ᠭᠤᠤ ᠬᠤᠸᠠᠢ ᠵᠢᠩ ᠣᠲᠤᠭ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠴᠢ ᠫᠠᠨ ᠵᠢᠩ ᠠᠵᠤ ᠦᠢᠯᠡᠰ ᠤᠨ ᠬᠦᠷᠢᠶᠡᠯᠡᠩ ᠳᠤ ᠭᠦᠨᠵᠡᠭᠡᠶᠢᠷᠡᠨ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2023/12/5
      12 ᠰᠠᠷ᠎ᠠ ᠶᠢᠨ 4 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠭᠤᠤ ᠬᠤᠸᠠᠢ ᠵᠢᠩ ᠣᠲᠤᠭ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠴᠢ ᠫᠠᠨ ᠵᠢᠩ ᠠᠵᠤ ᠦᠢᠯᠡᠰ ᠤᠨ ᠬᠦᠷᠢᠶᠡᠯᠡᠩ ᠳᠤ ᠭᠦᠨᠵᠡᠭᠡᠶᠢᠷᠡᠨ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ ᠯᠢᠦ ᠷᠦᠢ᠂ ᠣᠲᠤᠭ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠦ᠋ ᠶᠦᠩ ᠨᠢᠩ ᠣᠷᠣᠯᠴᠠᠵᠠᠢ᠃ 
12.5图片.jpg
      ᠭᠤᠤ ᠬᠤᠸᠠᠢ ᠵᠢᠩ ᠤᠷᠢᠳ ᠬᠤᠵᠢᠳ ᠱᠧᠨ ᠨᠸᠡᠭ ᠪᠧᠢ ᠹᠠᠨᠭ᠌ ᠤᠨ 500MW ᠤᠨ ᠰᠢᠨ᠎ᠡ ᠡᠨᠧᠷᠭᠢ᠂ ᠳ᠋ᠦᠡᠭ ᠿᠢ ᠪᠠᠯ ᠴᠢᠯᠠᠭᠤᠨ ᠤ ᠰᠠᠪᠠ᠂ ᠪᠦᠦ ᠰᠢᠨ ᠯᠢᠤᠢ ᠨᠸᠡᠭ ᠴᠠᠬᠢᠯᠭᠠᠨ ᠴᠡᠨᠡᠭᠯᠡᠨ ᠰᠣᠯᠢᠬᠤ ᠥᠷᠲᠡᠭᠡ᠂ ᠪᠦᠦ ᠰᠢᠨ ᠳᠡᠭᠡᠳᠦ ᠲᠠᠰ ᠤᠨ ᠣᠶᠤᠨᠴᠢ ᠦᠢᠯᠡᠳᠬᠦ ᠦᠢᠯᠡᠰ᠂ ᠣᠷᠳᠣᠰ ᠤᠨ ᠴᠠᠬᠢᠯᠭᠠᠨ ᠬᠠᠶᠢᠯᠤᠰᠢ ᠶᠢᠨ ᠪᠦᠯᠦᠭᠯᠡᠯ ᠤᠨ ᠳᠠᠬᠢᠨ ᠠᠰᠢᠭᠯᠠᠵᠤ ᠪᠣᠯᠬᠤ ᠡᠨᠧᠷᠭᠢ ᠶᠢ ᠣᠷᠣᠯᠠᠭᠤᠯᠬᠤ ᠠᠵᠢᠯᠯᠠᠭ᠎ᠠ ᠶᠢᠨ ᠵᠢᠱᠢᠶ᠎ᠡ ᠦᠵᠡᠭᠦᠯᠬᠦ ᠢᠨᠵᠧᠨᠧᠷᠢᠩ᠂ ᠳ᠋ᠦᠡᠭ ᠴᠧᠨ ᠤ ᠨᠡᠭᠦᠷᠡᠰᠦᠨ ᠴᠢᠯᠠᠭᠤ ᠶᠢ ᠡᠭᠡᠭᠦᠯᠦᠨ ᠬᠤᠷᠢᠶᠠᠵᠤ ᠳᠠᠬᠢᠨ ᠠᠰᠢᠭᠯᠠᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠶ ᠳᠤ ᠬᠦᠷᠦᠨ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠲᠥᠷᠥᠯ ᠵᠦᠢᠯ ᠤᠨ ᠪᠡᠯᠡ ᠣᠷᠣᠭᠤᠯᠤᠯᠲᠠ ᠶᠢᠨ ᠬᠡᠪᠴᠢᠶ᠎ᠡ᠂ ᠲᠥᠯᠦᠪᠵᠢᠭᠦᠯᠭᠡ ᠶᠢᠨ ᠪᠠᠶᠢᠷᠢᠰᠢᠭᠤᠯᠤᠯᠲᠠ᠂ ᠲᠥᠬᠦᠭᠡᠷᠦᠮᠵᠢ ᠤᠭᠰᠠᠷᠠᠬᠤ ᠠᠬᠢᠴᠠ ᠵᠡᠷᠭᠡ ᠪᠠᠶᠢᠳᠠᠯ ᠢ ᠨᠠᠷᠢᠨ ᠣᠶᠢᠯᠠᠭᠠᠨ᠂ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠰᠣᠨᠣᠰᠴᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠶᠠᠪᠤᠴᠠ ᠳᠤ ᠲᠤᠯᠭᠠᠷᠠᠭᠰᠠᠨ ᠠᠰᠠᠭᠤᠳᠠᠯ ᠪᠠ ᠬᠦᠴᠢᠷᠳᠡᠯ ᠢ ᠰᠢᠢᠳᠪᠦᠷᠢᠯᠡᠬᠦ ᠪᠠᠷ ᠲᠤᠬᠠᠢ ᠶᠢᠨ ᠭᠠᠵᠠᠷ ᠲᠤᠨᠢ ᠲᠣᠬᠢᠷᠠᠭᠤᠯᠤᠯᠲᠠ ᠬᠢᠪᠡ᠃       ᠭᠤᠤ ᠬᠤᠸᠠᠢ ᠵᠢᠩ ᠬᠡᠯᠡᠬᠦ ᠳᠡᠭᠡᠨ᠂ ᠭᠤᠣᠯᠳᠠᠯᠭ᠎ᠠ ᠲᠠᠢ ᠲᠥᠷᠥᠯ ᠵᠦᠢᠯ ᠪᠣᠯ ᠰᠢᠶᠠᠨ ᠤ ᠬᠡᠪᠴᠢᠶᠡᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ︽ᠴᠢᠩᠭ᠎ᠠ ᠬᠥᠳᠡᠯᠭᠡᠭᠦᠷ︾ ᠪᠠ ︽ᠪᠠᠲᠤ ᠲᠤᠯᠭᠠᠭᠤᠷᠢ︾ ᠮᠥᠨ᠂ ᠨᠡᠭᠡᠭᠡᠯᠲᠡ ᠶᠢᠨ ᠲᠣᠭᠤᠷᠢᠭ ᠵᠢᠴᠢ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ︽ᠲᠥᠷᠥᠯ ᠵᠦᠢᠯ ᠪᠣᠯᠣᠨ ᠪᠡᠯᠡ ᠣᠷᠣᠭᠤᠯᠤᠯᠲᠠ ᠶᠢ ᠠᠳᠬᠤᠬᠤ ᠪᠣᠯ ᠳᠠᠷᠤᠢ ᠬᠥᠭᠵᠢᠯᠲᠡ ᠪᠠ ᠢᠷᠡᠭᠡᠳᠦᠢ ᠶᠢ ᠠᠳᠬᠤᠬᠤ ᠶᠠᠪᠤᠳᠠᠯ ᠪᠣᠯᠣᠨ᠎ᠠ︾ ᠭᠡᠬᠦ ᠣᠶᠢᠯᠠᠭᠠᠭᠳᠠᠬᠤᠨ ᠢ ᠪᠠᠲᠤ ᠪᠦᠷᠢᠯᠳᠦᠭᠦᠯᠵᠦ᠂ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠨᠠᠩ ᠲᠣᠪᠤᠶᠢᠮ᠎ᠠ ᠪᠠᠶᠢᠷᠢᠨ ᠳᠤ ᠲᠠᠯᠪᠢᠨ᠂ ᠱᠠᠯᠠᠪᠳᠠᠨ ᠬᠢᠵᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠲᠦᠷᠦᠯ ᠵᠦᠢᠯ ᠤᠨ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠲᠦᠷᠦᠯ ᠵᠦᠢᠯ ᠢ ᠠᠬᠢᠭᠤᠯᠬᠤ ᠶᠠᠪᠤᠴᠠ ᠳᠠᠬᠢ ᠡᠯ᠎ᠡ ᠲᠦᠷᠦᠯ ᠤᠨ ᠲᠦᠭᠵᠢᠷᠡᠯ᠂ ᠬᠦᠴᠢᠷ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠨ᠂ ᠲᠦᠷᠦᠯ ᠵᠦᠢᠯ ᠢ ᠨᠠᠶᠢᠳᠠᠪᠤᠷᠢᠵᠢᠭᠤᠯᠬᠤ᠂ ᠪᠦᠲᠦᠭᠡᠨ ᠪᠠᠶᠢᠭᠤᠯᠬᠤ᠂ ᠡᠵᠡᠩᠨᠡᠬᠦ ᠡᠯ᠎ᠡ ᠭᠤᠭᠴᠤᠭ᠎ᠠ ᠶᠢ ᠠᠪᠴᠠᠯᠳᠤᠭᠤᠯᠤᠨ ᠰᠢᠯᠤᠭᠤᠳᠬᠠᠵᠤ᠂ ᠥᠨᠳᠥᠷ ᠪᠦᠲᠦᠮᠵᠢᠲᠡᠢ ᠡᠷᠭᠢᠯᠳᠦᠭᠦᠯᠦᠨ᠂ ᠰᠢᠶᠠᠨ ᠤ ᠬᠡᠪᠴᠢᠶᠡᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢ ᠬᠥᠮᠥᠵᠢᠭᠦᠯᠵᠦ᠂ ᠨᠥᠭᠡᠴᠡ ᠬᠦᠴᠦᠨ ᠢ ᠬᠤᠷᠠᠮᠳᠤᠭᠤᠯᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠢ ᠢᠮᠠᠭᠲᠠ ᠰᠠᠶᠢᠲᠤᠷ ᠠᠳᠬᠤᠵᠤ᠂ ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠬᠢᠬᠦ︾ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠤᠨ᠂ ᠪᠠᠷᠢᠯᠭ᠎ᠠ ᠶᠢᠨ ᠠᠵᠢᠯ ᠤᠨ ᠬᠠᠮᠢᠶᠠᠷᠤᠯᠲᠠ ᠶᠢ ᠴᠢᠩᠭᠠᠳᠬᠠᠵᠤ᠂ ᠪᠠᠷᠢᠯᠭ᠎ᠠ ᠶᠢᠨ ᠠᠵᠢᠯ ᠢ ᠴᠢᠩᠭ᠎ᠠ ᠵᠢᠷᠤᠮᠵᠢᠭᠤᠯᠤᠨ᠂ ᠰᠠᠨᠠᠭ᠎ᠠ ᠠᠮᠤᠷ ᠢᠨᠵᠧᠨᠧᠷᠢᠩ᠂ ᠰᠣᠳᠣᠨ ᠲᠦᠷᠦᠯ ᠵᠦᠢᠯ ᠢ ᠴᠢᠷᠮᠠᠶᠢᠨ ᠪᠠᠶᠢᠭᠤᠯᠬᠤ ᠬᠡᠷᠡᠭᠲᠡᠢ᠃ ᠪᠠᠷᠢᠯᠭ᠎ᠠ ᠶᠢᠨ ᠠᠮᠤᠷ ᠲᠦᠪᠰᠢᠨ ᠪᠠ ᠪᠠᠷᠢᠯᠭ᠎ᠠ ᠶᠢᠨ ᠶᠠᠰᠤ ᠴᠢᠨᠠᠷ ᠢ ᠪᠠᠲᠤᠯᠠᠭᠰᠠᠨ ᠤᠷᠢᠲᠠᠯ ᠳᠣᠣᠷ᠎ᠠ᠂ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠠᠭᠤᠯᠤᠨ ᠪᠠᠶᠢᠷᠢᠯᠠᠭᠤᠯᠵᠤ᠂ ᠲᠥᠰᠥᠯ ᠶᠣᠰᠣᠭᠠᠷ ᠠᠵᠢᠯᠯᠠᠨ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠥᠨᠳᠥᠷ ᠪᠦᠲᠦᠮᠵᠢᠲᠡᠶ ᠠᠬᠢᠭᠤᠯᠵᠤ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠪᠡ᠃ 
ᠢᠷᠡᠯᠲᠡ᠄ ᠣᠲᠤᠭ ᠨᠡᠶᠢᠲᠡᠯᠡᠯ