ᠦᠨ᠎ᠡ ᠲᠥᠯᠥᠪᠦᠷᠢ ᠦᠭᠡᠢ WIFI ᠶᠢ ᠲᠤᠷ᠎ᠠ ᠪᠠᠷ ᠢᠶᠠᠨ ᠬᠡᠷᠡᠭᠯᠡᠬᠦ ᠠᠴᠠ ᠬᠢᠴᠢᠶᠡᠭᠡᠷᠡᠢ
ᠨᠡᠶᠢᠲᠡᠯᠡᠭᠰᠡᠨ ᠴᠠᠭ᠄
2023/12/7
      ᠨᠡᠶᠢᠲᠡ ᠶᠢᠨ WIFI ᠨᠢ ᠬᠡᠳᠦ᠋ᠢᠪᠡᠷ ᠬᠡᠷᠡᠭᠯᠡᠬᠦ ᠳᠤ ᠳᠥᠭᠦᠮ ᠪᠣᠯᠪᠠᠴᠤ ᠪᠠᠰᠠ ᠴᠥᠭᠡᠨ ᠪᠤᠰᠤ ᠠᠮᠤᠷ ᠲᠦᠪᠰᠢᠨ ᠤ ᠭᠡᠮ ᠰᠤᠭᠤᠭ ᠣᠷᠣᠰᠢᠵᠤ ᠪᠠᠶᠢᠬᠤ ᠪᠤᠯᠬᠤᠷ ᠬᠢᠴᠢᠶᠡᠬᠦ ᠦᠭᠡᠢ ᠪᠣᠯ ᠮᠡᠭᠡᠯᠡᠭᠴᠢ ᠶᠢᠨ ᠤᠷᠠᠬ᠎ᠠ ᠳᠤ ᠤᠨᠠᠨ᠎ᠠ᠃      ᠵᠠᠩ ᠬᠠᠲᠤᠭᠲᠠᠢ ᠳᠡᠯᠭᠡᠭᠦᠷ ᠲᠣᠭᠤᠷᠢᠵᠤ ᠪᠠᠶᠢᠬᠤ ᠳᠠᠭᠠᠨ ᠳᠡᠯᠭᠡᠭᠦᠷ ᠤᠨ ᠨᠢᠭᠡᠨ ᠨᠢᠭᠤᠴᠠ ᠨᠣᠮᠧᠷ ᠦᠭᠡᠶ WIFI ᠶᠢ ᠵᠠᠯᠭᠠᠭᠠᠳ ᠭᠠᠷ ᠤᠲᠠᠰᠤᠨ ᠪᠠᠩᠬᠢ ᠪᠠᠷ ᠲᠣᠭᠠᠴᠠᠭ᠎ᠠ ᠬᠢᠵᠦ᠂ ᠨᠢᠭᠡ ᠵᠠᠬ᠎ᠠ ᠬᠤᠪᠴᠠᠰᠤ ᠬᠤᠳᠠᠯᠳᠤᠨ ᠠᠪᠴᠠᠢ᠃ ᠳᠡᠮᠡᠢ ᠤᠳᠡᠭᠰᠠᠨ ᠦᠭᠡᠢ ᠵᠠᠩ ᠬᠠᠲᠤᠭᠲᠠᠢ ᠭᠠᠷ ᠤᠲᠠᠰᠤᠨ ᠤ ᠣᠬᠤᠷ ᠮᠡᠳᠡᠭᠡ ᠶᠢ ᠣᠯᠠᠨᠲᠠ ᠲᠤᠰᠪᠠ᠂ ᠲᠡᠷᠡ ᠣᠬᠤᠷ ᠮᠡᠳᠡᠭᠡ ᠶᠢᠨ ᠰᠠᠨᠠᠭᠤᠯᠤᠮᠵᠢ ᠶᠢ ᠦᠵᠡᠭᠰᠡᠨ ᠴᠢᠨᠢ ᠲᠡᠭᠦᠨ ᠤ ᠢᠲᠡᠭᠡᠮᠵᠢ ᠶᠢᠨ ᠺᠠᠷᠲ ᠠᠴᠠ ᠤᠷᠢᠳ ᠬᠤᠵᠢᠳ 9000 ᠭᠠᠷᠤᠢ ᠲᠥᠭᠦᠷᠢᠭ ᠬᠤᠯᠠᠭᠠᠶᠢᠯᠠᠨ ᠰᠢᠷᠪᠢᠭᠰᠡᠨ ᠢ ᠣᠯᠵᠤ ᠮᠡᠳᠡᠵᠡᠢ᠃      ᠯᠢ ᠠᠪᠤᠭᠠᠶ ᠭᠠᠷ ᠤᠲᠠᠰᠤ ᠪᠠᠨ ᠠᠦ᠋ᠲ᠋ᠣ᠋ ᠬᠠᠶᠢᠯᠲᠠ ᠪᠠᠷ WIFI ᠶᠢ ᠠᠶᠠᠨᠳᠠᠭᠠᠨ ᠬᠤᠯᠪᠣᠬᠤ ᠪᠤᠯᠭᠠᠨ ᠲᠤᠬᠢᠷᠠᠭᠤᠯᠪᠠ᠃ ᠨᠢᠭᠡᠨ ᠡᠳᠦᠷ ᠭᠠᠳᠠᠨ᠎ᠠ ᠬᠤᠭᠤᠯᠠ ᠢᠳᠡᠵᠦ ᠪᠠᠶᠢᠬᠤ ᠳᠤ ᠲᠡᠭᠦᠨ ᠤ ᠭᠠᠷ ᠤᠲᠠᠰᠤ ᠨᠢ ᠠᠦ᠋ᠲ᠋ᠣ᠋ ᠬᠠᠶᠢᠯᠲᠠ ᠪᠠᠷ ᠨᠢᠭᠤᠴᠠ ᠨᠣᠮᠧᠷ ᠦᠭᠡᠶ ᠪᠦᠬᠡᠳ ᠦᠨ᠎ᠡ ᠲᠥᠯᠥᠪᠦᠷᠢ ᠦᠭᠡᠢ WIFI ᠶᠢ ᠵᠠᠯᠭᠠᠬᠰᠠᠨ ᠪᠠᠶᠢᠯ᠎ᠠ᠃ ᠲᠣᠰ WIFI ᠶᠢ ᠬᠡᠷᠡᠭᠯᠡᠵᠦ ᠪᠠᠶᠢᠬᠤ ᠬᠤᠭᠤᠴᠠᠭᠠᠨ ᠳᠤ᠂ ᠯᠢ ᠠᠪᠤᠭᠠᠶ ᠥᠪᠡᠷ ᠤᠨ ᠭᠠᠷ ᠤᠲᠠᠰᠤᠨ ᠤ ᠰᠦᠯᠵᠢᠶᠡᠨ ᠪᠠᠩᠬᠢ ᠳᠡᠭᠡᠷ᠎ᠡ ᠭᠠᠷᠤᠭᠰᠠᠨ ᠪᠥᠭᠡᠳ ᠪᠠᠩᠭᠢ ᠶᠢᠨ ᠺᠠᠷᠲ ᠤᠨ ᠨᠣᠮᠧᠷ ᠵᠢᠴᠢ ᠨᠢᠭᠤᠴᠠ ᠨᠣᠮᠧᠷ ᠢᠶᠠᠨ ᠣᠷᠣᠭᠤᠯᠵᠤ ᠪᠠᠩᠭᠢ ᠶᠢᠨ ᠺᠠᠷᠲ ᠤᠨ ᠲᠠᠩᠰᠠᠨ ᠡᠷᠦᠬᠡ ᠶᠢᠨ ᠦᠯᠡᠳᠡᠪᠦᠷᠢ ᠵᠤᠭᠤᠰ ᠢᠶᠠᠨ ᠪᠠᠶᠢᠴᠠᠭᠠᠨ ᠯᠠᠪᠯᠠᠪᠠ᠃ ᠳᠠᠷᠠᠭ᠎ᠠ ᠡᠳᠦᠷ ᠨᠢ ᠲᠡᠷᠡ 3000 ᠲᠥᠭᠦᠷᠢᠭ ᠵᠠᠷᠤᠪᠠ ᠭᠡᠰᠡᠨ ᠭᠠᠷ ᠤᠲᠠᠰᠤᠨ ᠤ ᠣᠬᠤᠷ ᠮᠡᠳᠡᠭᠡ ᠪᠤᠯᠤᠨ  ᠪᠠᠩᠭᠢ ᠶᠢᠨ ᠺᠠᠷᠲ ᠠᠴᠠ ᠨᠢ ᠵᠤᠭᠤᠰ ᠰᠢᠯᠵᠢᠭᠦᠯᠦᠭᠰᠡᠨ ᠪᠠ ᠬᠡᠷᠡᠭᠯᠡᠭᠰᠡᠨ ᠣᠬᠤᠷ ᠮᠡᠳᠡᠭᠡ ᠶᠢ ᠤᠯᠵᠤ ᠲᠤᠰᠤᠬᠰᠠᠨ ᠪᠠᠶᠢᠨ᠎ᠠ᠃      ᠲᠡᠭᠡᠪᠡᠯ ᠪᠢᠳᠡ ᠡᠶᠢᠮᠦᠷᠬᠦᠦ ᠶᠠᠪᠤᠳᠠᠯ ᠢ ᠶᠠᠭᠠᠬᠢᠵᠦ ᠰᠡᠷᠭᠡᠶᠢᠯᠡᠬᠦ ᠪᠣᠢ︖      1. ᠢᠷᠡᠯ ᠭᠠᠷᠤᠯ ᠨᠢ ᠲᠣᠳᠣᠷᠬᠠᠶ ᠦᠭᠡᠶ WIFI ᠶᠢ ᠳᠤᠷ᠎ᠠ ᠪᠠᠷ ᠢᠶᠠᠨ ᠵᠠᠯᠭᠠᠵᠤ ᠪᠣᠯᠬᠤ ᠦᠭᠡᠶ᠂ ᠢᠯᠠᠩᠭᠤᠶ᠎ᠠ ᠦᠨ᠎ᠡ ᠲᠥᠯᠥᠪᠦᠷᠢ ᠦᠭᠡᠶ ᠪᠥᠭᠡᠳ ᠨᠢᠭᠤᠴᠠ ᠨᠣᠮᠧᠷ ᠴᠦ ᠬᠡᠷᠡᠭᠰᠡᠬᠦ ᠦᠭᠡᠶ WIFI ᠶᠢ ᠵᠠᠯᠭᠠᠬᠤ ᠦᠭᠡᠢ᠃      2. ᠨᠡᠶᠢᠲᠡ ᠶᠢᠨ WIFI ᠶᠢ ᠬᠡᠷᠡᠭᠯᠡᠬᠦ ᠦᠶ᠎ᠡ ᠳᠤ᠂ ᠬᠠᠮᠤᠭ ᠰᠠᠶᠢᠨ ᠨᠢ ᠬᠤᠳᠠᠯᠳᠤᠭᠠᠴᠢᠨ ᠠᠴᠠ WIFI ᠶᠢᠨ ᠪᠣᠳᠠᠲᠠᠶ ᠨᠡᠷᠡᠶᠢᠳᠦᠯ ᠢ ᠯᠠᠪᠯᠠᠨ ᠠᠰᠠᠭᠤᠵᠤ᠂ ᠰᠠᠨᠠᠮᠰᠠᠷ ᠥᠬᠡᠶ ᠪᠠᠷ ᠬᠠᠤᠯᠢ ᠪᠤᠰᠤ ᠡᠳᠡᠭᠡᠳ ᠤᠨ WIFI ᠲᠠᠢ ᠵᠠᠯᠭᠠᠵᠤ᠂ ᠵᠣᠭᠤᠰ ᠮᠥᠩᠭᠦᠨ ᠤ ᠬᠤᠬᠢᠷᠠᠯ ᠤᠴᠠᠷᠠᠬᠤ᠂ ᠨᠢᠭᠤᠴᠠ ᠨᠣᠮᠧᠷ᠂ ᠬᠡᠷ ᠪᠦᠯᠢ ᠶᠢᠨ ᠬᠠᠶ᠋ᠢᠭ ᠵᠡᠷᠭᠡ ᠬᠤᠪᠢ ᠶᠢᠨ ᠨᠢᠭᠤᠴᠠ ᠮᠡᠳᠡᠭᠡ ᠵᠠᠩᠭᠢ ᠶᠢ ᠵᠠᠳᠠᠷᠠᠭᠤᠯᠬᠤ ᠠᠴᠠ ᠵᠠᠶᠢᠯᠠᠰᠭᠢᠨ᠎ᠠ᠃      3. ᠨᠡᠶᠢᠲᠡ ᠶᠢᠨ WIFI ᠶᠢ ᠬᠡᠷᠡᠭᠯᠡᠬᠦ ᠳᠡᠭᠡᠨ ᠰᠦᠯᠵᠢᠶᠡᠨ ᠪᠠᠩᠬᠢ᠂ ᠰᠦᠯᠵᠢᠶᠡᠨ ᠳᠡᠭᠡᠷ᠎ᠡ ᠪᠠᠷᠠᠭ᠎ᠠ ᠬᠤᠳᠠᠯᠳᠤᠨ ᠠᠪᠬᠤ ᠲᠠᠩᠰᠠᠨ ᠨᠣᠮᠧᠷ ᠵᠡᠷᠭᠡ ᠠᠵᠢᠯᠯᠠᠭ᠎ᠠ ᠬᠢᠬᠦ ᠠᠴᠠ ᠵᠠᠶᠢᠯᠠᠰᠬᠢᠬᠤ ᠶᠢᠨ ᠬᠠᠮᠲᠤ᠂ ᠰᠦᠯᠵᠢᠶᠡᠨ ᠳᠤ ᠭᠠᠷᠬᠤ ᠳᠠᠳᠬᠠᠯ ᠢ ᠠᠩᠬᠠᠷᠤᠨ᠂ ᠭᠠᠷ ᠤᠲᠠᠰᠤ᠂ ᠺᠣᠮᠫᠢᠦ᠋ᠲ᠋ᠧᠷ ᠲᠤ ᠠᠮᠤᠷ ᠲᠦᠪᠰᠢᠨ ᠤ ᠰᠢᠷᠪᠢᠯᠳᠡ ᠬᠢᠬᠦ ᠬᠡᠷᠡᠭᠲᠡᠢ᠃      4. ᠭᠠᠷ ᠤᠲᠠᠰᠤ ᠶᠢᠨ ᠠᠦ᠋ᠲ᠋ᠣ᠋ ᠬᠠᠶᠢᠯᠲᠠ ᠪᠠᠷ WIFI ᠶᠢ ᠵᠠᠯᠭᠠᠬᠤ ᠴᠢᠳᠠᠮᠵᠢ ᠪᠠᠨ ᠬᠠᠭᠠᠵᠤ᠂ ᠰᠠᠨᠠᠮᠰᠠᠷ ᠥᠬᠡᠶ ᠪᠠᠷ ᠤᠷᠠᠬ᠎ᠠ ᠮᠡᠭᠡ ᠲᠠᠢ WIFI ᠶᠢ ᠵᠠᠯᠭᠠᠬᠤ ᠶᠢ ᠰᠡᠷᠭᠡᠶᠢᠯᠡᠨ᠎ᠠ᠂ ᠬᠡᠷᠪᠡ WIFI ᠵᠠᠯᠭᠠᠭᠠᠳ ᠵᠠᠷ ᠮᠡᠳᠡᠭᠡ ᠪᠤᠶᠤ ᠥᠯᠥ ᠮᠡᠳᠡᠬᠦ ᠰᠦᠯᠵᠢᠶᠠᠨ ᠬᠠᠶ᠋ᠢᠭ ᠢᠯᠡᠷᠡᠭᠰᠡᠨ ᠪᠠᠶᠢᠪᠠᠯ ᠪᠢᠲᠡᠭᠡᠶ ᠲᠣᠪᠴᠢᠳᠠᠭᠠᠷᠠᠶ᠃ 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠠ ᠮᠡᠳᠡᠭᠡ ᠶᠢᠨ ᠰᠦᠯᠵᠢᠶ᠎ᠠ