᠴᠠᠯᠭᠠᠲᠠᠨ ᠭᠤᠣᠯ ᠤᠨ ᠵᠠᠮ ᠤᠨ ᠡᠳᠦᠷ ᠲᠤᠲᠤᠮ ᠤᠨ ᠴᠠᠭᠳᠠᠨ ᠪᠠᠶᠢᠴᠠᠭᠠᠯᠲᠠ ᠪᠠ ᠤᠰᠤᠨ ᠤ ᠡᠷᠭᠢ ᠶᠢᠨ ᠱᠤᠭᠤᠮ ᠤᠨ ᠬᠠᠮᠢᠶᠠᠷᠤᠯᠲᠠ ᠶᠢ ᠴᠢᠩᠭᠠᠳᠬᠠᠵᠤ᠂ ᠭᠤᠣᠯ ᠮᠥᠷᠡᠨ ᠨᠠᠭᠤᠷ ᠴᠥᠭᠦᠷᠥᠮ ᠤᠨ ︽ᠳᠤᠷ᠎ᠠ ᠪᠠᠷ ᠡᠵᠡᠯᠡᠭᠰᠡᠨ ᠮᠠᠯᠲᠠᠭᠰᠠᠨ ᠣᠪᠣᠭᠠᠯᠠᠭᠰᠠᠨ ᠪᠠᠶᠢᠭᠤᠯᠤᠭᠰᠠᠨ ᠠᠰᠠᠭᠤᠳᠠᠯ ᠢ ᠴᠡᠭᠴᠡᠯᠡᠬᠦ︾ ᠠᠵᠢᠯᠯᠠᠭ᠎ᠠ ᠶᠢ ᠪᠠᠶᠢᠩᠭᠤ ᠥᠷᠨᠢᠭᠦᠯᠦᠨ᠂ ᠠᠰᠠᠭᠤᠳᠠᠯ ᠢ ᠴᠠᠭ ᠳᠠᠷᠤᠢ ᠳᠤᠨᠢ ᠢᠯᠡᠷᠡᠭᠦᠯᠵᠦ᠂ ᠴᠠᠭ ᠲᠤᠬᠠᠢ ᠳᠤᠨᠢ ᠰᠢᠢᠳᠪᠦᠷᠢᠯᠡᠨ᠂ ᠭᠤᠣᠯ ᠮᠥᠷᠡᠨ ᠨᠠᠭᠤᠷ ᠴᠥᠬᠦᠷᠣᠮ ᠢ ᠬᠠᠮᠠᠭᠠᠯᠠᠬᠤ ᠬᠠᠷᠢᠭᠤᠴᠠᠯᠭ᠎ᠠ ᠪᠠᠨ ᠡᠭᠦᠷᠭᠡᠯᠡᠵᠦ᠂ ᠭᠤᠣᠯ ᠮᠥᠷᠡᠨ ᠨᠠᠭᠤᠷ ᠴᠥᠬᠦᠷᠣᠮ ᠢ ᠵᠠᠰᠠᠬᠤ ᠬᠠᠷᠢᠭᠤᠴᠠᠯᠭ᠎ᠠ ᠪᠠᠨ ᠭᠦᠢᠴᠡᠳᠬᠡᠬᠦ ᠶᠢ ᠦᠨᠡᠨ ᠬᠦ ᠪᠡᠶᠡᠯᠡᠭᠦᠯᠬᠦ ᠬᠡᠷᠡᠭᠲᠡᠢ ᠭᠡᠪᠡ᠃      ᠳᠣᠰᠤᠲᠤ ᠶᠢᠨ ᠭᠤᠣᠯ ᠤᠨ ᠤᠯᠤᠰ ᠤᠨ ᠡᠵᠡᠮᠳᠡᠯ ᠤᠨ ᠣᠭᠲᠣᠯᠣᠭᠠᠰᠤ ᠶᠢᠨ ᠤᠰᠤᠨ ᠤ ᠴᠢᠨᠠᠷ ᠢ ᠪᠠᠶᠢᠴᠠᠭᠠᠨ ᠦᠵᠡᠬᠦ ᠳᠡᠭᠡᠨ᠂ ᠭᠤᠤ ᠬᠤᠸᠠᠢ ᠵᠢᠩ ᠡᠯ᠎ᠡ ᠰᠠᠷ᠎ᠠ ᠶᠢᠨ ᠤᠰᠤᠨ ᠤ ᠴᠢᠨᠠᠷ ᠢ ᠰᠢᠯᠭᠠᠨ ᠪᠠᠶᠢᠴᠠᠭᠠᠭᠰᠠᠨ ᠪᠠᠶᠢᠳᠠᠯ ᠢ ᠲᠤᠬᠠᠢ ᠶᠢᠨ ᠭᠠᠵᠠᠷ ᠲᠤᠨᠢ ᠣᠶᠢᠯᠠᠭᠠᠭᠰᠠᠨ ᠪᠦᠭᠡᠳ ᠬᠤᠯᠪᠣᠭᠳᠠᠯ ᠪᠦᠬᠦᠢ ᠪᠠᠶᠢᠭᠤᠯᠭ᠎ᠠ ᠨᠤᠭᠤᠳ ᠬᠢᠨᠠᠨ ᠰᠢᠯᠭᠠᠬᠤ ᠤᠳᠠᠭ᠎ᠠ ᠲᠤᠭ᠎ᠠ ᠪᠠᠨ ᠣᠯᠠᠰᠢᠷᠠᠭᠤᠯᠵᠤ᠂ ᠤᠰᠤᠨ ᠤ ᠴᠢᠨᠠᠷ ᠤᠨ ᠬᠤᠪᠢᠷᠠᠯᠲᠠ ᠶᠢᠨ ᠬᠠᠨᠳᠤᠰᠢ ᠶᠢ ᠪᠦᠬᠦ ᠲᠠᠯ᠎ᠠ ᠪᠠᠷ ᠵᠠᠳᠠᠯᠤᠨ᠂ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ ᠤᠯᠤᠰ ᠤᠨ ᠡᠵᠡᠮᠳᠡᠯ ᠤᠨ ᠣᠭᠲᠣᠯᠣᠭᠠᠰᠤ ᠶᠢᠨ ᠤᠰᠤᠨ ᠤ ᠴᠢᠨᠠᠷ ᠢ ᠤᠷᠳᠤ ᠬᠤᠭᠤᠴᠠᠭ᠎ᠠ ᠪᠠᠷ ᠲᠣᠭᠲᠠᠭᠤᠨ ᠢᠶᠠᠷ ᠪᠠᠷᠢᠮᠵᠢᠶ᠎ᠠ ᠳᠤ ᠬᠦᠷᠭᠡᠬᠦ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃     
ᠢᠷᠡᠯᠲᠡ᠄ ᠤᠲᠤᠭ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ