ᠪᠠᠭ᠎ᠠ ᠰᠤᠷᠭᠠᠭᠤᠯᠢ ᠶᠢᠨ ᠱᠠᠳᠤᠨ ᠲᠠᠬᠢ ᠦᠶ᠎ᠡ ᠪᠣᠯ ᠰᠤᠷᠤᠭᠴᠢᠳ ᠤᠨ ᠪᠡᠶ᠎ᠡ ᠮᠠᠬᠠᠪᠤᠳ ᠨᠢ ᠦᠰᠦᠨ ᠪᠤᠶᠢᠵᠢᠵᠤ᠂ ᠡᠷᠬᠢᠮ ᠳᠡᠬᠡᠳᠤ ᠵᠠᠩ ᠴᠢᠨᠠᠷ ᠤᠨ | ᠪᠦᠷᠢᠯᠳᠦᠨ ᠳᠤᠭᠳᠠᠬᠤ ᠴᠢᠬᠤᠯᠠ ᠱᠠᠳᠤ ᠦᠶ᠎ᠡ ᠪᠤᠯᠬᠤ ᠶᠤᠮ᠃ ᠡᠨᠡᠬᠦ ᠱᠠᠳᠤ ᠦᠶ᠎ᠡ ᠳᠤ ᠰᠤᠷᠭᠠᠭᠤᠯᠢ ᠶᠢᠨ ᠰᠤᠷᠭᠠᠨ ᠬᠦᠮᠦᠵᠢᠯ᠂ ᠬᠡᠷ ᠪᠦᠯᠢ ᠶᠢᠨ ᠰᠤᠷᠭᠠᠨ | ᠬᠦᠮᠦᠵᠢᠯ᠂ ᠨᠡᠶᠢᠬᠡᠮ ᠤᠨ ᠤᠷᠴᠢᠨ ᠳᠤᠭᠤᠷᠢᠨ ᠤ ᠨᠦᠯᠦᠬᠡ ᠳᠤᠰᠬᠠᠯ ᠨᠢ ᠲᠦᠢᠯ ᠤᠨ ᠴᠢᠬᠤᠯᠠ ᠪᠠᠶᠢᠳᠠᠭ᠃ ᠵᠢᠭᠠᠨ ᠰᠤᠷᠭᠠᠬᠤ ᠠᠵᠢᠯ ᠰᠤᠷᠭᠠᠭᠤᠯᠢ ᠶᠢᠨ | ᠵᠢᠭᠠᠬᠤ ᠭᠤᠤᠯᠳᠠᠯᠭ᠎ᠠ ᠪᠣᠯᠪᠠᠴᠤ᠂ ᠡᠨᠡ ᠭᠤᠤᠯᠳᠠᠯᠭ᠎ᠠ ᠪᠠᠨ ᠠᠮᠵᠢᠯᠳᠠ ᠲᠠᠢ ᠪᠡᠶᠡᠯᠡᠬᠦᠯᠬᠦ ᠳᠤ ᠶᠣᠰᠤ ᠰᠤᠷᠳᠠᠬᠤᠨ ᠤ ᠬᠦᠮᠦᠵᠢᠯ ᠢ ᠤᠮᠳᠤᠭᠠᠶᠢᠯᠠᠵᠤ ᠪᠤᠯᠬᠤ ᠦᠭᠡᠢ᠃ | ᠶᠤᠰᠤ ᠰᠤᠷᠳᠠᠬᠤᠨ ᠤ ᠬᠦᠮᠦᠵᠢᠯ ᠪᠤᠯ ᠰᠤᠷᠭᠠᠨ ᠬᠦᠮᠦᠵᠢᠯ ᠤᠨ ᠴᠢᠬᠤᠯᠠ ᠠᠭᠤᠯᠭ᠎ᠠ ᠪᠣᠯᠤᠨ᠎ᠠ᠃ ᠶᠤᠰᠤ ᠰᠤᠷᠳᠠᠬᠤᠨ ᠤ ᠬᠦᠮᠦᠵᠢᠯ ᠢ ᠰᠠᠶᠢᠳᠤᠷ ᠬᠢᠵᠤ ᠴᠢᠳᠠᠬᠤ | ᠡᠰᠡᠬᠦ ᠶᠢᠨ ᠵᠠᠩᠬᠢᠯᠠᠭ᠎ᠠ ᠨᠢ ᠪᠠᠭᠰᠢ ᠪᠣᠯᠤᠭᠰᠠᠳ ᠤᠨ ᠬᠤᠪᠢ ᠪᠡᠶ᠎ᠡ ᠶᠢᠨ ᠴᠢᠨᠠᠷ ᠴᠢᠨᠰᠠᠭ᠎ᠠ᠂ ᠪᠣᠯᠪᠠᠰᠤᠷᠠᠯ ᠤᠨ ᠬᠡᠮᠵᠢᠶ᠎ᠡ ᠲᠠᠢ ᠰᠢᠭᠤᠳ ᠬᠤᠯᠪᠤᠭᠳᠠᠯ ᠲᠠᠢ ᠶᠤᠮ᠃ | ᠦᠪᠡᠷ ᠤᠨ ᠪᠡᠶ᠎ᠡ ᠪᠠᠷ ᠢᠶᠠᠨ ᠬᠡᠪ ᠳᠦᠷᠢᠮ ᠦᠵᠡᠬᠦᠯᠦᠭᠰᠡᠳ ᠰᠠᠶ᠋ᠢ ᠪᠠᠭᠠᠴᠤᠳ ᠬᠡᠤᠬᠡᠳ ᠲᠤ ᠳᠡᠬᠡᠳᠤ ᠬᠡᠮᠵᠢᠶᠡᠨ ᠤ ᠶᠣᠰᠤ ᠰᠤᠷᠳᠠᠬᠤᠨ ᠤ ᠬᠦᠮᠦᠵᠢᠯ ᠢ | ᠬᠦᠷᠳᠡᠬᠡᠵᠤ᠂ ᠪᠦᠬᠦ ᠳᠠᠯ᠎ᠠ ᠪᠠᠷ ᠬᠦᠮᠦᠵᠢᠭᠦᠯᠬᠦ ᠬᠠᠷᠠᠯᠳᠠ ᠳᠤ ᠪᠠᠨ ᠬᠦᠷᠴᠤ ᠴᠢᠳᠠᠨ᠎ᠠ᠃ | ᠨᠢᠬᠡ᠄ ᠪᠠᠭᠰᠢ ᠪᠡᠶ᠎ᠡ ᠪᠠᠷ ᠢᠶᠠᠨ ᠬᠡᠪ ᠲᠦᠷᠢᠮ ᠪᠣᠯᠬᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠳᠠᠭᠤᠷᠢᠶᠠᠬᠤ ᠴᠢᠳᠠᠪᠤᠷᠢ ᠲᠤᠩ ᠴᠢᠩᠭ᠎ᠠ ᠪᠠᠶᠢᠳᠠᠭ᠃ | ᠪᠠᠭᠰᠢ ᠶᠢᠨ ᠰᠡᠳᠬᠢᠯᠬᠡ᠂ ᠦᠬᠡ ᠶᠠᠷᠢᠶ᠎ᠠ᠂ ᠦᠢᠯᠡ ᠠᠵᠢᠯᠯᠠᠭ᠎ᠠ ᠪᠦᠬᠦᠨ ᠰᠤᠷᠤᠭᠴᠢ ᠶᠢᠨ ᠠᠩᠬᠠᠷᠤᠯ ᠢ ᠳᠠᠳᠠᠵᠤ᠂ ᠰᠡᠳᠬᠢᠯ ᠳᠤ ᠨᠢ ᠭᠦᠨ ᠰᠠᠭᠤᠭᠳᠠᠯ ᠪᠣᠯᠵᠤ᠂ | ᠳᠡᠷᠠ ᠶᠠᠩᠵᠤ ᠪᠠᠷ ᠬᠢᠵᠤ ᠭᠦᠢᠴᠡᠳᠬᠡᠬᠦ ᠪᠠᠷ ᠴᠢᠷᠮᠠᠶᠢᠳᠠᠭ ᠶᠤᠮ᠃ ᠵᠢᠱᠢᠶᠡᠯᠡᠪᠡᠯ᠄ ᠪᠠᠭᠰᠢ ᠪᠤᠯᠬᠢ ᠪᠦᠳᠦᠬᠦᠯᠢᠭ ᠦᠬᠡ ᠶᠠᠷᠢᠶ᠎ᠠ ᠶᠠᠷᠢᠬᠤ᠂ ᠪᠤᠵᠠᠷ ᠪᠤᠷᠳᠠᠭ | ᠡᠮᠦᠰᠴᠤ ᠵᠡᠭᠦᠬᠦ᠂ ᠡᠯᠳᠡᠪ ᠶᠠᠩᠵᠤ ᠪᠠᠷ ᠭᠠᠩᠭᠠᠯᠠᠵᠤ ᠵᠠᠰᠠᠬᠤ᠂ ᠬᠠᠮᠢᠶ᠎ᠠ ᠨᠠᠮᠢᠶ᠎ᠠ ᠨᠢᠯᠪᠤᠬᠤ ᠵᠡᠷᠬᠡ ᠪᠠᠶᠢᠳᠠᠯ ᠢᠯᠡᠷᠡᠪᠡᠯ ᠰᠤᠷᠤᠭᠴᠢ ᠪᠤᠳᠠᠳᠠᠢ ᠠᠮᠢᠳᠤᠷᠠᠯ | ᠦᠢᠯᠡᠳᠦᠯᠬᠡ ᠳᠤᠮᠳᠠ ᠶᠤᠰᠤ ᠰᠤᠷᠳᠠᠬᠤᠨ ᠤ ᠮᠡᠳᠡᠯᠬᠡ ᠪᠠᠷ ᠢᠶᠠᠨ ᠪᠡᠶ᠎ᠡ ᠪᠠᠨ ᠴᠢᠩᠭ᠎ᠠ ᠱᠠᠭᠠᠷᠳᠠᠵᠤ ᠳᠡᠶᠢᠯᠬᠦ ᠦᠭᠡᠢ ᠶᠤᠮ᠃ ᠡᠶᠢᠮᠦ ᠠᠴᠠ ᠪᠠᠭᠰᠢ ᠪᠣᠯᠤᠭᠰᠠᠳ | ᠬᠤᠪᠢ ᠪᠡᠶ᠎ᠡ ᠪᠠᠨ ᠴᠢᠩᠳᠠᠯᠠᠬᠤ ᠬᠡᠷᠡᠭᠳᠠᠢ᠃ ᠬᠤᠶᠠᠷ᠄ ᠶᠣᠰᠤ ᠰᠤᠷᠳᠠᠬᠤᠨ ᠤ ᠬᠦᠮᠦᠵᠢᠯ ᠢ ᠵᠢᠭᠠᠨ ᠰᠤᠷᠭᠠᠯᠳᠠ ᠳᠤ ᠠᠭᠤᠰᠬᠠᠬᠤ ᠡᠯ᠎ᠡ ᠬᠢᠴᠢᠶᠡᠯ ᠳᠦᠷᠦᠯ ᠤᠨ | ᠪᠠᠭᠰᠢ ᠨᠠᠷ ᠦᠪᠡᠷ ᠤᠨ ᠬᠢᠴᠢᠶᠡᠯᠯᠡᠭᠡ ᠳᠤᠮᠳᠠ ᠪᠠᠨ ᠶᠤᠰᠤ ᠮᠤᠷᠠᠯ ᠤᠨ ᠬᠦᠮᠦᠵᠢᠯ ᠢ ᠤᠶᠠᠯᠳᠤᠭᠤᠯᠤᠨ ᠤᠷᠣᠪᠠᠯ ᠬᠢᠴᠢᠶᠡᠯ ᠤᠨ ᠦᠷ᠎ᠡ ᠪᠦᠳᠦᠮᠵᠢ ᠳᠡᠬᠡᠭᠰᠢᠯᠡᠬᠦ | ᠪᠣᠯᠤᠨ᠎ᠠ᠃ ᠵᠠᠷᠢᠮ ᠪᠠᠭᠰᠢ ᠬᠢᠴᠢᠶᠡᠯ ᠵᠢᠭᠠᠬᠤ ᠨᠢ ᠮᠤᠷᠠᠯ ᠤᠨ ᠬᠦᠮᠦᠵᠢᠯ ᠲᠠᠢ ᠬᠠᠮᠢᠶ᠎ᠠ ᠦᠭᠡᠢ᠂ ᠰᠤᠷᠤᠭᠴᠢᠳ ᠤᠨ ᠶᠤᠰᠤ ᠰᠤᠷᠳᠠᠬᠤᠨ ᠤ ᠬᠦᠮᠦᠵᠢᠯ ᠢ | ᠠᠩᠬᠢ ᠶᠢᠨ ᠡᠷᠬᠢᠯᠡᠭᠴᠢ ᠯᠡ ᠭᠦᠢᠴᠡᠳᠬᠡᠳᠡᠭ ᠬᠡᠵᠤ ᠦᠵᠡᠬᠡᠳ ᠰᠤᠷᠤᠭᠴᠢᠳ ᠲᠤ ᠶᠤᠰᠤ ᠰᠤᠷᠳᠠᠬᠤᠨ ᠤ ᠬᠦᠮᠦᠵᠢᠯ ᠬᠢᠬᠦ ᠶᠢ ᠤᠮᠳᠤᠭᠠᠶᠢᠯᠠᠵᠤ ᠪᠠᠶᠢᠳᠠᠭ᠃ | ᠢᠩᠬᠢᠬᠦᠯᠡᠷ ᠰᠤᠷᠤᠭᠴᠢᠳ ᠲᠤ ᠠᠩᠬᠢ ᠶᠢᠨ ᠡᠷᠬᠢᠯᠡᠭᠴᠢ ᠯᠡ ᠴᠤᠷ ᠤᠨ ᠭᠠᠭᠴᠠ ᠳᠤᠳᠤᠨᠤ ᠬᠦᠮᠦᠨ ᠢᠶᠠᠷ ᠪᠣᠳᠤᠭᠠᠳ ᠪᠤᠰᠤᠳ ᠬᠢᠴᠢᠶᠡᠯ ᠳᠦᠷᠦᠯ ᠤᠨ ᠪᠠᠭᠰᠢ | ᠨᠠᠷ ᠨᠢ ᠵᠦᠪᠬᠡᠨ ᠡᠬᠦᠷᠬᠡ ᠪᠠᠨ ᠪᠡᠶᠡᠯᠡᠬᠦᠯᠳᠡᠭ ᠢᠶᠠᠷ ᠦᠵᠡᠳᠡᠭ᠃ ᠡᠶᠢᠮᠦ ᠠᠴᠠ ᠪᠠᠭᠰᠢ ᠨᠠᠷ ᠡᠷᠬᠡᠪᠰᠢ ᠬᠢᠴᠢᠶᠡᠯ ᠳᠦᠷᠦᠯ ᠤᠨ ᠤᠨᠴᠠᠯᠢᠭ ᠲᠤ ᠳᠤᠬᠢᠷᠠᠭᠤᠯᠤᠨ | ᠪᠢᠴᠢᠭ ᠵᠢᠭᠠᠬᠤ ᠮᠦᠷᠳᠡᠬᠡᠨ ᠶᠤᠰᠤ ᠰᠤᠷᠳᠠᠬᠤᠨ ᠤ ᠬᠦᠮᠦᠵᠢᠯ ᠢ ᠬᠢᠬᠦ ᠬᠡᠷᠡᠭᠳᠡᠢ᠃ ᠭᠠᠭᠴᠠ ᠠᠩᠬᠢ ᠶᠢᠨ ᠡᠷᠬᠢᠯᠡᠭᠴᠢ ᠪᠠᠭᠰᠢ ᠳᠤ ᠳᠦᠰᠢᠭᠯᠡᠨ ᠶᠤᠰᠤ ᠮᠤᠷᠠᠯ ᠤᠨ | ᠬᠦᠮᠦᠵᠢᠯ ᠬᠢᠵᠤ ᠪᠤᠯᠬᠤ ᠦᠭᠡᠢ᠃ ᠬᠠᠷᠢᠨ ᠬᠠᠷᠢᠯᠴᠠᠨ ᠤᠶᠠᠯᠳᠤᠨ᠂ ᠰᠤᠷᠤᠭᠴᠢ ᠶᠢᠨ ᠶᠤᠰᠤ ᠮᠤᠷᠠᠯ ᠤᠨ ᠳᠠᠯ᠎ᠠ ᠪᠠᠷ ᠢᠯᠡᠬᠦᠤ ᠤᠶᠢᠯᠠᠭᠠᠵᠤ᠂ ᠳᠡᠳᠡᠨ ᠤ ᠰᠠᠶᠢᠨ | ᠰᠠᠶᠢᠬᠠᠨ ᠶᠤᠰᠤ ᠰᠤᠷᠳᠠᠬᠤᠨ ᠤ ᠪᠦᠷᠢᠯᠳᠦᠬᠦ ᠳᠤ ᠠᠴᠢ ᠳᠤᠰᠠ ᠦᠵᠡᠬᠦᠯᠬᠦ ᠶᠤᠮ ᠪᠤᠯ ᠰᠠᠶ᠋ᠢ ᠪᠠᠭᠰᠢ ᠠᠬᠠᠮᠠᠳ ᠢᠶᠠᠨ ᠬᠦᠨᠳᠦᠳᠬᠡᠬᠦ᠂ ᠪᠡᠶ᠎ᠡ ᠪᠠᠨ ᠬᠦᠨᠳᠦᠳᠬᠡᠬᠦ᠂ | ᠬᠠᠮᠳᠤ ᠨᠡᠶᠢᠳᠡ ᠪᠠᠨ ᠬᠠᠶᠢᠷᠠᠯᠠᠬᠤ ᠵᠡᠷᠬᠡ ᠬᠦᠮᠦᠵᠢᠯ ᠬᠦᠷᠳᠡᠬᠡᠨ᠂ ᠠᠯᠤᠰ ᠤᠨ ᠬᠠᠷᠠᠯᠳᠠ ᠲᠠᠢ ᠴᠠᠭ ᠦᠶ᠎ᠡ ᠶᠢᠨ ᠰᠢᠯᠢᠳᠡᠭ ᠴᠢᠳᠠᠪᠤᠷᠢᠳᠠᠨ ᠢ ᠬᠦᠮᠦᠵᠢᠬᠦᠯᠵᠤ | ᠴᠢᠳᠠᠨ᠎ᠠ᠃ ᠭᠤᠷᠪᠠ᠄ ᠶᠣᠰᠤ ᠰᠤᠷᠳᠠᠬᠤᠨ ᠤ ᠬᠦᠮᠦᠵᠢᠯ ᠢ ᠬᠢᠬᠦ ᠳᠤ ᠬᠡᠷ ᠤᠨ ᠠᠬᠠᠮᠠᠳ ᠲᠠᠢ ᠤᠶᠠᠯᠳᠤᠬᠤ ᠶᠤᠰᠤ ᠰᠤᠷᠳᠠᠬᠤᠨ ᠤ ᠬᠦᠮᠦᠵᠢᠯ ᠢ ᠬᠢᠬᠦ ᠳᠤ ᠬᠡᠷ ᠤᠨ | ᠠᠬᠠᠮᠠᠳ ᠲᠠᠢ ᠢᠯᠡᠬᠦᠤ ᠶᠠᠷᠢᠯᠴᠠᠵᠤ᠂ ᠬᠡᠷ ᠤᠨ ᠠᠬᠠᠮᠠᠳ ᠤᠨ ᠦᠵᠡᠯᠳᠡ ᠶᠢ ᠰᠣᠨᠤᠰᠴᠤ᠂ ᠨᠠᠷᠢᠨ ᠬᠢᠨᠠᠮᠠᠭᠠᠢ ᠵᠠᠳᠠᠯᠤᠨ᠂ ᠶᠣᠰᠤ ᠰᠤᠷᠳᠠᠬᠤᠨ ᠤ ᠭᠤᠤᠯ | ᠴᠢᠮᠤᠬᠡ ᠶᠢ ᠳᠠᠨᠢᠭᠤᠯᠵᠤ᠂ ᠰᠤᠷᠭᠠᠭᠤᠯᠢ᠂ ᠨᠡᠶᠢᠬᠡᠮ᠂ ᠬᠡᠷ ᠪᠦᠯᠢ ᠶᠢᠨ ᠬᠦᠮᠦᠵᠢᠯ ᠤᠨ ᠰᠠᠯᠵᠤ ᠪᠣᠯᠤᠰᠢ ᠦᠭᠡᠢ ᠬᠠᠷᠢᠴᠠᠭ᠎ᠠ ᠶᠢ ᠮᠡᠳᠡᠬᠦᠯᠵᠤ᠂ ᠰᠤᠷᠤᠭᠴᠢᠳ ᠤᠨ | ᠡᠷᠬᠢᠮ ᠨᠠᠨᠳᠢᠨ ᠮᠤᠷᠠᠯ ᠰᠤᠷᠳᠠᠯ ᠲᠠᠢ ᠪᠣᠯᠬᠤ ᠳᠤ ᠴᠢᠬᠤᠯᠠ ᠦᠢᠯᠡᠳᠦᠯ ᠦᠵᠡᠬᠦᠯᠬᠦ ᠬᠡᠷᠡᠭᠳᠡᠢ ᠶᠤᠮ᠃ ᠰᠤᠷᠭᠠᠭᠤᠯᠢ᠂ ᠬᠡᠷ ᠪᠦᠯᠢ ᠬᠠᠮᠳᠤᠷᠠᠬᠤ ᠶᠠᠪᠤᠳᠠᠯ ᠪᠣᠯ | ᠶᠠᠷᠢᠶᠠᠨ ᠦᠭᠡᠢ ᠬᠤᠶᠠᠷ ᠳᠠᠯ᠎ᠠ ᠶᠢᠨ ᠬᠠᠮᠳᠤ ᠶᠢᠨ ᠬᠠᠷᠢᠭᠤᠴᠠᠯᠭ᠎ᠠ ᠮᠦᠨ᠃ ᠬᠡᠳᠡᠯ᠎ᠡ ᠪᠠᠭᠰᠢ ᠪᠣᠯ ᠬᠡᠷ ᠤᠨ ᠠᠬᠠᠮᠠᠳ ᠠᠴᠠ ᠢᠯᠡᠬᠦᠤ ᠡᠯ᠎ᠡ ᠵᠦᠢᠯ ᠤᠨ ᠰᠤᠷᠭᠠᠨ | ᠬᠦᠮᠦᠵᠢᠯ ᠤᠨ ᠮᠡᠳᠡᠯᠬᠡ᠂ ᠠᠷᠭ᠎ᠠ ᠪᠠᠷᠢᠯ ᠢ ᠮᠡᠳᠡᠵᠤ᠂ ᠰᠤᠷᠭᠠᠨ ᠬᠦᠮᠦᠵᠢᠯ ᠤᠨ ᠵᠢᠮ᠎ᠡ ᠶᠤᠰᠤ ᠶᠢ ᠤᠶᠢᠯᠠᠭᠠᠳᠠᠭ᠃ ᠡᠶᠢᠮᠦ ᠠᠴᠠ ᠪᠠᠭᠰᠢ ᠨᠠᠷ ᠬᠡᠷ ᠤᠨ | ᠠᠬᠠᠮᠠᠳ ᠲᠠᠢ ᠢᠯᠡᠬᠦᠤ ᠬᠠᠷᠢᠯᠴᠠᠵᠤ᠂ ᠬᠠᠷᠢᠯᠴᠠᠨ ᠢᠳᠡᠬᠡᠯᠳᠡᠢ ᠪᠠᠶᠢᠵᠤ᠂ ᠠᠯᠬᠤᠭ᠎ᠠ ᠨᠢᠬᠡᠳᠡᠢ ᠪᠠᠷ ᠰᠤᠷᠣᠭᠴᠢ ᠳᠤ ᠶᠣᠰᠤ ᠰᠤᠷᠳᠠᠬᠤᠨ ᠤ ᠦᠯᠢᠬᠡᠷ ᠵᠢᠱᠢᠶ᠎ᠡ | ᠪᠣᠯᠬᠤ ᠬᠡᠷᠡᠭᠳᠡᠢ ᠪᠠᠶᠢᠨ᠎ᠠ᠃ ᠳᠦᠷᠪᠡ᠄ ᠶᠣᠰᠤ ᠰᠤᠷᠳᠠᠬᠤᠨ ᠤ ᠬᠦᠮᠦᠵᠢᠯ ᠢ ᠬᠢᠴᠢᠶᠡᠯ ᠤᠨ ᠭᠠᠳᠠᠨᠠᠬᠢ ᠬᠦᠳᠡᠯᠬᠡᠬᠡᠨ ᠤ ᠳᠤᠮᠳᠠ ᠶᠠᠪᠤᠭᠳᠠᠭᠤᠯᠬᠤ ᠪᠠᠭ᠎ᠠ | ᠰᠤᠷᠭᠠᠭᠤᠯᠢ ᠶᠢᠨ ᠰᠤᠷᠭᠠᠨ ᠬᠦᠮᠦᠵᠢᠯ ᠳᠤ ᠤᠯᠠᠨ ᠵᠦᠢᠯ ᠤᠨ ᠤᠳᠬ᠎ᠠ ᠠᠭᠤᠯᠭ᠎ᠠ ᠲᠠᠢ ᠬᠦᠳᠡᠯᠬᠡᠬᠡᠨ ᠦᠷᠨᠢᠬᠦᠯᠵᠤ ᠪᠠᠶᠢᠳᠠᠭ᠃ ᠵᠢᠱᠢᠶᠡᠯᠡᠪᠡᠯ᠄ ᠬᠤᠰᠢᠭᠤᠴᠢ | ᠠᠩᠬᠢ ᠶᠢᠨ ᠬᠦᠳᠡᠯᠬᠡᠬᠡᠨ᠂ ᠠᠩᠬᠢ ᠶᠢᠨ ᠬᠤᠷᠠᠯ᠂ ᠠᠯᠪᠠᠨ ᠵᠢᠷᠤᠮ ᠤᠨ ᠬᠦᠳᠡᠯᠮᠦᠷᠢ᠂ ᠰᠠᠶᠢᠨ ᠬᠦᠮᠦᠨ ᠤ ᠰᠠᠶᠢᠨ ᠦᠢᠯᠡ ᠠᠵᠢᠯᠯᠠᠭ᠎ᠠ ᠵᠡᠷᠬᠡ ᠳᠤ ᠳᠣᠭᠳᠠᠭᠰᠠᠨ | ᠶᠣᠰᠤ ᠮᠤᠷᠠᠯ ᠤᠨ ᠬᠦᠮᠦᠵᠢᠯ ᠲᠠᠢ ᠶᠤᠮ᠃ ᠡᠶᠢᠮᠦ ᠠᠴᠠ ᠪᠠᠭᠰᠢ ᠪᠣᠯᠤᠭᠰᠠᠳ ᠰᠤᠷᠤᠭᠴᠢᠳ ᠢ ᠢᠳᠡᠪᠬᠢᠳᠡᠢ ᠬᠦᠳᠡᠯᠬᠡᠨ᠂ ᠵᠣᠷᠢᠭᠳᠠᠢ ᠶᠠᠷᠢᠭᠤᠯᠤᠨ᠂ ᠶᠣᠰᠤ | ᠤᠴᠢᠷ ᠢ ᠨᠢ ᠰᠡᠩᠬᠡᠷᠡᠬᠦᠯᠦᠨ ᠳᠠᠶᠢᠯᠪᠣᠷᠢᠯᠠᠵᠤ ᠵᠢᠭᠠᠪᠠᠯ ᠰᠠᠶ᠋ᠢ ᠰᠤᠷᠤᠭᠴᠢᠳ ᠡᠬᠡ ᠤᠷᠤᠨ᠂ ᠨᠤᠳᠤᠭ ᠤᠰᠤ ᠪᠠᠨ ᠬᠠᠶᠢᠷᠠᠯᠠᠬᠤ᠂ ᠬᠦᠳᠡᠯᠮᠦᠷᠢ ᠶᠢ ᠬᠠᠶᠢᠷᠠᠯᠠᠬᠤ᠂ | ᠬᠦᠮᠦᠨ ᠠᠷᠠᠳ ᠢᠶᠠᠨ ᠬᠠᠶᠢᠷᠠᠯᠠᠬᠤ ᠵᠡᠷᠬᠡ ᠡᠷᠬᠢᠮ ᠨᠠᠨᠳᠢᠨ ᠬᠦᠮᠦᠵᠢᠯ ᠢ ᠬᠦᠷᠳᠡᠬᠦ ᠶᠤᠮ᠃ ᠳᠠᠪᠤ᠄ ᠶᠤᠰᠤ ᠰᠤᠷᠳᠠᠬᠤᠨ ᠤ ᠬᠦᠮᠦᠵᠢᠯ ᠬᠢᠬᠦ ᠳᠤ ᠠᠷᠭ᠎ᠠ | ᠠᠪᠴᠢᠯ ᠢᠶᠠᠨ ᠠᠩᠬᠠᠷᠬᠤ ᠰᠤᠷᠤᠭᠴᠢ ᠶᠢᠨ ᠢᠶᠠᠨ ᠰᠡᠳᠬᠢᠴᠡ ᠶᠢᠨ ᠪᠠᠶᠢᠳᠠᠯ ᠢ ᠠᠩᠬᠠᠷᠴᠤ ᠡᠪᠡᠳᠴᠢᠨ ᠳᠤ ᠨᠢ ᠳᠣᠬᠢᠷᠠᠭᠤᠯᠤᠨ ︽ᠡᠮ︾ ᠢᠶᠠᠨ ᠦᠭᠬᠦ ᠬᠡᠷᠡᠭᠳᠡᠢ᠃ | | ᠬᠠᠷᠢᠨ ᠬᠡᠵᠢᠶ᠎ᠡ᠂ ᠬᠠᠮᠢᠭ᠎ᠠ ᠳᠠᠭᠠᠷᠠᠪᠠᠯ ᠰᠤᠷᠤᠭᠴᠢ ᠶᠢᠨ ᠡᠮᠵᠢᠭ ᠲᠠᠢ ᠳᠠᠯ᠎ᠠ ᠶᠢ ᠶᠠᠷᠢᠵᠤ ᠰᠢᠬᠦᠮᠵᠢᠯᠡᠵᠤ ᠪᠣᠯᠬᠤ ᠦᠭᠡᠢ᠃ ᠤᠷᠴᠢᠨ ᠳᠤᠭᠤᠷᠢᠨ ᠢ ᠦᠵᠡᠵᠤ | ᠳᠡᠳᠡᠨ ᠤ ᠨᠡᠷ᠎ᠡ ᠬᠦᠨᠳᠦ᠂ ᠢᠳᠡᠬᠡᠯ ᠵᠤᠷᠢᠭ ᠢ ᠪᠠᠭᠤᠷᠠᠭᠤᠯᠬᠤ ᠦᠭᠡᠢ ᠪᠠᠶᠢᠬᠤ ᠬᠡᠷᠡᠭᠳᠡᠢ᠃ ᠬᠠᠷᠢᠨ ᠦᠬᠡ ᠪᠠᠷ ᠳᠠᠷᠤᠵᠤ᠂ ᠰᠦᠷ ᠢᠶᠠᠷ ᠪᠢᠰᠢᠷᠡᠬᠦᠯᠵᠤ ᠪᠣᠯᠬᠤ | ᠦᠭᠡᠢ᠃ ᠵᠠᠪᠠᠯ ᠶᠣᠰᠤ ᠪᠠᠷ ᠬᠦᠮᠦᠵᠢᠬᠦᠯᠵᠤ᠂ ᠮᠡᠳᠡᠯᠬᠡ ᠪᠠᠷ ᠪᠢᠰᠢᠷᠡᠬᠦᠯᠪᠡᠯ ᠰᠠᠶ᠋ᠢ ᠤᠳᠤ ᠦᠶ᠎ᠡ ᠶᠢᠨ ᠰᠤᠷᠤᠭᠴᠢᠳ ᠲᠤ ᠦᠨᠡᠨᠬᠦ ᠵᠦᠪ ᠳᠠᠯ᠎ᠠ ᠶᠢᠨ ᠬᠦᠮᠦᠵᠢᠯ | ᠬᠢᠵᠦ ᠳᠡᠶᠢᠯᠬᠦ ᠮᠦᠷᠳᠡᠬᠡᠨ ᠢᠳᠡᠬᠡᠯ ᠵᠤᠷᠢᠭ ᠢ ᠨᠢ ᠬᠦᠪᠴᠢᠯᠡᠨ᠂ ᠪᠦᠯᠬᠦᠮᠳᠡᠨ ᠬᠠᠪᠰᠤᠷᠤᠯᠴᠠᠬᠤ ᠤᠬᠠᠮᠰᠠᠷ ᠢ ᠨᠢ ᠳᠡᠬᠡᠭᠰᠢᠯᠡᠬᠦᠯᠵᠤ᠂ ᠠᠮᠢᠳᠤᠷᠠᠯ ᠰᠤᠷᠤᠯᠭ᠎ᠠ ᠶᠢᠨ | ᠪᠠᠶᠠᠷ ᠪᠠᠭ᠋ᠠᠳᠤᠯ ᠢ ᠤᠯᠭᠤᠵᠤ ᠴᠢᠳᠠᠬᠤ ᠶᠤᠮ᠃ | | |