1 — 10 ᠰᠠᠷ᠎ᠠ ᠳᠤ ᠪᠥᠬᠦ ᠬᠤᠲᠠ ᠶᠢᠨ ᠡᠳ᠋ ᠤᠨ ᠵᠠᠰᠠᠭ ᠤᠨ ᠨᠥᠬᠦᠪᠥᠷᠢ ᠮᠥᠩᠭᠦ ᠶᠢ ︽ᠨᠢᠭᠡ ᠺᠠᠷᠲ︾ ᠢᠶᠠᠷ ᠨᠡᠶᠢᠲᠡ 37.5 ᠳ᠋ᠥᠡᠭᠰᠢᠭᠤᠷ ᠲᠥᠭᠦᠷᠢᠭ ᠲᠠᠷᠬᠠᠭᠠᠪᠠ
ᠨᠡᠶᠢᠲᠡᠯᠡᠭᠰᠡᠨ ᠴᠠᠭ᠄
2023/11/9
      ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ 2023 ᠣᠨ ᠤ 10 ᠰᠠᠷ᠎ᠠ ᠶᠢᠨ 31 ᠤ ᠡᠳᠦᠷ ᠪᠣᠯᠲᠠᠯ᠎ᠠ᠂ ᠪᠥᠬᠦ ᠬᠤᠲᠠ ᠶᠢᠨ ᠡᠳ᠋ ᠤᠨ ᠵᠠᠰᠠᠭ ᠤᠨ ᠨᠥᠬᠦᠪᠥᠷᠢ ᠮᠥᠩᠭᠦ ᠶᠢ ︽ᠨᠢᠭᠡ ᠺᠠᠷᠲ︾ ᠢᠶᠠᠷ ᠨᠡᠶᠢᠲᠡ 375054.56 ᠲᠦᠮᠡᠨ ᠲᠥᠭᠦᠷᠢᠭ ᠲᠠᠷᠬᠠᠭᠠᠵᠤ᠂ 2544755 ᠬᠥᠮᠦᠨ ᠤᠳᠠᠭ᠎ᠠ ᠳᠤ ᠠᠰᠢᠭ ᠬᠦᠷᠲᠡᠭᠡᠨ᠂ 10 ᠬᠦᠷᠢᠶ᠎ᠠ ᠴᠠᠷᠠᠭᠠᠨ ᠳᠠᠬᠢ 94 ᠲᠥᠷᠥᠯ ᠤᠨ 116 ᠵᠦᠢᠯ ᠤᠨ ᠨᠥᠬᠦᠪᠥᠷᠢ ᠳᠤ ᠬᠤᠯᠪᠣᠭᠳᠠᠬᠰᠠᠨ ᠪᠠᠶᠢᠨ᠎ᠠ᠃      ᠡᠭᠦᠨ ᠳᠤ᠂ ᠲᠥᠪ᠂ ᠥᠪᠡᠷᠲᠡᠭᠡᠨ ᠵᠠᠰᠠᠬᠤ ᠣᠷᠣᠨ ᠠᠴᠠ 160886.41 ᠲᠦᠮᠡᠨ ᠲᠥᠭᠦᠷᠢᠭ ᠤᠨ ᠨᠥᠬᠦᠪᠥᠷᠢ ᠣᠯᠭᠤᠵᠤ᠂ ᠬᠤᠲᠠ ᠶᠢᠨ ᠱᠠᠲᠤ ᠪᠠ ᠬᠤᠰᠢᠭᠤ ᠲᠣᠭᠤᠷᠢᠭ ᠠᠴᠠ ᠥᠪᠡᠷ ᠲᠡᠭᠡᠨ 214168.15 ᠲᠦᠮᠡᠨ ᠲᠥᠭᠦᠷᠢᠭ ᠤᠨ ᠨᠥᠬᠦᠪᠥᠷᠢ ᠲᠠᠷᠬᠠᠭᠠᠬᠰᠠᠨ ᠪᠠᠶᠢᠨ᠎ᠠ᠃ ᠨᠥᠬᠦᠪᠥᠷᠢ ᠮᠥᠩᠭᠦ ᠲᠠᠷᠬᠠᠭᠠᠬᠤ ᠬᠦᠷᠢᠶ᠎ᠡ ᠴᠠᠷᠠᠭᠠᠨ ᠤ ᠲᠠᠯ᠎ᠠ ᠪᠠᠷ᠂ ᠲᠠᠷᠢᠶᠠᠯᠠᠩ ᠮᠠᠯ ᠠᠵᠤ ᠠᠬᠤᠶ᠂ ᠣᠶ ᠰᠢᠭᠤᠶ᠂ ᠠᠷᠠᠯᠵᠢᠶ᠎ᠠ ᠬᠤᠳᠠᠯᠳᠤᠭ᠎ᠠ ᠭᠦᠢᠯᠭᠡᠭᠡ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ᠂ ᠲᠥᠯᠥᠪᠯᠡᠭᠡᠲᠦ ᠭᠦᠡᠭᠭᠡᠵᠢᠯ᠂ ᠪᠦᠲᠦᠭᠡᠨ ᠪᠠᠶᠢᠭᠤᠯᠤᠯᠲᠠ᠂ ᠨᠡᠶᠢᠭᠡᠮ ᠤᠨ ᠪᠠᠲᠤᠯᠠᠭ᠎ᠠ᠂ ᠴᠠᠯᠢᠩ ᠤᠨ ᠨᠥᠬᠦᠪᠥᠷᠢ ᠵᠡᠷᠭᠡ 10 ᠬᠦᠷᠢᠶ᠎ᠠ ᠴᠠᠷᠠᠭᠠᠨ ᠳᠤ ᠬᠤᠯᠪᠣᠭᠳᠠᠵᠠᠢ᠃      ᠡᠭᠦᠨ ᠳᠤ ᠲᠠᠷᠢᠶᠠᠯᠠᠩ ᠤᠨ ᠲᠥᠷᠥᠯ ᠤᠨ ᠨᠥᠬᠦᠪᠥᠷᠢ 51231.97 ᠲᠦᠮᠡᠨ ᠲᠥᠭᠦᠷᠢᠭ᠂ ᠮᠠᠯ ᠠᠵᠤ ᠠᠬᠤᠶ ᠶᠢᠨ ᠲᠥᠷᠥᠯ ᠤᠨ ᠨᠥᠬᠦᠪᠥᠷᠢ 48740.34 ᠲᠦᠮᠡᠨ ᠲᠥᠭᠦᠷᠢᠭ᠂ ᠣᠶ ᠰᠢᠭᠤᠶ ᠶᠢᠨ ᠲᠥᠷᠥᠯ ᠤᠨ ᠨᠥᠬᠦᠪᠥᠷᠢ 14079.36 ᠲᠦᠮᠡᠨ ᠲᠥᠭᠦᠷᠢᠭ᠂ ᠠᠷᠠᠯᠵᠢᠶ᠎ᠠ ᠬᠤᠳᠠᠯᠳᠤᠭ᠎ᠠ ᠭᠦᠢᠯᠭᠡᠭᠡᠨ ᠤ ᠲᠥᠷᠥᠯ ᠤᠨ ᠨᠥᠬᠦᠪᠥᠷᠢ 871.44 ᠲᠦᠮᠡᠨ ᠲᠥᠭᠦᠷᠢᠭ᠂ ᠰᠤᠷᠭᠠᠨ ᠬᠥᠮᠦᠵᠢᠯ ᠤᠨ ᠲᠥᠷᠥᠯ ᠤᠨ ᠨᠥᠬᠦᠪᠥᠷᠢ 412. 88 ᠲᠦᠮᠡᠨ ᠲᠥᠭᠦᠷᠢᠭ᠂ ᠡᠷᠡᠭᠦᠯ ᠬᠠᠮᠠᠭᠠᠯᠠᠯ ᠤᠨ ᠲᠥᠷᠥᠯ ᠤᠨ ᠨᠥᠬᠦᠪᠥᠷᠢ 39.77 ᠲᠦᠮᠡᠨ ᠲᠥᠭᠦᠷᠢᠭ᠂ ᠲᠥᠯᠥᠪᠯᠡᠭᠡᠲᠦ ᠭᠦᠡᠭᠭᠡᠵᠢᠯ ᠤᠨ ᠲᠦᠷᠦᠯ ᠤᠨ ᠨᠥᠬᠦᠪᠥᠷᠢ 3800.24 ᠲᠦᠮᠡᠨ ᠲᠥᠭᠦᠷᠢᠭ᠂ ᠪᠥᠲᠥᠭᠡᠨ ᠪᠠᠶᠢᠭᠤᠯᠤᠯᠲᠠ ᠶᠢᠨ ᠲᠥᠷᠥᠯ ᠤᠨ ᠨᠥᠬᠦᠪᠥᠷᠢ 170293.14 ᠲᠦᠮᠡᠨ ᠲᠥᠭᠦᠷᠢᠭ᠂ ᠨᠡᠶᠢᠭᠡᠮ ᠤᠨ ᠪᠠᠲᠤᠯᠠᠭ᠎ᠠ ᠶᠢᠨ ᠲᠥᠷᠥᠯ ᠤᠨ ᠨᠥᠬᠦᠪᠥᠷᠢ 50704.06 ᠲᠦᠮᠡᠨ ᠲᠥᠭᠦᠷᠢᠭ᠂ ᠴᠠᠯᠢᠩ ᠤᠨ ᠲᠥᠷᠥᠯ ᠤᠨ ᠨᠥᠬᠦᠪᠥᠷᠢ 34881.36 ᠲᠦᠮᠡᠨ ᠲᠥᠭᠦᠷᠢᠭ ᠲᠠᠷᠬᠠᠭᠠᠪᠠ᠃ ᠭᠠᠵᠠᠷ ᠣᠷᠣᠨ ᠤ ᠲᠠᠷᠬᠠᠭᠠᠯᠲᠠ ᠶᠢᠨ ᠲᠤᠭ᠎ᠠ ᠬᠡᠮᠵᠢᠶ᠎ᠡ ᠶᠢᠨ ᠲᠠᠯ᠎ᠠ ᠪᠠᠷ᠂ ᠡᠵᠡᠨ ᠬᠤᠷᠤᠭ᠎ᠠ ᠬᠤᠰᠢᠭᠤ 188050.15 ᠲᠦᠮᠡᠨ ᠲᠥᠭᠦᠷᠢᠭ ᠲᠠᠷᠬᠠᠭᠠᠵᠤ᠂ ᠪᠥᠬᠦ ᠬᠤᠲᠠ ᠶᠢᠨ ᠲᠡᠷᠢᠭᠦᠨ ᠳᠤ ᠵᠢᠭᠰᠠᠭᠠᠭᠳᠠᠪᠠ︔ ᠵᠡᠭᠦᠨᠭᠠᠷ ᠬᠤᠰᠢᠭᠤ᠂ ᠳᠠᠯᠠᠳ ᠬᠤᠰᠢᠭᠤ ᠲᠣᠰ ᠲᠣᠰ 43218.12 ᠲᠦᠮᠡᠨ ᠲᠥᠭᠦᠷᠢᠭ᠂ 37668. 10 ᠲᠦᠮᠡᠨ ᠲᠥᠭᠦᠷᠢᠭ ᠲᠠᠷᠬᠠᠭᠠᠵᠤ᠂ ᠪᠥᠬᠦ ᠬᠤᠲᠠ ᠶᠢᠨ ᠬᠤᠶᠠᠳᠤᠭᠠᠷ᠂ ᠭᠤᠷᠪᠠᠳᠤᠭᠠᠷ ᠲᠤ ᠵᠢᠭᠰᠠᠭᠠᠭᠳᠠᠨ᠂ ᠬᠠᠩᠭᠢᠨ ᠬᠤᠰᠢᠭᠤ 32523.80 ᠲᠦᠮᠡᠨ ᠲᠥᠭᠦᠷᠢᠭ ᠲᠠᠷᠬᠠᠭᠠᠵᠤ᠂ ᠣᠲᠤᠭ ᠬᠤᠰᠢᠭᠤ 26331.01 ᠲᠦᠮᠡᠨ ᠲᠥᠭᠦᠷᠢᠭ ᠲᠠᠷᠬᠠᠭᠠᠵᠤ᠂ ᠦᠦᠰᠢᠨ ᠬᠤᠰᠢᠭᠤ 25221.48 ᠲᠦᠮᠡᠨ ᠲᠥᠭᠦᠷᠢᠭ ᠲᠠᠷᠬᠠᠭᠠᠵᠤ᠂ ᠣᠲᠤᠭ ᠤᠨ ᠡᠮᠦᠨᠡᠲᠦ ᠬᠤᠰᠢᠭᠤ 16031.97 ᠲᠦᠮᠡᠨ ᠲᠥᠭᠦᠷᠢᠭ ᠲᠠᠷᠬᠠᠭᠠᠵᠤ᠂ ᠳ᠋ᠦᠩᠱᠧᠩ ᠲᠣᠭᠤᠷᠢᠭ 3328.72 ᠲᠦᠮᠡᠨ ᠲᠥᠭᠦᠷᠢᠭ ᠲᠠᠷᠬᠠᠭᠠᠵᠤ᠂ ᠬᠢᠶ᠎ᠠ ᠪᠠᠭᠰᠢ ᠲᠣᠭᠤᠷᠢᠭ 2681.21 ᠲᠦᠮᠡᠨ ᠲᠥᠭᠦᠷᠢᠭ ᠲᠠᠷᠬᠠᠭᠠᠪᠡ᠃ ᠨᠥᠬᠦᠪᠥᠷᠢ ᠣᠯᠭᠤᠬᠤ ᠡᠲᠡᠭᠡᠳ ᠤᠨ ᠲᠠᠷᠬᠠᠯᠲᠠ ᠶᠢᠨ ᠲᠠᠯ᠎ᠠ ᠪᠠᠷ᠂ ︽ᠨᠢᠭᠡ ᠺᠠᠷᠲ︾ ᠢᠶᠠᠷ ᠳᠠᠮᠵᠢᠭᠤᠯᠤᠨ ᠮᠠᠯᠴᠢᠨ ᠲᠠᠷᠢᠶᠠᠴᠢᠳ ᠲᠤ 367515.05 ᠲᠦᠮᠡᠨ ᠲᠥᠭᠦᠷᠢᠭ ᠤᠨ ᠨᠥᠬᠦᠪᠥᠷᠢ ᠮᠥᠩᠭᠦ ᠣᠯᠭᠤᠵᠤ᠂ ᠨᠡᠶᠢᠲᠡ 2469348 ᠬᠥᠮᠦᠨ ᠤᠳᠠᠭ᠎ᠠ ᠳᠤ ᠲᠠᠷᠬᠠᠭᠠᠪᠠ︔ ᠬᠤᠲᠠ ᠪᠠᠯᠭᠠᠰᠤ ᠶᠢᠨ ᠰᠠᠭᠤᠭᠠᠯᠢ ᠠᠷᠠᠳ ᠲᠤ 7539.51 ᠲᠦᠮᠡᠨ ᠲᠥᠭᠦᠷᠢᠭ ᠤᠨ ᠨᠥᠬᠦᠪᠥᠷᠢ ᠮᠥᠩᠭᠦ ᠣᠯᠭᠤᠵᠤ᠂ ᠨᠡᠶᠢᠲᠡ 75407 ᠬᠥᠮᠦᠨ ᠤᠳᠠᠭ᠎ᠠ ᠳᠤ ᠲᠠᠷᠬᠠᠭᠠᠪᠠ᠃ 
ᠢᠷᠡᠯᠲᠡ᠄ ᠤᠷᠳᠤᠰ ᠤᠨ ᠡᠳᠤᠷ ᠤᠨ ᠰᠤᠨᠢᠨ