2022 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠠᠬᠢ ᠬᠠᠷᠠᠯᠲᠠ ᠡᠭᠦᠷᠭᠡ ᠶᠢ ᠬᠤᠪᠢᠶᠠᠨ ᠨᠠᠶᠢᠳᠠᠪᠤᠷᠢᠵᠢᠭᠤᠯᠬᠤ ᠲᠤᠬᠠᠢ ᠣᠳᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2023/2/8
                  ᠣᠳᠤᠭ ᠵᠠᠰᠠᠭ ᠠᠯᠪᠠᠨ ᠲᠠᠷᠬᠠᠭᠠᠭᠰᠠᠨ ﹇2022﹈ 8 ᠳ᠋ᠤᠭᠠᠷ ᠲᠣᠭᠠᠲᠤ            2022 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠠᠬᠢ ᠬᠠᠷᠠᠯᠲᠠ ᠡᠭᠦᠷᠭᠡ ᠶᠢ ᠬᠤᠪᠢᠶᠠᠨ             ᠨᠠᠶᠢᠳᠠᠪᠤᠷᠢᠵᠢᠭᠤᠯᠬᠤ ᠲᠤᠬᠠᠢ ᠣᠳᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ ᠬᠦᠷᠢᠶᠡᠯᠡᠩ ᠲᠣᠭᠤᠷᠢᠭ ᠤᠨ ᠬᠠᠮᠢᠶᠠᠷᠣᠯᠳᠠ ᠶᠢᠨ ᠵᠥᠪᠯᠡᠯ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠡᠯ᠎ᠡ ᠪᠠᠶᠢᠭᠤᠯᠭ᠎ᠠ᠂ ᠡᠯ᠎ᠡ ᠰᠢᠭᠤᠳ ᠬᠠᠷᠢᠶ᠎ᠠ ᠨᠢᠭᠡᠴᠢ᠂ ᠡᠯ᠎ᠡ ᠶᠡᠭᠡ ᠠᠵᠦ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄      2022 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠬᠤᠷᠠᠯᠳᠤᠬᠤ ᠵᠢᠯ᠂ ᠮᠥᠨᠴᠦ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠪᠦᠬᠦ ᠲᠠᠯ᠎ᠠ ᠪᠠᠷ ᠬᠡᠷᠡᠭᠵᠢᠭᠦᠯᠬᠦ ᠵᠠᠩᠭᠢᠯᠠᠭ᠎ᠠ ᠶᠢᠨ ᠨᠢᠭᠡ ᠵᠢᠯ ᠪᠣᠯᠬᠤᠷ ᠪᠦᠬᠦ ᠵᠢᠯ ᠤᠨ ᠠᠵᠦ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠲᠥᠷᠥᠯ ᠤᠨ ᠠᠵᠢᠯ ᠢ ᠰᠠᠶᠢᠨ ᠬᠢᠬᠦ ᠨᠢ ᠴᠢᠬᠤᠯᠠ ᠠᠴᠢ ᠬᠤᠯᠪᠣᠭᠳᠠᠯ ᠲᠠᠢ ᠶᠤᠮ᠃ 2022 ᠣᠨ ᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ ᠲᠣᠭᠲᠠᠭᠠᠭᠰᠠᠨ ᠡᠯ᠎ᠡ ᠲᠥᠷᠥᠯ ᠤᠨ ᠬᠠᠷᠠᠯᠲᠠ ᠡᠭᠦᠷᠭᠡ ᠶᠢ ᠠᠮᠵᠢᠯᠲᠠᠲᠠᠢ ᠪᠡᠶᠡᠯᠡᠭᠦᠯᠬᠦ ᠶᠢᠨ ᠲᠤᠰᠠᠳᠠ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ ᠡᠳᠦᠭᠡ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ ᠳᠤᠷᠠᠳᠤᠭᠰᠠᠨ ᠬᠠᠷᠠᠯᠲᠠ ᠡᠭᠦᠷᠭᠡ ᠶᠢ ᠬᠤᠪᠢᠶᠠᠷᠢᠯᠠᠭᠰᠠᠨ ᠪᠥᠭᠡᠳ ᠳᠣᠣᠷᠠᠬᠢ ᠮᠡᠲᠦ ᠲᠣᠭᠤᠰᠢᠯᠠᠭᠤᠯᠬᠤ ᠰᠠᠨᠠᠯ ᠳᠤᠷᠠᠳᠪᠠ᠃      ᠨᠢᠭᠡ᠂ ᠤᠳᠤᠷᠢᠳᠤᠯᠭ᠎ᠠ ᠶᠢ ᠴᠢᠩᠭᠠᠳᠬᠠᠵᠤ᠂ ᠬᠠᠷᠢᠭᠤᠴᠠᠯᠭ᠎ᠠ ᠶᠢ ᠲᠣᠳᠣᠷᠬᠠᠶᠢᠯᠠᠨ᠎ᠠ᠃ ᠡᠯ᠎ᠡ ᠬᠠᠷᠢᠭᠤᠴᠠᠯᠭᠠᠲᠤ ᠤᠳᠤᠷᠢᠳᠤᠯᠭ᠎ᠠ ᠲᠦᠷᠦᠭᠦᠯᠡᠨ ᠠᠳᠬᠤᠬᠤ ᠂ ᠡᠮᠦᠨ᠎ᠡ ᠹᠷᠣᠨᠲ ᠲᠤ ᠵᠢᠯᠣᠭᠤᠳᠤᠨ᠂ ᠭᠤᠣᠯᠳᠠᠯᠭᠠᠲᠤ ᠠᠵᠢᠯ ᠪᠠ ᠴᠢᠬᠤᠯᠠ ᠲᠣᠮᠣ ᠲᠥᠷᠥᠯ ᠵᠦᠢᠯ ᠢ ᠬᠦᠴᠦ ᠪᠠᠨ ᠲᠥᠪᠯᠡᠷᠡᠭᠦᠯᠦᠨ ᠰᠠᠶᠢᠨ ᠬᠢᠵᠦ᠂ ᠠᠵᠢᠯ ᠢ ᠠᠬᠢᠭᠤᠯᠬᠤ ᠶᠠᠪᠤᠴᠠ ᠳᠤ ᠢᠯᠡᠷᠡᠭᠰᠡᠨ ᠬᠦᠴᠢᠷᠳᠡᠯ ᠪᠠ ᠠᠰᠠᠭᠤᠳᠠᠯ ᠢ ᠲᠣᠭᠲᠠᠭᠰᠠᠨ ᠬᠤᠭᠤᠴᠠᠭ᠎ᠠ ᠲᠠᠢ ᠪᠠᠷ ᠲᠣᠬᠢᠷᠠᠭᠤᠯᠤᠨ᠂ ᠴᠠᠭ ᠳᠠᠷᠤᠢ ᠳᠤᠨᠢ ᠰᠤᠳᠤᠯᠵᠤ᠂ ᠡᠯ᠎ᠡ ᠲᠥᠷᠥᠯ ᠤᠨ ᠠᠵᠢᠯ ᠢ ᠪᠣᠳᠠᠲᠠᠢ ᠪᠠᠶᠢᠷᠢᠯᠠᠭᠤᠯᠤᠨ᠎ᠠ᠃ ᠡᠯ᠎ᠡ ᠬᠠᠷᠢᠭᠤᠴᠠᠯᠭᠠᠲᠤ ᠨᠢᠭᠡᠴᠢ ᠶᠢᠨ ᠲᠠᠷᠢᠭᠦᠨ ᠬᠠᠷᠢᠭᠤᠴᠠᠯᠭᠠᠲᠠᠨ ᠪᠣᠳᠠᠲᠠᠢ ᠬᠠᠷᠢᠭᠤᠴᠠᠨ᠂ ᠰᠠᠨᠠᠭᠠᠴᠢᠯᠠᠭ᠎ᠠ ᠲᠠᠢ ᠪᠠᠷ ᠠᠵᠢᠯᠯᠠᠵᠦ᠂ ᠡᠭᠦᠷᠭᠡ ᠶᠢᠨ ᠨᠠᠷᠢᠨ ᠳᠠᠩᠰᠠ ᠭᠠᠷᠭᠠᠨ᠂ ᠭᠠᠷᠠᠭ ᠪᠣᠯᠭᠠᠨ ᠨᠢᠭᠡ ᠲᠣᠬᠢᠷᠠᠭᠤᠯᠤᠯᠲᠠ ᠬᠢᠵᠦ᠂ ᠬᠠᠭᠠᠰ ᠰᠠᠷ᠎ᠠ ᠳᠤ ᠨᠢᠭᠡ ᠮᠡᠳᠡᠭᠦᠯᠦᠨ᠂ ᠡᠯ᠎ᠡ ᠲᠥᠷᠥᠯ ᠤᠨ ᠠᠵᠢᠯ ᠢ ᠥᠨᠳᠥᠷ ᠪᠠᠷᠢᠮᠵᠢᠶ᠎ᠠ᠂ ᠴᠢᠨᠠᠷ ᠰᠠᠶᠢᠲᠠᠢ ᠠᠬᠢᠭᠤᠯᠤᠨ᠎ᠠ᠃      ᠬᠤᠶᠠᠷ ᠲᠤ ᠬᠠᠮᠵᠢᠯᠴᠠᠭ᠎ᠠ ᠶᠢ ᠴᠢᠩᠭᠠᠳᠬᠠᠵᠤ᠂ ᠬᠠᠮᠲᠤᠷᠠᠯ ᠬᠦᠴᠦᠨ ᠢ ᠪᠦᠷᠢᠯᠳᠦᠭᠦᠯᠦᠨ᠎ᠡ᠃ ᠡᠯ᠎ᠡ ᠬᠠᠷᠢᠭᠤᠴᠠᠯᠭᠠᠲᠤ ᠤᠳᠤᠷᠢᠳᠤᠯᠭ᠎ᠠ ᠶᠢᠨ ᠬᠤᠭᠤᠷᠣᠨᠳᠤᠬᠢ ᠬᠠᠮᠵᠢᠯᠴᠠᠭ᠎ᠠ ᠶᠢ ᠴᠢᠩᠭᠠᠳᠬᠠᠵᠤ᠂ ᠬᠠᠮᠲᠤ ᠪᠠᠷ ᠰᠤᠳᠤᠯᠤᠨ᠂ ᠬᠠᠮᠲᠤ ᠪᠠᠷ ᠪᠠᠶᠢᠷᠢᠯᠠᠭᠤᠯᠵᠤ᠂ ᠡᠯ᠎ᠡ ᠲᠥᠷᠥᠯ ᠤᠨ ᠭᠤᠣᠯᠳᠠᠯᠭᠠᠲᠤ ᠠᠵᠢᠯ ᠢ ᠬᠠᠮᠲᠤ ᠪᠠᠷ ᠠᠬᠢᠭᠤᠯᠤᠨ᠎ᠠ᠃ ᠡᠯ᠎ᠡ ᠲᠦᠷᠦᠭᠦᠯᠡᠨ ᠬᠢᠬᠦ ᠨᠢᠭᠡᠴᠢ ᠬᠠᠷᠢᠭᠤᠴᠠᠯᠭ᠎ᠠ ᠪᠠᠨ ᠵᠣᠷᠢᠭᠲᠠᠢ ᠡᠭᠦᠷᠭᠡᠯᠡᠵᠦ᠂ ᠰᠠᠨᠠᠭᠠᠴᠢᠯᠠᠭ᠎ᠠ ᠠᠴᠠ ᠪᠠᠨ ᠠᠵᠢᠯᠯᠠᠨ᠂ ᠭᠤᠣᠯ ᠡᠭᠦᠷᠭᠡ ᠲᠠᠢ ᠬᠠᠷᠢᠴᠠᠭᠤᠯᠵᠤ᠂ ᠴᠢᠩᠭ᠎ᠠ ᠨᠠᠶᠢᠳᠠᠪᠤᠷᠢᠵᠢᠭᠤᠯᠤᠨ᠎ᠠ︔ ᠡᠯ᠎ᠡ ᠬᠠᠮᠵᠢᠯᠴᠠᠬᠤ ᠨᠢᠭᠡᠴᠢ ᠬᠤᠰᠢᠭᠤ ᠳᠠᠶᠠᠭᠠᠷ ᠢᠶᠠᠨ ᠨᠢᠭᠡᠳᠦᠯᠲᠡᠢ ᠪᠠᠶᠢᠬᠤ ᠦᠵᠡᠯ ᠰᠠᠨᠠᠭ᠎ᠠ ᠶᠢ ᠪᠣᠢ ᠪᠣᠯᠭᠠᠵᠤ᠂ ᠥᠪᠡᠷ ᠥᠪᠡᠷ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠨ᠂ ᠨᠢᠭᠲᠠ ᠬᠠᠮᠵᠢᠯᠴᠠᠵᠤ᠂ ᠬᠠᠷᠢᠯᠴᠠᠨ ᠲᠦᠯᠬᠢᠯᠴᠡᠬᠦ᠂ ᠵᠠᠷᠯᠢᠭ ᠢ ᠬᠡᠷᠡᠭᠵᠢᠭᠦᠯᠬᠦ ᠶᠢ ᠲᠡᠪᠴᠢᠬᠦ ᠶᠢ ᠡᠷᠡᠰ ᠬᠤᠷᠢᠭᠯᠠᠨ᠂ ᠡᠯ᠎ᠡ ᠲᠥᠷᠥᠯ ᠤᠨ ᠠᠵᠢᠯ ᠤᠨ ᠡᠭᠦᠷᠭᠡ ᠶᠢ ᠴᠠᠭ ᠳᠠᠷᠤᠢ ᠳᠤᠨᠢ ᠱᠠᠭᠠᠷᠳᠠᠯᠭ᠎ᠠ ᠶᠣᠰᠣᠭᠠᠷ ᠪᠡᠶᠡᠯᠡᠭᠦᠯᠦᠨ᠎ᠡ᠃      ᠭᠤᠷᠪᠠ ᠳᠤ ᠱᠠᠭᠠᠷᠳᠠᠨ ᠪᠠᠶᠢᠴᠠᠭᠠᠯᠲᠠ ᠶᠢ ᠴᠢᠩᠭᠠᠳᠬᠠᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ᠎ᠠ᠃ ᠵᠠᠰᠠᠭ ᠤᠨ ᠣᠷᠳᠣᠨ ᠤ ᠠᠯᠪᠠᠨ ᠭᠡᠷ ᠪᠠ ᠱᠠᠭᠠᠷᠳᠠᠨ ᠪᠠᠶᠢᠴᠠᠭᠠᠬᠤ᠂ ᠬᠢᠨᠠᠨ ᠰᠢᠯᠭᠠᠷᠠᠭᠤᠯᠬᠤ ᠵᠡᠷᠭᠡ ᠪᠠᠶᠢᠭᠤᠯᠭ᠎ᠠ ᠱᠠᠭᠠᠷᠳᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠪᠦᠬᠦ ᠶᠠᠪᠤᠴᠠ ᠳᠤ ᠣᠷᠣᠯᠴᠠᠨ᠂ ᠪᠦᠬᠦ ᠲᠠᠯ᠎ᠠ ᠪᠠᠷ ᠱᠠᠭᠠᠷᠳᠠᠨ ᠪᠠᠶᠢᠴᠠᠭᠠᠨ᠎ᠠ᠃ ᠬᠠᠭᠠᠰ ᠵᠢᠯ ᠪᠦᠷᠢ ᠳᠤ ᠨᠢᠭᠡ ᠤᠳᠠᠭ᠎ᠠ ᠶᠢᠨ ᠠᠵᠢᠯ ᠤᠨ ᠱᠠᠭᠠᠷᠳᠠᠨ ᠪᠠᠶᠢᠴᠠᠭᠠᠯᠲᠠ ᠬᠢᠵᠦ᠂ ᠠᠵᠢᠯ ᠤᠨ ᠠᠬᠢᠴᠠ ᠶᠢ ᠴᠠᠭ ᠳᠠᠷᠤᠢ ᠳᠤᠨᠢ ᠲᠤᠰᠬᠠᠵᠤ ᠮᠡᠳᠡᠭᠡᠯᠡᠨ᠎ᠡ᠃ ᠠᠵᠢᠯ ᠢ ᠬᠢᠨᠠᠮᠠᠭᠠᠢ ᠬᠢᠭᠰᠡᠨ ᠦᠭᠡᠢ᠂ ᠴᠠᠭ ᠳᠠᠷᠤᠢ ᠳᠤᠨᠢ ᠬᠡᠷᠡᠭᠵᠢᠭᠦᠯᠦᠭᠰᠡᠨ ᠦᠭᠡᠢ᠂ ᠪᠣᠳᠠᠲᠠᠢ ᠨᠠᠶᠢᠳᠠᠪᠤᠷᠢᠵᠢᠭᠤᠯᠤᠭᠰᠠᠨ ᠦᠭᠡᠢ ᠭᠠᠵᠠᠷ ᠣᠷᠣᠨ ᠪᠠ ᠪᠠᠶᠢᠭᠤᠯᠭ᠎ᠠ ᠶᠢ ᠮᠡᠳᠡᠭᠡᠯᠡᠵᠦ ᠰᠢᠭᠦᠮᠵᠢᠯᠡᠨ᠂ ᠬᠠᠮᠢᠶ᠎ᠠ ᠪᠦᠬᠦᠢ ᠲᠣᠭᠲᠠᠭᠠᠯ ᠢᠶᠠᠷ ᠬᠤᠯᠪᠣᠭᠳᠠᠯ ᠪᠦᠬᠦᠢ ᠬᠠᠷᠢᠭᠤᠴᠠᠯᠭᠠᠲᠠᠨ ᠠᠴᠠ ᠬᠠᠷᠢᠭᠤᠴᠠᠯᠭ᠎ᠠ ᠨᠡᠬᠡᠮᠵᠢᠯᠡᠨ᠎ᠡ᠃ᠲᠠᠭᠠᠯᠳᠣᠭᠤᠯᠣᠯ᠄ 2022 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠠᠬᠢ ᠬᠠᠷᠠᠯᠲᠠ ᠡᠭᠦᠷᠭᠡ ᠶᠢᠨ ᠬᠤᠪᠢᠶᠠᠷᠢᠯᠠᠯ ᠤᠨ ᠬᠦᠰᠦᠨᠦᠭᠲᠦ                                                                                                                               ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                                2022 ᠣᠨ ᠤ 2 ᠳ᠋ᠤᠭᠠᠷ ᠰᠠᠷ᠎ᠠ ᠶᠢᠨ 8 ᠤ ᠡᠳᠣᠷᠬᠠᠭᠤᠯᠤᠨ ᠬᠦᠷᠭᠡᠬᠦ ᠨᠢ᠄ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠭᠡᠷ᠂ ᠠᠷᠠᠳ ᠤᠨ ᠪᠠᠶᠢᠩᠭᠤ ᠶᠢᠨ ᠬᠤᠷᠢᠶᠠᠨ ᠤ ᠠᠯᠪᠠᠨ ᠭᠡᠷ᠂ ᠤᠯᠤᠰ ᠲᠥᠷᠥ ᠶᠢᠨ ᠵᠥᠪᠯᠡᠯᠭᠡᠨ ᠤ ᠠᠯᠪᠠᠨ ᠭᠡᠷ᠂ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠰᠢᠬᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠬᠤᠰᠢᠭᠤᠨ ᠤ ᠨᠠᠮ ᠤᠨ ᠬᠤᠷᠢᠶᠠᠨ ᠤ ᠡᠯ᠎ᠡ ᠪᠠᠶᠢᠭᠤᠯᠭ᠎ᠠ᠂ ᠡᠯ᠎ᠡ ᠠᠷᠠᠳ ᠤᠨ ᠪᠦᠯᠬᠦᠮ᠃
附件图片1.1.png
附件图片1.4.png
附件图2.2.png
附件图2.5.png
附件图2.7.png
附件图2.9.png附件图2.10.png
附件图2.11.png
ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                2022 ᠣᠨ ᠤ 2 ᠳ᠋ᠤᠭᠠᠷ ᠰᠠᠷ᠎ᠠ ᠶᠢᠨ 8 ᠤ ᠡᠳᠦᠷ ᠳᠠᠷᠤᠮᠠᠯᠯᠠᠨ ᠲᠠᠷᠬᠠᠭᠠᠪᠠ 
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ