ᠣᠳᠤᠭ ᠵᠠᠰᠠᠭ ᠠᠯᠪᠠᠨ ᠲᠠᠷᠬᠠᠭᠠᠭᠰᠠᠨ ﹇2023﹈ 17 ᠳ᠋ᠤᠭᠠᠷ ᠲᠣᠭᠠᠲᠤ | | ᠣᠲᠤᠭ ᠬᠤᠰᠢᠭᠤᠨ ᠤ ᠠᠵᠦ ᠠᠬᠤᠶᠢᠯᠠᠯ ᠢ ᠬᠠᠪᠰᠤᠷᠴᠤ ᠬᠦᠴᠢᠷᠳᠡᠯ ᠢ ᠨᠢ ᠰᠢᠢᠳᠪᠦᠷᠢᠯᠡᠬᠦ ᠠᠵᠢᠯ ᠤᠨ ᠬᠡᠷᠡᠭᠵᠢᠭᠦᠯᠬᠦ ᠲᠥᠰᠥᠯ ᠢ | ᠳᠠᠷᠤᠮᠠᠯᠯᠠᠨ ᠲᠠᠷᠬᠠᠭᠠᠬᠤ ᠲᠤᠬᠠᠢ ᠣᠳᠤᠭ ᠬᠤᠰᠢᠭᠤᠨ ᠤ ᠠᠷᠡᠳ ᠤᠨ ᠵᠡᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ | | ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠣᠲᠤᠭ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ | ᠬᠤᠰᠢᠭᠤᠨ ︵ᠬᠤᠲᠠ︶ ᠤ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠪᠠᠶᠢᠭᠤᠯᠭ᠎ᠠ᠂ ᠡᠯ᠎ᠡ ᠬᠠᠮᠢᠶ᠎ᠠ ᠪᠦᠬᠦᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄ | ︽ᠣᠲᠤᠭ ᠬᠤᠰᠢᠭᠤᠨ ᠤ ᠠᠵᠦ ᠠᠬᠤᠶᠢᠯᠠᠯ ᠢ ᠬᠠᠪᠰᠤᠷᠴᠤ ᠬᠦᠴᠢᠷᠳᠡᠯ ᠢ ᠨᠢ ᠰᠢᠢᠳᠪᠦᠷᠢᠯᠡᠬᠦ ᠠᠵᠢᠯ ᠤᠨ ᠬᠡᠷᠡᠭᠵᠢᠭᠦᠯᠬᠦ ᠲᠥᠰᠥᠯ︾ ᠢ ᠬᠤᠰᠢᠭᠤᠨ ᠤ | ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ ᠡᠳᠦᠭᠡ ᠲᠠ ᠨᠠᠷ ᠲᠤ ᠳᠠᠷᠤᠮᠠᠯᠯᠠᠨ ᠲᠠᠷᠬᠠᠭᠠᠯ᠎ᠠ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ | ᠨᠠᠷᠢᠨ ᠬᠢᠨᠠᠮᠠᠭᠠᠢ ᠲᠣᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃ | ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2023 ᠣᠨ ᠤ 3 ᠳ᠋ᠤᠭᠠᠷ ᠰᠠᠷ᠎ᠠ ᠶᠢᠨ 1 ᠤ ᠡᠳᠦᠷ | | | ᠣᠲᠤᠭ ᠬᠤᠰᠢᠭᠤᠨ ᠤ ᠠᠵᠦ ᠠᠬᠤᠶᠢᠯᠠᠯ ᠢ ᠬᠠᠪᠰᠤᠷᠴᠤ ᠬᠦᠴᠢᠷᠳᠡᠯ ᠢ ᠨᠢ ᠰᠢᠢᠳᠪᠦᠷᠢᠯᠡᠬᠦ ᠠᠵᠢᠯ ᠤᠨ ᠬᠡᠷᠡᠭᠵᠢᠭᠦᠯᠬᠦ ᠲᠥᠰᠥᠯ | | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠨᠡᠮᠡᠭᠳᠡᠯ ᠢ ᠲᠣᠭᠲᠠᠪᠤᠷᠢᠵᠢᠭᠤᠯᠬᠤ ᠲᠤᠬᠠᠢ ᠨᠠᠮ ᠤᠨ ᠲᠥᠪ ᠬᠤᠷᠢᠶ᠎ᠠ᠂ ᠲᠥᠷᠥ ᠶᠢᠨ | ᠶᠠᠪᠤᠳᠠᠯ ᠤᠨ ᠬᠤᠷᠢᠶᠠᠨ ᠤ ᠠᠯᠢ ᠣᠯᠠᠨ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠤ | ᠠᠬᠤᠶᠢᠯᠠᠯ ᠳᠤ ᠦᠶᠯᠡᠴᠢᠯᠡᠬᠦ ᠳᠤ ᠰᠠᠭᠤᠷᠢᠯᠠᠨ᠂ ᠭᠤᠤᠯᠳᠠᠯᠭ᠎ᠠ ᠲᠠᠢ ᠠᠵᠤ ᠦᠶᠯᠡᠳᠪᠦᠷᠢ ᠶᠢᠨ ᠠᠵᠤ ᠠᠬᠤᠶᠢᠯᠠᠯ ᠳᠤ ᠲᠤᠯᠭᠠᠷᠠᠵᠤ ᠪᠠᠶᠢᠭ᠎ᠠ ᠬᠦᠴᠢᠷᠳᠡᠯ ᠪᠠ | ᠠᠰᠠᠭᠤᠳᠠᠯ ᠢ ᠰᠢᠶᠳᠪᠦᠷᠢᠯᠡᠬᠦ ᠳᠤ ᠲᠥᠪᠯᠡᠷᠡᠭᠦᠯᠵᠦ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠶᠳᠪᠦᠷᠢᠯᠡᠵᠦ᠂ ᠪᠥᠬᠦ ᠬᠤᠰᠢᠭᠤᠨ ᠤ ᠠᠵᠤ | ᠦᠶᠯᠡᠳᠪᠦᠷᠢ ᠶᠢᠨ ᠠᠵᠤ ᠠᠬᠤᠶ ᠶᠢᠨ ᠦᠷᠭᠦᠯᠵᠢᠯᠡᠨ ᠡᠷᠡᠭᠦᠯ ᠢᠶᠠᠷ ᠲᠣᠭᠲᠠᠭᠤᠨ ᠬᠥᠭᠵᠢᠬᠦ ᠶᠢ ᠠᠬᠢᠭᠤᠯᠬᠤ ᠶᠢᠨ ᠲᠤᠰᠠᠳᠠ᠂ ᠲᠣᠰ ᠲᠥᠰᠦᠯ ᠢ ᠲᠣᠭᠲᠠᠭᠠᠪᠠ᠃ | ᠨᠢᠭᠡ᠂ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ | ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠪᠦᠬᠦ ᠲᠠᠯ᠎ᠠ ᠪᠠᠷ ᠲᠣᠭᠤᠰᠢᠯᠠᠭᠤᠯᠵᠤ᠂ ᠪᠥᠬᠦ ᠬᠤᠲᠠ ᠶᠢᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠪᠠ ᠬᠤᠳᠠᠯᠳᠤᠭ᠎ᠠ ᠡᠷᠬᠢᠯᠡᠬᠦ | ᠣᠷᠴᠢᠨ ᠨᠥᠬᠦᠴᠡᠯ ᠢ ᠰᠢᠯᠢᠳᠡᠭᠵᠢᠭᠦᠯᠬᠦ ᠵᠢᠴᠢ ᠠᠵᠤ ᠦᠶᠯᠡᠳᠪᠦᠷᠢ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠶᠡᠭᠡ ᠬᠤᠷᠠᠯ ᠤᠨ ᠵᠣᠷᠢᠭ ᠰᠠᠨᠠᠭ᠎ᠠ | ᠶᠢ ᠭᠦᠨᠵᠡᠭᠡᠶ ᠨᠠᠶᠢᠳᠠᠪᠤᠷᠢᠵᠢᠭᠤᠯᠤᠨ᠂ ᠠᠵᠤ ᠠᠬᠤᠶᠢᠯᠠᠯ ᠤᠨ ᠬᠡᠷᠡᠭᠴᠡᠭᠡ ᠪᠠᠷ ᠤᠳᠤᠷᠢᠳᠤᠮᠵᠢ ᠪᠣᠯᠭᠠᠬᠤ᠂ ᠠᠵᠤ ᠠᠬᠤᠶᠢᠯᠠᠯ ᠤᠨ ᠠᠰᠠᠭᠤᠳᠠᠯ ᠢᠶᠠᠷ ᠬᠠᠷᠠᠯᠲᠠ | ᠪᠣᠯᠭᠠᠬᠤ᠂ ᠠᠵᠤ ᠠᠬᠤᠶᠢᠯᠠᠯ ᠤᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠳᠣᠪᠣᠶᠢᠮ᠎ᠠ ᠠᠰᠠᠭᠤᠳᠠᠯ ᠢ ᠰᠢᠶᠳᠪᠦᠷᠢᠯᠡᠬᠦ ᠪᠠᠷ ᠬᠦᠴᠦᠯᠡᠬᠦ ᠴᠡᠭ ᠪᠣᠯᠭᠠᠬᠤ ᠶᠢ | ᠪᠠᠷᠢᠮᠲᠠᠯᠠᠵᠤ᠂ ᠬᠤᠰᠢᠭᠤ ᠳᠠᠶᠠᠭᠠᠷ ᠢᠶᠠᠨ ᠠᠵᠤ ᠠᠬᠤᠶᠢᠯᠠᠯ ᠢ ᠬᠠᠪᠰᠤᠷᠴᠤ ᠬᠦᠴᠢᠷᠳᠡᠯ ᠢ ᠨᠢ ᠰᠢᠶᠳᠪᠦᠷᠢᠯᠡᠬᠦ ᠠᠵᠢᠯᠯᠠᠭ᠎ᠠ ᠶᠢ ᠪᠥᠬᠦ ᠲᠠᠯ᠎ᠠ ᠪᠠᠷ ᠥᠷᠨᠢᠭᠦᠯᠦᠨ᠂ | ᠭᠤᠣᠯᠳᠠᠯᠭ᠎ᠠ ᠲᠠᠢ ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠪᠦᠬᠦ ᠬᠦᠴᠦᠨ ᠢᠶᠠᠷ ᠢᠶᠠᠨ ᠬᠠᠪᠰᠤᠷᠴᠤ ᠬᠦᠴᠢᠷᠳᠡᠯ ᠢ ᠨᠢ ᠰᠢᠢᠳᠪᠦᠷᠢᠯᠡᠵᠦ᠂ ᠠᠵᠤ ᠠᠬᠤᠶᠢᠯᠠᠯ | ᠤᠨ ᠬᠥᠭᠵᠢᠬᠦ ᠳᠤ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠨ᠂ ᠠᠵᠤ ᠦᠶᠯᠡᠳᠪᠦᠷᠢ ᠶᠢᠨ ᠠᠵᠤ ᠠᠬᠤᠢ ᠶᠢᠨ ᠲᠣᠭᠲᠠᠭᠤᠨ ᠨᠡᠮᠡᠭᠳᠡᠯ ᠢ ᠦᠷᠭᠦᠯᠵᠢᠯᠡᠨ | ᠠᠬᠢᠭᠤᠯᠤᠨ᠎ᠠ᠃ | ᠬᠤᠶᠠᠷ᠂ ᠠᠵᠢᠯ ᠤᠨ ᠬᠠᠷᠠᠯᠲᠠ | ᠮᠠᠨ ᠤ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠬᠦᠴᠢᠷᠳᠡᠯᠲᠡᠶ ᠠᠵᠤ ᠦᠶᠯᠡᠳᠪᠦᠷᠢ ᠶᠢᠨ ᠠᠵᠤ ᠠᠬᠤᠶᠢᠯᠠᠯ ᠤᠨ ᠦᠶᠯᠡᠳᠪᠦᠷᠢᠯᠡᠯ ᠡᠵᠡᠩᠨᠡᠯᠲᠡ ᠶᠢᠨ | ᠪᠠᠶᠢᠳᠠᠯ ᠳᠤ ᠲᠥᠪᠯᠡᠷᠡᠭᠦᠯᠵᠦ᠂ ᠡᠮᠬᠢᠯᠡᠵᠦ ᠳᠢᠭᠯᠡᠭᠰᠡᠨ ︽ᠬᠦᠴᠢᠷᠳᠡᠯ ᠢ ᠨᠢ ᠰᠢᠶᠳᠪᠦᠷᠢᠯᠡᠵᠦ᠂ ᠠᠵᠤ ᠠᠬᠤᠶᠢᠯᠠᠯ ᠢ ᠬᠠᠪᠰᠤᠷᠤᠨ ᠦᠶᠯᠡᠴᠢᠯᠡᠬᠦ︾ ᠲᠤᠰᠬᠠᠶ | ᠠᠵᠢᠯᠯᠠᠭ᠎ᠠ ᠶᠢᠨ ᠮᠡᠳᠡᠭᠦᠯᠦᠯᠲᠡ︾ ᠪᠠ ︽︿ᠨᠢᠭᠡ ᠠᠵᠤ ᠠᠬᠤᠶᠢᠯᠠᠯ ᠳᠤ ᠨᠢᠭᠡ ᠲᠥᠷᠥ ᠶᠢᠨ ᠪᠣᠳᠣᠯᠭ᠎ᠠ ᠬᠡᠷᠡᠭᠵᠢᠭᠦᠯᠬᠦ﹀ ᠡᠬᠡ ᠲᠠᠩᠰᠠ︾ ᠳᠤ ᠦᠨᠳᠦᠰᠦᠯᠡᠨ᠂ | ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠶᠳᠪᠦᠷᠢᠯᠡᠵᠦ ᠥᠭᠬᠦ ᠰᠤᠷᠪᠤᠯᠵᠢᠯᠠᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠬᠡᠪᠴᠢᠶᠡᠵᠢᠯ ᠠᠴᠠ | ᠳᠡᠭᠡᠭᠰᠢᠬᠢ ᠬᠦᠴᠢᠷᠳᠡᠯᠲᠡᠶ ᠠᠵᠤ ᠦᠶᠯᠡᠳᠪᠦᠷᠢ ᠶᠢᠨ ᠠᠵᠤ ᠠᠬᠤᠶᠢᠯᠠᠯ ᠤᠨ ᠪᠠᠶᠢᠳᠠᠯ ᠢ ᠪᠥᠬᠦ ᠲᠠᠯ᠎ᠠ ᠪᠠᠷ ᠡᠵᠡᠮᠰᠢᠨ᠎ᠡ︔ ᠠᠵᠤ ᠠᠬᠤᠶᠢᠯᠠᠯ ᠳᠤ ᠠᠰᠢᠭ | ᠬᠦᠷᠲᠡᠭᠡᠵᠦ ᠠᠵᠤ ᠠᠬᠤᠶᠢᠯᠠᠯ ᠢ ᠲᠤᠰᠠᠯᠠᠬᠤ ᠲᠥᠷᠥ ᠶᠢᠨ ᠪᠣᠳᠣᠯᠭ᠎ᠠ ᠶᠢ ᠤᠬᠠᠭᠤᠯᠤᠨ ᠲᠣᠭᠤᠰᠢᠯᠠᠭᠤᠯᠬᠤ ᠠᠵᠢᠯᠯᠠᠭ᠎ᠠ ᠶᠢ ᠪᠠᠶᠢᠩᠭᠤ ᠥᠷᠨᠢᠭᠦᠯᠵᠦ᠂ ᠡᠯ᠎ᠡ ᠵᠦᠶᠯ | ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠣᠨᠣᠪᠴᠢᠲᠠᠶ ᠨᠠᠶᠢᠳᠠᠪᠤᠷᠢᠵᠢᠭᠤᠯᠤᠨ᠂ ᠲᠥᠷᠥ ᠶᠢᠨ ᠪᠣᠳᠣᠯᠭ᠎ᠠ ᠶᠢᠨ ᠦᠶᠯᠡᠳᠦᠯ ᠢ ᠭᠦᠶᠴᠡᠳ | ᠪᠠᠳᠠᠷᠠᠭᠤᠯᠤᠨ᠎ᠠ︔ ᠠᠵᠤ ᠠᠬᠤᠶᠢᠯᠠᠯ ᠤᠨ ᠠᠰᠠᠭᠤᠳᠠᠯ ᠢ ᠰᠢᠶᠳᠪᠦᠷᠢᠯᠡᠬᠦ ᠠᠵᠢᠯᠯᠠᠭ᠎ᠠ ᠶᠢ ᠪᠥᠬᠦ ᠲᠠᠯ᠎ᠠ ᠪᠠᠷ ᠥᠷᠨᠢᠭᠦᠯᠵᠦ᠂ ᠬᠦᠴᠢᠷᠳᠡᠯᠲᠡᠶ ᠠᠵᠤ ᠠᠬᠤᠶᠢᠯᠠᠯ ᠤᠨ | ᠬᠦᠴᠢᠷᠳᠡᠯ ᠢ ᠲᠦᠷᠭᠡᠨ ᠰᠢᠢᠳᠪᠦᠷᠢᠯᠡᠨ᠂ ᠠᠵᠤ ᠠᠬᠤᠶᠢᠯᠠᠯ ᠢ ᠬᠠᠪᠰᠤᠷᠴᠤ ᠬᠦᠴᠢᠷ ᠢ ᠨᠢ ᠲᠤᠭᠤᠯᠤᠭᠤᠯᠤᠨᠠ᠃ | ᠦᠢᠯᠡᠳᠪᠦᠷᠢᠯᠡᠯ ᠢᠶᠠᠨ ᠵᠣᠭᠰᠣᠭᠠᠭᠰᠠᠨ ᠠᠵᠤ ᠠᠬᠤᠶᠢᠯᠠᠯ᠂ ᠦᠢᠯᠡᠳᠪᠦᠷᠢᠯᠡᠬᠦ ᠴᠢᠳᠠᠪᠤᠷᠢ ᠶᠢᠨ ᠠᠰᠢᠭᠯᠠᠮᠵᠢ ᠪᠠᠷ ᠨᠡᠯᠢᠶᠡᠳ ᠳᠣᠣᠷ᠎ᠠ ᠠᠵᠤ ᠠᠬᠤᠶᠢᠯᠠᠯ᠂ | ᠠᠯᠳᠠᠭᠳᠠᠯ ᠲᠠᠢ ᠠᠵᠤ ᠠᠬᠤᠶᠢᠯᠠᠯ᠂ ᠦᠢᠯᠡᠳᠬᠦᠨ ᠤ ᠥᠷᠲᠡᠭ ᠪᠠᠭᠤᠷᠠᠭᠰᠠᠨ ᠠᠵᠤ ᠠᠬᠤᠶᠢᠯᠠᠯ ᠵᠡᠷᠭᠡ ᠳᠥᠷᠪᠡᠨ ᠲᠥᠷᠥᠯ ᠤᠨ ᠬᠡᠪᠴᠢᠶᠡᠵᠢᠯ ᠠᠴᠠ ᠳᠡᠭᠡᠭᠰᠢᠬᠢ | ᠬᠦᠴᠢᠷᠳᠡᠯ ᠲᠠᠢ ᠠᠵᠤ ᠦᠢᠯᠡᠳᠪᠦᠷᠢ ᠶᠢᠨ ᠠᠵᠤ ᠠᠬᠤᠶᠢᠯᠠᠯ ︵ᠳᠣᠷᠣᠭᠰᠢ ︽ᠳᠥᠷᠪᠡᠨ ᠲᠥᠷᠥᠯ ᠤᠨ ᠠᠵᠤ ᠠᠬᠤᠶᠢᠯᠠᠯ︾ ᠭᠡᠵᠦ ᠲᠣᠪᠴᠢᠯᠠᠨ᠎ᠠ︶ ᠤᠨ ᠲᠤᠭ᠎ᠠ | ᠬᠡᠮᠵᠢᠶ᠎ᠡ ᠶᠢ ᠠᠳᠠᠯᠢ ᠬᠤᠭᠤᠴᠠᠭᠠᠨ ᠤ ᠬᠢ ᠠᠴᠠ 10% ᠠᠴᠠ ᠳᠡᠭᠡᠭᠰᠢ ᠪᠠᠭᠠᠰᠬᠠᠬᠤ ᠪᠠᠷ ᠴᠢᠷᠮᠠᠶᠢᠵᠤ᠂ ︽ᠳᠥᠷᠪᠡᠨ ᠲᠥᠷᠥᠯ ᠤᠨ ᠠᠵᠤ ᠠᠬᠤᠶᠢᠯᠠᠯ︾ ︵ | ᠤᠯᠠᠷᠢᠯ ᠤᠨ ᠴᠢᠨᠠᠷᠲᠠᠶ ᠪᠠᠷ ᠦᠢᠯᠡᠳᠪᠦᠷᠢᠯᠡᠯ ᠢᠶᠠᠨ ᠵᠣᠭᠰᠣᠭᠠᠭᠰᠠᠨ᠂ ᠬᠦᠴᠦᠨ ᠦᠭᠡᠶ ᠪᠣᠯᠭᠠᠭᠰᠠᠨ᠂ ᠳᠠᠮᠫᠤᠷᠠᠭᠰᠠᠨ ᠪᠤᠶᠤ ᠬᠥᠮᠥᠷᠭᠡ ᠠᠴᠠ ᠭᠠᠷᠭᠠᠬᠤ ᠪᠠᠷ | ᠲᠥᠯᠥᠪᠯᠡᠭᠰᠡᠨ᠂ ᠬᠠᠤᠯᠢ ᠵᠠᠷᠭᠤ ᠳᠤ ᠬᠤᠯᠪᠣᠭᠳᠠᠭᠰᠠᠨ ᠵᠡᠷᠭᠡ ᠠᠰᠠᠭᠤᠳᠠᠯ ᠲᠠᠢ ᠠᠵᠤ ᠠᠬᠤᠶᠢᠯᠠᠯ ᠪᠠᠭᠲᠠᠬᠤ ᠦᠭᠡᠶ︶ ᠤᠨ ᠲᠤᠰᠬᠠᠭᠰᠠᠨ ᠡᠩ ᠤᠨ ᠴᠢᠨᠠᠷᠲᠠᠶ | ᠠᠰᠠᠭᠤᠳᠠᠯ ᠢ 1 ᠰᠠᠷ᠎ᠠ ᠶᠢᠨ ᠳᠣᠲᠣᠷ᠎ᠠ ᠰᠢᠶᠳᠪᠦᠷᠢᠯᠡᠵᠦ᠂ ᠪᠣᠳᠤᠯᠢᠶᠠᠨᠲᠠᠢ ᠠᠰᠠᠭᠤᠳᠠᠯ ᠢ 3 ᠰᠠᠷ᠎ᠠ ᠶᠢᠨ ᠳᠣᠲᠣᠷ᠎ᠠ ᠰᠢᠢᠳᠪᠦᠷᠢᠯᠡᠨ᠂ ᠣᠨᠴᠠᠭᠠᠢ ᠠᠰᠠᠭᠤᠳᠠᠯ ᠢ | ᠨᠢᠭᠡ ᠠᠵᠤ ᠠᠬᠤᠶᠢᠯᠠᠯ ᠳᠤ ᠨᠢᠭᠡ ᠠᠷᠭ᠎ᠠ ᠪᠣᠳᠣᠯᠭ᠎ᠠ ᠠᠪᠴᠦ ᠰᠢᠶᠳᠪᠦᠷᠢᠯᠡᠨ᠎ᠡ᠃ ᠬᠤᠰᠢᠭᠤᠨ ︵ᠬᠤᠲᠠ︶ ᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ | ᠪᠠᠶᠢᠭᠤᠯᠭ᠎ᠠ ᠬᠦᠴᠦ ᠪᠠᠨ ᠬᠠᠮᠲᠤᠳᠬᠠᠨ ᠲᠤᠰᠬᠠᠶ ᠠᠵᠢᠯᠯᠠᠭ᠎ᠠ ᠥᠷᠨᠢᠭᠦᠯᠵᠦ᠂ ᠠᠰᠠᠭᠤᠳᠠᠯ ᠢ ᠬᠠᠮᠲᠤ ᠪᠠᠷ ᠰᠢᠢᠳᠪᠦᠷᠢᠯᠡᠨ᠂ ᠦᠶᠯᠡᠳᠪᠦᠷᠢᠯᠡᠯ ᠢᠶᠠᠨ | ᠵᠣᠭᠰᠣᠭᠠᠭᠰᠠᠨ ᠠᠵᠤ ᠠᠬᠤᠶᠢᠯᠠᠯ ᠤᠨ ᠰᠡᠷᠭᠦᠭᠡᠬᠦ ᠶᠣᠰᠣᠲᠠᠶ ᠶᠢ ᠨᠢ ᠰᠡᠷᠭᠦᠭᠡᠬᠦ᠂ ᠦᠶᠯᠡᠳᠪᠦᠷᠢᠯᠡᠬᠦ ᠴᠢᠳᠠᠪᠤᠷᠢ ᠶᠢᠨ ᠠᠰᠢᠭᠯᠠᠮᠵᠢ ᠪᠠᠷ ᠨᠡᠯᠢᠶᠡᠳ ᠳᠣᠤᠷ᠎ᠠ ᠠᠵᠤ | ᠠᠬᠤᠶᠢᠯᠠᠯ ᠤᠨ ᠦᠢᠯᠡᠳᠪᠦᠷᠢᠯᠡᠯ ᠢ ᠲᠣᠭᠲᠠᠪᠤᠷᠢᠵᠢᠭᠤᠯᠤᠨ ᠨᠡᠮᠡᠭᠳᠡᠭᠦᠯᠬᠦ᠂ ᠠᠯᠳᠠᠭᠳᠠᠯ ᠲᠠᠢ ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠯᠡᠬᠦ᠂ ᠦᠶᠯᠡᠳᠬᠦᠨ ᠤ | ᠥᠷᠲᠡᠭ ᠪᠠᠭᠤᠷᠠᠭᠰᠠᠨ ᠠᠵᠤ ᠠᠬᠤᠶᠢᠯᠠᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠪᠡᠶᠡᠯᠡᠭᠦᠯᠦᠨ᠎ᠡ᠃ | ᠭᠤᠷᠪᠡ᠂ ᠠᠵᠢᠯ ᠤᠨ ᠡᠭᠦᠷᠭᠡ | ᠬᠤᠰᠢᠭᠤᠨ ᠤ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠪᠠᠶᠢᠭᠤᠯᠭ᠎ᠠ ᠨᠤᠭᠤᠳ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠠᠰᠠᠭᠤᠳᠠᠯ ᠢᠶᠠᠷ | ᠤᠳᠤᠷᠢᠳᠤᠮᠵᠢ ᠪᠣᠯᠭᠠᠬᠤ ᠵᠠᠷᠴᠢᠮ ᠢ ᠪᠠᠷᠢᠮᠲᠠᠯᠠᠵᠤ᠂ ᠰᠠᠨᠠᠭᠠᠴᠢᠯᠠᠭ᠎ᠠ ᠲᠠᠢ ᠬᠦᠴᠦᠯᠡᠨ᠂ ᠪᠣᠳᠠᠲᠠᠢ ᠲᠣᠭᠤᠰᠢᠯᠠᠭᠤᠯᠤᠨ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ | ᠨᠠᠷᠢᠯᠢᠭᠵᠢᠭᠤᠯᠵᠤ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠭᠠᠷᠳᠠᠮ ᠭᠦᠢᠴᠡᠳᠬᠡᠬᠦ᠂ ᠡᠳ᠋ ᠤᠨ ᠵᠠᠰᠠᠭ | ᠠᠴᠠ ᠠᠵᠤ ᠠᠬᠤᠶᠢᠯᠠᠯ ᠳᠤ ᠠᠰᠢᠭ ᠬᠦᠷᠲᠡᠭᠡᠬᠦ᠂ ᠭᠠᠶᠢᠯᠢ ᠶᠢ ᠬᠥᠩᠭᠡᠷᠡᠭᠦᠯᠵᠦ ᠵᠠᠷᠤᠳᠠᠯ ᠢ ᠪᠠᠭᠤᠷᠠᠭᠤᠯᠬᠤ᠂ ᠪᠡᠯᠡ ᠴᠤᠭᠯᠠᠭᠤᠯᠬᠤ ᠦᠢᠯᠡᠴᠢᠯᠡᠭᠡ ᠬᠠᠩᠭᠠᠬᠤ᠂ | ᠠᠵᠤ ᠠᠬᠤᠶᠢᠯᠠᠯ ᠳᠤ ᠵᠠᠬᠢᠶᠠᠯᠠᠭ᠎ᠠ ᠡᠷᠢᠵᠦ ᠥᠭᠬᠦ᠂ ᠪᠣᠷᠤᠯᠠᠭᠤᠯᠭ᠎ᠠ ᠶᠢᠨ ᠠᠷᠭ᠎ᠠ ᠵᠠᠮ ᠢ ᠥᠷᠭᠡᠳᠬᠡᠬᠦ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ | ᠣᠯᠭᠤᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠠᠰᠢᠭ ᠬᠦᠷᠲᠡᠭᠡᠬᠦ᠂ ᠣᠨᠣᠪᠴᠢᠲᠠᠢ ᠦᠢᠯᠡᠴᠢᠯᠡᠬᠦ ︽ᠠᠷᠪᠠᠨ ᠶᠡᠭᠡ ᠲᠤᠰᠬᠠᠢ ᠠᠵᠢᠯᠯᠠᠭ᠎ᠠ︾ ᠶᠢ | ᠭᠦᠨᠵᠡᠭᠡᠢ ᠬᠡᠷᠡᠭᠵᠢᠭᠦᠯᠦᠨ᠎ᠡ᠃ ᠬᠤᠰᠢᠭᠤᠨ ᠤ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠪᠠᠶᠢᠭᠤᠯᠭ᠎ᠠ ᠨᠤᠭᠤᠳ ᠬᠦᠴᠦᠨ ᠢᠶᠠᠨ ᠨᠢᠭᠡᠳᠦᠯᠲᠡᠢ ᠲᠥᠯᠥᠪᠯᠡᠵᠦ᠂ | ᠬᠦᠴᠢᠷᠳᠡᠯᠲᠡᠢ ᠠᠵᠤ ᠠᠬᠤᠶᠢᠯᠠᠯ ᠤᠨ ᠠᠰᠠᠭᠤᠳᠠᠯ ᠳᠤ ᠴᠢᠭᠯᠡᠭᠦᠯᠦᠨ᠂ ᠲᠥᠷᠥᠯ ᠬᠤᠪᠢᠶᠠᠨ ᠡᠮᠬᠢᠯᠡᠵᠦ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ | ᠰᠢᠢᠳᠪᠦᠷᠢᠯᠡᠵᠦ ᠥᠭᠬᠦ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠨ᠎ᠠ᠃ | ︵ᠨᠢᠭᠡ︶ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠲᠤᠰᠬᠠᠢ ᠠᠵᠢᠯᠯᠠᠭ᠎ᠠ᠃ ᠲᠥᠷᠥ ᠶᠢᠨ | ᠶᠠᠪᠤᠳᠠᠯ ᠤᠨ ᠬᠤᠷᠢᠶᠠᠨ ᠤ ᠠᠵᠤ ᠠᠬᠤᠢ ᠶᠢ ᠲᠣᠭᠲᠠᠪᠤᠷᠢᠵᠢᠭᠤᠯᠬᠤ ᠬᠠᠮ ᠲᠥᠷᠥ ᠶᠢᠨ ᠪᠣᠳᠣᠯᠭ᠎ᠠ᠂ ᠦᠷᠭᠦᠯᠵᠢᠯᠡᠨ ᠳᠡᠮᠵᠢᠬᠦ ᠲᠥᠷᠥ ᠶᠢᠨ ᠪᠣᠳᠣᠯᠭ᠎ᠠ ᠵᠢᠴᠢ | ᠤᠯᠤᠰ᠂ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠯ᠎ᠡ ᠵᠦᠢᠯ ᠤᠨ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠦᠷᠭᠦᠯᠵᠢᠯᠡᠨ ᠠᠬᠢᠭᠤᠯᠤᠨ᠂ ᠮᠠᠨ ᠤ ᠬᠤᠰᠢᠭᠤ ᠤᠯᠠᠷᠢᠯ ᠪᠦᠷᠢ | ᠠᠳᠠᠭ ᠲᠠᠭᠠᠨ 2 ᠤᠳᠠᠭ᠎ᠠ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠠᠵᠢᠯᠯᠠᠭ᠎ᠠ ᠥᠷᠨᠢᠭᠦᠯᠵᠦ᠂ ᠲᠡᠳᠬᠦᠬᠦ ᠶᠣᠰᠣᠲᠠᠢ ᠶᠢ ᠨᠢ | ᠲᠡᠳᠬᠦᠨ᠂ ᠪᠠᠭᠤᠷᠠᠭᠤᠯᠬᠤ ᠶᠣᠰᠣᠲᠠᠢ ᠶᠢ ᠨᠢ ᠪᠠᠭᠤᠷᠠᠭᠤᠯᠵᠤ᠂ ᠬᠠᠰᠤᠬᠤ ᠶᠣᠰᠣᠲᠠᠢ ᠶᠢ ᠨᠢ ᠬᠠᠰᠤᠨ᠂ ᠬᠡᠯᠲᠦᠷᠢᠭᠦᠯᠬᠦ ᠶᠣᠰᠣᠲᠠᠢ ᠶᠢ ᠨᠢ ᠬᠡᠯᠲᠦᠷᠢᠭᠦᠯᠵᠦ᠂ | ᠤᠷᠲᠤᠳᠬᠠᠬᠤ ᠶᠣᠰᠣᠲᠠᠢ ᠶᠢ ᠨᠢ ᠤᠷᠲᠤᠳᠬᠠᠨ᠂ ᠠᠵᠤ ᠠᠬᠤᠶᠢᠯᠠᠯ ᠤᠨ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠬᠦᠷᠲᠡᠬᠦ ᠲᠥᠷᠥᠭᠳᠡᠯ ᠢ ᠪᠥᠬᠦ ᠲᠠᠯ᠎ᠠ ᠪᠠᠷ | ᠳᠡᠭᠡᠭᠰᠢᠯᠡᠭᠦᠯᠵᠦ᠂ ᠬᠥᠭᠵᠢᠯᠲᠡ ᠶᠢᠨ ᠳᠠᠯᠳᠠ ᠬᠦᠴᠦᠨ ᠪᠠ ᠬᠥᠳᠡᠯᠭᠡᠭᠦ ᠬᠦᠴᠦᠨ ᠢ ᠭᠦᠢᠴᠡᠳ ᠪᠠᠳᠠᠷᠠᠭᠤᠯᠤᠨ᠎ᠠ᠃ ᠤᠯᠠᠷᠢᠯ ᠪᠦᠷᠢ ᠰᠠᠨᠠᠭᠠᠴᠢᠯᠠᠭ᠎ᠠ ᠠᠴᠠ ᠪᠠᠨ | ᠬᠤᠲᠠ ᠶᠢᠨ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠪᠠᠶᠢᠭᠤᠯᠭ᠎ᠠ ᠲᠠᠢ 2 ᠤᠳᠠᠭ᠎ᠠ ᠬᠠᠷᠢᠯᠴᠠᠵᠤ᠂ ᠨᠢᠭᠡ ᠪᠦᠯᠦᠭ ᠲᠥᠷᠥ ᠶᠢᠨ ᠪᠣᠳᠣᠯᠭ᠎ᠠ ᠶᠢᠨ | ᠤᠳᠤᠷᠢᠳᠤᠮᠵᠢ ᠳᠤ ᠨᠡᠶᠢᠴᠡᠬᠦ᠂ ᠳᠡᠮᠵᠢᠬᠦ ᠴᠢᠭᠯᠡᠯ ᠳᠤ ᠨᠡᠶᠢᠴᠡᠬᠦ ᠠᠵᠤ ᠠᠬᠤᠶᠢᠯᠠᠯ ᠪᠠ ᠲᠥᠷᠥᠯ ᠵᠦᠢᠯ ᠢ ᠡᠮᠬᠢᠯᠡᠵᠦ ᠨᠥᠭᠡᠴᠡᠯᠡᠨ᠎ᠡ᠃ ᠡᠨᠧᠷᠭᠢ ᠶᠢᠨ ᠬᠠᠩᠭᠠᠯᠭ᠎ᠠ ᠶᠢ | ᠪᠠᠲᠤᠯᠠᠵᠤ ᠦᠨ᠎ᠡ ᠬᠠᠩᠰᠢ ᠶᠢ ᠲᠣᠭᠲᠠᠪᠤᠷᠢᠵᠢᠭᠤᠯᠬᠤ ᠠᠵᠢᠯ ᠢ ᠰᠠᠶᠢᠲᠤᠷ ᠬᠢᠵᠦ᠂ ᠳᠤᠮᠳᠠ ᠤᠷᠳᠤ ᠬᠤᠭᠤᠴᠠᠭᠠᠨ ᠤ ᠭᠡᠷ᠎ᠡ ᠶᠢ ᠬᠡᠷᠡᠭᠵᠢᠭᠦᠯᠬᠦ ᠪᠠ ᠬᠢᠨᠠᠨ | ᠬᠠᠮᠢᠶᠠᠷᠬᠤ ᠶᠢ ᠴᠢᠩᠭᠠᠳᠬᠠᠨ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠤᠨ ᠬᠠᠮᠠᠭᠠᠯᠠᠨ᠎ᠠ᠃ ᠨᠡᠭᠦᠷᠡᠰᠦᠨ ᠤ ᠦᠨ᠎ᠡ ᠬᠠᠩᠰᠢ ᠶᠢᠨ ᠲᠥᠷᠥ ᠶᠢᠨ | ᠪᠣᠳᠣᠯᠭ᠎ᠠ ᠶᠢᠨ ᠲᠠᠶᠢᠯᠤᠮᠵᠢ ᠶᠢ ᠦᠷᠭᠦᠯᠵᠢᠯᠡᠨ ᠴᠢᠩᠭᠠᠳᠬᠠᠵᠤ᠂ ᠨᠡᠭᠦᠷᠡᠰᠦᠨ ᠤ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠪᠦᠷᠢᠯᠳᠦᠬᠦ ᠲᠣᠭᠲᠠᠴᠠ ᠶᠢ | ᠠᠬᠢᠭᠤᠯᠬᠤ ᠬᠤᠷᠠᠯ ᠢ ᠲᠣᠭᠲᠠᠮᠠᠯ ᠬᠤᠭᠤᠴᠠᠭ᠎ᠠ ᠲᠠᠢ ᠪᠠᠷ ᠬᠤᠷᠠᠯᠳᠤᠭᠤᠯᠤᠨ᠎ᠠ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠪᠠ ᠳᠤᠮᠳᠠ ᠪᠠᠭ᠎ᠠ ᠠᠵᠤ | ᠠᠬᠤᠶᠢᠯᠠᠯ ᠤᠨ ᠵᠣᠭᠤᠰ ᠮᠥᠩᠭᠦ ᠶᠢ ᠬᠤᠶᠢᠰᠢᠯᠠᠭᠤᠯᠬᠤ ᠪᠤᠶᠤ ᠥᠷᠢᠲᠦᠬᠦ ᠶᠢ ᠴᠢᠩᠭ᠎ᠠ ᠰᠡᠷᠭᠡᠶᠢᠯᠡᠬᠦ ᠪᠦᠲᠦᠮᠵᠢᠲᠡᠢ ᠳᠠᠭᠠᠭᠠᠮᠠᠭᠠᠢ ᠲᠣᠭᠲᠠᠴᠠ ᠶᠢ | ᠨᠠᠶᠢᠳᠠᠪᠤᠷᠢᠵᠢᠭᠤᠯᠵᠤ᠂ ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠵᠣᠭᠤᠰ ᠮᠥᠩᠭᠦ ᠶᠢ ᠬᠤᠶᠢᠰᠢᠯᠠᠭᠤᠯᠬᠤ ᠪᠤᠶᠤ ᠥᠷᠢᠲᠦᠬᠦ ᠶᠢ ᠴᠡᠭᠴᠡᠯᠡᠨ ᠵᠠᠰᠠᠬᠤ ᠡᠷᠴᠢᠮ ᠢ | ᠴᠢᠩᠭᠠᠷᠠᠭᠤᠯᠤᠨ᠂ ᠦᠯᠡᠳᠡᠵᠦ ᠪᠠᠶᠢᠭ᠎ᠠ ᠬᠤᠶᠢᠰᠢᠯᠠᠭᠤᠯᠤᠭᠰᠠᠨ ᠪᠤᠶᠤ ᠥᠷᠢᠲᠦᠭᠰᠡᠨ ᠵᠣᠭᠤᠰ ᠢ ᠲᠥᠪᠯᠡᠷᠡᠭᠦᠯᠦᠨ ᠰᠢᠢᠳᠪᠦᠷᠢᠯᠡᠵᠦ᠂ ᠬᠤᠶᠢᠰᠢᠯᠠᠭᠤᠯᠬᠤ ᠪᠤᠶᠤ | ᠥᠷᠢᠲᠦᠬᠦ ᠦᠵᠡᠭᠳᠡᠯ ᠰᠢᠨ᠎ᠡ ᠪᠠᠷ ᠢᠯᠡᠷᠡᠬᠦ ᠶᠢ ᠴᠢᠩᠭ᠎ᠠ ᠰᠡᠷᠭᠡᠶᠢᠯᠡᠨ᠎ᠡ᠃ ︽ᠬᠠᠷᠢᠶ᠎ᠠ ᠭᠠᠵᠠᠷ ᠨᠢ ᠬᠠᠮᠢᠶᠠᠷᠬᠤ᠂ ᠱᠠᠲᠤ ᠬᠤᠪᠢᠶᠠᠨ ᠬᠠᠷᠢᠭᠤᠴᠠᠬᠤ᠂ ᠬᠡᠨ | ᠭᠤᠣᠯᠯᠠᠨ ᠬᠠᠮᠢᠶᠠᠷᠪᠠᠯ ᠬᠡᠨ ᠬᠠᠷᠢᠭᠤᠴᠠᠬᠤ︾ ᠵᠠᠷᠴᠢᠮ ᠶᠣᠰᠣᠭᠠᠷ᠂ ᠵᠥᠷᠢᠯᠳᠦᠭᠡᠨ ᠦᠭᠡᠢ ᠥᠷᠢᠲᠦᠭᠰᠡᠨ ᠵᠣᠭᠤᠰ ᠢ ᠢᠯᠡᠷᠡᠭᠦᠯᠪᠡᠯ ᠳᠠᠷᠤᠶᠢᠬᠠᠨ ᠲᠥᠯᠥᠵᠦ | ᠳᠠᠭᠤᠰᠬᠠᠨ᠎ᠠ᠃ ︵ᠲᠦᠷᠦᠭᠦᠯᠡᠨ ᠬᠢᠬᠦ ᠨᠢᠭᠡᠴᠢ᠄ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ︔ ᠬᠠᠷᠢᠭᠤᠴᠠᠯᠭᠠᠲᠤ ᠨᠢᠭᠡᠴᠢ᠄ | ᠣᠲᠤᠭ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ᠂ ᠬᠤᠰᠢᠭᠤᠨ ︵ᠬᠤᠲᠠ︶ ᠤ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠪᠠᠶᠢᠭᠤᠯᠭ᠎ᠠ᠂ ᠡᠯ᠎ᠡ ᠰᠤᠮᠤ | ᠪᠠᠯᠭᠠᠰᠤ︶ | ︵ᠬᠤᠶᠠᠷ︶ ᠭᠠᠷᠳᠠᠮ ᠭᠦᠢᠴᠡᠳᠬᠡᠬᠦ ᠲᠤᠰᠬᠠᠢ ᠠᠵᠢᠯᠯᠠᠭ᠎ᠠ᠃ ᠴᠢᠬᠤᠯᠠ ᠶᠡᠭᠡ ᠲᠥᠷᠥᠯ ᠵᠦᠢᠯ ᠢ ᠬᠥᠳᠡᠯᠦᠩᠭᠦᠢ ᠪᠠᠷ ᠲᠣᠬᠢᠷᠠᠭᠤᠯᠬᠤ ᠠᠵᠢᠯ ᠢ ᠪᠠᠶᠢᠩᠭᠤ | ᠥᠷᠨᠢᠭᠦᠯᠵᠦ᠂ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠭᠰᠡᠨ ᠪᠠᠶᠢᠳᠠᠯ ᠢ ᠣᠨᠣᠪᠴᠢᠲᠠᠢ ᠡᠵᠡᠮᠰᠢᠨ᠎ᠡ᠃ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ | ᠪᠦᠬᠦᠢ ᠪᠠᠶᠢᠭᠤᠯᠭ᠎ᠠ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠠᠵᠤ ᠠᠬᠤᠶᠢᠯᠠᠯ ᠯᠤᠭ᠎ᠠ ᠰᠠᠨᠠᠭᠠᠴᠢᠯᠠᠭ᠎ᠠ ᠠᠴᠠ ᠪᠠᠨ ᠬᠠᠷᠢᠯᠴᠠᠨ᠂ ᠭᠡᠷ ᠲᠤᠨᠢ | ᠬᠦᠷᠴᠦ ᠦᠢᠯᠡᠴᠢᠯᠡᠵᠦ᠂ ᠰᠠᠷ᠎ᠠ ᠰᠠᠷ᠎ᠠ ᠪᠠᠷ ᠲᠤᠬᠠᠢ ᠶᠢᠨ ᠲᠠᠯᠠᠪᠤᠷ ᠲᠤ ᠲᠥᠪᠯᠡᠷᠡᠭᠦᠯᠦᠨ ᠬᠢᠨᠠᠨ ᠵᠥᠪᠰᠢᠶᠡᠷᠡᠬᠦ ᠶᠢ ᠵᠣᠬᠢᠶᠠᠨ ᠪᠠᠶᠢᠭᠤᠯᠤᠨ᠎ᠠ᠃ ᠰᠦᠯᠵᠢᠶᠡᠨ ᠳᠡᠭᠡᠷ᠎ᠡ | ᠭᠦᠢᠴᠡᠳᠬᠡᠬᠦ᠂ ᠶᠠᠪᠤᠴᠠ ᠶᠢ ᠳᠥᠭᠦᠮᠴᠢᠯᠡᠬᠦ᠂ ᠳᠠᠷᠤᠶᠢᠬᠠᠨ ᠬᠢᠨᠠᠵᠤ ᠳᠠᠷᠤᠶᠢᠬᠠᠨ ᠵᠥᠪᠰᠢᠶᠡᠷᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠵᠤ | ᠦᠢᠯᠡᠳᠪᠦᠷᠢ ᠶᠢᠨ ᠲᠥᠷᠥᠯ ᠵᠦᠢᠯ ᠳᠤ ᠬᠤᠯᠪᠣᠭᠳᠠᠭᠰᠠᠨ ᠲᠥᠷᠥᠯ ᠵᠦᠢᠯ ᠲᠣᠭᠲᠠᠭᠠᠬᠤ ᠶᠢ ᠬᠢᠨᠠᠨ ᠵᠥᠪᠰᠢᠶᠡᠷᠡᠬᠦ᠂ ᠭᠠᠵᠠᠷ ᠬᠡᠷᠡᠭᠯᠡᠬᠦ ᠪᠠᠷ ᠲᠥᠯᠥᠪᠵᠢᠭᠦᠯᠬᠦ᠂ | ᠡᠨᠧᠷᠭᠢ ᠠᠷᠪᠢᠯᠠᠬᠤ ᠶᠢ ᠬᠢᠨᠠᠨ ᠪᠠᠶᠢᠴᠠᠭᠠᠬᠤ᠂ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢ ᠬᠢᠨᠠᠨ ᠵᠥᠪᠰᠢᠶᠡᠷᠡᠬᠦ᠂ ᠪᠠᠷᠢᠯᠭ᠎ᠠ ᠪᠠᠷᠢᠬᠤ ᠪᠠᠷ ᠲᠥᠯᠥᠪᠵᠢᠭᠦᠯᠬᠦ | ᠂ ᠪᠠᠷᠢᠯᠭ᠎ᠠ ᠪᠠᠷᠢᠬᠤ ᠵᠥᠪᠰᠢᠶᠡᠷᠡᠯ ᠤᠨ ᠦᠨᠡᠮᠯᠡᠯ ᠬᠢᠯᠭᠡᠬᠦ ᠵᠡᠷᠭᠡ ᠭᠠᠷᠳᠠᠮ ᠢ ᠲᠥᠯᠥᠪᠯᠡᠭᠡ ᠬᠠᠷᠠᠯᠲᠠ ᠶᠣᠰᠣᠭᠠᠷ ᠭᠦᠢᠴᠡᠳᠬᠡᠨ᠂ ᠣᠷᠣᠯᠠᠨ ᠭᠦᠢᠴᠡᠳᠬᠡᠬᠦ | ᠬᠠᠪᠰᠤᠷᠤᠨ ᠭᠦᠢᠴᠡᠳᠬᠡᠬᠦ ᠡᠩᠨᠡᠭᠡ ᠶᠢ ᠵᠣᠬᠢᠶᠠᠨ ᠪᠠᠶᠢᠭᠤᠯᠵᠤ᠂ ᠠᠵᠤ ᠠᠬᠤᠶᠢᠯᠠᠯ ᠤᠨ ᠬᠢᠨᠠᠨ ᠵᠥᠪᠰᠢᠶᠡᠷᠡᠭᠦᠯᠬᠦ ᠪᠠᠷ ᠮᠡᠳᠡᠭᠦᠯᠬᠦ ᠶᠠᠪᠤᠴᠠ ᠳᠠᠬᠢ ᠬᠦᠴᠢᠷ | ᠠᠰᠠᠭᠤᠳᠠᠯ᠂ ᠲᠦᠭᠵᠢᠷᠡᠯ ᠲᠠᠢ ᠠᠰᠠᠭᠤᠳᠠᠯ ᠢ ᠭᠦᠨᠵᠡᠭᠡᠢ ᠣᠶᠢᠯᠠᠭᠠᠨ᠂ ᠪᠥᠬᠦ ᠶᠠᠪᠤᠴᠠ ᠪᠠᠷ ᠠᠵᠤ ᠠᠬᠤᠶᠢᠯᠠᠯ ᠳᠤ ᠴᠢᠨᠠᠷ ᠰᠠᠶᠢᠲᠠᠢ ᠦᠢᠯᠡᠴᠢᠯᠡᠭᠡ ᠬᠠᠩᠭᠠᠨ᠎ᠠ᠃ | ᠨᠡᠭᠦᠷᠡᠰᠦᠨ ᠤ ᠪᠤᠰᠤ ᠠᠭᠤᠷᠬᠠᠢ ᠶᠢᠨ ᠠᠵᠤ ᠠᠬᠤᠶᠢᠯᠠᠯ ᠪᠠ ᠦᠢᠯᠡᠳᠪᠦᠷᠢᠯᠡᠯ ᠢᠶᠠᠨ ᠵᠣᠭᠰᠣᠭᠠᠭᠰᠠᠨ ᠬᠢᠮᠢ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ | ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠲᠤᠰᠬᠠᠢ ᠬᠥᠮᠥᠨ ᠲᠣᠮᠢᠯᠠᠨ ᠠᠵᠤ ᠠᠬᠤᠶᠢᠯᠠᠯ ᠤᠨ ᠠᠶᠤᠯ ᠦᠭᠡᠢ ᠦᠢᠯᠡᠳᠪᠦᠷᠢᠯᠡᠯ ᠤᠨ | ᠵᠥᠪᠰᠢᠶᠡᠷᠡᠯ ᠤᠨ ᠦᠨᠡᠮᠯᠡᠯ ᠤᠨ ᠬᠤᠭᠤᠴᠠᠭ᠎ᠠ ᠶᠢ ᠬᠤᠶᠢᠰᠢᠯᠠᠭᠤᠯᠤᠨ ᠦᠨᠡᠮᠯᠡᠯ ᠰᠣᠯᠢᠬᠤ ᠭᠠᠷᠳᠠᠮ ᠢ ᠭᠦᠢᠴᠡᠳᠬᠡᠬᠦ ᠶᠢ ᠵᠢᠯᠣᠭᠤᠳᠤᠭᠤᠯᠤᠨ᠎ᠠ᠃ ᠨᠡᠭᠦᠷᠡᠰᠦᠨ | ᠠᠭᠤᠷᠬᠠᠢ ᠶᠢᠨ ᠠᠵᠤ ᠠᠬᠤᠶᠢᠯᠠᠯ ᠤᠨ ᠭᠠᠵᠠᠷ ᠬᠡᠷᠡᠭᠯᠡᠬᠦ ᠭᠠᠷᠳᠠᠮ᠂ ᠡᠬᠢ ᠪᠠᠶᠠᠯᠢᠭ ᠢ ᠨᠡᠭᠡᠭᠡᠨ ᠠᠰᠢᠭᠯᠠᠬᠤ ᠭᠠᠷᠳᠠᠮ ᠢ ᠭᠦᠢᠴᠡᠳᠬᠡᠬᠦ ᠠᠬᠢᠴᠠ ᠶᠢ ᠲᠦᠷᠭᠡᠳᠬᠡᠨ᠎ᠡ᠃ | ᠰᠢᠲᠠᠮᠠᠬᠠᠢ ᠬᠡᠢ ᠬᠡᠷᠡᠭᠯᠡᠬᠦ ᠠᠵᠤ ᠠᠬᠤᠶᠢᠯᠠᠯ ᠢ ᠬᠠᠪᠰᠤᠷᠤᠨ ᠪᠠᠶᠢᠭᠠᠯᠢ ᠶᠢᠨ ᠰᠢᠲᠠᠮᠠᠬᠠᠢ ᠬᠡᠢ ᠬᠡᠷᠡᠭᠯᠡᠬᠦ ᠭᠦᠢᠴᠡᠳᠬᠡᠯ ᠲᠤᠭ᠎ᠠ ᠶᠢ ᠴᠢᠷᠮᠠᠶᠢᠨ ᠣᠯᠵᠤ᠂ | ᠪᠠᠶᠢᠭᠠᠯᠢ ᠶᠢᠨ ᠰᠢᠲᠠᠮᠠᠬᠠᠢ ᠬᠡᠢ ᠶᠢᠨ ᠭᠠᠷᠤᠯᠲᠠ ᠶᠢᠨ ᠣᠷᠣᠨ ᠤ ᠠᠵᠤ ᠠᠬᠤᠶᠢᠯᠠᠯ ᠤᠨ ᠰᠢᠲᠠᠮᠠᠬᠠᠢ ᠬᠡᠢ ᠬᠡᠷᠡᠭᠯᠡᠬᠦ ᠬᠡᠮᠵᠢᠶ᠎ᠡ ᠶᠢ ᠤᠷᠢᠳᠠᠪᠠᠷ ᠪᠠᠲᠤᠯᠠᠨ᠎ᠠ᠃ ᠬᠡᠷᠡᠯ | ᠴᠡᠨᠡᠭ ᠢ ᠲᠥᠷᠥ ᠶᠢᠨ ᠪᠣᠳᠣᠯᠭ᠎ᠠ ᠪᠠᠷ ᠲᠡᠳᠬᠦᠬᠦ ᠡᠷᠴᠢᠮ ᠢ ᠴᠢᠩᠭᠠᠷᠠᠭᠤᠯᠵᠤ᠂ ᠨᠠᠩ ᠣᠯᠠᠨ ᠳᠤᠮᠳᠠ ᠵᠢᠵᠢᠭ ᠠᠵᠤ ᠠᠬᠤᠶᠢᠯᠠᠯ᠂ ᠠᠷᠠᠳ ᠠᠴᠠ ᠡᠵᠡᠩᠨᠡᠭᠰᠡᠨ ᠠᠵᠤ | ᠠᠬᠤᠶᠢᠯᠠᠯ ᠢ ᠰᠢᠨ᠎ᠡ ᠡᠨᠧᠷᠭᠢ ᠶᠢᠨ ᠴᠠᠬᠢᠯᠭᠠᠨ ᠥᠷᠲᠡᠭᠡᠨ ᠤ ᠪᠦᠲᠦᠭᠡᠨ ᠪᠠᠶᠢᠭᠤᠯᠤᠯᠲᠠ ᠳᠤ ᠣᠷᠣᠯᠴᠠᠭᠤᠯᠤᠨ᠎ᠠ᠃ ︵ᠲᠦᠷᠦᠭᠦᠯᠡᠨ ᠬᠢᠬᠦ ᠨᠢᠭᠡᠴᠢ᠄ ᠬᠤᠰᠢᠭᠤᠨ ᠤ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ︔ ᠬᠠᠷᠢᠭᠤᠴᠠᠯᠭᠠᠲᠤ ᠨᠢᠭᠡᠴᠢ᠄ ᠣᠲᠤᠭ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ᠂ ᠬᠤᠰᠢᠭᠤᠨ | ︵ᠬᠤᠲᠠ︶ ᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠪᠠᠶᠢᠭᠤᠯᠭ᠎ᠠ᠂ ᠡᠯ᠎ᠡ ᠰᠤᠮᠤ ᠪᠠᠯᠭᠠᠰᠤ︶ | ︵ᠭᠤᠷᠪᠠ︶ ᠡᠳ᠋ ᠤᠨ ᠵᠠᠰᠠᠭ ᠠᠴᠠ ᠠᠵᠤ ᠠᠬᠤᠶᠢᠯᠠᠯ ᠳᠤ ᠠᠰᠢᠭ ᠬᠦᠷᠲᠡᠭᠡᠬᠦ ᠲᠤᠰᠬᠠᠢ ᠠᠵᠢᠯᠯᠠᠭ᠎ᠠ᠃ ᠲᠥᠰᠥᠪ ᠢ ᠭᠦᠢᠴᠡᠳᠬᠡᠬᠦ ᠠᠬᠢᠴᠠ ᠶᠢ | ᠲᠦᠷᠭᠡᠳᠬᠡᠵᠦ᠂ ᠬᠠᠳᠠᠭᠠᠯᠠᠭᠳᠠᠵᠤ ᠪᠠᠶᠢᠭ᠎ᠠ ᠪᠡᠯᠡ ᠮᠥᠩᠭᠦ ᠶᠢ ᠠᠮᠢᠳᠤᠯᠢᠭ ᠬᠡᠷᠡᠭᠯᠡᠬᠦ ᠡᠷᠴᠢᠮ ᠢ ᠴᠢᠩᠭᠠᠷᠠᠭᠤᠯᠤᠨ᠂ ᠡᠳ᠋ ᠤᠨ ᠵᠠᠰᠠᠭ ᠤᠨ ᠰᠤᠯᠠ ᠪᠠᠶᠢᠭ᠎ᠠ ᠪᠡᠯᠡ | ᠮᠥᠩᠭᠦ ᠶᠢ ᠴᠠᠭ ᠲᠤᠬᠠᠢ ᠳᠤᠨᠢ ᠢᠯᠭᠠᠷᠠᠭᠤᠯᠤᠨ ᠬᠤᠷᠢᠶᠠᠨ ᠠᠪᠴᠤ᠂ ᠠᠵᠤ ᠠᠬᠤᠢ ᠶᠢᠨ ᠲᠦᠷᠦ ᠶᠢᠨ ᠪᠣᠳᠣᠯᠭ᠎ᠠ ᠶᠢ ᠲᠣᠭᠲᠠᠪᠤᠷᠢᠵᠢᠭᠤᠯᠬᠤ ᠳᠤ ᠨᠢᠭᠡᠳᠦᠯᠲᠡᠢ | ᠲᠥᠯᠥᠪᠯᠡᠵᠦ ᠬᠡᠷᠡᠭᠯᠡᠨ᠂ ᠲᠦᠷᠦ ᠶᠢᠨ ᠪᠣᠳᠣᠯᠭ᠎ᠠ ᠶᠢ ᠬᠡᠷᠡᠭᠵᠢᠭᠦᠯᠬᠦ ᠡᠷᠴᠢᠮ ᠪᠠ ᠣᠨᠣᠪᠴᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠤᠰᠢᠭᠤ ᠲᠣᠭᠤᠷᠢᠭ ᠤᠨ | ᠬᠤᠯᠪᠣᠭᠳᠠᠯ ᠪᠦᠬᠦᠢ ᠪᠠᠶᠢᠭᠤᠯᠭ᠎ᠠ ᠶᠢ ᠱᠠᠭᠠᠷᠳᠠᠵᠤ ᠲᠥᠰᠥᠪ ᠤᠨ ᠭᠦᠢᠴᠡᠳᠬᠡᠯ ᠤᠨ ᠬᠠᠮᠢᠶᠠᠷᠤᠯᠲᠠ ᠶᠢ ᠴᠢᠩᠭᠠᠳᠬᠠᠵᠤ᠂ ᠠᠵᠤ ᠠᠬᠤᠶᠢᠯᠠᠯ ᠳᠤ ᠬᠤᠯᠪᠣᠭᠳᠠᠬᠤ | ᠡᠯ᠎ᠡ ᠲᠥᠷᠥᠯ ᠤᠨ ᠲᠤᠰᠬᠠᠢ ᠪᠡᠯᠡ ᠮᠥᠩᠭᠦ ᠶᠢ ᠴᠠᠭ ᠲᠤᠬᠠᠢ ᠳᠤᠨᠢ ᠰᠠᠯᠭᠠᠨ ᠥᠭᠭᠦᠨ᠎ᠡ᠃ ᠵᠥᠪᠰᠢᠶᠡᠷᠡᠭᠰᠡᠨ ᠲᠥᠰᠥᠪ ᠶᠣᠰᠣᠭᠠᠷ ᠵᠠᠰᠠᠭ ᠤᠨ ᠣᠷᠳᠣᠨ ᠤ | ᠬᠤᠳᠠᠯᠳᠤᠨ ᠠᠪᠬᠤ ᠶᠢ ᠬᠡᠷᠡᠭᠵᠢᠭᠦᠯᠵᠦ᠂ ᠵᠠᠰᠠᠭ ᠤᠨ ᠣᠷᠳᠣᠨ ᠤ ᠬᠤᠳᠠᠯᠳᠤᠨ ᠠᠪᠬᠤ ᠭᠡᠷ᠎ᠡ ᠳᠤ ᠪᠣᠯᠵᠣᠨ ᠲᠣᠭᠲᠠᠭᠰᠠᠨ ᠵᠣᠭᠤᠰ ᠥᠭᠬᠦ ᠨᠥᠬᠦᠴᠡᠯ ᠢ | ᠬᠠᠩᠭᠠᠭᠰᠠᠨ ᠪᠠᠶᠢᠪᠠᠯ᠂ ᠬᠤᠳᠠᠯᠳᠤᠨ ᠠᠪᠬᠤ ᠨᠢᠭᠡᠴᠢ ᠨᠢ ᠪᠡᠯᠡ ᠮᠥᠩᠭᠦ ᠶᠢ ᠠᠯᠢ ᠲᠦᠷᠭᠡᠨ ᠢᠶᠠᠷ ᠥᠭᠭᠦᠨ᠎ᠡ᠃ ᠰᠢᠭᠤᠳ ᠪᠠᠭᠤᠯᠭᠠᠬᠤ ᠪᠡᠯᠡ ᠮᠥᠩᠭᠦ ᠶᠢᠨ | ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠬᠡᠷᠡᠭᠯᠡᠯᠲᠡ ᠬᠠᠮᠢᠶᠠᠷᠤᠯᠲᠠ ᠶᠢ ᠴᠢᠩᠭᠠᠳᠬᠠᠬᠤ᠂ ᠣᠨᠣᠪᠴᠢᠲᠠᠢ ᠲᠣᠬᠢᠷᠠᠭᠤᠯᠬᠤ ᠶᠢ ᠴᠢᠩᠭᠠᠳᠬᠠᠬᠤ ᠪᠠᠷ | ᠳᠠᠮᠵᠢᠭᠤᠯᠵᠤ᠂ ᠪᠡᠯᠡ ᠮᠥᠩᠭᠦ ᠶᠢ ᠬᠤᠪᠢᠶᠠᠷᠢᠯᠠᠨ ᠪᠠᠭᠤᠯᠭᠠᠬᠤ ᠪᠠ ᠲᠥᠰᠥᠪ ᠢ ᠭᠦᠢᠴᠡᠳᠬᠡᠬᠦ ᠶᠢ ᠲᠦᠷᠭᠡᠳᠬᠡᠨ᠂ ᠰᠢᠭᠤᠳ ᠪᠠᠭᠤᠯᠭᠠᠬᠤ ᠪᠡᠯᠡ ᠮᠥᠩᠭᠦ ᠶᠢ | ᠬᠤᠪᠢᠶᠠᠷᠢᠯᠠᠬᠤ᠂ ᠰᠠᠯᠭᠠᠨ ᠥᠭᠬᠦ᠂ ᠬᠡᠷᠡᠭᠯᠡᠬᠦ ᠶᠢ ᠪᠦᠬᠦ ᠬᠡᠯᠬᠢᠶ᠎ᠡ ᠪᠠᠷ ᠬᠢᠨᠠᠨ ᠬᠠᠮᠢᠶᠠᠷᠴᠤ᠂ ᠰᠢᠭᠤᠳ ᠪᠠᠭᠤᠯᠭᠠᠬᠤ ᠪᠡᠯᠡ ᠮᠥᠩᠭᠦ ᠶᠢ ᠠᠷᠠᠳ ᠤᠨ ᠠᠮᠢᠳᠤᠷᠠᠯ ᠢ | ᠪᠠᠲᠤᠯᠠᠬᠤ᠂ ᠠᠵᠤ ᠠᠬᠤᠶᠢᠯᠠᠯ ᠳᠤ ᠠᠰᠢᠭ ᠬᠦᠷᠲᠡᠭᠡᠬᠦ᠂ ᠬᠤᠷᠢᠭ᠎ᠠ ᠱᠤᠭᠤᠮ ᠢ ᠪᠠᠲᠤᠯᠠᠬᠤ ᠵᠡᠷᠭᠡ ᠭᠤᠣᠯᠳᠠᠯᠭ᠎ᠠ ᠲᠠᠢ ᠲᠥᠷᠥᠯ ᠵᠦᠢᠯ ᠳᠤ ᠴᠠᠭ ᠲᠤᠬᠠᠢ ᠳᠤᠨᠢ | ᠪᠦᠲᠦᠮᠵᠢᠲᠡᠢ ᠬᠡᠷᠡᠭᠯᠡᠬᠦ ᠶᠢ ᠦᠨᠡᠨ ᠬᠦ ᠪᠠᠲᠤᠯᠠᠨ᠎ᠠ᠃ ᠲᠥᠷᠥᠯ ᠵᠦᠢᠯ ᠢ ᠪᠠᠶᠢᠩᠭᠤ ᠨᠥᠭᠡᠴᠡᠯᠡᠵᠦ᠂ ᠰᠢᠨ᠎ᠡ ᠰᠠᠭᠤᠷᠢ ᠪᠦᠲᠦᠭᠡᠨ ᠪᠠᠶᠢᠭᠤᠯᠤᠯᠲᠠ᠂ ᠰᠢᠨ᠎ᠡ | ᠡᠨᠧᠷᠭᠢ ᠶᠢᠨ ᠲᠥᠷᠥᠯ ᠵᠦᠢᠯ ᠤᠨ ᠨᠥᠭᠡᠴᠡ ᠶᠢ ᠨᠡᠮᠡᠭᠳᠡᠭᠦᠯᠦᠨ᠎ᠡ᠃ ︵ᠲᠦᠷᠦᠭᠦᠯᠡᠨ ᠬᠢᠬᠦ ᠨᠢᠭᠡᠴᠢ᠄ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ︔ | ᠬᠠᠷᠢᠭᠤᠴᠠᠯᠭᠠᠲᠤ ᠨᠢᠭᠡᠴᠢ᠄ ᠣᠲᠤᠭ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ᠂ ᠬᠤᠰᠢᠭᠤᠨ ︵ᠬᠤᠲᠠ︶ ᠤ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ | ᠪᠠᠶᠢᠭᠤᠯᠭ᠎ᠠ᠂ ᠡᠯ᠎ᠡ ᠰᠤᠮᠤ ᠪᠠᠯᠭᠠᠰᠤ︶ | ︵ᠳᠥᠷᠪᠡ︶ ᠭᠠᠶᠢᠯᠢ ᠶᠢ ᠬᠥᠩᠭᠡᠷᠡᠭᠦᠯᠵᠦ ᠵᠠᠷᠤᠳᠠᠯ ᠢ ᠪᠠᠭᠤᠷᠠᠭᠤᠯᠬᠤ ᠲᠤᠰᠬᠠᠢ ᠠᠵᠢᠯᠯᠠᠭ᠎ᠠ᠃ ᠦᠯᠡᠳᠡᠭᠡᠵᠦ ᠰᠠᠭᠤᠯᠭᠠᠨ ᠪᠤᠴᠠᠭᠠᠬᠤ ᠭᠠᠶᠢᠯᠢ ᠶᠢᠨ ᠡᠯ᠎ᠡ | ᠵᠦᠢᠯ ᠤᠨ ᠲᠥᠷᠥ ᠶᠢᠨ ᠪᠣᠳᠣᠯᠭ᠎ᠠ ᠶᠢ ᠲᠡᠷᠡ ᠬᠡᠪ ᠢᠶᠠᠷ ᠨᠢ ᠰᠠᠶᠢᠲᠤᠷ ᠨᠠᠶᠢᠳᠠᠪᠤᠷᠢᠵᠢᠭᠤᠯᠵᠤ᠂ ᠨᠥᠬᠦᠴᠡᠯ ᠳᠤ ᠨᠡᠶᠢᠴᠡᠬᠦ ᠪᠣᠶ ᠪᠦᠬᠦᠢ ᠵᠢᠵᠢᠭ ᠪᠢᠴᠢᠯ ᠠᠵᠤ | ᠠᠬᠤᠶᠢᠯᠠᠯ ᠤᠨ ᠦᠯᠡᠳᠡᠭᠡᠵᠦ ᠰᠠᠭᠤᠯᠭᠠᠨ ᠪᠤᠴᠠᠭᠠᠬᠤ ᠭᠠᠶᠢᠯᠢ ᠶᠢᠨ ᠵᠣᠭᠤᠰ ᠢ ᠲᠥᠪᠯᠡᠷᠡᠭᠦᠯᠦᠨ ᠪᠤᠴᠠᠭᠠᠵᠤ᠂ ᠨᠡᠮᠡᠭᠳᠡᠭᠰᠡᠨ ᠦᠯᠡᠳᠡᠭᠡᠵᠦ ᠰᠠᠭᠤᠯᠭᠠᠨ ᠪᠤᠴᠠᠭᠠᠬᠤ | ᠭᠠᠶᠢᠯᠢ ᠶᠢᠨ ᠵᠣᠭᠤᠰ ᠢ ᠰᠠᠷ᠎ᠠ ᠰᠠᠷ᠎ᠠ ᠪᠠᠷ ᠪᠦᠬᠦᠨ ᠢ ᠪᠤᠴᠠᠭᠠᠨ᠎ᠠ᠃ ᠦᠯᠡᠳᠡᠭᠡᠵᠦ ᠰᠠᠭᠤᠯᠭᠠᠨ ᠪᠤᠴᠠᠭᠠᠬᠤ ᠭᠠᠶᠢᠯᠢ ᠶᠢᠨ ᠪᠡᠯᠡ ᠮᠥᠩᠭᠦ ᠶᠢ ᠴᠢᠩᠭ᠎ᠠ ᠬᠢᠨᠠᠨ | ᠬᠠᠮᠢᠶᠠᠷᠴᠤ᠂ ᠦᠯᠡᠳᠡᠭᠡᠵᠦ ᠰᠠᠭᠤᠯᠭᠠᠨ ᠪᠤᠴᠠᠭᠠᠬᠤ ᠭᠠᠶᠢᠯᠢ ᠳᠤ ︽ᠤᠷᠢᠳᠴᠢᠯᠠᠨ ᠰᠠᠯᠭᠠᠨ ᠥᠭᠬᠦ + ᠢᠯᠭᠠᠷᠠᠭᠤᠯᠤᠨ ᠪᠤᠳᠤᠬᠤ︾ ᠳᠦᠷᠢᠮ ᠢ ᠬᠡᠷᠡᠭᠵᠢᠭᠦᠯᠵᠦ᠂ | ᠭᠠᠶᠢᠯᠢ ᠵᠠᠷᠤᠳᠠᠯ ᠤᠨ ᠲᠠᠯ᠎ᠠ ᠪᠠᠷ ᠳᠡᠮᠵᠢᠬᠦ ᠲᠦᠷᠦ ᠶᠢᠨ ᠪᠣᠳᠣᠯᠭ᠎ᠠ ᠶᠢᠨ ᠴᠡᠪᠡᠷ ᠠᠰᠢᠭ ᠢ ᠬᠠᠮᠤᠭ ᠤᠨ ᠶᠡᠭᠡ ᠬᠡᠮᠵᠢᠶᠡᠨ ᠳᠤ ᠬᠦᠷᠭᠡᠨ᠎ᠡ᠃ ᠠᠵᠤ ᠠᠬᠤᠶᠢᠯᠠᠯ ᠤᠨ | ᠵᠠᠷᠤᠳᠠᠯ ᠲᠤᠰᠢᠶᠠᠬᠤ ᠳᠠᠷᠤᠭᠠᠰᠤ ᠶᠢ ᠬᠥᠩᠭᠡᠷᠡᠭᠦᠯᠵᠦ᠂ ᠨᠡᠶᠢᠭᠡᠮ ᠤᠨ ᠳᠠᠭᠠᠳᠬᠠᠯ ᠤᠨ ᠵᠠᠷᠤᠳᠠᠯ ᠢ ᠱᠠᠲᠤᠴᠢ ᠴᠢᠨᠠᠷᠲᠠᠢ ᠪᠠᠷ ᠬᠤᠶᠢᠰᠢᠯᠠᠭᠤᠯᠤᠨ ᠲᠤᠰᠢᠶᠠᠬᠤ | ᠬᠤᠭᠤᠴᠠᠭ᠎ᠠ ᠲᠤᠯᠤᠭᠰᠠᠨ ᠤ ᠳᠠᠷᠠᠭ᠎ᠠ᠂ ᠠᠵᠤ ᠠᠬᠤᠶᠢᠯᠠᠯ ᠤᠨ 2023 ᠣᠨ ᠤ ᠵᠢᠯ ᠤᠨ ᠰᠡᠭᠦᠯᠴᠢ ᠠᠴᠠ ᠡᠮᠦᠨ᠎ᠡ ᠬᠤᠭᠤᠴᠠᠭ᠎ᠠ ᠬᠤᠪᠢᠶᠠᠵᠤ ᠲᠤᠰᠢᠶᠠᠬᠤ ᠪᠤᠶᠤ | ᠰᠠᠷ᠎ᠠ ᠰᠠᠷ᠎ᠠ ᠪᠠᠷ ᠲᠤᠰᠢᠶᠠᠬᠤ ᠵᠡᠷᠭᠡ ᠠᠷᠭ᠎ᠠ ᠮᠠᠶ᠋ᠢᠭ ᠢᠶᠠᠷ ᠨᠡᠶᠢᠭᠡᠮ ᠤᠨ ᠳᠠᠭᠠᠳᠬᠠᠯ ᠤᠨ ᠵᠠᠷᠤᠳᠠᠯ ᠢ ᠬᠤᠶᠢᠰᠢᠯᠠᠭᠤᠯᠤᠨ ᠲᠤᠰᠢᠶᠠᠬᠤ ᠨᠥᠬᠦᠵᠦ ᠲᠤᠰᠢᠶᠠᠬᠤ ᠶᠢ | ᠵᠥᠪᠰᠢᠶᠡᠷᠡᠵᠦ᠂ ᠨᠥᠬᠦᠵᠦ ᠲᠤᠰᠢᠶᠠᠬᠤ ᠬᠤᠭᠤᠴᠠᠭᠠᠨ ᠳᠤ ᠬᠤᠭᠤᠴᠠᠭ᠎ᠠ ᠰᠠᠭᠠᠲᠠᠭᠤᠯᠤᠭᠰᠠᠨ ᠲᠣᠷᠭᠠᠭᠤᠯᠢ ᠶᠢᠨ ᠮᠥᠩᠭᠦ ᠬᠤᠷᠢᠶᠠᠬᠤ ᠦᠭᠡᠢ᠃ ᠬᠦᠴᠢᠷᠳᠡᠯᠲᠡᠢ | ᠠᠵᠤ ᠠᠬᠤᠶᠢᠯᠠᠯ ᠤᠨ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠵᠠᠷᠤᠳᠠᠯ ᠢ ᠱᠠᠲᠤᠴᠢ ᠴᠢᠨᠠᠷᠲᠠᠢ ᠬᠤᠶᠢᠰᠢᠯᠠᠭᠤᠯᠤᠨ ᠲᠤᠰᠢᠶᠠᠬᠤ ᠬᠤᠭᠤᠴᠠᠭ᠎ᠠ ᠶᠢ | 2023 ᠣᠨ ᠤ 3 ᠰᠠᠷ᠎ᠠ ᠶᠢᠨ ᠰᠡᠭᠦᠯᠴᠢ ᠪᠣᠯᠲᠠᠯ᠎ᠠ ᠬᠤᠶᠢᠰᠢᠯᠠᠭᠤᠯᠵᠤ ᠪᠣᠯᠣᠨ᠎ᠠ᠃ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠵᠠᠷᠤᠳᠠᠯ ᠤᠨ | ᠨᠤᠷᠮ᠎ᠠ ᠶᠢ ᠱᠠᠲᠤᠴᠢ ᠴᠢᠨᠠᠷᠲᠠᠢ ᠪᠠᠷ ᠪᠠᠭᠤᠷᠠᠭᠤᠯᠬᠤ ᠲᠦᠷᠦ ᠶᠢᠨ ᠪᠣᠳᠣᠯᠭ᠎ᠠ ᠶᠢ 2023 ᠣᠨ ᠤ 4 ᠰᠠᠷ᠎ᠠ ᠶᠢᠨ ᠰᠡᠭᠦᠯᠴᠢ ᠪᠣᠯᠲᠠᠯ᠎ᠠ ᠦᠷᠭᠦᠯᠵᠢᠯᠡᠨ | ᠬᠡᠷᠡᠭᠵᠢᠭᠦᠯᠦᠨ᠎ᠡ᠃ ︵ᠲᠦᠷᠦᠭᠦᠯᠡᠨ ᠬᠢᠬᠦ ᠨᠢᠭᠡᠴᠢ᠄ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ︔ ᠬᠠᠷᠢᠭᠤᠴᠠᠯᠭᠠᠲᠤ ᠨᠢᠭᠡᠴᠢ᠄ ᠣᠲᠤᠭ ᠤᠨ ᠠᠵᠤ | ᠠᠬᠤᠢ ᠶᠢᠨ ᠨᠡᠭᠡᠭᠡᠯᠲᠡ ᠶᠢᠨ ᠲᠣᠭᠤᠷᠢᠭ᠂ ᠬᠤᠰᠢᠭᠤᠨ ︵ᠬᠤᠲᠠ︶ ᠤ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠪᠠᠶᠢᠭᠤᠯᠭ᠎ᠠ᠂ ᠡᠯ᠎ᠡ ᠰᠤᠮᠤ ᠪᠠᠯᠭᠠᠰᠤ︶ | ︵ᠲᠠᠪᠤ︶ ᠪᠡᠯᠡ ᠴᠤᠭᠯᠠᠭᠤᠯᠬᠤ ᠦᠢᠯᠡᠴᠢᠯᠡᠭᠡᠨ ᠤ ᠲᠤᠰᠬᠠᠢ ᠠᠵᠢᠯᠯᠠᠭ᠎ᠠ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ | ᠠᠬᠤᠶᠢᠯᠠᠯ ᠤᠨ ᠪᠡᠯᠡ ᠴᠤᠭᠯᠠᠭᠤᠯᠬᠤ ᠬᠡᠷᠡᠭᠴᠡᠭᠡ ᠱᠠᠭᠠᠷᠳᠠᠯᠭ᠎ᠠ ᠶᠢᠨ ᠬᠥᠮᠥᠷᠭᠡ ᠶᠢ ᠪᠠᠶᠢᠭᠤᠯᠵᠤ᠂ ᠬᠤᠰᠢᠭᠤᠨ ᠤ ᠠᠵᠤ ᠦᠢᠯᠡᠳᠪᠦᠷᠢ ᠮᠡᠳᠡᠭᠡ ᠵᠠᠩᠭᠢᠴᠢᠯᠠᠯᠲᠠ ᠪᠠ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠡᠨᠧᠷᠭᠢ ᠶᠢᠨ ᠲᠣᠪᠴᠢᠶ᠎ᠠ ᠵᠡᠷᠭᠡ ᠠᠵᠢᠯ ᠲᠥᠷᠥᠯ ᠤᠨ ᠭᠤᠣᠯᠯᠠᠨ ᠬᠠᠮᠢᠶᠠᠷᠬᠤ ᠪᠠᠶᠢᠭᠤᠯᠭ᠎ᠠ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠪᠡᠯᠡ ᠴᠤᠭᠯᠠᠭᠤᠯᠬᠤ ᠬᠡᠷᠡᠭᠴᠡᠭᠡ ᠱᠠᠭᠠᠷᠳᠠᠯᠭ᠎ᠠ ᠶᠢᠨ ᠨᠠᠷᠢᠨ ᠲᠠᠩᠰᠠ ᠶᠢ ᠤᠯᠠᠷᠢᠯ | ᠤᠯᠠᠷᠢᠯ ᠢᠶᠠᠷ ᠬᠠᠩᠭᠠᠨ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ ᠠᠴᠠ ᠪᠠᠩᠬᠢ ᠶᠢᠨ ᠦᠢᠯᠡᠰ ᠤᠨ | ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠬᠢᠶᠠᠨ ᠪᠠᠶᠢᠭᠤᠯᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠤᠨ ᠵᠢᠭᠡᠯᠡᠯᠭᠡ ᠶᠢᠨ ᠮᠥᠷᠳᠡᠭᠰᠡᠨ | ᠦᠢᠯᠡᠴᠢᠯᠡᠭᠡ ᠶᠢ ᠰᠠᠶᠢᠲᠤᠷ ᠬᠢᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠬᠡᠪᠴᠢᠶᠡᠵᠢᠯ ᠠᠴᠠ ᠳᠡᠭᠡᠭᠰᠢᠬᠢ ᠠᠵᠤ | ᠠᠬᠤᠶᠢᠯᠠᠯ ᠳᠤ ᠳᠤᠮᠳᠠ ᠣᠷᠳᠣ ᠬᠤᠭᠤᠴᠠᠭᠠᠨ ᠤ ᠢᠲᠡᠭᠡᠮᠵᠢᠲᠦ ᠵᠢᠭᠡᠯᠡᠯᠭᠡ ᠲᠠᠯᠪᠢᠬᠤ ᠬᠠᠷᠢᠴᠠᠯ ᠢ ᠨᠡᠮᠡᠭᠳᠡᠭᠦᠯᠦᠨ᠎ᠡ᠃ ᠵᠠᠰᠠᠭ ᠪᠠᠩᠬᠢ ᠠᠵᠤ ᠠᠬᠤᠶᠢᠯᠠᠯ ᠢ | ᠵᠣᠬᠢᠴᠠᠭᠤᠯᠬᠤ ᠲᠠᠪᠴᠠᠩ ᠢ ᠪᠠᠶᠢᠭᠤᠯᠵᠤ᠂ ᠵᠠᠰᠠᠭ ᠪᠠᠩᠬᠢ ᠠᠵᠤ ᠠᠬᠤᠶᠢᠯᠠᠯ ᠢ ᠵᠣᠬᠢᠴᠠᠭᠤᠯᠬᠤ ᠬᠤᠷᠠᠯ ᠢ ᠤᠯᠠᠷᠢᠯ ᠪᠦᠷᠢ ᠳᠤ ᠨᠢᠭᠡ ᠤᠳᠠᠭ᠎ᠠ ᠬᠤᠷᠠᠯᠳᠤᠭᠤᠯᠤᠨ᠂ | ᠮᠥᠩᠭᠦᠨ ᠭᠦᠢᠯᠭᠡᠭᠡᠨ ᠤ ᠪᠦᠲᠦᠭᠡᠭᠳᠡᠬᠦᠨ ᠢ ᠤᠬᠠᠭᠤᠯᠤᠨ ᠲᠠᠨᠢᠯᠴᠠᠭᠤᠯᠬᠤ ᠠᠵᠢᠯᠯᠠᠭ᠎ᠠ ᠶᠢ ᠨᠢᠭᠡ ᠤᠳᠠᠭ᠎ᠠ ᠡᠷᠬᠢᠯᠡᠵᠦ᠂ ᠦᠷᠭᠦᠯᠵᠢᠯᠡᠨ ᠵᠢᠭᠡᠯᠡᠯᠭᠡ ᠲᠠᠯᠪᠢᠬᠤ | ᠨᠥᠬᠦᠴᠡᠯ ᠳᠤ ᠨᠡᠶᠢᠴᠡᠬᠦ ᠠᠵᠤ ᠦᠢᠯᠡᠳᠪᠦᠷᠢ ᠶᠢᠨ ᠠᠵᠤ ᠠᠬᠤᠶᠢᠯᠠᠯ ᠳᠤ ᠰᠣᠬᠤᠷ ᠪᠠᠯᠠᠢ ᠪᠠᠷ ᠵᠢᠭᠡᠯᠡᠯᠭᠡ ᠲᠠᠯᠪᠢᠬᠤ ᠪᠤᠶᠤ ᠲᠡᠳᠡᠨ ᠤ ᠵᠢᠭᠡᠯᠡᠯᠭᠡ ᠶᠢ ᠵᠣᠭᠰᠤᠭᠠᠬᠤ᠂ | ᠵᠢᠭᠡᠯᠡᠯᠭᠡ ᠶᠢ ᠳᠠᠷᠤᠵᠤ ᠪᠣᠯᠬᠤ ᠦᠭᠡᠢ᠃ ᠪᠡᠯᠡ ᠴᠤᠭᠯᠠᠭᠤᠯᠬᠤ ᠳᠠᠭᠠᠭᠠᠯᠲᠠ ᠶᠢᠨ ᠺᠣᠮᠫᠠᠨᠢ ︽ᠳᠠᠭᠠᠳᠬᠠᠯ ᠳᠤ ᠲᠤᠰᠠᠯᠠᠬᠤ ᠵᠢᠭᠡᠯᠡᠯᠭᠡ︾ ᠵᠡᠷᠭᠡ ᠲᠤᠬᠠᠶᠢᠯᠠᠭᠰᠠᠨ | ᠠᠵᠢᠯ ᠥᠷᠨᠢᠭᠦᠯᠬᠦ ᠪᠠᠷ ᠳᠠᠮᠵᠢᠭᠤᠯᠤᠨ᠂ ᠵᠠᠰᠠᠭ ᠪᠠᠩᠬᠢ ᠶᠢᠨ ᠲᠦᠭᠰᠢᠭᠦᠷᠢ ᠶᠢ ᠡᠭᠦᠷᠭᠡᠯᠡᠬᠦ ᠲᠦᠭᠰᠢᠭᠦᠷᠢ ᠶᠢ ᠬᠤᠪᠢᠶᠠᠨ ᠡᠭᠦᠷᠭᠡᠯᠡᠬᠦ ᠲᠣᠭᠲᠠᠴᠠ ᠶᠢ | ᠲᠡᠭᠦᠯᠳᠡᠷᠵᠢᠭᠦᠯᠵᠦ᠂ ᠳᠠᠭᠠᠭᠠᠯᠲᠠ ᠶᠢᠨ ᠵᠠᠷᠤᠳᠠᠯ ᠤᠨ ᠨᠣᠷᠮ᠎ᠠ ᠶᠢ ᠪᠠᠭᠤᠷᠠᠭᠤᠯᠤᠨ᠂ ᠳᠠᠭᠠᠭᠠᠯᠲᠠ ᠶᠢᠨ ᠲᠤᠬᠠᠶᠢᠯᠠᠭᠰᠠᠨ ᠠᠵᠢᠯ ᠤᠨ ᠬᠠᠮᠤᠷᠬᠤ ᠬᠡᠪᠴᠢᠶ᠎ᠡ ᠶᠢ | ᠥᠷᠭᠡᠳᠬᠡᠨ᠎ᠡ᠃ ᠭᠠᠭᠴᠠ ᠡᠷᠦᠬᠡ ᠶᠢᠨ ᠳᠠᠭᠠᠭᠠᠯᠲᠠ ᠶᠢᠨ ᠵᠣᠭᠤᠰᠤᠨ ᠲᠤᠭ᠎ᠠ ᠨᠢ 500 ᠲᠦᠮᠡᠨ ᠲᠥᠭᠦᠷᠢᠭ ᠵᠢᠴᠢ ᠲᠡᠭᠦᠨ ᠠᠴᠠ ᠳᠣᠷᠣᠭᠰᠢᠬᠢ | ᠳᠠᠭᠠᠭᠠᠯᠲᠠ ᠶᠢᠨ ᠵᠠᠷᠤᠳᠠᠯ ᠬᠤᠷᠢᠶᠠᠬᠤ ᠶᠢ ᠵᠠᠷᠴᠢᠮ ᠳᠡᠭᠡᠷ᠎ᠡ ᠪᠠᠨ 1% ᠠᠴᠠ ᠳᠠᠪᠠᠭᠤᠯᠬᠤ ᠦᠭᠡᠢ᠂ 500 ᠲᠦᠮᠡᠨ ᠲᠥᠭᠦᠷᠢᠭ ᠠᠴᠠ ᠳᠡᠭᠡᠭᠰᠢᠬᠢ ᠶᠢ 1.5% | ᠠᠴᠠ ᠳᠠᠪᠠᠭᠤᠯᠬᠤ ᠦᠭᠡᠢ᠃ ︵ᠲᠦᠷᠦᠭᠦᠯᠡᠨ ᠬᠢᠬᠦ ᠨᠢᠭᠡᠴᠢ᠄ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠥᠩᠭᠦᠨ ᠬᠦᠢᠯᠬᠡᠬᠡᠨ ᠤ ᠠᠵᠢᠯ ᠤᠨ ᠠᠯᠪᠠᠨ | ᠭᠡᠷ︔ ᠬᠠᠷᠢᠭᠤᠴᠠᠯᠭᠠᠲᠤ ᠨᠢᠭᠡᠴᠢ᠄ ᠣᠲᠤᠭ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ᠂ ᠬᠤᠰᠢᠭᠤᠨ ︵ᠬᠤᠲᠠ︶ ᠤ ᠰᠢᠭᠤᠳ ᠬᠠᠷᠢᠶ᠎ᠠ ᠡᠯ᠎ᠡ ᠬᠠᠮᠢᠶ᠎ᠠ | ᠪᠦᠬᠦᠢ ᠪᠠᠶᠢᠭᠤᠯᠭ᠎ᠠ᠂ ᠠᠷᠠᠳ ᠤᠨ ᠪᠠᠩᠭᠢ ᠶᠢᠨ ᠣᠲᠤᠭ ᠬᠤᠰᠢᠭᠤᠨ ᠤ ᠭᠤᠣᠯᠳᠠᠯᠭᠠᠲᠤ ᠰᠠᠯᠪᠤᠷᠢ ᠪᠠᠩᠭᠢ᠂ ᠬᠤᠰᠢᠭᠤᠨ ᠤ ᠪᠠᠩᠭᠢ ᠶᠢᠨ ᠦᠢᠯᠡᠰ ᠤᠨ ᠬᠢᠨᠠᠯᠲᠠ | ᠬᠠᠮᠢᠶᠠᠷᠤᠯᠲᠠ ᠶᠢᠨ ᠠᠯᠪᠠᠨ ᠭᠡᠷ︶ | ︵ᠵᠢᠷᠭᠤᠭ᠎ᠠ︶ ︽ᠠᠵᠤ ᠠᠬᠤᠶᠢᠯᠠᠯ ᠳᠤ ᠵᠠᠬᠢᠶᠠᠯᠠᠭ᠎ᠠ ᠡᠷᠢᠵᠦ ᠥᠭᠬᠦ︾ ᠲᠤᠰᠬᠠᠢ ᠠᠵᠢᠯᠯᠠᠭ᠎ᠠ᠃ ︽ᠠᠵᠤ ᠠᠬᠤᠶᠢᠯᠠᠯ ᠳᠤ ᠵᠠᠬᠢᠶᠠᠯᠠᠭ᠎ᠠ ᠡᠷᠢᠵᠦ ᠥᠭᠬᠦ︾ | ᠶᠢᠨ ᠳᠡᠰ ᠳᠡᠪᠰᠢᠭᠰᠡᠨ ᠬᠡᠪ ᠢ ᠪᠤᠶ ᠪᠣᠯᠭᠠᠵᠤ᠂ ᠠᠵᠤ ᠠᠬᠤᠶᠢᠯᠠᠯ ᠳᠤ ᠦᠢᠯᠡᠴᠢᠯᠡᠬᠦ ︽ᠲᠦᠷᠭᠡᠨ ᠨᠡᠪᠲᠡᠷᠡᠬᠦ ᠵᠠᠮ︾ ᠪᠠ ᠠᠰᠠᠭᠤᠳᠠᠯ ᠢ ᠰᠢᠢᠳᠪᠦᠷᠢᠯᠡᠬᠦ ︽ | ᠰᠠᠭᠠᠳ ᠦᠭᠡᠢ ᠨᠡᠪᠲᠡᠷᠡᠬᠦ ᠵᠠᠮ︾ ᠢ ᠭᠠᠷᠭᠠᠨ᠂ ᠠᠵᠤ ᠠᠬᠤᠶᠢᠯᠠᠯ ᠳᠤ ᠲᠤᠯᠭᠠᠷᠠᠵᠤ ᠪᠠᠶᠢᠭ᠎ᠠ ᠵᠠᠬ᠎ᠠ ᠳᠡᠯᠭᠡᠭᠦᠷ ᠤᠨ ᠪᠣᠷᠤᠯᠠᠭᠤᠯᠭ᠎ᠠ ᠶᠢᠨ ᠠᠰᠠᠭᠤᠳᠠᠯ ᠢ | ᠨᠠᠮᠳᠠᠭᠤᠯᠬᠤ ᠳᠤ ᠲᠣᠭᠤᠷᠢᠭᠤᠯᠤᠨ᠂ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠦᠵᠡᠭᠦᠯᠬᠦ᠂ ᠣᠷᠴᠢᠨ ᠲᠣᠭᠤᠷᠢᠨ ᠢ ᠪᠣᠶ ᠪᠣᠯᠭᠠᠬᠤ᠂ ᠲᠠᠪᠴᠠᠩ ᠪᠠᠶᠢᠭᠤᠯᠬᠤ᠂ | ᠦᠢᠯᠡᠴᠢᠯᠡᠭᠡ ᠶᠢ ᠰᠢᠯᠢᠳᠡᠭᠵᠢᠭᠦᠯᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠵᠤ᠂ ᠠᠵᠤ ᠠᠬᠤᠶᠢᠯᠠᠯ ᠳᠤ ᠦᠢᠯᠡᠴᠢᠯᠡᠬᠦ ᠪᠦᠲᠦᠮᠵᠢᠲᠡᠢ ᠳᠠᠭᠠᠭᠠᠮᠠᠭᠠᠢ ᠲᠣᠭᠲᠠᠴᠠ ᠶᠢ | ᠪᠠᠶᠢᠭᠤᠯᠤᠨ᠂ ︽ᠪᠦᠷᠢᠨ ᠴᠢᠳᠠᠪᠤᠷᠢᠲᠤ ᠬᠠᠷᠢᠯᠴᠠᠭᠴᠢ︾᠂ ︽ᠲᠦᠷᠦᠭᠦᠸ ᠪᠣᠷᠣᠯᠠᠭᠤᠯᠤᠭᠴᠢ︾ ᠪᠣᠯᠬᠤ ᠠᠵᠢᠯ ᠢ ᠰᠠᠶᠢᠲᠤᠷ ᠬᠢᠵᠦ᠂ ᠬᠤᠰᠢᠭᠤᠨ ︵ᠬᠤᠲᠠ︶ | ᠤ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠪᠠᠶᠢᠭᠤᠯᠭ᠎ᠠ ᠵᠢᠯ ᠤᠨ ᠳᠣᠲᠣᠷ᠎ᠠ ᠨᠠᠭᠠᠲᠤ ᠵᠠᠬ᠎ᠠ ᠳᠠᠭᠠᠨ 2 ᠤᠳᠠᠭ᠎ᠠ ︽ᠠᠵᠤ ᠠᠬᠤᠶᠢᠯᠠᠯ ᠳᠤ ᠵᠠᠬᠢᠶᠠᠯᠠᠭ᠎ᠠ ᠡᠷᠢᠵᠦ | ᠥᠭᠬᠦ︾ ᠠᠵᠢᠯᠯᠠᠭ᠎ᠠ ᠥᠷᠨᠢᠭᠦᠯᠦᠨ᠎ᠡ᠃ ᠳᠤᠮᠳᠠ ᠪᠠᠭ᠎ᠠ ᠠᠵᠤ ᠠᠬᠤᠶᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠤᠨ ᠦᠢᠯᠡᠳᠦᠯ ᠢ ᠪᠠᠳᠠᠷᠠᠭᠤᠯᠵᠤ | ᠂ ︽ᠠᠵᠤ ᠠᠬᠤᠶᠢᠯᠠᠯ ᠳᠤ ᠵᠠᠬᠢᠶᠠᠯᠠᠭ᠎ᠠ ᠡᠷᠢᠵᠦ ᠥᠭᠬᠦ︾ ᠲᠤᠰᠬᠠᠢ ᠪᠤᠯᠤᠩ ᠢ ᠲᠡᠭᠦᠯᠳᠡᠷᠵᠢᠭᠦᠯᠦᠨ᠂ ᠠᠵᠤ ᠦᠢᠯᠡᠳᠪᠦᠷᠢ ᠶᠢᠨ ᠬᠦᠷᠢᠶ᠎ᠡ ᠬᠡᠪᠴᠢᠶᠡᠨ ᠳᠠᠬᠢ ᠴᠢᠨᠠᠷ | ᠰᠠᠶᠢᠲᠠᠢ ᠰᠢᠨ᠎ᠡ ᠡᠭᠦᠳᠦᠯᠲᠡ ᠶᠢᠨ ᠦᠢᠯᠡᠳᠬᠦᠨ ︵ᠮᠡᠷᠭᠡᠵᠢᠯ ᠤᠨ ᠦᠷ᠎ᠡ ᠪᠦᠲᠦᠭᠡᠯ︶ ᠢ ᠨᠡᠶᠢᠲᠡᠯᠡᠬᠦ ᠶᠢᠨ ᠬᠠᠮᠲᠤ ᠨᠢᠭᠡᠨᠲᠡ ᠬᠢᠨᠠᠨ ᠲᠣᠭᠲᠠᠭᠠᠭᠰᠠᠨ | ᠲᠤᠰᠬᠠᠶᠢᠵᠢᠭᠰᠠᠨ ᠨᠠᠷᠢᠯᠢᠭᠵᠢᠭᠰᠠᠨ ᠣᠨᠴᠠᠯᠢᠭᠵᠢᠭᠰᠠᠨ ᠰᠢᠨ᠎ᠡ ᠶᠢ ᠡᠭᠦᠳᠦᠭᠰᠡᠨ ᠬᠡᠯᠪᠡᠷᠢ ᠶᠢᠨ ᠠᠵᠤ ᠠᠬᠤᠶᠢᠯᠠᠯ ᠤᠨ ᠭᠤᠣᠯᠳᠠᠯᠭ᠎ᠠ ᠲᠠᠢ ᠦᠢᠯᠡᠳᠬᠦᠨ ᠲᠠᠢ | ᠵᠣᠬᠢᠴᠠᠭᠤᠯᠵᠤ᠂ ᠠᠵᠤ ᠠᠬᠤᠶᠢᠯᠠᠯ ᠢ ᠤᠬᠠᠭᠤᠯᠵᠤ ᠲᠠᠨᠢᠯᠴᠠᠭᠤᠯᠤᠨ᠂ ᠪᠣᠷᠤᠯᠠᠭᠤᠯᠭ᠎ᠠ ᠶᠢᠨ ᠵᠠᠮ ᠢ ᠨᠢ ᠥᠷᠭᠡᠳᠬᠡᠵᠦ᠂ ᠵᠠᠬᠢᠶᠠᠯᠠᠭ᠎ᠠ ᠶᠢ ᠨᠢ ᠨᠡᠮᠡᠭᠳᠡᠭᠦᠯᠦᠨ᠂ ᠠᠵᠤ | ᠠᠬᠤᠶᠢᠯᠠᠯ ᠤᠨ ᠬᠥᠭᠵᠢᠯᠲᠡ ᠶᠢᠨ ᠢᠲᠡᠭᠡᠯ ᠵᠣᠷᠢᠭ ᠢ ᠬᠥᠪᠴᠢᠯᠡᠵᠦ᠂ ᠠᠮᠢᠵᠢᠷᠠᠯ ᠤᠨ ᠬᠦᠴᠦᠨ ᠢ ᠨᠢ ᠬᠥᠭᠵᠢᠭᠡᠨ᠂ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ ︵ | ᠲᠦᠷᠦᠭᠦᠯᠡᠨ ᠬᠢᠬᠦ ᠨᠢᠭᠡᠴᠢ᠄ ᠬᠤᠰᠢᠭᠤᠨ ᠤ ᠠᠵᠦ ᠦᠢᠯᠡᠳᠪᠦᠷᠢ ᠮᠡᠳᠡᠭᠡ ᠵᠠᠩᠭᠢᠴᠢᠯᠠᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ︔ | ᠬᠠᠷᠢᠭᠤᠴᠠᠯᠭᠠᠲᠤ ᠨᠢᠭᠡᠴᠢ᠄ ᠣᠲᠤᠭ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ᠂ ᠬᠤᠰᠢᠭᠤᠨ ︵ᠬᠤᠲᠠ︶ ᠤ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ | ᠪᠠᠶᠢᠭᠤᠯᠭ᠎ᠠ︶ | ︵ᠳᠣᠯᠤᠭ᠎ᠠ︶ ᠪᠣᠷᠤᠯᠠᠭᠤᠯᠭ᠎ᠠ ᠶᠢᠨ ᠠᠷᠭ᠎ᠠ ᠵᠠᠮ ᠢ ᠥᠷᠭᠡᠳᠬᠡᠬᠦ ᠲᠤᠰᠬᠠᠢ ᠠᠵᠢᠯᠯᠠᠭ᠎ᠠ᠃ ᠡᠯᠧᠺᠲᠷᠣᠨ ᠬᠤᠳᠠᠯᠳᠤᠭᠠᠨ ᠤ ᠠᠵᠤ ᠠᠬᠤᠢ ᠶᠢ ᠲᠦᠷᠭᠡᠨ | ᠬᠥᠭᠵᠢᠭᠦᠯᠵᠦ᠂ ᠠᠵᠤ ᠦᠢᠯᠡᠳᠪᠦᠷᠢ ᠶᠢᠨ ᠦᠢᠯᠡᠳᠬᠦᠨ ᠢ ᠰᠦᠯᠵᠢᠶᠡᠨ ᠳᠡᠭᠡᠷᠡᠬᠢ ᠲᠠᠪᠴᠠᠩ ᠢᠶᠠᠷ ᠪᠣᠷᠣᠯᠠᠭᠤᠯᠬᠤ ᠶᠢ ᠠᠬᠢᠭᠤᠯᠤᠨ᠂ ᠠᠵᠤ ᠦᠢᠯᠡᠳᠪᠦᠷᠢ ᠶᠢᠨ | ᠦᠢᠯᠡᠳᠬᠦᠨ ᠢ ᠪᠣᠷᠣᠯᠠᠭᠤᠯᠬᠤ ᠠᠷᠭ᠎ᠠ ᠵᠠᠮ ᠢ ᠥᠷᠭᠡᠳᠬᠡᠵᠦ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠰᠦᠯᠵᠢᠶᠡᠨ ᠳᠡᠭᠡᠷ᠎ᠡ ᠬᠤᠳᠠᠯᠳᠤᠨ ᠠᠪᠬᠤ | ᠨᠤᠷᠮ᠎ᠠ ᠵᠢᠴᠢ ᠪᠣᠷᠣᠯᠠᠭᠤᠯᠬᠤ ᠨᠤᠷᠮ᠎ᠠ ᠶᠢ ᠳᠡᠭᠡᠭᠰᠢᠯᠡᠭᠦᠯᠦᠨ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢ ᠨᠡᠪᠲᠡᠷᠡᠭᠦᠯᠦᠨ᠎ᠡ᠃ ᠠᠵᠤ | ᠠᠬᠤᠶᠢᠯᠠᠯ ᠤᠨ ᠬᠡᠷᠡᠭᠯᠡᠭᠡᠨ ᠤ ᠨᠥᠬᠦᠪᠦᠷᠢ ᠥᠭᠬᠦ ᠠᠵᠢᠯᠯᠠᠭ᠎ᠠ ᠥᠷᠨᠢᠭᠦᠯᠬᠦ ᠶᠢ ᠳᠡᠮᠵᠢᠵᠦ᠂ ᠬᠡᠷᠡᠭᠯᠡᠵᠦ ᠪᠠᠶᠢᠭ᠎ᠠ ᠬᠠᠭᠤᠴᠢᠨ ᠲᠡᠷᠭᠡ ᠶᠢ ᠰᠢᠨ᠎ᠡ ᠪᠠᠷ ᠰᠣᠯᠢᠬᠤ ᠪᠠ | ᠬᠡᠷᠡᠭᠯᠡᠭᠡᠨ ᠤ ᠨᠥᠬᠦᠪᠦᠷᠢ ᠥᠭᠬᠦ ᠲᠦᠷᠦ ᠶᠢᠨ ᠪᠣᠳᠣᠯᠭ᠎ᠠ ᠶᠢ ᠨᠡᠶᠢᠲᠡᠯᠡᠨ᠎ᠡ᠃ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠪᠠᠷ ᠠᠵᠤ ᠠᠬᠤᠶᠢᠯᠠᠯ ᠤᠨ | ᠬᠥᠭᠵᠢᠯᠲᠡ ᠶᠢ ᠠᠬᠢᠭᠤᠯᠬᠤ ᠦᠢᠯᠡᠳᠦᠯ ᠢ ᠪᠠᠳᠠᠷᠠᠭᠤᠯᠵᠤ᠂ ᠵᠠᠰᠠᠭ ᠤᠨ ᠣᠷᠳᠣᠨ ᠵᠢᠴᠢ ᠤᠯᠤᠰ ᠤᠨ ᠥᠮᠴᠢᠯᠡᠯᠲᠦ ᠠᠵᠤ ᠠᠬᠤᠶᠢᠯᠠᠯ ᠠᠵᠢᠯ ᠦᠢᠯᠡᠰ ᠤᠨ | ᠨᠢᠭᠡᠴᠢ ᠶᠢᠨ ᠬᠤᠰᠢᠭᠤᠨ ᠤ ᠡᠯ᠎ᠡ ᠲᠥᠷᠥᠯ ᠤᠨ ᠠᠵᠤ ᠦᠢᠯᠡᠳᠪᠦᠷᠢ ᠶᠢᠨ ᠦᠢᠯᠡᠳᠬᠦᠨ ᠢ ᠬᠤᠳᠠᠯᠳᠤᠨ ᠠᠪᠬᠤ ᠡᠷᠴᠢᠮ ᠢ ᠴᠢᠩᠭᠠᠷᠠᠭᠤᠯᠤᠨ᠎ᠠ᠃ ᠬᠢᠯᠢ | ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠤ ᠦᠢᠯᠡᠳᠦᠯ ᠢ ᠪᠠᠳᠠᠷᠠᠭᠤᠯᠵᠤ᠂ ᠬᠥᠮᠥᠷᠭᠡᠯᠡᠨ ᠬᠠᠳᠠᠭᠠᠯᠠᠵᠤ | ᠲᠣᠬᠢᠷᠠᠭᠤᠯᠤᠨ ᠬᠦᠷᠭᠡᠬᠦ᠂ ᠡᠵᠡᠩᠨᠡᠨ ᠪᠣᠷᠣᠯᠠᠭᠤᠯᠬᠤ ᠶᠢ ᠳᠡᠯᠭᠡᠷᠡᠭᠦᠯᠬᠦ ᠵᠡᠷᠭᠡ ᠣᠷᠣᠨ ᠨᠤᠲᠤᠭᠴᠢᠯᠠᠭᠰᠠᠨ ᠡᠵᠡᠩᠨᠡᠯᠲᠡ ᠶᠢ ᠥᠷᠨᠢᠭᠦᠯᠦᠨ᠎ᠡ᠃ ᠠᠵᠤ | ᠦᠢᠯᠡᠳᠪᠦᠷᠢ ᠶᠢᠨ ᠠᠵᠤ ᠠᠬᠤᠶᠢᠯᠠᠯ ᠤᠨ ᠨᠢᠭᠡ ᠪᠦᠰᠡ ᠨᠢᠭᠡ ᠵᠠᠮ ᠳᠠᠭᠠᠤ ᠶᠢᠨ ᠵᠠᠬ᠎ᠠ ᠳᠡᠯᠭᠡᠭᠦᠷ ᠢ ᠨᠡᠭᠡᠭᠡᠬᠦ ᠶᠢ ᠬᠥᠲᠥᠯᠥᠨ ᠵᠢᠯᠣᠭᠤᠳᠴᠤ᠂ ᠳᠤᠮᠳᠠᠳᠤ | ᠡᠸᠦ᠋ᠷᠦᠫᠡ ᠶᠢᠨ ᠵᠠᠬ᠎ᠠ ᠳᠡᠯᠭᠡᠭᠦᠷ ᠲᠤ ᠣᠷᠣᠬᠤ ᠶᠢ ᠳᠡᠮᠵᠢᠨ᠎ᠡ᠃ ︵ᠲᠦᠷᠦᠭᠦᠯᠡᠨ ᠬᠢᠬᠦ ᠨᠢᠭᠡᠴᠢ᠄ ᠬᠤᠰᠢᠭᠤᠨ ᠤ ᠠᠵᠦ ᠦᠢᠯᠡᠳᠪᠦᠷᠢ ᠮᠡᠳᠡᠭᠡ ᠵᠠᠩᠭᠢᠴᠢᠯᠠᠯᠲᠠ ᠪᠠ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ︔ ᠬᠠᠷᠢᠭᠤᠴᠠᠯᠭᠠᠲᠤ ᠨᠢᠭᠡᠴᠢ᠄ ᠣᠲᠤᠭ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ᠂ | ᠬᠤᠰᠢᠭᠤᠨ ︵ᠬᠤᠲᠠ︶ ᠤ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠪᠠᠶᠢᠭᠤᠯᠭ᠎ᠠ᠂ ᠡᠯ᠎ᠡ ᠰᠤᠮᠤ ᠪᠠᠯᠭᠠᠰᠤ︶ | ︵ᠨᠠᠢᠮᠠ︶ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠬᠤ ᠲᠤᠰᠬᠠᠢ ᠠᠵᠢᠯᠯᠠᠭ᠎ᠠ᠃ ᠮᠠᠨ ᠤ ᠬᠤᠰᠢᠭᠤᠨ ᠤ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠤᠷ᠎ᠠ ᠴᠢᠳᠠᠪᠤᠷᠢ ᠶᠢᠨ ᠪᠣᠯᠪᠠᠰᠤᠷᠠᠯ ᠢ ᠪᠡᠶ᠎ᠡ ᠪᠠᠨ ᠳᠠᠭᠠᠭᠠᠨ ᠥᠷᠨᠢᠭᠦᠯᠬᠦ ᠶᠢ ᠶᠡᠬᠡᠪᠡᠷ | ᠳᠡᠮᠵᠢᠬᠦ ᠬᠡᠷᠡᠭᠵᠢᠭᠦᠯᠬᠦ ᠲᠥᠰᠥᠯ ᠶᠣᠰᠣᠭᠠᠷ᠂ ᠠᠵᠢᠯᠴᠢᠨ ᠬᠡᠷᠡᠭᠯᠡᠬᠦ ᠳᠤ ᠬᠦᠴᠢᠷᠲᠡᠢ ᠪᠠ ᠪᠣᠯᠪᠠᠰᠤᠷᠠᠯ ᠬᠢᠬᠦ ᠬᠡᠷᠡᠭᠴᠡᠭᠡ ᠱᠠᠭᠠᠷᠳᠠᠯᠭ᠎ᠠ ᠲᠠᠢ ᠠᠵᠤ ᠠᠬᠤᠶᠢᠯᠠᠯ | ᠯᠤᠭ᠎ᠠ ᠰᠠᠨᠠᠭᠠᠴᠢᠯᠠᠭ᠎ᠠ ᠠᠴᠠ ᠪᠠᠨ ᠬᠠᠷᠢᠯᠴᠠᠵᠤ᠂ ᠵᠠᠬᠢᠶᠠᠯᠠᠭ᠎ᠠ ᠶᠢᠨ ᠮᠠᠶ᠋ᠢᠭ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠪᠠ ᠰᠢᠨ᠎ᠡ ᠮᠠᠶ᠋ᠢᠭ ᠤᠨ ᠱᠠᠪᠢ ᠶᠢᠨ | ᠳᠦᠷᠢᠮ ᠤᠨ ᠪᠣᠯᠪᠠᠰᠤᠷᠠᠯ ᠢ ᠵᠣᠬᠢᠶᠠᠨ ᠪᠠᠶᠢᠭᠤᠯᠵᠤ ᠥᠷᠨᠢᠭᠦᠯᠦᠨ᠂ ᠪᠣᠯᠪᠠᠰᠤᠷᠠᠯ ᠤᠨ ᠨᠥᠬᠦᠪᠦᠷᠢ ᠮᠥᠩᠭᠦ ᠶᠢ ᠨᠠᠶᠢᠳᠠᠪᠤᠷᠢᠵᠢᠭᠤᠯᠤᠨ᠎ᠠ᠃ ᠠᠵᠤ ᠠᠬᠤᠶᠢᠯᠠᠯ ᠤᠨ | ᠠᠵᠢᠯᠴᠢᠨ ᠬᠡᠷᠡᠭᠯᠡᠬᠦ ᠮᠡᠳᠡᠭᠡ ᠵᠠᠩᠭᠢ ᠶᠢᠨ ᠲᠠᠪᠴᠠᠩ ᠤᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠪᠥᠬᠦ ᠬᠤᠰᠢᠭᠤᠨ ᠤ ᠬᠡᠪᠴᠢᠶᠡᠨ ᠳᠠᠬᠢ ᠠᠵᠢᠯᠴᠢᠨ ᠬᠡᠷᠡᠭᠯᠡᠬᠦ | ᠬᠡᠷᠡᠭᠴᠡᠭᠡ ᠱᠠᠭᠠᠷᠳᠠᠯᠭ᠎ᠠ ᠲᠠᠢ ᠠᠵᠤ ᠠᠬᠤᠶᠢᠯᠠᠯ ᠪᠠ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠪᠠᠶᠢᠭᠤᠯᠤᠮᠵᠢ ᠶᠢ ᠲᠠᠪᠴᠠᠩ ᠤᠨ | ᠬᠥᠳᠡᠯᠦᠩᠭᠦᠢ ᠬᠠᠮᠢᠶᠠᠷᠤᠯᠲᠠ ᠳᠤ ᠣᠷᠣᠭᠤᠯᠤᠨ᠂ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠳᠤ ᠬᠦᠴᠢᠷ ᠠᠰᠠᠭᠤᠳᠠᠯ ᠢ ᠰᠢᠢᠳᠪᠦᠷᠢᠯᠡᠨ᠎ᠡ᠃ ᠡᠷᠬᠢᠨ | ᠲᠣᠭᠤᠷᠢᠨ ᠤ ᠬᠥᠳᠡᠯᠮᠦᠷᠢ ᠬᠦᠴᠦᠨ ᠢ ᠭᠠᠳᠠᠭᠰᠢ ᠭᠠᠷᠭᠠᠬᠤ ᠭᠠᠵᠠᠷ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠪᠠᠶᠢᠭᠤᠯᠭ᠎ᠠ ᠯᠤᠭ᠎ᠠ ᠮᠡᠳᠡᠭᠡ ᠵᠠᠩᠭᠢ ᠪᠠᠨ ᠬᠠᠷᠢᠯᠴᠠᠨ ᠨᠡᠪᠲᠡᠷᠡᠯᠴᠡᠬᠦ ᠲᠣᠭᠲᠠᠴᠠ ᠶᠢ ᠪᠠᠶᠢᠭᠤᠯᠤᠨ᠂ ᠬᠥᠳᠡᠯᠮᠦᠷᠢ ᠦᠢᠯᠡᠴᠢᠯᠡᠭᠡ ᠣᠷᠣᠭᠤᠯᠵᠤ ᠠᠪᠴᠢᠷᠠᠬᠤ ᠠᠵᠢᠯ ᠢ | ᠪᠠᠶᠢᠩᠭᠤ ᠵᠣᠬᠢᠶᠠᠨ ᠪᠠᠶᠢᠭᠤᠯᠵᠤ᠂ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠦᠨᠡᠨ ᠬᠦ ᠬᠠᠩᠭᠠᠨ᠎ᠠ᠃ ᠠᠵᠢᠯᠲᠠᠨ ᠡᠯᠰᠡᠬᠦ ᠰᠢᠷᠢᠰ | ᠠᠵᠢᠯᠯᠠᠭ᠎ᠠ ᠶᠢ ᠡᠷᠬᠢᠯᠡᠵᠦ᠂ ︽ᠭᠤᠷᠪᠠ ᠶᠢ ᠣᠷᠣᠭᠤᠯᠬᠤ ᠠᠵᠢᠯᠯᠠᠭ᠎ᠠ︾ ᠥᠷᠨᠢᠭᠦᠯᠦᠨ᠂ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠬᠡᠷᠡᠭᠴᠡᠭᠡ ᠶᠢ ᠲᠣᠳᠣᠷᠬᠠᠢ | ᠣᠶᠢᠯᠠᠭᠠᠵᠤ᠂ ᠪᠦᠬᠦ ᠵᠢᠯ ᠳᠤ ᠡᠯ᠎ᠡ ᠲᠦᠷᠦᠯ ᠤᠨ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠲᠣᠮᠣ ᠬᠡᠯᠪᠡᠷᠢ ᠶᠢᠨ ᠠᠵᠢᠯᠲᠠᠨ ᠡᠯᠰᠡᠬᠦ ᠬᠤᠷᠠᠯ᠂ | ᠲᠤᠰᠬᠠᠢ ᠲᠠᠯᠠᠪᠤᠷ ᠤᠨ ᠠᠵᠢᠯᠲᠠᠨ ᠡᠯᠰᠡᠬᠦ ᠬᠤᠷᠠᠯ᠂ ᠭᠤᠣᠯᠳᠠᠯᠭᠠᠲᠤ ᠠᠵᠤ ᠠᠬᠤᠶᠢᠯᠠᠯ ᠤᠨ ᠲᠤᠰᠬᠠᠢ ᠲᠠᠯᠠᠪᠤᠷ ᠤᠨ ᠠᠵᠢᠯᠲᠠᠨ ᠡᠯᠰᠡᠬᠦ ᠬᠤᠷᠠᠯ᠂ ᠰᠢᠭᠤᠳ | ᠨᠡᠪᠲᠡᠷᠡᠭᠦᠯᠭᠡ ᠢᠶᠠᠷ ᠠᠵᠢᠯᠲᠠᠨ ᠡᠯᠰᠡᠬᠦ᠂ ᠰᠢᠭᠤᠳ ᠨᠡᠪᠲᠡᠷᠡᠭᠦᠯᠭᠡ ᠪᠠᠷ ᠠᠵᠢᠯ ᠣᠯᠬᠤ ᠵᠡᠷᠭᠡ ᠠᠵᠢᠯᠲᠠᠨ ᠡᠯᠰᠡᠬᠦ ᠠᠵᠢᠯᠯᠠᠭ᠎ᠠ ᠶᠢ 12 ᠤᠳᠠᠭ᠎ᠠ ᠡᠷᠬᠢᠯᠡᠨ᠎ᠡ᠃ ︵ | ᠲᠦᠷᠦᠭᠦᠯᠡᠨ ᠬᠢᠬᠦ ᠨᠢᠭᠡᠴᠢ᠄ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠢ᠄ | ᠣᠲᠤᠭ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ᠂ ᠬᠤᠰᠢᠭᠤᠨ ︵ᠬᠤᠲᠠ︶ ᠤ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠪᠠᠶᠢᠭᠤᠯᠭ᠎ᠠ︶ | ︵ᠶᠢᠰᠦ︶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠠᠰᠢᠭ ᠬᠦᠷᠲᠡᠭᠡᠬᠦ ᠲᠤᠰᠬᠠᠢ ᠠᠵᠢᠯᠯᠠᠭ᠎ᠠ᠃ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠶᠢ | ᠣᠨᠣᠪᠴᠢᠲᠠᠢ ᠡᠵᠡᠮᠰᠢᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠤᠬᠠᠭᠤᠯᠤᠨ | ᠲᠣᠭᠤᠰᠢᠯᠠᠭᠤᠯᠬᠤ ᠡᠷᠴᠢᠮ ᠢ ᠤᠯᠠᠮ ᠴᠢᠩᠭᠠᠷᠠᠭᠤᠯᠤᠨ᠂ ︽ᠲᠥᠷᠥ ᠶᠢᠨ ᠪᠣᠳᠣᠯᠭ᠎ᠠ ᠪᠠᠷ ᠠᠵᠤ ᠠᠬᠤᠶᠢᠯᠠᠯ ᠲᠤ ᠠᠰᠢᠭ ᠬᠦᠷᠲᠡᠭᠡᠬᠦ︾ ᠠᠵᠢᠯᠯᠠᠭ᠎ᠠ ᠶᠢ | ᠦᠷᠭᠦᠯᠵᠢᠯᠡᠨ ᠥᠷᠨᠢᠭᠦᠯᠵᠦ᠂ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠲᠥᠷᠥ ᠶᠢᠨ ᠪᠣᠳᠣᠯᠭ᠎ᠠ ᠶᠢᠨ 30 ᠵᠤᠷᠪᠤᠰ ᠲᠣᠭᠲᠠᠭᠠᠯ︾ ᠵᠢᠴᠢ ᠣᠲᠤᠭ | ᠬᠤᠰᠢᠭᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢ ᠱᠠᠩᠨᠠᠵᠤ ᠨᠥᠬᠦᠪᠦᠷᠢᠯᠡᠬᠦ ᠲᠥᠷᠥ ᠶᠢᠨ ᠪᠣᠳᠣᠯᠭ᠎ᠠ ᠶᠢ ᠰᠠᠶᠢᠲᠤᠷ | ᠨᠠᠶᠢᠳᠠᠪᠤᠷᠢᠵᠢᠭᠤᠯᠤᠨ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠳᠡᠮᠵᠢᠨ᠎ᠡ᠃ ᠠᠴᠢᠶᠠᠯᠠᠪᠤᠷᠢ ᠶᠢᠨ | ᠪᠠᠶᠢᠭᠤᠯᠤᠯᠲᠠ ᠶᠢ ᠴᠢᠩᠭᠠᠷᠠᠭᠤᠯᠵᠤ᠂ ᠲᠠᠪᠴᠠᠩ ᠤᠨ ᠲᠤᠯᠭᠠᠭᠤᠷᠢᠯᠠᠬᠤ ᠴᠢᠳᠠᠪᠤᠷᠢ ᠶᠢ ᠳᠡᠭᠡᠭᠰᠢᠯᠡᠭᠦᠯᠦᠨ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ | ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠢ ᠬᠠᠮᠲᠤ ᠪᠠᠷ ᠪᠠᠶᠢᠭᠤᠯᠬᠤ ᠳᠤ ᠣᠷᠣᠯᠴᠠᠬᠤ ᠶᠢ ᠳᠡᠮᠵᠢᠵᠦ᠂ ᠬᠠᠮᠲᠤᠷᠠᠨ ᠪᠣᠭᠤᠮᠲᠠ ᠰᠢᠪᠲᠤᠯᠬᠤ ᠵᠡᠷᠭᠡ ᠠᠷᠭ᠎ᠠ | ᠮᠠᠶ᠋ᠢᠭ ᠢᠶᠠᠷ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠡᠶ᠎ᠡ ᠪᠠᠨ ᠳᠠᠭᠠᠭᠠᠵᠤ ᠡᠵᠡᠮᠳᠡᠬᠦ ᠶᠢ ᠠᠬᠢᠭᠤᠯᠤᠨ᠂ ᠠᠵᠤ ᠦᠢᠯᠡᠰ ᠤᠨ ᠬᠥᠭᠵᠢᠯᠲᠡ ᠶᠢᠨ ᠳᠠᠯᠳᠠ | ᠬᠦᠴᠦᠨ ᠢ ᠨᠡᠮᠡᠭᠳᠡᠭᠦᠯᠦᠨ᠎ᠡ᠃ ᠠᠵᠤ ᠠᠬᠤᠶᠢᠯᠠᠯ ᠤᠨ ᠵᠢᠯ ᠤᠨ ᠳᠣᠲᠣᠷ᠎ᠠ ᠡᠯ᠎ᠡ ᠲᠥᠷᠥᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠯᠥᠪᠯᠡᠭᠡ ᠶᠢᠨ | ᠲᠥᠷᠥᠯ ᠵᠦᠢᠯ ᠢ 20 ᠠᠴᠠ ᠳᠤᠲᠠᠭᠤ ᠦᠭᠡᠢ ᠬᠡᠷᠡᠭᠵᠢᠭᠦᠯᠬᠦ ᠶᠢ ᠳᠡᠮᠵᠢᠵᠦ᠂ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠵᠠᠷᠤᠳᠠᠯ ᠤᠨ ᠨᠥᠬᠦᠪᠦᠷᠢ ᠶᠢ | ᠨᠠᠶᠢᠳᠠᠪᠤᠷᠢᠵᠢᠭᠤᠯᠤᠨ᠂ ᠠᠵᠤ ᠠᠬᠤᠶᠢᠯᠠᠯ ᠢ ᠬᠠᠪᠰᠤᠷᠴᠤ ᠰᠤᠳᠤᠯᠤᠨ ᠨᠡᠭᠡᠭᠡᠬᠦ ᠪᠡᠯᠡ ᠮᠥᠩᠭᠦ ᠶᠢᠨ ᠬᠦᠴᠢᠷᠳᠡᠯ ᠢ ᠨᠢ ᠰᠢᠢᠳᠪᠦᠷᠢᠯᠡᠵᠦ ᠥᠭᠭᠦᠨ᠎ᠡ᠃ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠢ ᠪᠣᠶᠢᠵᠢᠭᠤᠯᠬᠤ ᠡᠷᠴᠢᠮ ᠢ ᠴᠢᠩᠭᠠᠷᠠᠭᠤᠯᠵᠤ᠂ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ | ᠠᠵᠤ ᠠᠬᠤᠶᠢᠯᠠᠯ ᠢ 28 ᠠᠴᠠ ᠳᠡᠭᠡᠭᠰᠢ ᠪᠣᠢ ᠪᠣᠯᠭᠠᠨ᠂ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠳᠤᠮᠳᠠ ᠪᠠᠭ᠎ᠠ ᠠᠵᠤ | ᠠᠬᠤᠶᠢᠯᠠᠯ ᠢ 56 ᠠᠴᠠ ᠳᠡᠭᠡᠭᠰᠢ ᠬᠥᠮᠥᠷᠭᠡ ᠳᠤ ᠣᠷᠣᠭᠤᠯᠤᠨ᠎ᠠ᠃ ︵ᠲᠦᠷᠦᠭᠦᠯᠡᠨ ᠬᠢᠬᠦ ᠨᠢᠭᠡᠴᠢ᠄ ᠬᠤᠰᠢᠭᠤᠨ ᠤ ᠠᠵᠦ ᠦᠢᠯᠡᠳᠪᠦᠷᠢ ᠮᠡᠳᠡᠭᠡ ᠵᠠᠩᠭᠢᠴᠢᠯᠠᠯᠲᠠ | ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ︔ ᠬᠠᠷᠢᠭᠤᠴᠠᠯᠭᠠᠲᠤ ᠨᠢᠭᠡᠴᠢ᠄ ᠣᠲᠤᠭ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ᠂ | ᠬᠤᠰᠢᠭᠤᠨ ︵ᠬᠤᠲᠠ︶ ᠤ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠪᠠᠶᠢᠭᠤᠯᠭ᠎ᠠ︶ | ︵ᠠᠷᠪᠠ︶ ᠣᠨᠣᠪᠴᠢᠲᠠᠢ ᠦᠢᠯᠡᠴᠢᠯᠡᠬᠦ ᠲᠤᠰᠬᠠᠢ ᠠᠵᠢᠯᠯᠠᠭ᠎ᠠ᠃ ᠬᠤᠯᠪᠣᠭᠳᠠᠯ ᠪᠦᠬᠦᠢ ᠪᠠᠶᠢᠭᠤᠯᠭ᠎ᠠ ᠨᠤᠭᠤᠳ ᠲᠤᠬᠠᠶᠢᠯᠠᠭᠰᠠᠨ ᠠᠵᠢᠯ ᠤᠨ ᠰᠢᠯᠢᠳᠡᠭ | ᠠᠵᠢᠯᠲᠠᠨ ᠢ ᠰᠣᠩᠭᠤᠵᠤ᠂ ᠠᠵᠤ ᠠᠬᠤᠶᠢᠯᠠᠯ ᠳᠤ ᠦᠢᠯᠡᠴᠢᠯᠡᠬᠦ ᠠᠵᠢᠯᠯᠠᠬᠤ ᠳᠤᠭᠤᠶᠢᠯᠠᠩ ᠢ ᠪᠠᠶᠢᠭᠤᠯᠤᠨ᠂ ᠠᠵᠤ ᠠᠬᠤᠶᠢᠯᠠᠯ ᠳᠤ ᠭᠦᠨᠵᠡᠭᠡᠶᠢᠷᠡᠨ ᠣᠨᠣᠪᠴᠢᠲᠠᠢ | ᠦᠢᠯᠡᠴᠢᠯᠡᠭᠡ ᠬᠠᠩᠭᠠᠨ᠎ᠠ᠃ ᠬᠠᠷᠢᠶ᠎ᠠ ᠣᠷᠣᠨ ᠳᠣᠲᠣᠷᠠᠬᠢ ᠬᠦᠴᠢᠷᠳᠡᠯᠲᠡᠢ ᠠᠵᠤ ᠦᠢᠯᠡᠳᠪᠦᠷᠢ ᠶᠢᠨ ᠠᠵᠤ ᠠᠬᠤᠶᠢᠯᠠᠯ ᠳᠤ ᠰᠠᠷ᠎ᠠ ᠪᠦᠷᠢ ᠠᠳᠠᠭ ᠲᠠᠭᠠᠨ 1 | ᠤᠳᠠᠭ᠎ᠠ ᠠᠴᠠ ᠳᠡᠭᠡᠭᠰᠢ ᠰᠠᠨᠠᠭᠠᠴᠢᠯᠠᠭ᠎ᠠ ᠠᠴᠠ ᠪᠠᠨ ᠦᠢᠯᠡᠴᠢᠯᠡᠨ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ ᠪᠥᠬᠦ ᠲᠠᠯ᠎ᠠ ᠪᠠᠷ | ᠡᠵᠡᠮᠰᠢᠵᠦ᠂ ᠠᠵᠤ ᠠᠬᠤᠶᠢᠯᠠᠯ ᠳᠤ ᠲᠤᠰᠬᠠᠢ ᠮᠡᠷᠭᠡᠵᠢᠯ ᠤᠨ ᠴᠢᠭᠯᠡᠯᠲᠡ ᠴᠢᠨᠠᠷᠲᠠᠢ ᠵᠢᠯᠤᠭᠤᠳᠬᠤ ᠦᠢᠯᠡᠴᠢᠯᠡᠭᠡ ᠬᠠᠩᠭᠠᠨ᠂ ᠬᠠᠮᠢᠶ᠎ᠠ ᠪᠦᠬᠦᠢ ᠲᠥᠷᠥ ᠶᠢᠨ | ᠪᠣᠳᠣᠯᠭ᠎ᠠ ᠶᠢ ᠠᠵᠤ ᠠᠬᠤᠶᠢᠯᠠᠯ ᠳᠤ ᠰᠠᠨᠠᠭᠠᠴᠢᠯᠠᠭ᠎ᠠ ᠠᠴᠠ ᠪᠠᠨ ᠤᠬᠠᠭᠤᠯᠵᠤ᠂ ᠲᠥᠷᠥ ᠶᠢᠨ ᠪᠣᠳᠣᠯᠭ᠎ᠠ ᠶᠢ ᠠᠵᠤ ᠠᠬᠤᠶᠢᠯᠠᠯ ᠳᠤ ᠰᠠᠶᠢᠲᠤᠷ ᠤᠬᠠᠭᠤᠯᠤᠨ᠎ᠠ᠃ | ᠠᠵᠤ ᠠᠬᠤᠶᠢᠯᠠᠯ ᠤᠨ ᠪᠠᠷᠠᠭ᠎ᠠ ᠵᠠᠬᠢᠶᠠᠯᠠᠵᠤ ᠪᠣᠷᠣᠯᠠᠭᠤᠯᠬᠤ᠂ ᠦᠢᠯᠡᠳᠪᠦᠷᠢᠯᠡᠯ ᠢ ᠵᠣᠬᠢᠶᠠᠨ ᠪᠠᠶᠢᠭᠤᠯᠬᠤ᠂ ᠦᠢᠯᠡᠳᠬᠦᠨ ᠤ ᠲᠥᠷᠥᠯ ᠵᠦᠢᠯ ᠢ ᠲᠠᠨᠢᠯᠴᠠᠭᠤᠯᠬᠤ | ᠵᠡᠷᠭᠡ ᠠᠵᠢᠯᠯᠠᠭ᠎ᠠ ᠳᠤ ᠢᠳᠡᠪᠬᠢᠲᠡᠢ ᠣᠷᠣᠯᠴᠠᠨ᠂ ᠠᠵᠤ ᠠᠬᠤᠶᠢᠯᠠᠯ ᠢ ᠬᠠᠪᠰᠤᠷᠤᠨ ᠦᠢᠯᠡᠳᠪᠦᠷᠢᠯᠡᠯ ᠡᠵᠡᠩᠨᠡᠯᠲᠡ ᠶᠢᠨ ᠳᠤᠮᠳᠠᠬᠢ ᠪᠡᠯᠡ ᠴᠤᠭᠯᠠᠭᠤᠯᠬᠤ᠂ ᠭᠠᠵᠠᠷ | ᠬᠡᠷᠡᠭᠯᠡᠬᠦ᠂ ᠴᠠᠬᠢᠯᠭᠠᠨ ᠬᠡᠷᠡᠭᠯᠡᠬᠦ᠂ ᠬᠡᠢ ᠬᠡᠷᠡᠭᠯᠡᠬᠦ᠂ ᠠᠵᠢᠯᠴᠢᠨ ᠬᠡᠷᠡᠭᠯᠡᠬᠦ᠂ ᠪᠣᠷᠣᠯᠠᠭᠤᠯᠬᠤ᠂ ᠲᠦᠷᠦ ᠶᠢᠨ ᠪᠣᠳᠣᠯᠭ᠎ᠠ ᠵᠡᠷᠭᠡ ᠲᠠᠯ᠎ᠠ ᠪᠠᠷ ᠲᠤᠯᠭᠠᠷᠠᠭᠰᠠᠨ | ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠠᠵᠤ ᠠᠬᠤᠶᠢᠯᠠᠯ ᠤᠨ ᠴᠢᠨᠡᠭᠡ ᠪᠠᠷ ᠢᠶᠠᠨ ᠦᠢᠯᠡᠳᠪᠦᠷᠢᠯᠡᠬᠦ ᠶᠢ ᠪᠡᠶᠡᠯᠡᠭᠦᠯᠦᠨ᠎ᠡ᠃ ᠬᠤᠰᠢᠭᠤ ᠱᠠᠲᠤᠨ ᠠᠴᠠ | ᠰᠢᠢᠳᠪᠦᠷᠢᠯᠡᠬᠦ ᠠᠰᠠᠭᠤᠳᠠᠯ ᠢ ᠴᠠᠭ ᠲᠤᠬᠠᠢ ᠳᠤᠨᠢ ᠬᠤᠰᠢᠭᠤᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠪᠠᠶᠢᠭᠤᠯᠭ᠎ᠠ ᠳᠤ ᠬᠦᠷᠭᠡᠵᠦ᠂ ᠠᠰᠠᠭᠤᠳᠠᠯ ᠢ ᠲᠦᠷᠭᠡᠨ | ᠰᠢᠢᠳᠪᠦᠷᠢᠯᠡᠬᠦ ᠶᠢ ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠣᠲᠤᠭ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ᠂ ᠬᠤᠰᠢᠭᠤᠨ ︵ᠬᠤᠲᠠ︶ ᠤ | ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠪᠠᠶᠢᠭᠤᠯᠭ᠎ᠠ︶ | ᠳᠥᠷᠪᠡ᠂ ᠪᠠᠲᠤᠯᠠᠭ᠎ᠠ ᠶᠢᠨ ᠠᠷᠭ᠎ᠠ ᠪᠠᠷᠢᠯ | ︵ᠨᠢᠭᠡ︶ ᠠᠵᠤ ᠠᠬᠤᠶᠢᠯᠠᠯ ᠢ ᠬᠠᠪᠰᠤᠷᠴᠤ ᠬᠦᠴᠢᠷᠳᠡᠯ ᠢ ᠨᠢ ᠰᠢᠢᠳᠪᠦᠷᠢᠯᠡᠬᠦ ᠠᠵᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ | ᠴᠢᠩᠭᠠᠳᠬᠠᠨ᠎ᠠ᠃ ᠬᠤᠰᠢᠭᠤ ᠱᠠᠲᠤᠨ ᠠᠴᠠ ᠨᠢᠭᠡᠳᠦᠯᠲᠡᠢ ᠲᠥᠯᠥᠪᠯᠡᠬᠦ᠂ ᠬᠠᠷᠢᠶ᠎ᠠ ᠣᠷᠣᠨ ᠨᠢ ᠬᠠᠷᠢᠭᠤᠴᠠᠬᠤ ᠵᠠᠷᠴᠢᠮ ᠶᠣᠰᠣᠭᠠᠷ᠂ ᠡᠬᠢ ᠪᠠᠶᠠᠯᠢᠭ ᠢ ᠡᠮᠬᠢᠯᠡᠨ | ᠨᠡᠶᠢᠯᠡᠭᠦᠯᠵᠦ᠂ ᠬᠦᠴᠦ ᠪᠠᠨ ᠬᠠᠮᠲᠤᠳᠬᠠᠨ ᠬᠦᠴᠢᠷᠳᠡᠯ ᠢ ᠰᠢᠢᠳᠪᠦᠷᠢᠯᠡᠵᠦ᠂ ᠰᠠᠷ᠎ᠠ ᠰᠠᠷ᠎ᠠ ᠪᠠᠷ ᠲᠣᠬᠢᠷᠠᠭᠤᠯᠤᠨ᠂ ᠨᠢᠭᠡᠳᠦᠯᠲᠡᠢ ᠲᠥᠯᠥᠪᠯᠡᠨ ᠵᠣᠬᠢᠴᠠᠭᠤᠯᠵᠤ᠂ | ᠵᠣᠬᠢᠶᠠᠨ ᠪᠠᠶᠢᠭᠤᠯᠵᠤ ᠠᠬᠢᠭᠤᠯᠤᠨ᠂ ︽ᠲᠤᠰᠬᠠᠢ ᠠᠵᠢᠯᠯᠠᠭ᠎ᠠ︾ ᠥᠷᠨᠢᠭᠦᠯᠬᠦ ᠶᠢ ᠱᠠᠯᠠᠪᠳᠠᠭᠤᠯᠤᠨ᠎ᠠ᠃ ᠠᠵᠤ ᠠᠬᠤᠶᠢᠯᠠᠯ ᠢ ᠬᠠᠪᠰᠤᠷᠴᠤ ᠬᠦᠴᠢᠷᠳᠡᠯ ᠢ ᠨᠢ | ᠰᠢᠢᠳᠪᠦᠷᠢᠯᠡᠬᠦ ᠲᠥᠷᠥ ᠶᠢᠨ ᠪᠣᠳᠣᠯᠭ᠎ᠠ ᠶᠢ ᠤᠬᠠᠭᠤᠯᠬᠤ ᠡᠷᠴᠢᠮ ᠢ ᠴᠢᠩᠭᠠᠷᠠᠭᠤᠯᠵᠤ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠬᠤ ᠶᠢ ᠦᠨᠡᠨ ᠬᠦ ᠰᠠᠶᠢᠲᠤᠷ ᠠᠳᠬᠤᠨ᠎ᠠ᠃ ᠡᠯ᠎ᠡ ︽ᠲᠤᠰᠬᠠᠢ ᠠᠵᠢᠯᠯᠠᠭ᠎ᠠ︾ ᠶᠢᠨ ᠲᠦᠷᠦᠭᠦᠯᠡᠨ ᠬᠢᠬᠦ ᠪᠠᠶᠢᠭᠤᠯᠭ᠎ᠠ ᠬᠠᠷᠢᠭᠤᠴᠠᠯᠭ᠎ᠠ ᠪᠠᠨ | ᠡᠭᠦᠷᠭᠡᠯᠡᠬᠦ᠂ ᠰᠠᠨᠠᠭᠠᠴᠢᠯᠠᠭ᠎ᠠ ᠠᠴᠠ ᠪᠠᠨ ᠠᠵᠢᠯᠯᠠᠬᠤ ᠪᠠᠨ ᠦᠨᠡᠨ ᠬᠦ ᠴᠢᠩᠭᠠᠳᠬᠠᠵᠤ᠂ ᠠᠵᠢᠯ ᠤᠨ ᠬᠠᠷᠠᠯᠲᠠ᠂ ᠠᠵᠢᠯ ᠤᠨ ᠱᠠᠭᠠᠷᠳᠠᠯᠭ᠎ᠠ᠂ ᠠᠵᠢᠯ ᠤᠨ ᠡᠭᠦᠷᠭᠡ | ᠬᠠᠷᠢᠭᠤᠴᠠᠯᠭ᠎ᠠ ᠲᠠᠢ ᠪᠠᠨ ᠬᠠᠷᠢᠴᠠᠭᠤᠯᠤᠨ᠂ ᠲᠣᠰ ᠲᠥᠰᠥᠯ ᠢ ᠳᠠᠷᠤᠮᠠᠯᠯᠠᠨ ᠲᠠᠷᠬᠠᠭᠠᠭᠰᠠᠨ 10 ᠠᠵᠢᠯᠯᠠᠬᠤ ᠡᠳᠦᠷ ᠤᠨ ᠳᠣᠲᠣᠷ᠎ᠠ ᠡᠭᠦᠷᠭᠡ ᠪᠠᠨ ᠤᠯᠠᠮ | ᠨᠠᠷᠢᠯᠢᠭᠵᠢᠭᠤᠯᠵᠤ᠂ ᠠᠷᠭ᠎ᠠ ᠬᠡᠮᠵᠢᠶ᠎ᠡ ᠪᠠᠨ ᠪᠣᠳᠠᠲᠠᠶᠢᠵᠢᠭᠤᠯᠤᠨ᠎ᠠ᠃ ᠬᠤᠰᠢᠭᠤᠨ ᠤ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠪᠠᠶᠢᠭᠤᠯᠭ᠎ᠠ ᠨᠢᠭᠲᠠ ᠬᠠᠮᠵᠢᠯᠴᠠᠵᠤ᠂ | ︽ᠲᠤᠰᠬᠠᠢ ᠠᠵᠢᠯᠯᠠᠭ᠎ᠠ︾ ᠶᠢᠨ ᠪᠣᠳᠠᠲᠤ ᠦᠷ᠎ᠡ ᠪᠦᠲᠦᠮᠵᠢ ᠣᠯᠬᠤ ᠶᠢ ᠬᠦᠴᠦ ᠪᠠᠨ ᠬᠠᠮᠲᠤᠳᠬᠠᠨ ᠠᠬᠢᠭᠤᠯᠤᠨ᠎ᠠ᠃ ᠡᠯ᠎ᠡ ᠨᠡᠭᠡᠭᠡᠯᠲᠡ ᠶᠢᠨ ᠲᠣᠭᠤᠷᠢᠭ᠂ ᠡᠯ᠎ᠡ | ︽ᠲᠤᠰᠬᠠᠢ ᠠᠵᠢᠯᠯᠠᠭ᠎ᠠ︾ ᠶᠢᠨ ᠲᠦᠷᠦᠭᠦᠯᠡᠨ ᠬᠢᠬᠦ ᠪᠠᠶᠢᠭᠤᠯᠭ᠎ᠠ ᠰᠠᠷ᠎ᠠ ᠪᠦᠷᠢ ᠶᠢᠨ 9 ᠤ ᠡᠳᠦᠷ ᠠᠴᠠ ᠡᠮᠦᠨ᠎ᠡ ᠳᠡᠭᠡᠷ᠎ᠡ ᠰᠠᠷ᠎ᠠ ᠶᠢᠨ ᠠᠵᠢᠯ ᠢᠶᠠᠨ ᠠᠬᠢᠭᠤᠯᠤᠭᠰᠠᠨ | ᠪᠠᠶᠢᠳᠠᠯ ᠢᠶᠠᠨ ᠬᠤᠰᠢᠭᠤᠨ ᠤ ᠠᠵᠤ ᠦᠢᠯᠡᠳᠪᠦᠷᠢ ᠮᠡᠳᠡᠭᠡ ᠵᠠᠩᠬᠢᠴᠢᠯᠠᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠳᠤ ᠮᠡᠳᠡᠭᠦᠯᠦᠨ᠎ᠡ᠂ | ᠬᠠᠷᠢᠯᠴᠠᠭᠴᠢ᠄ ᠸᠠᠨ ᠬᠤᠶ 15147754275᠃ | ︵ᠬᠤᠶᠠᠷ︶ ᠠᠵᠤ ᠠᠬᠤᠶᠢᠯᠠᠯ ᠤᠨ ᠬᠦᠴᠢᠷᠳᠡᠯ ᠲᠠᠢ ᠠᠰᠠᠭᠤᠳᠠᠯ ᠢ ᠰᠢᠢᠳᠪᠦᠷᠢᠯᠡᠬᠦ ᠲᠣᠭᠲᠠᠴᠠ ᠶᠢ ᠪᠠᠶᠢᠭᠤᠯᠤᠨ᠎ᠠ᠃ ᠡᠯ᠎ᠡ ᠪᠠᠶᠢᠭᠤᠯᠭ᠎ᠠ ᠶᠢᠨ ᠬᠢᠨ ᠠᠵᠤ | ᠠᠬᠤᠶᠢᠯᠠᠯ ᠤᠨ ᠲᠤᠰᠬᠠᠭᠰᠠᠨ ᠬᠦᠴᠢᠷᠳᠡᠯ ᠲᠠᠢ ᠠᠰᠠᠭᠤᠳᠠᠯ ᠢ ᠬᠤᠷᠢᠶᠠᠵᠤ ᠠᠪᠤᠮᠠᠭᠴᠠ ᠳᠠᠷᠤᠶᠢᠬᠠᠨ ᠲᠤᠰᠢᠶᠠᠵᠤ ᠰᠢᠢᠳᠪᠦᠷᠢᠯᠡᠬᠦ᠂ ᠪᠤᠳᠤᠯᠢᠶᠠᠨᠲᠠᠢ ᠠᠰᠠᠭᠤᠳᠠᠯ ᠢ | 5 ᠠᠵᠢᠯᠯᠠᠬᠤ ᠡᠳᠦᠷ ᠤᠨ ᠳᠣᠲᠣᠷ᠎ᠠ ᠰᠢᠢᠳᠪᠦᠷᠢᠯᠡᠬᠦ ᠲᠥᠰᠥᠯ ᠲᠣᠭᠲᠠᠭᠠᠬᠤ ᠶᠢᠨ ᠬᠠᠮᠲᠤ ᠡᠮᠬᠢ ᠵᠢᠷᠤᠮ ᠲᠠᠢ ᠲᠦᠷᠭᠡᠨ ᠠᠬᠢᠭᠤᠯᠬᠤ ᠵᠠᠷᠴᠢᠮ ᠶᠣᠰᠣᠭᠠᠷ᠂ ᠠᠵᠤ | ᠠᠬᠤᠶᠢᠯᠠᠯ ᠤᠨ ᠲᠤᠰᠬᠠᠭᠰᠠᠨ ᠬᠦᠴᠢᠷᠳᠡᠯ ᠲᠠᠢ ᠠᠰᠠᠭᠤᠳᠠᠯ ᠢ ᠴᠤᠭᠯᠠᠭᠤᠯᠬᠤ᠂ ᠡᠮᠬᠢᠯᠡᠬᠦ᠂ ᠰᠤᠳᠤᠯᠤᠨ ᠮᠠᠭᠠᠳᠯᠠᠬᠤ᠂ ᠲᠤᠰᠢᠶᠠᠨ ᠰᠢᠢᠳᠪᠦᠷᠢᠯᠡᠭᠦᠯᠬᠦ᠂ | ᠱᠠᠯᠠᠪᠳᠠᠭᠤᠯᠤᠨ ᠰᠢᠢᠳᠪᠦᠷᠢᠯᠡᠭᠦᠯᠬᠦ᠂ ᠬᠠᠷᠢᠭᠤ ᠲᠤᠰᠬᠠᠬᠤ᠂ ᠦᠨᠡᠯᠡᠬᠦ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠬᠦᠴᠢᠷᠳᠡᠯ ᠲᠠᠢ | ᠠᠰᠠᠭᠤᠳᠠᠯ ᠢ ᠪᠠᠶᠢᠭᠤᠯᠭ᠎ᠠ ᠶᠢᠨ ᠰᠢᠢᠳᠪᠦᠷᠢᠯᠡᠬᠦ ᠲᠤᠰᠢᠶᠠᠯ ᠬᠠᠷᠢᠭᠤᠴᠠᠯᠭ᠎ᠠ ᠲᠠᠢ ᠣᠨᠣᠪᠴᠢᠲᠠᠢ ᠵᠣᠬᠢᠴᠠᠭᠤᠯᠬᠤ ᠶᠢ ᠪᠠᠲᠤᠯᠠᠨ᠂ ᠤᠯᠠᠨ ᠲᠠᠯ᠎ᠠ ᠠᠴᠠ ᠰᠢᠢᠳᠪᠦᠷᠢᠯᠡᠬᠦ | ᠂ ᠳᠠᠪᠬᠤᠷᠳᠠᠭᠤᠯᠤᠨ ᠰᠢᠢᠳᠪᠦᠷᠢᠯᠡᠬᠦ ᠪᠤᠶᠤ ᠰᠢᠯᠲᠠᠭᠯᠠᠨ ᠲᠦᠯᠬᠢᠯᠴᠡᠬᠦ ᠠᠴᠠ ᠵᠠᠶᠢᠯᠠᠰᠬᠢᠵᠦ᠂ ᠠᠵᠤ ᠠᠬᠤᠶᠢᠯᠠᠯ ᠤᠨ ᠲᠤᠰᠬᠠᠭᠰᠠᠨ ᠬᠦᠴᠢᠷᠳᠡᠯ ᠲᠠᠢ ᠠᠰᠠᠭᠤᠳᠠᠯ ᠢ | ᠲᠡᠷᠡ ᠳᠠᠷᠤᠢ ᠳᠤᠨᠢ ᠪᠦᠲᠦᠮᠵᠢᠲᠡᠢ ᠪᠠᠷ ᠬᠠᠷᠢᠭᠤ ᠲᠤᠰᠬᠠᠬᠤ ᠶᠢᠨ ᠬᠠᠮᠲᠤ ᠨᠢᠭᠡᠳ ᠨᠢᠭᠡ ᠪᠠᠷ ᠬᠤᠭᠤᠴᠠᠭ᠎ᠠ ᠶᠣᠰᠣᠭᠠᠷ ᠴᠢᠨᠠᠷᠲᠠᠢ ᠰᠢᠢᠳᠪᠦᠷᠢᠯᠡᠵᠦ ᠬᠠᠷᠢᠭᠤᠯᠲᠠ | ᠥᠭᠬᠦ ᠶᠢ ᠪᠠᠲᠤᠯᠠᠨ᠎ᠠ᠃ ᠡᠯ᠎ᠡ ︽ᠲᠤᠰᠬᠠᠢ ᠠᠵᠢᠯᠯᠠᠭ᠎ᠠ︾ ᠶᠢᠨ ᠲᠦᠷᠦᠭᠦᠯᠡᠨ ᠬᠢᠬᠦ ᠪᠠᠶᠢᠭᠤᠯᠭ᠎ᠠ ᠰᠠᠷ᠎ᠠ ᠪᠣᠯᠭᠠᠨ ᠠᠵᠤ ᠠᠬᠤᠶᠢᠯᠠᠯ ᠤᠨ ᠲᠤᠰᠬᠠᠭᠰᠠᠨ | ᠬᠦᠴᠢᠷᠳᠡᠯ ᠲᠠᠢ ᠠᠰᠠᠭᠤᠳᠠᠯ ᠢ ᠰᠢᠢᠳᠪᠦᠷᠢᠯᠡᠭᠰᠡᠨ ᠪᠠᠶᠢᠳᠠᠯ ᠢ ᠴᠤᠭᠯᠠᠭᠤᠯᠤᠨ ᠳ᠋ᠦᠩᠨᠡᠬᠦ ᠶᠢᠨ ᠬᠠᠮᠲᠤ᠂ ᠠᠵᠤ ᠠᠬᠤᠶᠢᠯᠠᠯ ᠤᠨ ᠬᠦᠴᠢᠷᠳᠡᠯ ᠲᠠᠢ ᠠᠰᠠᠭᠤᠳᠠᠯ ᠢ | ᠰᠢᠢᠳᠪᠦᠷᠢᠯᠡᠭᠰᠡᠨ ᠦᠷ᠎ᠡ ᠳ᠋ᠦᠩ ᠢ ᠨᠢᠭᠡᠳ ᠨᠢᠭᠡ ᠪᠠᠷ ᠮᠥᠷᠳᠡᠨ᠎ᠡ᠃ | ︵ᠭᠤᠷᠪᠠ︶ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠬᠥᠭᠵᠢᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠦᠨ᠎ᠡ᠃ ᠡᠯ᠎ᠡ ᠪᠠᠶᠢᠭᠤᠯᠭ᠎ᠠ | ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠨ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠬᠢᠭᠡᠳ ᠦᠢᠯᠡᠴᠢᠯᠡᠭᠡᠨ ᠤ ᠠᠷᠭ᠎ᠠ | ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠪᠠ ᠤᠬᠠᠭᠤᠯᠭ᠎ᠠ ᠶᠢ ᠬᠦᠴᠦᠯᠡᠨ ᠰᠠᠶᠢᠲᠤᠷ ᠠᠳᠬᠤᠵᠤ᠂ ᠲᠥᠷᠥ ᠶᠢᠨ ᠪᠣᠳᠣᠯᠭ᠎ᠠ ᠶᠢ ᠪᠣᠳᠠᠲᠠᠶᠢᠵᠢᠭᠤᠯᠬᠤ᠂ ᠠᠷᠭ᠎ᠠ | ᠬᠡᠮᠵᠢᠶ᠎ᠡ ᠶᠢ ᠪᠣᠳᠠᠲᠠᠶᠢᠵᠢᠭᠤᠯᠬᠤ᠂ ᠦᠢᠯᠡᠴᠢᠯᠡᠭᠡ ᠶᠢ ᠪᠣᠳᠠᠲᠠᠶᠢᠵᠢᠭᠤᠯᠬᠤ᠂ ᠦᠷ᠎ᠡ ᠪᠦᠲᠦᠮᠵᠢ ᠶᠢ ᠪᠣᠳᠠᠲᠠᠶᠢᠵᠢᠭᠤᠯᠬᠤ ᠶᠢ ᠪᠠᠲᠤᠯᠠᠨ᠎ᠠ᠃ ᠭᠠᠵᠠᠷ ᠬᠡᠷᠡᠭᠯᠡᠬᠦ | ᠲᠠᠯ᠎ᠠ ᠪᠠᠷ᠂ ᠨᠡᠭᠡᠭᠡᠯᠲᠡ ᠶᠢᠨ ᠲᠣᠭᠤᠷᠢᠭ ᠨᠢ ᠪᠠᠷᠢᠮᠵᠢᠶᠠᠲᠤ ᠭᠠᠵᠠᠷ ᠢ ᠬᠤᠳᠠᠯᠳᠤᠬᠤ ᠭᠠᠵᠠᠷ ᠰᠢᠷᠣᠢ ᠨᠥᠭᠡᠴᠡᠯᠡᠬᠦ ᠠᠵᠢᠯ ᠢ ᠰᠠᠶᠢᠲᠤᠷ ᠬᠢᠵᠦ᠂ ︽ᠭᠠᠵᠠᠷ | ᠠᠪᠤᠮᠠᠭᠴᠠ ᠪᠠᠷᠢᠯᠭ᠎ᠠ ᠡᠬᠢᠯᠡᠭᠦᠯᠬᠦ︾ ᠵᠠᠭᠪᠤᠷ ᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃ ᠭᠡᠷ ᠪᠠᠶᠢᠰᠢᠩ ᠬᠡᠷᠡᠭᠯᠡᠬᠦ ᠲᠠᠯ᠎ᠠ ᠪᠠᠷ᠂ ᠡᠯ᠎ᠡ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ ᠤᠨ ᠠᠵᠤ ᠦᠢᠯᠡᠰ ᠲᠤ ᠬᠡᠷᠡᠭᠯᠡᠬᠦ ᠭᠡᠷ ᠪᠠᠶᠢᠰᠢᠩ ᠤᠨ ᠬᠠᠮᠢᠶᠠᠷᠤᠯᠲᠠ ᠶᠢᠨ ᠠᠷᠭ᠎ᠠ ᠶᠢ ᠰᠤᠳᠤᠯᠤᠨ ᠲᠣᠭᠲᠠᠭᠠᠵᠤ᠂ ᠲᠣᠰ ᠭᠠᠵᠠᠷ | ᠣᠷᠣᠨ ᠤ ᠠᠵᠤ ᠦᠢᠯᠡᠳᠪᠦᠷᠢ ᠳᠤ ᠬᠡᠷᠡᠭᠯᠡᠬᠦ ᠭᠡᠷ ᠪᠠᠶᠢᠰᠢᠩ ᠤᠨ ᠲᠦᠷᠢᠶᠡᠰᠦᠨ ᠮᠥᠩᠭᠦ᠂ ᠬᠤᠳᠠᠯᠳᠤᠨ ᠠᠪᠬᠤ ᠮᠥᠩᠭᠦ ᠵᠡᠷᠭᠡ ᠯᠠᠪᠯᠠᠯᠲᠠ ᠶᠢᠨ ᠦᠨ᠎ᠡ ᠬᠠᠩᠰᠢ ᠶᠢ | ᠲᠣᠳᠣᠷᠬᠠᠶᠢᠯᠠᠨ᠂ ᠠᠵᠤ ᠠᠬᠤᠶᠢᠯᠠᠯ ᠳᠤ ᠣᠷᠣᠵᠤ ᠰᠠᠭᠤᠬᠤ ᠪᠠ ᠪᠥᠬᠦ ᠬᠡᠯᠬᠢᠶ᠎ᠡ ᠶᠢᠨ ᠰᠢᠨ᠎ᠡ ᠶᠢ ᠡᠭᠦᠳᠴᠦ ᠦᠢᠯᠡᠰ ᠪᠦᠲᠦᠭᠡᠬᠦ ᠦᠢᠯᠡᠴᠢᠯᠡᠭᠡ ᠬᠠᠩᠭᠠᠨ᠎ᠠ᠃ | ᠲᠥᠬᠦᠭᠡᠷᠦᠮᠵᠢ ᠶᠢ ᠲᠡᠭᠦᠯᠳᠡᠷᠵᠢᠭᠦᠯᠬᠦ ᠲᠠᠯ᠎ᠠ ᠪᠠᠷ᠂ ᠬᠦᠷᠢᠶᠡᠯᠡᠩ ᠲᠣᠭᠤᠷᠢᠭ ᠤᠨ ᠠᠷᠠᠳ ᠤᠨ ᠠᠮᠢᠳᠤᠷᠠᠯ ᠤᠨ ᠲᠥᠬᠦᠭᠡᠷᠦᠮᠵᠢ ᠶᠢᠨ ᠪᠠᠶᠢᠭᠤᠯᠤᠯᠲᠠ ᠳᠠᠬᠢ ᠪᠡᠯᠡ | ᠣᠷᠤᠭᠤᠯᠤᠯᠲᠠ ᠶᠢ ᠶᠡᠬᠡᠰᠬᠡᠵᠦ᠂ ᠨᠠᠩ ᠰᠢᠯᠢᠳᠡᠭ ᠦᠢᠯᠡᠳᠪᠦᠷᠢᠯᠡᠯ ᠠᠮᠢᠳᠤᠷᠠᠯ ᠤᠨ ᠣᠷᠴᠢᠨ ᠲᠣᠭᠤᠷᠢᠨ ᠢ ᠪᠣᠶ ᠪᠣᠯᠭᠠᠨ᠎ᠠ᠃ ᠤᠯᠤᠰ ᠤᠨ ᠲᠥᠷᠥ ᠶᠢᠨ | ᠪᠣᠳᠣᠯᠭ᠎ᠠ ᠶᠢᠨ ᠤᠳᠤᠷᠢᠳᠤᠮᠵᠢ ᠶᠢ ᠴᠢᠩᠭ᠎ᠠ ᠠᠩᠬᠠᠷᠤᠨ᠂ ᠭᠠᠵᠠᠷ ᠰᠢᠷᠣᠢ ᠶᠢ ᠴᠡᠭᠴᠡᠯᠡᠨ ᠪᠡᠯᠡᠳᠬᠡᠬᠦ᠂ ︽ᠶᠢᠰᠦ ᠶᠢ ᠨᠠᠪᠲᠠᠷᠡᠭᠦᠯᠵᠦ ᠨᠢᠭᠡ ᠶᠢ ᠲᠡᠭᠰᠢᠯᠡᠬᠦ︾᠂ | ᠣᠯᠠᠨ ᠨᠡᠶᠢᠲᠡ ᠶᠢᠨ ᠲᠥᠬᠦᠭᠡᠷᠦᠮᠵᠢ ᠶᠢ ᠢᠵᠢ ᠪᠦᠷᠢᠳᠦᠭᠦᠯᠬᠦ ᠵᠡᠷᠭᠡ ᠪᠠᠲᠤᠯᠠᠭ᠎ᠠ ᠶᠢ ᠭᠤᠣᠯᠳᠠᠯᠭ᠎ᠠ ᠲᠠᠢ ᠰᠠᠶᠢᠲᠤᠷ ᠬᠢᠵᠦ᠂ ᠣᠷᠣᠨ ᠨᠤᠲᠤᠭ ᠤᠨ | ᠪᠣᠳᠠᠲᠠᠢ ᠲᠠᠢ ᠪᠠᠨ ᠤᠶᠠᠯᠳᠤᠭᠤᠯᠤᠨ᠂ ᠠᠵᠤ ᠠᠬᠤᠶᠢᠯᠠᠯ ᠳᠤ ᠱᠠᠩᠨᠠᠵᠤ ᠨᠥᠬᠦᠪᠦᠷᠢᠯᠡᠬᠦ ᠵᠡᠷᠭᠡ ᠳᠡᠮᠵᠢᠯᠭᠡ ᠬᠠᠩᠭᠠᠨ᠎ᠠ᠃ | ︵ᠳᠥᠷᠪᠡ︶ ᠤᠳᠤᠷᠢᠳᠬᠤ ᠺᠠᠳ᠋ᠷ ᠪᠣᠯᠣᠨ ᠪᠠᠶᠢᠭᠤᠯᠭ᠎ᠠ ᠶᠢᠨ ᠠᠵᠤ ᠠᠬᠤᠶᠢᠯᠠᠯ ᠢ ᠬᠤᠯᠪᠣᠭᠠᠯᠠᠨ ᠳᠠᠭᠠᠭᠠᠴᠢᠯᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ | ᠰᠢᠶᠠᠨ ᠤ ᠲᠡᠰ ᠤᠨ ᠤᠳᠤᠷᠢᠳᠤᠯᠭ᠎ᠠ ᠶᠢᠨ ᠭᠤᠣᠯᠳᠠᠯᠭ᠎ᠠ ᠲᠠᠢ ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠬᠤᠯᠪᠣᠭᠠᠯᠠᠨ ᠳᠠᠭᠠᠭᠠᠴᠢᠯᠠᠬᠤ ᠠᠵᠢᠯ ᠤᠨ | ᠲᠣᠭᠲᠠᠴᠠ ᠶᠢ ᠭᠦᠢᠴᠡᠳ ᠪᠠᠳᠠᠷᠠᠭᠤᠯᠵᠤ᠂ ᠰᠢᠶᠠᠨ ᠤ ᠲᠡᠰ ᠤᠨ ᠬᠤᠯᠪᠣᠭᠠᠯᠠᠨ ᠳᠠᠭᠠᠭᠠᠴᠢᠯᠠᠬᠤ ᠤᠳᠤᠷᠢᠳᠤᠯᠭ᠎ᠠ ᠰᠠᠷ᠎ᠠ ᠪᠣᠯᠭᠠᠨ ᠬᠠᠷᠢᠯᠴᠠᠬᠤ | ᠪᠠᠶᠢᠭᠤᠯᠭ᠎ᠠ ᠶᠢᠨ ᠢᠶᠠᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠨ᠂ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠬᠤᠷᠠᠯ ᠬᠤᠷᠠᠯᠳᠤᠭᠤᠯᠵᠤ᠂ ᠬᠦᠷᠢᠶᠡᠯᠡᠩ | ᠲᠣᠭᠤᠷᠢᠭ ᠤᠨ ᠬᠠᠷᠢᠭᠤᠴᠠᠯᠭᠠᠲᠠᠨ᠂ ᠬᠤᠲᠠ ᠶᠢᠨ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠪᠠᠶᠢᠭᠤᠯᠭ᠎ᠠ ᠲᠠᠢ ᠬᠠᠮᠲᠤᠷᠠᠨ ᠭᠤᠣᠯᠳᠠᠯᠭ᠎ᠠ ᠲᠠᠢ ᠠᠵᠤ | ᠦᠢᠯᠡᠳᠪᠦᠷᠢ ᠶᠢᠨ ᠠᠵᠤ ᠠᠬᠤᠶᠢᠯᠠᠯ ᠤᠨ ᠴᠢᠬᠤᠯᠠ ᠶᠡᠭᠡ ᠶᠠᠪᠤᠳᠠᠯ ᠢ ᠰᠢᠢᠳᠪᠦᠷᠢᠯᠡᠬᠦ ᠶᠢ ᠵᠣᠬᠢᠴᠠᠭᠤᠯᠤᠨ ᠠᠬᠢᠭᠤᠯᠤᠨ᠎ᠠ᠃ ᠰᠢᠶᠠᠨ ᠤ ᠲᠡᠰ ᠤᠨ ᠤᠳᠤᠷᠢᠳᠤᠯᠭ᠎ᠠ | ᠲᠣᠬᠢᠷᠠᠭᠤᠯᠬᠤ ᠬᠤᠷᠠᠯ ᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠬᠤᠯᠪᠣᠭᠳᠠᠯ ᠪᠦᠬᠦᠢ ᠪᠠᠶᠢᠭᠤᠯᠭ᠎ᠠ᠂ ᠠᠵᠤ ᠠᠬᠤᠶᠢᠯᠠᠯ ᠢ | ᠴᠤᠭᠯᠠᠭᠤᠯᠤᠨ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠬᠠᠮᠲᠤ ᠪᠠᠷ ᠰᠤᠳᠤᠯᠤᠨ ᠰᠢᠢᠳᠪᠦᠷᠢᠯᠡᠨ᠎ᠡ᠃ | | | | | | | | ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ 2023 ᠣᠨ ᠤ 3 ᠳ᠋ᠤᠭᠠᠷ ᠰᠠᠷ᠎ᠠ ᠶᠢᠨ 1 ᠤ ᠡᠳᠦᠷ ᠳᠠᠷᠤᠮᠠᠯᠯᠠᠨ ᠲᠠᠷᠬᠠᠭᠠᠪᠠ | |