ᠠᠭᠠᠷ ᠴᠡᠪᠡᠷᠰᠢᠭᠦᠯᠬᠦ ᠲᠥᠬᠦᠭᠡᠷᠦᠮᠵᠢ ᠠᠮᠢᠰᠬᠤᠯ ᠤᠨ ᠵᠠᠮ ᠤᠨ ᠬᠠᠯᠳᠠᠪᠤᠷᠢᠯᠠᠯ ᠢ ᠬᠤᠷᠢᠭᠯᠠᠬᠤ ᠳᠤ ᠪᠡᠷᠬᠡ
ᠨᠡᠶᠢᠲᠡᠯᠡᠭᠰᠡᠨ ᠴᠠᠭ᠄
2023/12/5
      ᠮᠡᠷᠭᠡᠵᠢᠯ ᠤᠨ ᠠᠷᠭ᠎ᠠ ᠪᠠᠷᠢᠯ ᠢᠶᠠᠷ ᠳᠠᠮᠵᠢᠭᠤᠯᠤᠨ ᠬᠡᠷ ᠳᠣᠲᠣᠷᠠᠬᠢ ᠠᠭᠠᠷ ᠲᠤᠲᠤᠷ᠎ᠠ ᠠᠴᠠ ᠠᠮᠢᠰᠬᠤᠯ ᠤᠨ ᠵᠠᠮ ᠤᠨ ᠡᠪᠡᠳᠴᠢᠨ ᠡᠭᠦᠰᠬᠡᠭᠴᠢ ᠶᠢ ᠠᠷᠢᠯᠭᠠᠬᠤ ᠨᠢ ᠣᠨᠣᠯ ᠤᠨ ᠲᠠᠯ᠎ᠠ ᠪᠠᠷ ᠠᠪᠴᠤ ᠬᠡᠯᠡᠪᠡᠯ ᠬᠠᠯᠳᠠᠪᠤᠷᠢᠲᠤ ᠡᠪᠡᠳᠴᠢᠨ ᠢ ᠡᠵᠡᠮᠳᠡᠬᠦ‍ ᠨᠢᠭᠡ ᠵᠦᠶᠯ ᠤᠨ ᠡᠮ ᠤᠨ ᠪᠤᠰᠤ ᠠᠷᠭ᠎ᠠ ᠪᠣᠳᠣᠯᠭ᠎ᠠ ᠪᠣᠯᠵᠤ ᠪᠣᠯᠤᠨ᠎ᠠ᠃ ᠭᠡᠪᠡᠴᠦ ᠠᠩᠭ᠍ᠯᠢ ᠶᠢᠨ ᠨᠢᠭᠡᠨ ᠰᠢᠨ᠎ᠡ ᠰᠤᠳᠤᠯᠭᠠᠨ ᠳᠤ ᠬᠠᠷᠠᠭᠤᠯᠤᠭᠰᠠᠨ ᠢᠶᠠᠷ᠂ ᠪᠣᠳᠠᠲᠤ ᠶᠢᠷᠲᠢᠨᠴᠦ ᠳᠤ᠂ ᠠᠭᠠᠷ ᠴᠡᠪᠡᠷᠰᠢᠭᠦᠯᠦᠭᠴᠢ ᠵᠡᠷᠭᠡ ᠦᠷᠭᠦᠯᠵᠢ ᠬᠡᠷᠡᠭᠯᠡᠳᠡᠭ ᠲᠥᠬᠦᠭᠡᠷᠦᠮᠵᠢ ᠨᠢ ᠬᠥᠮᠦᠰ ᠤᠨ ᠠᠮᠢᠰᠬᠤᠯ ᠤᠨ ᠵᠠᠮ ᠤᠨ ᠡᠪᠡᠳᠴᠢᠨ ᠡᠭᠦᠰᠬᠡᠭᠴᠢ ᠶᠢᠨ ᠬᠠᠯᠳᠠᠪᠤᠷᠢᠯᠠᠯ ᠤᠨ ᠲᠦᠭᠰᠢᠭᠦᠷᠢ ᠶᠢ ᠪᠠᠭᠤᠷᠠᠭᠤᠯᠬᠤ ᠳᠤ ᠪᠡᠷᠬᠡ ᠶᠤᠮ᠃      ᠠᠩᠭ᠍ᠯᠢ ᠶᠢᠨ ᠵᠡᠭᠦᠨ ᠠᠩᠭᠧᠯᠢᠶ᠎ᠠ ᠶᠡᠭᠡ ᠰᠤᠷᠭᠠᠭᠤᠯᠢ ᠰᠣᠨᠢᠨ ᠮᠡᠳᠡᠭᠡᠨ ᠤ ᠠᠯᠪᠠᠨ ᠮᠡᠳᠡᠭᠡ ᠨᠡᠶᠢᠲᠡᠯᠡᠵᠦ᠂ ᠲᠤᠰ ᠰᠤᠷᠭᠠᠭᠤᠯᠢ ᠪᠣᠯᠤᠨ ᠯᠤᠨᠳᠤᠨ ᠶᠡᠭᠡ ᠰᠤᠷᠭᠠᠭᠤᠯᠢ ᠶᠢᠨ ᠳᠡᠭᠡᠳᠦ ᠰᠤᠷᠭᠠᠭᠤᠯᠢ᠂ ᠡᠸ᠋ᠰᠧᠺᠰ ᠶᠡᠭᠡ ᠰᠤᠷᠭᠠᠭᠤᠯᠢ ᠵᠡᠷᠭᠡ ᠪᠠᠶᠢᠭᠤᠯᠤᠮᠵᠢ ᠶᠢᠨ ᠰᠤᠳᠤᠯᠭᠠᠲᠠᠳ ᠤᠢᠢᠷ᠎ᠠ ᠳᠤ ᠠᠮᠧᠷᠢᠺᠠ ᠶᠢᠨ ︽ᠤᠷᠢᠳᠴᠢᠯᠠᠨ ᠰᠡᠷᠭᠡᠶᠢᠯᠡᠬᠦ ᠠᠨᠠᠭᠠᠬᠤ ᠤᠬᠠᠭᠠᠨ︾ ᠰᠡᠳᠬᠦᠯ ᠳᠡᠭᠡᠷ᠎ᠡ ᠥᠭᠦᠯᠡᠯ ᠨᠡᠶᠢᠲᠡᠯᠡᠵᠦ᠂ 1970 ᠣᠨ ᠠᠴᠠ 2022 ᠣᠨ ᠪᠣᠯᠲᠠᠯ᠎ᠠ ᠨᠡᠶᠢᠲᠡᠯᠡᠭᠰᠡᠨ 32 ᠵᠦᠢᠯ ᠤᠨ ᠰᠤᠳᠤᠯᠭᠠᠨ ᠳᠤ ᠰᠢᠰᠲ᠋ᠧᠮ ᠲᠠᠢ ᠡᠷᠭᠢᠴᠡᠭᠦᠯᠦᠯ ᠬᠢᠵᠦ᠂ ᠭᠡᠷ ᠳᠣᠲᠣᠷᠠᠬᠢ ᠠᠭᠠᠷ ᠢ ᠰᠢᠢᠳᠪᠣᠷᠢᠯᠡᠬᠦ ᠮᠡᠷᠭᠡᠵᠢᠯ ᠤᠨ ᠠᠮᠢᠰᠬᠤᠯ ᠤᠨ ᠵᠠᠮ ᠪᠤᠶᠤ ᠬᠤᠳᠣᠭᠤᠳᠣ ᠭᠡᠳᠡᠰᠦᠨ ᠤ ᠬᠠᠯᠳᠠᠪᠤᠷᠢᠯᠠᠯ ᠢ ᠤᠷᠢᠳᠴᠢᠯᠠᠨ ᠰᠡᠷᠭᠡᠶᠢᠯᠡᠬᠦ ᠲᠠᠯ᠎ᠠ ᠪᠠᠷ ᠬᠢ ᠪᠦᠲᠦᠮᠵᠢᠲᠡᠢ ᠭᠡᠷᠡᠴᠢ ᠪᠠᠷᠢᠮᠲᠠ ᠶᠢ ᠡᠷᠢᠪᠡ᠃ ᠡᠲᠡᠭᠡᠷ ᠰᠤᠳᠤᠯᠭᠠᠨ ᠨᠢ ᠴᠥᠮ ᠰᠤᠷᠭᠠᠭᠤᠯᠢ ᠪᠤᠶᠤ ᠨᠠᠰᠤᠲᠠᠨ ᠢ ᠠᠰᠠᠷᠠᠬᠤ ᠬᠦᠷᠢᠶᠡᠯᠡᠩ ᠵᠡᠷᠭᠡ ᠪᠣᠳᠠᠲᠤ ᠣᠷᠴᠢᠨ ᠨᠦᠬᠦᠴᠡᠯ ᠳᠤ ᠶᠠᠪᠤᠭᠳᠠᠵᠤ᠂ ᠰᠤᠳᠤᠯᠭᠠᠨ ᠳᠤ ᠤᠷᠤᠯᠴᠠᠭᠰᠠᠨ ᠬᠦᠮᠦᠰ ᠭᠠᠷᠠᠭ ᠪᠦᠷᠢ ᠨᠠᠭᠠᠳᠤ ᠵᠠᠬ᠎ᠠ ᠲᠠᠭᠠᠨ 20 ᠴᠠᠭ ᠣᠯᠠᠨ ᠨᠡᠶᠢᠲᠡ ᠶᠢᠨ ᠬᠡᠷ ᠳᠣᠲᠣᠷᠠᠬᠢ ᠣᠷᠣᠨ ᠵᠠᠶ ᠳᠤ ᠰᠠᠭᠤᠳᠠᠭ ᠭᠡᠪᠡ᠃      ᠰᠤᠳᠤᠯᠭᠠᠨ ᠳᠤ ᠤᠷᠤᠯᠴᠠᠭᠰᠠᠨ ᠬᠦᠮᠦᠰ ᠤᠨ ᠬᠠᠯᠳᠠᠪᠤᠷᠢᠯᠠᠯ ᠪᠤᠶᠤ ᠡᠪᠡᠳᠴᠢᠨ ᠤ ᠢᠯᠡᠷᠡᠯ ᠵᠡᠷᠭᠡ ᠳ᠋ᠠᠶᠢᠲᠨ ᠶᠢᠨ ᠵᠠᠳᠠᠯᠤᠯᠲᠠ ᠶᠢᠨ ᠦᠷ᠎ᠡ ᠳ᠋ᠦᠩ ᠳᠤ ᠬᠠᠷᠠᠭᠤᠯᠤᠭᠰᠠᠨ ᠢᠶᠠᠷ᠂ ᠡᠲᠡᠭᠡᠷ ᠮᠡᠷᠭᠡᠵᠢᠯ ᠨᠢ ᠬᠥᠮᠦᠨ ᠲᠦᠷᠦᠯᠬᠢᠲᠡᠨ ᠢ ᠠᠮᠢᠰᠬᠤᠯ ᠤᠨ ᠵᠠᠮ ᠪᠤᠶᠤ ᠬᠤᠳᠣᠭᠤᠳᠣ  ᠭᠡᠳᠡᠰᠦᠨ ᠤ ᠵᠠᠮ ᠤᠨ ᠬᠠᠯᠳᠠᠪᠤᠷᠢᠯᠠᠯ ᠠᠴᠠ ᠵᠠᠶᠢᠯᠠᠭᠤᠯᠵᠤ ᠴᠢᠳᠠᠬᠤ ᠭᠡᠷᠡᠴᠢ ᠪᠠᠷᠢᠮᠳᠠ ᠪᠠᠷᠤᠭ ᠪᠠᠶᠢᠬᠤ ᠥᠬᠡᠶ᠃ ᠬᠡᠳᠦᠶᠢᠪᠡᠷ ᠣᠲᠣ ᠪᠠᠶᠢᠭ᠎ᠠ ᠭᠡᠷᠡᠴᠢ ᠪᠠᠷᠢᠮᠲᠠ ᠠᠴᠠ ᠦᠵᠡᠪᠡᠯ᠂ ᠬᠡᠳᠦᠨ ᠵᠦᠶᠯ ᠤᠨ ᠮᠡᠷᠭᠡᠵᠢᠯ ᠤᠨ ᠠᠷᠭ᠎ᠠ ᠪᠠᠷᠢᠯ᠂ ᠢᠯᠠᠩᠭᠤᠶ᠎ᠠ ᠪᠠᠺᠲ᠋ᠧᠷᠢ ᠠᠯᠠᠬᠤ ᠳ᠋ᠧᠩ ᠪᠠ ᠥᠨᠳᠥᠷ ᠪᠦᠲᠦᠮᠵᠢᠲᠡᠶ ᠠᠭᠠᠷ ᠤᠨ ᠱᠦᠭᠦᠭᠦᠷ ︵HEPA︶ ᠢᠶᠠᠷ ᠳᠠᠮᠵᠢᠭᠤᠯᠤᠨ ᠬᠡᠷ ᠳᠣᠲᠣᠷᠠᠬᠢ ᠣᠷᠴᠢᠨ ᠲᠤᠭᠤᠷᠢᠨ ᠪᠠ ᠡᠳ᠋ ᠪᠣᠳᠠᠰ ᠤᠨ ᠥᠩᠭᠡᠨ ᠲᠠᠯ᠎ᠠ ᠶᠢᠨ ᠪᠣᠬᠢᠷᠲᠤᠯ ᠢ ᠪᠠᠭᠠᠰᠭᠠᠵᠤ ᠪᠣᠯᠬᠤ ᠪᠣᠯᠪᠠᠴᠤ ᠡᠲᠡᠭᠡᠷ ᠮᠡᠷᠭᠡᠵᠢᠯ ᠤᠨ ᠪᠣᠳᠠᠲᠤ ᠣᠷᠴᠢᠨ ᠨᠦᠬᠦᠴᠡᠯ ᠳᠤ ᠠᠮᠢᠰᠬᠤᠯ ᠤᠨ ᠵᠠᠮ ᠤᠨ ᠡᠪᠡᠳᠴᠢᠨ ᠡᠭᠦᠰᠬᠡᠭᠴᠢ ᠶᠢᠨ ᠬᠠᠯᠳᠠᠪᠤᠷᠢᠯᠠᠯ ᠢ ᠪᠠᠭᠠᠰᠬᠠᠬᠤ ᠪᠤᠶᠤ ᠬᠤᠷᠢᠭᠯᠠᠵᠤ ᠴᠢᠳᠠᠬᠤ ᠬᠦᠴᠦᠲᠡᠶ ᠭᠡᠷᠡᠴᠢ ᠪᠠᠷᠢᠮᠲᠠ ᠪᠠᠶᠢᠬᠤ ᠥᠬᠡᠶ᠃      ᠰᠤᠳᠤᠯᠭᠠᠨ ᠨᠢ ᠠᠭᠠᠷ ᠱᠦᠭᠦᠬᠦ ᠲᠥᠬᠦᠭᠡᠷᠦᠮᠵᠢ᠂ ᠪᠠᠺᠲ᠋ᠧᠷᠢ ᠠᠯᠠᠬᠤ ᠳ᠋ᠧᠩ ᠪᠠ ᠢᠶᠣᠨ ᠡᠭᠦᠰᠭᠡᠭᠦᠷ ᠵᠡᠷᠭᠡ ᠭᠡᠷ ᠳᠣᠲᠣᠷᠠᠬᠢ ᠠᠭᠠᠷ ᠰᠢᠢᠳᠪᠦᠷᠢᠯᠡᠬᠦ ᠲᠥᠰᠦᠯ ᠢ ᠪᠠᠭᠲᠠᠭᠠᠪᠠ᠃ ᠰᠤᠳᠤᠯᠭᠠᠲᠠᠳ᠂ ᠬᠡᠷ ᠳᠣᠲᠣᠷᠠᠬᠢ ᠠᠭᠠᠷ ᠰᠢᠢᠳᠪᠦᠷᠢᠯᠡᠬᠦ ᠲᠥᠬᠦᠭᠡᠷᠦᠮᠵᠢ ᠤᠭᠰᠠᠷᠠᠬᠤ ᠵᠠᠷᠤᠳᠠᠯ ᠪᠠᠭ᠎ᠠ ᠪᠤᠰᠤ ᠪᠠᠶᠢᠳᠠᠭ᠂ ᠡᠨᠡ ᠬᠦ ᠰᠤᠳᠤᠯᠭᠠᠨ ᠤ ᠦᠷ᠎ᠡ ᠳ᠋ᠦᠩ ᠨᠢ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠢᠢᠳᠪᠦᠷᠢᠲᠦ ᠪᠣᠳᠣᠯᠭ᠎ᠠ ᠲᠣᠭᠲᠠᠭᠠᠭᠴᠢ ᠶᠢᠨ ᠪᠠᠶᠢᠳᠠᠯ ᠢ ᠪᠥᠬᠦ ᠲᠠᠯ᠎ᠠ ᠪᠠᠷ ᠣᠶᠢᠯᠠᠭᠠᠵᠤ᠂ ᠥᠪᠡᠷ ᠤᠨ ᠥᠷᠲᠡᠭ ᠪᠣᠯᠤᠨ ᠠᠰᠢᠭ ᠣᠷᠣᠯᠭ᠎ᠠ ᠳᠤ ᠴᠢᠭᠯᠡᠭᠦᠯᠦᠨ ᠨᠠᠩ ᠵᠦᠶ ᠵᠣᠬᠢᠰᠲᠠᠶ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠠᠰᠢᠭᠲᠠᠢ ᠶᠤᠮ ᠭᠡᠵᠦ ᠢᠯᠡᠳᠭᠡᠪᠡ᠃      ︵ᠰᠢᠨᠬᠤᠸᠠ ᠬᠤᠷᠢᠶ᠎ᠠ ᠶᠢᠨ ᠯᠣᠨᠳᠣᠨ ᠤ 11 ᠰᠠᠷ᠎ᠠ ᠶᠢᠨ 20 ᠤ ᠴᠠᠬᠢᠯᠭᠠᠨ ᠮᠡᠳᠡᠭᠡ︶ 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠠ ᠮᠡᠳᠡᠭᠡ ᠶᠢᠨ ᠰᠦᠯᠵᠢᠶ᠎ᠠ