ᠪᠤᠳᠢᠮᠠ᠂ ᠡᠮᠡᠭᠳᠡᠢ᠂ ᠮᠤᠩᠭᠤᠯ ᠦᠨᠳᠦᠰᠦᠳᠡᠨ᠂ 1972 ᠤᠨ ᠤ 12 ᠰᠠᠷ᠎ᠠ ᠳᠤ ᠬᠠᠨᠭ᠍ᠭᠢᠨ ᠬᠤᠰᠢᠭᠤᠨ ᠤ ᠪᠠᠶ᠋ᠬᠠᠡᠭᠭᠡᠷ ᠰᠤᠮᠤᠨ ᠳᠤ ᠵᠤᠷᠢᠭᠳᠤ᠂ | ᠴᠤᠯᠮᠤᠨᠭᠡᠷᠡᠯ ᠤᠨ ᠤᠳᠬᠠᠨ ᠭᠡᠦᠭᠡᠨ ᠪᠤᠯᠤᠨ ᠵᠠᠶᠠᠭᠠᠵᠠᠢ᠃ ᠬᠠᠷᠠᠬᠠᠨ ᠪᠠᠭ᠎ᠠ ᠠᠴᠠ ᠪᠠᠨ ᠲᠠᠭᠤᠤ᠂ ᠪᠦᠵᠢᠭ᠂ ᠭᠦᠭᠵᠢᠮ ᠵᠡᠷᠭᠡ ᠤᠷᠠᠯᠢᠭ ᠳᠠᠭᠠᠨ ᠠᠪᠢᠶᠠᠰᠤᠯᠢᠭ | ᠪᠠᠶᠢᠵᠤ᠂ ᠨᠤᠳᠤᠭ ᠤᠰᠤᠨ ᠳᠠᠭᠠᠨ ᠮᠠᠭᠳᠠᠭᠠᠯ ᠰᠠᠶᠢᠰᠢᠶᠠᠯ ᠤᠯᠵᠤ ᠪᠠᠶᠢᠵᠠᠢ᠃ ᠶᠡᠭᠡ ᠰᠤᠷᠭᠠᠭᠤᠯᠢ ᠶᠢᠨ ᠵᠢᠩᠭᠢᠨᠢ ᠠᠩᠭᠢ ᠶᠢᠨ ᠰᠤᠷᠤᠯᠭ᠎ᠠ ᠶᠢᠨ ᠭᠡᠮᠵᠢᠶ᠎ᠡ ᠲᠠᠢ᠃ | 1980 ᠤᠨ ᠤ 9 ᠰᠠᠷ᠎ᠠ ᠠᠴᠠ ᠬᠠᠨᠭ᠍ᠭᠢᠨ ᠬᠤᠰᠢᠭᠤᠨ ᠤ ᠶᠡᠭᠡᠨ᠋ᠤᠰᠤ ᠰᠤᠮᠤᠨ ᠤ ᠮᠤᠩᠭᠤᠯ ᠰᠤᠷᠭᠠᠭᠤᠯᠢ ᠳᠤ ᠰᠤᠷᠤᠯᠴᠠᠭᠰᠠᠨ ᠪᠠᠶᠢᠨ᠎ᠠ᠃ 1989 ᠤᠨ | ᠤ 9 ᠰᠠᠷ᠎ᠠ ᠳᠤ ᠤᠳᠤᠭ ᠬᠤᠰᠢᠭᠤᠨ ᠤ ᠬᠠᠨᠭ᠍ᠭᠠᠨ ᠪᠤᠷᠤᠯᠠᠭᠤᠯᠬᠤ ᠬᠤᠷᠰᠢᠶᠠᠨ ᠳᠤ ᠠᠵᠢᠯᠯᠠᠵᠤ᠂ 1998 ᠤᠨ ᠳᠤ ᠬᠠᠨᠭ᠍ᠭᠠᠨ ᠪᠤᠷᠤᠯᠠᠭᠤᠯᠬᠤ ᠬᠤᠷᠰᠢᠶ᠎ᠠ ᠬᠤᠪᠢ | ᠶᠢᠨ ᠡᠵᠡᠩᠨᠡᠯᠳᠡ ᠪᠤᠯᠵᠤ ᠬᠤᠪᠢᠷᠠᠬᠤ ᠦᠶ᠎ᠡ ᠳᠤ ᠬᠤᠪᠢ ᠶᠢᠨ ᠠᠵᠤ ᠠᠬᠤᠢ ᠶᠢᠨ ᠴᠤᠭᠴᠠ ᠶᠢ ᠪᠠᠶᠢᠭᠤᠯᠤᠨ ᠭᠢᠭᠰᠡᠨ ᠪᠠᠶᠢᠨ᠎ᠠ᠃ | 2003 ᠤᠨ ᠠᠴᠠ 2005 ᠤᠨ ᠤ ᠰᠡᠭᠦᠯᠴᠢ ᠪᠤᠯᠳᠠᠯ᠎ᠠ ᠦᠪᠦᠷ ᠮᠤᠩᠭᠤᠯ ᠤᠨ ᠨᠠᠮ ᠤᠨ ᠰᠤᠷᠭᠠᠭᠤᠯᠢ ᠶᠢᠨ ᠵᠠᠭᠢᠳᠠᠯ ᠢᠶᠠᠷ ᠰᠤᠷᠤᠯᠴᠠᠬᠤ ᠠᠩᠭᠢ ᠪᠠᠷ | ᠠᠵᠤ ᠠᠬᠤᠢ ᠶᠢᠨ ᠬᠠᠮᠢᠶᠠᠷᠤᠯᠳᠠ ᠶᠢᠨ ᠲᠤᠰᠬᠠᠢ ᠮᠡᠷᠭᠡᠵᠢᠯ ᠢ ᠰᠤᠷᠤᠯᠴᠠᠵᠤ᠂ ᠶᠡᠭᠡ ᠰᠤᠷᠭᠠᠭᠤᠯᠢ ᠪᠠᠨ ᠠᠮᠵᠢᠯᠳᠠ ᠲᠠᠢ ᠲᠡᠭᠦᠰᠦᠭᠰᠡᠨ ᠪᠠᠶᠢᠨ᠎ᠠ᠃ | ᠠᠵᠤ ᠠᠮᠢᠳᠤᠷᠠᠯ᠂ ᠠᠵᠤ ᠠᠬᠤᠢ ᠪᠠᠨ ᠪᠤᠰᠬᠠᠬᠤ ᠶᠠᠪᠤᠴᠠ ᠳᠠᠭᠠᠨ ᠠᠷᠠᠳ ᠤᠨ ᠤᠷᠠᠯᠢᠭ ᠢ ᠶᠡᠭᠡ ᠪᠢᠰᠢᠷᠡᠨ ᠭᠦᠨᠳᠦᠳᠭᠡᠵᠤ᠂ ᠠᠷᠪᠠᠨ ᠤᠳᠠᠰᠤᠳᠤ | ᠮᠤᠩᠭᠤᠯ ᠶᠠᠳᠤᠭ᠎ᠠ ᠪᠤᠯᠤᠨ ᠠᠷᠪᠠᠨ ᠬᠤᠶᠠᠷ ᠤᠳᠠᠰᠤᠳᠤ ᠮᠤᠩᠭᠤᠯ ᠶᠠᠳᠤᠭ᠎ᠠ ᠶᠢ ᠤᠯᠠᠮᠵᠢᠯᠠᠨ ᠬᠠᠮᠠᠭᠠᠯᠠᠬᠤ ᠪᠠᠷ ᠵᠤᠷᠢᠯᠳᠠ ᠪᠠᠨ ᠪᠤᠯᠭᠠᠭᠰᠠᠨ ᠪᠠᠶᠢᠨ᠎ᠠ᠃ | ᠲᠡᠷᠨ ᠠᠵᠢᠯ ᠤᠨ ᠴᠢᠯᠦᠭᠡᠨ ᠳᠡᠭᠡᠨ ᠠᠬᠠᠮᠠᠳ ᠠᠷᠠᠳ ᠤᠨ ᠤᠷᠠᠯᠢᠭᠴᠢᠳ ᠠᠴᠠ ᠶᠠᠳᠤᠭ᠎ᠠ ᠶᠢᠨ ᠲᠤᠬᠠᠢ ᠤᠯᠠᠨ ᠮᠡᠷᠭᠡᠵᠢᠯ ᠢ ᠰᠤᠷᠤᠯᠴᠠᠨ ᠤᠯᠠᠮᠵᠢᠯᠠᠵᠤ᠂ | ᠮᠤᠩᠭᠤᠯ ᠶᠠᠳᠤᠭᠠᠨ ᠤ ᠰᠤᠶᠤᠯ ᠤᠨ ᠤᠯᠠᠮᠵᠢᠯᠠᠯ ᠳᠤ ᠵᠤᠭᠢᠬᠤ ᠬᠤᠪᠢ ᠨᠡᠮᠡᠭᠦᠷᠢ ᠪᠠᠨ ᠦᠵᠡᠭᠦᠯᠦᠭᠰᠡᠨ ᠪᠠᠶᠢᠨ᠎ᠠ᠃ | ᠤᠳᠤ ᠦᠪᠦᠷ ᠮᠤᠩᠭᠤᠯ ᠤᠨ ᠲᠤᠯᠤᠢ ᠡᠵᠡᠨ ᠤ ᠰᠤᠶᠤᠯ ᠵᠢᠭᠤᠯᠴᠢᠯᠠᠯ ᠤᠨ ᠭᠢᠵᠠᠭᠠᠷᠳᠤ ᠬᠠᠷᠢᠭᠤᠴᠠᠯᠭᠠᠳᠤ ᠺᠤᠮᠫᠠᠨᠢ ᠳᠤ ᠵᠠᠭᠢᠷᠤᠯ ᠢᠶᠠᠷ ᠠᠵᠢᠯᠯᠠᠵᠤ ᠪᠤᠢ᠃ | | | | ︽ᠤᠲᠤᠭ ᠬᠤᠰᠢᠭᠤᠨ ᠤ ᠮᠤᠩᠭᠤᠯ ᠦᠨᠳᠦᠰᠦᠲᠡᠨ ᠤ ᠪᠤᠳᠠᠰ ᠤᠨ ᠪᠤᠰᠤ ᠰᠤᠶᠤᠯ ᠤᠨ ᠥᠪ︾ ᠪᠠᠢ ᠭᠡᠷᠡᠯᠲᠦ | ᠭᠤᠤᠯᠯᠠᠨ ᠨᠠᠶᠢᠷᠠᠭᠤᠯᠪᠠ ︵ᠤᠲᠤᠭ ᠬᠤᠰᠢᠭᠤᠨ ᠤ ᠤᠯᠤᠰ ᠲᠦᠷᠦ ᠶᠢᠨ ᠵᠥᠪᠯᠡᠯᠭᠡᠨ︶ |