ᠣᠲᠤᠭ ᠬᠤᠰᠢᠭᠤᠨ ᠤ ᠨᠣᠴᠣᠭᠠᠨ᠎ᠠ ᠶᠢᠨ ᠡᠬᠢ ᠪᠠᠶᠠᠯᠢᠭ ᠤᠨ ᠬᠠᠮᠠᠭᠠᠯᠠᠯᠲᠠ ᠳᠤ ᠣᠷᠣᠰᠢᠵᠤ ᠪᠠᠶᠢᠭ᠎ᠠ ᠠᠰᠠᠭᠤᠳᠠᠯ ᠢ ᠴᠡᠭᠴᠡᠯᠡᠬᠦ ᠲᠥᠰᠥᠯ ᠵᠡᠷᠭᠡ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠬᠤ ᠲᠤᠬᠠᠢ ᠣᠳᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2023/2/23
                  ᠣᠳᠤᠭ ᠵᠠᠰᠠᠭ ᠠᠯᠪᠠᠨ ᠲᠠᠷᠬᠠᠭᠠᠭᠰᠠᠨ ﹇2022﹈ 11 ᠳ᠋ᠦ᠋ᠭᠡᠷ ᠲᠣᠭᠠᠲᠤ            ᠣᠲᠤᠭ ᠬᠤᠰᠢᠭᠤᠨ ᠤ ᠨᠣᠴᠣᠭᠠᠨ᠎ᠠ ᠶᠢᠨ ᠡᠬᠢ ᠪᠠᠶᠠᠯᠢᠭ ᠤᠨ ᠬᠠᠮᠠᠭᠠᠯᠠᠯᠲᠠ ᠳᠤ ᠣᠷᠣᠰᠢᠵᠤ ᠪᠠᠶᠢᠭ᠎ᠠ             ᠠᠰᠠᠭᠤᠳᠠᠯ ᠢ ᠴᠡᠭᠴᠡᠯᠡᠬᠦ ᠲᠥᠰᠥᠯ ᠵᠡᠷᠭᠡ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠬᠤ ᠲᠤᠬᠠᠢ             ᠣᠳᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ ᠬᠠᠮᠢᠶ᠎ᠠ ᠪᠦᠬᠦᠢ ᠪᠠᠶᠢᠭᠤᠯᠭ᠎ᠠ ᠳᠤ᠄      ᠡᠳᠦᠭᠡ ︽ᠣᠲᠤᠭ ᠬᠤᠰᠢᠭᠤᠨ ᠤ ᠨᠣᠴᠣᠭᠠᠨ᠎ᠠ ᠶᠢᠨ ᠡᠬᠢ ᠪᠠᠶᠠᠯᠢᠭ ᠤᠨ ᠬᠠᠮᠠᠭᠠᠯᠠᠯᠲᠠ ᠳᠤ ᠣᠷᠣᠰᠢᠵᠤ ᠪᠠᠶᠢᠭ᠎ᠠ ᠠᠰᠠᠭᠤᠳᠠᠯ ᠢ ᠴᠡᠭᠴᠡᠯᠡᠬᠦ ᠲᠥᠰᠥᠯ︾ ᠵᠡᠷᠭᠡ ᠪᠢᠴᠢᠭ ᠮᠠᠲ᠋ᠧᠷᠢᠶᠠᠯ ᠢ ᠲᠠ ᠨᠠᠷ ᠲᠤ ᠳᠠᠷᠤᠮᠠᠯᠯᠠᠨ ᠲᠠᠷᠬᠠᠭᠠᠯ᠎ᠠ᠂ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠢ᠃                                      ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                      2022 ᠣᠨ ᠤ 2 ᠳ᠋ᠤᠭᠠᠷ ᠰᠠᠷ᠎ᠠ ᠶᠢᠨ 23 ᠤ ᠡᠳᠦᠷ                     ᠣᠲᠤᠭ ᠬᠤᠰᠢᠭᠤᠨ ᠤ ᠨᠣᠴᠣᠭᠠᠨ᠎ᠠ ᠶᠢᠨ ᠡᠬᠢ ᠪᠠᠶᠠᠯᠢᠭ ᠤᠨ ᠬᠠᠮᠠᠭᠠᠯᠠᠯᠲᠠ ᠳᠤ ᠣᠷᠣᠰᠢᠵᠤ ᠪᠠᠶᠢᠭ᠎ᠠ ᠠᠰᠠᠭᠤᠳᠠᠯ ᠢ ᠴᠡᠭᠴᠡᠯᠡᠬᠦ ᠲᠥᠰᠥᠯ      ︽︿ᠣᠷᠳᠣᠰ ᠬᠤᠲᠠ ᠶᠢᠨ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠬᠠᠷᠢᠭᠤ ᠰᠤᠷᠪᠤᠯᠵᠢᠯᠠᠭ᠎ᠠ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ﹀ ᠳᠤ ᠲᠤᠰᠬᠠᠭᠰᠠᠨ ᠠᠰᠠᠭᠤᠳᠠᠯ ᠢ ᠴᠡᠭᠴᠡᠯᠡᠬᠦ ᠲᠥᠰᠦᠯ ᠢ ᠳᠠᠷᠤᠮᠠᠯᠯᠠᠨ ᠲᠠᠷᠬᠠᠭᠠᠬᠤ ᠲᠤᠬᠠᠶ ᠣᠷᠳᠣᠰ ᠬᠤᠲᠠ ᠶᠢᠨ ᠨᠠᠮ ᠤᠨ ᠬᠤᠷᠢᠶᠠᠨ ᠤ ᠠᠯᠪᠠᠨ ᠲᠢᠩᠬᠢᠮ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠣᠷᠳᠣᠰ ᠨᠠᠮ ᠠᠯᠪᠠᠨ ᠲᠠᠷᠬᠠᠭᠠᠭᠰᠠᠨ ᠴᠠᠬᠢᠯᠭᠠᠨ︶ ﹇2021﹈ 29 ᠳ᠋ᠦ᠋ᠭᠡᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠮᠠᠨ ᠤ ᠬᠤᠰᠢᠭᠤᠨ ᠤ ᠨᠣᠴᠣᠭᠠᠨ᠎ᠠ ᠶᠢᠨ ᠬᠠᠮᠠᠭᠠᠯᠠᠯᠲᠠ ᠵᠢᠴᠢ ᠲᠠᠷᠬᠠᠯᠲᠠ ᠶᠢᠨ ᠣᠷᠣᠨ ᠳᠣᠲᠣᠷᠠᠬᠢ ᠲᠠᠷᠢᠶᠠᠨ ᠭᠠᠵᠠᠷ ᠤᠨ ᠠᠰᠠᠭᠤᠳᠠᠯ ᠢ ᠴᠡᠭᠴᠡᠯᠡᠬᠦ ᠠᠵᠢᠯ ᠢ ᠲᠦᠷᠭᠡᠳᠬᠡᠬᠦ ᠶᠢᠨ ᠲᠤᠰᠠᠳᠠ᠂ ᠣᠨᠴᠠᠭᠠᠶᠢᠯᠠᠨ ᠲᠣᠰ ᠲᠥᠰᠦᠯ ᠢ ᠲᠣᠭᠲᠠᠭᠠᠪᠠ᠃      ᠨᠢᠭᠡ᠂ ᠦᠨᠳᠦᠰᠦᠨ ᠪᠠᠶᠢᠳᠠᠯ      ︵ᠨᠢᠭᠡ︶ ᠨᠣᠴᠣᠭᠠᠨ᠎ᠠ ᠶᠢᠨ ᠲᠠᠷᠬᠠᠯᠲᠠ ᠶᠢᠨ ᠪᠠᠶᠢᠳᠠᠯ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠣᠴᠣᠭᠠᠨ᠎ᠠ ᠶᠢᠨ ᠡᠬᠢ ᠪᠠᠶᠠᠯᠢᠭ  ᠤᠨ ᠨᠡᠶᠢᠳᠡᠮ ᠪᠠᠶᠢᠴᠠᠭᠠᠯᠲᠠ ᠶᠢᠨ ᠮᠡᠳᠡᠭᠦᠯᠦᠯᠲᠡ︾ ᠶᠢᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠮᠠᠨ ᠤ ᠬᠤᠰᠢᠭᠤᠨ ᠤ ᠬᠢᠯᠢ ᠳᠣᠲᠣᠷᠠᠬᠢ ᠨᠣᠴᠣᠭᠠᠨ᠎ᠠ ᠶᠢᠨ ᠲᠠᠷᠬᠠᠯᠲᠠ ᠶᠢᠨ ᠶᠡᠷᠦᠩᠬᠡᠶ ᠲᠠᠯᠠᠪᠠᠶ ᠨᠢ 73010.3883 ᠾᠧᠺᠲ᠋ᠠᠷ ︵109.52 ᠲᠦᠮᠡᠨ ᠮᠥ︶ ᠪᠠᠶᠢᠵᠤ᠂ ᠪᠦᠬᠦᠨ ᠢᠶᠠᠷ ᠢᠶᠠᠨ ᠮᠧᠩ ᠰᠢ ᠪᠠᠯᠭᠠᠰᠤᠨ ᠳᠤ ᠪᠠᠶᠢᠨ᠎ᠠ᠃ ᠡᠭᠦᠨ ᠳᠤ ᠬᠠᠮᠠᠭᠠᠯᠠᠯᠲᠠ ᠶᠢᠨ ᠣᠷᠣᠨ ᠳᠣᠲᠣᠷᠠᠬᠢ ᠲᠠᠯᠠᠪᠠᠶ ᠨᠢ 60431. 7673 ᠾᠧᠺᠲ᠋ᠠᠷ ︵90.65 ᠲᠦᠮᠡᠨ ᠮᠥ︶ ᠪᠠᠶᠢᠵᠤ᠂ ᠭᠤᠤᠯᠳᠠᠭᠤ ᠮᠧᠩ ᠰᠢ ᠪᠠᠯᠭᠠᠰᠤᠨ ᠤ ᠶᠡᠬᠡᠪᠤᠯᠠᠭ ᠭᠠᠴᠠᠭ᠎ᠠ᠂ ᠪᠠᠶᠠᠨ᠋ᠦ᠌ᠨᠳᠦᠷ ᠭᠠᠴᠠᠭ᠎ᠠ ᠳᠤ ᠲᠠᠷᠬᠠᠵᠤ ᠪᠣᠶ︔ ᠬᠠᠮᠠᠭᠠᠯᠠᠯᠲᠠ ᠶᠢᠨ ᠣᠷᠣᠨ ᠤ ᠭᠠᠳᠠᠨᠠᠬᠢ ᠲᠠᠯᠠᠪᠠᠶ ᠨᠢ 12578.6210 ᠾᠧᠺᠲ᠋ᠠᠷ ︵18.87 ᠲᠦᠮᠡᠨ ᠮᠥ︶ ᠪᠠᠶᠢᠵᠤ᠂ ᠭᠤᠤᠯᠳᠠᠭᠤ ᠶᠡᠬᠡᠪᠤᠯᠠᠭ ᠭᠠᠴᠠᠭ᠎ᠠ᠂ ᠰᠤᠪᠠᠭ ᠤᠨ ᠬᠥᠪᠡᠭᠡ ᠲᠣᠰᠬᠤᠨ᠂ ᠵᠢᠶᠠᠨᠬᠦ᠋ᠢ ᠲᠣᠰᠬᠤᠨ᠂ ᠮᠠᠯᠵᠢᠯ ᠤᠨ ᠲᠠᠯᠠᠪᠠᠢ ᠲᠣᠰᠬᠤᠨ᠂ ᠰᠢᠨ ᠮᠢᠨ ᠲᠣᠰᠬᠤᠨ ᠪᠠ ᠪᠠᠶᠠᠨ᠋ᠦ᠌ᠨᠳᠦᠷ ᠭᠠᠴᠠᠭ᠎ᠠ ᠪᠠᠷ ᠲᠠᠷᠬᠠᠵᠤ ᠪᠣᠢ᠃      ︵ᠬᠤᠶᠠᠷ︶ ᠨᠣᠴᠣᠭᠠᠨ᠎ᠠ ᠶᠢᠨ ᠲᠠᠷᠬᠠᠯᠲᠠ ᠶᠢᠨ ᠣᠷᠣᠨ ᠳᠠᠬᠢ ᠲᠠᠷᠢᠶᠠᠨ ᠭᠠᠵᠠᠷ ᠤᠨ ᠪᠠᠶᠢᠳᠠᠯ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ  ᠤ ᠨᠣᠴᠣᠭᠠᠨ᠎ᠠ ᠶᠢᠨ ᠡᠬᠢ ᠪᠠᠶᠠᠯᠢᠭ ᠤᠨ ᠨᠡᠶᠢᠳᠡᠮ ᠪᠠᠶᠢᠴᠠᠭᠠᠯᠲᠠ ᠶᠢᠨ ᠮᠡᠳᠡᠭᠦᠯᠦᠯᠲᠡ︾ ᠶᠢᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠮᠠᠨ ᠤ ᠬᠤᠰᠢᠭᠤᠨ  ᠤ ᠨᠣᠴᠣᠭᠠᠨ᠎ᠠ ᠶᠢᠨ ᠲᠠᠷᠬᠠᠯᠲᠠ ᠶᠢᠨ ᠣᠷᠣᠨ ᠳᠣᠲᠣᠷ᠎ᠠ 143.7893 ᠾᠧᠺᠲ᠋ᠠᠷ ︵2156.8 ᠮᠥ︶ ᠲᠠᠯᠠᠪᠠᠢ ᠲᠠᠢ ᠲᠠᠷᠢᠶᠠᠨ ᠭᠠᠵᠠᠷ ᠤᠨ 26 ᠵᠢᠷᠤᠭ ᠪᠠᠶᠢᠨ᠎ᠠ᠃ ᠡᠭᠦᠨ ᠳᠤ ᠬᠠᠮᠠᠭᠠᠯᠠᠯᠲᠠ ᠶᠢᠨ ᠣᠷᠣᠨ ᠳᠣᠲᠣᠷ᠎ᠠ 106.0526 ᠾᠧᠺᠲ᠋ᠠᠷ ︵1590.8 ᠮᠥ︶ ᠲᠠᠯᠠᠪᠠᠢ ᠲᠠᠢ 14 ᠵᠢᠷᠤᠭ ᠪᠠᠶᠢᠵᠦ᠂ ᠬᠠᠮᠠᠭᠠᠯᠠᠯᠲᠠ ᠶᠢᠨ ᠣᠷᠣᠨ ᠤ ᠭᠠᠳᠠᠨ᠎ᠠ 37.7367 ᠾᠧᠺᠲ᠋ᠠᠷ ︵566 ᠮᠦ︶ ᠲᠠᠯᠠᠪᠠᠢ ᠲᠠᠢ 12 ᠵᠢᠷᠤᠭ ᠪᠣᠢ᠃      ᠬᠤᠶᠠᠷ᠂ ᠴᠡᠭᠴᠡᠯᠡᠬᠦ ᠠᠷᠭ᠎ᠠ ᠪᠠᠷᠢᠯ      ︵ᠨᠢᠭᠡ︶ ᠨᠣᠴᠣᠭᠠᠨ᠎ᠠ ᠶᠢᠨ ᠲᠠᠷᠬᠠᠯᠲᠠ ᠶᠢᠨ ᠣᠷᠣᠨ ᠳᠣᠲᠣᠷᠠᠬᠢ ᠲᠠᠷᠢᠶᠠᠨ ᠭᠠᠵᠠᠷ ᠢ ᠬᠠᠷᠭᠤᠭᠤᠯᠤᠨ ᠪᠠᠶᠢᠴᠠᠭᠠᠨ᠎ᠠ᠃ᠨᠢᠭᠡ ᠳᠤ ᠮᠧᠩ ᠰᠢ ᠪᠠᠯᠭᠠᠰᠤᠨ ᠤ ᠵᠠᠰᠠᠭ ᠤᠨ ᠣᠷᠳᠣᠨ 2 ᠰᠠᠷ᠎ᠠ ᠶᠢᠨ 25 ᠤ ᠡᠳᠦᠷ ᠠᠴᠠ ᠡᠮᠦᠨ᠎ᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ  ᠤ ᠨᠣᠴᠣᠭᠠᠨ᠎ᠠ ᠶᠢᠨ ᠡᠬᠢ ᠪᠠᠶᠠᠯᠢᠭ ᠤᠨ ᠨᠡᠶᠢᠳᠡᠮ ᠪᠠᠶᠢᠴᠠᠭᠠᠯᠲᠠ ᠶᠢᠨ ᠮᠡᠳᠡᠭᠦᠯᠦᠯᠲᠡ︾ ᠳᠤ ᠢᠯᠡᠷᠡᠭᠦᠯᠦᠭᠰᠡᠨ ᠮᠠᠨ ᠤ ᠬᠤᠰᠢᠭᠤᠨ ᠤ ᠨᠣᠴᠣᠭᠠᠨ᠎ᠠ ᠶᠢᠨ ᠲᠠᠷᠬᠠᠯᠲᠠ ᠶᠢᠨ ᠣᠷᠣᠨ ᠳᠣᠲᠣᠷᠠᠬᠢ ᠲᠠᠷᠢᠶᠠᠨ ᠭᠠᠵᠠᠷ ᠢ ᠬᠠᠷᠭᠤᠭᠤᠯᠤᠨ ᠪᠠᠶᠢᠴᠠᠭᠠᠵᠤ᠂ ᠣᠷᠣᠨ ᠪᠠᠶᠢᠷᠢ᠂ ᠠᠲᠠᠷ ᠬᠠᠭᠠᠯᠪᠤᠷᠢᠯᠠᠬᠤ ᠬᠠᠷᠢᠭᠤᠴᠠᠯᠭᠠᠲᠠᠨ᠂ ᠠᠲᠠᠷ ᠬᠠᠭᠠᠯᠪᠤᠷᠢᠯᠠᠭᠰᠠᠨ ᠴᠠᠭ᠂ ᠲᠠᠯᠠᠪᠠᠶ᠂ ᠲᠠᠷᠢᠶᠠᠯᠠᠭ᠎ᠠ ᠶᠢᠨ ᠪᠠᠶᠢᠳᠠᠯ᠂ ᠬᠢᠨᠠᠨ ᠵᠥᠪᠰᠢᠶᠡᠷᠡᠬᠦ ᠭᠠᠷ ᠭᠦᠶᠴᠡᠳᠬᠡᠯ ᠵᠡᠷᠭᠡ ᠦᠨᠳᠦᠰᠦᠨ ᠪᠠᠶᠢᠳᠠᠯ ᠢ ᠭᠤᠤᠯᠳᠠᠯᠭ᠎ᠠ ᠲᠠᠢ ᠬᠠᠷᠭᠤᠭᠤᠯᠤᠨ ᠪᠠᠶᠢᠴᠠᠭᠠᠨ᠎ᠠ︔ ᠬᠤᠶᠠᠷ ᠲᠤ ᠮᠧᠩ ᠰᠢ ᠪᠠᠯᠭᠠᠰᠤᠨ ᠤ ᠵᠠᠰᠠᠭ ᠤᠨ ᠣᠷᠳᠣᠨ 2 ᠰᠠᠷ᠎ᠠ ᠶᠢᠨ 27 ᠤ ᠡᠳᠦᠷ ᠠᠴᠠ ᠡᠮᠦᠨ᠎ᠡ ᠵᠠᠳᠠᠯᠤᠯᠲᠠ ᠬᠢᠵᠦ ᠰᠤᠳᠤᠯᠤᠨ ᠮᠠᠭᠠᠳᠯᠠᠵᠤ᠂ ᠲᠠᠷᠢᠶᠠᠨ ᠭᠠᠵᠠᠷ ᠤᠨ ᠬᠠᠤᠯᠢ ᠶᠣᠰᠣᠨ ᠤ ᠴᠢᠨᠠᠷ ᠢ ᠨᠢᠭᠡ ᠨᠢᠭᠡ ᠭᠠᠵᠠᠷ ᠢᠶᠠᠷ ᠵᠦᠢ ᠵᠣᠬᠢᠰᠲᠠᠶ ᠮᠠᠭᠠᠳᠯᠠᠨ ᠲᠣᠭᠲᠠᠭᠠᠵᠤ᠂ ᠬᠠᠤᠯᠢ ᠶᠣᠰᠣᠨ ᠤ ᠲᠠᠷᠢᠶᠠᠨ ᠭᠠᠵᠠᠷ ᠪᠠ ᠬᠠᠤᠯᠢ ᠲᠣᠭᠲᠠᠭᠠᠯ ᠵᠥᠷᠢᠴᠡᠭᠰᠡᠨ ᠲᠠᠷᠢᠶᠠᠨ ᠭᠠᠵᠠᠷ ᠢ ᠢᠯᠭᠠᠬᠤ ᠶᠢᠨ ᠬᠠᠮᠲᠤ ᠡᠬᠡ ᠲᠠᠩᠰᠠ ᠪᠠᠶᠢᠭᠤᠯᠤᠨ᠎ᠠ︔ ᠭᠤᠷᠪᠠ ᠳᠤ ᠮᠧᠩ ᠰᠢ ᠪᠠᠯᠭᠠᠰᠤᠨ ᠤ ᠵᠠᠰᠠᠭ ᠤᠨ ᠣᠷᠳᠣᠨ 2 ᠰᠠᠷ᠎ᠠ ᠶᠢᠨ 28 ᠤ ᠡᠳᠦᠷ ᠠᠴᠠ ᠡᠮᠦᠨ᠎ᠡ ᠬᠤᠯᠪᠣᠭᠳᠠᠯ ᠪᠥᠬᠦᠶ ᠭᠡᠷᠡᠴᠢ ᠮᠠᠲ᠋ᠧᠷᠢᠶᠠᠯ ᠢ ᠳᠡᠪᠲᠡᠷᠯᠡᠭᠡᠳ ᠬᠤᠰᠢᠭᠤᠨ ᠤ ᠵᠠᠰᠠᠭ ᠤᠨ ᠣᠷᠳᠣᠨ ᠳᠤ ᠮᠡᠳᠡᠭᠦᠯᠦᠨ᠎ᠡ᠃ ᠬᠠᠮᠠᠭᠠᠯᠠᠯᠲᠠ ᠶᠢᠨ ᠣᠷᠣᠨ ᠳᠠᠬᠢ ᠬᠠᠮᠠᠭᠠᠯᠠᠯᠲᠠ ᠶᠢᠨ ᠣᠷᠣᠨ ᠪᠠᠶᠢᠭᠤᠯᠤᠭᠳᠠᠬᠤ ᠠᠴᠠ ᠡᠮᠦᠨ᠎ᠡ ᠪᠠᠶᠢᠭᠰᠠᠨ ᠲᠠᠷᠢᠶᠠᠨ ᠭᠠᠵᠠᠷ᠂ ᠬᠠᠮᠠᠭᠠᠯᠠᠯᠲᠠ ᠶᠢᠨ ᠣᠷᠣᠨ ᠤ ᠭᠠᠳᠠᠨᠠᠬᠢ ᠬᠠᠤᠯᠢ ᠶᠣᠰᠣᠨ ᠤ ᠬᠢᠨᠠᠨ ᠵᠥᠪᠰᠢᠶᠡᠷᠡᠭᠦᠯᠬᠦ ᠭᠠᠷ ᠭᠦᠢᠴᠡᠳᠬᠡᠯ ᠬᠢᠯᠭᠡᠭᠰᠡᠨ ᠲᠠᠷᠢᠶᠠᠨ ᠭᠠᠵᠠᠷ ᠢ ᠬᠠᠤᠯᠢ ᠶᠣᠰᠣᠨ ᠤ ᠲᠠᠷᠢᠶᠠᠨ ᠭᠠᠵᠠᠷ ᠢᠶᠠᠷ ᠮᠠᠭᠠᠳᠯᠠᠨ ᠲᠣᠭᠲᠠᠭᠠᠵᠤ ᠪᠣᠯᠤᠨ᠎ᠠ᠃      ᠲᠦᠷᠦᠭᠦᠯᠡᠨ ᠬᠢᠬᠦ ᠨᠢᠭᠡᠴᠢ᠄ ᠮᠧᠩ ᠰᠢ ᠪᠠᠯᠭᠠᠰᠤ       ᠬᠠᠮᠵᠢᠯᠴᠠᠬᠤ ᠨᠢᠭᠡᠴᠢ᠄ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠣᠪᠴᠢᠶ᠎ᠠ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠪᠠᠷᠠᠭᠤᠨ ᠣᠷᠳᠣᠰ ᠤᠨ ᠤᠯᠤᠰ ᠤᠨ ᠲᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶ᠎ᠠ      ᠪᠡᠶᠡᠯᠡᠭᠦᠯᠬᠦ ᠴᠠᠭ ᠤᠨ ᠬᠢᠵᠠᠭᠠᠷᠯᠠᠯ᠄ 2022 ᠣᠨ ᠤ 2 ᠳ᠋ᠤᠭᠠᠷ ᠰᠠᠷ᠎ᠠ ᠶᠢᠨ 28 ᠤ ᠡᠳᠦᠷ      ︵ᠬᠤᠶᠠᠷ︶ ᠨᠣᠴᠣᠭᠠᠨ᠎ᠠ ᠶᠢᠨ ᠲᠠᠷᠬᠠᠯᠲᠠ ᠶᠢᠨ ᠣᠷᠣᠨ ᠳᠣᠲᠣᠷᠠᠬᠢ ᠲᠠᠷᠢᠶᠠᠨ ᠭᠠᠵᠠᠷ ᠢ ᠴᠡᠭᠴᠡᠯᠡᠨ᠎ᠡ      ᠨᠣᠴᠣᠭᠠᠨ᠎ᠠ ᠶᠢᠨ ᠲᠠᠷᠬᠠᠯᠲᠠ ᠶᠢᠨ ᠣᠷᠣᠨ ᠳᠣᠲᠣᠷᠠᠬᠢ ᠲᠠᠷᠢᠶᠠᠨ ᠭᠠᠵᠠᠷ ᠢ ᠵᠠᠷᠴᠢᠮ ᠳᠡᠭᠡᠷ᠎ᠡ ᠪᠠᠨ ᠪᠦᠬᠦᠨ ᠢ ᠲᠠᠷᠢᠶᠠᠯᠠᠬᠤ ᠶᠢ ᠨᠢ ᠵᠣᠭᠰᠣᠭᠠᠵᠤ᠂ ᠬᠠᠷᠭᠤᠭᠤᠯᠤᠨ ᠪᠠᠶᠢᠴᠠᠭᠠᠭᠰᠠᠨ ᠦᠷ᠎ᠡ ᠳ᠋ᠦᠩ ᠳᠤ ᠦᠨᠳᠦᠰᠦᠯᠡᠨ ᠲᠥᠷᠥᠯ ᠬᠤᠪᠢᠶᠠᠵᠤ ᠰᠢᠢᠳᠪᠦᠷᠢᠯᠡᠨ᠎ᠡ᠃ ᠨᠢᠭᠡ ᠳᠤ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠣᠪᠴᠢᠶ᠎ᠠ 2 ᠰᠠᠷ᠎ᠠ ᠶᠢᠨ 28 ᠤ ᠡᠳᠦᠷ ᠠᠴᠠ ᠡᠮᠦᠨ᠎ᠡ ᠬᠠᠮᠠᠭᠠᠯᠠᠯᠲᠠ ᠶᠢᠨ ᠣᠷᠣᠨ ᠤ ᠨᠣᠴᠣᠭᠠᠨ᠎ᠠ ᠤᠷᠭᠤᠬᠤ ᠣᠷᠣᠨ ᠳᠣᠲᠣᠷᠠᠬᠢ ᠭᠠᠵᠠᠷ ᠨᠡᠭᠡᠭᠡᠵᠦ ᠳᠠᠷᠢᠬᠤ ᠭᠡᠷᠡᠴᠢ ᠪᠠ ᠦᠨᠡᠮᠯᠡᠯ ᠢ ᠬᠦᠴᠦᠨ ᠥᠬᠡᠶ ᠪᠣᠯᠭᠠᠨ᠎ᠠ᠃ ᠬᠤᠶᠠᠷ ᠲᠤ ᠬᠠᠤᠯᠢ ᠶᠣᠰᠣᠨ ᠤ ᠲᠠᠷᠢᠶᠠᠨ ᠭᠠᠵᠠᠷ ᠢᠶᠠᠷ ᠮᠠᠭᠠᠳᠯᠠᠨ ᠲᠣᠭᠲᠠᠭᠠᠭᠰᠠᠨ ᠪᠣᠯ᠂ ᠮᠧᠩ ᠰᠢ ᠪᠠᠯᠭᠠᠰᠤᠨ ᠤ ᠵᠠᠰᠠᠭ ᠤᠨ ᠣᠷᠳᠣᠨ 2 ᠰᠠᠷ᠎ᠠ ᠶᠢᠨ 28 ᠤ ᠡᠳᠦᠷ ᠠᠴᠠ ᠡᠮᠦᠨ᠎ᠡ ᠮᠠᠯᠴᠢᠨ ᠲᠠᠷᠢᠶᠠᠴᠢᠨ ᠤ ᠠᠰᠢᠭ ᠲᠤᠰᠠ ᠶᠢ ᠠᠯᠢ ᠴᠢᠳᠠᠬᠤ ᠪᠠᠷ ᠬᠤᠬᠢᠷᠠᠭᠤᠯᠬᠤ ᠦᠭᠡᠢ ᠪᠠᠶᠢᠬᠤ ᠪᠠ ᠮᠠᠯᠴᠢᠨ ᠲᠠᠷᠢᠶᠠᠴᠢᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠭᠰᠠᠨ ᠰᠠᠭᠤᠷᠢᠨ ᠳᠡᠭᠡᠷ᠎ᠡ᠂ ᠲᠠᠷᠢᠶᠠᠯᠠᠬᠤ ᠶᠢ ᠵᠣᠭᠰᠣᠭᠠᠬᠤ ᠲᠥᠰᠦᠯ ᠲᠣᠭᠲᠠᠭᠠᠨ᠂ 3 ᠰᠠᠷ᠎ᠠ ᠶᠢᠨ 15 ᠤ ᠡᠳᠦᠷ ᠠᠴᠠ ᠡᠮᠦᠨ᠎ᠡ ᠮᠠᠯᠴᠢᠨ ᠲᠠᠷᠢᠶᠠᠴᠢᠨ  ᠲᠠᠢ ᠲᠠᠷᠢᠶᠠᠯᠠᠬᠤ ᠶᠢ ᠵᠣᠭᠰᠣᠭᠠᠬᠤ ᠬᠡᠯᠡᠯᠴᠡᠭᠡᠷ ᠲᠣᠭᠲᠠᠵᠤ᠂ ᠲᠠᠷᠢᠶᠠᠨ ᠭᠠᠵᠠᠷ ᠢ ᠰᠣᠯᠢᠬᠤ᠂ ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ᠂ ᠡᠷᠭᠢᠯᠳᠦᠭᠦᠯᠵᠦ ᠲᠠᠲᠠᠪᠤᠷᠢᠯᠠᠭᠰᠠᠨ ᠳᠤ ᠨᠥᠬᠦᠪᠦᠷᠢ ᠥᠭᠬᠦ ᠵᠡᠷᠭᠡ ᠠᠷᠭ᠎ᠠ ᠬᠡᠯᠪᠡᠷᠢ ᠪᠠᠷ ᠲᠠᠷᠢᠶᠠᠨ ᠭᠠᠵᠠᠷ ᠲᠤ ᠲᠠᠷᠢᠶᠠᠯᠠᠬᠤ ᠶᠢ ᠵᠣᠭᠰᠣᠭᠠᠬᠤ ᠠᠵᠢᠯ ᠢ ᠡᠮᠬᠢ ᠳᠢᠭᠯᠢᠮ ᠲᠠᠢ ᠪᠠᠷ ᠪᠡᠶᠡᠯᠡᠭᠦᠯᠦᠨ᠎ᠡ᠃ ᠭᠤᠷᠪᠠ ᠳᠤ ᠲᠦᠷᠢᠮ ᠲᠣᠭᠲᠠᠭᠠᠯ ᠬᠠᠤᠯᠢ ᠴᠠᠭᠠᠵᠠ ᠵᠥᠷᠢᠴᠡᠭᠰᠡᠨ ᠬᠡᠷᠡᠭ ᠲᠤ ᠬᠤᠯᠪᠣᠭᠳᠠᠭᠰᠠᠨ ᠲᠠᠷᠢᠶᠠᠨ ᠭᠠᠵᠠᠷ ᠲᠤ ᠮᠧᠩ ᠰᠢ ᠪᠠᠯᠭᠠᠰᠤᠨ ᠤ ᠵᠠᠰᠠᠭ ᠤᠨ ᠣᠷᠳᠣᠨ 3 ᠰᠠᠷ᠎ᠠ ᠶᠢᠨ 15 ᠤ ᠡᠳᠦᠷ ᠠᠴᠠ ᠡᠮᠦᠨ᠎ᠡ ᠲᠠᠷᠢᠶᠠᠯᠠᠬᠤ ᠶᠢ ᠴᠠᠭᠠᠵᠠᠯᠠᠬᠤ ᠮᠡᠳᠡᠭᠳᠡᠯ ᠪᠠᠭᠤᠯᠭᠠᠨ᠂ ᠮᠠᠯᠴᠢᠨ ᠲᠠᠷᠢᠶᠠᠴᠢᠨ  ᠲᠠᠢ ᠲᠠᠷᠢᠶᠠᠯᠠᠬᠤ ᠶᠢ ᠴᠠᠭᠠᠵᠠᠯᠠᠬᠤ ᠬᠡᠯᠡᠯᠴᠡᠭᠡᠷ ᠲᠣᠭᠲᠠᠬᠤ ᠶᠢᠨ ᠬᠠᠮᠲᠤ ᠬᠠᠤᠯᠢ ᠬᠡᠷᠡᠭᠵᠢᠭᠦᠯᠬᠦ ᠪᠠᠶᠢᠭᠤᠯᠭ᠎ᠠ ᠠᠴᠠ ᠬᠠᠤᠯᠢ ᠲᠣᠭᠲᠠᠭᠠᠯ ᠶᠣᠰᠣᠭᠠᠷ ᠪᠠᠶᠢᠴᠠᠭᠠᠨ ᠰᠢᠢᠳᠪᠦᠷᠢᠯᠡᠵᠦ᠂ ᠠᠮᠢ ᠠᠬᠤᠶ ᠶᠢ ᠰᠡᠷᠭᠦᠭᠡᠬᠦ ᠪᠠᠷ ᠵᠠᠷᠯᠢᠭᠳᠠᠨ᠎ᠠ᠃ ᠳᠥᠷᠪᠡ ᠳᠤ ᠮᠧᠩ ᠰᠢ ᠪᠠᠯᠭᠠᠰᠤᠨ ᠤ ᠵᠠᠰᠠᠭ ᠤᠨ ᠣᠷᠳᠣᠨ ᠢᠯᠡᠴᠢᠯᠡᠨ ᠮᠡᠳᠡᠭᠦᠯᠬᠦ ᠤᠲᠠᠰᠤ ᠭᠠᠷᠭᠠᠬᠤ᠂ ᠲᠣᠭᠤᠷᠢᠨ ᠪᠠᠶᠢᠴᠠᠭᠠᠵᠤ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠬᠢᠨᠠᠯᠲᠠ ᠬᠠᠮᠢᠶᠠᠷᠤᠯᠲᠠ  ᠪᠠᠨ ᠣᠷᠳᠣ ᠬᠤᠭᠤᠴᠠᠭ᠎ᠠ ᠪᠠᠷ ᠴᠢᠩᠭᠠᠳᠬᠠᠨ᠎ᠠ᠂ ᠲᠠᠷᠢᠶᠠᠯᠠᠬᠤ ᠶᠢ ᠴᠠᠭᠠᠵᠠᠯᠠᠬᠤ ᠮᠡᠳᠡᠭᠳᠡᠯ ᠪᠠᠭᠤᠯᠭᠠᠭᠰᠠᠨ ᠤ ᠳᠠᠷᠠᠭ᠎ᠠ ᠦᠷᠭᠦᠯᠵᠢᠯᠡᠨ ᠲᠠᠷᠢᠶ᠎ᠠ ᠳᠠᠷᠢᠵᠤ ᠪᠠᠶᠢᠭ᠎ᠠ ᠪᠠᠶᠢᠳᠠᠯ ᠭᠠᠷᠪᠠᠯ᠂ ᠬᠠᠷᠢᠶ᠎ᠠ ᠭᠠᠵᠠᠷ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠠᠴᠠ ᠬᠠᠷᠢᠭᠤᠴᠠᠯᠭ᠎ᠠ ᠨᠡᠬᠡᠮᠵᠢᠯᠡᠨ᠎ᠡ᠃ ᠲᠠᠪᠤ ᠳᠤ ᠮᠧᠩ ᠰᠢ ᠪᠠᠯᠭᠠᠰᠤᠨ ᠤ ᠵᠠᠰᠠᠭ ᠤᠨ ᠣᠷᠳᠣᠨ ᠮᠠᠯᠴᠢᠨ ᠲᠠᠷᠢᠶᠠᠴᠢᠨ ᠤ ᠠᠮᠢ ᠠᠬᠤᠶ ᠪᠠᠨ ᠰᠡᠷᠭᠦᠭᠡᠬᠦ ᠶᠢ ᠱᠠᠭᠠᠷᠳᠠᠵᠤ ᠬᠢᠨᠠᠨ᠂ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠮᠡᠷᠭᠡᠵᠢᠯ ᠤᠨ ᠵᠢᠯᠣᠭᠤᠳᠣᠯᠭ᠎ᠠ ᠬᠢᠨ᠎ᠡ᠃ ᠠᠶᠠᠨᠳᠠᠭᠠᠨ ᠰᠡᠷᠭᠦᠭᠡᠬᠦ ᠪᠠᠷ ᠭᠤᠤᠯ ᠪᠣᠯᠭᠠᠵᠤ᠂ ᠬᠥᠮᠦᠨ ᠤ ᠬᠦᠴᠦ ᠪᠠᠷ ᠬᠠᠮᠢᠶᠠᠷᠬᠤ ᠪᠠᠷ ᠬᠠᠪᠰᠤᠷᠤᠮᠵᠢ ᠪᠣᠯᠭᠠᠬᠤ ᠠᠷᠭ᠎ᠠ ᠬᠡᠯᠪᠡᠷᠢ ᠪᠠᠷ ᠠᠮᠢ ᠠᠬᠤᠢ ᠶᠢ ᠰᠡᠷᠭᠦᠭᠡᠨ᠂ ᠥᠩᠭᠡᠷᠡᠭᠰᠡᠨ ᠵᠢᠯ ᠤᠳ ᠲᠤ ᠴᠠᠷᠭᠠᠰᠤ ᠲᠠᠷᠢᠭᠰᠠᠨ ᠪᠣᠯ ᠤᠰᠤᠯᠠᠬᠤ᠂ ᠬᠠᠳᠤᠵᠤ ᠬᠤᠷᠢᠶᠠᠬᠤ ᠶᠢ ᠴᠠᠭᠠᠵᠠᠯᠠᠨ᠎ᠠ᠃      ᠲᠦᠷᠦᠭᠦᠯᠡᠨ ᠬᠢᠬᠦ ᠨᠢᠭᠡᠴᠢ᠄ ᠮᠧᠩ ᠰᠢ ᠪᠠᠯᠭᠠᠰᠤ       ᠬᠠᠮᠵᠢᠯᠴᠠᠬᠤ ᠨᠢᠭᠡᠴᠢ᠄ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠣᠪᠴᠢᠶ᠎ᠠ᠂ ᠣᠶ ᠰᠢᠭᠤᠶ ᠪᠠ ᠨᠤᠲᠤᠭ ᠪᠡᠯᠴᠢᠭᠡᠷ  ᠤᠨ ᠲᠣᠪᠴᠢᠶ᠎ᠠ᠂ ᠪᠠᠷᠠᠭᠤᠨ ᠣᠷᠳᠣᠰ ᠤᠨ ᠤᠯᠤᠰ ᠤᠨ ᠲᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ      ᠪᠡᠶᠡᠯᠡᠭᠦᠯᠬᠦ ᠴᠠᠭ ᠤᠨ ᠬᠢᠵᠠᠭᠠᠷᠯᠠᠯ᠄ 2022 ᠣᠨ ᠤ 3 ᠳ᠋ᠤᠭᠠᠷ ᠰᠠᠷ᠎ᠠ ᠶᠢᠨ 15 ᠤ ᠡᠳᠦᠷ᠂ ᠤᠷᠲᠤ ᠬᠤᠭᠤᠴᠠᠭ᠎ᠠ ᠪᠠᠷ ᠪᠠᠷᠢᠮᠲᠠᠯᠠᠨ᠎ᠠ᠃      ︵ᠭᠤᠷᠪᠡ︶ ᠨᠣᠴᠣᠭᠠᠨ᠎ᠠ ᠶᠢᠨ ᠡᠬᠢ ᠪᠠᠶᠠᠯᠢᠭ ᠢ ᠬᠢᠨᠠᠨ ᠬᠡᠮᠵᠢᠬᠦ ᠲᠣᠭᠲᠠᠯᠴᠠᠭ᠎ᠠ ᠶᠢ ᠪᠠᠶᠢᠭᠤᠯᠤᠨ᠎ᠠ      ᠨᠢᠭᠡ ᠳᠤ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ 3 ᠰᠠᠷ᠎ᠠ ᠶᠢᠨ 15 ᠤ ᠡᠳᠦᠷ ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ ᠤ ᠨᠣᠴᠣᠭᠠᠨ᠎ᠠ ᠶᠢᠨ ᠡᠬᠢ ᠪᠠᠶᠠᠯᠢᠭ ᠢ ᠨᠡᠶᠢᠳᠡᠮ ᠪᠠᠶᠢᠴᠠᠭᠠᠭᠰᠠᠨ ᠦᠷ᠎ᠡ ᠪᠦᠲᠦᠭᠡᠯ ᠤᠨ ᠰᠠᠭᠤᠷᠢᠨ ᠳᠡᠭᠡᠷ᠎ᠡ᠂ ᠨᠣᠴᠣᠭᠠᠨ᠎ᠠ ᠶᠢᠨ ᠡᠬᠢ ᠪᠠᠶᠠᠯᠢᠭ ᠤᠨ ᠡᠬᠡ ᠲᠠᠩᠰᠠ ᠪᠣᠯᠤᠨ ᠲᠤᠭ᠎ᠠ ᠪᠠᠷᠢᠮᠲᠠ ᠶᠢᠨ ᠬᠥᠮᠥᠷᠭᠡ ᠶᠢ ᠪᠠᠶᠢᠭᠤᠯᠤᠨ᠎ᠠ︔ ᠬᠤᠶᠠᠷ ᠲᠤ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠳᠠᠭᠠᠭᠤᠯᠢ ᠣᠳᠣᠨ ᠤ ᠠᠯᠤᠰ ᠰᠡᠷᠡᠯ᠂ ᠵᠢᠷᠤᠭ ᠤᠨ ᠪᠠᠶᠢᠴᠠᠭᠠᠯᠲᠠ᠂ ᠥᠯᠢᠭᠡᠷ ᠭᠠᠵᠠᠷ ᠤᠨ ᠪᠠᠶᠢᠴᠠᠭᠠᠯᠲᠠ᠂ ᠡᠳᠦᠷ ᠲᠤᠲᠤᠮ ᠤᠨ ᠲᠣᠭᠤᠷᠢᠨ ᠬᠠᠮᠠᠭᠠᠯᠠᠯᠲᠠ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ ᠡᠬᠢ ᠪᠠᠶᠠᠯᠢᠭ ᠤᠨ ᠬᠤᠪᠢᠷᠠᠯᠲᠠ ᠶᠢᠨ ᠮᠡᠳᠡᠭᠡ ᠵᠠᠩᠭᠢ ᠶᠢ ᠴᠠᠭ ᠲᠤᠬᠠᠶ ᠳᠤᠨᠢ ᠪᠥᠬᠦ ᠲᠠᠯ᠎ᠠ ᠪᠠᠷ ᠴᠤᠭᠯᠠᠭᠤᠯᠵᠤ᠂  ᠨᠣᠴᠣᠭᠠᠨ᠎ᠠ ᠶᠢᠨ ᠡᠬᠢ ᠪᠠᠶᠠᠯᠢᠭ ᠤᠨ ᠬᠢᠨᠠᠨ ᠬᠡᠮᠵᠢᠬᠦ ᠰᠢᠰᠲ᠋ᠧᠮ ᠢ ᠪᠠᠶᠢᠭᠤᠯᠤᠨ᠂ ᠬᠠᠮᠠᠭᠠᠯᠠᠯᠲᠠ ᠬᠠᠮᠢᠶᠠᠷᠤᠯᠲᠠ ᠶᠢᠨ ᠠᠵᠢᠯ ᠢ ᠴᠢᠩᠭᠠᠳᠬᠠᠬᠤ ᠳᠤ ᠦᠨᠳᠦᠰᠦᠯᠡᠯ ᠬᠠᠩᠭᠠᠨ᠎ᠠ᠃      ᠲᠦᠷᠦᠭᠦᠯᠡᠨ ᠬᠢᠬᠦ ᠨᠢᠭᠡᠴᠢ᠄ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ      ᠬᠠᠮᠵᠢᠯᠴᠠᠬᠤ ᠨᠢᠭᠡᠴᠢ᠄ ᠮᠸᠡᠭ ᠰᠢ ᠪᠠᠯᠭᠠᠰᠤ᠂ ᠪᠠᠷᠠᠭᠤᠨ ᠣᠷᠳᠣᠰ ᠤᠨ ᠤᠯᠤᠰ ᠤᠨ ᠲᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶ᠎ᠠ      ᠪᠡᠶᠡᠯᠡᠭᠦᠯᠬᠦ ᠴᠠᠭ ᠤᠨ ᠬᠢᠵᠠᠭᠠᠷᠯᠠᠯ᠄ 2022 ᠣᠨ ᠤ 3 ᠳ᠋ᠤᠭᠠᠷ ᠰᠠᠷ᠎ᠠ ᠶᠢᠨ 15 ᠤ ᠡᠳᠦᠷ᠂ ᠤᠷᠲᠤ ᠬᠤᠭᠤᠴᠠᠭ᠎ᠠ ᠪᠠᠷ ᠪᠠᠷᠢᠮᠲᠠᠯᠠᠨ᠎ᠠ᠃      ︵ᠳᠥᠷᠪᠡ︶ ᠨᠣᠴᠣᠭᠠᠨ᠎ᠠ ᠶᠢᠨ ᠡᠬᠢ ᠪᠠᠶᠠᠯᠢᠭ ᠤᠨ ᠬᠠᠮᠠᠭᠠᠯᠠᠯᠲᠠ ᠶᠢ ᠴᠢᠩᠭᠠᠳᠬᠠᠨ᠎ᠠ      ︽ᠥᠪᠡᠷᠲᠡᠭᠡᠨ ᠵᠠᠰᠠᠬᠤ ᠣᠷᠣᠨ ᠤ ᠨᠣᠴᠣᠭᠠᠨ᠎ᠠ ᠶᠢᠨ ᠡᠬᠢ ᠪᠠᠶᠠᠯᠢᠭ ᠢ ᠬᠠᠮᠠᠭᠠᠯᠠᠭᠰᠠᠨ ᠪᠠᠶᠢᠳᠠᠯ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠮᠡᠳᠡᠭᠦᠯᠦᠯᠲᠡ︾ ᠶᠢᠨ ᠱᠠᠭᠠᠷᠳᠠᠯᠭ᠎ᠠ ᠶᠣᠰᠣᠭᠠᠷ᠂ ᠨᠣᠴᠣᠭᠠᠨ᠎ᠠ ᠶᠢᠨ ᠡᠬᠢ ᠪᠠᠶᠠᠯᠢᠭ ᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠤᠨ᠎ᠠ᠃ ᠨᠢᠭᠡ ᠳᠤ ᠬᠠᠮᠠᠭᠠᠯᠠᠯᠲᠠ ᠶᠢᠨ ᠣᠷᠣᠨ ᠳᠣᠲᠣᠷᠠᠬᠢ ᠨᠣᠴᠣᠭᠠᠨ᠎ᠠ ᠶᠢᠨ ᠡᠬᠢ ᠪᠠᠶᠠᠯᠢᠭ ᠢ ᠪᠠᠷᠠᠭᠤᠨ ᠣᠷᠳᠣᠰ ᠤᠨ ᠤᠯᠤᠰ ᠤᠨ ᠲᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶ᠎ᠠ ᠠᠴᠠ ᠬᠠᠮᠠᠭᠠᠯᠠᠯᠲᠠ ᠶᠢᠨ ᠭᠠᠵᠠᠷ ᠤᠨ ᠬᠠᠮᠠᠭᠠᠯᠠᠯᠲᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠨᠦᠭᠦᠳ ᠢ ᠴᠢᠩᠭ᠎ᠠ ᠨᠠᠶᠢᠳᠠᠪᠤᠷᠢᠵᠢᠭᠤᠯᠵᠤ ᠬᠠᠮᠠᠭᠠᠯᠠᠯᠲᠠ ᠪᠠᠨ ᠴᠢᠩᠭᠠᠳᠬᠠᠨ᠎ᠠ᠃ ᠬᠤᠶᠠᠷ ᠲᠤ ᠬᠠᠮᠠᠭᠠᠯᠠᠯᠲᠠ ᠶᠢᠨ ᠭᠠᠵᠠᠷ  ᠤᠨ ᠬᠡᠪᠴᠢᠶᠡᠨ ᠳᠤ ᠣᠷᠣᠭᠤᠯᠤᠭᠰᠠᠨ ᠥᠬᠡᠶ ᠨᠣᠴᠣᠭᠠᠨ᠎ᠠ ᠶᠢᠨ ᠡᠬᠢ ᠪᠠᠶᠠᠯᠢᠭ ᠢ ᠮᠧᠩ ᠰᠢ ᠪᠠᠯᠭᠠᠰᠤᠨ ᠤ ᠵᠠᠰᠠᠭ ᠤᠨ ᠣᠷᠳᠣᠨ ᠬᠦᠷᠢᠶᠡᠯᠡᠵᠦ ᠪᠢᠲᠡᠭᠦᠮᠵᠢᠯᠡᠬᠦ᠂ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ᠂ ᠲᠣᠭᠤᠷᠢᠨ ᠬᠠᠮᠠᠭᠠᠯᠠᠵᠤ ᠬᠠᠮᠢᠶᠠᠷᠬᠤ ᠵᠡᠷᠭᠡ ᠠᠷᠭ᠎ᠠ ᠬᠡᠮᠵᠢᠶ᠎ᠡ ᠠᠪᠴᠦ ᠴᠢᠩᠭ᠎ᠠ ᠬᠠᠮᠠᠭᠠᠯᠠᠨ᠎ᠠ᠃ ᠭᠤᠷᠪᠠ ᠳᠤ ᠮᠧᠩ ᠰᠢ ᠪᠠᠯᠭᠠᠰᠤᠨ ᠤ ᠵᠠᠰᠠᠭ ᠤᠨ ᠣᠷᠳᠣᠨ ᠨᠣᠴᠣᠭᠠᠨ᠎ᠠ ᠶᠢᠨ ᠡᠬᠢ ᠪᠠᠶᠠᠯᠢᠭ ᠢ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠠᠮᠢ ᠠᠬᠤᠶ ᠶᠢᠨ ᠱᠠᠩᠨᠠᠯ ᠨᠥᠬᠦᠪᠥᠷᠢ ᠶᠢᠨ ᠬᠡᠪᠴᠢᠶᠡᠨ ᠳᠤ ᠣᠷᠣᠭᠤᠯᠬᠤ ᠪᠠᠷ ᠳᠡᠭᠡᠭᠰᠢ ᠮᠡᠳᠡᠭᠦᠯᠵᠦ ᠭᠤᠶᠤᠴᠢᠯᠠᠨ᠎ᠠ᠃      ᠲᠦᠷᠦᠭᠦᠯᠡᠨ ᠬᠢᠬᠦ ᠨᠢᠭᠡᠴᠢ᠄ ᠪᠠᠷᠠᠭᠤᠨ ᠣᠷᠳᠣᠰ ᠤᠨ ᠤᠯᠤᠰ ᠤᠨ ᠲᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶ᠎ᠠ ᠂ ᠮᠧᠩ ᠰᠢ ᠪᠠᠯᠭᠠᠰᠤ       ᠬᠠᠮᠵᠢᠯᠴᠠᠬᠤ ᠨᠢᠭᠡᠴᠢ᠄ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠣᠪᠴᠢᠶ᠎ᠠ      ᠪᠡᠶᠡᠯᠡᠭᠦᠯᠬᠦ ᠴᠠᠭ ᠤᠨ ᠬᠢᠵᠠᠭᠠᠷᠯᠠᠯ᠄ ᠳᠠᠷᠤᠶᠢᠬᠠᠨ ᠵᠠᠯᠠᠷᠠᠭᠤᠯᠵᠤ᠂ ᠤᠷᠲᠤ ᠬᠤᠭᠤᠴᠠᠭ᠎ᠠ ᠪᠠᠷ ᠪᠠᠷᠢᠮᠲᠠᠯᠠᠨ᠎ᠠ      ᠭᠤᠷᠪᠠ᠂ ᠠᠵᠢᠯ ᠤᠨ ᠱᠠᠭᠠᠷᠳᠠᠯᠭ᠎ᠠ      ︵ᠨᠢᠭᠡ︶ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ᠎ᠡ᠃ ᠡᠯ᠎ᠡ ᠰᠤᠮᠤ ᠪᠠᠯᠭᠠᠰᠤ᠂ ᠡᠯ᠎ᠡ ᠬᠤᠯᠪᠣᠭᠳᠠᠯ ᠪᠥᠬᠦᠶ ᠪᠠᠶᠢᠭᠤᠯᠭ᠎ᠠ ᠤᠯᠤᠰ ᠲᠥᠷᠥ  ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠦᠵᠡᠯ ᠰᠠᠨᠠᠭ᠎ᠠ ᠪᠠ ᠦᠶᠯᠡ ᠠᠵᠢᠯᠯᠠᠭ᠎ᠠ ᠪᠠᠨ ᠴᠡᠭᠴᠡᠯᠡᠬᠦ ᠠᠵᠢᠯ ᠳᠡᠭᠡᠷ᠎ᠡ ᠨᠢᠭᠡᠳᠬᠡᠨ᠂ ᠡᠷᠡᠰ ᠪᠠᠲᠤ ᠵᠣᠷᠢᠭ ᠪᠠ ᠣᠨᠣᠪᠴᠢᠲᠠᠶ ᠠᠷᠭ᠎ᠠ ᠬᠡᠮᠵᠢᠶ᠎ᠡ ᠪᠠᠷ ᠰᠠᠭᠤᠷᠢ ᠠᠵᠢᠯ ᠢ ᠯᠠᠪᠳᠠᠭᠤᠨ ᠪᠠᠲᠤᠲᠠᠶ ᠬᠢᠵᠦ᠂ ᠵᠠᠩᠭᠢᠯᠠᠭ᠎ᠠ ᠶᠢᠨ ᠭᠤᠭᠴᠤᠭ᠎ᠠ ᠶᠢ ᠪᠣᠳᠠᠲᠠᠶ ᠠᠳᠬᠤᠨ᠂ ᠴᠡᠭᠴᠡᠯᠡᠬᠦ ᠠᠵᠢᠯ ᠢ ᠲᠡᠦᠬᠡ ᠪᠠ ᠦᠶᠯᠡᠳᠦᠯᠭᠡ ᠶᠢᠨ ᠰᠢᠯᠭᠠᠯᠲᠠ ᠶᠢ ᠳᠠᠭᠠᠭᠠᠵᠤ ᠳᠡᠶᠢᠯᠬᠦ ᠪᠣᠯᠭᠠᠨ᠎ᠠ᠃      ︵ᠬᠤᠶᠠᠷ︶ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠴᠢᠩᠭᠠᠳᠬᠠᠨ᠎ᠠ᠃ ᠡᠯ᠎ᠡ ᠱᠠᠲᠤᠨ ᠤ ᠤᠢ ᠰᠢᠭᠤᠢ ᠶᠢᠨ ᠳᠠᠷᠤᠭ᠎ᠠ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠤᠢ ᠰᠢᠭᠤᠢ ᠶᠢᠨ ᠳᠠᠷᠤᠭ᠎ᠠ ᠶᠢᠨ ᠲᠣᠭᠲᠠᠯᠴᠠᠭ᠎ᠠ ᠶᠢᠨ ᠰᠢᠰᠲ᠋ᠧᠮ ᠤᠨ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠲᠣᠣᠷᠴᠢᠯᠠᠭᠰᠠᠨ ᠬᠠᠮᠢᠶᠠᠷᠤᠯᠲᠠ ᠶᠢᠨ ᠦᠢᠯᠡᠳᠦᠯ ᠢ ᠪᠠᠳᠠᠷᠠᠭᠤᠯᠤᠨ᠎ᠠ᠃ ᠡᠯ᠎ᠡ ᠰᠤᠮᠤ ᠪᠠᠯᠭᠠᠰᠤ᠂ ᠡᠯ᠎ᠡ ᠬᠤᠯᠪᠣᠭᠳᠠᠯ ᠪᠥᠬᠦᠶ ᠪᠠᠶᠢᠭᠤᠯᠭ᠎ᠠ ᠭᠤᠤᠯ ᠴᠣᠭᠴᠠ ᠶᠢᠨ ᠬᠠᠷᠢᠭᠤᠴᠠᠯᠭ᠎ᠠ  ᠪᠠᠨ ᠦᠨᠡᠨ ᠬᠦ ᠭᠦᠶᠴᠡᠳᠬᠡᠵᠦ᠂ ᠰᠠᠨᠠᠭᠠᠴᠢᠯᠠᠭ᠎ᠠ ᠠᠴᠠ ᠪᠠᠨ ᠠᠵᠢᠯᠯᠠᠨ᠂ ᠬᠦᠯᠢᠶᠡᠬᠦ ᠥᠬᠡᠶ ᠲᠦᠰᠢᠭᠯᠡᠬᠦ ᠥᠬᠡᠶ ᠪᠠᠶᠢᠬᠤ ᠶᠢ ᠪᠠᠷᠢᠮᠲᠠᠯᠠᠵᠤ᠂ ᠳᠡᠭᠡᠳᠦ ᠳᠣᠤᠷᠠᠳᠤ ᠱᠠᠲᠤ ᠪᠠᠷ ᠢᠶᠠᠨ ᠬᠤᠯᠪᠣᠭᠠᠯᠠᠨ᠂ ᠡᠮᠬᠢ ᠳᠢᠭᠯᠢᠮ ᠲᠠᠢ ᠪᠠᠷ ᠠᠬᠢᠭᠤᠯᠤᠨ᠎ᠠ᠃      ︵ᠭᠤᠷᠪᠡ︶ ᠪᠠᠶᠢᠭᠤᠯᠭ᠎ᠠ ᠨᠤᠭᠤᠳ ᠤᠨ ᠬᠠᠮᠲᠤᠷᠠᠯᠴᠠᠭ᠎ᠠ ᠶᠢ ᠴᠢᠩᠭᠠᠳᠬᠠᠨ᠎ᠠ᠃ ᠡᠯ᠎ᠡ ᠰᠤᠮᠤ ᠪᠠᠯᠭᠠᠰᠤ᠂ ᠡᠯ᠎ᠡ ᠬᠤᠯᠪᠣᠭᠳᠠᠯ ᠪᠥᠬᠦᠶ ᠪᠠᠶᠢᠭᠤᠯᠭ᠎ᠠ ᠥᠪᠡᠷ ᠥᠪᠡᠷ ᠤᠨ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠵᠦ᠂ ᠬᠠᠷᠢᠯᠴᠠᠭ᠎ᠠ ᠪᠠᠨ ᠴᠢᠩᠭᠠᠳᠬᠠᠨ᠂ ᠬᠠᠮᠲᠤᠷᠠᠯ ᠬᠦᠴᠦᠨ ᠢ ᠪᠦᠷᠢᠯᠳᠦᠭᠦᠯᠦᠨ᠎ᠡ᠃ ᠮᠧᠩ ᠰᠢ ᠪᠠᠯᠭᠠᠰᠤ ᠲᠠᠷᠢᠶᠠᠨ ᠭᠠᠵᠠᠷ ᠤᠨ ᠵᠢᠷᠤᠭ ᠢ ᠬᠠᠷᠭᠤᠭᠤᠯᠤᠨ ᠪᠠᠶᠢᠴᠠᠭᠠᠬᠤ ᠶᠢ ᠬᠠᠷᠢᠭᠤᠴᠠᠬᠤ ᠶᠢᠨ ᠬᠠᠮᠲᠤ ᠡᠬᠡ ᠲᠠᠩᠰᠠ ᠪᠠᠶᠢᠭᠤᠯᠤᠨ᠎ᠠ︔ ᠬᠠᠤᠯᠢ ᠲᠣᠭᠲᠠᠭᠠᠯ ᠠᠴᠠ ᠵᠥᠷᠢᠴᠡᠭᠰᠡᠨ ᠲᠠᠷᠢᠶᠠᠨ ᠭᠠᠵᠠᠷ ᠢ ᠪᠠᠶᠢᠴᠠᠭᠠᠨ ᠰᠢᠶᠳᠪᠦᠷᠢᠯᠡᠵᠦ ᠴᠡᠭᠴᠡᠯᠡᠨ᠎ᠡ︔ ᠲᠠᠷᠢᠶᠠᠨ ᠭᠠᠵᠠᠷ ᠢ ᠰᠣᠯᠢᠬᠤ ᠠᠵᠢᠯ ᠢ ᠬᠠᠷᠢᠭᠤᠴᠠᠨ ᠨᠠᠶᠢᠳᠠᠪᠤᠷᠢᠵᠢᠭᠤᠯᠤᠨ᠎ᠠ︔ ᠬᠠᠮᠠᠭᠠᠯᠠᠯᠲᠠ ᠶᠢᠨ ᠭᠠᠵᠠᠷ ᠲᠤ ᠣᠷᠣᠭᠤᠯᠤᠭᠠᠳᠤᠶ ᠨᠣᠴᠣᠭᠠᠨ᠎ᠠ ᠶᠢᠨ ᠡᠬᠢ ᠪᠠᠶᠠᠯᠢᠭ ᠤᠨ ᠬᠠᠮᠠᠭᠠᠯᠠᠯᠲᠠ ᠶᠢ ᠴᠢᠩᠭᠠᠳᠬᠠᠨ᠎ᠠ︔ ᠣᠯᠠᠨ ᠲᠦᠮᠡᠨ ᠤ ᠠᠵᠢᠯ ᠢ ᠬᠠᠷᠢᠭᠤᠴᠠᠨ ᠬᠢᠵᠦ᠂ ᠨᠣᠴᠣᠭᠠᠨ᠎ᠠ ᠶᠢᠨ ᠡᠬᠢ ᠪᠠᠶᠠᠯᠢᠭ ᠢ ᠠᠮᠢ ᠠᠬᠤᠶ ᠶᠢᠨ ᠱᠠᠩᠨᠠᠯ ᠨᠥᠬᠦᠪᠦᠷᠢ ᠶᠢᠨ ᠬᠡᠪᠴᠢᠶᠡᠨ ᠳᠤ ᠣᠷᠣᠭᠤᠯᠤᠨ᠎ᠠ︔ ᠨᠣᠴᠣᠭᠠᠨ᠎ᠠ ᠶᠢᠨ ᠡᠬᠢ ᠪᠠᠶᠠᠯᠢᠭ ᠢ ᠬᠢᠨᠠᠨ ᠬᠡᠮᠵᠢᠬᠦ ᠳᠤ ᠬᠠᠮᠵᠢᠯᠴᠠᠨ᠎ᠠ᠃ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠨᠣᠴᠣᠭᠠᠨ᠎ᠠ ᠶᠢᠨ ᠲᠠᠷᠬᠠᠯᠲᠠ ᠶᠢᠨ ᠣᠷᠣᠨ ᠳᠣᠲᠣᠷᠠᠬᠢ ᠲᠠᠷᠢᠶᠠᠨ ᠭᠠᠵᠠᠷ ᠤᠨ ᠵᠢᠷᠤᠭ ᠤᠨ ᠲᠤᠭ᠎ᠠ ᠪᠠᠷᠢᠮᠲᠠ ᠶᠢ ᠬᠠᠩᠭᠠᠨ᠎ᠠ︔ ᠲᠠᠷᠢᠶᠠᠨ ᠭᠠᠵᠠᠷ ᠤᠨ ᠵᠢᠷᠤᠭ ᠢ ᠬᠠᠷᠭᠤᠭᠤᠯᠤᠨ ᠪᠠᠶᠢᠴᠠᠭᠠᠭᠰᠠᠨ ᠦᠷ᠎ᠡ ᠳ᠋ᠦᠩ ᠢ ᠨᠤᠲᠠᠯᠠᠨ᠎ᠠ︔ ᠲᠠᠷᠢᠶᠠᠨ ᠭᠠᠵᠠᠷ ᠤᠨ ᠵᠢᠷᠤᠭ ᠢ ᠬᠠᠷᠭᠤᠭᠤᠯᠤᠨ ᠪᠠᠶᠢᠴᠠᠭᠠᠬᠤ ᠠᠵᠢᠯ ᠢ ᠬᠠᠮᠵᠢᠯᠴᠠᠨ ᠪᠡᠶᠡᠯᠡᠭᠦᠯᠦᠨ᠎ᠡ᠃ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠣᠪᠴᠢᠶ᠎ᠠ ᠬᠠᠮᠠᠭᠠᠯᠠᠯᠲᠠ ᠶᠢᠨ ᠣᠷᠣᠨ ᠳᠣᠲᠣᠷᠠᠬᠢ ᠲᠠᠷᠢᠶᠠᠨ ᠭᠠᠵᠠᠷ ᠤᠨ ᠬᠠᠮᠢᠶ᠎ᠠ ᠪᠦᠬᠦᠢ ᠦᠨᠡᠮᠯᠡᠯ ᠢ ᠬᠦᠴᠦᠨ ᠦᠭᠡᠶ ᠪᠣᠯᠭᠠᠬᠤ ᠠᠵᠢᠯ ᠢ ᠬᠠᠷᠢᠭᠤᠴᠠᠨ᠎ᠠ︔ ᠲᠠᠷᠢᠶᠠᠨ ᠭᠠᠵᠠᠷ ᠤᠨ ᠬᠠᠤᠯᠢ ᠶᠣᠰᠣᠨ ᠤ ᠴᠢᠨᠠᠷ ᠤᠨ ᠨᠤᠲᠠᠯᠠᠯᠲᠠ ᠶᠢ ᠬᠠᠮᠵᠢᠯᠴᠠᠨ ᠪᠡᠶᠡᠯᠡᠭᠦᠯᠦᠨ᠎ᠡ︔ ᠲᠠᠷᠢᠶᠠᠨ ᠭᠠᠵᠠᠷ ᠰᠣᠯᠢᠬᠤ ᠶᠢ ᠬᠠᠮᠵᠢᠯᠴᠠᠨ ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠤᠨ ᠵᠢᠷᠤᠭ ᠢ ᠬᠠᠷᠭᠤᠭᠤᠯᠤᠨ ᠪᠠᠶᠢᠴᠠᠭᠠᠬᠤ ᠠᠵᠢᠯ ᠢ ᠬᠠᠮᠵᠢᠯᠴᠠᠨ ᠪᠡᠶᠡᠯᠡᠭᠦᠯᠦᠨ᠎ᠡ︔ ᠨᠣᠴᠣᠭᠠᠨ᠎ᠠ ᠶᠢᠨ ᠡᠬᠢ ᠪᠠᠶᠠᠯᠢᠭ ᠢ ᠠᠮᠢ ᠠᠬᠤᠶ ᠶᠢᠨ ᠱᠠᠩᠨᠠᠯ ᠨᠥᠬᠦᠪᠦᠷᠢ ᠶᠢᠨ ᠬᠡᠪᠴᠢᠶᠡᠨ ᠳᠤ ᠣᠷᠣᠭᠤᠯᠬᠤ ᠠᠵᠢᠯ ᠢ ᠬᠠᠮᠵᠢᠨ ᠬᠢᠨ᠎ᠡ᠃ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠨᠣᠴᠣᠭᠠᠨ᠎ᠠ ᠶᠢᠨ ᠡᠬᠢ ᠪᠠᠶᠠᠯᠢᠭ ᠤᠨ ᠲᠠᠩᠰᠠ ᠡᠪᠬᠡᠮᠡᠯ ᠪᠠ ᠳ᠋ᠠᠶᠢᠲ᠋ᠠ ᠬᠥᠮᠥᠷᠭᠡ ᠪᠠᠶᠢᠭᠤᠯᠵᠤ᠂ ᠨᠣᠴᠣᠭᠠᠨ᠎ᠠ ᠶᠢᠨ ᠲᠠᠷᠬᠠᠯᠲᠠ ᠶᠢᠨ ᠣᠷᠣᠨ ᠲᠣᠭᠤᠷᠢᠭ ᠤᠨ ᠲᠤᠭ᠎ᠠ ᠪᠠᠷᠢᠮᠲᠠ ᠶᠢ ᠬᠠᠩᠭᠠᠨ᠎ᠠ︔ ᠠᠮᠢ ᠠᠬᠤᠶ ᠶᠢ ᠰᠡᠷᠭᠦᠭᠡᠬᠦ ᠮᠡᠷᠭᠡᠵᠢᠯ ᠤᠨ ᠵᠢᠯᠣᠭᠤᠳᠣᠯᠭ᠎ᠠ ᠬᠢᠨ᠎ᠡ︔ ᠲᠠᠷᠢᠶᠠᠨ ᠭᠠᠵᠠᠷ ᠤᠨ ᠵᠢᠷᠤᠭ ᠢ ᠬᠠᠷᠭᠤᠭᠤᠯᠤᠨ ᠪᠠᠶᠢᠴᠠᠭᠠᠬᠤ᠂ ᠴᠡᠭᠴᠡᠯᠡᠬᠦ ᠠᠵᠢᠯ ᠢ ᠬᠠᠮᠵᠢᠯᠴᠠᠨ ᠪᠡᠶᠡᠯᠡᠭᠦᠯᠦᠨ᠎ᠡ︔ ᠨᠣᠴᠣᠭᠠᠨ᠎ᠠ ᠶᠢᠨ ᠡᠬᠢ ᠪᠠᠶᠠᠯᠢᠭ ᠢ ᠠᠮᠢ ᠠᠬᠤᠶ ᠶᠢᠨ ᠱᠠᠩᠨᠠᠯ ᠨᠥᠬᠦᠪᠦᠷᠢ ᠶᠢᠨ ᠬᠡᠪᠴᠢᠶᠡᠨ ᠳᠤ ᠣᠷᠣᠭᠤᠯᠬᠤ ᠠᠵᠢᠯ ᠢ ᠬᠠᠮᠵᠢᠨ ᠬᠢᠨ᠎ᠡ᠃ ᠡᠭᠦᠨ ᠤ ᠬᠠᠮᠲᠤ ᠳᠠᠩᠰᠠᠨ ᠠᠴᠠ ᠭᠠᠷᠭᠠᠭᠰᠠᠨ ᠡᠬᠡ ᠲᠠᠩᠰᠠ ᠵᠢᠴᠢ ᠭᠡᠷᠡᠴᠢ ᠮᠠᠲ᠋ᠧᠷᠢᠶᠠᠯ ᠢ ᠵᠣᠬᠢᠶᠠᠨ ᠪᠠᠶᠢᠭᠤᠯᠵᠤ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠪᠠᠶᠢᠭᠤᠯᠭ᠎ᠠ ᠲᠠᠢ ᠬᠠᠮᠲᠤᠷᠠᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠲᠠᠢ ᠬᠠᠷᠢᠯᠴᠠᠵᠤ ᠳᠠᠩᠰᠠᠨ ᠠᠴᠠ ᠭᠠᠷᠭᠠᠨ᠎ᠠ᠃ ᠪᠠᠷᠠᠭᠤᠨ ᠣᠷᠳᠣᠰ ᠤᠨ ᠤᠯᠤᠰ ᠤᠨ ᠲᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶ᠎ᠠ ᠬᠠᠮᠠᠭᠠᠯᠠᠯᠲᠠ ᠶᠢᠨ ᠣᠷᠣᠨ ᠤ ᠵᠠᠭᠠᠭ ᠱᠤᠭᠤᠮ ᠢ ᠬᠠᠩᠭᠠᠨ᠎ᠠ︔ ᠬᠠᠮᠠᠭᠠᠯᠠᠯᠲᠠ ᠶᠢᠨ ᠭᠠᠵᠠᠷ ᠢ ᠬᠠᠮᠠᠭᠠᠯᠠᠨ ᠬᠠᠮᠢᠶᠠᠷᠬᠤ ᠡᠯ᠎ᠡ ᠵᠦᠶᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ︔ ᠬᠠᠮᠠᠭᠠᠯᠠᠯᠲᠠ  ᠶᠢᠨ ᠣᠷᠣᠨ ᠳᠣᠲᠣᠷᠠᠬᠢ ᠲᠠᠷᠢᠶᠠᠨ ᠭᠠᠵᠠᠷ ᠢ ᠬᠠᠷᠭᠤᠭᠤᠯᠤᠨ ᠪᠠᠶᠢᠴᠠᠭᠠᠬᠤ᠂ ᠴᠡᠭᠴᠡᠯᠡᠬᠦ ᠠᠵᠢᠯ ᠳᠤ ᠬᠠᠮᠵᠢᠯᠴᠠᠨ᠎ᠠ︔ ᠨᠣᠴᠣᠭᠠᠨ᠎ᠠ ᠶᠢᠨ ᠡᠬᠢ ᠪᠠᠶᠠᠯᠢᠭ ᠢ ᠬᠢᠨᠠᠨ ᠬᠡᠮᠵᠢᠬᠦ ᠳᠤ ᠬᠠᠮᠵᠢᠯᠴᠠᠨ᠎ᠠ᠃ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠣᠶ ᠰᠢᠭᠤᠶ ᠪᠠ ᠨᠤᠲᠤᠭ ᠪᠡᠯᠴᠢᠭᠡᠷ ᠤᠨ ᠪᠠᠶᠢᠭᠤᠯᠭ᠎ᠠ ᠲᠠᠢ ᠬᠠᠮᠲᠤᠷᠠᠨ ᠳᠠᠩᠰᠠᠨ ᠠᠴᠠ ᠭᠠᠷᠭᠠᠭᠰᠠᠨ ᠮᠠᠲ᠋ᠧᠷᠢᠶᠠᠯ ᠢ ᠵᠣᠬᠢᠶᠠᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠯᠦᠭᠡ ᠬᠠᠮᠵᠢᠯᠴᠠᠨ ᠳᠠᠩᠰᠠᠨ ᠠᠴᠠ ᠭᠠᠷᠭᠠᠬᠤ ᠠᠵᠢᠯ ᠢ ᠬᠠᠷᠢᠭᠤᠴᠠᠨ᠎ᠠ᠃      ︵ᠳᠥᠷᠪᠡ︶ ᠳᠠᠭᠠᠭᠠᠮᠠᠭᠠᠢ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠲᠣᠰ ᠤᠳᠠᠭ᠎ᠠ ᠶᠢᠨ ᠴᠡᠭᠴᠡᠯᠡᠬᠦ ᠠᠵᠢᠯ ᠢᠶᠠᠷ ᠲᠣᠬᠢᠶᠠᠯ ᠪᠣᠯᠭᠠᠨ᠂ ᠨᠢᠭᠡ ᠠᠴᠠ ᠨᠥᠭᠦᠭᠡ ᠶᠢ ᠵᠦᠶᠴᠢᠯᠡᠨ ᠮᠡᠳᠡᠵᠦ᠂ ᠪᠠᠶᠢᠩᠭᠤ ᠰᠡᠷᠡᠮᠵᠢᠯᠡᠭᠦᠯᠦᠨ᠂ ᠳᠠᠭᠠᠭᠠᠮᠠᠭᠠᠢ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠨᠣᠴᠣᠭᠠᠨ᠎ᠠ ᠶᠢᠨ ᠡᠬᠢ ᠪᠠᠶᠠᠯᠢᠭ ᠢ ᠬᠠᠮᠠᠭᠠᠯᠠᠬᠤ ᠬᠠᠮᠢᠶᠠᠷᠬᠤ ᠬᠠᠷᠢᠭᠤᠴᠠᠯᠭ᠎ᠠ ᠶᠢ ᠤᠯᠠᠮ ᠴᠢᠩᠭᠠᠳᠬᠠᠨ᠎ᠠ᠃      ︵ᠲᠠᠪᠤ︶ ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠶᠢ ᠴᠢᠩᠭᠠᠳᠬᠠᠨ᠎ᠠ᠃ ᠡᠯ᠎ᠡ ᠰᠤᠮᠤ ᠪᠠᠯᠭᠠᠰᠤ᠂ ᠡᠯ᠎ᠡ ᠬᠤᠯᠪᠣᠭᠳᠠᠯ ᠪᠥᠬᠦᠶ ᠪᠠᠶᠢᠭᠤᠯᠭ᠎ᠠ ᠤᠬᠠᠭᠤᠯᠬᠤ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠥᠷᠭᠡᠨ ᠣᠯᠠᠨ ᠺᠠᠳ᠋ᠷ ᠣᠯᠠᠨ ᠲᠦᠮᠡᠨ ᠳᠤ ᠨᠣᠴᠣᠭᠠᠨ᠎ᠠ ᠶᠢᠨ ᠡᠬᠢ ᠪᠠᠶᠠᠯᠢᠭ ᠢ ᠬᠠᠮᠠᠭᠠᠯᠠᠬᠤ ᠶᠢᠨ ᠴᠢᠬᠤᠯᠠ ᠴᠢᠨᠠᠷ  ᠢ ᠭᠦᠶᠴᠡᠳ ᠲᠠᠨᠢᠭᠤᠯᠤᠨ᠂ ᠴᠡᠭᠴᠡᠯᠡᠬᠦ ᠠᠵᠢᠯ ᠥᠷᠨᠢᠭᠦᠯᠬᠦ ᠶᠢ ᠤᠬᠠᠮᠰᠠᠷ ᠠᠴᠠ ᠪᠠᠨ ᠳᠡᠮᠵᠢᠵᠦ ᠬᠠᠮᠵᠢᠯᠴᠠᠨ᠎ᠠ᠃ ᠺᠠᠳ᠋ᠷ ᠣᠯᠠᠨ ᠲᠦᠮᠡᠨ ᠤ ᠦᠵᠡᠯ ᠰᠠᠨᠠᠭᠠᠨ ᠤ ᠬᠥᠳᠡᠯᠦᠯ ᠪᠠᠶᠢᠳᠠᠯ ᠢ ᠴᠠᠭ ᠲᠤᠬᠠᠶ ᠳᠤᠨᠢ ᠣᠶᠢᠯᠠᠭᠠᠨ᠂ ᠲᠠᠶᠢᠯᠪᠤᠷᠢᠯᠠᠵᠤ ᠬᠥᠲᠥᠯᠥᠨ ᠵᠢᠯᠣᠭᠤᠳᠬᠤ ᠠᠵᠢᠯ ᠢ ᠴᠢᠭᠯᠡᠭᠦᠯᠬᠦ ᠴᠢᠨᠠᠷᠲᠠᠶ ᠪᠠᠷ ᠰᠠᠶᠢᠲᠤᠷ ᠬᠢᠵᠦ᠂ ᠨᠡᠶᠢᠭᠡᠮ ᠤᠨ ᠲᠣᠭᠲᠠᠭᠤᠨ ᠪᠠᠶᠢᠳᠠᠯ ᠢ ᠨᠥᠯᠥᠭᠡᠯᠡᠬᠦ ᠬᠦᠴᠦᠨ ᠵᠦᠢᠯ ᠪᠠ ᠳᠠᠯᠳᠠ ᠭᠡᠮ ᠢ ᠴᠠᠭ ᠲᠤᠬᠠᠶ ᠳᠤᠨᠢ ᠨᠠᠷᠢᠨ ᠪᠠᠶᠢᠴᠠᠭᠠᠵᠤ ᠠᠷᠢᠯᠭᠠᠨ᠎ᠠ᠃ ᠣᠯᠠᠨ ᠵᠦᠢᠯ  ᠤᠨ ᠬᠡᠯᠪᠡᠷᠢ ᠪᠦᠬᠦᠢ ᠬᠠᠤᠯᠢ ᠴᠠᠭᠠᠵᠠ ᠶᠢᠨ ᠮᠡᠳᠡᠯᠭᠡ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠨᠡᠶᠢᠭᠡᠮ ᠤᠨ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠣᠶ ᠪᠣᠯᠭᠠᠨ᠂ ᠴᠡᠭᠴᠡᠯᠡᠬᠦ ᠠᠵᠢᠯ ᠢ ᠭᠦᠨᠵᠡᠭᠡᠶᠢᠷᠡᠭᠦᠯᠬᠦ ᠳᠤ ᠠᠰᠢᠭᠲᠠᠶ ᠨᠥᠬᠦᠴᠡᠯ ᠡᠭᠦᠳᠦᠨ᠎ᠡ᠃      ︵ᠵᠢᠷᠭᠤᠭ᠎ᠠ︶ ᠱᠠᠭᠠᠷᠳᠠᠨ ᠪᠠᠶᠢᠴᠠᠭᠠᠯᠲᠠ ᠶᠢ ᠴᠢᠩᠭᠠᠳᠬᠠᠨ᠎ᠠ᠃ ᠡᠯ᠎ᠡ ᠰᠤᠮᠤ ᠪᠠᠯᠭᠠᠰᠤ᠂ ᠡᠯ᠎ᠡ ᠬᠤᠯᠪᠣᠭᠳᠠᠯ ᠪᠥᠬᠦᠶ ᠪᠠᠶᠢᠭᠤᠯᠭ᠎ᠠ ᠬᠠᠮᠵᠢᠯᠴᠠᠨ ᠠᠵᠢᠯᠯᠠᠵᠤ ᠂ ᠮᠡᠳᠡᠭᠡ ᠵᠠᠩᠭᠢ ᠶᠢ ᠬᠠᠮᠲᠤ ᠪᠠᠷ ᠠᠰᠢᠭᠯᠠᠬᠤ᠂ ᠵᠥᠪᠳᠡᠯᠴᠡᠵᠦ ᠰᠤᠳᠤᠯᠤᠨ ᠮᠠᠭᠠᠳᠯᠠᠬᠤ᠂ ᠱᠠᠭᠠᠷᠳᠠᠨ ᠪᠠᠶᠢᠴᠠᠭᠠᠵᠤ ᠨᠠᠶᠢᠳᠠᠪᠤᠷᠢᠵᠢᠭᠤᠯᠬᠤ᠂ ᠵᠢᠭᠠᠪᠤᠷᠢ ᠠᠪᠴᠤ ᠮᠡᠳᠡᠭᠦᠯᠬᠦ ᠪᠠ ᠠᠰᠠᠭᠤᠳᠠᠯ ᠤᠨ ᠰᠦᠪᠡᠭᠴᠢ ᠶᠢ ᠰᠢᠯᠵᠢᠭᠦᠯᠦᠨ ᠲᠤᠰᠢᠶᠠᠵᠤ ᠰᠢᠶᠳᠪᠦᠷᠢᠯᠡᠬᠦ ᠵᠡᠷᠭᠡ ᠠᠵᠢᠯ ᠤᠨ ᠲᠣᠭᠲᠠᠴᠠ ᠶᠢ ᠪᠠᠶᠢᠭᠤᠯᠤᠨ᠎ᠠ᠃ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠨᠠᠮ ᠤᠨ ᠬᠤᠷᠢᠶ᠎ᠠ ᠵᠠᠰᠠᠭ ᠤᠨ ᠣᠷᠳᠣᠨ ᠤ ᠠᠯᠪᠠᠨ ᠬᠡᠷ ᠤᠨ ᠱᠠᠭᠠᠷᠳᠠᠨ ᠪᠠᠶᠢᠴᠠᠭᠠᠬᠤ ᠲᠠᠰᠤᠭ ᠨᠢ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠴᠡᠭᠴᠡᠯᠡᠬᠦ ᠬᠠᠷᠢᠭᠤᠴᠠᠯᠭᠠᠲᠤ ᠤᠬᠠᠮᠰᠠᠷ ᠢᠶᠠᠷ ᠳᠣᠣᠷ᠎ᠠ᠂ ᠠᠷᠭ᠎ᠠ ᠬᠡᠮᠵᠢᠶ᠎ᠡ ᠴᠢᠩᠭ᠎ᠠ ᠪᠤᠰᠤ᠂  ᠴᠡᠭᠴᠡᠯᠡᠭᠰᠡᠨ ᠦᠷ᠎ᠡ ᠪᠦᠲᠦᠮᠵᠢ ᠢᠯᠡᠷᠬᠡᠶ ᠪᠤᠰᠤ ᠬᠠᠷᠢᠭᠤᠴᠠᠯᠭᠠᠲᠤ ᠨᠢᠭᠡᠴᠢ ᠪᠠ ᠬᠠᠷᠢᠭᠤᠴᠠᠯᠭᠠᠲᠠᠨ ᠲᠠᠢ ᠴᠠᠭ ᠲᠤᠬᠠᠶ ᠳᠤᠨᠢ ᠪᠣᠯᠵᠣᠨ ᠶᠠᠷᠢᠯᠴᠠᠵᠤ ᠬᠠᠷᠢᠭᠤᠴᠠᠯᠭ᠎ᠠ ᠨᠡᠬᠡᠮᠵᠢᠯᠡᠨ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃            ᠪᠠᠷᠠᠭᠤᠨ ᠣᠷᠳᠣᠰ ᠤᠨ ᠤᠯᠤᠰ ᠤᠨ ᠲᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠲᠠᠷᠢᠶᠠᠨ ᠭᠠᠵᠠᠷ ᠲᠤ ᠲᠠᠷᠢᠶᠠᠯᠠᠬᠤ ᠶᠢ ᠵᠣᠭᠰᠣᠭᠠᠬᠤ ᠲᠥᠰᠥᠯ      ︽︿ᠣᠷᠳᠣᠰ ᠬᠤᠲᠠ ᠶᠢᠨ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠬᠠᠷᠢᠭᠤ ᠰᠤᠷᠪᠤᠯᠵᠢᠯᠠᠭ᠎ᠠ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ﹀ ᠳᠤ ᠲᠤᠰᠬᠠᠭᠰᠠᠨ ᠠᠰᠠᠭᠤᠳᠠᠯ ᠢ ᠴᠡᠭᠴᠡᠯᠡᠬᠦ ᠲᠥᠰᠦᠯ ᠢ ᠳᠠᠷᠤᠮᠠᠯᠯᠠᠨ ᠲᠠᠷᠬᠠᠭᠠᠬᠤ ᠲᠤᠬᠠᠶ ᠣᠷᠳᠣᠰ ᠬᠤᠲᠠ ᠶᠢᠨ ᠨᠠᠮ ᠤᠨ ᠬᠤᠷᠢᠶᠠᠨ ᠤ ᠠᠯᠪᠠᠨ ᠲᠢᠩᠬᠢᠮ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠣᠷᠳᠣᠰ ᠨᠠᠮ ᠠᠯᠪᠠᠨ ᠲᠠᠷᠬᠠᠭᠠᠭᠰᠠᠨ ᠴᠠᠬᠢᠯᠭᠠᠨ︶ ﹇2021﹈ 29 ᠳ᠋ᠦ᠋ᠭᠡᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠪᠠᠷᠠᠭᠤᠨ ᠣᠷᠳᠣᠰ ᠤᠨ ᠤᠯᠤᠰ ᠤᠨ ᠲᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠣᠲᠣᠷᠠᠬᠢ ᠠᠲᠠᠷ ᠬᠠᠭᠠᠯᠪᠤᠷᠢᠯᠠᠵᠤ ᠲᠠᠷᠢᠶ᠎ᠠ ᠲᠠᠷᠢᠭᠰᠠᠨ ᠠᠰᠠᠭᠤᠳᠠᠯ ᠢ ᠲᠦᠷᠭᠡᠨ ᠴᠡᠭᠴᠡᠯᠡᠬᠦ ᠶᠢᠨ ᠲᠤᠰᠡᠳᠠ᠂ ᠣᠨᠴᠠᠭᠠᠶᠢᠯᠠᠨ ᠲᠣᠰ ᠲᠥᠰᠥᠯ ᠢ ᠲᠣᠭᠲᠠᠭᠠᠪᠠ᠃      ᠨᠢᠭᠡ᠂ ᠦᠨᠳᠦᠰᠦᠨ ᠪᠠᠶᠢᠳᠠᠯ      ︵ᠨᠢᠭᠡ︶ ᠬᠠᠮᠠᠭᠠᠯᠠᠯᠲᠠ ᠶᠢᠨ ᠣᠷᠣᠨ ᠤ ᠦᠨᠳᠦᠰᠦᠨ ᠪᠠᠶᠢᠳᠠᠯ      ᠪᠠᠷᠠᠭᠤᠨ ᠣᠷᠳᠣᠰ ᠤᠨ ᠤᠯᠤᠰ ᠤᠨ ᠲᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠨᠢ 1995 ᠣᠨ ᠳᠤ ᠪᠠᠶᠢᠭᠤᠯᠤᠭᠳᠠᠵᠤ᠂ 1997 ᠣᠨ ᠤ 12 ᠰᠠᠷ᠎ᠠ ᠳᠤ ᠲᠥᠷᠥ ᠶᠢᠨ ᠶᠠᠪᠤᠳᠠᠯ ᠤᠨ ᠬᠤᠷᠢᠶᠠᠨ ᠤ ᠵᠥᠪᠰᠢᠶᠡᠷᠡᠯ ᠢᠶᠠᠷ ᠤᠯᠤᠰ ᠤᠨ ᠲᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠪᠣᠯᠪᠠ᠂ ᠶᠡᠷᠦᠩᠬᠡᠢ ᠲᠠᠯᠠᠪᠠᠢ ᠨᠢ 690 ᠲᠦᠮᠡᠨ ᠮᠦ᠃ ᠡᠭᠦᠨ ᠳᠤ ᠣᠷᠳᠣᠰ ᠤᠨ ᠬᠠᠷᠢᠶᠠᠨ ᠳᠠᠬᠢ ᠲᠠᠯᠠᠪᠠᠢ ᠨᠢ 669 ᠲᠦᠮᠡᠨ ᠮᠦ ᠪᠣᠢ᠃ ᠬᠠᠮᠠᠭᠠᠯᠠᠯᠲᠠ ᠶᠢᠨ ᠣᠷᠣᠨ ᠳᠣᠲᠣᠷ᠎ᠠ ᠨᠣᠴᠣᠭᠠᠨ᠎ᠠ᠂ ᠬᠤᠷᠳᠤᠨ ᠬᠠᠷ᠎ᠠ᠂ ᠬᠤᠶᠢᠷᠠᠭ᠂ ᠮᠥᠩᠭᠡ ᠬᠠᠷᠭᠠᠨ᠎ᠠ᠂ ᠰᠢᠷ᠎ᠠ ᠲᠠᠯᠠᠨ᠂ ᠤᠯᠠᠭᠠᠨ ᠪᠣᠶᠢᠯᠠᠰᠤ᠂ ᠳᠣᠣᠷᠠᠢ ︵ᠥᠬᠠᠢ ᠶᠢᠨ ᠬᠢᠯᠢ ᠳᠣᠲᠣᠷ᠎ᠠ︶ ᠪᠠᠷ ᠲᠥᠯᠥᠭᠡᠯᠡᠭᠦᠯᠦᠭᠰᠡᠨ ᠤᠯᠤᠰ ᠤᠨ ᠭᠤᠣᠯᠳᠠᠯᠭ᠎ᠠ ᠲᠠᠢ ᠬᠠᠮᠠᠭᠠᠯᠠᠬᠤ ᠬᠤᠪᠣᠷ ᠨᠠᠨᠳᠢᠨ ᠤᠰᠠᠳᠬᠤ ᠰᠢᠬᠠᠭᠰᠠᠨ 7 ᠵᠦᠢᠯ ᠤᠨ ᠣᠷᠭᠤᠮᠠᠯ ᠪᠠᠶᠢᠨ᠎ᠠ᠃      ︵ᠬᠤᠶᠠᠷ︶ ᠬᠠᠮᠠᠭᠠᠯᠠᠯᠲᠠ ᠶᠢᠨ ᠣᠷᠣᠨ ᠤ ᠲᠠᠷᠢᠶᠠᠨ ᠭᠠᠵᠠᠷ ᠤᠨ ᠪᠠᠶᠢᠳᠠᠯ      ᠬᠠᠮᠠᠭᠠᠯᠠᠯᠲᠠ ᠶᠢᠨ ᠣᠷᠣᠨ ᠳᠤ ᠣᠳᠣ ᠨᠡᠶᠢᠲᠡ 16843.05 ᠮᠦ ᠶᠢᠨ 180 ᠲᠠᠷᠢᠶᠠᠨ ᠭᠠᠵᠠᠷ ᠲᠠᠢ᠃ ᠡᠭᠦᠨ ᠤ ᠨᠣᠴᠣᠭᠠᠨ᠎ᠠ ᠶᠢᠨ ᠭᠤᠣᠯ ᠲᠠᠷᠬᠠᠯᠲᠠ ᠶᠢᠨ ᠣᠷᠣᠨ ᠳᠤ 1590.8 ᠮᠦ ᠶᠢᠨ 14 ᠲᠠᠷᠢᠶᠠᠨ ᠭᠠᠵᠠᠷ ᠪᠣᠢ᠂ ᠨᠣᠴᠣᠭᠠᠨ᠎ᠠ ᠣᠷᠭᠤᠭᠰᠠᠨ ᠦᠭᠡᠢ ᠲᠠᠷᠬᠠᠯᠲᠠ ᠶᠢᠨ ᠣᠷᠣᠨ ᠳᠤ 15252.25 ᠮᠦ ᠶᠢᠨ 166 ᠲᠠᠷᠢᠶᠠᠨ ᠭᠠᠵᠠᠷ ᠪᠠᠶᠢᠨ᠎ᠠ᠃      ᠬᠤᠶᠠᠷ᠂ ᠴᠡᠭᠴᠡᠯᠡᠬᠦ ᠠᠷᠭ᠎ᠠ ᠪᠠᠷᠢᠯ      ︵ᠨᠢᠭᠡ︶ ᠬᠠᠮᠠᠭᠠᠯᠠᠯᠲᠠ ᠶᠢᠨ ᠣᠷᠣᠨ ᠳᠣᠲᠣᠷᠠᠬᠢ ᠲᠠᠷᠢᠶᠠᠨ ᠭᠠᠵᠠᠷ ᠢ ᠬᠠᠷᠭᠤᠭᠤᠯᠤᠨ ᠪᠠᠶᠢᠴᠠᠭᠠᠨ᠎ᠠ᠃      ᠨᠢᠭᠡ ᠳᠤ ᠬᠠᠷᠢᠶ᠎ᠠ ᠭᠠᠵᠠᠷ ᠤᠨ ᠬᠢᠨᠢ ᠬᠠᠮᠢᠶᠠᠷᠬᠤ ᠵᠠᠷᠴᠢᠮ ᠶᠣᠰᠣᠭᠠᠷ᠂ ᠲᠠᠷᠢᠶᠠᠨ ᠭᠠᠵᠠᠷ ᠤᠨ ᠪᠠᠶᠢᠭ᠎ᠠ ᠠᠷᠠᠳ ᠤᠨ ᠵᠠᠰᠠᠭ ᠤᠨ ᠣᠷᠳᠣᠨ ᠠᠴᠠ 2 ᠰᠠᠷ᠎ᠠ ᠶᠢᠨ 25 ᠤ ᠡᠳᠦᠷ ᠠᠴᠠ ᠡᠮᠦᠨ᠎ᠡ ᠬᠠᠮᠠᠭᠠᠯᠠᠯᠲᠠ ᠶᠢᠨ ᠣᠷᠣᠨ ᠳᠣᠲᠣᠷᠠᠬᠢ ᠲᠠᠷᠢᠶᠠᠨ ᠭᠠᠵᠠᠷ ᠢ ᠬᠠᠷᠭᠤᠭᠤᠯᠤᠨ ᠪᠠᠶᠢᠴᠠᠭᠠᠨ᠎ᠠ᠃ ᠠᠲᠠᠷ ᠬᠠᠭᠠᠯᠪᠤᠷᠢᠯᠠᠬᠤ ᠬᠠᠷᠢᠭᠤᠴᠠᠯᠭᠠᠲᠠᠨ᠂ ᠠᠲᠠᠷ ᠬᠠᠭᠠᠯᠪᠤᠷᠢᠯᠠᠭᠰᠠᠨ ᠴᠠᠭ᠂ ᠲᠠᠯᠠᠪᠠᠶ᠂ ᠲᠠᠷᠢᠶᠠᠯᠠᠭ᠎ᠠ ᠶᠢᠨ ᠪᠠᠶᠢᠳᠠᠯ᠂ ᠬᠢᠨᠠᠨ ᠵᠥᠪᠰᠢᠶᠡᠷᠡᠬᠦ ᠭᠠᠷ ᠭᠦᠶᠴᠡᠳᠬᠡᠯ ᠵᠡᠷᠭᠡ ᠦᠨᠳᠦᠰᠦᠨ ᠪᠠᠶᠢᠳᠠᠯ ᠢ ᠭᠤᠤᠯᠳᠠᠯᠭ᠎ᠠ ᠲᠠᠢ ᠬᠠᠷᠭᠤᠭᠤᠯᠤᠨ ᠪᠠᠶᠢᠴᠠᠭᠠᠨ᠎ᠠ︔ ᠬᠤᠶᠠᠷ ᠲᠤ ᠲᠠᠷᠢᠶᠠᠨ ᠭᠠᠵᠠᠷ ᠤᠨ ᠪᠠᠶᠢᠭ᠎ᠠ ᠵᠠᠰᠠᠭ ᠤᠨ ᠣᠷᠳᠣᠨ 2 ᠰᠠᠷ᠎ᠠ ᠶᠢᠨ 27 ᠤ ᠡᠳᠦᠷ  ᠠᠴᠠ ᠡᠮᠦᠨ᠎ᠡ ᠵᠠᠳᠠᠯᠤᠯᠲᠠ ᠬᠢᠵᠦ ᠰᠤᠳᠤᠯᠤᠨ ᠮᠠᠭᠠᠳᠯᠠᠵᠤ᠂ ᠲᠠᠷᠢᠶᠠᠨ ᠭᠠᠵᠠᠷ ᠤᠨ ᠬᠠᠤᠯᠢ ᠶᠣᠰᠣᠨ ᠤ ᠴᠢᠨᠠᠷ ᠢ ᠨᠢᠭᠡ ᠨᠢᠭᠡ ᠭᠠᠵᠠᠷ ᠢᠶᠠᠷ ᠵᠦᠢ ᠵᠣᠬᠢᠰᠲᠠᠶ ᠮᠠᠭᠠᠳᠯᠠᠨ ᠲᠣᠭᠲᠠᠭᠠᠵᠤ᠂ ᠬᠠᠤᠯᠢ ᠶᠣᠰᠣᠨ ᠤ ᠲᠠᠷᠢᠶᠠᠨ ᠭᠠᠵᠠᠷ ᠪᠠ ᠬᠠᠤᠯᠢ ᠲᠣᠭᠲᠠᠭᠠᠯ ᠵᠥᠷᠢᠴᠡᠭᠰᠡᠨ ᠲᠠᠷᠢᠶᠠᠨ ᠭᠠᠵᠠᠷ ᠢ ᠢᠯᠭᠠᠬᠤ ᠶᠢᠨ ᠬᠠᠮᠲᠤ ᠡᠬᠡ ᠲᠠᠩᠰᠠ ᠪᠠᠶᠢᠭᠤᠯᠤᠨ᠎ᠠ︔ ᠭᠤᠷᠪᠠ ᠳᠤ ᠲᠠᠷᠢᠶᠠᠨ ᠭᠠᠵᠠᠷ ᠤᠨ ᠪᠠᠶᠢᠭ᠎ᠠ ᠵᠠᠰᠠᠭ ᠤᠨ ᠣᠷᠳᠣᠨ 2 ᠰᠠᠷ᠎ᠠ ᠶᠢᠨ 28 ᠤ ᠡᠳᠦᠷ ᠠᠴᠠ ᠡᠮᠦᠨ᠎ᠡ ᠬᠤᠯᠪᠣᠭᠳᠠᠯ ᠪᠥᠬᠦᠶ ᠭᠡᠷᠡᠴᠢ ᠮᠠᠲ᠋ᠧᠷᠢᠶᠠᠯ ᠢ ᠳᠡᠪᠲᠡᠷᠯᠡᠭᠡᠳ ᠬᠤᠰᠢᠭᠤᠨ ᠤ ᠵᠠᠰᠠᠭ ᠤᠨ ᠣᠷᠳᠣᠨ ᠳᠤ ᠮᠡᠳᠡᠭᠦᠯᠦᠨ᠎ᠡ᠃ ᠬᠠᠮᠠᠭᠠᠯᠠᠯᠲᠠ ᠶᠢᠨ ᠣᠷᠣᠨ ᠪᠠᠶᠢᠭᠤᠯᠤᠭᠳᠠᠬᠤ ᠠᠴᠠ ᠡᠮᠦᠨ᠎ᠡ ᠪᠠᠶᠢᠭᠰᠠᠨ ᠲᠠᠷᠢᠶᠠᠨ ᠭᠠᠵᠠᠷ ᠢ ᠬᠠᠤᠯᠢ ᠶᠣᠰᠣᠨ ᠤ ᠲᠠᠷᠢᠶᠠᠨ ᠭᠠᠵᠠᠷ ᠢᠶᠠᠷ ᠮᠠᠭᠠᠳᠯᠠᠨ ᠲᠣᠭᠲᠠᠭᠠᠵᠤ ᠪᠣᠯᠤᠨ᠎ᠠ᠃      ᠲᠦᠷᠦᠭᠦᠯᠡᠨ ᠬᠢᠬᠦ ᠨᠢᠭᠡᠴᠢ᠄ ᠮᠸᠡᠭ ᠰᠢ ᠪᠠᠯᠭᠠᠰᠤ᠂ ᠴᠢ ᠫᠠᠨ ᠵᠢᠩ ᠪᠠᠯᠭᠠᠰᠤ᠂ ᠠᠷᠪᠠᠰ ᠰᠤᠮᠤ      ᠬᠠᠮᠵᠢᠯᠴᠠᠬᠤ ᠨᠢᠭᠡᠴᠢ᠄ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠣᠪᠴᠢᠶ᠎ᠠ᠂ ᠪᠠᠷᠠᠭᠤᠨ ᠣᠷᠳᠣᠰ ᠤᠨ ᠤᠯᠤᠰ ᠤᠨ ᠲᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶ᠎ᠠ᠂ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ      ᠪᠡᠶᠡᠯᠡᠭᠦᠯᠬᠦ ᠴᠠᠭ ᠤᠨ ᠬᠢᠵᠠᠭᠠᠷᠯᠠᠯ᠄ 2022 ᠣᠨ ᠤ 2 ᠰᠠᠷ᠎ᠠ ᠶᠢᠨ 28 ᠤ ᠡᠳᠦᠷ᠃      ︵ᠬᠤᠶᠠᠷ︶ ᠬᠠᠮᠠᠭᠠᠯᠠᠯᠲᠠ ᠶᠢᠨ ᠣᠷᠣᠨ ᠳᠣᠲᠣᠷᠠᠬᠢ ᠲᠠᠷᠢᠶᠠᠨ ᠭᠠᠵᠠᠷ ᠢ ᠴᠡᠭᠴᠡᠯᠡᠨ᠎ᠡ᠃      ⒈ᠨᠣᠴᠣᠭᠠᠨ᠎ᠠ ᠶᠢᠨ ᠲᠠᠷᠬᠠᠯᠲᠠ ᠶᠢᠨ ᠣᠷᠣᠨ ᠳᠣᠲᠣᠷᠠᠬᠢ ᠲᠠᠷᠢᠶᠠᠨ ᠭᠠᠵᠠᠷ ᠢ ᠴᠡᠭᠴᠡᠯᠡᠨ᠎ᠡ᠃ ᠨᠣᠴᠣᠭᠠᠨ᠎ᠠ ᠶᠢᠨ ᠲᠠᠷᠬᠠᠯᠲᠠ ᠶᠢᠨ ᠣᠷᠣᠨ ᠳᠣᠲᠣᠷᠠᠬᠢ ᠲᠠᠷᠢᠶᠠᠨ ᠭᠠᠵᠠᠷ ᠢ ᠵᠠᠷᠴᠢᠮ ᠳᠡᠭᠡᠷ᠎ᠡ ᠪᠠᠨ ᠪᠦᠬᠦᠨ ᠢ ᠲᠠᠷᠢᠶᠠᠯᠠᠬᠤ ᠶᠢ ᠨᠢ ᠵᠣᠭᠰᠣᠭᠠᠵᠤ᠂ ᠬᠠᠷᠭᠤᠭᠤᠯᠤᠨ ᠪᠠᠶᠢᠴᠠᠭᠠᠭᠰᠠᠨ ᠦᠷ᠎ᠡ ᠳ᠋ᠦᠩ ᠳᠤ ᠦᠨᠳᠦᠰᠦᠯᠡᠨ ᠲᠥᠷᠥᠯ ᠬᠤᠪᠢᠶᠠᠵᠤ ᠰᠢᠢᠳᠪᠦᠷᠢᠯᠡᠨ᠎ᠡ᠃ ᠨᠢᠭᠡ ᠳᠤ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠣᠪᠴᠢᠶ᠎ᠠ 2 ᠰᠠᠷ᠎ᠠ ᠶᠢᠨ 28 ᠤ ᠡᠳᠦᠷ ᠠᠴᠠ ᠡᠮᠦᠨ᠎ᠡ ᠬᠠᠮᠠᠭᠠᠯᠠᠯᠲᠠ ᠶᠢᠨ ᠣᠷᠣᠨ ᠤ ᠨᠣᠴᠣᠭᠠᠨ᠎ᠠ ᠤᠷᠭᠤᠬᠤ ᠣᠷᠣᠨ ᠳᠣᠲᠣᠷᠠᠬᠢ ᠭᠠᠵᠠᠷ ᠨᠡᠭᠡᠭᠡᠵᠦ ᠳᠠᠷᠢᠬᠤ ᠭᠡᠷᠡᠴᠢ ᠪᠠ ᠦᠨᠡᠮᠯᠡᠯ ᠢ ᠬᠦᠴᠦᠨ ᠥᠬᠡᠶ ᠪᠣᠯᠭᠠᠨ᠎ᠠ︔ ᠬᠤᠶᠠᠷ ᠲᠤ ᠨᠣᠴᠣᠭᠠᠨ᠎ᠠ ᠶᠢᠨ ᠲᠠᠷᠬᠠᠯᠲᠠ ᠶᠢᠨ ᠣᠷᠣᠨ ᠳᠣᠲᠣᠷᠠᠬᠢ ᠬᠠᠤᠯᠢ ᠶᠣᠰᠣᠨ ᠤ ᠲᠠᠷᠢᠶᠠᠨ ᠭᠠᠵᠠᠷ ᠢᠶᠠᠷ ᠮᠠᠭᠠᠳᠯᠠᠨ ᠲᠣᠭᠲᠠᠭᠠᠭᠰᠠᠨ ᠪᠣᠯ᠂ ᠮᠧᠩ ᠰᠢ ᠪᠠᠯᠭᠠᠰᠤᠨ ᠤ ᠵᠠᠰᠠᠭ ᠤᠨ ᠣᠷᠳᠣᠨ 2 ᠰᠠᠷ᠎ᠠ ᠶᠢᠨ 28 ᠤ ᠡᠳᠦᠷ ᠠᠴᠠ ᠡᠮᠦᠨ᠎ᠡ ᠮᠠᠯᠴᠢᠨ ᠲᠠᠷᠢᠶᠠᠴᠢᠨ ᠤ ᠠᠰᠢᠭ ᠲᠤᠰᠠ ᠶᠢ ᠠᠯᠢ ᠴᠢᠳᠠᠬᠤ ᠪᠠᠷ ᠬᠤᠬᠢᠷᠠᠭᠤᠯᠬᠤ ᠦᠭᠡᠢ ᠪᠠᠶᠢᠬᠤ ᠪᠠ ᠮᠠᠯᠴᠢᠨ ᠲᠠᠷᠢᠶᠠᠴᠢᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠭᠰᠠᠨ ᠰᠠᠭᠤᠷᠢᠨ ᠳᠡᠭᠡᠷ᠎ᠡ ᠲᠠᠷᠢᠶᠠᠨ ᠭᠠᠵᠠᠷ ᠢ ᠪᠤᠴᠠᠭᠠᠨ ᠭᠠᠷᠭᠠᠬᠤ ᠲᠥᠰᠦᠯ ᠲᠣᠭᠲᠠᠭᠠᠨ᠂ 3 ᠰᠠᠷ᠎ᠠ ᠶᠢᠨ 15 ᠤ ᠡᠳᠦᠷ ᠠᠴᠠ ᠡᠮᠦᠨ᠎ᠡ ᠮᠠᠯᠴᠢᠨ ᠲᠠᠷᠢᠶᠠᠴᠢᠨ ᠲᠠᠢ ᠲᠠᠷᠢᠶᠠᠯᠠᠬᠤ ᠶᠢ ᠵᠣᠭᠰᠣᠭᠠᠬᠤ ᠬᠡᠯᠡᠯᠴᠡᠭᠡᠷ ᠲᠣᠭᠲᠠᠵᠤ᠂ ᠲᠠᠷᠢᠶᠠᠨ ᠭᠠᠵᠠᠷ ᠢ ᠰᠣᠯᠢᠬᠤ᠂ ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ᠂ ᠡᠷᠭᠢᠯᠳᠦᠭᠦᠯᠵᠦ ᠲᠠᠲᠠᠪᠤᠷᠢᠯᠠᠭᠰᠠᠨ ᠳᠤ ᠨᠥᠬᠦᠪᠦᠷᠢ ᠥᠭᠬᠦ ᠵᠡᠷᠭᠡ ᠠᠷᠭ᠎ᠠ ᠬᠡᠯᠪᠡᠷᠢ ᠪᠠᠷ ᠲᠠᠷᠢᠶᠠᠨ ᠭᠠᠵᠠᠷ ᠲᠤ ᠲᠠᠷᠢᠶᠠᠯᠠᠬᠤ ᠶᠢ ᠵᠣᠭᠰᠣᠭᠠᠬᠤ ᠠᠵᠢᠯ ᠢ ᠡᠮᠬᠢ ᠳᠢᠭᠯᠢᠮ ᠲᠠᠢ ᠪᠠᠷ ᠪᠡᠶᠡᠯᠡᠭᠦᠯᠦᠨ᠎ᠡ︔ ᠭᠤᠷᠪᠠ ᠳᠤ ᠲᠦᠷᠢᠮ ᠲᠣᠭᠲᠠᠭᠠᠯ ᠬᠠᠤᠯᠢ ᠴᠠᠭᠠᠵᠠ ᠵᠥᠷᠢᠴᠡᠭᠰᠡᠨ ᠬᠡᠷᠡᠭ ᠲᠤ ᠬᠤᠯᠪᠣᠭᠳᠠᠭᠰᠠᠨ ᠲᠠᠷᠢᠶᠠᠨ ᠭᠠᠵᠠᠷ ᠲᠤ ᠮᠧᠩ ᠰᠢ ᠪᠠᠯᠭᠠᠰᠤᠨ ᠤ ᠵᠠᠰᠠᠭ ᠤᠨ ᠣᠷᠳᠣᠨ 3 ᠰᠠᠷ᠎ᠠ ᠶᠢᠨ 15 ᠤ ᠡᠳᠦᠷ ᠠᠴᠠ ᠡᠮᠦᠨ᠎ᠡ ᠲᠠᠷᠢᠶᠠᠯᠠᠬᠤ ᠶᠢ ᠴᠠᠭᠠᠵᠠᠯᠠᠬᠤ ᠮᠡᠳᠡᠭᠳᠡᠯ ᠪᠠᠭᠤᠯᠭᠠᠨ᠂ ᠮᠠᠯᠴᠢᠨ ᠲᠠᠷᠢᠶᠠᠴᠢᠨ ᠲᠠᠢ ᠲᠠᠷᠢᠶᠠᠯᠠᠬᠤ ᠶᠢ ᠴᠠᠭᠠᠵᠠᠯᠠᠬᠤ ᠬᠡᠯᠡᠯᠴᠡᠭᠡᠷ ᠲᠣᠭᠲᠠᠬᠤ ᠶᠢᠨ ᠬᠠᠮᠲᠤ ᠬᠠᠤᠯᠢ ᠬᠡᠷᠡᠭᠵᠢᠭᠦᠯᠬᠦ ᠪᠠᠶᠢᠭᠤᠯᠭ᠎ᠠ ᠠᠴᠠ ᠬᠠᠤᠯᠢ ᠲᠣᠭᠲᠠᠭᠠᠯ ᠶᠣᠰᠣᠭᠠᠷ ᠪᠠᠶᠢᠴᠠᠭᠠᠨ ᠰᠢᠢᠳᠪᠦᠷᠢᠯᠡᠵᠦ᠂ ᠠᠮᠢ ᠠᠬᠤᠶ ᠶᠢ ᠰᠡᠷᠭᠦᠭᠡᠬᠦ ᠪᠠᠷ ᠵᠠᠷᠯᠢᠭᠳᠠᠨ᠎ᠠ︔ ᠳᠥᠷᠪᠡ ᠳᠤ ᠮᠧᠩ ᠰᠢ ᠪᠠᠯᠭᠠᠰᠤᠨ ᠤ ᠵᠠᠰᠠᠭ ᠤᠨ ᠣᠷᠳᠣᠨ ᠢᠯᠡᠴᠢᠯᠡᠨ ᠮᠡᠳᠡᠭᠦᠯᠬᠦ ᠤᠲᠠᠰᠤ ᠭᠠᠷᠭᠠᠬᠤ᠂ ᠲᠣᠭᠤᠷᠢᠨ ᠪᠠᠶᠢᠴᠠᠭᠠᠵᠤ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠬᠢᠨᠠᠯᠲᠠ ᠬᠠᠮᠢᠶᠠᠷᠤᠯᠲᠠ ᠪᠠᠨ ᠣᠷᠳᠣ ᠬᠤᠭᠤᠴᠠᠭ᠎ᠠ ᠪᠠᠷ ᠴᠢᠩᠭᠠᠳᠬᠠᠨ᠎ᠠ᠂ ᠲᠠᠷᠢᠬᠤ ᠶᠢ ᠴᠠᠭᠠᠵᠠᠯᠠᠬᠤ ᠮᠡᠳᠡᠭᠳᠡᠯ ᠪᠠᠭᠤᠯᠭᠠᠭᠰᠠᠨ ᠤ ᠳᠠᠷᠠᠭ᠎ᠠ ᠦᠷᠭᠦᠯᠵᠢᠯᠡᠨ ᠳᠠᠷᠢᠵᠤ ᠪᠠᠶᠢᠭ᠎ᠠ ᠪᠠᠶᠢᠳᠠᠯ ᠭᠠᠷᠪᠠᠯ᠂ ᠬᠠᠷᠢᠶ᠎ᠠ ᠭᠠᠵᠠᠷ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠠᠴᠠ ᠬᠠᠷᠢᠭᠤᠴᠠᠯᠭ᠎ᠠ ᠨᠡᠬᠡᠮᠵᠢᠯᠡᠨ᠎ᠡ᠃      ⒉ᠬᠠᠮᠠᠭᠠᠯᠠᠯᠲᠠ ᠶᠢᠨ ᠣᠷᠣᠨ ᠤ ᠨᠣᠴᠣᠭᠠᠨ᠎ᠠ ᠣᠷᠭᠤᠭᠰᠠᠨ ᠦᠭᠡᠢ ᠲᠠᠷᠬᠠᠯᠲᠠ ᠶᠢᠨ ᠣᠷᠣᠨ ᠳᠣᠲᠣᠷᠠᠬᠢ ᠲᠠᠷᠢᠶᠠᠨ ᠭᠠᠵᠠᠷ ᠢ ᠴᠡᠭᠴᠡᠯᠡᠨ᠎ᠡ᠃ ᠬᠠᠮᠠᠭᠠᠯᠠᠯᠲᠠ ᠶᠢᠨ ᠣᠷᠣᠨ ᠤ ᠨᠣᠴᠣᠭᠠᠨ᠎ᠠ ᠣᠷᠭᠤᠭᠰᠠᠨ ᠦᠭᠡᠢ ᠲᠠᠷᠬᠠᠯᠲᠠ ᠶᠢᠨ ᠣᠷᠣᠨ ᠳᠤ 15252.25 ᠮᠦ ᠶᠢᠨ 166 ᠲᠠᠷᠢᠶᠠᠨ ᠭᠠᠵᠠᠷ ᠪᠠᠶᠢᠨ᠎ᠠ᠂ ᠬᠠᠷᠭᠤᠭᠤᠯᠤᠨ ᠪᠠᠶᠢᠴᠠᠭᠠᠭᠰᠠᠨ ᠦᠷ᠎ᠡ ᠳ᠋ᠦᠩ ᠳᠤ ᠦᠨᠳᠦᠰᠦᠯᠡᠵᠦ ᠲᠥᠷᠥᠯ ᠬᠤᠪᠢᠶᠠᠨ ᠰᠢᠢᠳᠪᠦᠷᠢᠯᠡᠨ᠎ᠡ᠃ ᠨᠢᠭᠡ ᠳᠤ ᠬᠠᠤᠯᠢ ᠶᠣᠰᠣᠨ ᠳᠤ ᠨᠡᠶᠢᠴᠡᠭᠰᠡᠨ ᠢᠶᠠᠷ ᠬᠢᠨᠠᠨ ᠲᠣᠭᠲᠠᠭᠠᠭᠰᠠᠨ ᠲᠠᠷᠢᠶᠠᠨ ᠭᠠᠵᠠᠷ ᠢ ᠬᠠᠷᠢᠶ᠎ᠠ ᠭᠠᠵᠠᠷ ᠤᠨ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠠᠴᠠ ᠨᠢᠭᠡᠳᠦᠯᠲᠡᠢ ᠳᠠᠩᠰᠠᠯᠠᠵᠤ ᠬᠠᠮᠢᠶᠠᠷᠤᠨ᠂ ᠡᠳᠦᠷ ᠳᠣᠳᠥᠮ ᠤᠨ ᠬᠢᠨᠠᠨ ᠬᠠᠮᠢᠶᠠᠷᠤᠯᠲᠠ ᠶᠢ ᠴᠢᠩᠭᠠᠳᠬᠠᠵᠤ᠂ ᠲᠠᠷᠢᠮᠠᠯ ᠤᠨ ᠲᠠᠯᠠᠪᠡᠢ ᠶᠢ ᠶᠡᠬᠡᠳᠬᠡᠬᠦ ᠶᠢ ᠴᠢᠩᠭ᠎ᠠ ᠴᠠᠭᠠᠵᠠᠯᠠᠨ᠎ᠠ᠃ ᠬᠤᠶᠠᠷ ᠲᠤ ᠬᠠᠤᠯᠢ ᠳᠦᠷᠢᠮ ᠵᠥᠷᠢᠴᠡᠭᠰᠡᠨ ᠳᠤ ᠬᠤᠯᠪᠣᠭᠳᠠᠭᠰᠠᠨ ᠲᠠᠷᠢᠶᠠᠨ ᠭᠠᠵᠠᠷ ᠢ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠠᠴᠠ ᠲᠠᠷᠢᠶᠠᠯᠠᠬᠤ ᠶᠢ ᠴᠠᠭᠠᠵᠠᠯᠠᠬᠤ ᠮᠡᠳᠡᠭᠳᠡᠯ ᠪᠠᠭᠤᠯᠭᠠᠵᠤ᠂ ᠲᠠᠷᠢᠶᠠᠯᠠᠬᠤ ᠶᠢ ᠴᠠᠭᠠᠵᠠᠯᠠᠬᠤ ᠬᠡᠯᠡᠯᠴᠡᠭᠡᠷ ᠲᠣᠭᠲᠠᠨ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠳᠦᠷᠢᠮ︾ ᠵᠡᠷᠭᠡ ᠬᠤᠯᠪᠣᠭᠳᠠᠯ ᠪᠦᠬᠦᠢ ᠬᠠᠤᠯᠢ ᠲᠣᠭᠲᠠᠭᠠᠯ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠭᠰᠡᠨ ᠬᠠᠤᠯᠢ ᠳᠦᠷᠢᠮ ᠵᠥᠷᠢᠴᠡᠭᠰᠡᠨ ᠠᠵᠢᠯᠯᠠᠭ᠎ᠠ ᠶᠢᠨ ᠲᠤᠰᠬᠠᠢ ᠴᠡᠭᠴᠡᠯᠡᠯᠲᠡ ᠶᠢᠨ ᠠᠵᠢᠯ ᠤᠨ ᠱᠠᠭᠠᠷᠳᠠᠯᠭ᠎ᠠ ᠪᠠᠷ ᠯᠠᠪᠯᠠᠯᠲᠠ ᠪᠣᠯᠭᠠᠵᠤ 2022 ᠣᠨ ᠤ 3 ᠰᠠᠷ᠎ᠠ ᠶᠢᠨ 15 ᠤ ᠡᠳᠦᠷ ᠠᠴᠠ ᠡᠮᠦᠨ᠎ᠡ ᠪᠠᠶᠢᠴᠠᠭᠠᠵᠤ ᠰᠢᠢᠳᠪᠦᠷᠢᠯᠡᠨ᠎ᠡ᠃ ᠭᠤᠷᠪᠡ ᠳᠤ ᠬᠠᠷᠢᠶ᠎ᠠ ᠭᠠᠵᠠᠷ ᠤᠨ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠢᠯᠡᠴᠢᠯᠡᠨ ᠮᠡᠳᠡᠭᠦᠯᠬᠦ ᠤᠲᠠᠰᠤ ᠭᠠᠷᠭᠠᠬᠤ᠂ ᠲᠣᠭᠤᠷᠢᠨ ᠪᠠᠶᠢᠴᠠᠭᠠᠵᠤ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠬᠢᠨᠠᠯᠲᠠ ᠬᠠᠮᠢᠶᠠᠷᠤᠯᠲᠠ ᠪᠠᠨ ᠣᠷᠳᠣ ᠬᠤᠭᠤᠴᠠᠭ᠎ᠠ ᠪᠠᠷ ᠴᠢᠩᠭᠠᠳᠬᠠᠨ᠂ ᠲᠠᠬᠢᠨ ᠠᠲᠠᠷ ᠬᠠᠭᠠᠯᠪᠤᠷᠢᠯᠠᠬᠤ᠂ ᠰᠢᠨ᠎ᠡ ᠪᠠᠷ ᠠᠲᠠᠷ ᠬᠠᠭᠠᠯᠪᠤᠷᠢᠯᠠᠬᠤ ᠶᠢ ᠡᠷᠡᠰ ᠴᠠᠭᠠᠵᠠᠯᠠᠨ᠎ᠠ᠂ ᠡᠰᠡᠪᠡᠯ ᠬᠠᠷᠢᠶ᠎ᠠ ᠭᠠᠵᠠᠷ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠠᠴᠠ ᠬᠠᠷᠢᠭᠤᠴᠠᠯᠭ᠎ᠠ ᠨᠡᠬᠡᠮᠵᠢᠯᠡᠨ᠎ᠡ᠃      ᠪᠠᠶᠢᠭ᠎ᠠ ᠭᠠᠵᠠᠷ ᠤᠨ ᠠᠷᠠᠳ ᠤᠨ ᠵᠠᠰᠠᠭ ᠤᠨ ᠣᠷᠳᠣᠨ ᠮᠠᠯᠴᠢᠨ ᠲᠠᠷᠢᠶᠠᠴᠢᠨ ᠤ ᠠᠮᠢ ᠠᠬᠤᠶ ᠪᠠᠨ ᠰᠡᠷᠭᠦᠭᠡᠬᠦ ᠶᠢ ᠱᠠᠭᠠᠷᠳᠠᠵᠤ ᠬᠢᠨᠠᠨ᠂ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠮᠡᠷᠭᠡᠵᠢᠯ ᠤᠨ ᠵᠢᠯᠣᠭᠤᠳᠣᠯᠭ᠎ᠠ ᠬᠢᠨ᠎ᠡ᠃ ᠠᠶᠠᠨᠳᠠᠭᠠᠨ ᠰᠡᠷᠭᠦᠭᠡᠬᠦ ᠪᠠᠷ ᠭᠤᠤᠯ ᠪᠣᠯᠭᠠᠵᠤ᠂ ᠬᠥᠮᠦᠨ ᠤ ᠬᠦᠴᠦ ᠪᠠᠷ ᠬᠠᠮᠢᠶᠠᠷᠬᠤ ᠪᠠᠷ ᠬᠠᠪᠰᠤᠷᠤᠮᠵᠢ ᠪᠣᠯᠭᠠᠬᠤ ᠠᠷᠭ᠎ᠠ ᠬᠡᠯᠪᠡᠷᠢ ᠪᠠᠷ ᠠᠮᠢ ᠠᠬᠤᠢ ᠶᠢ ᠰᠡᠷᠭᠦᠭᠡᠨ᠂ ᠥᠩᠭᠡᠷᠡᠭᠰᠡᠨ ᠵᠢᠯ ᠤᠳ ᠲᠤ ᠴᠠᠷᠭᠠᠰᠤ ᠲᠠᠷᠢᠭᠰᠠᠨ ᠪᠣᠯ ᠤᠰᠤᠯᠠᠬᠤ᠂ ᠬᠠᠳᠤᠵᠤ ᠬᠤᠷᠢᠶᠠᠬᠤ ᠶᠢ ᠴᠠᠭᠠᠵᠠᠯᠠᠨ᠎ᠠ᠃       ᠲᠥᠷᠦᠭᠦᠯᠡᠨ ᠬᠢᠬᠦ ᠨᠢᠭᠡᠴᠢ᠄ ᠮᠸᠡᠭ ᠰᠢ ᠪᠠᠯᠭᠠᠰᠤ᠂ ᠴᠢ ᠫᠠᠨ ᠵᠢᠩ ᠪᠠᠯᠭᠠᠰᠤ᠂ ᠠᠷᠪᠠᠰ ᠰᠤᠮᠤ      ᠬᠠᠮᠵᠢᠯᠴᠠᠬᠤ ᠨᠢᠭᠡᠴᠢ᠄ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠪᠠᠷᠠᠭᠤᠨ ᠣᠷᠳᠣᠰ ᠤᠨ ᠤᠯᠤᠰ ᠤᠨ ᠲᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ      ᠪᠡᠶᠡᠯᠡᠭᠦᠯᠬᠦ ᠴᠠᠭ ᠤᠨ ᠬᠢᠵᠠᠭᠠᠷᠯᠠᠯ᠄ 2022 ᠣᠨ ᠤ 3 ᠰᠠᠷ᠎ᠠ ᠶᠢᠨ 15 ᠤ ᠡᠳᠦᠷ᠂ ᠤᠷᠲᠤ ᠬᠤᠭᠤᠴᠠᠭ᠎ᠠ ᠪᠠᠷ ᠪᠠᠷᠢᠮᠲᠠᠯᠠᠨ᠎ᠠ᠃      ᠭᠤᠷᠪᠠ᠂ ᠠᠵᠢᠯ ᠤᠨ ᠱᠠᠭᠠᠷᠳᠠᠯᠭ᠎ᠠ      ︵ᠨᠢᠭᠡ︶ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ᠎ᠡ᠃ ᠡᠯ᠎ᠡ ᠰᠤᠮᠤ ᠪᠠᠯᠭᠠᠰᠤ᠂ ᠡᠯ᠎ᠡ ᠬᠤᠯᠪᠣᠭᠳᠠᠯ ᠪᠥᠬᠦᠶ ᠪᠠᠶᠢᠭᠤᠯᠭ᠎ᠠ ᠤᠯᠤᠰ ᠲᠥᠷᠥ  ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠦᠵᠡᠯ ᠰᠠᠨᠠᠭ᠎ᠠ ᠪᠠ ᠦᠶᠯᠡ ᠠᠵᠢᠯᠯᠠᠭ᠎ᠠ ᠪᠠᠨ ᠴᠡᠭᠴᠡᠯᠡᠬᠦ ᠠᠵᠢᠯ ᠳᠡᠭᠡᠷ᠎ᠡ ᠨᠢᠭᠡᠳᠬᠡᠨ᠂ ᠡᠷᠡᠰ ᠪᠠᠲᠤ ᠵᠣᠷᠢᠭ ᠪᠠ ᠣᠨᠣᠪᠴᠢᠲᠠᠶ ᠠᠷᠭ᠎ᠠ ᠬᠡᠮᠵᠢᠶ᠎ᠡ ᠪᠠᠷ ᠰᠠᠭᠤᠷᠢ ᠠᠵᠢᠯ ᠢ ᠯᠠᠪᠳᠠᠭᠤᠨ ᠪᠠᠲᠤᠲᠠᠶ ᠬᠢᠵᠦ᠂ ᠵᠠᠩᠭᠢᠯᠠᠭ᠎ᠠ ᠶᠢᠨ ᠭᠤᠭᠴᠤᠭ᠎ᠠ ᠶᠢ ᠪᠣᠳᠠᠲᠠᠶ ᠠᠳᠬᠤᠨ᠂ ᠴᠡᠭᠴᠡᠯᠡᠬᠦ ᠠᠵᠢᠯ ᠢ ᠲᠡᠦᠬᠡ ᠪᠠ ᠦᠶᠯᠡᠳᠦᠯᠭᠡ ᠶᠢᠨ ᠰᠢᠯᠭᠠᠯᠲᠠ ᠶᠢ ᠳᠠᠭᠠᠭᠠᠵᠤ ᠳᠡᠶᠢᠯᠬᠦ ᠪᠣᠯᠭᠠᠨ᠎ᠠ᠃      ︵ᠬᠤᠶᠠᠷ︶ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠴᠢᠩᠭᠠᠳᠬᠠᠨ᠎ᠠ᠃ ᠡᠯ᠎ᠡ ᠱᠠᠲᠤᠨ ᠤ ᠤᠢ ᠰᠢᠭᠤᠢ ᠶᠢᠨ ᠳᠠᠷᠤᠭ᠎ᠠ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠤᠢ ᠰᠢᠭᠤᠢ ᠶᠢᠨ ᠳᠠᠷᠤᠭ᠎ᠠ ᠶᠢᠨ ᠲᠣᠭᠲᠠᠯᠴᠠᠭ᠎ᠠ ᠶᠢᠨ ᠰᠢᠰᠲ᠋ᠧᠮ ᠤᠨ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠲᠣᠣᠷᠴᠢᠯᠠᠭᠰᠠᠨ ᠬᠠᠮᠢᠶᠠᠷᠤᠯᠲᠠ ᠶᠢᠨ ᠦᠢᠯᠡᠳᠦᠯ ᠢ ᠪᠠᠳᠠᠷᠠᠭᠤᠯᠤᠨ᠎ᠠ᠃ ᠡᠯ᠎ᠡ ᠰᠤᠮᠤ ᠪᠠᠯᠭᠠᠰᠤ᠂ ᠡᠯ᠎ᠡ ᠬᠤᠯᠪᠣᠭᠳᠠᠯ ᠪᠥᠬᠦᠶ ᠪᠠᠶᠢᠭᠤᠯᠭ᠎ᠠ ᠭᠤᠤᠯ ᠴᠣᠭᠴᠠ ᠶᠢᠨ ᠬᠠᠷᠢᠭᠤᠴᠠᠯᠭ᠎ᠠ  ᠪᠠᠨ ᠦᠨᠡᠨ ᠬᠦ ᠭᠦᠶᠴᠡᠳᠬᠡᠵᠦ᠂ ᠰᠠᠨᠠᠭᠠᠴᠢᠯᠠᠭ᠎ᠠ ᠠᠴᠠ ᠪᠠᠨ ᠠᠵᠢᠯᠯᠠᠨ᠂ ᠬᠦᠯᠢᠶᠡᠬᠦ ᠥᠬᠡᠶ ᠲᠦᠰᠢᠭᠯᠡᠬᠦ ᠥᠬᠡᠶ ᠪᠠᠶᠢᠬᠤ ᠶᠢ ᠪᠠᠷᠢᠮᠲᠠᠯᠠᠵᠤ᠂ ᠳᠡᠭᠡᠳᠦ ᠳᠣᠤᠷᠠᠳᠤ ᠱᠠᠲᠤ ᠪᠠᠷ ᠢᠶᠠᠨ ᠬᠤᠯᠪᠣᠭᠠᠯᠠᠨ᠂ ᠡᠮᠬᠢ ᠳᠢᠭᠯᠢᠮ ᠲᠠᠢ ᠪᠠᠷ ᠠᠬᠢᠭᠤᠯᠤᠨ᠎ᠠ᠃      ︵ᠭᠤᠷᠪᠡ︶ ᠪᠠᠶᠢᠭᠤᠯᠭ᠎ᠠ ᠨᠤᠭᠤᠳ ᠤᠨ ᠬᠠᠮᠲᠤᠷᠠᠯᠴᠠᠭ᠎ᠠ ᠶᠢ ᠴᠢᠩᠭᠠᠳᠬᠠᠨ᠎ᠠ᠃ ᠡᠯ᠎ᠡ ᠰᠤᠮᠤ ᠪᠠᠯᠭᠠᠰᠤ᠂ ᠡᠯ᠎ᠡ ᠬᠤᠯᠪᠣᠭᠳᠠᠯ ᠪᠥᠬᠦᠶ ᠪᠠᠶᠢᠭᠤᠯᠭ᠎ᠠ ᠬᠠᠷᠢᠯᠴᠠᠭ᠎ᠠ ᠪᠠᠨ ᠴᠢᠩᠭᠠᠳᠬᠠᠨ᠂ ᠬᠠᠮᠲᠤᠷᠠᠯ ᠬᠦᠴᠦᠨ ᠢ ᠪᠦᠷᠢᠯᠳᠦᠭᠦᠯᠵᠦ᠂ ᠠᠵᠢᠯ ᠤᠨ ᠪᠣᠳᠠᠲᠤ ᠪᠦᠲᠦᠮᠵᠢ ᠪᠠᠨ ᠳᠡᠭᠡᠭᠰᠢᠯᠡᠭᠦᠯᠦᠨ᠎ᠡ᠃ ᠡᠯ᠎ᠡ ᠰᠤᠮᠤ ᠪᠠᠯᠭᠠᠰᠤ ᠲᠠᠷᠢᠶᠠᠨ ᠭᠠᠵᠠᠷ ᠤᠨ ᠵᠢᠷᠤᠭ ᠢ ᠬᠠᠷᠭᠤᠭᠤᠯᠤᠨ ᠪᠠᠶᠢᠴᠠᠭᠠᠬᠤ ᠶᠢ ᠬᠠᠷᠢᠭᠤᠴᠠᠬᠤ ᠶᠢᠨ ᠬᠠᠮᠲᠤ ᠡᠬᠡ ᠲᠠᠩᠰᠠ ᠪᠠᠶᠢᠭᠤᠯᠤᠨ᠎ᠠ︔ ᠬᠠᠤᠯᠢ ᠲᠣᠭᠲᠠᠭᠠᠯ ᠠᠴᠠ ᠵᠥᠷᠢᠴᠡᠭᠰᠡᠨ ᠲᠠᠷᠢᠶᠠᠨ ᠭᠠᠵᠠᠷ ᠢ ᠪᠠᠶᠢᠴᠠᠭᠠᠨ ᠰᠢᠶᠳᠪᠦᠷᠢᠯᠡᠵᠦ ᠴᠡᠭᠴᠡᠯᠡᠨ᠎ᠡ︔ ᠦᠯᠡᠳᠡᠭᠡᠭᠰᠡᠨ ᠲᠠᠷᠢᠶᠠᠨ ᠭᠠᠵᠠᠷ ᠢ ᠬᠢᠨᠠᠨ ᠬᠠᠮᠢᠶᠠᠷᠤᠨ᠎ᠠ᠃ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠬᠠᠮᠠᠭᠠᠯᠠᠯᠲᠠ ᠶᠢᠨ ᠣᠷᠣᠨ ᠳᠣᠲᠣᠷᠠᠬᠢ ᠲᠠᠷᠢᠶᠠᠨ ᠭᠠᠵᠠᠷ ᠤᠨ ᠵᠢᠷᠤᠭ ᠤᠨ ᠲᠤᠭ᠎ᠠ ᠪᠠᠷᠢᠮᠲᠠ ᠶᠢ ᠬᠠᠩᠭᠠᠨ᠎ᠠ︔ ᠲᠠᠷᠢᠶᠠᠨ ᠭᠠᠵᠠᠷ ᠤᠨ ᠵᠢᠷᠤᠭ ᠢ ᠬᠠᠷᠭᠤᠭᠤᠯᠤᠨ ᠪᠠᠶᠢᠴᠠᠭᠠᠭᠰᠠᠨ ᠦᠷ᠎ᠡ ᠳ᠋ᠦᠩ ᠢ ᠨᠤᠲᠠᠯᠠᠨ᠎ᠠ︔ ᠲᠠᠷᠢᠶᠠᠨ ᠭᠠᠵᠠᠷ ᠤᠨ ᠵᠢᠷᠤᠭ ᠢ ᠬᠠᠷᠭᠤᠭᠤᠯᠤᠨ ᠪᠠᠶᠢᠴᠠᠭᠠᠬᠤ ᠠᠵᠢᠯ ᠢ ᠬᠠᠮᠵᠢᠯᠴᠠᠨ ᠪᠡᠶᠡᠯᠡᠭᠦᠯᠦᠨ᠎ᠡ᠃ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠣᠪᠴᠢᠶ᠎ᠠ ᠲᠠᠷᠢᠶᠠᠨ ᠭᠠᠵᠠᠷ ᠤᠨ ᠬᠠᠤᠯᠢ ᠶᠣᠰᠣᠨ ᠤ ᠴᠢᠨᠠᠷ ᠤᠨ ᠨᠤᠲᠠᠯᠠᠯᠲᠠ ᠬᠢᠬᠦ ᠶᠢ ᠬᠠᠷᠢᠭᠤᠴᠠᠨ᠎ᠠ︔ ᠨᠣᠴᠣᠭᠠᠨ᠎ᠠ ᠶᠢᠨ ᠲᠠᠷᠬᠠᠯᠲᠠ ᠶᠢᠨ ᠣᠷᠣᠨ ᠳᠣᠲᠣᠷᠠᠬᠢ ᠲᠠᠷᠢᠶᠠᠨ ᠭᠠᠵᠠᠷ ᠤᠨ ᠬᠤᠯᠪᠣᠭᠳᠠᠯ ᠪᠦᠬᠦᠢ ᠭᠡᠷᠡᠴᠢ ᠦᠨᠡᠮᠯᠡᠯ ᠢ ᠬᠦᠴᠦᠨ ᠦᠭᠡᠢ ᠪᠣᠯᠭᠠᠨ᠎ᠠ︔ ᠲᠠᠷᠢᠶᠠᠨ ᠭᠠᠵᠠᠷ ᠤᠨ ᠵᠢᠷᠤᠭ ᠢ ᠬᠠᠷᠭᠤᠭᠤᠯᠤᠨ ᠪᠠᠶᠢᠴᠠᠭᠠᠬᠤ ᠠᠵᠢᠯ ᠢ ᠬᠠᠮᠵᠢᠯᠴᠠᠨ ᠪᠡᠶᠡᠯᠡᠭᠦᠯᠦᠨ᠎ᠡ︔ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠨᠣᠴᠣᠭᠠᠨ᠎ᠠ ᠶᠢᠨ ᠲᠠᠷᠬᠠᠯᠲᠠ ᠶᠢᠨ ᠣᠷᠣᠨ ᠲᠣᠭᠤᠷᠢᠭ ᠤᠨ ᠲᠤᠭ᠎ᠠ ᠪᠠᠷᠢᠮᠲᠠ ᠶᠢ ᠬᠠᠩᠭᠠᠨ᠎ᠠ︔ ᠲᠠᠷᠢᠶᠠᠨ ᠭᠠᠵᠠᠷ ᠤᠨ ᠵᠢᠷᠤᠭ ᠢ ᠬᠠᠷᠭᠤᠭᠤᠯᠤᠨ ᠪᠠᠶᠢᠴᠠᠭᠠᠵᠤ ᠴᠡᠭᠴᠡᠯᠡᠨ᠎ᠡ᠃ ᠪᠠᠷᠠᠭᠤᠨ ᠣᠷᠳᠣᠰ ᠤᠨ ᠤᠯᠤᠰ ᠤᠨ ᠲᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶ᠎ᠠ ᠬᠠᠮᠠᠭᠠᠯᠠᠯᠲᠠ ᠶᠢᠨ ᠣᠷᠣᠨ ᠤ ᠵᠠᠭᠠᠭ ᠱᠤᠭᠤᠮ ᠢ ᠬᠠᠩᠭᠠᠨ᠎ᠠ︔ ᠬᠠᠮᠠᠭᠠᠯᠠᠯᠲᠠ ᠶᠢᠨ ᠭᠠᠵᠠᠷ ᠢ ᠬᠠᠮᠠᠭᠠᠯᠠᠨ ᠬᠠᠮᠢᠶᠠᠷᠬᠤ ᠡᠯ᠎ᠡ ᠵᠦᠶᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ︔ ᠬᠠᠮᠠᠭᠠᠯᠠᠯᠲᠠ ᠶᠢᠨ ᠣᠷᠣᠨ ᠳᠣᠲᠣᠷᠠᠬᠢ ᠲᠠᠷᠢᠶᠠᠨ ᠭᠠᠵᠠᠷ ᠢ ᠬᠠᠷᠭᠤᠭᠤᠯᠤᠨ ᠪᠠᠶᠢᠴᠠᠭᠠᠬᠤ᠂ ᠴᠡᠭᠴᠡᠯᠡᠬᠦ ᠠᠵᠢᠯ ᠳᠤ ᠬᠠᠮᠵᠢᠯᠴᠠᠨ᠎ᠠ︔      ︵ᠳᠥᠷᠪᠡ︶ ᠳᠠᠭᠠᠭᠠᠮᠠᠭᠠᠢ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠲᠣᠰ ᠤᠳᠠᠭ᠎ᠠ ᠶᠢᠨ ᠴᠡᠭᠴᠡᠯᠡᠬᠦ ᠠᠵᠢᠯ ᠢᠶᠠᠷ ᠲᠣᠬᠢᠶᠠᠯ ᠪᠣᠯᠭᠠᠨ᠂ ᠨᠢᠭᠡ ᠠᠴᠠ ᠨᠥᠭᠦᠭᠡ ᠶᠢ ᠵᠦᠶᠴᠢᠯᠡᠨ ᠮᠡᠳᠡᠵᠦ᠂ ᠪᠠᠶᠢᠩᠭᠤ ᠰᠡᠷᠡᠮᠵᠢᠯᠡᠭᠦᠯᠦᠨ᠂ ᠳᠠᠭᠠᠭᠠᠮᠠᠭᠠᠢ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠨᠣᠴᠣᠭᠠᠨ᠎ᠠ ᠶᠢᠨ ᠡᠬᠢ ᠪᠠᠶᠠᠯᠢᠭ ᠢ ᠬᠠᠮᠠᠭᠠᠯᠠᠬᠤ ᠬᠠᠮᠢᠶᠠᠷᠬᠤ ᠬᠠᠷᠢᠭᠤᠴᠠᠯᠭ᠎ᠠ ᠶᠢ ᠤᠯᠠᠮ ᠴᠢᠩᠭᠠᠳᠬᠠᠨ᠎ᠠ᠃      ︵ᠲᠠᠪᠤ︶ ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠶᠢ ᠴᠢᠩᠭᠠᠳᠬᠠᠨ᠎ᠠ᠃ ᠡᠯ᠎ᠡ ᠰᠤᠮᠤ ᠪᠠᠯᠭᠠᠰᠤ᠂ ᠡᠯ᠎ᠡ ᠬᠤᠯᠪᠣᠭᠳᠠᠯ ᠪᠥᠬᠦᠶ ᠪᠠᠶᠢᠭᠤᠯᠭ᠎ᠠ ᠤᠬᠠᠭᠤᠯᠬᠤ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠥᠷᠭᠡᠨ ᠣᠯᠠᠨ ᠺᠠᠳ᠋ᠷ ᠣᠯᠠᠨ ᠲᠦᠮᠡᠨ ᠳᠤ ᠨᠣᠴᠣᠭᠠᠨ᠎ᠠ ᠶᠢᠨ ᠡᠬᠢ ᠪᠠᠶᠠᠯᠢᠭ ᠢ ᠬᠠᠮᠠᠭᠠᠯᠠᠬᠤ ᠶᠢᠨ ᠴᠢᠬᠤᠯᠠ ᠴᠢᠨᠠᠷ  ᠢ ᠭᠦᠶᠴᠡᠳ ᠲᠠᠨᠢᠭᠤᠯᠤᠨ᠂ ᠴᠡᠭᠴᠡᠯᠡᠬᠦ ᠠᠵᠢᠯ ᠥᠷᠨᠢᠭᠦᠯᠬᠦ ᠶᠢ ᠤᠬᠠᠮᠰᠠᠷ ᠠᠴᠠ ᠪᠠᠨ ᠳᠡᠮᠵᠢᠵᠦ ᠬᠠᠮᠵᠢᠯᠴᠠᠨ᠎ᠠ᠃ ᠺᠠᠳ᠋ᠷ ᠣᠯᠠᠨ ᠲᠦᠮᠡᠨ ᠤ ᠦᠵᠡᠯ ᠰᠠᠨᠠᠭᠠᠨ ᠤ ᠬᠥᠳᠡᠯᠦᠯ ᠪᠠᠶᠢᠳᠠᠯ ᠢ ᠴᠠᠭ ᠲᠤᠬᠠᠶ ᠳᠤᠨᠢ ᠣᠶᠢᠯᠠᠭᠠᠨ᠂ ᠲᠠᠶᠢᠯᠪᠤᠷᠢᠯᠠᠵᠤ ᠬᠥᠲᠥᠯᠥᠨ ᠵᠢᠯᠣᠭᠤᠳᠬᠤ ᠠᠵᠢᠯ ᠢ ᠴᠢᠭᠯᠡᠭᠦᠯᠬᠦ ᠴᠢᠨᠠᠷᠲᠠᠶ ᠪᠠᠷ ᠰᠠᠶᠢᠲᠤᠷ ᠬᠢᠵᠦ᠂ ᠨᠡᠶᠢᠭᠡᠮ ᠤᠨ ᠲᠣᠭᠲᠠᠭᠤᠨ ᠪᠠᠶᠢᠳᠠᠯ ᠢ ᠨᠥᠯᠥᠭᠡᠯᠡᠬᠦ ᠬᠦᠴᠦᠨ ᠵᠦᠢᠯ ᠪᠠ ᠳᠠᠯᠳᠠ ᠭᠡᠮ ᠢ ᠴᠠᠭ ᠲᠤᠬᠠᠶ ᠳᠤᠨᠢ ᠨᠠᠷᠢᠨ ᠪᠠᠶᠢᠴᠠᠭᠠᠵᠤ ᠠᠷᠢᠯᠭᠠᠨ᠎ᠠ᠃ ᠣᠯᠠᠨ ᠵᠦᠢᠯ  ᠤᠨ ᠬᠡᠯᠪᠡᠷᠢ ᠪᠦᠬᠦᠢ ᠬᠠᠤᠯᠢ ᠴᠠᠭᠠᠵᠠ ᠶᠢᠨ ᠮᠡᠳᠡᠯᠭᠡ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠨᠡᠶᠢᠭᠡᠮ ᠤᠨ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠣᠶ ᠪᠣᠯᠭᠠᠨ᠂ ᠴᠡᠭᠴᠡᠯᠡᠬᠦ ᠠᠵᠢᠯ ᠢ ᠭᠦᠨᠵᠡᠭᠡᠶᠢᠷᠡᠭᠦᠯᠬᠦ ᠳᠤ ᠠᠰᠢᠭᠲᠠᠶ ᠨᠥᠬᠦᠴᠡᠯ ᠡᠭᠦᠳᠦᠨ᠎ᠡ᠃      ︵ᠵᠢᠷᠭᠤᠭ᠎ᠠ︶ ᠱᠠᠭᠠᠷᠳᠠᠨ ᠪᠠᠶᠢᠴᠠᠭᠠᠯᠲᠠ ᠶᠢ ᠴᠢᠩᠭᠠᠳᠬᠠᠨ᠎ᠠ᠃ ᠡᠯ᠎ᠡ ᠰᠤᠮᠤ ᠪᠠᠯᠭᠠᠰᠤ᠂ ᠡᠯ᠎ᠡ ᠬᠤᠯᠪᠣᠭᠳᠠᠯ ᠪᠥᠬᠦᠶ ᠪᠠᠶᠢᠭᠤᠯᠭ᠎ᠠ ᠬᠠᠮᠵᠢᠯᠴᠠᠨ ᠠᠵᠢᠯᠯᠠᠵᠤ ᠂ ᠮᠡᠳᠡᠭᠡ ᠵᠠᠩᠭᠢ ᠶᠢ ᠬᠠᠮᠲᠤ ᠪᠠᠷ ᠠᠰᠢᠭᠯᠠᠬᠤ᠂ ᠵᠥᠪᠳᠡᠯᠴᠡᠵᠦ ᠰᠤᠳᠤᠯᠤᠨ ᠮᠠᠭᠠᠳᠯᠠᠬᠤ᠂ ᠱᠠᠭᠠᠷᠳᠠᠨ ᠪᠠᠶᠢᠴᠠᠭᠠᠵᠤ ᠨᠠᠶᠢᠳᠠᠪᠤᠷᠢᠵᠢᠭᠤᠯᠬᠤ᠂ ᠵᠢᠭᠠᠪᠤᠷᠢ ᠠᠪᠴᠤ ᠮᠡᠳᠡᠭᠦᠯᠬᠦ ᠪᠠ ᠠᠰᠠᠭᠤᠳᠠᠯ ᠤᠨ ᠰᠦᠪᠡᠭᠴᠢ ᠶᠢ ᠰᠢᠯᠵᠢᠭᠦᠯᠦᠨ ᠲᠤᠰᠢᠶᠠᠵᠤ ᠰᠢᠶᠳᠪᠦᠷᠢᠯᠡᠬᠦ ᠵᠡᠷᠭᠡ ᠠᠵᠢᠯ ᠤᠨ ᠲᠣᠭᠲᠠᠴᠠ ᠶᠢ ᠪᠠᠶᠢᠭᠤᠯᠤᠨ᠎ᠠ᠃ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠨᠠᠮ ᠤᠨ ᠬᠤᠷᠢᠶ᠎ᠠ ᠵᠠᠰᠠᠭ ᠤᠨ ᠣᠷᠳᠣᠨ ᠤ ᠠᠯᠪᠠᠨ ᠬᠡᠷ ᠤᠨ ᠱᠠᠭᠠᠷᠳᠠᠨ ᠪᠠᠶᠢᠴᠠᠭᠠᠬᠤ ᠲᠠᠰᠤᠭ ᠨᠢ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠴᠡᠭᠴᠡᠯᠡᠬᠦ ᠬᠠᠷᠢᠭᠤᠴᠠᠯᠭᠠᠲᠤ ᠤᠬᠠᠮᠰᠠᠷ ᠢᠶᠠᠷ ᠳᠣᠣᠷ᠎ᠠ᠂ ᠠᠷᠭ᠎ᠠ ᠬᠡᠮᠵᠢᠶ᠎ᠡ ᠴᠢᠩᠭ᠎ᠠ ᠪᠤᠰᠤ᠂  ᠴᠡᠭᠴᠡᠯᠡᠭᠰᠡᠨ ᠦᠷ᠎ᠡ ᠪᠦᠲᠦᠮᠵᠢ ᠢᠯᠡᠷᠬᠡᠶ ᠪᠤᠰᠤ ᠬᠠᠷᠢᠭᠤᠴᠠᠯᠭᠠᠲᠤ ᠨᠢᠭᠡᠴᠢ ᠪᠠ ᠬᠠᠷᠢᠭᠤᠴᠠᠯᠭᠠᠲᠠᠨ ᠲᠠᠢ ᠴᠠᠭ ᠲᠤᠬᠠᠶ ᠳᠤᠨᠢ ᠪᠣᠯᠵᠣᠨ ᠶᠠᠷᠢᠯᠴᠠᠵᠤ ᠬᠠᠷᠢᠭᠤᠴᠠᠯᠭ᠎ᠠ ᠨᠡᠬᠡᠮᠵᠢᠯᠡᠨ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ᠳᠠᠭᠠᠯᠳᠤᠭᠤᠯᠤᠯ᠄ ᠣᠲᠤᠭ ᠬᠤᠰᠢᠭᠤᠨ ᠤ ᠨᠣᠴᠣᠭᠠᠨ᠎ᠠ ᠶᠢᠨ ᠡᠬᠢ ᠪᠠᠶᠠᠯᠢᠭ ᠤᠨ ᠬᠠᠮᠠᠭᠠᠯᠠᠯᠲᠠ ᠳᠤ ᠣᠷᠣᠰᠢᠵᠤ ᠪᠠᠶᠢᠭ᠎ᠠ ᠠᠰᠠᠭᠤᠳᠠᠯ ᠢ ᠴᠡᠭᠴᠡᠯᠡᠬᠦ ᠠᠵᠢᠯ ᠤᠨ ᠤᠳᠤᠷᠢᠳᠬᠤ ᠳᠤᠭᠤᠶᠢᠯᠠᠩᠳᠠᠭᠠᠯᠳᠤᠭᠤᠯᠤᠯ            ᠣᠲᠤᠭ ᠬᠤᠰᠢᠭᠤᠨ ᠤ ᠨᠣᠴᠣᠭᠠᠨ᠎ᠠ ᠶᠢᠨ ᠡᠬᠢ ᠪᠠᠶᠠᠯᠢᠭ ᠤᠨ ᠬᠠᠮᠠᠭᠠᠯᠠᠯᠲᠠ ᠳᠤ ᠣᠷᠣᠰᠢᠵᠤ ᠪᠠᠶᠢᠭ᠎ᠠ ᠠᠰᠠᠭᠤᠳᠠᠯ ᠢ ᠴᠡᠭᠴᠡᠯᠡᠬᠦ ᠠᠵᠢᠯ ᠤᠨ ᠤᠳᠤᠷᠢᠳᠬᠤ ᠳᠤᠭᠤᠶᠢᠯᠠᠩ      ᠬᠤᠰᠢᠭᠤᠨ ᠤ ᠨᠣᠴᠣᠭᠠᠨ᠎ᠠ ᠶᠢᠨ ᠡᠬᠢ ᠪᠠᠶᠠᠯᠢᠭ ᠤᠨ ᠬᠠᠮᠠᠭᠠᠯᠠᠯᠲᠠ ᠳᠤ ᠣᠷᠣᠰᠢᠵᠤ ᠪᠠᠶᠢᠭ᠎ᠠ ᠠᠰᠠᠭᠤᠳᠠᠯ ᠢ ᠴᠡᠭᠴᠡᠯᠡᠬᠦ ᠠᠵᠢᠯ ᠤᠨ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠬᠦ ᠶᠢᠨ ᠲᠤᠰᠠᠳᠠ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠰᠤᠳᠤᠯᠤᠨ ᠶᠠᠷᠢᠯᠴᠠᠭᠠᠳ ᠠᠰᠠᠭᠤᠳᠠᠯ ᠢ ᠴᠡᠭᠴᠡᠯᠡᠬᠦ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠬᠤ ᠪᠠᠷ ᠲᠣᠭᠲᠠᠪᠠ᠂ ᠳᠤᠭᠤᠶᠢᠯᠠᠩ ᠤᠨ ᠪᠦᠷᠢᠯᠳᠦᠬᠦᠨ ᠨᠢ ᠳᠣᠣᠷᠠᠬᠢ ᠮᠡᠲᠦ᠄      ᠳᠤᠭᠤᠶᠢᠯᠠᠩ ᠤᠨ ᠳᠠᠷᠤᠭ᠎ᠠ᠄ ᠸᠠᠩ ᠭᠦᠸᠧ ᠴᠢᠤᠸᠡᠨ         ᠵᠠᠰᠠᠭ ᠤᠨ ᠣᠷᠳᠣᠨ ᠤ ᠬᠤᠰᠢᠭᠤ ᠳᠠᠷᠤᠭ᠎ᠠ      ᠳᠤᠭᠤᠶᠢᠯᠠᠩ ᠤᠨ ᠳᠡᠳ᠋ ᠳᠠᠷᠤᠭ᠎ᠠ᠄ ᠯᠢ ᠶᠤᠸᠠᠢ ᠱᠸᠡᠭ      ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠲᠡᠷᠢᠭᠦᠯᠡᠭᠴᠢ᠂ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶᠠᠨ ᠳᠠᠷᠤᠭ᠎ᠠ      ᠯᠢᠤ ᠲᠢᠶᠡᠨ ᠶᠦᠨ          ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ      ᠴᠢ᠊ ᠮᠥᠷᠡᠨ               ᠪᠠᠷᠠᠭᠤᠨ ᠣᠷᠳᠣᠰ ᠤᠨ ᠤᠯᠤᠰ ᠤᠨ ᠲᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶᠠᠨ ᠳᠠᠷᠤᠭ᠎ᠠ      ᠪᠦᠷᠢᠯᠳᠦᠬᠦᠨ᠄ ᠴᠢ᠊ ᠪᠠᠶᠠᠷ            ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠳᠡᠳ᠋ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠳᠡᠳ᠋ ᠡᠷᠬᠢᠯᠡᠭᠴᠢ      ᠡᠦ ᠶᠦᠡᠭ ᠨᠢᠩ           ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ      ᠰᠦᠨ ᠵᠢᠶᠡᠨ ᠬᠤᠸ᠋ᠨ        ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠳᠠᠷᠤᠭ᠎ᠠ      ᠵᠸᠤ ᠽᠧᠩ ᠰᠢᠶᠠᠩ         ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠳᠠᠷᠤᠭ᠎ᠠ      ᠬᠤᠸ᠋ᠨ ᠭᠡᠭᠡᠨ              ᠪᠠᠷᠠᠭᠤᠨ ᠣᠷᠳᠣᠰ ᠤᠨ ᠤᠯᠤᠰ ᠤᠨ ᠲᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶᠠᠨ ᠳᠡᠳ᠋ ᠳᠠᠷᠤᠭ᠎ᠠ      ᠶᠤᠸᠠᠨ ᠵᠢᠶᠡᠨ ᠭᠤᠸᠠᠩ         ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠣᠪᠴᠢᠶᠠᠨ ᠳᠡᠳ᠋ ᠳᠠᠷᠤᠭ᠎ᠠ      ᠣᠳᠬᠤᠨᠪᠠᠭᠠᠲᠤᠷ              ᠬᠤᠰᠢᠭᠤᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶᠠᠨ ᠳᠡᠳ᠋ ᠳᠠᠷᠤᠭ᠎ᠠ      ᠡᠷᠳᠡᠨᠢᠳᠠᠯᠠᠢ                  ᠴᠢ ᠫᠠᠨ ᠵᠢᠩ ᠪᠠᠯᠭᠠᠰᠤᠨ ᠤ ᠳᠠᠷᠤᠭ᠎ᠠ      ᠯᠦ ᠶᠠᠨ ᠵᠢᠶᠦ᠋ᠨ               ᠮᠸᠡᠭ ᠰᠢ ᠪᠠᠯᠭᠠᠰᠤᠨ ᠤ ᠳᠠᠷᠤᠭ᠎ᠠ      ᠮᠥᠩᠭᠦᠨᠵᠢᠭᠠᠰᠤ               ᠠᠷᠪᠠᠰ ᠰᠤᠮᠤᠨ ᠤ ᠰᠤᠮᠤᠨ ᠳᠠᠷᠤᠭ᠎ᠠ      ᠤᠳᠤᠷᠢᠳᠬᠤ ᠳᠤᠭᠤᠶᠢᠯᠠᠩ ᠤᠨ ᠳᠣᠣᠷ᠎ᠠ ᠴᠡᠭᠴᠡᠯᠡᠯᠲᠡ ᠶᠢ ᠵᠢᠯᠣᠭᠤᠳᠬᠤ ᠳᠤᠭᠤᠶᠢᠯᠠᠩ ᠪᠠ ᠳᠠᠩᠰᠠᠨ ᠠᠴᠠ ᠭᠠᠷᠭᠠᠬᠤ ᠠᠵᠢᠯ ᠤᠨ ᠳᠤᠭᠤᠶᠢᠯᠠᠩ ᠭᠠᠷᠭᠠᠵᠤ᠂ ᠰᠤᠮᠤ ᠪᠠᠯᠭᠠᠰᠤᠨ ᠤ ᠴᠡᠭᠴᠡᠯᠡᠯᠲᠡ ᠬᠢᠬᠦ ᠪᠠ ᠳᠡᠭᠡᠭᠰᠢ ᠮᠡᠳᠡᠭᠦᠯᠵᠦ ᠳᠠᠩᠰᠠᠨ ᠠᠴᠠ ᠭᠠᠷᠭᠠᠬᠤ ᠵᠡᠷᠭᠡ ᠠᠵᠢᠯ ᠢ ᠵᠢᠯᠣᠭᠤᠳᠤᠨ᠎ᠠ᠃      ᠨᠢᠭᠡ᠂ ᠴᠡᠭᠴᠡᠯᠡᠯᠲᠡ ᠶᠢ ᠵᠢᠯᠣᠭᠤᠳᠬᠤ ᠳᠤᠭᠤᠶᠢᠯᠠᠩ      ᠳᠤᠭᠤᠶᠢᠯᠠᠩ ᠤᠨ ᠳᠠᠷᠤᠭ᠎ᠠ᠄ ᠯᠢ ᠶᠤᠸᠠᠢ ᠱᠸᠡᠭ        ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ᠂ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶᠠᠨ ᠳᠠᠷᠤᠭ᠎ᠠ      ᠪᠦᠷᠢᠯᠳᠦᠬᠦᠨ᠄ ᠣᠳᠬᠤᠨᠪᠠᠭᠠᠲᠤᠷ                   ᠬᠤᠰᠢᠭᠤᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶᠠᠨ ᠳᠡᠳ᠋ ᠳᠠᠷᠤᠭ᠎ᠠ           ᠬᠤᠸ᠋ᠨ ᠭᠡᠭᠡᠨ                     ᠪᠠᠷᠠᠭᠤᠨ ᠣᠷᠳᠣᠰ ᠤᠨ ᠤᠯᠤᠰ ᠤᠨ ᠲᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶᠠᠨ ᠳᠡᠳ᠋ ᠳᠠᠷᠤᠭ᠎ᠠ          ᠨᠠᠷᠠᠨᠮᠠᠨᠳᠤᠬᠤ         ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠣᠪᠴᠢᠶ᠎ᠠ ᠶᠢᠨ ᠠᠵᠤ ᠠᠬᠤᠢ ᠶᠢᠨ ᠡᠵᠡᠩᠨᠡᠯᠲᠡ ᠶᠢᠨ ᠬᠠᠮᠢᠶᠠᠷᠤᠯᠲᠠ ᠶᠢᠨ ᠥᠷᠲᠡᠭᠡ ᠶᠢᠨ ᠳᠠᠷᠤᠭ᠎ᠠ            ᠠᠶᠤᠩᠭ᠎ᠠ             ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠣᠷᠣᠨ ᠵᠠᠢ ᠶᠢᠨ ᠲᠥᠯᠥᠪᠵᠢᠭᠦᠯᠭᠡ ᠶᠢᠨ ᠲᠠᠰᠤᠭ ᠤᠨ ᠠᠵᠢᠯᠲᠠᠨ      ᠡᠭᠦᠷᠭᠡ ᠬᠠᠷᠢᠭᠤᠴᠠᠯᠭ᠎ᠠ᠄ ᠴᠡᠭᠴᠡᠯᠡᠯᠲᠡ ᠶᠢᠨ ᠠᠬᠢᠴᠠ ᠶᠢ ᠵᠣᠬᠢᠴᠠᠭᠤᠯᠵᠤ᠂ ᠠᠬᠢᠴᠠ ᠶᠢᠨ ᠪᠠᠶᠢᠳᠠᠯ ᠢ ᠴᠠᠭ ᠳᠠᠷᠤᠢ ᠳᠤᠨᠢ ᠮᠥᠷᠳᠡᠵᠦ ᠡᠵᠡᠮᠰᠢᠨ ᠬᠤᠷᠢᠶᠠᠩᠭᠤᠶᠢᠯᠠᠬᠤ ᠶᠢᠨ ᠳᠠᠭᠠᠤ ᠤᠳᠤᠷᠢᠳᠬᠤ ᠳᠤᠭᠤᠶᠢᠯᠠᠩ ᠳᠤ ᠬᠠᠷᠢᠭᠤ ᠮᠡᠳᠡᠭᠦᠯᠦᠨ᠎ᠡ︔ ᠡᠯ᠎ᠡ ᠰᠤᠮᠤ ᠪᠠᠯᠭᠠᠰᠤᠨ ᠤ ᠴᠡᠭᠴᠡᠯᠡᠯᠲᠡ ᠶᠢ ᠵᠢᠯᠦᠭᠤᠳᠴᠤ᠂ ᠴᠡᠭᠴᠡᠯᠡᠯᠲᠡ ᠳᠤ ᠲᠤᠯᠭᠠᠷᠠᠭᠰᠠᠨ ᠠᠰᠠᠭᠤᠳᠠᠯ ᠢ ᠵᠣᠬᠢᠴᠠᠭᠤᠯᠵᠤ ᠰᠢᠢᠳᠪᠦᠷᠢᠯᠡᠨ᠂ ᠴᠡᠭᠴᠡᠯᠡᠯᠲᠡ ᠶᠢ ᠯᠠᠪᠳᠠᠭᠤᠨ ᠪᠠᠲᠤᠲᠠᠢ ᠡᠮᠬᠢ ᠲᠢᠭᠯᠢᠮ ᠲᠠᠢ ᠪᠠᠷ ᠠᠬᠢᠭᠤᠯᠤᠨ᠎ᠠ᠃      ᠬᠤᠶᠠᠷ᠂ ᠳᠠᠩᠰᠠᠨ ᠠᠴᠠ ᠭᠠᠷᠭᠠᠬᠤ ᠠᠵᠢᠯ ᠤᠨ ᠳᠤᠭᠤᠶᠢᠯᠠᠩ      ᠳᠤᠭᠤᠶᠢᠯᠠᠩ ᠤᠨ ᠳᠠᠷᠤᠭ᠎ᠠ᠄ ᠯᠢ ᠶᠤᠸᠠᠢ ᠱᠸᠡᠭ     ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠲᠡᠷᠢᠭᠦᠯᠡᠭᠴᠢ᠂ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶᠠᠨ ᠳᠠᠷᠤᠭ᠎ᠠ      ᠪᠦᠷᠢᠯᠳᠦᠬᠦᠨ᠄ ᠠᠯᠢᠮ᠎ᠠ            ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ      ᠬᠤᠸ᠋ᠨ ᠭᠡᠭᠡᠨ             ᠪᠠᠷᠠᠭᠤᠨ ᠣᠷᠳᠣᠰ ᠤᠨ ᠤᠯᠤᠰ ᠤᠨ ᠲᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶᠠᠨ ᠳᠡᠳ᠋ ᠳᠠᠷᠤᠭ᠎ᠠ      ᠯᠢ ᠬᠠᠢ ᠱᠧᠨ            ᠬᠤᠰᠢᠭᠤᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠡᠬᠢ ᠪᠠᠶᠠᠯᠢᠭ ᠢ ᠬᠢᠨᠠᠨ ᠬᠡᠮᠵᠢᠬᠦ ᠥᠷᠲᠡᠭᠡ ᠶᠢᠨ ᠳᠠᠷᠤᠭ᠎ᠠ      ᠨᠠᠷᠠᠨᠮᠠᠨᠳᠤᠬᠤ         ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠣᠪᠴᠢᠶ᠎ᠠ ᠶᠢᠨ ᠠᠵᠤ ᠠᠬᠤᠢ ᠶᠢᠨ ᠡᠵᠡᠩᠨᠡᠯᠲᠡ ᠶᠢᠨ ᠬᠠᠮᠢᠶᠠᠷᠤᠯᠲᠠ ᠶᠢᠨ ᠥᠷᠲᠡᠭᠡ ᠶᠢᠨ ᠳᠠᠷᠤᠭ᠎ᠠ      ᠠᠶᠤᠩᠭ᠎ᠠ                ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠣᠷᠣᠨ ᠵᠠᠢ ᠶᠢᠨ ᠲᠥᠯᠥᠪᠵᠢᠭᠦᠯᠭᠡ ᠶᠢᠨ ᠲᠠᠰᠤᠭ ᠤᠨ ᠠᠵᠢᠯᠲᠠᠨ      ᠳᠦᠪᠰᠢᠨ                ᠴᠢ ᠫᠠᠨ ᠵᠢᠩ ᠪᠠᠯᠭᠠᠰᠤᠨ ᠤ ᠳᠡᠳ᠋ ᠳᠠᠷᠤᠭ᠎ᠠ      ᠴᠢᠶᠣᠣ ᠹᠸᠢ ᠯᠦᠡᠭ         ᠮᠸᠡᠭ ᠰᠢ ᠪᠠᠯᠭᠠᠰᠤᠨ ᠤ ᠳᠡᠳ᠋ ᠳᠠᠷᠤᠭ᠎ᠠ      ᠡᠦ ᠴᠢᠶᠠᠩ               ᠠᠷᠪᠠᠰ ᠰᠤᠮᠤᠨ ᠤ ᠳᠡᠳ᠋ ᠳᠠᠷᠤᠭ᠎ᠠ      ᠡᠭᠦᠷᠭᠡ ᠬᠠᠷᠢᠭᠤᠴᠠᠯᠭ᠎ᠠ᠄ ᠬᠤᠯᠪᠣᠭᠳᠠᠯ ᠪᠦᠬᠦᠢ ᠭᠡᠷᠡᠴᠢ ᠮᠠᠲ᠋ᠧᠷᠢᠶᠠᠯ ᠢ ᠴᠤᠭᠯᠠᠭᠤᠯᠵᠤ ᠡᠮᠬᠢᠯᠡᠨ᠂ ᠳᠡᠭᠡᠳᠦ ᠱᠠᠲᠤᠨ ᠤ ᠪᠠᠶᠢᠭᠤᠯᠭ᠎ᠠ ᠲᠠᠢ ᠬᠠᠷᠢᠯᠴᠠᠵᠤ᠂ ᠠᠰᠠᠭᠤᠳᠠᠯ ᠢ ᠴᠡᠭᠴᠡᠯᠡᠵᠦ ᠳᠠᠩᠰᠠᠨ ᠠᠴᠠ ᠭᠠᠷᠭᠠᠨ᠎ᠠ᠃ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ          2022 ᠣᠨ ᠤ 2 ᠰᠠᠷ᠎ᠠ ᠶᠢᠨ 23 ᠤ ᠡᠳᠦᠷ ᠳᠠᠷᠤᠮᠠᠯᠯᠠᠨ ᠲᠠᠷᠬᠠᠭᠠᠪᠠ 
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ