12 ᠰᠠᠷ᠎ᠠ ᠶᠢᠨ 4 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠭᠤᠸ ᠬᠤᠸᠠᠢ ᠵᠢᠩ ᠣᠲᠤᠭ ᠤᠨ ᠠᠵᠤ ᠠᠬᠤᠢ ᠶᠢᠨ ᠨᠡᠭᠡᠭᠡᠯᠲᠡ ᠶᠢᠨ | ᠲᠣᠭᠤᠷᠢᠭ ᠤᠨ ᠴᠢ ᠫᠠᠨ ᠵᠢᠩ ᠠᠵᠤ ᠦᠢᠯᠡᠰ ᠤᠨ ᠬᠦᠷᠢᠶᠡᠯᠡᠩ ᠳᠤ ᠭᠦᠨᠵᠡᠭᠡᠶᠢᠷᠡᠨ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ | ᠪᠠᠶᠢᠳᠠᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ ᠯᠢᠦ | ᠷᠦᠢ᠂ ᠣᠲᠤᠭ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠦ᠋ ᠶᠦᠩ ᠨᠢᠩ ᠣᠷᠣᠯᠴᠠᠵᠠᠢ᠃ | ᠭᠤᠸ ᠬᠤᠸᠠᠢ ᠵᠢᠩ ᠤᠷᠢᠳ ᠬᠤᠵᠢᠳ ᠱᠧᠨ ᠨᠸᠡᠭ ᠪᠧᠢ ᠹᠠᠨᠭ᠌ ᠤᠨ 500MW ᠤᠨ ᠰᠢᠨ᠎ᠡ ᠡᠨᠧᠷᠭᠢ᠂ ᠳ᠋ᠦᠡᠭ ᠿᠢ ᠪᠠᠯ ᠴᠢᠯᠠᠭᠤᠨ ᠤ ᠰᠠᠪᠠ᠂ ᠪᠦᠦ | ᠰᠢᠨ ᠯᠢᠤᠢ ᠨᠸᠡᠭ ᠴᠠᠬᠢᠯᠭᠠᠨ ᠴᠡᠨᠡᠭᠯᠡᠨ ᠰᠣᠯᠢᠬᠤ ᠥᠷᠲᠡᠭᠡ᠂ ᠪᠦᠦ ᠰᠢᠨ ᠳᠡᠭᠡᠳᠦ ᠲᠠᠰ ᠤᠨ ᠣᠶᠤᠨᠴᠢ ᠦᠢᠯᠡᠳᠬᠦ ᠦᠢᠯᠡᠰ᠂ ᠣᠷᠳᠣᠰ ᠤᠨ ᠴᠠᠬᠢᠯᠭᠠᠨ | ᠬᠠᠶᠢᠯᠤᠰᠢ ᠶᠢᠨ ᠪᠦᠯᠦᠭᠯᠡᠯ ᠤᠨ ᠳᠠᠬᠢᠨ ᠠᠰᠢᠭᠯᠠᠵᠤ ᠪᠣᠯᠬᠤ ᠡᠨᠧᠷᠭᠢ ᠶᠢ ᠣᠷᠣᠯᠠᠭᠤᠯᠬᠤ ᠠᠵᠢᠯᠯᠠᠭ᠎ᠠ ᠶᠢᠨ ᠵᠢᠱᠢᠶ᠎ᠡ ᠦᠵᠡᠭᠦᠯᠬᠦ ᠢᠨᠵᠧᠨᠧᠷᠢᠩ᠂ ᠳ᠋ᠦᠡᠭ ᠴᠧᠨ ᠤ | ᠨᠡᠭᠦᠷᠡᠰᠦᠨ ᠴᠢᠯᠠᠭᠤ ᠶᠢ ᠡᠭᠡᠭᠦᠯᠦᠨ ᠬᠤᠷᠢᠶᠠᠵᠤ ᠳᠠᠬᠢᠨ ᠠᠰᠢᠭᠯᠠᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠶ ᠳᠤ ᠬᠦᠷᠦᠨ᠂ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠲᠥᠷᠥᠯ ᠵᠦᠢᠯ ᠤᠨ ᠪᠡᠯᠡ | ᠣᠷᠣᠭᠤᠯᠤᠯᠲᠠ ᠶᠢᠨ ᠬᠡᠪᠴᠢᠶ᠎ᠡ᠂ ᠲᠥᠯᠦᠪᠵᠢᠭᠦᠯᠭᠡ ᠶᠢᠨ ᠪᠠᠶᠢᠷᠢᠰᠢᠭᠤᠯᠤᠯᠲᠠ᠂ ᠲᠥᠬᠦᠭᠡᠷᠦᠮᠵᠢ ᠤᠭᠰᠠᠷᠠᠬᠤ ᠠᠬᠢᠴᠠ ᠵᠡᠷᠭᠡ ᠪᠠᠶᠢᠳᠠᠯ ᠢ ᠨᠠᠷᠢᠨ ᠣᠶᠢᠯᠠᠭᠠᠨ᠂ | ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠰᠣᠨᠣᠰᠴᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠶᠠᠪᠤᠴᠠ ᠳᠤ ᠲᠤᠯᠭᠠᠷᠠᠭᠰᠠᠨ ᠠᠰᠠᠭᠤᠳᠠᠯ ᠪᠠ | ᠬᠦᠴᠢᠷᠳᠡᠯ ᠢ ᠰᠢᠢᠳᠪᠦᠷᠢᠯᠡᠬᠦ ᠪᠠᠷ ᠲᠤᠬᠠᠢ ᠶᠢᠨ ᠭᠠᠵᠠᠷ ᠲᠤᠨᠢ ᠲᠣᠬᠢᠷᠠᠭᠤᠯᠤᠯᠲᠠ ᠬᠢᠪᠡ᠃ | ᠭᠤᠸ ᠬᠤᠸᠠᠢ ᠵᠢᠩ ᠬᠡᠯᠡᠬᠦ ᠳᠡᠭᠡᠨ᠂ ᠭᠤᠣᠯᠳᠠᠯᠭ᠎ᠠ ᠲᠠᠢ ᠲᠥᠷᠥᠯ ᠵᠦᠢᠯ ᠪᠣᠯ ᠰᠢᠶᠠᠨ ᠤ ᠬᠡᠪᠴᠢᠶᠡᠨ ᠤ ᠠᠵᠤ ᠠᠬᠤᠢ ᠶᠢᠨ ᠴᠢᠨᠠᠷ ᠰᠠᠶᠢᠲᠠᠢ | ᠬᠥᠭᠵᠢᠯᠲᠡ ᠶᠢᠨ ︽ᠴᠢᠩᠭ᠎ᠠ ᠬᠥᠳᠡᠯᠭᠡᠭᠦᠷ︾ ᠪᠠ ︽ᠪᠠᠲᠤ ᠲᠤᠯᠭᠠᠭᠤᠷᠢ︾ ᠮᠥᠨ᠂ ᠨᠡᠭᠡᠭᠡᠯᠲᠡ ᠶᠢᠨ ᠲᠣᠭᠤᠷᠢᠭ ᠵᠢᠴᠢ ᠡᠯ᠎ᠡ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠳ ︽ᠲᠥᠷᠥᠯ ᠵᠦᠢᠯ ᠪᠣᠯᠣᠨ ᠪᠡᠯᠡ ᠣᠷᠣᠭᠤᠯᠤᠯᠲᠠ ᠶᠢ ᠠᠳᠬᠤᠬᠤ ᠪᠣᠯ ᠳᠠᠷᠤᠢ ᠬᠥᠭᠵᠢᠯᠲᠡ ᠪᠠ ᠢᠷᠡᠭᠡᠳᠦᠢ ᠶᠢ ᠠᠳᠬᠤᠬᠤ ᠶᠠᠪᠤᠳᠠᠯ ᠪᠣᠯᠣᠨ᠎ᠠ︾ | ᠭᠡᠬᠦ ᠣᠶᠢᠯᠠᠭᠠᠭᠳᠠᠬᠤᠨ ᠢ ᠪᠠᠲᠤ ᠪᠦᠷᠢᠯᠳᠦᠭᠦᠯᠵᠦ᠂ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠨᠠᠩ ᠲᠣᠪᠣᠶᠢᠮ᠎ᠠ ᠪᠠᠶᠢᠷᠢᠨ ᠳᠤ | ᠲᠠᠯᠪᠢᠨ᠂ ᠱᠠᠯᠠᠪᠳᠠᠨ ᠬᠢᠵᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠲᠦᠷᠦᠯ ᠵᠦᠢᠯ ᠤᠨ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ | ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠲᠦᠷᠦᠯ ᠵᠦᠢᠯ ᠢ ᠠᠬᠢᠭᠤᠯᠬᠤ ᠶᠠᠪᠤᠴᠠ ᠳᠠᠬᠢ ᠡᠯ᠎ᠡ ᠲᠦᠷᠦᠯ ᠤᠨ ᠲᠦᠭᠵᠢᠷᠡᠯ᠂ ᠬᠦᠴᠢᠷ ᠠᠰᠠᠭᠤᠳᠠᠯ ᠢ ᠪᠦᠬᠦ | ᠬᠦᠴᠦᠨ ᠢᠶᠠᠷ ᠢᠶᠠᠨ ᠰᠢᠢᠳᠪᠦᠷᠢᠯᠡᠨ᠂ ᠲᠦᠷᠦᠯ ᠵᠦᠢᠯ ᠢ ᠨᠠᠶᠢᠳᠠᠪᠤᠷᠢᠵᠢᠭᠤᠯᠬᠤ᠂ ᠪᠦᠲᠦᠭᠡᠨ ᠪᠠᠶᠢᠭᠤᠯᠬᠤ᠂ ᠡᠵᠡᠩᠨᠡᠬᠦ ᠡᠯ᠎ᠡ ᠭᠤᠭᠴᠤᠭ᠎ᠠ ᠶᠢ ᠠᠪᠴᠠᠯᠳᠤᠭᠤᠯᠤᠨ | ᠰᠢᠯᠤᠭᠤᠳᠬᠠᠵᠤ᠂ ᠥᠨᠳᠥᠷ ᠪᠦᠲᠦᠮᠵᠢᠲᠡᠢ ᠡᠷᠭᠢᠯᠳᠦᠭᠦᠯᠦᠨ᠂ ᠰᠢᠶᠠᠨ ᠤ ᠬᠡᠪᠴᠢᠶᠡᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢ | ᠬᠥᠮᠥᠵᠢᠭᠦᠯᠵᠦ᠂ ᠨᠥᠭᠡᠴᠡ ᠬᠦᠴᠦᠨ ᠢ ᠬᠤᠷᠠᠮᠳᠤᠭᠤᠯᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠢ ᠢᠮᠠᠭᠲᠠ ᠰᠠᠶᠢᠲᠤᠷ ᠠᠳᠬᠤᠵᠤ᠂ ︽ᠭᠤᠷᠪᠠ ᠶᠢ | ᠬᠠᠮᠢᠶᠠᠷᠴᠤ ᠭᠤᠷᠪᠠ ᠶᠢ ᠡᠷᠬᠡᠪᠰᠢ ᠬᠢᠬᠦ︾ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠤᠨ᠂ ᠪᠠᠷᠢᠯᠭ᠎ᠠ ᠶᠢᠨ ᠠᠵᠢᠯ ᠤᠨ ᠬᠠᠮᠢᠶᠠᠷᠤᠯᠲᠠ ᠶᠢ ᠴᠢᠩᠭᠠᠳᠬᠠᠵᠤ᠂ | ᠪᠠᠷᠢᠯᠭ᠎ᠠ ᠶᠢᠨ ᠠᠵᠢᠯ ᠢ ᠴᠢᠩᠭ᠎ᠠ ᠵᠢᠷᠤᠮᠵᠢᠭᠤᠯᠤᠨ᠂ ᠰᠠᠨᠠᠭ᠎ᠠ ᠠᠮᠤᠷ ᠢᠨᠵᠧᠨᠧᠷᠢᠩ᠂ ᠰᠣᠳᠣᠨ ᠲᠦᠷᠦᠯ ᠵᠦᠢᠯ ᠢ ᠴᠢᠷᠮᠠᠶᠢᠨ ᠪᠠᠶᠢᠭᠤᠯᠬᠤ ᠬᠡᠷᠡᠭᠲᠡᠢ᠃ | ᠪᠠᠷᠢᠯᠭ᠎ᠠ ᠶᠢᠨ ᠠᠮᠤᠷ ᠲᠦᠪᠰᠢᠨ ᠪᠠ ᠪᠠᠷᠢᠯᠭ᠎ᠠ ᠶᠢᠨ ᠶᠠᠰᠤ ᠴᠢᠨᠠᠷ ᠢ ᠪᠠᠲᠤᠯᠠᠭᠰᠠᠨ ᠤᠷᠢᠲᠠᠯ ᠳᠣᠣᠷ᠎ᠠ᠂ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠠᠭᠤᠯᠤᠨ | ᠪᠠᠶᠢᠷᠢᠯᠠᠭᠤᠯᠵᠤ᠂ ᠲᠥᠰᠥᠯ ᠶᠣᠰᠣᠭᠠᠷ ᠠᠵᠢᠯᠯᠠᠨ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠥᠨᠳᠥᠷ ᠪᠦᠲᠦᠮᠵᠢᠲᠡᠶ ᠠᠬᠢᠭᠤᠯᠵᠤ᠂ ᠪᠥᠬᠦ | ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠪᠡ᠃ | |