ᠬᠤᠰᠢᠭᠤ ᠨᠠᠮ ᠤᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠲᠠᠪᠤᠳᠤᠭᠠᠷ ᠬᠤᠭᠤᠴᠠᠭᠠᠨ ᠤ ᠨᠣᠮ ᠤᠩᠰᠢᠬᠤ ᠠᠩᠭᠢ ᠡᠷᠭᠢᠯᠡᠪᠡ
ᠨᠡᠶᠢᠲᠡᠯᠡᠭᠰᠡᠨ ᠴᠠᠭ᠄
2023/12/15
      12 ᠰᠠᠷ᠎ᠠ ᠶᠢᠨ 11 ᠤ ᠡᠳᠦᠷ ᠠᠴᠠ 14 ᠤ ᠡᠳᠦᠷ ᠪᠣᠯᠲᠠᠯ᠎ᠠ᠂ ᠬᠤᠰᠢᠭᠤ ᠨᠠᠮ ᠤᠨ ᠬᠤᠷᠢᠶ᠎ᠠ ᠲᠤᠰᠬᠠᠢ ᠰᠡᠳᠦᠪᠲᠦ ᠲᠠᠶᠢᠯᠤᠮᠵᠢ ᠬᠢᠬᠦ᠂ ᠲᠥᠪᠯᠡᠷᠡᠭᠦᠯᠦᠨ ᠨᠣᠮ ᠤᠩᠰᠢᠬᠤ ᠪᠠ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠶᠢ ᠤᠶᠠᠯᠳᠤᠭᠤᠯᠬᠤ ᠬᠡᠯᠪᠡᠷᠢ ᠪᠠᠷ ᠭᠤᠣᠯ ᠰᠡᠳᠦᠪᠲᠦ ᠬᠥᠮᠦᠵᠢᠯ ᠤᠨ ᠲᠠᠪᠤᠳᠤᠭᠠᠷ ᠬᠤᠭᠤᠴᠠᠭᠠᠨ ᠤ ᠨᠣᠮ ᠤᠩᠰᠢᠬᠤ ᠠᠩᠭᠢ ᠡᠷᠭᠢᠯᠡᠪᠡ᠃      ᠡᠨᠡ ᠬᠤᠭᠤᠴᠠᠭᠠᠨ ᠳᠤ᠂ ᠬᠤᠰᠢᠭᠤ ᠲᠠᠰ ᠤᠨ ᠤᠳᠤᠷᠢᠳᠬᠤ ᠺᠠᠳ᠋ᠷᠴᠤᠳ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠰᠣᠶᠣᠯ ᠲᠡᠦᠬᠡ ᠪᠠ ᠰᠤᠷᠤᠯᠴᠠᠯᠭ᠎ᠠ ᠶᠢᠨ ᠵᠥᠪᠯᠡᠯ ᠤᠨ ᠳᠡᠳ᠋ ᠡᠷᠬᠢᠯᠡᠭᠴᠢ ᠶᠧ ᠰᠢᠶᠣᠣ ᠸᠧᠨ ᠤ ᠬᠢᠭᠰᠡᠨ ︽ᠳᠤᠮᠳᠠᠳᠤ ᠶᠢᠨ ᠰᠣᠶᠣᠯ ᠤᠨ ᠰᠤᠳᠠᠰᠤ ᠪᠠ ᠰᠣᠶᠣᠯ ᠤᠨ ᠢᠲᠡᠭᠡᠯ ︱ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠰᠤᠷᠤᠯᠴᠠᠭᠰᠠᠨ ᠬᠡᠳᠦᠨ ᠣᠶᠢᠯᠠᠭᠠᠯᠲᠠ︾ ᠶᠢᠨ ᠲᠤᠬᠠᠢ ᠲᠤᠰᠬᠠᠢ ᠰᠡᠳᠦᠪᠲᠦ ᠲᠠᠶᠢᠯᠤᠮᠵᠢ᠂ ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠫᠷᠤᠹᠧᠰᠰᠤᠷ ᠰᠢ ᡁᠢ ᠮᠢᠩ ᠤᠨ ᠬᠢᠭᠰᠡᠨ ︽ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ︾ ᠲᠤᠰᠬᠠᠢ ᠰᠡᠳᠦᠪᠲᠦ ᠲᠠᠶᠢᠯᠤᠮᠵᠢ ᠪᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠠᠮ ᠤᠨ ᠲᠡᠦᠬᠡ ᠪᠠ ᠣᠷᠣᠨ ᠨᠤᠲᠤᠭ ᠤᠨ ᠣᠶᠢᠯᠠᠯᠭ᠎ᠠ ᠰᠤᠳᠤᠯᠬᠤ ᠲᠠᠰᠤᠭ ᠤᠨ ᠰᠤᠳᠤᠯᠭᠠᠨ ᠤ ᠭᠠᠵᠠᠷ ᠤᠨ ᠳᠡᠳ᠋ ᠳᠠᠷᠤᠭ᠎ᠠ ᠯᠢ ᠰᠢᠶᠣᠣ ᠹᠧᠩ ᠤᠨ ᠬᠢᠭᠰᠡᠨ ︽ᠨᠠᠮ ᠤᠨ ᠲᠥᠪ ᠬᠤᠷᠢᠶ᠎ᠠ ᠶᠢᠨ ᠤᠳᠤᠷᠢᠳᠤᠯᠭ᠎ᠠ ᠳᠣᠣᠷ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠢ ᠪᠠᠶᠢᠭᠤᠯᠵᠤ ᠬᠥᠭᠵᠢᠭᠦᠯᠬᠦ ︾ ᠲᠤᠰᠬᠠᠢ ᠰᠡᠳᠦᠪᠲᠦ ᠲᠠᠶᠢᠯᠤᠮᠵᠢ ᠶᠢ ᠨᠠᠷᠢᠨ ᠬᠢᠨᠠᠮᠠᠭᠠᠢ ᠰᠣᠨᠣᠰᠴᠤ᠂ ︽ᠰᠢ ᠶᠢᠨ ᠫᠢᠡᠭ ᠤᠨ ᠨᠡᠶᠢᠭᠡᠮ ᠵᠢᠷᠤᠮ ᠤᠨ ᠰᠣᠶᠣᠯ ᠤᠨ ᠪᠠᠶᠢᠭᠤᠯᠤᠯᠲᠠ ᠶᠢᠨ ᠲᠤᠬᠠᠢ ᠥᠭᠦᠯᠡᠯᠲᠡ ᠶᠢᠨ ᠲᠡᠭᠦᠪᠦᠷᠢ︾ ᠶᠢ ᠰᠤᠳᠤᠯᠤᠨ ᠤᠩᠰᠢᠵᠤ᠂ ᠪᠦᠬᠦ ᠤᠯᠤᠰ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠬᠤᠷᠠᠯ ᠵᠡᠷᠭᠡ ᠶᠢᠨ ᠵᠣᠷᠢᠭ ᠰᠠᠨᠠᠭ᠎ᠠ ᠶᠢ ᠰᠤᠷᠤᠯᠴᠠᠵᠤ᠂ ︽ᠰᠢ ᠶᠢᠨ ᠫᠢᠡᠭ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠬᠤ︾ ᠭᠤᠣᠯ ᠰᠡᠳᠦᠪ ᠢᠶᠠᠷ ᠰᠤᠳᠤᠯᠤᠨ ᠶᠠᠷᠢᠯᠴᠠᠪᠠ᠃      ᠭᠤᠸ ᠬᠤᠸᠠᠢ ᠵᠢᠩ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠢ ᠡᠷᠭᠢᠯᠡᠬᠦ ᠳᠡᠭᠡᠨ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠦᠨᠳᠦᠰᠦᠨ ᠵᠢᠷᠤᠮᠯᠠᠯ ᠢ ᠪᠠᠲᠤ ᠡᠵᠡᠮᠰᠢᠬᠦ ᠬᠡᠷᠡᠭᠲᠡᠢ᠃ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ︽ᠰᠣᠶᠣᠯ ᠤᠨ ᠴᠡᠴᠡᠭᠯᠡᠯᠲᠡ ᠶᠢ ᠠᠬᠢᠭᠤᠯᠤᠨ᠂ ᠰᠣᠶᠣᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ ᠤ ᠣᠲᠣ ᠦᠶ᠎ᠡ ᠶᠢᠨ ᠪᠣᠯᠪᠠᠰᠤᠨ ᠢ ᠪᠦᠲᠦᠭᠡᠨ ᠪᠠᠶᠢᠭᠤᠯᠬᠤ︾ ᠰᠢᠨ᠎ᠡ ᠡᠭᠦᠷᠭᠡ ᠶᠢ ᠤᠬᠠᠮᠰᠠᠷ ᠠᠴᠠ ᠪᠠᠨ ᠡᠭᠦᠷᠭᠡᠯᠡᠵᠦ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠦᠵᠡᠯ ᠰᠠᠨᠠᠭᠠᠨ ᠤ ᠪᠠᠲᠤᠯᠠᠭ᠎ᠠ᠂ ᠬᠦᠴᠦᠷᠬᠡᠭ ᠶᠡᠭᠡ ᠣᠶᠤᠨ ᠰᠠᠨᠠᠭᠠᠨ ᠤ ᠬᠦᠴᠦᠨ ᠬᠠᠩᠭᠠᠬᠤ ᠬᠡᠷᠡᠭᠲᠡᠢ᠃ ᠰᠣᠶᠣᠯ ᠤᠨ ᠰᠢᠨ᠎ᠡ ᠡᠭᠦᠷᠭᠡ ᠶᠢ ᠡᠷᠡᠰ ᠡᠭᠦᠷᠭᠡᠯᠡᠵᠦ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠢ ᠴᠢᠨᠠᠷᠲᠠᠢ ᠰᠠᠶᠢᠨ ᠠᠳᠬᠤᠬᠤ ᠬᠡᠷᠡᠭᠲᠡᠢ᠃ ᠭᠤᠣᠯ ᠤᠷᠤᠰᠬᠠᠯ ᠤᠨ ᠦᠵᠡᠯ ᠰᠠᠨᠠᠭ᠎ᠠ ᠶᠠᠷᠢᠶ᠎ᠠ ᠬᠡᠯᠡᠯᠴᠡᠭᠡᠨ ᠤ ᠤᠯᠠᠮᠵᠢᠯᠠᠬᠤ ᠬᠦᠴᠦᠨ᠂ ᠬᠥᠲᠥᠯᠥᠨ ᠵᠢᠯᠤᠭᠤᠳᠬᠤ ᠬᠦᠴᠦᠨ ᠢ ᠦᠷᠭᠦᠯᠵᠢᠯᠡᠨ ᠪᠤᠵᠠᠭᠠᠶᠢᠷᠠᠭᠤᠯᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠶᠡᠬᠡᠪᠡᠷ ᠤᠬᠠᠭᠤᠯᠤᠨ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠶᠡᠭᠡ ᠶᠠᠪᠤᠳᠠᠯ︾ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠪᠠ ᠬᠤᠲᠠ ᠶᠢᠨ ᠨᠠᠮ ᠤᠨ ᠬᠤᠷᠢᠶᠠᠨ ᠤ ︽ᠭᠤᠷᠪᠠᠨ ᠳᠥᠷᠪᠡ︾ ᠶᠢᠨ ᠠᠵᠢᠯ ᠤᠨ ᠡᠭᠦᠷᠭᠡ ᠶᠢ ᠠᠬᠢᠭᠤᠯᠬᠤ ᠳᠤᠮᠳᠠᠬᠢ ᠠᠮᠢᠳᠤᠯᠢᠭ ᠦᠢᠯᠡᠳᠦᠯᠭᠡ ᠪᠣᠯᠣᠨ ᠰᠢᠨ᠎ᠡ ᠠᠬᠢᠴᠠ᠂ ᠰᠢᠨ᠎ᠡ ᠦᠷ᠎ᠡ ᠪᠦᠲᠦᠮᠵᠢ ᠶᠢ ᠴᠠᠭ ᠲᠤᠬᠠᠢ ᠳᠤᠨᠢ ᠮᠥᠷᠳᠡᠨ ᠮᠡᠳᠡᠭᠡᠯᠡᠬᠦ ᠬᠡᠷᠡᠭᠲᠡᠢ᠃ ︽ᠭᠡᠷ ᠪᠦᠯᠢ᠂ ᠰᠤᠷᠭᠠᠭᠤᠯᠢ᠂ ᠨᠡᠶᠢᠭᠡᠮ᠂ ᠰᠦᠯᠵᠢᠶ᠎ᠡ︾ ᠳᠥᠷᠪᠡ ᠶᠢ ᠨᠢᠭᠡ ᠴᠣᠭᠴᠠᠵᠢᠭᠤᠯᠤᠭᠰᠠᠨ ᠬᠥᠮᠥᠨ ᠬᠥᠮᠥᠵᠢᠭᠦᠯᠬᠦ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠪᠣᠯᠪᠠᠰᠤᠨ ᠨᠢᠭᠡᠴᠢ᠂ ᠪᠣᠯᠪᠠᠰᠤᠨ ᠨᠡᠶᠢᠭᠡᠮ ᠲᠣᠭᠤᠷᠢᠭ ᠵᠡᠷᠭᠡ ᠣᠯᠠᠨ ᠲᠦᠮᠡᠨᠴᠢ ᠴᠢᠨᠠᠷᠲᠠᠢ ᠣᠶᠤᠨ ᠤ ᠪᠣᠯᠪᠠᠰᠤᠨ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠪᠥᠬᠦ ᠲᠠᠯ᠎ᠠ ᠪᠠᠷ ᠠᠬᠢᠭᠤᠯᠬᠤ ᠬᠡᠷᠡᠭᠲᠡᠢ᠃ ᠣᠲᠤᠭ ᠤᠨ ᠰᠣᠶᠣᠯ ᠤᠨ ᠡᠬᠢ ᠪᠠᠶᠠᠯᠢᠭ ᠪᠠ ᠡᠯᠪᠡᠭ ᠳᠡᠯᠪᠡᠭ ᠠᠭᠤᠯᠤᠭᠳᠠᠬᠤᠨ ᠢ ᠭᠦᠨᠵᠡᠭᠡᠢ ᠠᠭᠤᠳᠠᠯᠵᠤ᠂ ᠲᠡᠦᠬᠡ ᠰᠣᠶᠣᠯ ᠤᠨ ᠥᠪ ᠢ ᠰᠢᠨᠵᠢᠯᠡᠬᠦ ᠤᠬᠠᠭᠠᠨᠴᠢ ᠪᠠᠷ ᠰᠠᠶᠢᠲᠤᠷ ᠬᠠᠮᠠᠭᠠᠯᠠᠬᠤ ᠬᠡᠷᠡᠭᠲᠡᠢ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠠᠷᠢᠶ᠎ᠠ ᠭᠠᠵᠠᠷ ᠤᠨ ᠬᠠᠮᠢᠶᠠᠷᠤᠯᠲᠠ ᠪᠠ ᠭᠤᠣᠯᠯᠠᠨ ᠬᠠᠮᠢᠶᠠᠷᠴᠤ ᠡᠷᠬᠢᠯᠡᠬᠦ ᠬᠠᠷᠢᠭᠤᠴᠠᠯᠭ᠎ᠠ ᠶᠢ ᠡᠷᠡᠰ ᠨᠠᠶᠢᠳᠠᠪᠤᠷᠢᠵᠢᠭᠤᠯᠤᠨ᠂ ᠦᠵᠡᠯ ᠤᠬᠠᠮᠰᠠᠷ ᠤᠨ ᠬᠡᠯᠪᠡᠷᠢ ᠶᠢᠨ ᠭᠤᠣᠯ ᠰᠠᠭᠤᠷᠢᠨ ᠭᠠᠵᠠᠷ ᠢ ᠪᠠᠲᠤ ᠰᠠᠬᠢᠵᠤ ᠰᠠᠶᠢᠲᠤᠷ ᠬᠠᠮᠢᠶᠠᠷᠬᠤ ᠬᠡᠷᠡᠭᠲᠡᠢ᠃ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠨᠠᠮ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠤᠯᠤᠰ ᠲᠦᠷᠦ ᠶᠢᠨ ᠬᠠᠷᠢᠭᠤᠴᠠᠯᠭ᠎ᠠ ᠪᠠ ᠤᠳᠤᠷᠢᠳᠬᠤ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠨᠠᠮ ᠠᠴᠠ ᠤᠬᠠᠭᠤᠯᠭ᠎ᠠ ᠶᠢ ᠬᠠᠮᠢᠶᠠᠷᠬᠤ᠂ ᠨᠠᠮ ᠠᠴᠠ ᠦᠵᠡᠯ ᠤᠬᠠᠮᠰᠠᠷ ᠤᠨ ᠬᠡᠯᠪᠡᠷᠢ ᠶᠢ ᠬᠠᠮᠢᠶᠠᠷᠬᠤ᠂ ᠨᠠᠮ ᠠᠴᠠ ᠵᠠᠭᠤᠴᠢᠯᠠᠭᠤᠷ ᠢ ᠬᠠᠮᠢᠶᠠᠷᠬᠤ ᠱᠠᠭᠠᠷᠳᠠᠯᠭ᠎ᠠ ᠶᠢ ᠲᠡᠷᠡ ᠬᠡᠪ ᠢᠶᠠᠷ ᠨᠢ ᠰᠠᠶᠢᠲᠤᠷ ᠨᠠᠶᠢᠳᠠᠪᠤᠷᠢᠵᠢᠭᠤᠯᠤᠨ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠣᠶᠢᠯᠠᠭᠠᠬᠤ ᠴᠢᠳᠠᠪᠤᠷᠢ ᠪᠠ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠰᠢᠰᠲ᠋ᠧᠮ ᠢ ᠢᠮᠠᠭᠲᠠ ᠨᠠᠮ ᠢ ᠰᠠᠨᠠᠭ᠎ᠠ ᠠᠮᠤᠷ ᠪᠠᠶᠢᠯᠭᠠᠬᠤ᠂ ᠤᠯᠠᠨ ᠲᠦᠮᠡᠨ ᠤ ᠢᠲᠡᠭᠡᠯ ᠢ ᠣᠯᠬᠤ ᠪᠠᠲᠤ ᠴᠢᠩᠭ᠎ᠠ ᠪᠠᠬᠢᠯᠡᠯᠲᠡ ᠪᠣᠯᠭᠠᠬᠤ ᠬᠡᠷᠡᠭᠲᠡᠢ ᠭᠡᠪᠡ᠃ 
ᠢᠷᠡᠯᠲᠡ᠄ ᠣᠲᠤᠭ ᠨᠡᠶᠢᠲᠡᠯᠡᠯ