ᠦᠰᠦᠭ ᠢᠶᠠᠷ ᠦᠭᠦᠯᠡᠬᠦᠢ᠄ ︽ᠣᠲᠤᠭ ᠬᠤᠰᠢᠭᠤᠨ ᠤ ᠵᠠᠷᠭᠤ ᠬᠢᠭᠡᠳᠦᠢ ᠪᠠᠷ ᠤᠷᠢᠳᠠᠪᠠᠷ ᠰᠢᠢᠳᠪᠦᠷᠢᠯᠡᠬᠦ ᠠᠵᠢᠯ ᠤᠨ ᠬᠡᠷᠡᠭᠵᠢᠭᠦᠯᠬᠦ ᠲᠥᠰᠥᠯ︾ ᠤᠨ ᠳᠤᠬᠠᠢ ᠲᠦᠷᠦ ᠶᠢᠨ ᠪᠤᠳᠤᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/12/15
      ᠨᠢᠭᠡ᠂ ᠵᠢᠯᠣᠭᠤᠳᠬᠤ ᠦᠵᠡᠯ ᠰᠠᠨᠠᠭ᠎ᠠ      ᠰᠢ ᠶᠢᠨ ᠫᠢᠡᠭ ᠤᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠦᠨ᠂ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠵᠤ᠂ ᠰᠢᠰᠲ᠋ᠧᠮ ᠲᠠᠢ ᠪᠠᠷ ᠵᠠᠰᠠᠬᠤ᠂ ᠬᠠᠤᠯᠢ ᠶᠣᠰᠣᠭᠠᠷ ᠵᠠᠰᠠᠬᠤ᠂ ᠶᠡᠷᠦᠩᠬᠡᠶᠢᠯᠡᠨ ᠵᠠᠰᠠᠬᠤ᠂ ᠡᠬᠢ ᠦᠨᠳᠦᠰᠦ ᠠᠴᠠ ᠨᠢ ᠵᠠᠰᠠᠬᠤ ᠶᠢ ᠪᠠᠷᠢᠮᠲᠠᠯᠠᠨ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠴᠦ᠂ ᠠᠷᠠᠳ ᠣᠯᠠᠨ ᠤ ᠪᠠᠴᠢᠮᠳᠠᠵᠤ ᠬᠦᠴᠢᠷᠳᠡᠵᠦ ᠵᠣᠪᠠᠵᠤ ᠬᠦᠰᠡᠵᠦ ᠪᠠᠶᠢᠭ᠎ᠠ ᠠᠰᠠᠭᠤᠳᠠᠯ ᠳᠤ ᠲᠥᠪᠯᠡᠷᠡᠭᠦᠯᠦᠨ᠂ ᠵᠠᠷᠭᠤ ᠶᠢ ᠭᠥᠯᠢᠶᠡᠨ ᠠᠪᠤᠪᠠᠯ ᠳᠠᠷᠤᠶᠢᠬᠠᠨ ᠭᠦᠶᠴᠡᠳᠬᠡᠬᠦ ᠠᠵᠢᠯ ᠤᠨ ᠭᠠᠷᠳᠠᠴᠠ ᠶᠢᠨ ᠦᠢᠯᠡᠳᠦᠯ ᠢ ᠪᠠᠳᠠᠷᠠᠭᠤᠯᠵᠤ᠂ ᠦᠢᠯᠡᠳᠦᠯᠭᠡ ᠲᠤᠷᠰᠢᠯᠭ᠎ᠠ ᠶᠢᠨ ᠦᠷ᠎ᠡ ᠪᠦᠲᠦᠭᠡᠯ ᠢ ᠬᠤᠷᠢᠶᠠᠩᠭᠤᠶᠢᠯᠠᠵᠤ ᠰᠢᠯᠢᠳᠡᠭᠴᠢᠯᠡᠨ᠂ ᠵᠥᠷᠢᠴᠡᠯ ᠡᠭᠦᠰᠦᠮᠡᠭᠴᠡ ᠰᠢᠢᠳᠪᠦᠷᠢᠯᠡᠵᠦ᠂ ᠦᠨᠳᠦᠰᠦᠨ ᠱᠠᠲᠤᠨ ᠤ ᠨᠡᠶᠢᠭᠡᠮ ᠤᠨ ᠰᠠᠨᠠᠭᠠᠴᠢᠯᠠᠭ᠎ᠠ ᠠᠴᠠ ᠪᠠᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠦᠨ᠂ ᠠᠵᠦ ᠠᠬᠤᠶᠢᠯᠠᠯ ᠤᠨ ᠠᠵᠢᠯᠲᠠᠨ ᠤ ᠬᠦᠴᠢᠷᠳᠡᠯ ᠢ ︽ᠵᠠᠷᠭᠤ ᠬᠢᠭᠡᠳᠦᠢ ᠪᠠᠷ ᠥᠪᠡᠷᠲᠡᠭᠡᠨ ᠰᠢᠢᠳᠪᠦᠷᠢᠯᠡᠬᠦ︾ ᠶᠢ ᠴᠢᠷᠮᠠᠶᠢᠨ ᠪᠡᠶᠡᠯᠡᠭᠦᠯᠦᠨ᠎ᠡ᠃      ᠬᠤᠶᠠᠷ᠂ ᠠᠵᠢᠯ ᠤᠨ ᠬᠠᠷᠠᠯᠲᠠ      2022 ᠣᠨ ᠤ ᠨᠢᠭᠡ ᠡᠳᠦᠷ ᠤᠨ ᠬᠦᠯᠢᠶᠡᠨ ᠠᠪᠤᠭᠰᠠᠨ ᠵᠠᠷᠭᠤ ᠶᠢᠨ ᠲᠤᠭ᠎ᠠ ᠶᠢᠨ ᠰᠠᠭᠤᠷᠢᠨ ᠳᠡᠭᠡᠷ᠎ᠡ᠂ 2023 ᠣᠨ ᠤ ᠨᠢᠭᠡ ᠡᠳᠦᠷ ᠤᠨ ᠬᠦᠯᠢᠶᠡᠨ ᠠᠪᠬᠤ ᠵᠠᠷᠭᠤ ᠶᠢᠨ ᠲᠤᠭ᠎ᠠ ᠶᠢ 20% ᠪᠠᠷ ᠪᠠᠭᠤᠷᠠᠭᠤᠯᠬᠤ ᠪᠠᠷ ᠬᠠᠷᠠᠯᠲᠠ ᠪᠠᠨ ᠪᠣᠯᠭᠠᠵᠤ᠂ ︽ᠵᠠᠷᠭᠤ ᠬᠢᠭᠡᠳᠦᠢ ᠪᠠᠷ ᠤᠷᠢᠳᠠᠪᠠᠷ ᠰᠢᠢᠳᠪᠦᠷᠢᠯᠡᠬᠦ︾ ᠠᠵᠢᠯ ᠤᠨ ᠠᠷᠭ᠎ᠠ ᠬᠡᠯᠪᠡᠷᠢ ᠪᠠᠷ ᠳᠠᠮᠵᠢᠭᠤᠯᠤᠨ ᠵᠠᠰᠠᠭ ᠤᠨ ᠣᠷᠳᠣᠨ ᠤ ᠡᠯ᠎ᠡ ᠪᠠᠶᠢᠭᠤᠯᠭ᠎ᠠ ᠶᠢᠨ ︽ᠠᠷᠠᠳ ᠲᠦᠮᠡᠨ ᠳᠤ ᠪᠣᠳᠠᠲᠤ ᠠᠵᠢᠯ ᠬᠢᠵᠦ ᠥᠭᠬᠦ︾ ᠠᠵᠢᠯ ᠤᠨ ᠤᠬᠠᠮᠰᠠᠷᠲᠤ ᠴᠢᠨᠠᠷ ᠢ ᠦᠨᠡᠨ ᠬᠦ ᠳᠡᠭᠡᠭᠰᠢᠯᠡᠭᠦᠯᠵᠦ᠂ ᠵᠠᠰᠠᠭ ᠤᠨ ᠣᠷᠳᠣᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠵᠠᠭᠪᠤᠷ ᠢ ᠢᠳᠡᠪᠬᠢ ᠪᠤᠰᠤ ᠠᠴᠠ ᠢᠳᠡᠪᠬᠢ  ᠲᠠᠢ ᠪᠣᠯᠭᠠᠬᠤ ᠶᠢ ᠠᠬᠢᠭᠤᠯᠤᠨ᠂ ᠣᠯᠠᠨ ᠲᠦᠮᠡᠨ ᠤ ᠵᠠᠯᠭᠠᠯᠳᠤᠭ᠎ᠠ ᠶᠢ ᠦᠨᠳᠦᠰᠦ ᠠᠴᠠ ᠨᠢ ᠪᠠᠭᠠᠰᠬᠠᠵᠤ᠂ ᠬᠠᠯᠠᠮᠰᠢᠯ ᠤᠲᠠᠰᠤ ᠪᠠᠷ ᠲᠤᠰᠬᠠᠬᠤ ᠠᠰᠠᠭᠤᠳᠠᠯ ᠤᠨ ᠲᠤᠭ᠎ᠠ ᠪᠠ ᠣᠯᠠᠨ ᠲᠦᠮᠡᠨ ᠤ ᠵᠠᠭᠠᠯᠳᠤᠯᠭ᠎ᠠ ᠶᠢᠨ ᠲᠤᠭ᠎ᠠ ᠶᠢᠨ ︽ᠬᠤᠣᠰ ᠪᠠᠭᠤᠷᠠᠯ︾ ᠢ ᠴᠢᠷᠮᠠᠶᠢᠨ ᠪᠡᠶᠡᠯᠡᠭᠦᠯᠦᠨ᠎ᠡ᠃      ᠭᠤᠷᠪᠠ᠂ ᠦᠨᠳᠦᠰᠦᠨ ᠵᠠᠷᠴᠢᠮ      ᠲᠤᠰ ᠲᠥᠰᠥᠯ ᠳᠤ ᠬᠡᠯᠡᠵᠦ ᠪᠠᠶᠢᠭ᠎ᠠ ︽ᠵᠠᠷᠭᠤ ᠬᠢᠭᠡᠳᠦᠢ ᠪᠠᠷ ᠤᠷᠢᠳᠠᠪᠠᠷ ᠰᠢᠢᠳᠪᠦᠷᠢᠯᠡᠬᠦ︾ ᠠᠵᠢᠯ ᠭᠡᠳᠡᠭ ᠪᠣᠯ ᠣᠲᠤᠭ ᠬᠤᠰᠢᠭᠤᠨ ᠤ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ᠂ ᠠᠷᠠᠳ ᠤᠨ ᠰᠦᠯᠵᠢᠶᠡᠨ ᠤ ︽ᠣᠷᠣᠨ ᠨᠤᠲᠤᠭ ᠤᠨ ᠤᠳᠤᠷᠢᠳᠤᠯᠭ᠎ᠠ ᠶᠢᠨ ᠦᠭᠡ ᠦᠯᠡᠳᠡᠭᠡᠬᠦ ᠰᠠᠮᠪᠠᠷ᠎ᠠ︾ ᠳᠤ ᠲᠦᠰᠢᠭᠯᠡᠨ᠂ ︽ᠣᠲᠤᠭ ᠬᠤᠰᠢᠭᠤᠨ ᠤ ︿ᠵᠠᠷᠭᠤ ᠶᠢ ᠭᠥᠯᠢᠶᠡᠨ ᠠᠪᠤᠪᠠᠯ ᠳᠠᠷᠤᠶᠢᠬᠠᠨ ᠭᠦᠶᠴᠡᠳᠬᠡᠬᠦ﹀ ᠠᠵᠢᠯ ᠤᠨ ᠬᠡᠷᠡᠭᠵᠢᠭᠦᠯᠬᠦ ᠲᠥᠰᠦᠯ︾᠂ ︽ᠣᠲᠤᠭ ᠬᠤᠰᠢᠭᠤᠨ ᠤ 12345 ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤᠨ ᠤ ᠬᠠᠮᠢᠶᠠᠷᠤᠯᠲᠠ  ᠶᠢᠨ ᠠᠷᠭ᠎ᠠ︾᠂ ︽ᠣᠲᠤᠭ ᠬᠤᠰᠢᠭᠤᠨ ᠤ 12345 ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤᠨ ᠤ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠷᠠᠭᠤᠯᠬᠤ ᠨᠠᠷᠢᠨ ᠲᠦᠷᠢᠮ︾ ᠵᠡᠷᠭᠡ ᠬᠠᠮᠢᠶ᠎ᠠ ᠪᠥᠬᠦᠶ ᠲᠦᠷᠢᠮ ᠲᠠᠢ ᠤᠶᠠᠯᠳᠤᠭᠤᠯᠤᠨ ᠥᠷᠨᠢᠭᠦᠯᠦᠭᠰᠡᠨ ︽ᠵᠠᠷᠭᠤ ᠶᠢ ᠭᠥᠯᠢᠶᠡᠨ ᠠᠪᠤᠪᠠᠯ ᠳᠠᠷᠤᠶᠢᠬᠠᠨ ᠭᠦᠶᠴᠡᠳᠬᠡᠬᠦ︾ ᠠᠵᠢᠯ ᠢ ︽ᠵᠠᠷᠭᠤ ᠬᠢᠭᠡᠳᠦᠢ ᠪᠠᠷ ᠤᠷᠢᠳᠠᠪᠠᠷ ᠰᠢᠢᠳᠪᠦᠷᠢᠯᠡᠬᠦ︾ ᠲᠡᠶᠢᠰᠢ ᠭᠦᠨᠵᠡᠭᠡᠶᠢᠷᠡᠭᠦᠯᠵᠦ᠂ ︽ᠥᠯᠥ ᠵᠠᠭᠠᠯᠳᠤᠬᠤ ᠴᠢᠨᠠᠷ︾᠂ ︽ᠪᠣᠯᠣᠯᠴᠠᠭᠠᠲᠤ ᠴᠢᠨᠠᠷ︾᠂ ︽ᠳᠠᠪᠲᠠᠬᠤ ᠴᠢᠨᠠᠷ︾ ᠵᠡᠷᠭᠡ ᠠᠰᠠᠭᠤᠳᠠᠯ ᠢ ᠰᠢᠢᠳᠪᠦᠷᠢᠯᠡᠨ᠂ ᠲᠣᠮᠣ ᠳ᠋ᠠᠶᠢᠲ᠋ᠠ ᠶᠢ ᠭᠦᠶᠴᠡᠳ ᠠᠰᠢᠭᠯᠠᠵᠤ ᠠᠵᠤ ᠠᠬᠤᠶᠢᠯᠠᠯ ᠪᠠ ᠣᠯᠠᠨ ᠲᠦᠮᠡᠨ ᠤ ᠬᠡᠷᠡᠭᠴᠡᠭᠡ ᠶᠢ ᠨᠢᠭᠡᠳᠦᠯᠲᠡᠢ ᠲᠥᠯᠥᠪᠯᠡᠨ ᠵᠠᠳᠠᠯᠵᠤ᠂ ᠨᠡᠶᠢᠲᠡᠯᠢᠭ ᠴᠢᠨᠠᠷᠲᠠᠶ ᠠᠰᠠᠭᠤᠳᠠᠯ ᠢ ᠡᠷᠢᠵᠦ ᠭᠠᠷᠭᠠᠨ᠂ ᠬᠠᠮᠢᠶ᠎ᠠ ᠪᠦᠬᠦᠢ ᠪᠠᠶᠢᠭᠤᠯᠭ᠎ᠠ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠳᠠᠷᠤᠢ ᠲᠦᠷᠭᠡᠨ ᠰᠢᠢᠳᠪᠦᠷᠢᠯᠡᠬᠦ ᠶᠢ ᠵᠢᠭᠠᠨ᠎ᠠ᠃      ︵ᠨᠢᠭᠡ︶ ︽ᠦᠯᠦ ᠵᠠᠭᠠᠯᠳᠤᠬᠤ ᠴᠢᠨᠠᠷ︾ ᠤᠨ ᠠᠰᠠᠭᠤᠳᠠᠯ ᠢ ᠰᠠᠨᠠᠭᠠᠴᠢᠯᠠᠭ᠎ᠠ ᠠᠴᠠ ᠪᠠᠨ ᠰᠢᠢᠳᠪᠦᠷᠢᠯᠡᠨ᠎ᠡ᠃ ᠰᠠᠨᠠᠭᠠᠴᠢᠯᠠᠭ᠎ᠠ ᠠᠴᠠ ᠪᠠᠨ ᠬᠡᠷ ᠲᠤᠨᠢ ᠬᠦᠷᠴᠦ ᠪᠠᠶᠢᠴᠠᠭᠠᠨ᠂ ᠰᠠᠭᠤᠭᠠᠯᠢ ᠲᠣᠭᠤᠷᠢᠭ ᠤᠨ ᠬᠠᠮᠢᠶᠠᠷᠤᠯᠲᠠ᠂ ᠤᠰᠤ ᠴᠠᠬᠢᠯᠭᠠᠨ ᠬᠡᠶ᠂ ᠲᠠᠭᠤ ᠱᠤᠤᠭᠢᠶᠠᠨ ᠲᠣᠰᠣ ᠣᠲᠤᠭ᠎ᠠ ᠪᠠᠷ ᠠᠷᠠᠳ ᠢ ᠦᠢᠮᠡᠭᠦᠯᠬᠦ᠂ ᠬᠤᠲᠠ ᠶᠢᠨ ᠬᠠᠮᠢᠶᠠᠷᠤᠯᠲᠠ᠂ ᠣᠷᠴᠢᠨ ᠲᠣᠭᠤᠷᠢᠨ ᠤ ᠬᠠᠮᠠᠭᠠᠯᠠᠯᠲᠠ᠂ ᠣᠯᠠᠨ ᠲᠦᠮᠡᠨ ᠤ ᠦᠶᠯᠡᠳᠪᠦᠷᠢᠯᠡᠯ ᠠᠮᠢᠳᠤᠷᠠᠯ ᠵᠡᠷᠭᠡ ᠬᠦᠷᠢᠶᠡᠨ ᠳᠤ ᠬᠤᠯᠪᠣᠭᠳᠠᠭᠰᠠᠨ ᠠᠰᠠᠭᠤᠳᠠᠯ ᠪᠣᠯᠤᠨ ᠵᠠᠭᠠᠯᠳᠤᠯᠭ᠎ᠠ ᠶᠢ ᠭᠤᠤᠯᠳᠠᠯᠭ᠎ᠠ ᠲᠠᠢ ᠪᠠᠶᠢᠴᠠᠭᠠᠵᠤ᠂ ᠠᠰᠠᠭᠤᠳᠠᠯ ᠢ ᠢᠯᠡᠷᠡᠭᠦᠯᠬᠦ ᠶᠢᠨ ᠬᠠᠮᠲᠤ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠨ᠂ ᠵᠥᠷᠢᠴᠡᠯ ᠡᠭᠦᠰᠦᠮᠡᠭᠴᠡ ᠠᠷᠢᠯᠭᠠᠨ᠎ᠠ᠃      ︵ᠬᠤᠶᠠᠷ︶ ︽ᠪᠣᠯᠣᠯᠴᠠᠭᠠᠲᠤ ᠴᠢᠨᠠᠷ︾ ᠤᠨ ᠠᠰᠠᠭᠤᠳᠠᠯ ᠢ ᠤᠷᠢᠳᠴᠢᠯᠠᠨ ᠰᠢᠢᠳᠪᠦᠷᠢᠯᠡᠨ᠎ᠡ᠃ ᠤᠯᠠᠷᠢᠯ ᠤᠨ ᠴᠢᠨᠠᠷᠲᠠᠶ᠂ ᠣᠷᠣᠨ ᠲᠣᠭᠤᠷᠢᠭ ᠤᠨ ᠴᠢᠨᠠᠷᠲᠠᠶ᠂ ᠬᠤᠯᠪᠣᠭᠳᠠᠬᠤ ᠴᠢᠨᠠᠷᠲᠠᠶ ᠠᠰᠠᠭᠤᠳᠠᠯ ᠳᠤ ᠴᠢᠭᠯᠡᠭᠦᠯᠦᠨ᠂ ᠲᠦᠭᠰᠢᠭᠦᠷᠢ ᠶᠢᠨ ᠤᠷᠢᠳᠴᠢᠯᠠᠭᠰᠠᠨ ᠲᠥᠰᠦᠯ ᠢ ᠰᠠᠶᠢᠲᠤᠷ ᠵᠠᠳᠠᠯᠵᠤ᠂ ᠢᠯᠠᠩᠭᠤᠶ᠎ᠠ ᠡᠭᠦᠰᠴᠦ ᠮᠡᠳᠡᠬᠦ ᠶᠡᠭᠡ ᠬᠡᠪᠴᠢᠶᠡᠨ ᠤ ᠬᠠᠮᠲᠤ ᠪᠠᠷ ᠳᠡᠭᠡᠭᠰᠢ ᠰᠤᠷᠪᠤᠯᠵᠢᠯᠠᠬᠤ ᠵᠢᠴᠢ ᠪᠦᠯᠦᠭᠯᠡᠯ ᠤᠨ ᠴᠢᠨᠠᠷᠲᠠᠶ ᠬᠡᠷᠡᠭ ᠲᠤ ᠴᠢᠭᠯᠡᠯᠲᠡ ᠴᠢᠨᠠᠷᠲᠠᠶ ᠠᠷᠭᠠᠴᠠᠭᠠᠬᠤ ᠪᠣᠳᠣᠯᠭ᠎ᠠ ᠲᠣᠭᠲᠠᠭᠠᠨ᠂ ︽ᠡᠪᠡᠳᠴᠢᠯᠡᠬᠦ ᠠᠴᠠ ᠡᠮᠦᠨ᠎ᠡ ᠤᠷᠢᠳᠠᠪᠠᠷ ᠵᠠᠰᠠᠬᠤ︾ ᠶᠢ ᠡᠮᠬᠢ ᠵᠢᠷᠤᠮ ᠲᠠᠢ ᠪᠠᠷ ᠥᠷᠨᠢᠭᠦᠯᠦᠨ᠎ᠡ᠃      ︵ᠭᠤᠷᠪᠠ︶ ︽ᠳᠠᠪᠲᠠᠬᠤ ᠴᠢᠨᠠᠷ︾ ᠤᠨ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠨ᠎ᠡ᠃ ᠬᠢᠯᠢ ᠬᠢᠵᠠᠭᠠᠷ ᠨᠢ ᠲᠣᠳᠣᠷᠬᠠᠶ ᠥᠬᠡᠶ᠂ ᠡᠷᠬᠡ ᠬᠠᠷᠢᠭᠤᠴᠠᠯᠭ᠎ᠠ ᠨᠢ ᠲᠣᠳᠣᠷᠬᠠᠶ ᠥᠬᠡᠶ᠂ ᠵᠠᠭᠠᠭ ᠱᠤᠭᠤᠮ ᠨᠢ ᠲᠣᠳᠣᠷᠬᠠᠶ ᠥᠬᠡᠶ᠂ ᠳᠡᠭᠡᠷ᠎ᠡ ᠳᠣᠣᠷ᠎ᠠ ᠱᠠᠲᠤ ᠪᠠᠷ ᠢᠶᠠᠨ ᠬᠠᠮᠲᠤᠷᠠᠨ ᠬᠥᠳᠡᠯᠦᠯᠴᠡᠬᠦ ᠵᠡᠷᠭᠡ ᠬᠠᠷᠢᠭᠤᠴᠠᠯᠭ᠎ᠠ ᠪᠠᠨ ᠠᠮᠠᠷᠬᠠᠨ ᠲᠦᠯᠬᠢᠯᠴᠡᠬᠦ ᠠᠰᠠᠭᠤᠳᠠᠯ ᠳᠤ ᠲᠥᠪᠯᠡᠷᠡᠭᠦᠯᠵᠦ᠂ ᠭᠤᠤᠯᠳᠠᠯᠭ᠎ᠠ ᠲᠠᠢ ᠬᠦᠴᠢᠷ ᠠᠰᠠᠭᠤᠳᠠᠯ ᠢ ᠵᠡᠷᠭᠡ ᠳᠡᠪᠰᠢᠭᠦᠯᠦᠨ ᠰᠢᠢᠳᠪᠦᠷᠢᠯᠡᠬᠦ ᠲᠣᠭᠲᠠᠴᠠ ᠶᠢ ᠬᠡᠷᠡᠭᠯᠡᠵᠦ ᠬᠠᠮᠲᠤᠷᠠᠨ ᠰᠢᠢᠳᠪᠦᠷᠢᠯᠡᠨ᠎ᠡ᠃ ᠭᠠᠴᠠᠭ᠎ᠠ ᠲᠣᠰᠬᠤᠨ ᠤ ᠰᠢᠶᠳᠪᠦᠷᠢᠯᠡᠵᠦ ᠳᠡᠶᠢᠯᠬᠦ ᠥᠬᠡᠶ ᠠᠰᠠᠭᠤᠳᠠᠯ ᠢ ᠰᠤᠮᠤ ᠪᠠᠯᠭᠠᠰᠤᠨ ᠤ ᠵᠠᠰᠠᠭ  ᠤᠨ ᠣᠷᠳᠣᠨ ᠠᠴᠠ ᠵᠣᠬᠢᠴᠠᠭᠤᠯᠤᠨ ᠰᠢᠶᠳᠪᠦᠷᠢᠯᠡᠨ᠎ᠡ︔ ᠰᠤᠮᠤ ᠪᠠᠯᠭᠠᠰᠤ᠂ ᠪᠠᠶᠢᠭᠤᠯᠭ᠎ᠠ ᠶᠢᠨ ᠰᠢᠢᠳᠪᠦᠷᠢᠯᠡᠵᠦ ᠳᠡᠶᠢᠯᠬᠦ ᠦᠭᠡᠢ ᠠᠰᠠᠭᠤᠳᠠᠯ ᠢ ᠵᠡᠷᠭᠡ ᠳᠡᠪᠰᠢᠭᠦᠯᠦᠨ ᠴᠠᠭ ᠲᠤᠬᠠᠢ ᠳᠤᠨᠢ ᠬᠤᠰᠢᠭᠤ ᠵᠠᠰᠠᠭ ᠤᠨ ᠣᠷᠳᠣᠨ ᠵᠣᠬᠢᠴᠠᠭᠤᠯᠤᠨ ᠰᠢᠢᠳᠪᠦᠷᠢᠯᠡᠨ᠎ᠡ᠃ ᠪᠠᠶᠢᠭᠤᠯᠭ᠎ᠠ ᠠᠯᠤᠰᠯᠠᠭᠰᠠᠨ᠂ ᠣᠷᠣᠨ ᠲᠣᠭᠤᠷᠢᠭ ᠠᠯᠤᠰᠯᠠᠭᠰᠠᠨ ︽ᠬᠠᠭᠤᠴᠢᠨ ᠬᠦᠴᠢᠷ︾ ᠠᠰᠠᠭᠤᠳᠠᠯ ᠢ ︽ᠵᠠᠷᠭᠤ ᠶᠢ ᠭᠥᠯᠢᠶᠡᠨ ᠠᠪᠤᠪᠠᠯ ᠳᠠᠷᠤᠶᠢᠬᠠᠨ ᠭᠦᠶᠴᠡᠳᠬᠡᠬᠦ︾ ᠬᠠᠮᠲᠤᠷᠠᠭᠰᠠᠨ ᠬᠤᠷᠠᠯ ᠤᠨ ᠰᠤᠳᠤᠯᠭᠠᠨ  ᠳᠤ ᠣᠷᠣᠭᠤᠯᠤᠨ᠂ ᠬᠤᠰᠢᠭᠤ ᠱᠠᠲᠤᠨ ᠠᠴᠠ ᠲᠤᠰᠬᠠᠶ ᠰᠡᠳᠦᠪᠲᠦ ᠲᠥᠰᠦᠯ ᠭᠠᠷᠭᠠᠵᠤ᠂ ᠲᠤᠰᠬᠠᠶ ᠰᠡᠳᠦᠪ ᠢᠶᠠᠷ ᠰᠢᠢᠳᠪᠦᠷᠢᠯᠡᠨ᠂ ᠨᠢᠭᠡ ᠠᠰᠠᠭᠤᠳᠠᠯ ᠢ ᠰᠢᠶᠳᠪᠦᠷᠢᠯᠡᠪᠡᠯ ᠨᠢᠭᠡ ᠲᠥᠷᠥᠯ ᠤᠨ ᠠᠰᠠᠭᠤᠳᠠᠯ ᠢ ᠰᠢᠶᠳᠪᠦᠷᠢᠯᠡᠬᠦ ᠶᠢ ᠳᠠᠶᠢᠴᠢᠯᠠᠵᠤ᠂ ᠣᠯᠠᠨ ᠲᠦᠮᠡᠨ ᠤ ᠵᠠᠭᠠᠯᠳᠤᠯᠭ᠎ᠠ ᠶᠢ ᠪᠦᠲᠦᠮᠵᠢᠲᠡᠶ ᠪᠠᠭᠤᠷᠠᠭᠤᠯᠬᠤ ᠶᠢ ᠠᠬᠢᠭᠤᠯᠤᠨ᠎ᠠ᠃      ᠳᠥᠷᠪᠡ᠂ ᠠᠵᠢᠯ ᠤᠨ ᠡᠭᠦᠷᠭᠡ      ᠬᠦᠰᠡᠯ ᠱᠠᠭᠠᠷᠳᠠᠯᠭ᠎ᠠ ᠶᠢᠨ ᠲᠤᠰᠬᠠᠯ ᠲᠥᠪᠯᠡᠷᠡᠩᠭᠦᠢ᠂ ᠨᠡᠶᠢᠲᠡᠯᠢᠭ ᠴᠢᠨᠠᠷᠲᠠᠢ ᠠᠰᠠᠭᠤᠳᠠᠯ ᠳᠤ ᠭᠤᠣᠯᠳᠠᠯᠭ᠎ᠠ ᠲᠠᠢ ᠬᠦᠷᠢᠶ᠎ᠡ ᠬᠡᠪᠴᠢᠶ᠎ᠡ ᠪᠠ ᠣᠷᠣᠨ ᠲᠣᠭᠤᠷᠢᠭ ᠤᠨ ᠵᠠᠰᠠᠯᠲᠠ ᠬᠢᠨ᠎ᠡ︔ ᠦᠷᠭᠦᠯᠵᠢᠯᠡᠭᠰᠡᠨ ᠴᠠᠭ ᠢᠶᠠᠷ ᠤᠷᠲᠤ᠂ ᠰᠢᠢᠳᠪᠦᠷᠢᠯᠡᠬᠦ ᠳᠤ ᠬᠦᠴᠢᠷᠲᠡᠢ ᠵᠠᠭᠠᠯᠳᠤᠯᠭ᠎ᠠ ᠶᠢ ᠲᠤᠰᠬᠠᠢ ᠰᠡᠳᠦᠪ ᠢᠶᠠᠷ ᠰᠤᠳᠤᠯᠵᠤ ᠂ ᠰᠢᠢᠳᠪᠦᠷᠢᠯᠡᠬᠦ ᠲᠥᠰᠦᠯ ᠲᠣᠭᠲᠠᠭᠠᠨ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠭᠤᠣᠯ ᠬᠠᠷᠢᠭᠤᠴᠠᠯᠭᠠᠲᠤ ᠨᠢᠭᠡᠴᠢ᠂ ᠬᠠᠮᠢᠶ᠎ᠠ ᠪᠦᠬᠦᠢ ᠪᠠᠶᠢᠭᠤᠯᠭ᠎ᠠ ᠶᠢᠨ ᠬᠠᠮᠵᠢᠯᠴᠠᠵᠤ ᠬᠠᠮᠲᠤᠷᠠᠨ ᠬᠥᠳᠡᠯᠦᠯᠴᠡᠬᠦ ᠶᠢ ᠲᠣᠳᠣᠷᠬᠠᠶᠢᠯᠠᠨ᠂ ᠬᠡᠰᠡᠭ ᠪᠠ ᠵᠤᠷᠪᠤᠰ ᠢ ᠤᠶᠠᠯᠳᠤᠭᠤᠯᠤᠭᠰᠠᠨ᠂ ᠳᠡᠭᠡᠷ᠎ᠡ ᠳᠣᠣᠷ᠎ᠠ ᠱᠠᠲᠤ ᠬᠠᠮᠵᠢᠯᠴᠠᠭᠰᠠᠨ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠬᠦᠴᠦᠨ ᠢᠶᠠᠨ ᠲᠥᠪᠯᠡᠷᠡᠭᠦᠯᠦᠨ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠤᠨ᠎ᠠ᠃ ᠡᠷᠬᠢᠯᠡᠨ ᠭᠦᠶᠴᠡᠳᠬᠡᠬᠦ ᠨᠢᠭᠡᠴᠢ ᠨᠦᠭᠦᠳ ᠳᠣᠤᠷᠠᠬᠢ ᠠᠷᠭ᠎ᠠ ᠬᠡᠮᠵᠢᠶ᠎ᠡ ᠶᠢ ᠠᠪᠴᠤ᠂ ᠰᠠᠨᠠᠭᠠᠴᠢᠯᠠᠭ᠎ᠠ ᠠᠴᠠ ᠪᠠᠨ ᠠᠰᠠᠭᠤᠳᠠᠯ ᠢ ᠢᠯᠡᠷᠡᠭᠦᠯᠦᠨ᠂ ᠠᠰᠠᠭᠤᠳᠠᠯ ᠢ ᠰᠢᠢᠳᠪᠦᠷᠢᠯᠡᠨ᠎ᠡ᠄      ︵ᠨᠢᠭᠡ︶  ᠵᠠᠭᠠᠯᠳᠤᠯᠭ᠎ᠠ ᠶᠢ ᠰᠢᠶᠳᠪᠦᠷᠢᠯᠡᠭᠰᠡᠨ ᠪᠠᠶᠢᠳᠠᠯ ᠳᠤ ᠲᠣᠭᠲᠠᠮᠠᠯ ᠬᠤᠭᠤᠴᠠᠭ᠎ᠠ ᠲᠠᠢ ᠪᠠᠷ ᠵᠠᠳᠠᠯᠤᠯᠲᠠ ᠬᠢᠵᠦ᠂ ᠠᠵᠢᠯ ᠤᠨ ᠪᠠᠭᠤᠷᠠᠶ ᠭᠤᠭᠴᠤᠭ᠎ᠠ  ᠪᠠᠨ ᠬᠠᠯᠠᠨ ᠰᠠᠶᠢᠵᠢᠷᠠᠭᠤᠯᠤᠨ᠎ᠠ᠃      ᠣᠯᠠᠨ ᠲᠦᠮᠡᠨ ᠤ ᠣᠯᠠᠨᠲᠠ ᠵᠠᠭᠠᠯᠳᠤᠭᠰᠠᠨ ᠠᠰᠠᠭᠤᠳᠠᠯ ᠳᠤ ᠴᠢᠭᠯᠡᠭᠦᠯᠦᠨ᠂ ᠡᠷᠬᠢᠯᠡᠨ ᠭᠦᠶᠴᠡᠳᠬᠡᠬᠦ ᠨᠢᠭᠡᠴᠢ ᠠᠰᠠᠭᠤᠳᠠᠯ ᠢᠶᠠᠷ ᠤᠳᠤᠷᠢᠳᠤᠮᠵᠢ ᠪᠣᠯᠭᠠᠨ ᠭᠤᠤᠯᠳᠠᠯᠭ᠎ᠠ ᠲᠠᠢ ᠠᠩᠬᠠᠷᠴᠤ᠂ ᠭᠤᠤᠯᠳᠠᠯᠭ᠎ᠠ ᠲᠠᠢ ᠨᠠᠷᠢᠨ ᠪᠠᠶᠢᠴᠠᠭᠠᠨ᠂ ᠭᠤᠤᠯᠳᠠᠯᠭ᠎ᠠ ᠲᠠᠢ ᠦᠶᠯᠡᠴᠢᠯᠡᠵᠦ ᠪᠠᠶᠢᠭᠠᠳ ᠪᠠᠰᠠ ᠯᠠ ᠣᠷᠣᠰᠢᠵᠤ ᠪᠠᠶᠢᠭ᠎ᠠ ᠠᠰᠠᠭᠤᠳᠠᠯ ᠪᠤᠶᠤ ᠳᠠᠯᠳᠠ ᠭᠡᠮ ᠢ ᠡᠷᠢᠨ ᠭᠠᠷᠭᠠᠵᠤ᠂ ᠬᠡᠮ ᠰᠣᠭᠤᠭ ᠪᠠ ᠤᠴᠢᠷ ᠰᠢᠯᠲᠠᠭᠠᠨ ᠢ ᠵᠠᠳᠠᠯᠤᠨ᠂ ᠣᠯᠠᠨ ᠲᠦᠮᠡᠨ ᠤ ᠡᠮᠵᠡᠭᠯᠡᠯ᠂ ᠬᠦᠴᠢᠷᠳᠡᠯ᠂ ᠲᠦᠭᠵᠢᠷᠡᠯ ᠢ ᠡᠷᠢᠵᠦ ᠭᠠᠷᠭᠠᠨ᠎ᠠ᠃ ᠡᠭᠦᠨ ᠤ ᠰᠠᠭᠤᠷᠢᠨ ᠳᠡᠭᠡᠷ᠎ᠡ᠂ ᠵᠣᠬᠢᠴᠠᠩᠭᠤᠶ ᠠᠷᠭ᠎ᠠ ᠬᠡᠮᠵᠢᠶ᠎ᠡ ᠪᠠᠷ ᠦᠯᠡᠳᠡᠭᠳᠡᠯ ᠠᠰᠠᠭᠤᠳᠠᠯ ᠪᠠ ᠵᠥᠷᠢᠴᠡᠯ ᠢ ᠨᠠᠮᠳᠠᠭᠤᠯᠵᠤ᠂ ᠡᠭᠦᠰᠴᠦ ᠮᠡᠳᠡᠬᠦ ᠰᠢᠨ᠎ᠡ ᠵᠠᠭᠠᠯᠳᠤᠯᠭ᠎ᠠ ᠶᠢ ᠨᠠᠮᠳᠠᠭᠤᠯᠤᠨ᠎ᠠ᠂ ᠲᠤᠬᠠᠶᠢᠯᠠᠪᠠᠯ ᠠᠷᠠᠳ ᠣᠯᠠᠨ ᠬᠠᠮᠢᠶ᠎ᠠ ᠪᠥᠬᠦᠶ ᠠᠰᠠᠭᠤᠳᠠᠯ ᠠᠴᠠ ᠪᠣᠯᠵᠣ ᠳᠠᠬᠢᠨ ᠵᠠᠭᠠᠯᠳᠤᠬᠤ ᠠᠴᠠ ᠡᠮᠦᠨ᠎ᠡ ᠠᠰᠠᠭᠤᠳᠠᠯ ᠢ ᠰᠠᠶᠢᠲᠤᠷ ᠰᠢᠶᠳᠪᠦᠷᠢᠯᠡᠵᠦ᠂ ᠠᠷᠠᠳ ᠣᠯᠠᠨ ᠤ ᠠᠳᠠᠯᠢ ᠲᠥᠷᠥᠯ ᠤᠨ ᠠᠰᠠᠭᠤᠳᠠᠯ ᠢ ᠵᠠᠭᠠᠯᠳᠤᠬᠤ ᠲᠤᠭ᠎ᠠ ᠶᠢ ᠪᠠᠭᠠᠰᠬᠠᠨ᠎ᠠ᠃      ︵ᠬᠤᠶᠠᠷ︶ ᠤᠯᠠᠷᠢᠯ ᠤᠨ ᠴᠢᠨᠠᠷᠲᠠᠶ᠂ ᠦᠶᠡᠯᠡᠯ ᠤᠨ ᠴᠢᠨᠠᠷᠲᠠᠶ ᠠᠰᠠᠭᠤᠳᠠᠯ ᠢ ᠤᠷᠢᠳᠴᠢᠯᠠᠨ ᠮᠠᠭᠠᠳᠯᠠᠵᠤ᠂ ᠠᠵᠢᠯ ᠤᠨ ᠲᠥᠰᠦᠯ ᠲᠣᠭᠲᠠᠭᠠᠨ᠂ ᠠᠷᠭᠠᠴᠠᠭᠠᠬᠤ ᠪᠡᠯᠡᠳᠬᠡᠯ ᠢ ᠰᠠᠶᠢᠲᠤᠷ ᠬᠢᠨ᠎ᠡ᠃       ︽ᠡᠪᠡᠳᠴᠢᠯᠡᠬᠦ ᠠᠴᠠ ᠡᠮᠦᠨ᠎ᠡ ᠤᠷᠢᠳᠠᠪᠠᠷ ᠵᠠᠰᠠᠬᠤ︾ ᠶᠢ ᠥᠷᠨᠢᠭᠦᠯᠵᠦ᠂ ᠤᠯᠠᠷᠢᠯ ᠤᠨ ᠴᠢᠨᠠᠷᠲᠠᠶ᠂ ᠦᠶᠡᠯᠡᠯ ᠤᠨ ᠴᠢᠨᠠᠷᠲᠠᠶ ᠠᠰᠠᠭᠤᠳᠠᠯ ᠢ ᠰᠢᠶᠳᠪᠦᠷᠢᠯᠡᠨ᠎ᠡ᠃ ᠪᠠᠶᠢᠭᠤᠯᠭ᠎ᠠ ᠨᠤᠭᠤᠳ ᠣᠯᠠᠨ ᠲᠦᠮᠡᠨ ᠤ ᠵᠠᠭᠠᠯᠳᠤᠯᠭ᠎ᠠ ᠶᠢᠨ ᠲᠥᠷᠥᠯ ᠬᠡᠯᠪᠡᠷᠢ ᠣᠨᠴᠠᠯᠢᠭ᠂ ᠤᠯᠠᠷᠢᠨ ᠬᠤᠪᠢᠰᠬᠤ ᠵᠢᠮ᠎ᠡ ᠶᠣᠰᠣ᠂ ᠴᠠᠭ ᠬᠤᠭᠤᠴᠠᠭ᠎ᠠ ᠣᠷᠣᠨ ᠵᠠᠶ ᠶᠢᠨ ᠵᠢᠮ᠎ᠡ ᠶᠣᠰᠣ ᠶᠢ ᠲᠣᠭᠲᠠᠮᠠᠯ ᠬᠤᠭᠤᠴᠠᠭ᠎ᠠ ᠲᠠᠢ ᠪᠠᠷ ᠰᠤᠳᠤᠯᠤᠨ ᠮᠠᠭᠠᠳᠯᠠᠵᠤ᠂ ᠣᠯᠠᠨ ᠲᠠᠯ᠎ᠠ ᠶᠢᠨ ᠨᠠᠷᠢᠯᠢᠭ ᠵᠠᠳᠠᠯᠤᠯᠲᠠ ᠰᠤᠳᠤᠯᠤᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠦᠨ᠂ ᠢᠯᠴᠢ ᠳᠤᠯᠠᠭᠠᠯᠠᠭ᠎ᠠ ᠬᠠᠩᠭᠠᠬᠤ᠂ ᠬᠠᠪᠤᠷ ᠤᠨ ᠲᠠᠷᠢᠶᠠᠯᠠᠭ᠎ᠠ ᠨᠠᠮᠤᠷ ᠤᠨ ᠬᠤᠷᠢᠶᠠᠯᠲᠠ᠂ ᠬᠠᠪᠤᠷ ᠨᠠᠮᠤᠷ ᠤᠨ ᠭᠠᠯ ᠰᠡᠷᠭᠡᠶᠢᠯᠡᠬᠦ ᠵᠡᠷᠭᠡ ᠤᠯᠠᠷᠢᠯ ᠤᠨ ᠴᠢᠨᠠᠷᠲᠠᠶ ᠠᠰᠠᠭᠤᠳᠠᠯ ᠢ ᠤᠷᠢᠳᠴᠢᠯᠠᠨ ᠮᠠᠭᠠᠳᠯᠠᠵᠤ᠂ ᠠᠰᠠᠭᠤᠳᠠᠯ ᠤᠨ ᠰᠢᠯᠲᠠᠭᠠᠨ ᠢ ᠪᠥᠬᠦ ᠲᠠᠯ᠎ᠠ ᠪᠠᠷ ᠨᠠᠷᠢᠨ ᠪᠠᠶᠢᠴᠠᠭᠠᠵᠤ᠂ ᠠᠵᠢᠯ ᠤᠨ ᠲᠥᠰᠦᠯ ᠲᠣᠭᠲᠠᠭᠠᠨ᠂ ᠤᠷᠢᠳᠴᠢᠯᠠᠨ ᠵᠠᠰᠠᠯᠲᠠ ᠬᠢᠨ᠎ᠡ᠃ ᠰᠤᠷᠭᠠᠭᠤᠯᠢ ᠰᠠᠭᠤᠬᠤ ᠴᠡᠴᠡᠷᠯᠢᠭ ᠲᠤ ᠰᠠᠭᠤᠬᠤ ᠵᠡᠷᠭᠡ ᠠᠷᠠᠳ  ᠤᠨ ᠠᠮᠢᠳᠤᠷᠠᠯ ᠳᠤ ᠬᠤᠯᠪᠣᠭᠳᠠᠬᠤ ᠦᠶᠡᠯᠡᠯ ᠤᠨ ᠴᠢᠨᠠᠷᠲᠠᠶ ᠠᠰᠠᠭᠤᠳᠠᠯ ᠠᠴᠠ ᠪᠣᠯᠵᠣ ᠡᠭᠦᠰᠴᠦ ᠮᠡᠳᠡᠬᠦ ᠲᠥᠪᠯᠡᠷᠡᠩᠭᠦᠶ ᠵᠠᠭᠠᠯᠳᠤᠯᠭ᠎ᠠ ᠶᠢ ᠤᠷᠢᠳᠴᠢᠯᠠᠨ ᠮᠠᠭᠠᠳᠯᠠᠵᠤ ᠵᠠᠳᠠᠯᠬᠤ ᠪᠠᠷ ᠳᠠᠮᠵᠢᠭᠤᠯᠤᠨ᠂ ᠠᠷᠭᠠᠴᠠᠭᠠᠬᠤ ᠠᠷᠭ᠎ᠠ ᠪᠣᠳᠣᠯᠭ᠎ᠠ ᠶᠢ ᠡᠷᠲᠡᠬᠡᠨ ᠳᠤᠷᠠᠳᠴᠤ᠂ ᠣᠯᠠᠨ ᠨᠡᠶᠢᠲᠡ ᠶᠢᠨ ᠴᠢᠨᠠᠷᠲᠠᠶ ᠬᠡᠷᠡᠭ ᠡᠭᠦᠰᠬᠦ ᠠᠴᠠ ᠰᠡᠷᠭᠡᠶᠢᠯᠡᠨ᠎ᠡ᠃      ︵ᠭᠤᠷᠪᠠ︶ ᠣᠯᠠᠨ ᠲᠦᠮᠡᠨ᠂ ᠠᠵᠤ ᠠᠬᠤᠶᠢᠯᠠᠯ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠡᠷᠡᠭᠴᠡᠭᠡ ᠱᠠᠭᠠᠷᠳᠠᠯᠭ᠎ᠠ ᠲᠠᠢ ᠢᠳᠡᠪᠬᠢᠲᠡᠶ ᠠᠪᠴᠠᠯᠳᠤᠭᠤᠯᠵᠤ᠂ ᠡᠬᠢ ᠡᠭᠦᠰᠦᠯ ᠠᠴᠠ ᠨᠢ ᠵᠠᠰᠠᠨ᠎ᠠ᠃ ᠡᠷᠬᠢᠯᠡᠨ ᠭᠦᠶᠴᠡᠳᠬᠡᠬᠦ ᠨᠢᠭᠡᠴᠢ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ ᠶᠠᠪᠤᠴᠠ ᠳᠤ ᠪᠠᠶᠢᠳᠠᠯ ᠢ ᠰᠠᠶᠢᠨ ᠣᠶᠢᠯᠠᠭᠠᠵᠤ᠂ ᠰᠤᠷᠪᠤᠯᠵᠢᠯᠠᠬᠤ᠂ ᠪᠠᠶᠢᠴᠠᠭᠠᠨ ᠰᠤᠳᠤᠯᠬᠤ ᠵᠡᠷᠭᠡ ᠬᠡᠯᠪᠡᠷᠢ ᠲᠠᠢ ᠤᠶᠠᠯᠳᠤᠭᠤᠯᠤᠨ᠂ ᠬᠢᠨᠠᠨ ᠬᠠᠮᠢᠶᠠᠷᠬᠤ ᠪᠤᠶᠤ ᠦᠶᠯᠡᠴᠢᠯᠡᠬᠦ ᠶᠢᠨ ᠰᠡᠷᠭᠡᠭ  ᠤᠨ ᠬᠡᠮᠵᠢᠶ᠎ᠡ ᠶᠢ ᠳᠡᠭᠡᠭᠰᠢᠯᠡᠭᠦᠯᠵᠦ᠂ ᠠᠰᠠᠭᠤᠳᠠᠯ ᠦᠨᠡᠨ ᠬᠦ ᠪᠦᠷᠢᠯᠳᠦᠬᠦ ᠠᠴᠠ ᠡᠮᠦᠨ᠎ᠡ ᠪᠤᠶᠤ ᠵᠥᠷᠢᠴᠡᠯ ᠡᠭᠦᠰᠬᠦ ᠠᠴᠠ ᠡᠮᠦᠨ᠎ᠡ᠂ ᠠᠷᠠᠳ ᠣᠯᠠᠨ ᠵᠠᠭᠠᠯᠳᠤᠬᠤ  ᠠᠴᠠ ᠡᠮᠦᠨ᠎ᠡ ᠠᠰᠠᠭᠤᠳᠠᠯ ᠤᠨ ᠳᠠᠯᠳᠠ ᠬᠡᠮ᠂ ᠡᠷᠬᠡ ᠳᠤ ᠬᠠᠯᠳᠠᠬᠤ ᠲᠦᠭᠰᠢᠭᠦᠷᠢ᠂ ᠵᠠᠭᠠᠯᠳᠤᠬᠤ ᠬᠠᠨᠳᠤᠰᠢ ᠶᠢ ᠰᠠᠨᠠᠭᠠᠴᠢᠯᠠᠭ᠎ᠠ ᠠᠴᠠ ᠪᠠᠨ ᠡᠵᠡᠮᠳᠡᠨ᠂ ᠴᠠᠭ ᠲᠤᠬᠠᠶ ᠳᠤᠨᠢ ᠤᠷᠢᠳᠴᠢᠯᠠᠨ ᠰᠡᠷᠭᠡᠶᠢᠯᠡᠵᠦ ᠵᠢᠷᠤᠮᠵᠢᠭᠤᠯᠬᠤ ᠪᠠ ᠨᠠᠮᠳᠠᠭᠤᠯᠵᠤ᠂ ᠬᠤᠯᠪᠣᠭᠳᠠᠯ ᠪᠥᠬᠦᠶ ᠡᠷᠬᠡ ᠡᠭᠦᠷᠭᠡ ᠶᠢᠨ ᠬᠠᠷᠢᠴᠠᠭ᠎ᠠ ᠶᠢ ᠰᠢᠯᠤᠭᠤᠳᠬᠠᠨ᠂ ᠠᠷᠠᠳ ᠣᠯᠠᠨ ᠤ ᠠᠰᠢᠭ ᠲᠤᠰᠠ ᠶᠢ ᠬᠠᠮᠠᠭᠠᠯᠠᠵᠤ᠂ ᠠᠷᠠᠳ ᠣᠯᠠᠨ ᠤ ᠵᠠᠭᠠᠯᠳᠤᠯᠭ᠎ᠠ ᠶᠢ ︽ᠵᠠᠪᠳᠤᠨ ᠬᠠᠷᠢᠭᠤᠯᠬᠤ︾ ᠪᠣᠯᠭᠠᠨ᠎ᠠ᠃      ᠲᠠᠪᠤ᠂ ᠵᠣᠬᠢᠶᠠᠨ ᠪᠠᠶᠢᠭᠤᠯᠤᠨ ᠬᠡᠷᠡᠭᠵᠢᠭᠦᠯᠬᠦ      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠬᠤᠰᠢᠭᠤ ᠨᠠᠮ ᠤᠨ ᠬᠤᠷᠢᠶ᠎ᠠ ᠤᠳᠤᠷᠢᠳᠬᠤ᠂ ᠬᠤᠰᠢᠭᠤ ᠵᠠᠰᠠᠭ ᠤᠨ ᠣᠷᠳᠣᠨ ᠬᠠᠷᠢᠭᠤᠴᠠᠬᠤ᠂ ᠰᠤᠮᠤ ᠪᠠᠯᠭᠠᠰᠤ ᠪᠠ ᠪᠠᠶᠢᠭᠤᠯᠭ᠎ᠠ ᠨᠠᠶᠢᠳᠠᠪᠤᠷᠢᠵᠢᠭᠤᠯᠬᠤ᠂ ᠲᠤᠰᠬᠠᠢ ᠠᠩᠭᠢ ᠠᠬᠢᠭᠤᠯᠬᠤ ᠡᠭᠦᠷᠭᠡ ᠬᠠᠷᠢᠭᠤᠴᠠᠯᠭ᠎ᠠ ᠲᠣᠳᠣᠷᠬᠠᠢ᠂ ᠵᠠᠷᠭᠤ ᠬᠢᠭᠡᠳᠦᠢ ᠪᠠᠷ ᠤᠷᠢᠳᠠᠪᠠᠷ ᠰᠢᠢᠳᠪᠦᠷᠢᠯᠡᠬᠦ᠂ ᠰᠠᠨᠠᠭᠠᠴᠢᠯᠠᠭ᠎ᠠ ᠠᠴᠠ ᠪᠠᠨ ᠵᠠᠰᠠᠬᠤ ᠠᠵᠢᠯ ᠤᠨ ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ᠃ ᠵᠠᠷᠭᠤ ᠶᠢ ᠬᠦᠯᠢᠶᠡᠨ ᠠᠪᠤᠪᠠᠯ ᠳᠠᠷᠤᠶᠢᠬᠠᠨ ᠭᠦᠢᠴᠡᠳᠬᠡᠬᠦ ᠠᠵᠢᠯ ᠤᠨ ᠡᠩᠨᠡᠭᠡ ᠳᠤ ᠲᠦᠰᠢᠭᠯᠡᠨ᠂ ᠵᠣᠬᠢᠶᠠᠨ ᠪᠠᠶᠢᠭᠤᠯᠤᠯᠲᠠ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠵᠠᠷᠭᠤ ᠬᠢᠭᠡᠳᠦᠶ ᠪᠠᠷ ᠤᠷᠢᠳᠠᠪᠠᠷ ᠭᠦᠢᠴᠡᠳᠬᠡᠬᠦ᠂ ᠰᠠᠨᠠᠭᠠᠴᠢᠯᠠᠭ᠎ᠠ ᠠᠴᠠ ᠪᠠᠨ ᠵᠠᠰᠠᠬᠤ ᠠᠵᠢᠯ ᠤᠨ ᠬᠦᠴᠦᠨ ᠢ ᠪᠦᠷᠢᠨ ᠭᠦᠢᠴᠡᠳ ᠲᠣᠬᠢᠷᠠᠭᠤᠯᠤᠨ᠎ᠠ᠃      ︵ᠬᠤᠶᠠᠷ︶ ᠡᠭᠦᠷᠭᠡ ᠶᠢᠨ ᠨᠠᠷᠢᠨ ᠳᠠᠩᠰᠠ ᠶᠢ ᠪᠠᠶᠢᠭᠤᠯᠤᠨ᠎ᠠ᠃ ᠡᠯ᠎ᠡ ᠡᠷᠬᠢᠯᠡᠨ ᠭᠦᠶᠴᠡᠳᠬᠡᠬᠦ ᠨᠢᠭᠡᠴᠢ ᠰᠢᠨᠵᠢᠯᠡᠬᠦ ᠤᠬᠠᠭᠠᠨᠴᠢ ᠲᠤᠰᠬᠠᠶ ᠮᠡᠷᠭᠡᠵᠢᠯ ᠤᠨ ᠡᠭᠦᠳᠡᠨ ᠠᠴᠠ ᠵᠠᠭᠠᠯᠳᠤᠯᠭ᠎ᠠ ᠳᠤᠷᠠᠳᠬᠤ ᠠᠵᠢᠯ ᠤᠨ ᠳᠠᠩᠰᠠᠨ ᠳᠤ ᠰᠢᠰᠲ᠋ᠧᠮ ᠲᠠᠢ ᠵᠠᠳᠠᠯᠤᠯᠲᠠ ᠬᠢᠵᠦ᠂ ᠰᠠᠨᠠᠭᠠᠴᠢᠯᠠᠭ᠎ᠠ ᠠᠴᠠ ᠪᠠᠨ ᠵᠠᠰᠠᠬᠤ ᠡᠭᠦᠷᠭᠡ ᠶᠢ ᠲᠣᠭᠲᠠᠭᠠᠨ᠂ ᠬᠠᠮᠢᠶᠠᠷᠴᠤ ᠪᠣᠯᠬᠤ ᠠᠰᠠᠭᠤᠳᠠᠯ ᠤᠨ ᠨᠠᠷᠢᠨ ᠳᠠᠩᠰᠠ ᠪᠠ ᠪᠣᠳᠠᠲᠠᠶ  ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠤ᠂ ᠡᠯ᠎ᠡ ᠵᠠᠭᠠᠯᠳᠤᠯᠭ᠎ᠠ ᠶᠢ ᠡᠷᠬᠢᠯᠡᠨ ᠭᠦᠶᠴᠡᠳᠬᠡᠬᠦ ᠨᠢᠭᠡᠴᠢ ᠶᠢᠨ ᠣᠨ ᠤ ᠠᠵᠢᠯ ᠤᠨ ᠲᠥᠯᠥᠪᠯᠡᠭᠡ ᠶᠢᠨ ᠴᠢᠬᠤᠯᠠ ᠨᠥᠬᠦᠪᠥᠷᠢ ᠪᠣᠯᠭᠠᠨ᠎ᠠ᠃ ᠡᠷᠬᠢᠯᠡᠨ ᠭᠦᠶᠴᠡᠳᠬᠡᠬᠦ ᠨᠢᠭᠡᠴᠢ ᠶᠢᠨ ᠡᠮᠬᠢᠯᠡᠨ ᠳᠢᠭᠯᠡᠭᠰᠡᠨ ᠰᠠᠨᠠᠭᠠᠴᠢᠯᠠᠭ᠎ᠠ ᠠᠴᠠ ᠪᠠᠨ ᠵᠠᠰᠠᠬᠤ ᠡᠭᠦᠷᠭᠡ ᠶᠢ ᠴᠥᠮ ᠨᠠᠷᠢᠨ ᠳᠠᠩᠰᠠᠨ ᠮᠠᠶ᠋ᠢᠭ ᠢᠶᠠᠷ ᠬᠠᠮᠢᠶᠠᠷᠤᠨ᠂ ᠲᠥᠷᠥᠯ  ᠵᠦᠢᠯᠴᠢᠯᠡᠨ ᠠᠬᠢᠭᠤᠯᠵᠤ᠂ ᠬᠠᠷᠠᠯᠲᠠ ᠡᠭᠦᠷᠭᠡ᠂ ᠬᠠᠷᠢᠭᠤᠴᠠᠯᠭᠠᠲᠤ ᠨᠢᠭᠡᠴᠢ᠂ ᠰᠢᠶᠳᠪᠦᠷᠢᠯᠡᠬᠦ ᠲᠥᠰᠦᠯ᠂ ᠭᠦᠶᠴᠡᠳᠬᠡᠬᠦ ᠴᠠᠭ ᠤᠨ ᠬᠢᠵᠠᠭᠠᠷ ᠪᠠ ᠠᠬᠢᠴᠠ ᠶᠢᠨ ᠲᠣᠬᠢᠷᠠᠭᠤᠯᠭ᠎ᠠ ᠵᠡᠷᠭᠡ ᠠᠭᠤᠯᠭ᠎ᠠ ᠶᠢ ᠨᠢᠭᠡᠳ ᠨᠢᠭᠡ  ᠪᠠᠷ ᠲᠣᠳᠣᠷᠬᠠᠶᠢᠯᠠᠨ᠎ᠠ᠃ ᠲᠥᠷᠥᠯ ᠵᠦᠶᠯ ᠤᠨ ᠬᠠᠮᠢᠶᠠᠷᠤᠯᠲᠠ ᠶᠢ ᠴᠢᠩᠭᠠᠳᠬᠠᠨ᠂ ᠶᠠᠪᠤᠴᠠ ᠶᠢᠨ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠴᠠᠭ ᠬᠤᠭᠤᠴᠠᠭ᠎ᠠ  ᠶᠢ ᠲᠣᠳᠣᠷᠬᠠᠶᠢᠯᠠᠨ᠂ ᠠᠵᠢᠯ ᠤᠨ ᠬᠤᠭᠤᠴᠠᠭ᠎ᠠ ᠶᠢ ᠭᠡᠳᠡᠷᠭᠦ ᠪᠠᠶᠢᠴᠠᠭᠠᠵᠤ᠂ ᠠᠯᠬᠤᠮ ᠠᠯᠬᠤᠮ ᠢᠶᠠᠷ ᠠᠬᠢᠭᠤᠯᠤᠨ᠂ ᠲᠣᠭᠲᠠᠮᠠᠯ ᠬᠤᠭᠤᠴᠠᠭ᠎ᠠ ᠲᠠᠢ ᠪᠠᠷ ᠬᠤᠷᠢᠶᠠᠩᠭᠤᠶᠢᠯᠠᠵᠤ᠂ ᠠᠵᠢᠯ ᠤᠨ ᠠᠬᠢᠴᠠ ᠶᠢᠨ ᠪᠠᠶᠢᠳᠠᠯ ᠢ ᠨᠢᠭᠡᠳᠦᠯᠲᠡᠶ ᠲᠥᠯᠥᠪᠯᠡᠵᠦ ᠲᠣᠬᠢᠷᠠᠭᠤᠯᠤᠨ᠂ ᠡᠯ᠎ᠡ ᠵᠦᠶᠯ ᠤᠨ ᠠᠰᠠᠭᠤᠳᠠᠯ ᠢ ᠭᠦᠨᠵᠡᠭᠡᠶ ᠰᠢᠶᠳᠪᠦᠷᠢᠯᠡᠬᠦ ᠶᠢ ᠦᠨᠡᠨ ᠬᠦ ᠪᠠᠲᠤᠯᠠᠨ᠎ᠠ᠃      ︵ᠭᠤᠷᠪᠠ︶ ᠬᠢᠨᠠᠨ ᠰᠢᠯᠭᠠᠷᠠᠭᠤᠯᠵᠤ ᠤᠷᠮᠠᠰᠢᠭᠤᠯᠬᠤ ᠶᠢ ᠰᠢᠯᠢᠳᠡᠭᠵᠢᠭᠦᠯᠦᠨ᠎ᠡ᠃ ᠵᠠᠷᠭᠤ ᠶᠢ ᠭᠥᠯᠢᠶᠡᠨ ᠠᠪᠤᠪᠠᠯ ᠳᠠᠷᠤᠶᠢᠬᠠᠨ ᠭᠦᠢᠴᠡᠳᠬᠡᠬᠦ ᠶᠢ ᠰᠢᠯᠭᠠᠨ ᠦᠨᠡᠯᠡᠬᠦ ᠲᠣᠭᠲᠠᠯᠴᠠᠭ᠎ᠠ ᠶᠢ ᠰᠢᠯᠢᠳᠡᠭᠵᠢᠭᠦᠯᠵᠦ᠂ ᠰᠤᠮᠤ ᠪᠠᠯᠭᠠᠰᠤ᠂ ᠪᠠᠶᠢᠭᠤᠯᠭ᠎ᠠ ᠶᠢᠨ ᠰᠠᠨᠠᠭᠠᠴᠢᠯᠠᠭ᠎ᠠ ᠠᠴᠠ ᠪᠠᠨ ᠵᠠᠰᠠᠬᠤ ᠢᠳᠡᠪᠬᠢᠵᠢᠯ ᠢ ᠳᠠᠶᠢᠴᠢᠯᠠᠨ᠂ ᠵᠠᠭᠠᠯᠳᠤᠯᠭ᠎ᠠ ᠶᠢᠨ ᠲᠤᠭ᠎ᠠ ᠶᠢᠨ ᠬᠤᠪᠢᠷᠠᠯᠲᠠ ᠵᠡᠷᠭᠡ ᠣᠯᠠᠨ ᠵᠦᠶᠯ ᠤᠨ ᠠᠵᠢᠭᠯᠠᠬᠤ ᠭᠦᠶᠴᠡᠳᠬᠡᠯ ᠲᠤᠭ᠎ᠠ ᠶᠢ ᠲᠣᠭᠲᠠᠭᠠᠵᠤ᠂ ᠵᠠᠷᠭᠤ ᠬᠢᠭᠡᠳᠦᠢ ᠪᠠᠷ ᠤᠷᠢᠳᠠᠪᠠᠷ ᠰᠢᠢᠳᠪᠦᠷᠢᠯᠡᠬᠦ᠂ ᠰᠠᠨᠠᠭᠠᠴᠢᠯᠠᠭ᠎ᠠ ᠠᠴᠠ ᠪᠠᠨ ᠵᠠᠰᠠᠬᠤ ᠶᠢ ᠵᠠᠷᠭᠤ ᠶᠢ ᠭᠥᠯᠢᠶᠡᠨ ᠠᠪᠤᠪᠠᠯ ᠳᠠᠷᠤᠶᠢᠬᠠᠨ  ᠭᠦᠢᠴᠡᠳᠬᠡᠬᠦ ᠶᠢ ᠬᠢᠨᠠᠨ ᠰᠢᠯᠭᠠᠷᠠᠭᠤᠯᠬᠤ ᠴᠢᠬᠤᠯᠠ ᠠᠭᠤᠯᠭ᠎ᠠ ᠪᠣᠯᠭᠠᠵᠤ᠂ ᠣᠨ ᠤ ᠠᠮᠵᠢᠯᠲᠠ ᠪᠦᠲᠦᠮᠵᠢ ᠶᠢᠨ ᠬᠢᠨᠠᠨ ᠰᠢᠯᠭᠠᠷᠠᠭᠤᠯᠤᠯᠲᠠ ᠳᠤ ᠣᠷᠣᠭᠤᠯᠤᠨ᠎ᠠ᠃ ᠣᠨ ᠤ ᠬᠢᠨᠠᠨ ᠰᠢᠯᠭᠠᠷᠠᠭᠤᠯᠤᠯᠲᠠ ᠳᠤ ︽ᠭᠤᠷᠪᠠᠨ ᠨᠣᠷᠮ᠎ᠠ︾ ᠶᠢᠨ ᠬᠤᠪᠢ ᠶᠢᠨ ᠰᠠᠭᠤᠷᠢᠨ ᠳᠡᠭᠡᠷ᠎ᠡ ︽ᠵᠠᠷᠭᠤ ᠬᠢᠭᠡᠳᠦᠢ ᠪᠠᠷ ᠤᠷᠢᠳᠠᠪᠠᠷ ᠰᠢᠢᠳᠪᠦᠷᠢᠯᠡᠬᠦ︾ ᠨᠡᠮᠡᠯᠲᠡ ᠬᠤᠪᠢ ᠣᠷᠣᠭᠤᠯᠵᠤ᠂ ᠣᠨ ᠤ ᠵᠠᠷᠭᠤ ᠶᠢ ᠭᠥᠯᠢᠶᠡᠨ ᠠᠪᠴᠤ ᠰᠢᠶᠳᠪᠦᠷᠢᠯᠡᠬᠦ  ᠲᠤᠭ᠎ᠠ ᠶᠢ ᠳᠡᠭᠡᠷ᠎ᠡ ᠵᠢᠯ ᠤᠨ ᠬᠢ ᠠᠴᠠ 20% ᠠᠴᠠ ᠳᠡᠭᠡᠭᠰᠢ ᠪᠠᠭᠠᠰᠬᠠᠭᠰᠠᠨ ᠪᠠᠶᠢᠭᠤᠯᠭ᠎ᠠ ᠳᠤ 10 ᠬᠤᠪᠢ ᠨᠡᠮᠡᠨ᠂ 10% ᠠᠴᠠ ᠳᠡᠭᠡᠭᠰᠢ ᠪᠠᠭᠠᠰᠬᠠᠭᠰᠠᠨ ᠪᠠᠶᠢᠭᠤᠯᠭ᠎ᠠ ᠳᠤ 5 ᠬᠤᠪᠢ ᠨᠡᠮᠡᠨ᠂ 20% ᠠᠴᠠ ᠳᠡᠭᠡᠭᠰᠢ ᠨᠡᠮᠡᠭᠳᠡᠭᠦᠯᠦᠭᠰᠡᠨ ᠪᠠᠶᠢᠭᠤᠯᠭ᠎ᠠ ᠠᠴᠠ 10 ᠬᠤᠪᠢ ᠬᠠᠰᠤᠵᠤ᠂ 10% ᠠᠴᠠ ᠳᠡᠭᠡᠭᠰᠢ ᠨᠡᠮᠡᠭᠳᠡᠭᠦᠯᠦᠭᠰᠡᠨ ᠪᠠᠶᠢᠭᠤᠯᠭ᠎ᠠ ᠠᠴᠠ 5 ᠬᠤᠪᠢ ᠬᠠᠰᠤᠨ᠎ᠠ᠃ ᠰᠠᠨᠠᠭᠠᠴᠢᠯᠠᠭ᠎ᠠ ᠠᠴᠠ ᠪᠠᠨ ᠵᠠᠰᠠᠭᠰᠠᠨ᠂ ᠵᠠᠷᠭᠤ ᠬᠢᠭᠡᠳᠦᠢ ᠪᠠᠷ ᠤᠷᠢᠳᠠᠪᠠᠷ ᠰᠢᠶᠳᠪᠦᠷᠢᠯᠡᠭᠰᠡᠨ ᠢᠯᠡᠷᠡᠯ ᠢᠶᠠᠷ ᠲᠣᠪᠣᠶᠢᠮ᠎ᠠ᠂ ᠦᠷ᠎ᠡ ᠪᠦᠲᠦᠮᠵᠢ ᠪᠠᠷ ᠢᠯᠡᠷᠬᠡᠶ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠪᠠᠷ ᠥᠨᠳᠥᠷ ᠨᠢᠭᠡᠴᠢ ᠪᠣᠯᠣᠨ ᠬᠤᠪᠢ ᠬᠥᠮᠦᠨ ᠢ ᠰᠠᠶᠢᠰᠢᠶᠠᠨ ᠬᠥᠬᠢᠭᠦᠯᠦᠨ᠎ᠡ᠃      ︵ᠳᠥᠷᠪᠡ︶ ᠬᠢᠨᠠᠯᠲᠠ ᠲᠠᠯᠪᠢᠵᠤ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠳᠠᠯᠠᠨ᠎ᠠ᠃ ᠵᠠᠷᠭᠤ ᠬᠢᠭᠡᠳᠦᠢ ᠪᠠᠷ ᠤᠷᠢᠳᠠᠪᠠᠷ ᠰᠢᠢᠳᠪᠦᠷᠢᠯᠡᠬᠦ᠂ ᠰᠠᠨᠠᠭᠠᠴᠢᠯᠠᠭ᠎ᠠ  ᠠᠴᠠ ᠪᠠᠨ ᠵᠠᠰᠠᠬᠤ ᠠᠵᠢᠯ ᠤᠨ ᠲᠤᠰᠬᠠᠢ ᠬᠢᠨᠠᠯᠲᠠ ᠶᠢ ᠴᠢᠩᠭᠠᠳᠬᠠᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ᠂ ᠠᠰᠠᠭᠤᠳᠠᠯ ᠢ ᠰᠢᠢᠳᠪᠦᠷᠢᠯᠡᠭᠰᠡᠨ᠂ ᠬᠠᠤᠯᠢ ᠲᠦᠷᠢᠮ ᠰᠠᠬᠢᠯᠭ᠎ᠠ ᠪᠠᠲᠤ ᠵᠥᠷᠢᠴᠡᠭᠰᠡᠨ ᠪᠠᠶᠢᠳᠠᠯ ᠢ ᠴᠢᠩᠭ᠎ᠠ ᠠᠩᠬᠠᠷᠤᠨ᠂ ᠬᠡᠯᠪᠡᠷᠢᠴᠢ ᠦᠵᠡᠯ ᠨᠣᠶᠠᠨᠴᠢ ᠰᠤᠷᠲᠠᠯ ᠤᠨ ᠠᠰᠠᠭᠤᠳᠠᠯ ᠳᠤ ᠭᠤᠣᠯᠳᠠᠯᠭ᠎ᠠ  ᠲᠠᠢ ᠬᠢᠨᠠᠯᠲᠠ ᠲᠠᠯᠪᠢᠵᠤ᠂ ᠤᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠠᠨ ᠠᠰᠠᠭᠤᠳᠠᠯ ᠢ ᠦᠯᠦ ᠬᠠᠶᠢᠬᠤᠷᠬᠤ ᠦᠵᠡᠭᠳᠡᠯ ᠳᠤ ᠪᠠᠶᠢᠩᠭᠤ ᠬᠢᠨᠠᠯᠲᠠ ᠲᠠᠯᠪᠢᠨ᠂ ᠢᠯᠡᠷᠡᠭᠦᠯᠪᠡᠯ ᠡᠷᠡᠰ ᠪᠠᠶᠢᠴᠠᠭᠠᠨ ᠰᠢᠢᠳᠪᠦᠷᠢᠯᠡᠵᠦ᠂ ᠰᠠᠬᠢᠯᠭ᠎ᠠ ᠪᠠᠲᠤ ᠶᠢ ᠴᠢᠩᠭ᠎ᠠ ᠬᠡᠷᠡᠭᠵᠢᠭᠦᠯᠦᠨ ᠬᠠᠷᠢᠭᠤᠴᠠᠯᠭ᠎ᠠ ᠨᠡᠬᠡᠮᠵᠢᠯᠡᠨ᠎ᠡ᠃ 
ᠢᠷᠡᠯᠲᠡ᠄ ᠤᠲᠤᠭ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ