ᠣᠲᠤᠭ ᠬᠤᠰᠢᠭᠤᠨ ᠤ 1-10 ᠰᠠᠷ᠎ᠠ ᠶᠢᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ
ᠨᠡᠶᠢᠲᠡᠯᠡᠭᠰᠡᠨ ᠴᠠᠭ᠄
2023/12/14
      ᠦᠨᠦ ᠵᠢᠯ ᠠᠴᠠ ᠨᠠᠭᠠᠰᠢ᠂ ᠪᠥᠬᠦ ᠬᠤᠰᠢᠭᠤᠨ ᠤ ᠳᠡᠭᠡᠳᠦ ᠳᠣᠣᠷᠠᠳᠤ ᠱᠠᠲᠤ ᠪᠠᠷ ᠢᠶᠠᠨ ᠲᠥᠪ᠂ ᠥᠪᠡᠷᠲᠡᠭᠡᠨ ᠵᠠᠰᠠᠬᠤ ᠣᠷᠣᠨ᠂ ᠪᠥᠬᠦ ᠬᠤᠲᠠ ᠶᠢᠨ ᠠᠵᠤ ᠠᠬᠤᠢ ᠶᠢᠨ ᠠᠵᠢᠯ ᠤᠨ ᠪᠠᠶᠢᠷᠢᠯᠠᠭᠤᠯᠤᠯᠲᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠲᠠᠯᠠᠨ᠂ ᠰᠢᠨ᠎ᠡ ᠬᠥᠭᠵᠢᠯᠲᠡ ᠶᠢᠨ ᠤᠶᠢᠯᠠᠭᠠᠭᠳᠠᠬᠤᠨ ᠢ ᠪᠦᠷᠢᠨ ᠪᠦᠲᠦᠨ᠂ ᠵᠦᠪ ᠣᠨᠣᠪᠴᠢᠲᠠᠶ᠂ ᠪᠥᠬᠦ ᠲᠠᠯ᠎ᠠ ᠪᠠᠷ ᠲᠤᠤᠱᠯᠠᠭᠤᠯᠪᠠ᠃ 1-10 ᠰᠠᠷ᠎ᠠ ᠳᠤ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢ ᠲᠦᠷᠭᠡᠨ ᠰᠡᠷᠭᠦᠭᠡᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠬᠡᠪᠴᠢᠶ᠎ᠡ ᠶᠢ ᠦᠷᠭᠦᠯᠵᠢᠯᠡᠨ ᠥᠷᠭᠡᠳᠬᠡᠨ᠂ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠢ ᠦᠷᠭᠦᠯᠵᠢᠯᠡᠨ ᠨᠡᠯᠢᠶᠡᠳ ᠲᠦᠷᠭᠡᠨ ᠨᠡᠮᠡᠭᠳᠡᠭᠦᠯᠵᠦ᠂ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠦᠷ᠎ᠡ ᠠᠰᠢᠭ ᠢ ᠢᠯᠡᠳᠲᠡ ᠳᠡᠭᠡᠭᠰᠢᠯᠡᠭᠦᠯᠦᠨ᠂ ᠪᠥᠬᠦ ᠬᠤᠰᠢᠭᠤᠨ ᠤ ᠠᠵᠤ ᠠᠬᠤᠢ ᠶᠢ ᠦᠷᠭᠦᠯᠵᠢᠯᠡᠨ ᠰᠡᠷᠭᠦᠵᠦ᠂ ᠲᠣᠭᠲᠠᠭᠤᠨ ᠢᠶᠠᠷ ᠨᠡᠮᠡᠭᠳᠡᠭᠦᠯᠬᠦ ᠬᠠᠨᠳᠤᠰᠢ ᠲᠠᠢ ᠪᠣᠯᠭᠠᠪᠠ᠃      ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢ ᠲᠦᠷᠭᠡᠨ ᠰᠡᠷᠭᠦᠭᠡᠪᠡ      1-10 ᠰᠠᠷ᠎ᠠ ᠳᠤ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ  ᠬᠢ ᠠᠴᠠ 2.6% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠲᠦᠷᠦᠭᠦᠦ ᠰᠠᠷ᠎ᠠ ᠶᠢᠨ ᠬᠢ ᠠᠴᠠ ᠵᠠᠭᠤᠨ ᠤ1.6 ᠬᠤᠪᠢ ᠲᠦᠷᠭᠡᠳᠴᠡᠢ᠃ ᠠᠷᠠᠳ ᠠᠴᠠ ᠡᠵᠡᠩᠨᠡᠭᠰᠡᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 3.9% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠲᠦᠷᠦᠭᠦᠸ ᠰᠠᠷ᠎ᠠ ᠶᠢᠨ ᠬᠢ ᠠᠴᠠ ᠵᠠᠭᠤᠨ ᠤ 1.2 ᠬᠤᠪᠢ ᠲᠦᠷᠭᠡᠳᠴᠡᠢ᠂ ᠡᠭᠦᠨ ᠳᠤ᠄ ᠨᠡᠭᠦᠷᠡᠰᠦᠨ ᠤ ᠠᠵᠢᠯ ᠲᠥᠷᠥᠯ ᠠᠳᠠᠯᠢ ᠬᠤᠭᠤᠴᠠᠭᠠᠨ ᠤ ᠬᠢ ᠠᠴᠠ 3.0% ᠪᠠᠷ ᠨᠡᠮᠡᠭᠳᠡᠵᠦ᠂ ᠨᠡᠭᠦᠷᠡᠰᠦᠨ ᠤ ᠪᠤᠰᠤ ᠠᠵᠢᠯ ᠲᠥᠷᠥᠯ ᠠᠳᠠᠯᠢ ᠬᠤᠭᠤᠴᠠᠭᠠᠨ ᠤ ᠬᠢ ᠠᠴᠠ 4.9% ᠪᠠᠷ ᠨᠡᠮᠡᠭᠳᠡᠵᠡᠢ᠃ ᠠᠵᠢᠯ ᠲᠥᠷᠥᠯ ᠢᠶᠠᠷ ᠬᠤᠪᠢᠶᠠᠵᠤ ᠦᠵᠡᠪᠡᠯ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ 18 ᠠᠵᠢᠯ ᠲᠥᠷᠥᠯ ᠤᠨ ᠳᠣᠲᠣᠷᠠᠬᠢ 7 ᠠᠵᠢᠯ ᠲᠥᠷᠥᠯ ᠤᠨ ᠦᠢᠯᠡᠳᠬᠦᠨ ᠤ ᠪᠥᠬᠦ ᠥᠷᠲᠡᠭ ᠤᠨ ᠨᠡᠮᠡᠭᠳᠡᠯ ᠤᠨ ᠬᠤᠷᠳᠤᠴᠠ ᠨᠡᠮᠡᠭᠳᠡᠪᠡ᠂ ᠡᠭᠦᠨ ᠳᠤ᠄ ᠲᠡᠮᠦᠷᠯᠢᠭ ᠪᠤᠰᠤ ᠠᠭᠤᠷᠬᠠᠢ ᠶᠢᠨ ᠭᠠᠷᠤᠯᠲᠠ ᠶᠢᠨ ᠦᠢᠯᠡᠰ 14.7% ᠪᠠᠷ ᠨᠡᠮᠡᠭᠳᠡᠪᠡ︔ ᠲᠡᠮᠦᠷᠯᠢᠭ ᠦᠢᠯᠡᠳᠬᠦᠨ ᠤ ᠦᠢᠯᠡᠰ 12.9% ᠪᠠᠷ ᠨᠡᠮᠡᠭᠳᠡᠪᠡ᠂ ᠭᠤᠮ ᠪᠣᠯᠣᠨ ᠰᠦᠯᠢᠶᠥᠦ ᠪᠦᠲᠦᠭᠡᠭᠳᠡᠬᠦᠨ ᠤ ᠦᠢᠯᠡᠰ 11.8% ᠪᠠᠷ ᠨᠡᠮᠡᠭᠳᠡᠪᠡ᠂ ᠴᠠᠬᠢᠯᠭᠠᠨ ᠬᠦᠴᠦ᠂ ᠢᠯᠴᠢ ᠶᠢᠨ ᠬᠦᠴᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ19.9% ᠪᠠᠷ ᠨᠡᠮᠡᠭᠳᠡᠪᠡ᠂ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ 5.2% ᠢᠶᠠᠷ ᠨᠡᠮᠡᠭᠳᠡᠪᠡ᠂ ᠨᠡᠬᠡᠮᠡᠯ ᠤᠨ ᠠᠵᠤ ᠦᠢᠯᠡᠳᠪᠦᠷᠢ 36.6% ᠪᠠᠷ ᠨᠡᠮᠡᠭᠳᠡᠪᠡ᠂ ᠺᠣᠮᠫᠢᠦ᠋ᠲ᠋ᠧᠷ᠂ ᠮᠡᠳᠡᠭᠡ ᠬᠤᠯᠪᠣᠭ᠎ᠠ ᠪᠠ ᠪᠤᠰᠤᠳ ᠡᠯᠧᠺᠲᠷᠣᠨ ᠲᠥᠬᠦᠭᠡᠷᠦᠮᠵᠢ ᠦᠢᠯᠡᠳᠬᠦ ᠦᠢᠯᠡᠰ 100% ᠪᠠᠷ ᠨᠡᠮᠡᠭᠳᠡᠪᠡ᠃ ᠦᠢᠯᠡᠳᠬᠦᠨ ᠤ ᠭᠠᠷᠤᠯᠲᠠ ᠠᠴᠠ ᠦᠵᠡᠪᠡᠯ᠂ 18 ᠵᠦᠢᠯ ᠤᠨ ᠠᠵᠤ ᠦᠢᠯᠡᠳᠪᠦᠷᠢ ᠶᠢᠨ ᠦᠢᠯᠡᠳᠬᠦᠨ ᠤ ᠳᠣᠲᠣᠷᠠᠬᠢ 14 ᠵᠦᠢᠯ ᠤᠨ ᠦᠢᠯᠡᠳᠬᠦᠨ ᠨᠢ ᠠᠳᠠᠯᠢ ᠬᠤᠭᠤᠴᠠᠭᠠᠨ ᠤ ᠬᠢ ᠠᠴᠠ ᠨᠡᠮᠡᠭᠳᠡᠵᠦ᠂ ᠨᠡᠮᠡᠭᠳᠡᠯ ᠤᠨ ᠬᠡᠪᠴᠢᠶ᠎ᠡ ᠨᠢ 77.8% ᠪᠠᠶᠢᠪᠠ᠂ ᠡᠭᠦᠨ ᠳᠤ᠄ ᠴᠡᠪᠡᠷ ᠪᠧᠨ᠋ᠽᠧᠨ᠂ ᠮᠧᠲ᠋ᠢᠯ ᠠᠯᠺᠣᠣᠯ᠂ ᠴᠠᠬᠢᠯᠠᠭᠤᠷ ᠴᠢᠯᠠᠭᠤ᠂ ᠢᠳᠡᠮᠡᠬᠡᠢ ᠬᠤᠵᠢᠷ ᠵᠡᠷᠭᠡ ᠬᠢᠮᠢ ᠶᠢᠨ ᠠᠵᠤ ᠦᠢᠯᠡᠳᠪᠦᠷᠢ ᠶᠢᠨ ᠦᠢᠯᠡᠳᠬᠦᠨ ᠲᠣᠰ ᠲᠣᠰ 30.2%᠂ 73.4%᠂ 10.5%᠂ 7.6% ᠪᠠᠷ ᠨᠡᠮᠡᠭᠳᠡᠪᠡ︔ PVA᠂ PVC᠂ ᠤᠯᠠᠨ ᠲᠠᠯᠠᠰᠲᠤ ᠴᠠᠬᠢᠭᠤᠷ ᠵᠡᠷᠭᠡ ᠰᠢᠨ᠎ᠡ ᠦᠢᠯᠡᠳᠬᠦᠨ ᠲᠤᠰ ᠲᠤᠰ 15%᠂ 44%᠂ 141% ᠪᠠᠷ ᠨᠡᠮᠡᠭᠳᠡᠪᠡ᠂ ᠱᠦᠢᠨᠢ᠂ ᠴᠠᠬᠢᠭᠤᠷ ᠲᠡᠮᠦᠷ᠂ ᠴᠠᠬᠢᠭᠤᠷ ᠮᠠᠩᠭᠠᠨ ᠲᠤᠰ ᠲᠤᠰ 29%᠂ 69%᠂ 307% ᠪᠠᠷ ᠨᠡᠮᠡᠭᠳᠡᠪᠡ᠃ ᠰᠤᠷᠮᠤ ᠦᠭᠡᠢ ᠨᠣᠣᠯᠣᠭᠤᠷ ᠠᠳᠠᠯᠢ ᠬᠤᠭᠤᠴᠠᠭᠠᠨ ᠤ ᠬᠢ ᠠᠴᠠ 11.9% ᠨᠡᠮᠡᠭᠳᠡᠪᠡ᠃      ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠶᠢᠨ ᠬᠡᠪᠴᠢᠶ᠎ᠡ ᠦᠷᠭᠦᠯᠵᠢᠯᠡᠨ ᠦᠷᠭᠡᠳᠪᠡ      1-10 ᠰᠠᠷ᠎ᠠ ᠳᠤ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 10.5% ᠪᠠᠷ ᠨᠡᠮᠡᠭᠳᠡᠵᠦ᠂ ᠬᠤᠶᠠᠷ ᠣᠷᠣᠨᠲᠤ ᠲᠤᠭ᠎ᠠ ᠶᠢᠨ ᠨᠡᠮᠡᠭᠳᠡᠯ ᠤᠨ ᠬᠤᠷᠳᠤᠴᠠ ᠶᠢ ᠦᠷᠭᠦᠯᠵᠢᠯᠡᠨ ᠪᠠᠲᠤᠯᠠᠪᠠ᠃ ᠠᠵᠤ ᠦᠢᠯᠡᠰ ᠢᠶᠠᠷ  ᠬᠤᠪᠢᠶᠠᠷᠢᠯᠠᠪᠠᠯ᠂ ᠭᠤᠷᠪᠠᠨ ᠠᠵᠤ ᠦᠢᠯᠡᠰ ᠤᠨ ᠨᠢᠭᠡ  ᠨᠢ ᠳᠡᠭᠡᠭᠰᠢᠯᠡᠵᠦ ᠬᠤᠶᠠᠷ ᠨᠢ ᠪᠠᠭᠤᠷᠠᠨ᠂ ᠬᠤᠶᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 17.5% ᠪᠠᠷ ᠨᠡᠮᠡᠭᠳᠡᠨ ᠂ ᠨᠢᠭᠡᠳᠦᠭᠡᠷ ᠠᠵᠤ ᠦᠢᠯᠡᠰ ᠪᠠ ᠭᠤᠷᠪᠠᠳᠤᠭᠠᠷ ᠠᠵᠤ ᠦᠢᠯᠡᠰ ᠲᠣᠰ ᠲᠣᠰ 50.1% ᠪᠠ 14.9% ᠪᠠᠷ ᠪᠠᠭᠤᠷᠠᠪᠠ᠃ ᠠᠵᠢᠯ ᠲᠥᠷᠥᠯ ᠢᠶᠠᠷ ᠬᠤᠪᠢᠶᠠᠷᠢᠯᠠᠪᠠᠯ ᠂ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ ᠶᠢᠨ ᠲᠤᠯᠭᠠᠭᠤᠷᠢᠯᠠᠬᠤ ᠦᠢᠯᠡᠳᠦᠯ ᠢᠯᠡᠷᠬᠡᠢ ᠪᠠᠶᠢᠵᠤ᠂ ᠪᠥᠬᠦ ᠬᠤᠰᠢᠭᠤᠨ ᠤ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 17.5% ᠪᠠᠷ ᠨᠡᠮᠡᠭᠳᠡᠨ᠂ ᠪᠥᠬᠦ ᠬᠤᠰᠢᠭᠤᠨ ᠤ ᠪᠡᠯᠡ ᠣᠷᠣᠭᠤᠯᠤᠯᠲᠠ ᠶᠢᠨ ᠨᠡᠮᠡᠭᠳᠡᠯ ᠢ ᠵᠠᠭᠤᠨ ᠤ 14 ᠬᠤᠪᠢ ᠳᠠᠶᠢᠴᠢᠯᠠᠪᠠ᠃ ᠠᠭᠤᠷᠬᠠᠢ ᠮᠠᠯᠲᠠᠬᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 150.8% ᠪᠠᠷ ᠨᠡᠮᠡᠭᠳᠡᠵᠦ᠂ ᠬᠤᠶᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠶᠢᠨ 37.6% ᠶᠢ ᠡᠵᠡᠯᠡᠨ᠂ ᠦᠢᠯᠡᠳᠬᠦ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ  ᠬᠢ ᠠᠴᠠ 6.4% ᠪᠠᠷ ᠪᠠᠭᠤᠷᠠᠵᠤ᠂ ᠬᠤᠶᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠶᠢᠨ 60.9% ᠶᠢ ᠡᠵᠡᠯᠡᠪᠡ᠃ ᠪᠦᠲᠦᠭᠡᠨ ᠪᠠᠶᠢᠭᠤᠯᠤᠯᠲᠠ ᠶᠢᠨ ᠠᠭᠤᠯᠭ᠎ᠠ ᠪᠠᠷ ᠬᠤᠪᠢᠶᠠᠷᠢᠯᠠᠪᠠᠯ᠂ ᠪᠦᠲᠦᠭᠡᠨ ᠪᠠᠶᠢᠭᠤᠯᠤᠯᠲᠠ ᠶᠢᠨ ᠠᠮᠤᠷ ᠲᠦᠪᠰᠢᠨ ᠪᠠ ᠲᠣᠨᠤᠭ ᠲᠥᠬᠦᠭᠡᠷᠦᠮᠵᠢ ᠶᠢᠨ ᠣᠷᠣᠭᠤᠯᠤᠯᠲᠠ ᠨᠡᠯᠢᠶᠡᠳ ᠶᠡᠭᠡ ᠪᠠᠶᠢᠵᠤ᠂ ᠡᠭᠦᠨ ᠳᠤ ᠪᠣᠳᠠᠲᠤ ᠶᠠᠭᠤᠮ᠎ᠠ ᠶᠢᠨ ᠠᠵᠢᠯ ᠤᠨ ᠬᠡᠮᠵᠢᠶ᠎ᠡ ᠶᠢ ᠲᠤᠰᠬᠠᠭᠰᠠᠨ ᠪᠠᠷᠢᠯᠭ᠎ᠠ ᠶᠢᠨ ᠤᠭᠰᠠᠷᠠᠭᠤᠯᠬᠤ ᠢᠨᠵᠧᠨᠧᠷᠢᠩ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 34.6% ᠪᠠᠷ ᠪᠠᠭᠤᠷᠠᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ ᠴᠢᠳᠠᠪᠤᠷᠢ ᠪᠠᠨ ᠥᠷᠭᠡᠳᠬᠡᠬᠦ ᠶᠢ ᠲᠤᠰᠬᠠᠭᠰᠠᠨ ᠲᠣᠨᠤᠭ ᠲᠥᠬᠦᠭᠡᠷᠦᠮᠵᠢ ᠪᠠᠭᠠᠵᠢ ᠬᠡᠷᠡᠭᠰᠡᠯ ᠬᠤᠳᠠᠯᠳᠤᠨ ᠠᠪᠬᠤ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 60.7% ᠪᠠᠷ ᠨᠡᠮᠡᠭᠳᠡᠪᠡ᠃      ᠬᠡᠷᠡᠭᠯᠡᠭᠡᠨ ᠤ ᠡᠳ᠋ ᠤᠨ ᠵᠠᠬ᠎ᠠ ᠳᠡᠯᠭᠡᠭᠦᠷ ᠦᠷᠭᠦᠯᠵᠢᠯᠡᠨ ᠨᠡᠯᠢᠶᠡᠳ ᠲᠦᠷᠭᠡᠨ ᠨᠡᠮᠡᠭᠳᠡᠪᠡ      1-10 ᠰᠠᠷ᠎ᠠ ᠳᠤ᠂ ᠪᠥᠬᠦ ᠬᠤᠰᠢᠭᠤᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠤᠷᠤᠯᠠᠭᠤᠯᠤᠭᠰᠠᠨ ᠶᠡᠷᠦᠩᠬᠡᠢ ᠬᠡᠮᠵᠢᠶ᠎ᠡ 28.8 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.6% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠲᠦᠷᠦᠭᠦᠦ ᠰᠠᠷ᠎ᠠ ᠶᠢᠨ  ᠬᠢ ᠠᠴᠠ ᠵᠠᠭᠤᠨ ᠤ 2.1 ᠬᠤᠪᠢ ᠲᠦᠷᠭᠡᠳᠪᠡ᠃ ᠬᠢᠵᠠᠭᠠᠷᠯᠠᠭᠰᠠᠨ ᠲᠤᠭ᠎ᠠ  ᠠᠴᠠ ᠳᠡᠭᠡᠭᠰᠢᠬᠢ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠤᠷᠤᠯᠠᠭᠤᠯᠤᠭᠰᠠᠨ ᠬᠡᠮᠵᠢᠶ᠎ᠡ 3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 20.3% ᠪᠠᠷ ᠨᠡᠮᠡᠭᠳᠡᠪᠡ᠂ ᠡᠭᠦᠨ ᠳᠤ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠬᠤᠨᠤᠭ ᠪᠠᠭᠤᠳᠠᠯ ᠪᠠ ᠢᠳᠡᠭᠡᠨ ᠤᠮᠳᠠᠭᠠᠨ ᠤ ᠦᠢᠯᠡᠰ ᠲᠣᠰ ᠲᠣᠰ 49.5% ᠪᠠ 22.6% ᠪᠠᠷ ᠨᠡᠮᠡᠭᠳᠡᠵᠦ᠂ ᠲᠦᠷᠦᠭᠦᠸ ᠰᠠᠷ᠎ᠠ ᠶᠢᠨ ᠬᠢ ᠠᠴᠠ ᠲᠣᠰ ᠲᠣᠰ ᠵᠠᠭᠤᠨ ᠤ 7.4 ᠪᠠ 3.8 ᠬᠤᠪᠢ ᠲᠦᠷᠭᠡᠳᠪᠡ᠃ ᠠᠵᠢᠯ ᠲᠥᠷᠥᠯ ᠢᠶᠠᠷ ᠬᠤᠪᠢᠶᠠᠵᠤ ᠦᠵᠡᠪᠡᠯ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠠᠮᠤ ᠪᠤᠳᠠᠭ᠎ᠠ ᠲᠣᠰᠣ ᠢᠳᠡᠭᠡᠨ ᠤ ᠵᠦᠢᠯ᠂ ᠤᠮᠳᠠᠭᠠᠨ ᠤ ᠵᠦᠢᠯ᠂ ᠠᠷᠢᠬᠢ ᠲᠠᠮᠠᠬᠢᠨ ᠤ ᠵᠦᠢᠯ᠂ ᠬᠤᠪᠴᠠᠰᠤ ᠬᠤᠨᠠᠷ ᠱᠠᠬᠠᠢ ᠮᠠᠯᠠᠭᠠᠢ ᠨᠡᠬᠡᠮᠡᠯ ᠤᠨ ᠵᠦᠢᠯ᠂ ᠡᠳᠦᠷ ᠲᠤᠲᠤᠮ ᠤᠨ ᠬᠡᠷᠡᠭᠯᠡᠭᠡᠨ ᠤ ᠵᠦᠢᠯ᠂ ᠬᠢᠲᠠᠳ ᠡᠸᠦ᠋ᠷᠦᠫᠡ ᠡᠮ ᠤᠨ ᠵᠦᠢᠯ ᠤᠨ ᠲᠠᠸᠠᠷ ᠤᠨ ᠵᠢᠵᠢᠭᠯᠡᠨ ᠪᠤᠷᠤᠯᠠᠭᠤᠯᠤᠭᠰᠠᠨ ᠬᠡᠮᠵᠢᠶ᠎ᠡ ᠲᠣᠰ ᠲᠣᠰ 31.4%᠂ 9.5%᠂ 34.4%᠂ 31.2%᠂ 12.7%᠂ 8.4% ᠪᠠᠷ ᠨᠡᠮᠡᠭᠳᠡᠪᠡ︔ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠵᠠᠰᠠᠯ ᠴᠢᠮᠡᠭᠯᠡᠯ ᠤᠨ ᠡᠳ᠋᠂ ᠭᠡᠷ ᠤᠨ ᠴᠠᠬᠢᠯᠭᠠᠨ ᠬᠡᠷᠡᠭᠰᠡᠯ ᠪᠠ ᠲᠠᠭᠤ ᠳᠦᠷᠰᠦ ᠰᠢᠩᠭᠡᠭᠡᠯᠲᠡ ᠶᠢᠨ ᠪᠠᠭᠠᠵᠢ ᠬᠡᠷᠡᠭᠰᠡᠯ ᠤᠨ ᠲᠠᠸᠠᠷ ᠤᠨ ᠵᠢᠵᠢᠭᠯᠡᠨ ᠪᠤᠷᠤᠯᠠᠭᠤᠯᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ ᠲᠣᠰ ᠲᠣᠰ 22.6% ᠪᠠ 20.7% ᠪᠠᠷ ᠨᠡᠮᠡᠭᠳᠡᠪᠡ︔ ᠰᠢᠨ᠎ᠡ ᠡᠨᠧᠷᠭᠢ ᠶᠢᠨ ᠮᠠᠰᠢᠨ ᠲᠡᠷᠭᠡ ᠶᠢ ᠲᠠᠸᠠᠷ ᠤᠨ ᠵᠢᠵᠢᠭᠯᠡᠨ ᠪᠤᠷᠤᠯᠠᠭᠤᠯᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 98.1% ᠪᠠᠷ ᠨᠡᠮᠡᠭᠳᠡᠪᠡ᠃      ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠦᠷ᠎ᠡ ᠠᠰᠢᠭ ᠢᠯᠡᠳᠲᠡ ᠳᠡᠭᠡᠭᠰᠢᠯᠡᠪᠡ‌‍ᠲ᠋ᠦ᠋ᠷᠦᠭᠦᠸ ᠭᠤᠷᠪᠠᠨ ᠤᠯᠠᠷᠢᠯ ᠳᠤ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ 26.4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.3% ᠪᠠᠷ ᠨᠡᠮᠡᠭᠳᠡᠪᠡ᠃ ᠡᠭᠦᠨ ᠳᠤ ᠵᠠᠮ ᠲᠡᠭᠡᠭᠡᠪᠦᠷᠢ᠂ ᠬᠥᠮᠥᠷᠭᠡᠯᠡᠯᠲᠡ ᠪᠠ ᠰᠢᠤᠳᠠᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ 24.2 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.2% ᠢᠶᠠᠷ ᠨᠡᠮᠡᠭᠳᠡᠪᠡ︔ ᠭᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ᠤᠨ ᠡᠵᠡᠩᠨᠡᠯᠲᠡ ᠶᠢᠨ ᠣᠷᠣᠯᠭ᠎ᠠ 1.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 11.9% ᠪᠠᠷ ᠨᠡᠮᠡᠭᠳᠡᠪᠡ︔ ᠲᠦᠷᠢᠶᠡᠰᠦᠯᠡᠯ ᠪᠠ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ 0.43 ᠳ᠋ᠦᠩᠰᠢᠭᠤᠷ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 12.1% ᠪᠠᠷ ᠨᠡᠮᠡᠭᠳᠡᠪᠡ︔ ᠰᠢᠨᠵᠢᠯᠡᠬᠦ ᠤᠬᠠᠭᠠᠨ ᠤ ᠰᠤᠳᠤᠯᠭᠠᠨ ᠪᠠ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ 0.19 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 122.8%  ᠪᠠᠷ ᠨᠡᠮᠡᠭᠳᠡᠪᠡ᠃ ᠮᠠᠨ ᠤ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠠᠴᠠ ᠵᠠᠭᠤᠨ ᠤ 3.3 ᠬᠤᠪᠢ ᠥᠨᠳᠥᠷ ᠪᠠᠶᠢᠵᠤ᠂ ᠪᠥᠬᠦ ᠬᠤᠲᠠ ᠶᠢᠨ 9 ᠬᠤᠰᠢᠭᠤ ᠲᠣᠭᠤᠷᠢᠭ ᠤᠨ ᠳᠣᠲᠣᠷ᠎ᠠ ᠳᠥᠷᠪᠡᠳᠦᠭᠡᠷ ᠲᠤ ᠵᠢᠭᠰᠠᠭᠠᠭᠳᠠᠵᠠᠢ᠃ ᠠᠵᠤ ᠠᠬᠤᠶᠢᠯᠠᠯ ᠤᠨ ᠡᠵᠡᠩᠨᠡᠯᠲᠡ ᠶᠢᠨ ᠦᠷ᠎ᠡ ᠠᠰᠢᠭ ᠢᠯᠡᠳᠲᠡ ᠳᠡᠭᠡᠭᠰᠢᠯᠡᠪᠡ᠃ ᠲᠦᠷᠦᠭᠦᠸ ᠭᠤᠷᠪᠠᠨ ᠤᠯᠠᠷᠢᠯ ᠳᠤ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠪᠡᠶᠡᠯᠡᠭᠦᠯᠦᠭᠰᠡᠨ ᠠᠰᠢᠭ ᠬᠤᠨᠵᠢᠪᠤᠷᠢ ᠶᠢᠨ ᠶᠡᠷᠦᠩᠬᠡᠢ ᠲᠤᠭ᠎ᠠ 2.28 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 24.2% ᠢᠶᠠᠷ ᠨᠡᠮᠡᠭᠳᠡᠪᠡ᠂ ᠡᠭᠦᠨ ᠳᠤ ᠠᠵᠤ ᠠᠬᠤᠶᠢᠯᠠᠯ ᠤᠨ ᠡᠵᠡᠩᠨᠡᠯᠲᠡ ᠶᠢᠨ ᠠᠰᠢᠭ ᠬᠤᠨᠵᠢᠪᠤᠷᠢ ᠶᠢᠨ ᠨᠣᠷᠮ᠎ᠠ 10.2% ᠪᠠᠶᠢᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠲᠠᠢ ᠬᠠᠷᠢᠴᠠᠭᠤᠯᠪᠠᠯ ᠵᠠᠭᠤᠨ ᠤ1.7 ᠬᠤᠪᠢ ᠳᠡᠭᠡᠭᠰᠢᠯᠡᠵᠡᠢ᠃ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ 29 ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠤᠨ ᠳᠣᠲᠣᠷᠠᠬᠢ 20 ᠠᠵᠤ ᠠᠬᠤᠶᠢᠯᠠᠯ ᠨᠢ ᠠᠰᠢᠭ ᠣᠯᠵᠠᠪᠤᠷᠢ ᠶᠢ ᠪᠡᠶᠡᠯᠡᠭᠦᠯᠵᠦ᠂ ᠠᠰᠢᠭ ᠣᠯᠵᠠᠪᠤᠷᠢ ᠶᠢᠨ ᠬᠡᠪᠴᠢᠶ᠎ᠡ ᠨᠢ 71.1% ᠳᠤ ᠬᠥᠷᠪᠡ᠃ ᠠᠵᠢᠯᠲᠠᠨ ᠤ ᠴᠠᠯᠢᠩ ᠬᠥᠯᠥᠰᠦ ᠲᠠᠰᠤᠷᠠᠯᠲᠠ ᠦᠭᠡᠢ ᠳᠡᠭᠡᠭᠰᠢᠯᠡᠪᠡ᠃ ᠲᠦᠷᠦᠭᠦᠸ ᠭᠤᠷᠪᠠᠨ ᠤᠯᠠᠷᠢᠯ ᠳᠤ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠠᠵᠢᠯᠲᠠᠨ ᠠᠵᠢᠯᠴᠢᠨ ᠳᠤ ᠦᠭᠬᠦ ᠶᠤᠰᠤᠲᠠᠢ ᠴᠠᠯᠢᠩ 1.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 19.2% ᠢᠶᠠᠷ ᠨᠡᠮᠡᠭᠳᠡᠪᠡ᠂ ᠡᠭᠦᠨ ᠳᠤ᠂ ᠰᠢᠨᠵᠢᠯᠡᠬᠦ ᠤᠬᠠᠭᠠᠨ ᠤ ᠰᠤᠳᠤᠯᠭᠠᠨ ᠪᠠ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠨᠡᠮᠡᠭᠳᠡᠯ ᠬᠠᠮᠤᠭ ᠤᠨ ᠲᠦᠷᠭᠡᠨ ᠪᠠᠶᠢᠨ᠎ᠠ᠃ ᠠᠵᠢᠯ ᠣᠯᠭᠤᠭᠰᠠᠨ ᠬᠥᠮᠥᠨ ᠤ ᠲᠤᠭ᠎ᠠ ᠪᠠᠷ ᠬᠠᠮᠤᠭ ᠤᠨ ᠣᠯᠠᠨ ᠠᠵᠢᠯ ᠲᠥᠷᠥᠯ ᠨᠢ ᠲᠣᠰ ᠲᠣᠰ ᠭᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ᠂ ᠵᠠᠮ ᠬᠠᠷᠢᠯᠴᠠᠭ᠎ᠠ ᠲᠡᠭᠡᠭᠡᠪᠦᠷᠢ᠂ ᠬᠥᠮᠥᠷᠭᠡᠯᠡᠯᠲᠡ ᠪᠠ ᠰᠢᠤᠳᠠᠨ ᠤ ᠦᠢᠯᠡᠰ ᠪᠠᠶᠢᠵᠤ᠂ ᠨᠡᠶᠢᠲᠡ 76.7% ᠶᠢ ᠡᠵᠡᠯᠡᠪᠡ᠃      1 — 10 ᠰᠠᠷ᠎ᠠ ᠶᠢᠨ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠠᠴᠠ ᠦᠵᠡᠪᠡᠯ᠂ ᠪᠦᠭᠦ ᠬᠤᠰᠢᠭᠤᠨ ᠤ ᠠᠵᠤ ᠠᠬᠤᠢ ᠶᠢᠨ ᠡᠷᠭᠢᠯᠲᠡ ᠲᠣᠭᠲᠠᠭᠤᠨ ᠢᠶᠠᠷ ᠨᠡᠮᠡᠭᠳᠡᠬᠦ ᠰᠠᠶᠢᠨ ᠪᠠᠶᠢᠳᠠᠯ ᠢᠶᠠᠨ ᠪᠠᠲᠤᠯᠠᠵᠤ ᠪᠠᠶᠢᠨ᠎ᠠ᠃ ᠭᠡᠪᠡᠴᠦ ᠭᠠᠳᠠᠭᠠᠳᠤ ᠣᠷᠴᠢᠨ ᠨᠥᠬᠦᠴᠡᠯ ᠨᠠᠷᠢᠨ ᠪᠤᠳᠤᠯᠢᠶᠠᠨᠲᠠᠢ᠂ ᠲᠣᠭᠲᠠᠭᠤᠨ ᠪᠤᠰᠤ᠂ ᠲᠤᠭᠲᠠᠪᠤᠷᠢ ᠦᠭᠡᠢ ᠬᠦᠴᠦᠨ ᠵᠦᠢᠯ ᠮᠥᠨ ᠯᠡ ᠨᠡᠯᠢᠶᠡᠳ ᠤᠯᠠᠨ᠂ ᠵᠠᠬ᠎ᠠ ᠳᠡᠯᠭᠡᠭᠦᠷ ᠤᠨ ᠬᠡᠷᠡᠭᠴᠡᠭᠡ ᠮᠥᠨ ᠯᠡ ᠬᠦᠷᠦᠯᠴᠡᠬᠦ ᠦᠭᠡᠢ᠂ ᠠᠵᠤ ᠠᠬᠤᠢ ᠶᠢᠨ ᠰᠡᠷᠭᠦᠨ ᠰᠠᠶᠢᠵᠢᠷᠠᠬᠤ ᠰᠠᠭᠤᠷᠢ ᠶᠢ ᠮᠥᠨ ᠯᠡ ᠪᠠᠬᠢᠵᠢᠭᠦᠯᠬᠦ ᠴᠢᠬᠤᠯᠠᠲᠠᠢ ᠪᠠᠶᠢᠬᠤ ᠶᠢ ᠣᠯᠵᠤ ᠬᠠᠷᠠᠬᠤ ᠬᠡᠷᠡᠭᠲᠡᠢ᠃ ᠲᠠᠷᠠᠭᠠᠴᠢ ᠶᠢᠨ ᠱᠠᠲᠤᠨ ᠳᠤ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠶᠡᠭᠡ ᠶᠠᠪᠤᠳᠠᠯ︾ ᠪᠠ ᠬᠤᠲᠠ ᠶᠢᠨ ᠨᠠᠮ ᠤᠨ ᠬᠤᠷᠢᠶ᠎ᠠ ᠶᠢᠨ ︽ᠭᠤᠷᠪᠠᠨ ᠳᠥᠷᠪᠡ︾ ᠶᠢᠨ ᠬᠠᠷᠠᠯᠲᠠ ᠶᠢᠨ ᠡᠭᠦᠷᠭᠡ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ︽ᠲᠠᠪᠤ ᠶᠢ ᠳᠠᠬᠢᠨ ᠲᠠᠰ ᠳᠡᠪᠰᠢᠭᠦᠯᠬᠦ︾ ᠶᠢ ᠠᠬᠢᠭᠤᠯᠤᠨ᠂ ᠡᠷᠴᠢ ᠵᠣᠷᠢᠭ ᠢᠶᠠᠨ ᠬᠥᠪᠴᠢᠯᠡᠵᠦ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠪᠥᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠶᠢ ᠴᠢᠷᠮᠠᠶᠢᠨ ᠪᠡᠶᠡᠯᠡᠭᠦᠯᠦᠨ᠎ᠡ᠃ 
ᠢᠷᠡᠯᠲᠡ᠄ ᠣᠲᠤᠭ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ