ᠡᠳᠦᠷ ᠪᠦᠷᠢ ᠠᠯᠬᠤᠬᠤ ᠶᠢᠨ 12 ᠰᠠᠶᠢᠨ ᠲᠠᠢ ᠲᠠᠯ᠎ᠠ
ᠨᠡᠶᠢᠲᠡᠯᠡᠭᠰᠡᠨ ᠴᠠᠭ᠄
2023/12/27
1.ᠠᠯᠬᠤᠬᠤ ᠨᠢ ᠵᠢᠷᠤᠬᠡᠨ ᠤ ᠴᠢᠳᠠᠪᠬᠢ ᠶᠢ ᠰᠠᠶᠢᠵᠢᠷᠠᠭᠤᠯᠤᠨ᠎ᠠ᠃ 2. ᠠᠯᠬᠤᠬᠤ ᠨᠢ ᠴᠢᠰᠤᠨ ᠰᠤᠳᠠᠯ ᠤᠨ ᠬᠠᠷᠢᠮᠠᠬᠠᠢ ᠴᠢᠨᠠᠷ ᠢ ᠰᠠᠶᠢᠵᠢᠷᠠᠭᠤᠯᠤᠨ᠎ᠠ᠃ 3. ᠠᠯᠬᠤᠬᠤ ᠨᠢ ᠬᠦᠮᠦᠨ ᠤ ᠪᠡᠶ᠎ᠡ ᠶᠢᠨ ᠬᠡᠪᠡᠯᠢ ᠶᠢᠨ ᠬᠡᠰᠡᠭ ᠲᠠᠬᠢ ᠦᠭᠡᠬᠦᠨ ᠪᠦᠭᠡᠮᠨᠡᠷᠡᠯ ᠢ ᠪᠠᠭᠠᠰᠬᠠᠨ᠎ᠠ᠃ 4. ᠠᠯᠬᠤᠬᠤ ᠨᠢ ᠴᠢᠰᠤᠨ ᠤ ᠨᠦᠵᠢᠷᠡᠯ ᠢ ᠪᠠᠭᠠᠰᠬᠠᠨ᠎ᠠ᠃ 5. ᠠᠯᠬᠤᠬᠤ ᠨᠢ ᠭᠤᠷᠪᠠᠴᠢ ᠭᠯᠢᠼᠧᠷᠢᠳ᠋ ᠪᠠ ᠺᠤᠯᠧᠰᠲ᠋ᠧᠷᠤᠯ ᠤᠨ ᠯᠤᠭᠰᠢᠭᠤᠨ ᠰᠤᠳᠠᠯ ᠤᠨ ᠬᠠᠨ᠎ᠠ ᠲᠡᠭᠡᠷᠡᠬᠢ ᠪᠦᠭᠡᠮᠨᠡᠷᠡᠯ ᠢ ᠪᠠᠭᠠᠰᠬᠠᠬᠤ ᠪᠠᠷ ᠪᠠᠷᠠᠬᠤ ᠦᠭᠡᠢ ᠪᠠᠰᠠ ᠴᠢᠰᠤᠨ ᠰᠢᠬᠢᠷ ᠤᠨ ᠭᠤᠷᠪᠠᠴᠢ ᠭᠯᠢᠼᠧᠷᠢᠳ᠋ ᠪᠤᠯᠵᠦ ᠬᠤᠪᠢᠷᠠᠬᠤ ᠪᠤᠯᠤᠮᠵᠢ ᠶᠢ ᠪᠠᠭᠠᠰᠬᠠᠨ᠎ᠠ᠃ 6. ᠠᠯᠬᠤᠬᠤ ᠨᠢ ᠬᠤᠷᠮᠤᠨ ᠤ ᠢᠯᠭᠠᠷᠠᠭᠤᠯᠤᠯᠳᠠ ᠶᠢ ᠨᠠᠮᠳᠠᠭᠤᠯᠵᠦ᠂ ᠪᠦᠭᠡᠷ᠎ᠡ ᠶᠢᠨ ᠲᠡᠭᠡᠳᠦ ᠪᠤᠯᠴᠢᠷᠬᠠᠢ ᠶᠢᠨ ᠡᠳ᠋ ᠬᠡᠳᠦ ᠠᠷᠪᠢᠨ ᠢᠯᠭᠠᠷᠠᠭᠤᠯᠬᠤ ᠠᠴᠠ ᠰᠡᠷᠭᠡᠶᠢᠯᠡᠵᠦ ᠲᠡᠶᠢᠯᠦᠨ᠎ᠡ᠃ 7. ᠠᠯᠬᠤᠬᠤ ᠨᠢ ᠪᠤᠯᠴᠢᠩ ᠤᠨ ᠴᠢᠩᠭᠠᠷᠠᠯ ᠢ ᠰᠠᠶᠢᠵᠢᠷᠠᠭᠤᠯᠵᠦ᠂ ᠬᠦᠯ᠂ ᠶᠠᠰᠤ ᠰᠢᠷᠪᠤᠰᠤ ᠶᠢ ᠴᠢᠩᠭᠠᠷᠠᠭᠤᠯᠬᠤ ᠪᠦᠭᠡᠳ ᠦᠶ᠎ᠡ ᠭᠡᠰᠢᠬᠦᠦ ᠶᠢ ᠬᠦᠮᠦᠨ ᠤ ᠪᠡᠶ᠎ᠡ ᠶᠢᠨ ᠴᠢᠰᠤᠨ ᠤ ᠡᠷᠬᠢᠯᠳᠡ ᠪᠠ ᠰᠢᠨ᠎ᠡ ᠬᠠᠭᠤᠴᠢᠨ ᠤ ᠰᠤᠯᠢᠯᠴᠠᠭ᠎ᠠ ᠶᠢ ᠠᠬᠢᠭᠤᠯᠤᠨ᠎ᠠ᠃ 8. ᠴᠠᠭ ᠲᠤᠭᠳᠠᠭᠠᠵᠦ ᠠᠯᠬᠤᠬᠤ ᠶᠢ ᠪᠠᠷᠢᠮᠳᠠᠯᠠᠵᠦ᠂ ᠵᠢᠷᠤᠭᠡᠨ ᠴᠢᠰᠦ ᠲᠤᠳᠠᠬᠤ ᠴᠢᠨᠠᠷᠳᠠᠢ ᠡᠪᠡᠳᠴᠢᠨ ᠢ ᠠᠷᠢᠯᠭᠠᠬᠤ ᠪᠤᠶᠤ ᠴᠢᠰᠤᠨ ᠲᠠᠷᠤᠯᠳᠠ ᠶᠢ ᠪᠠᠭᠤᠷᠠᠭᠤᠯᠤᠨ᠎ᠠ᠃ 9. ᠠᠯᠬᠤᠬᠤ ᠨᠢ ᠤᠷᠴᠢᠨ ᠠᠬᠤᠢ ᠶᠢ ᠬᠠᠮᠠᠭᠠᠯᠠᠨ᠂ ᠬᠠᠶᠠᠭᠳᠠᠮᠠᠯ ᠬᠡᠢ ᠶᠢᠨ ᠪᠤᠬᠢᠷᠳᠠᠯ ᠢ ᠠᠷᠢᠯᠭᠠᠵᠦ᠂ ᠪᠡᠶ᠎ᠡ ᠮᠠᠬᠠᠪᠤᠳ ᠢ ᠴᠢᠬᠢᠷᠠᠭᠵᠢᠭᠤᠯᠤᠨ᠂ ᠡᠪᠡᠳᠴᠢᠨ ᠡᠰᠡᠷᠭᠦᠴᠡᠭᠦ ᠴᠢᠳᠠᠪᠤᠷᠢ ᠶᠢ ᠲᠡᠭᠡᠭᠰᠢᠯᠡᠬᠦᠯᠳᠡᠭ᠃ 10. ᠠᠯᠬᠤᠬᠤ ᠨᠢ ᠰᠢᠩᠭᠡᠭᠡᠯᠳᠡ ᠶᠢᠨ ᠪᠤᠯᠴᠢᠷᠬᠠᠢ ᠶᠢᠨ ᠱᠦᠬᠦᠷᠡᠭᠦᠯᠬᠦ ᠴᠢᠳᠠᠪᠬᠢ ᠶᠢ ᠰᠠᠶᠢᠵᠢᠷᠠᠭᠤᠯᠤᠨ᠂ ᠬᠤᠳᠤᠭᠤᠳᠤ ᠭᠡᠳᠡᠰᠤᠨ ᠤ ᠵᠢᠮ᠎ᠡ ᠶᠤᠰᠤᠳᠠᠢ ᠬᠦᠳᠡᠯᠭᠡᠭᠡᠨ ᠢ ᠠᠬᠢᠭᠤᠯᠵᠦ᠂ ᠢᠳᠡᠰᠢᠨ ᠲᠤᠷᠠᠰᠢᠯ ᠢ ᠨᠡᠮᠡᠭᠳᠡᠭᠦᠯᠦᠨ᠂ ᠴᠢᠰᠤᠨ ᠲᠠᠷᠦᠯᠳᠡ ᠥᠨᠳᠥᠷᠵᠢᠬᠦ᠂ ᠰᠢᠬᠢᠷ ᠰᠢᠵᠢᠩ ᠡᠪᠡᠳᠴᠢᠨ᠂ ᠲᠠᠳᠮᠠᠭᠠᠢ ᠴᠢᠨᠠᠷᠳᠦ ᠬᠤᠷᠭᠤᠰᠤᠯ ᠵᠡᠷᠭᠡ ᠡᠪᠡᠳᠴᠢᠨ ᠢ ᠵᠠᠰᠠᠬᠤ ᠳᠤ ᠴᠦᠮ ᠶᠡᠭᠡ ᠰᠠᠶᠢᠨ ᠦᠢᠯᠡᠳᠦᠯ ᠲᠠᠢ ᠪᠠᠶᠢᠳᠠᠭ᠃ 11. ᠠᠯᠬᠤᠬᠤ ᠨᠢ ᠮᠡᠳᠡᠷᠡᠯ ᠤᠨ ᠪᠤᠯᠴᠢᠩ ᠤᠨ ᠴᠢᠩᠭᠠᠷᠠᠯ ᠢ ᠨᠠᠮᠳᠠᠭᠤᠯᠳᠠᠭ᠃ 12. ᠭᠠᠳᠠᠨᠠᠬᠢ ᠰᠢᠨ᠎ᠡ ᠰᠤᠷᠭᠤᠭ ᠠᠭᠠᠷ ᠲᠤᠮᠳᠠ ᠠᠯᠬᠤᠪᠠᠯ ᠲᠡᠷᠢᠬᠢᠨ ᠤ ᠰᠡᠳᠬᠢᠬᠦᠢ ᠶᠢᠨ ᠠᠵᠢᠯᠯᠠᠭ᠎ᠠ ᠬᠤᠷᠴᠠ ᠰᠡᠷᠭᠡᠭ ᠮᠦᠷᠳᠡᠭᠡᠨ ᠠᠮᠢᠳᠤᠯᠢᠭ ᠪᠤᠯᠳᠠᠭ᠃ 
ᠢᠷᠡᠯᠲᠡ᠄ ᠬᠤᠯᠪᠤᠭ᠎ᠠ ᠪᠦᠷᠭᠡ ᠰᠦᠯᠵᠢᠶ᠎ᠡ