ᠦᠰᠦᠭ ᠪᠢᠴᠢᠭ ᠢᠶᠠᠷ ᠦᠭᠦᠯᠡᠬᠦᠢ᠄ ︽ᠰᠣᠶᠣᠯ ᠪᠠ ᠵᠢᠭᠤᠯᠴᠢᠯᠠᠯ ᠢ ᠪᠠᠷᠢᠮᠵᠢᠶᠠᠵᠢᠭᠤᠯᠬᠤ ᠠᠵᠢᠯ ᠤᠨ ᠬᠠᠮᠢᠶᠠᠷᠤᠯᠲᠠ ᠶᠢᠨ ᠠᠷᠭ᠎ᠠ︾ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/12/12
       ︽ᠰᠣᠶᠣᠯ ᠪᠠ ᠵᠢᠭᠤᠯᠴᠢᠯᠠᠯ ᠢ ᠪᠠᠷᠢᠮᠵᠢᠶᠠᠵᠢᠭᠤᠯᠬᠤ ᠠᠵᠢᠯ ᠤᠨ ᠬᠠᠮᠢᠶᠠᠷᠤᠯᠲᠠ ᠶᠢᠨ ᠠᠷᠭ᠎ᠠ︾ ᠶᠢᠨ ᠲᠠᠶᠢᠯᠤᠮᠵᠢ      ᠣᠶᠢᠷ᠎ᠠ ᠳᠤ᠂ ᠰᠣᠶᠣᠯ ᠪᠠ ᠵᠢᠭᠤᠯᠴᠢᠯᠠᠯ ᠤᠨ ᠶᠠᠮᠤᠨ ︽ᠰᠣᠶᠣᠯ ᠪᠠ ᠵᠢᠭᠤᠯᠴᠢᠯᠠᠯ ᠢ ᠪᠠᠷᠢᠮᠵᠢᠶᠠᠵᠢᠭᠤᠯᠬᠤ ᠠᠵᠢᠯ ᠤᠨ ᠬᠠᠮᠢᠶᠠᠷᠤᠯᠲᠠ ᠶᠢᠨ ᠠᠷᠭ᠎ᠠ︾ ︵ᠳᠣᠷᠣᠭᠰᠢ ︽ᠬᠠᠮᠢᠶᠠᠷᠤᠯᠲᠠ ᠶᠢᠨ ᠠᠷᠭ᠎ᠠ︾ ᠭᠡᠵᠦ ᠲᠣᠪᠴᠢᠯᠠᠨ᠎ᠠ︶ ᠶᠢ ᠨᠡᠶᠢᠲᠡᠯᠡᠵᠦ᠂ ᠰᠣᠶᠣᠯ ᠪᠠ ᠵᠢᠭᠤᠯᠴᠢᠯᠠᠯ ᠢ ᠪᠠᠷᠢᠮᠵᠢᠶᠠᠵᠢᠭᠤᠯᠬᠤ ᠠᠵᠢᠯ ᠢ ᠤᠯᠠᠮ ᠵᠢᠷᠤᠮᠵᠢᠭᠤᠯᠤᠨ᠂ ᠠᠵᠢᠯ ᠲᠥᠷᠥᠯ ᠤᠨ ᠴᠢᠨᠠᠷ ᠰᠠᠶᠢᠲᠠᠢ ᠬᠥᠭᠵᠢᠯᠲᠡ ᠳᠤ ᠦᠵᠡᠭᠦᠯᠬᠦ ᠪᠠᠷᠢᠮᠵᠢᠶᠠᠵᠢᠭᠤᠯᠤᠯᠲᠠ ᠶᠢᠨ ᠬᠥᠲᠥᠯᠥᠨ ᠳᠠᠭᠠᠭᠤᠯᠬᠤ ᠪᠠ ᠲᠤᠯᠭᠠᠭᠤᠷᠢᠯᠠᠬᠤ ᠦᠢᠯᠡᠳᠦᠯ ᠢ ᠭᠦᠢᠴᠡᠳ ᠪᠠᠳᠠᠷᠠᠭᠤᠯᠪᠠ᠃        ᠨᠢᠭᠡ᠂ ︽ᠬᠠᠮᠢᠶᠠᠷᠤᠯᠲᠠ ᠶᠢᠨ ᠠᠷᠭ᠎ᠠ︾ ᠶᠢ ᠲᠣᠭᠲᠠᠭᠠᠭᠰᠠᠨ ᠠᠬᠤᠢ ᠪᠠᠶᠢᠳᠠᠯ ᠨᠢ ᠶᠠᠭᠤ ᠪᠤᠢ︖       2009 ᠣᠨ ᠠᠴᠠ 2016 ᠣᠨ ᠪᠣᠯᠲᠠᠯ᠎ᠠ᠂ ᠤᠤᠯ ᠤᠨ ᠰᠣᠶᠣᠯ ᠤᠨ ᠶᠠᠮᠤᠨ᠂ ᠤᠤᠯ ᠤᠨ ᠤᠯᠤᠰ ᠤᠨ ᠵᠢᠭᠤᠯᠴᠢᠯᠠᠯ ᠤᠨ ᠲᠣᠪᠴᠢᠶ᠎ᠠ ᠠᠴᠠ ︽ᠰᠣᠶᠣᠯ ᠤᠨ ᠠᠵᠢᠯ ᠲᠦᠷᠦᠯ ᠢ ᠪᠠᠷᠢᠮᠵᠢᠶᠠᠵᠢᠭᠤᠯᠬᠤ ᠠᠵᠢᠯ ᠤᠨ ᠬᠠᠮᠢᠶᠠᠷᠤᠯᠲᠠ ᠶᠢᠨ ᠠᠷᠭ᠎ᠠ ︵ᠲᠦᠷ ᠬᠡᠷᠡᠭᠵᠢᠭᠦᠯᠬᠦ︶︾᠂ ︽ᠪᠦᠬᠦ ᠤᠯᠤᠰ ᠤᠨ ᠵᠢᠭᠤᠯᠴᠢᠯᠠᠯ ᠢ ᠪᠠᠷᠢᠮᠵᠢᠶᠠᠵᠢᠭᠤᠯᠬᠤ ᠠᠵᠢᠯ ᠤᠨ ᠬᠠᠮᠢᠶᠠᠷᠤᠯᠲᠠ ᠶᠢᠨ ᠠᠷᠭ᠎ᠠ︾ ᠵᠢᠴᠢ ᠢᠵᠢ ᠪᠦᠷᠢᠳᠦᠭᠰᠡᠨ ᠪᠢᠴᠢᠭ ᠮᠠᠲ᠋ᠧᠷᠢᠶᠠᠯ ︽ᠵᠢᠭᠤᠯᠴᠢᠯᠠᠯ ᠤᠨ ᠦᠢᠯᠡᠰ ᠤᠨ ᠤᠯᠤᠰ ᠤᠨ ᠪᠠᠷᠢᠮᠵᠢᠶ᠎ᠠ ᠪᠣᠯᠣᠨ ᠠᠵᠢᠯ ᠲᠦᠷᠦᠯ ᠤᠨ ᠪᠠᠷᠢᠮᠵᠢᠶ᠎ᠠ ᠶᠢ ᠲᠣᠭᠲᠠᠭᠠᠵᠤ ᠵᠠᠰᠠᠪᠤᠷᠢ ᠣᠷᠣᠭᠤᠯᠬᠤ ᠠᠵᠢᠯ ᠤᠨ ᠬᠠᠮᠢᠶᠠᠷᠤᠯᠲᠠ ᠶᠢᠨ ᠠᠷᠭ᠎ᠠ︾ ᠶᠢ ᠲᠤᠰ ᠲᠤᠰ ᠲᠣᠭᠲᠠᠭᠠᠵᠠᠢ᠃ ᠬᠤᠯᠪᠣᠭᠳᠠᠯ ᠪᠦᠬᠦᠢ ᠠᠷᠭ᠎ᠠ ᠶᠢ ᠬᠡᠷᠡᠭᠵᠢᠭᠦᠯᠦᠭᠡᠳ ᠠᠷᠪᠠ ᠭᠠᠷᠤᠢ ᠵᠢᠯ ᠪᠣᠯᠵᠤ᠂ ᠰᠣᠶᠣᠯ ᠪᠠ ᠵᠢᠭᠤᠯᠴᠢᠯᠠᠯ ᠢ ᠪᠠᠷᠢᠮᠵᠢᠶᠠᠵᠢᠭᠤᠯᠬᠤ ᠠᠵᠢᠯ ᠢ ᠵᠢᠷᠤᠮᠵᠢᠭᠤᠯᠬᠤ᠂ ᠠᠵᠢᠯ ᠲᠦᠷᠦᠯ ᠤᠨ ᠬᠠᠮᠢᠶᠠᠷᠤᠯᠲᠠ ᠶᠢᠨ ᠬᠢᠷᠢ ᠬᠡᠮᠵᠢᠶ᠎ᠡ ᠪᠠ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠳᠤ ᠢᠳᠡᠪᠬᠢᠲᠡᠢ ᠦᠢᠯᠡᠳᠦᠯ ᠦᠵᠡᠭᠦᠯᠪᠡ᠃  2017 ᠣᠨ ᠳᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠠᠷᠢᠮᠵᠢᠶᠠᠵᠢᠭᠤᠯᠤᠯᠲᠠ ᠶᠢᠨ ᠬᠠᠤᠯᠢ︾ ᠶᠢᠨ ᠰᠢᠨ᠎ᠡ ᠪᠠᠷ ᠵᠠᠰᠠᠪᠤᠷᠢ ᠣᠷᠣᠭᠤᠯᠤᠭᠰᠠᠨ ᠬᠡᠪᠯᠡᠯ ᠢ ᠵᠢᠩᠬᠢᠨᠢ ᠪᠠᠷ ᠬᠡᠷᠡᠭᠵᠢᠭᠦᠯᠪᠡ᠃ 2021 ᠣᠨ ᠳᠤ᠂ ︽ᠤᠯᠤᠰ ᠤᠨ ᠪᠠᠷᠢᠮᠵᠢᠶᠠᠵᠢᠭᠤᠯᠤᠯᠲᠠ ᠬᠥᠭᠵᠢᠯᠲᠡ ᠶᠢᠨ ᠬᠥᠲᠥᠯᠪᠦᠷᠢ ︾ ᠶᠢ ᠳᠠᠷᠤᠮᠠᠯᠯᠠᠨ ᠲᠠᠷᠬᠠᠭᠠᠪᠠ᠃ ᠣᠶᠢᠷ᠎ᠠ ᠶᠢᠨ ᠵᠢᠯ ᠳᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠪᠠᠰᠠ ᠪᠠᠷᠢᠮᠵᠢᠶᠠᠵᠢᠭᠤᠯᠬᠤ ᠠᠵᠢᠯ ᠤᠨ ᠬᠠᠮᠢᠶᠠᠷᠤᠯᠲᠠ ᠶᠢᠨ ᠲᠤᠬᠠᠢ ᠠᠯᠢ ᠣᠯᠠᠨ ᠬᠠᠤᠯᠢ ᠲᠣᠭᠲᠠᠭᠠᠯ ᠤᠨ ᠪᠢᠴᠢᠭ ᠮᠠᠲ᠋ᠧᠷᠢᠶᠠᠯ ᠢ ᠵᠠᠯᠭᠠᠪᠠᠷ ᠨᠡᠶᠢᠲᠡᠯᠡᠭᠰᠡᠨ ᠪᠠᠶᠢᠨ᠎ᠠ᠃ ᠰᠣᠶᠣᠯ ᠪᠠ ᠵᠢᠭᠤᠯᠴᠢᠯᠠᠯ ᠢ ᠪᠠᠷᠢᠮᠵᠢᠶᠠᠵᠢᠭᠤᠯᠬᠤ ᠠᠵᠢᠯ ᠤᠨ ᠲᠥᠷᠥ ᠶᠢᠨ ᠪᠣᠳᠣᠯᠭ᠎ᠠ ᠶᠢᠨ ᠰᠠᠭᠤᠷᠢ᠂ ᠵᠣᠬᠢᠶᠠᠨ ᠪᠠᠶᠢᠭᠤᠯᠤᠯᠲᠠ ᠶᠢᠨ ᠪᠦᠲᠦᠴᠡ᠂ ᠪᠦᠷᠬᠦᠴᠡ ᠶᠢᠨ ᠬᠡᠪᠴᠢᠶ᠎ᠡ ᠪᠠ ᠬᠠᠮᠢᠶᠠᠷᠤᠯᠲᠠ ᠶᠢᠨ ᠱᠠᠭᠠᠷᠳᠠᠯᠭ᠎ᠠ ᠵᠡᠷᠭᠡ ᠳᠤ ᠵᠣᠬᠢᠬᠤ ᠬᠤᠪᠢᠷᠠᠯᠲᠠ ᠭᠠᠷᠤᠭᠰᠠᠨ ᠠᠴᠠ ᠪᠣᠯᠵᠤ᠂ ᠰᠢᠨ᠎ᠡ ᠪᠠᠶᠢᠳᠠᠯ ᠪᠠ ᠰᠢᠨ᠎ᠡ ᠱᠠᠭᠠᠷᠳᠠᠯᠭ᠎ᠠ ᠳᠤ ᠵᠣᠬᠢᠴᠠᠭᠤᠯᠬᠤ ᠶᠢᠨ ᠲᠥᠯᠥᠭᠡ᠂ ᠰᠣᠶᠣᠯ ᠪᠠ ᠵᠢᠭᠤᠯᠴᠢᠯᠠᠯ ᠤᠨ ᠬᠦᠷᠢᠶᠡᠨ ᠳᠠᠬᠢ ᠤᠤᠯ ᠤᠨ ᠳᠦᠷᠢᠮ ᠤᠨ ᠦᠷ᠎ᠡ ᠪᠦᠲᠦᠭᠡᠯ ᠳᠤ ᠰᠠᠭᠤᠷᠢᠯᠠᠨ᠂ ᠰᠣᠶᠣᠯ ᠪᠠ ᠵᠢᠭᠤᠯᠴᠢᠯᠠᠯ ᠤᠨ ᠶᠠᠮᠤᠨ ᠤ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ ︽ᠬᠠᠮᠢᠶᠠᠷᠤᠯᠲᠠ ᠶᠢᠨ ᠠᠷᠭ᠎ᠠ︾ ᠶᠢ ᠰᠤᠳᠤᠯᠤᠨ ᠲᠣᠭᠲᠠᠭᠠᠵᠤ᠂ ᠬᠠᠮᠤᠭ ᠤᠨ ᠰᠢᠨ᠎ᠡ ᠲᠥᠷᠥ ᠶᠢᠨ ᠪᠣᠳᠣᠯᠭ᠎ᠠ ᠶᠢᠨ ᠵᠣᠷᠢᠭ ᠰᠠᠨᠠᠭ᠎ᠠ ᠪᠠ ᠬᠠᠮᠢᠶᠠᠷᠤᠯᠲᠠ ᠶᠢᠨ ᠲᠣᠭᠲᠠᠭᠠᠯ ᠳᠤ ᠴᠠᠭ ᠲᠤᠬᠠᠢ ᠳᠤᠨᠢ ᠣᠷᠣᠭᠤᠯᠪᠠ᠃        ᠬᠤᠶᠠᠷ᠂ ︽ᠬᠠᠮᠢᠶᠠᠷᠤᠯᠲᠠ ᠶᠢᠨ ᠠᠷᠭ᠎ᠠ︾ ᠶᠢ ᠲᠣᠭᠲᠠᠭᠠᠭᠰᠠᠨ ᠦᠨᠳᠦᠰᠦᠯᠡᠯ ᠨᠢ ᠶᠠᠭᠤ ᠪᠤᠢ︖       ︽ᠬᠠᠮᠢᠶᠠᠷᠤᠯᠲᠠ ᠶᠢᠨ ᠠᠷᠭ᠎ᠠ︾ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ  ᠶᠢ ᠲᠤᠭᠤᠰᠢᠯᠠᠭᠤᠯᠵᠤ᠂ ︽ᠤᠯᠤᠰ ᠤᠨ ᠪᠠᠷᠢᠮᠵᠢᠶᠠᠵᠢᠭᠤᠯᠤᠯᠲᠠ ᠶᠢᠨ ᠬᠥᠭᠵᠢᠯᠲᠡ ᠶᠢᠨ ᠬᠥᠲᠥᠯᠪᠦᠷᠢ︾ ᠶᠢᠨ ᠱᠠᠭᠠᠷᠳᠠᠯᠭ᠎ᠠ ᠶᠢ  ᠨᠠᠶᠢᠲᠠᠪᠤᠷᠢᠵᠢᠭᠤᠯᠬᠤ ᠱᠠᠭᠠᠷᠳᠠᠯᠭ᠎ᠠ ᠪᠤᠯᠤᠨ᠎ᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠠᠷᠢᠮᠵᠢᠶᠠᠵᠢᠭᠤᠯᠤᠯᠲᠠ ᠶᠢᠨ ᠬᠠᠤᠯᠢ︾ ᠵᠢᠴᠢ ︽ᠤᠯᠤᠰ ᠤᠨ ᠪᠠᠷᠢᠮᠵᠢᠶ᠎ᠠ ᠶᠢᠨ ᠬᠠᠮᠢᠶᠠᠷᠤᠯᠲᠠ ᠶᠢᠨ ᠠᠷᠭ᠎ᠠ︾᠂ ︽ᠠᠯᠪᠠᠳᠠᠯᠭ᠎ᠠ ᠶᠢᠨ ᠴᠢᠨᠠᠷᠲᠠᠢ ᠤᠯᠤᠰ ᠤᠨ ᠪᠠᠷᠢᠮᠵᠢᠶ᠎ᠠ ᠶᠢᠨ ᠬᠠᠮᠢᠶᠠᠷᠤᠯᠲᠠ ᠶᠢᠨ ᠠᠷᠭ᠎ᠠ︾᠂ ︽ᠠᠵᠢᠯ ᠲᠥᠷᠥᠯ ᠤᠨ ᠪᠠᠷᠢᠮᠵᠢᠶ᠎ᠠ ᠶᠢᠨ ᠬᠠᠮᠢᠶᠠᠷᠤᠯᠲᠠ ᠶᠢᠨ ᠠᠷᠭ᠎ᠠ︾ ᠂ ︽ᠣᠷᠣᠨ ᠨᠤᠲᠤᠭ ᠤᠨ ᠪᠠᠷᠢᠮᠵᠢᠶ᠎ᠠ ᠶᠢᠨ ᠬᠠᠮᠢᠶᠠᠷᠤᠯᠲᠠ ᠶᠢᠨ ᠠᠷᠭ᠎ᠠ︾᠂ ︽ᠪᠦᠯᠬᠦᠮ ᠤᠨ ᠪᠠᠷᠢᠮᠵᠢᠶ᠎ᠠ ᠶᠢᠨ ᠬᠠᠮᠢᠶᠠᠷᠤᠯᠲᠠ ᠶᠢᠨ ᠲᠣᠭᠲᠠᠭᠠᠯ︾᠂ ︽ᠠᠵᠤ ᠠᠬᠤᠶᠢᠯᠠᠯ ᠤᠨ ᠪᠠᠷᠢᠮᠵᠢᠶᠠᠵᠢᠭᠤᠯᠤᠯᠲᠠ ᠶᠢᠨ ᠬᠠᠮᠢᠶᠠᠷᠤᠯᠲᠠ ᠶᠢᠨ ᠠᠷᠭ᠎ᠠ︾᠂ ︽ᠪᠦᠬᠦ ᠤᠯᠤᠰ ᠤᠨ ᠲᠤᠰᠬᠠᠢ ᠮᠡᠷᠭᠡᠵᠢᠯ ᠤᠨ ᠪᠠᠷᠢᠮᠵᠢᠶᠠᠵᠢᠭᠤᠯᠤᠯᠲᠠ ᠶᠢᠨ ᠮᠡᠷᠭᠡᠵᠢᠯ ᠤᠨ ᠵᠦᠪᠯᠡᠯ ᠤᠨ ᠬᠠᠮᠢᠶᠠᠷᠤᠯᠲᠠ ᠶᠢᠨ ᠠᠷᠭ᠎ᠠ︾ ᠵᠡᠷᠭᠡ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠰᠣᠶᠣᠯ ᠪᠠ ᠵᠢᠭᠤᠯᠴᠢᠯᠠᠯ ᠢ ᠪᠠᠷᠢᠮᠵᠢᠶᠠᠵᠢᠭᠤᠯᠤᠨ ᠬᠥᠭᠵᠢᠭᠦᠯᠬᠦ ᠬᠡᠷᠡᠭᠴᠡᠭᠡ ᠱᠠᠭᠠᠷᠳᠠᠯᠭ᠎ᠠ ᠪᠠ ᠲᠤᠬᠠᠶᠢᠯᠠᠭᠰᠠᠨ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠰᠤᠳᠤᠯᠤᠨ ᠲᠤᠭᠲᠠᠭᠠᠪᠠ᠃    ᠭᠤᠷᠪᠠ᠂ ︽ᠬᠠᠮᠢᠶᠠᠷᠤᠯᠲᠠ ᠶᠢᠨ ᠠᠷᠭ᠎ᠠ︾ ᠶᠢᠨ ᠭᠤᠣᠯ ᠠᠭᠤᠯᠭ᠎ᠠ ᠳᠤ ᠶᠠᠭᠤ ᠶᠠᠭᠤ ᠪᠠᠭᠲᠠᠬᠤ ᠪᠤᠢ︖       ︽ᠬᠠᠮᠢᠶᠠᠷᠤᠯᠲᠠ ᠶᠢᠨ ᠠᠷᠭ᠎ᠠ︾ ᠨᠢ ᠨᠡᠶᠢᠲᠡ ᠲᠠᠪᠤᠨ ᠪᠦᠯᠦᠭ ᠬᠤᠷᠢᠨ ᠨᠠᠢᠮᠠᠨ ᠵᠦᠢᠯ ᠲᠠᠢ᠂ ᠡᠭᠦᠨ ᠳᠤ ᠶᠡᠷᠦᠩᠬᠡᠢ ᠳᠦᠷᠢᠮ᠂ ᠪᠠᠶᠢᠭᠤᠯᠤᠮᠵᠢ ᠬᠢᠭᠡᠳ ᠲᠤᠰᠢᠶᠠᠯ ᠬᠠᠷᠢᠭᠤᠴᠠᠯᠭ᠎ᠠ᠂ ᠪᠠᠷᠢᠮᠵᠢᠶ᠎ᠠ ᠶᠢ ᠲᠣᠭᠲᠠᠭᠠᠬᠤ᠂ ᠬᠡᠷᠡᠭᠵᠢᠭᠦᠯᠬᠦ ᠪᠠ ᠬᠢᠨᠠᠯᠲᠠ ᠲᠠᠯᠪᠢᠬᠤ ᠵᠢᠴᠢ ᠳᠠᠭᠠᠯᠳᠤᠭᠤᠯᠤᠯ ᠳᠦᠷᠢᠮ ᠵᠡᠷᠭᠡ ᠠᠭᠤᠯᠭ᠎ᠠ ᠪᠠᠭᠲᠠᠨ᠎ᠠ᠃ ᠡᠭᠦᠨ ᠳᠤ᠂ ᠨᠢᠭᠡᠳᠦᠭᠡᠷ ᠪᠦᠯᠦᠭ ᠲᠤ ᠭᠤᠣᠯᠳᠠᠭᠤ ᠪᠠᠷᠢᠮᠵᠢᠶᠠᠵᠢᠭᠤᠯᠬᠤ ᠠᠵᠢᠯ ᠤᠨ ᠵᠣᠷᠢᠯᠭ᠎ᠠ᠂ ᠬᠡᠷᠡᠭᠯᠡᠬᠦ ᠬᠡᠪᠴᠢᠶ᠎ᠡ᠂ ᠠᠵᠢᠯ ᠤᠨ ᠵᠠᠷᠴᠢᠮ ᠢ  ᠳᠤᠲᠤᠷᠬᠠᠶᠢᠯᠠᠪᠠ ︔ ᠬᠤᠶᠠᠳᠤᠭᠠᠷ ᠪᠦᠯᠦᠭ ᠲᠤ ᠪᠠᠷᠢᠮᠵᠢᠶᠠᠵᠢᠭᠤᠯᠤᠯᠲᠠ ᠶᠢᠨ ᠰᠢᠰᠲ᠋ᠧᠮᠴᠢᠯᠡᠭᠰᠡᠨ ᠵᠤᠷᠭᠠᠨ ᠳᠤᠪᠴᠢᠶ᠎ᠠ᠂ ᠳᠤᠬᠠᠶᠢᠯᠠᠭᠰᠠᠨ ᠠᠵᠢᠯ ᠤᠨ ᠵᠤᠷᠭᠠᠨ ᠳᠤᠪᠴᠢᠶ᠎ᠠ᠂ ᠪᠥᠬᠦ ᠤᠯᠤᠰ ᠤᠨ ᠲᠤᠰᠬᠠᠢ ᠮᠡᠷᠭᠡᠵᠢᠯ ᠤᠨ ᠪᠠᠷᠢᠮᠵᠢᠶᠠᠵᠢᠭᠤᠯᠤᠯᠲᠠ ᠶᠢᠨ ᠮᠡᠷᠭᠡᠵᠢᠯ ᠤᠨ ᠵᠥᠪᠯᠡᠯ ᠤᠨ ᠬᠠᠮᠢᠶᠠᠷᠤᠯᠲᠠ ᠶᠢᠨ ᠠᠷᠭ᠎ᠠ ᠵᠡᠷᠭᠡ ᠠᠵᠢᠯ ᠤᠨ ᠪᠠᠶᠢᠭᠤᠯᠤᠮᠵᠢ ᠶᠢᠨ ᠡᠭᠦᠷᠭᠡ ᠬᠠᠷᠢᠭᠤᠴᠠᠯᠭ᠎ᠠ ᠶᠢ ᠭᠤᠣᠯᠳᠠᠯᠭ᠎ᠠ ᠲᠠᠢ ᠳᠤᠲᠤᠷᠬᠠᠶᠢᠯᠠᠪᠠ︔ ᠭᠤᠷᠪᠠ᠂ ᠳᠥᠷᠪᠡᠳᠦᠭᠡᠷ ᠪᠦᠯᠦᠭ ᠲᠤ ᠰᠣᠶᠣᠯ ᠪᠠ ᠵᠢᠭᠤᠯᠴᠢᠯᠠᠯ ᠤᠨ ᠪᠠᠷᠢᠮᠵᠢᠶ᠎ᠠ ᠶᠢ ᠲᠣᠭᠲᠠᠭᠠᠬᠤ᠂ ᠬᠡᠷᠡᠭᠵᠢᠭᠦᠯᠬᠦ ᠪᠠ ᠬᠢᠨᠠᠯᠲᠠ ᠲᠠᠯᠪᠢᠬᠤ ᠪᠦᠬᠦ ᠶᠠᠪᠤᠴᠠ ᠶᠢ ᠬᠠᠮᠢᠶᠠᠷᠬᠤ ᠱᠠᠭᠠᠷᠳᠠᠯᠭ᠎ᠠ ᠪᠠ ᠠᠯᠬᠤᠮ ᠳᠠᠷᠠᠭᠠᠯᠠᠯ ᠢ ᠳᠤᠲᠤᠷᠬᠠᠶᠢᠯᠠᠪᠠ᠃  ᠳᠥᠷᠪᠡ ᠂ ᠰᠣᠶᠣᠯ ᠪᠠ ᠵᠢᠭᠤᠯᠴᠢᠯᠠᠯ ᠢ ᠪᠠᠷᠢᠮᠵᠢᠶᠠᠵᠢᠭᠤᠯᠬᠤ ᠠᠵᠢᠯ ᠢ ᠥᠷᠨᠢᠭᠦᠯᠬᠦ ᠵᠠᠷᠴᠢᠮ ᠨᠢ ᠶᠠᠭᠤ ᠪᠤᠢ︖ ᠰᠣᠶᠣᠯ ᠪᠠ ᠵᠢᠭᠤᠯᠴᠢᠯᠠᠯ ᠢ ᠪᠠᠷᠢᠮᠵᠢᠶᠠᠵᠢᠭᠤᠯᠬᠤ ᠠᠵᠢᠯ ᠳᠤ ᠳᠤᠤᠷᠠᠬᠢ ᠵᠠᠷᠴᠢᠮ ᠢ ᠵᠢᠷᠤᠮᠯᠠᠬᠤ ᠬᠡᠷᠡᠭᠲᠡᠢ᠄ ᠬᠠᠤᠯᠢ ᠴᠠᠭᠠᠵᠠ ᠬᠠᠤᠯᠢ ᠲᠣᠭᠲᠠᠭᠠᠯ ᠪᠠ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠢ︔ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠦᠢᠯᠡᠳᠦᠯᠭᠡᠵᠢᠭᠦᠯᠵᠦ᠂ ᠵᠥᠪ ᠤᠳᠤᠷᠢᠳᠤᠮᠵᠢ ᠶᠢ ᠪᠠᠷᠢᠮᠲᠠᠯᠠᠬᠤ ᠬᠡᠷᠡᠭᠲᠡᠢ︔ ᠰᠣᠶᠣᠯ ᠪᠠ ᠵᠢᠭᠤᠯᠴᠢᠯᠠᠯ ᠤᠨ ᠬᠥᠭᠵᠢᠯᠲᠡ ᠶᠢᠨ ᠵᠢᠮ᠎ᠡ ᠶᠣᠰᠣ ᠪᠠ ᠠᠵᠢᠯ ᠲᠦᠷᠦᠯ ᠤᠨ ᠬᠡᠷᠡᠭᠴᠡᠭᠡ ᠳᠤ ᠵᠣᠬᠢᠴᠠᠭᠤᠯᠤᠨ᠂ ᠨᠡᠶᠢᠭᠡᠮ ᠤᠨ ᠦᠷ᠎ᠡ ᠠᠰᠢᠭ᠂ ᠠᠵᠤ ᠠᠬᠤᠢ ᠶᠢᠨ ᠦᠷ᠎ᠡ ᠠᠰᠢᠭ ᠪᠠ ᠠᠮᠢ ᠠᠬᠤᠢ ᠶᠢᠨ ᠦᠷ᠎ᠡ ᠠᠰᠢᠭ ᠢ ᠨᠢᠭᠡᠳᠦᠯᠲᠡᠢ ᠪᠠᠶᠢᠯᠭᠠᠬᠤ ᠶᠢ ᠪᠠᠷᠢᠮᠲᠠᠯᠠᠵᠤ᠂ ᠠᠵᠢᠯ ᠲᠦᠷᠦᠯ ᠤᠨ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ︔ ᠪᠠᠷᠢᠮᠵᠢᠶ᠎ᠠ ᠶᠢ ᠲᠣᠭᠲᠠᠭᠠᠬᠤ ᠶᠠᠪᠤᠴᠠ ᠶᠢ ᠢᠯᠡ ᠲᠣᠳᠣ ᠪᠠᠶᠢᠯᠭᠠᠵᠤ᠂ ᠠᠰᠢᠭ ᠲᠤᠰᠠ ᠶᠢᠨ ᠬᠤᠯᠪᠣᠭᠳᠠᠯ ᠪᠦᠬᠦᠢ ᠲᠠᠯ᠎ᠠ ᠶᠢᠨ ᠬᠢᠨ ᠤ ᠬᠦᠰᠡᠯ ᠱᠠᠭᠠᠷᠳᠠᠯᠭ᠎ᠠ ᠶᠢ ᠭᠦᠢᠴᠡᠳ ᠢᠯᠡᠷᠡᠭᠦᠯᠦᠨ᠎ᠡ︔ ᠰᠢᠨᠵᠢᠯᠡᠬᠦ ᠤᠬᠠᠭᠠᠨᠴᠢ ᠴᠢᠨᠠᠷ᠂ ᠳᠦᠷᠢᠮᠵᠢᠲᠦ ᠴᠢᠨᠠᠷ᠂ ᠵᠣᠬᠢᠴᠠᠯᠳᠤ ᠴᠢᠨᠠᠷ ᠪᠠ ᠬᠤᠭᠤᠴᠠᠭᠠᠲᠤ ᠴᠢᠨᠠᠷ ᠢ ᠭᠦᠢᠴᠡᠳ ᠬᠠᠷᠠᠭᠤᠯᠤᠨ᠎ᠠ᠃        ᠲᠠᠪᠤ᠂ ︽ᠬᠠᠮᠢᠶᠠᠷᠤᠯᠲᠠ ᠶᠢᠨ ᠠᠷᠭ᠎ᠠ︾ ᠳᠤ ᠰᠣᠶᠣᠯ ᠪᠠ ᠵᠢᠭᠤᠯᠴᠢᠯᠠᠯ ᠤᠨ ᠪᠠᠷᠢᠮᠵᠢᠶ᠎ᠠ ᠶᠢ ᠬᠠᠮᠢᠶᠠᠷᠬᠤ ᠲᠠᠯ᠎ᠠ ᠪᠠᠷ ᠶᠠᠮᠠᠷ ᠱᠠᠭᠠᠷᠳᠠᠯᠭ᠎ᠠ ᠲᠠᠢ ᠪᠠᠶᠢᠳᠠᠭ ᠪᠤᠢ ︖       ᠰᠣᠶᠣᠯ ᠪᠠ ᠵᠢᠭᠤᠯᠴᠢᠯᠠᠯ ᠤᠨ ᠪᠠᠷᠢᠮᠵᠢᠶ᠎ᠠ ᠳᠤ ᠤᠯᠤᠰ ᠤᠨ ᠪᠠᠷᠢᠮᠵᠢᠶ᠎ᠠ᠂ ᠠᠵᠢᠯ ᠲᠦᠷᠦᠯ ᠤᠨ ᠪᠠᠷᠢᠮᠵᠢᠶ᠎ᠠ᠂ ᠣᠷᠣᠨ ᠨᠤᠲᠤᠭ ᠤᠨ ᠪᠠᠷᠢᠮᠵᠢᠶ᠎ᠠ᠂ ᠪᠦᠯᠬᠦᠮ ᠤᠨ ᠪᠠᠷᠢᠮᠵᠢᠶ᠎ᠠ ᠪᠠ ᠠᠵᠤ ᠠᠬᠤᠶᠢᠯᠠᠯ ᠤᠨ ᠪᠠᠷᠢᠮᠵᠢᠶ᠎ᠠ ᠵᠡᠷᠭᠡ ᠪᠠᠭᠲᠠᠨ᠎ᠠ᠃ ᠡᠯ᠎ᠡ ᠲᠦᠷᠦᠯ ᠤᠨ ᠪᠠᠷᠢᠮᠵᠢᠶ᠎ᠠ ᠶᠢᠨ ᠬᠠᠮᠢᠶᠠᠷᠤᠯᠲᠠ ᠳᠤ ᠪᠠᠷᠢᠮᠵᠢᠶᠠᠵᠢᠭᠤᠯᠬᠤ ᠠᠵᠢᠯ ᠤᠨ ᠵᠠᠷᠴᠢᠮ ᠢ ᠵᠢᠷᠤᠮᠯᠠᠵᠤ᠂ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠪᠠ ᠪᠠᠷᠢᠮᠵᠢᠶ᠎ᠠ ᠶᠢ ᠲᠣᠭᠲᠠᠭᠠᠬᠤ ᠪᠠᠶᠢᠭᠤᠯᠭ᠎ᠠ ᠶᠢᠨ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ ᠬᠡᠷᠡᠭᠵᠢᠭᠦᠯᠬᠦ ᠬᠡᠷᠡᠭᠲᠡᠢ᠃       ᠡᠭᠦᠨ ᠳᠤ᠂ ᠰᠣᠶᠣᠯ ᠪᠠ ᠵᠢᠭᠤᠯᠴᠢᠯᠠᠯ ᠤᠨ ᠠᠵᠢᠯ ᠲᠥᠷᠥᠯ ᠤᠨ ᠪᠠᠷᠢᠮᠵᠢᠶ᠎ᠠ ᠶᠢ ᠰᠣᠶᠣᠯ ᠪᠠ ᠵᠢᠭᠤᠯᠴᠢᠯᠠᠯ ᠤᠨ ᠶᠠᠮᠤᠨ ᠠᠴᠠ ᠲᠣᠭᠲᠠᠭᠠᠨ᠎ᠠ᠂ ᠡᠶᠢᠮᠦ ᠠᠴᠠ ︽ᠬᠠᠮᠢᠶᠠᠷᠤᠯᠲᠠ ᠶᠢᠨ ᠠᠷᠭ᠎ᠠ︾ ᠳᠤ ᠭᠤᠣᠯᠳᠠᠭᠤ ᠠᠵᠢᠯ ᠲᠥᠷᠥᠯ ᠤᠨ ᠪᠠᠷᠢᠮᠵᠢᠶ᠎ᠠ ᠶᠢᠨ ᠠᠵᠢᠯ ᠤᠨ ᠠᠯᠬᠤᠮ ᠳᠠᠷᠠᠭᠠᠯᠠᠯ ᠪᠠ ᠦᠨᠳᠦᠰᠦᠨ ᠱᠠᠭᠠᠷᠳᠠᠯᠭ᠎ᠠ ᠳᠤ ᠲᠣᠭᠲᠠᠭᠠᠯ ᠭᠠᠷᠭᠠᠵᠤ᠂ ᠠᠵᠢᠯ ᠲᠥᠷᠥᠯ ᠤᠨ ᠪᠠᠷᠢᠮᠵᠢᠶ᠎ᠠ ᠶᠢᠨ ᠰᠡᠳᠦᠪ ᠲᠣᠭᠲᠠᠭᠠᠬᠤ᠂ ᠲᠤᠭᠤᠷᠪᠢᠬᠤ᠂ ᠰᠠᠨᠠᠯ ᠬᠤᠷᠢᠶᠠᠬᠤ᠂ ᠬᠢᠨᠠᠨ ᠪᠠᠶᠢᠴᠠᠭᠠᠬᠤ᠂ ᠮᠡᠳᠡᠭᠦᠯᠦᠨ ᠵᠥᠪᠰᠢᠶᠡᠷᠡᠭᠦᠯᠬᠦ᠂ ᠨᠡᠶᠢᠲᠡᠯᠡᠬᠦ᠂ ᠳᠠᠩᠰᠠᠯᠠᠬᠤ ᠵᠡᠷᠭᠡ ᠶᠠᠪᠤᠴᠠ ᠪᠠ ᠱᠠᠭᠠᠷᠳᠠᠯᠭ᠎ᠠ ᠶᠢ ᠲᠣᠳᠣᠷᠬᠠᠢ ᠲᠣᠭᠲᠠᠭᠠᠵᠠᠢ᠃        ᠰᠣᠶᠣᠯ ᠪᠠ ᠵᠢᠭᠤᠯᠴᠢᠯᠠᠯ ᠤᠨ ᠤᠯᠤᠰ ᠤᠨ ᠪᠠᠷᠢᠮᠵᠢᠶ᠎ᠠ᠂ ᠣᠷᠣᠨ ᠨᠤᠲᠤᠭ ᠤᠨ ᠪᠠᠷᠢᠮᠵᠢᠶ᠎ᠠ᠂ ᠪᠦᠯᠬᠦᠮ ᠨᠡᠶᠢᠲᠡ ᠶᠢᠨ ᠪᠠᠷᠢᠮᠵᠢᠶ᠎ᠠ ᠪᠠ ᠠᠵᠤ ᠠᠬᠤᠶᠢᠯᠠᠯ ᠤᠨ ᠪᠠᠷᠢᠮᠵᠢᠶ᠎ᠠ ᠶᠢᠨ ᠬᠠᠮᠢᠶᠠᠷᠤᠯᠲᠠ ᠶᠢᠨ ᠲᠠᠯ᠎ᠠ ᠪᠠᠷ᠂ ︽ᠬᠠᠮᠢᠶᠠᠷᠤᠯᠲᠠ ᠶᠢᠨ ᠠᠷᠭ᠎ᠠ︾ ᠳᠤ ᠴᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠦᠨᠳᠦᠰᠦᠯᠡᠯ᠂ ᠪᠠᠷᠢᠮᠵᠢᠶ᠎ᠠ ᠶᠢ ᠲᠣᠭᠲᠠᠭᠠᠬᠤ ᠭᠤᠤᠯ ᠴᠣᠭᠴᠠ ᠪᠠ ᠠᠵᠢᠯ ᠤᠨ ᠵᠣᠷᠢᠯᠭ᠎ᠠ ᠶᠢ ᠲᠣᠳᠣᠷᠬᠠᠢ ᠲᠣᠭᠲᠠᠭᠠᠵᠤ᠂ ᠰᠣᠶᠣᠯ ᠪᠠ ᠵᠢᠭᠤᠯᠴᠢᠯᠠᠯ ᠤᠨ ᠶᠠᠮᠤᠨ ᠬᠠᠤᠯᠢ ᠪᠠᠷ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠪᠠᠨ ᠦᠨᠳᠦᠰᠦᠯᠡᠨ ᠵᠢᠯᠤᠭᠤᠳᠬᠤ ᠪᠤᠶᠤ ᠬᠢᠨᠠᠯᠲᠠ ᠲᠠᠯᠪᠢᠨ᠎ᠠ᠃        ᠵᠢᠷᠭᠤᠭ᠎ᠠ᠂ ︽ᠬᠠᠮᠢᠶᠠᠷᠤᠯᠲᠠ ᠶᠢᠨ ᠠᠷᠭ᠎ᠠ︾ ᠶᠢ ᠨᠡᠶᠢᠲᠡᠯᠡᠭᠰᠡᠨ ᠤ ᠳᠠᠷᠠᠭ᠎ᠠ᠂ ᠰᠣᠶᠣᠯ ᠪᠠ ᠵᠢᠭᠤᠯᠴᠢᠯᠠᠯ ᠤᠨ ᠶᠠᠮᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠬᠤ ᠲᠠᠯ᠎ᠠ ᠪᠠᠷ ᠪᠠᠰᠠ ᠶᠠᠮᠠᠷ ᠰᠡᠭᠦᠯᠴᠢ ᠶᠢᠨ ᠠᠵᠢᠯ ᠤᠨ ᠲᠣᠬᠢᠷᠠᠭᠤᠯᠤᠯᠲᠠ ᠪᠠᠶᠢᠬᠤ ᠪᠣᠶ︖  ︽ᠬᠠᠮᠢᠶᠠᠷᠤᠯᠲᠠ ᠶᠢᠨ ᠠᠷᠭ᠎ᠠ︾ ᠶᠢ ᠨᠡᠶᠢᠭᠡᠮ ᠨᠡᠶᠢᠲᠡ ᠳᠤ ᠢᠯᠡ ᠪᠠᠷ ᠨᠡᠶᠢᠲᠡᠯᠡᠭᠰᠡᠨ ᠤ ᠳᠠᠷᠠᠭ᠎ᠠ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠭᠰᠡᠨ ᠰᠠᠭᠤᠷᠢᠨ ᠳᠡᠭᠡᠷ᠎ᠡ᠂ ᠵᠢᠷᠤᠭ ᠤᠨ ᠲᠠᠶᠢᠯᠪᠤᠷᠢ᠂ ᠲᠤᠰᠬᠠᠢ ᠮᠡᠷᠭᠡᠵᠢᠯᠲᠡᠨ ᠤ ᠰᠣᠷᠪᠤᠯᠵᠢᠯᠠᠭ᠎ᠠ᠂ ᠪᠣᠯᠪᠠᠰᠤᠷᠠᠯ ᠵᠡᠷᠭᠡ ᠠᠷᠭ᠎ᠠ ᠮᠠᠶ᠋ᠢᠭ ᠢᠶᠠᠷ ᠰᠠᠶᠢᠲᠤᠷ ᠤᠬᠠᠭᠤᠯᠵᠤ᠂ ᠬᠤᠯᠪᠣᠭᠳᠠᠯ ᠪᠦᠬᠦᠢ ᠪᠥᠬᠦ ᠤᠯᠤᠰ ᠤᠨ ᠲᠤᠰᠬᠠᠢ ᠮᠡᠷᠭᠡᠵᠢᠯ ᠤᠨ ᠪᠠᠷᠢᠮᠵᠢᠶᠠᠵᠢᠭᠤᠯᠤᠯᠲᠠ ᠶᠢᠨ ᠮᠡᠷᠭᠡᠵᠢᠯ ᠤᠨ ᠵᠥᠪᠯᠡᠯ ᠢ ᠵᠣᠬᠢᠶᠠᠨ ᠪᠠᠶᠢᠭᠤᠯᠤᠨ ᠳᠡᠯᠭᠡᠷᠡᠭᠦᠯᠬᠦ ᠪᠠ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠴᠢᠩᠭᠠᠳᠬᠠᠨ᠎ᠠ᠃ 2023 ᠣᠨ ᠤ 3 ᠰᠠᠷ᠎ᠠ ᠶᠢᠨ 1 ᠤ ᠡᠳᠦᠷ ᠠᠴᠠ ᠡᠬᠢᠯᠡᠨ᠂ ︽ᠬᠠᠮᠢᠶᠠᠷᠤᠯᠲᠠ ᠶᠢᠨ ᠠᠷᠭ᠎ᠠ︾ ᠶᠢ ᠦᠨᠳᠦᠰᠦᠯᠡᠨ᠂ ᠰᠣᠶᠣᠯ ᠪᠠ ᠵᠢᠭᠤᠯᠴᠢᠯᠠᠯ ᠤᠨ ᠪᠠᠷᠢᠮᠵᠢᠶ᠎ᠠ ᠶᠢ ᠲᠣᠭᠲᠠᠭᠠᠬᠤ᠂ ᠬᠡᠷᠡᠭᠵᠢᠭᠦᠯᠬᠦ ᠪᠠ ᠬᠢᠨᠠᠯᠲᠠ ᠲᠠᠯᠪᠢᠨ᠎ᠠ᠃        ᠰᠡᠭᠦᠯᠴᠢ ᠪᠠᠷ ᠠᠵᠢᠯ ᠤᠨ ᠬᠡᠷᠡᠭᠴᠡᠭᠡ ᠪᠠᠨ ᠦᠨᠳᠦᠰᠦᠯᠡᠨ ︽ᠬᠠᠮᠢᠶᠠᠷᠤᠯᠲᠠ ᠶᠢᠨ ᠠᠷᠭ᠎ᠠ︾ ᠶᠢᠨ ᠢᠵᠢ ᠲᠦᠬᠦᠷ ᠬᠡᠷᠡᠭᠵᠢᠭᠦᠯᠬᠦ ᠨᠠᠷᠢᠨ ᠳᠦᠷᠢᠮ ᠢ ᠲᠣᠭᠲᠠᠭᠠᠨ᠎ᠠ᠃ ᠰᠣᠶᠣᠯ ᠪᠠ ᠵᠢᠭᠤᠯᠴᠢᠯᠠᠯ ᠢ ᠪᠠᠷᠢᠮᠵᠢᠶᠠᠵᠢᠭᠤᠯᠬᠤ ᠠᠵᠢᠯ ᠤᠨ ᠪᠣᠳᠠᠲᠠᠢ ᠠᠵᠢᠯᠯᠠᠭᠠᠨ ᠤ ᠶᠠᠪᠤᠴᠠ ᠳᠠᠬᠢ ᠬᠢᠨᠠᠨ ᠬᠠᠷᠭᠤᠭᠤᠯᠬᠤ ᠶᠠᠪᠤᠴᠠ᠂ ᠵᠠᠩᠭᠢᠯᠭᠠᠲᠤ ᠴᠠᠭ ᠬᠤᠭᠤᠴᠠᠭ᠎ᠠ᠂ ᠮᠡᠳᠡᠭᠦᠯᠬᠦ ᠮᠠᠲ᠋ᠧᠷᠢᠶᠠᠯ ᠵᠡᠷᠭᠡ ᠨᠠᠷᠢᠯᠢᠭ ᠱᠠᠭᠠᠷᠳᠠᠯᠭ᠎ᠠ ᠶᠢ ᠬᠡᠷᠡᠭᠵᠢᠭᠦᠯᠬᠦ ᠨᠠᠷᠢᠨ ᠳᠦᠷᠢᠮ ᠵᠢᠴᠢ ᠵᠢᠯ ᠪᠦᠷᠢ ᠶᠢᠨ ᠳᠠᠷᠤᠮᠠᠯᠯᠠᠨ ᠲᠠᠷᠬᠠᠭᠠᠬᠤ ᠪᠠᠷᠢᠮᠵᠢᠶ᠎ᠠ ᠲᠣᠭᠲᠠᠭᠠᠬᠤ ᠵᠦᠭᠯᠡᠭᠦᠷ ᠲᠤ ᠲᠣᠳᠣᠷᠬᠠᠶᠢᠯᠠᠨ᠎ᠠ᠃   
ᠢᠷᠡᠯᠲᠡ᠄ ᠤᠲᠤᠭ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ