ᠭᠤᠤ ᠬᠤᠸᠠᠢ ᠵᠢᠩ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ ᠪᠦᠬᠦ ᠲᠠᠯ᠎ᠠ ᠪᠠᠷ ᠲᠣᠣᠱᠯᠠᠭᠤᠯᠬᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ
ᠨᠡᠶᠢᠲᠡᠯᠡᠭᠰᠡᠨ ᠴᠠᠭ᠄
2023/12/6
      12 ᠰᠠᠷ᠎ᠠ ᠶᠢᠨ 5 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠭᠤᠤ ᠬᠤᠸᠠᠢ ᠵᠢᠩ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠰᠢᠭᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ ᠪᠥᠬᠦ ᠲᠠᠯ᠎ᠠ ᠪᠠᠷ ᠲᠣᠣᠱᠯᠠᠭᠤᠯᠬᠤ ᠰᠡᠳᠬᠢᠮᠵᠢ ᠠᠷᠭ᠎ᠠ ᠬᠡᠮᠵᠢᠶ᠎ᠡ ᠶᠢᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ᠃ 
W020231206575264586857.jpg
      ᠬᠤᠷᠠᠯ ᠳᠡᠭᠡᠷ᠎ᠡ᠂ ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠤᠬᠠᠭᠤᠯᠬᠤ ᠬᠡᠯᠲᠡᠰ᠂ ᠨᠢᠭᠡᠳᠦᠮᠡᠯ ᠹᠷᠣᠨᠲ ᠤᠨ ᠬᠡᠯᠲᠡᠰ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠰᠣᠶᠣᠯ ᠪᠠ ᠵᠢᠭᠤᠯᠴᠢᠯᠠᠯ ᠤᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠣᠪᠴᠢᠶ᠎ᠠ ᠵᠢᠴᠢ ᠠᠮᠢ ᠠᠬᠤᠢ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠶᠢᠨ ᠬᠠᠷᠢᠭᠤᠴᠠᠯᠭᠠᠲᠠᠨ ᠲᠣᠰ ᠲᠣᠰ ᠬᠠᠷᠢᠭᠤ ᠮᠡᠳᠡᠭᠦᠯᠦᠯᠲᠡ ᠬᠢᠪᠡ᠃       ᠭᠤᠣ ᠬᠤᠸᠠᠢ ᠵᠢᠩ ᠬᠡᠯᠡᠬᠦ ᠳᠡᠭᠡᠨ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠣᠯ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠣᠯ ᠰᠢᠵᠢᠮ ᠮᠥᠨ᠂ ᠪᠠᠰᠠ ᠴᠦ ᠦᠨᠳᠦᠰᠦᠲᠡᠨ ᠤ ᠭᠠᠵᠠᠷ ᠣᠷᠣᠨ ᠤ ᠡᠯ᠎ᠡ ᠵᠦᠢᠯ ᠤᠨ ᠠᠵᠢᠯ ᠤᠨ ᠭᠤᠣᠯ ᠰᠢᠵᠢᠮ ᠮᠥᠨ︾ ᠭᠡᠳᠡᠭ ᠲᠠᠢ ᠨᠢᠭᠲᠠ ᠤᠶᠠᠯᠳᠤᠭᠤᠯᠤᠨ ᠡᠯ᠎ᠡ ᠵᠦᠢᠯ ᠤᠨ ᠠᠵᠢᠯ ᠢ ᠲᠥᠯᠥᠪᠯᠡᠵᠦ᠂ ᠭᠤᠣᠯ ᠰᠢᠵᠢᠮ ᠢ ᠲᠤᠤᠱᠯᠠᠭᠤᠯᠬᠤ ᠪᠠ ᠠᠵᠢᠯ ᠢ ᠨᠠᠶᠢᠳᠠᠪᠤᠷᠢᠵᠢᠭᠤᠯᠬᠤ ᠶᠢ ᠦᠨᠡᠨ ᠬᠦ ᠣᠷᠭᠠᠨᠢᠭ ᠢᠶᠠᠷ ᠨᠢᠭᠡᠳᠦᠭᠦᠯᠬᠦ ᠬᠡᠷᠡᠭᠲᠡᠢ᠃ ᠭᠤᠣᠯ ᠰᠢᠵᠢᠮ ᠢ ᠨᠠᠶᠢᠳᠠᠪᠤᠷᠢᠵᠢᠭᠤᠯᠬᠤ ᠠᠵᠢᠯ ᠤᠨ ᠰᠡᠳᠬᠢᠴᠡ ᠪᠠ ᠪᠣᠳᠠᠲᠠᠢ ᠠᠷᠭ᠎ᠠ ᠬᠡᠮᠵᠢᠶ᠎ᠡ ᠶᠢ ᠤᠯᠠᠮ ᠨᠠᠷᠢᠯᠢᠭᠵᠢᠭᠤᠯᠤᠨ ᠪᠣᠳᠠᠲᠠᠶᠢᠵᠢᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠪᠣᠳᠠᠲᠠᠢ ᠠᠳᠬᠤᠨ᠂ ᠤᠬᠠᠭᠤᠯᠭ᠎ᠠ ᠶᠢᠨ ᠰᠠᠭᠤᠷᠢᠨ ᠭᠠᠵᠠᠷ ᠤᠨ ᠪᠠᠶᠢᠭᠤᠯᠤᠯᠲᠠ ᠶᠢ ᠴᠢᠩᠭᠠᠳᠬᠠᠵᠤ᠂ ᠬᠡᠯᠪᠡᠷᠢ ᠶᠢ ᠰᠢᠨᠡᠴᠢᠯᠡᠨ᠂ ᠠᠴᠢᠶᠠᠯᠠᠪᠤᠷᠢ ᠶᠢ ᠪᠠᠶᠠᠯᠢᠭᠵᠢᠭᠤᠯᠵᠤ᠂ ᠠᠭᠤᠯᠭ᠎ᠠ ᠶᠢ ᠲᠡᠭᠦᠯᠳᠡᠷᠵᠢᠭᠦᠯᠦᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠲᠠᠷᠢᠬᠢᠨ ᠳᠤ ᠬᠠᠳᠠᠩᠰᠢᠭᠤᠯᠵᠤ᠂ ᠰᠡᠳᠬᠢᠯ ᠳᠤ ᠬᠤᠨᠣᠭᠰᠢᠭᠤᠯᠤᠨ᠂ ᠠᠵᠢᠯᠯᠠᠭ᠎ᠠ ᠳᠤ ᠦᠢᠯᠡᠳᠦᠯᠭᠡᠵᠢᠭᠦᠯᠬᠦ ᠶᠢ ᠠᠬᠢᠭᠤᠯᠬᠤ ᠬᠡᠷᠡᠭᠲᠡᠢ᠃ ᠬᠢᠨᠠᠨ ᠰᠢᠯᠭᠠᠷᠠᠭᠤᠯᠬᠤ ᠲᠣᠭᠲᠠᠯᠴᠠᠭ᠎ᠠ ᠶᠢ ᠪᠦᠷᠢᠨᠰᠢᠭᠦᠯᠵᠦ᠂ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠢ ᠪᠦᠬᠦ ᠲᠠᠯ᠎ᠠ ᠪᠠᠷ ᠲᠣᠭᠤᠰᠢᠯᠠᠭᠤᠯᠬᠤ ᠶᠢ ᠤᠷᠲᠤ ᠬᠤᠭᠤᠴᠠᠭ᠎ᠠ ᠪᠠᠷ ᠪᠠᠶᠢᠩᠭᠤ ᠪᠦᠲᠦᠮᠵᠢᠲᠡᠢ ᠨᠠᠷᠢᠨ ᠪᠣᠳᠠᠲᠠᠢ ᠠᠳᠬᠤᠬᠤ ᠬᠡᠷᠡᠭᠲᠡᠢ ᠭᠡᠪᠡ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠮᠥᠩᠭᠦᠨᠬᠤᠸᠠᠷ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠦᠢ ᠷᠦᠢ ᠹᠧᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ ᠯᠢᠦ ᠷᠦᠢ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠠᠬᠢᠭᠤᠯᠬᠤ ᠨᠡᠶᠢᠭᠡᠮᠯᠢᠭ ᠤᠨ ᠳᠠᠷᠤᠭ᠎ᠠ ᠯᠢ ᠶᠤᠸᠠᠢ ᠵᠧᠨ ᠬᠤᠷᠠᠯ ᠳᠤ ᠣᠷᠣᠯᠴᠠᠪᠠ᠃ 
ᠢᠷᠡᠯᠲᠡ᠄ ᠤᠲᠤᠭ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ