ᠣᠲᠤᠭ ᠬᠤᠰᠢᠭᠤᠨ ᠤ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠠᠵᠢᠯ ᠤᠨ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠲᠠᠷᠬᠠᠭᠠᠬᠤ ᠲᠤᠬᠠᠢ ᠣᠳᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2023/3/14
                      ᠣᠳᠤᠭ ᠵᠠᠰᠠᠭ ᠲᠠᠷᠬᠠᠭᠠᠭᠰᠠᠨ ﹇2023﹈ 61 ᠳ᠋ᠦ᠋ᠭᠡᠷ ᠲᠣᠭᠠᠲᠤ            ᠣᠲᠤᠭ ᠬᠤᠰᠢᠭᠤᠨ ᠤ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠠᠵᠢᠯ ᠤᠨ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠲᠠᠷᠬᠠᠭᠠᠬᠤ ᠲᠤᠬᠠᠢ ᠣᠳᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ ᠬᠠᠮᠢᠶ᠎ᠠ ᠪᠦᠬᠦᠢ ᠪᠠᠶᠢᠭᠤᠯᠭ᠎ᠠ ᠳᠤ᠄      ︽ᠣᠲᠤᠭ ᠬᠤᠰᠢᠭᠤᠨ ᠤ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠠᠵᠢᠯ ᠤᠨ ᠬᠡᠷᠡᠭᠵᠢᠭᠦᠯᠬᠦ ᠲᠥᠰᠥᠯ︾ ᠢ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2023 ᠣᠨ ᠤ ᠬᠤᠶᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠰᠤᠳᠤᠯᠤᠨ ᠶᠠᠷᠢᠯᠴᠠᠵᠤ ᠪᠠᠲᠤᠯᠠᠭᠠᠳ ᠡᠳᠦᠭᠡ ᠲᠠ ᠨᠠᠷ ᠲᠤ ᠳᠠᠷᠤᠮᠠᠯᠯᠠᠨ ᠲᠠᠷᠬᠠᠭᠠᠯ᠎ᠠ᠂ ᠨᠠᠷᠢᠨ ᠬᠢᠨᠠᠮᠠᠭᠠᠢ ᠲᠣᠭᠤᠰᠢᠯᠠᠭᠤᠯᠤᠨ ᠬᠡᠷᠡᠭᠵᠢᠭᠦᠯᠲᠦᠭᠡᠢ᠃                                                      ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ                                                      2023 ᠣᠨ ᠤ 3 ᠳ᠋ᠤᠭᠠᠷ ᠰᠠᠷ᠎ᠠ ᠶᠢᠨ 14 ᠤ ᠡᠳᠦᠷ            ᠣᠲᠤᠭ ᠬᠤᠰᠢᠭᠤᠨ ᠤ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠠᠵᠢᠯ ᠤᠨ ᠬᠡᠷᠡᠭᠵᠢᠭᠦᠯᠬᠦ ᠲᠥᠰᠥᠯ      ᠤᠲᠤᠭ ᠬᠤᠰᠢᠭᠤᠨ ᠤ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠠᠵᠢᠯ ᠢ ᠦᠨᠡᠨ ᠬᠦ ᠴᠢᠩᠭᠠᠳᠬᠠᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠲᠦᠷᠢᠮ︾ ︵ᠳᠣᠷᠣᠭᠰᠢ ︽ᠲᠦᠷᠢᠮ︾ ᠭᠡᠵᠦ ᠳᠥᠭᠦᠮᠴᠢᠯᠡᠨ᠎ᠡ︶ ᠢ ᠲᠣᠭᠤᠰᠢᠯᠠᠭᠤᠯᠵᠤ ᠨᠠᠶᠢᠳᠠᠪᠤᠷᠢᠵᠢᠭᠤᠯᠤᠨ᠂ ᠤᠲᠤᠭ ᠬᠤᠰᠢᠭᠤᠨ ᠤ ᠭᠤᠷᠪᠠᠳᠤᠭᠠᠷ ᠡᠭᠡᠯᠵᠢ ᠶᠢᠨ ᠤᠯᠤᠰ ᠤᠨ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠢᠳᠡᠪᠬᠢᠲᠡᠶ ᠯᠠᠪᠳᠠᠭᠤᠨ ᠢᠶᠠᠷ ᠠᠬᠢᠭᠤᠯᠵᠤ᠂ ᠨᠤᠲᠤᠭ ᠪᠡᠯᠴᠢᠭᠡᠷ ᠤᠨ ᠠᠮᠢ ᠠᠬᠤᠶ ᠶᠢᠨ ᠰᠡᠷᠭᠦᠭᠡᠯᠲᠡ ᠶᠢ ᠲᠦᠷᠭᠡᠳᠬᠡᠨ᠂ ᠨᠤᠲᠤᠭ ᠪᠡᠯᠴᠢᠭᠡᠷ ᠤᠨ ᠠᠮᠢ ᠠᠬᠤᠶ ᠶᠢᠨ ᠦᠶᠯᠡᠴᠢᠯᠡᠭᠡᠨ ᠤ ᠴᠢᠳᠠᠮᠵᠢ ᠶᠢ ᠰᠠᠶᠢᠵᠢᠷᠠᠭᠤᠯᠵᠤ᠂ ᠨᠤᠲᠤᠭ ᠪᠡᠯᠴᠢᠭᠡᠷ ᠤᠨ ᠮᠠᠭᠤᠳᠠᠬᠤ ᠬᠠᠨᠳᠤᠰᠢ ᠶᠢ ᠬᠤᠪᠢᠷᠠᠭᠤᠯᠤᠨ᠂ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠠᠰᠢᠭᠯᠠᠯᠲᠠ ᠶᠢ ᠬᠥᠲᠥᠯᠥᠨ ᠵᠢᠯᠣᠭᠤᠳᠴᠤ᠂ ᠠᠮᠢ ᠠᠬᠤᠶ ᠶᠢ ᠤᠷᠢᠳᠠᠪᠠᠷ ᠪᠣᠳᠣᠯᠬᠢᠯᠠᠵᠤ ᠪᠣᠬᠢᠷᠲᠤᠯ ᠥᠬᠡᠶ ᠪᠠᠷ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠶᠢᠨ ᠲᠤᠰᠠᠳᠠ᠂ ᠲᠤᠰ ᠲᠥᠰᠦᠯ ᠢ ᠲᠣᠭᠲᠠᠭᠠᠪᠠ᠃      ᠨᠢᠭᠡ᠂ ᠶᠡᠷᠦᠩᠬᠡᠢ ᠱᠠᠭᠠᠷᠳᠠᠯᠭ᠎ᠠ      ︵ᠨᠢᠭᠡ︶ ᠵᠢᠯᠣᠭᠤᠳᠬᠤ ᠦᠵᠡᠯ ᠰᠠᠨᠠᠭ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠭ᠎ᠠ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠣᠭᠤᠰᠢᠯᠠᠭᠤᠯᠤᠨ᠂ ᠰᠢᠨ᠎ᠡ ᠶᠢ ᠡᠭᠦᠳᠬᠦ᠂ ᠵᠣᠬᠢᠴᠠᠩᠭᠤᠢ᠂ ᠪᠣᠬᠢᠷᠲᠤᠯ ᠦᠭᠡᠢ᠂ ᠨᠡᠭᠡᠭᠡᠯᠲᠡᠲᠦ᠂ ᠬᠠᠮᠲᠤ ᠪᠠᠷ ᠡᠳ᠋ᠯᠡᠬᠦ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠦᠷᠢᠯᠳᠦᠭᠦᠯᠵᠦ᠂ ᠬᠥᠮᠦᠨ ᠪᠣᠯᠣᠨ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠦᠨᠳᠦᠰᠦᠨ ᠠᠷᠭ᠎ᠠ ᠪᠣᠳᠣᠯᠭ᠎ᠠ ᠶᠢ ᠪᠠᠷᠢᠮᠲᠠᠯᠠᠨ᠂ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠬᠢᠭᠡᠳ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠠᠷᠢᠴᠠᠭ᠎ᠠ ᠶᠢ ᠵᠥᠪ ᠢᠶᠠᠷ ᠰᠢᠢᠳᠪᠦᠷᠢᠯᠡᠵᠦ᠂ ᠠᠮᠢ ᠠᠬᠤᠶ ᠪᠠ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠨ᠂ ᠮᠠᠯ ᠪᠡᠯᠴᠢᠭᠡᠷᠯᠡᠭᠦᠯᠬᠦ ᠳᠠᠷᠤᠯᠲᠠ ᠶᠢ ᠦᠨᠡᠨ ᠬᠦ ᠬᠥᠩᠭᠡᠷᠡᠭᠦᠯᠵᠦ᠂ ᠨᠤᠲᠤᠭ ᠪᠡᠯᠴᠢᠭᠡᠷ ᠢ ᠠᠮᠠᠷᠠᠭᠤᠯᠤᠨ᠂ ᠨᠤᠲᠤᠭ ᠪᠡᠯᠴᠢᠭᠡᠷ ᠤᠨ ᠠᠮᠢ ᠠᠬᠤᠢ ᠶᠢᠨ ᠰᠡᠷᠭᠦᠭᠡᠯᠲᠡ ᠶᠢ ᠲᠦᠷᠭᠡᠳᠬᠡᠵᠦ᠂ ᠨᠤᠲᠤᠭ ᠪᠡᠯᠴᠢᠭᠡᠷ ᠮᠠᠯᠵᠢᠬᠤ ᠣᠷᠣᠨ ᠤ ᠠᠮᠢ ᠠᠬᠤᠢ᠂ ᠦᠢᠯᠡᠳᠪᠦᠷᠢᠯᠡᠯ᠂ ᠠᠮᠢᠳᠤᠷᠠᠯ ᠤᠨ ᠵᠣᠬᠢᠴᠠᠩᠭᠤᠢ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠤᠨ᠎ᠠ᠃      ︵ᠬᠤᠶᠠᠷ︶ ᠦᠨᠳᠦᠰᠦᠨ ᠵᠠᠷᠴᠢᠮ      — — ᠠᠮᠢ ᠠᠬᠤᠶ ᠶᠢ ᠤᠷᠢᠳᠠᠪᠠᠷ ᠪᠣᠳᠣᠯᠬᠢᠯᠠᠵᠤ᠂ ᠪᠣᠬᠢᠷᠲᠤᠯ ᠥᠬᠡᠶ ᠪᠠᠷ ᠬᠥᠭᠵᠢᠭᠦᠯᠬᠦ ᠶᠢ ᠪᠠᠷᠢᠮᠲᠠᠯᠠᠨ᠎ᠠ᠃ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ ᠭᠡᠬᠦ ᠤᠢᠢᠯᠠᠭᠠᠭᠳᠠᠬᠤᠨ ᠢ ᠪᠠᠲᠤ ᠪᠦᠷᠢᠯᠳᠦᠭᠦᠯᠵᠦ᠂ ᠠᠮᠢ ᠠᠬᠤᠢ ᠶᠢᠨ ᠬᠠᠮᠠᠭᠠᠯᠠᠯᠲᠠ ᠪᠣᠯᠤᠨ ᠠᠵᠤ ᠦᠢᠯᠡᠰ ᠤᠨ ᠬᠥᠭᠵᠢᠯᠲᠡ ᠶᠢᠨ ᠬᠠᠷᠢᠴᠠᠭ᠎ᠠ ᠶᠢ ᠵᠥᠪ ᠰᠢᠢᠳᠪᠦᠷᠢᠯᠡᠨ᠂ ︽ᠠᠮᠢ ᠠᠬᠤᠢ ᠶᠢ ᠤᠷᠢᠳᠠᠪᠠᠷ ᠪᠣᠳᠣᠯᠬᠢᠯᠠᠬᠤ︾ ᠶᠢ ᠢᠮᠠᠭᠲᠠ ᠠᠵᠤ ᠦᠢᠯᠡᠰ ᠤᠨ ᠬᠥᠭᠵᠢᠯᠲᠡ ᠳᠤ ᠲᠤᠭᠤᠰᠢᠯᠠᠭᠤᠯᠵᠤ᠂ ᠬᠠᠮᠠᠭᠠᠯᠠᠬᠤ ᠳᠤᠮᠳᠠ ᠬᠥᠭᠵᠢᠭᠦᠯᠦᠨ᠂ ᠬᠥᠭᠵᠢᠭᠦᠯᠬᠦ ᠳᠤᠮᠳᠠ ᠬᠠᠮᠠᠭᠠᠯᠠᠨ᠎ᠠ᠃      — — ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠵᠤ᠂ ᠣᠷᠣᠨ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠪᠠᠷᠢᠮᠲᠠᠯᠠᠨ᠎ᠠ᠃ ᠨᠢᠭᠡ ᠯᠡ ᠠᠳᠠᠯᠢᠬᠠᠨ ᠪᠠᠶᠢᠯᠭᠠᠬᠤ ᠶᠢ ᠰᠡᠷᠭᠡᠶᠢᠯᠡᠵᠦ᠂ ᠠᠳᠠᠯᠢ ᠪᠤᠰᠤ ᠭᠠᠵᠠᠷ ᠣᠷᠣᠨ ᠤ ᠨᠤᠲᠤᠭ ᠪᠡᠯᠴᠢᠭᠡᠷ ᠤᠨ ᠠᠮᠢ ᠠᠬᠤᠶ ᠶᠢᠨ ᠣᠳᠣᠬᠢ ᠪᠠᠶᠢᠳᠠᠯ᠂ ᠠᠮᠢ ᠠᠬᠤᠶ ᠶᠢᠨ ᠴᠢᠳᠠᠮᠵᠢ ᠪᠣᠯᠤᠨ ᠠᠰᠢᠭᠯᠠᠵᠤ ᠪᠠᠶᠢᠭ᠎ᠠ ᠣᠳᠣᠬᠢ ᠪᠠᠶᠢᠳᠠᠯ ᠳᠤ ᠦᠨᠳᠦᠰᠦᠯᠡᠨ᠂ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠣᠷᠣᠨ ᠢ ᠵᠣᠬᠢᠰᠲᠠᠶ ᠬᠤᠪᠢᠶᠠᠷᠢᠯᠠᠵᠤ᠂ ᠪᠡᠯᠴᠢᠭᠡᠷ ᠤᠨ ᠪᠠᠭᠲᠠᠭᠠᠮᠵᠢ ᠳᠤ ᠲᠣᠬᠢᠷᠠᠬᠤ ᠮᠠᠯ ᠤᠨ ᠲᠤᠭ᠎ᠠ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠨ᠂ ᠰᠡᠯᠭᠦᠨ ᠮᠠᠯᠵᠢᠬᠤ ᠬᠤᠭᠤᠴᠠᠭ᠎ᠠ ᠶᠢ ᠲᠣᠭᠲᠠᠭᠠᠨ᠎ᠠ᠃      — — ᠪᠡᠯᠴᠢᠭᠡᠷ ᠤᠨ ᠪᠠᠭᠲᠠᠭᠠᠮᠵᠢ ᠪᠠᠷ ᠮᠠᠯ ᠤᠨ ᠲᠤᠭ᠎ᠠ ᠶᠢ ᠲᠣᠭᠲᠠᠭᠠᠵᠤ᠂ ᠦᠷᠭᠦᠯᠵᠢᠯᠡᠨ ᠬᠥᠭᠵᠢᠭᠦᠯᠬᠦ ᠶᠢ ᠪᠠᠷᠢᠮᠲᠠᠯᠠᠨ᠎ᠠ᠃ ᠳᠤᠯᠠᠭᠠᠨ ᠤᠯᠠᠷᠢᠯ ᠳᠤ ᠪᠡᠯᠴᠢᠭᠡᠷᠯᠡᠭᠦᠯᠬᠦ ᠶᠢ ᠴᠢᠩᠭ᠎ᠠ ᠬᠢᠨᠠᠨ ᠬᠠᠮᠢᠶᠠᠷᠴᠤ᠂ ︽ᠪᠡᠯᠴᠢᠭᠡᠷ︾᠂ ︽ᠮᠠᠯ︾ ᠭᠡᠬᠦ ᠬᠤᠶᠠᠷ ᠭᠦᠶᠴᠡᠳᠬᠡᠯ ᠲᠤᠭ᠎ᠠ ᠶᠢ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠠᠵᠢᠯ ᠢ ᠬᠢᠨᠠᠨ ᠰᠢᠯᠭᠠᠷᠠᠭᠤᠯᠬᠤ ᠦᠨᠳᠦᠰᠦ ᠪᠠᠷᠢᠮᠲᠠ ᠪᠣᠯᠭᠠᠨ᠂ ᠡᠬᠢ ᠪᠠᠶᠠᠯᠢᠭ ᠤᠨ ᠠᠰᠢᠭᠯᠠᠯᠲᠠ ᠶᠢᠨ ᠳᠡᠭᠡᠳᠦ ᠬᠢᠵᠠᠭᠠᠷ ᠪᠠ ᠨᠤᠲᠤᠭ ᠪᠡᠯᠴᠢᠭᠡᠷ ᠤᠨ ᠶᠠᠰᠤ ᠴᠢᠨᠠᠷ ᠤᠨ ᠬᠤᠷᠢᠭ᠎ᠠ ᠱᠤᠭᠤᠮ ᠢ ᠲᠣᠳᠣᠷᠬᠠᠶᠢᠯᠠᠨ᠎ᠠ᠃      — — ᠨᠢᠭᠡᠳᠦᠯᠲᠡᠶ ᠲᠥᠯᠥᠪᠯᠡᠨ ᠠᠬᠢᠭᠤᠯᠵᠤ᠂ ᠬᠠᠮᠲᠤᠷᠠᠯ ᠬᠦᠴᠦᠨ ᠢ ᠪᠦᠷᠢᠯᠳᠦᠭᠦᠯᠬᠦ ᠶᠢ ᠪᠠᠷᠢᠮᠲᠠᠯᠠᠨ᠎ᠠ᠃ ᠨᠤᠲᠤᠭ ᠪᠡᠯᠴᠢᠭᠡᠷ ᠤᠨ ᠠᠮᠢ ᠠᠬᠤᠶ ᠶᠢᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ᠂ ᠨᠤᠲᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠬᠦ ᠢᠨᠵᠧᠨᠧᠷᠢᠩ ᠲᠠᠢ ᠤᠶᠠᠯᠳᠤᠭᠤᠯᠵᠤ᠂ ᠨᠢᠭᠡ ᠬᠡᠰᠡᠭ ᠢ ᠬᠠᠮᠠᠭᠠᠯᠠᠵᠤ ᠦᠷ᠎ᠡ ᠪᠦᠲᠦᠮᠵᠢ ᠭᠠᠷᠭᠠᠨ᠂ ᠨᠢᠭᠡ ᠬᠡᠰᠡᠭ ᠢ ᠰᠡᠷᠭᠦᠭᠡᠵᠦ ᠠᠮᠵᠢᠯᠲᠠ ᠣᠯᠬᠤ ᠶᠢ ᠪᠠᠲᠤᠯᠠᠨ᠎ᠠ᠃      — — ᠡᠷᠬᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠱᠠᠩᠨᠠᠵᠤ ᠲᠣᠷᠭᠠᠬᠤ ᠶᠢ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠨ᠎ᠠ᠃ ᠲᠤᠰᠢᠶᠠᠯ ᠬᠠᠷᠢᠭᠤᠴᠠᠯᠭ᠎ᠠ  ᠶᠢ ᠰᠢᠯᠤᠭᠤᠳᠬᠠᠨ᠂ ᠡᠯ᠎ᠡ ᠱᠠᠲᠤᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠵᠢᠯ ᠢ ᠪᠦᠲᠦᠮᠵᠢᠲᠡᠢ ᠠᠪᠴᠠᠯᠳᠤᠭᠤᠯᠤᠨ᠂ ᠰᠢᠯᠢᠳᠡᠭ ᠢ ᠨᠢ ᠱᠠᠩᠨᠠᠵᠤ ᠰᠢᠭᠠᠷᠤ ᠶᠢ ᠨᠢ ᠲᠣᠷᠭᠠᠬᠤ ᠶᠢ ᠳᠣᠪᠣᠶᠢᠯᠭᠠᠵᠤ᠂ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠳᠦᠷᠢᠮ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠤᠨ᠎ᠠ᠃      ︵ᠭᠤᠷᠪᠠ︶ ᠶᠡᠷᠦᠩᠬᠡᠢ ᠬᠠᠷᠠᠯᠲᠠ᠃ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠡᠯᠴᠢᠭᠡᠷᠯᠡᠭᠦᠯᠬᠦ ᠶᠢ ᠬᠤᠷᠢᠬᠤ᠂ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠣᠷᠣᠨ ᠢ ᠬᠤᠪᠢᠶᠠᠷᠢᠯᠠᠨ ᠲᠣᠭᠲᠠᠭᠠᠬᠤ ᠬᠢᠭᠡᠳ ᠰᠡᠯᠭᠦᠨ ᠮᠠᠯᠵᠢᠬᠤ ᠬᠤᠭᠤᠴᠠᠭ᠎ᠠ ᠶᠢ ᠨᠡᠩ ᠵᠣᠬᠢᠰᠲᠠᠢ᠂ ᠪᠡᠯᠴᠢᠭᠡᠷ ᠤᠨ ᠪᠠᠭᠲᠠᠭᠠᠮᠵᠢ ᠳᠤ ᠲᠣᠬᠢᠷᠠᠬᠤ ᠮᠠᠯ ᠤᠨ ᠲᠤᠭ᠎ᠠ ᠶᠢᠨ ᠬᠢᠨᠠᠨ ᠲᠣᠭᠲᠠᠭᠠᠯᠲᠠ ᠶᠢ ᠨᠠᠩ ᠰᠢᠨᠵᠢᠯᠡᠬᠦ ᠤᠬᠠᠭᠠᠨᠴᠢ ᠪᠣᠯᠭᠠᠨ᠂ ᠨᠤᠲᠤᠭ ᠪᠡᠯᠴᠢᠭᠡᠷ ᠤᠨ ᠠᠮᠢ ᠠᠬᠤᠶ ᠶᠢ ᠬᠢᠨᠠᠨ ᠬᠡᠮᠵᠢᠵᠦ ᠦᠨᠡᠯᠡᠨ ᠵᠢᠱᠢᠬᠦ ᠲᠦᠪᠰᠢᠨ ᠢ ᠢᠯᠡᠳᠲᠡ ᠳᠡᠭᠡᠭᠰᠢᠯᠡᠭᠦᠯᠵᠦ᠂ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠦᠷ᠎ᠡ ᠪᠦᠲᠦᠮᠵᠢ ᠶᠢ ᠨᠥᠬᠦᠪᠥᠷᠢ ᠱᠠᠩᠨᠠᠯ ᠤᠨ ᠪᠠᠯᠠ ᠮᠥᠩᠭᠦ ᠲᠠᠢ ᠬᠤᠯᠪᠣᠭᠳᠠᠭᠤᠯᠵᠤ ᠤᠷᠮᠠᠰᠢᠭᠤᠯᠬᠤ ᠶᠢ ᠨᠠᠩ ᠴᠢᠩᠭᠠᠳᠬᠠᠨ᠂ ᠨᠤᠲᠤᠭ ᠪᠡᠯᠴᠢᠭᠡᠷ ᠤᠨ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢ ᠴᠢᠨᠠᠭᠰᠢᠳᠠ ᠰᠠᠶᠢᠵᠢᠷᠠᠭᠤᠯᠵᠤ᠂ ᠨᠤᠲᠤᠭ ᠪᠡᠯᠴᠢᠭᠡᠷ ᠤᠨ ᠮᠠᠯ ᠠᠵᠤ ᠠᠬᠤᠶ ᠶᠢᠨ ᠡᠵᠡᠩᠨᠡᠯᠲᠡ ᠶᠢᠨ ᠲᠦᠪᠰᠢᠨ ᠢ ᠮᠡᠳᠡᠭᠳᠡᠮ᠎ᠡ ᠳᠡᠭᠡᠭᠰᠢᠯᠡᠭᠦᠯᠦᠨ᠂ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠨ ᠰᠡᠷᠭᠦᠭᠡᠭᠰᠡᠨ ᠦᠷ᠎ᠡ ᠪᠦᠲᠦᠮᠵᠢ ᠶᠢ ᠤᠯᠠᠮ ᠪᠠᠬᠢᠵᠢᠭᠦᠯᠵᠦ᠂ ᠨᠤᠲᠤᠭ ᠪᠡᠯᠴᠢᠭᠡᠷ ᠤᠨ ᠠᠮᠢ ᠠᠬᠤᠶ ᠶᠢ ᠦᠷᠭᠦᠯᠵᠢᠯᠡᠨ ᠰᠠᠶᠢᠵᠢᠷᠠᠭᠤᠯᠤᠨ᠂ ᠨᠤᠲᠤᠭ ᠪᠡᠯᠴᠢᠭᠡᠷ ᠤᠨ ᠠᠮᠢ ᠠᠬᠤᠶ ᠶᠢᠨ ᠦᠶᠯᠡᠴᠢᠯᠡᠭᠡᠨ ᠤ ᠴᠢᠳᠠᠮᠵᠢ ᠶᠢ ᠠᠯᠬᠤᠮ ᠠᠯᠬᠤᠮ ᠢᠶᠠᠷ ᠰᠡᠷᠭᠦᠭᠡᠵᠦ᠂ ᠨᠤᠲᠤᠭ ᠪᠡᠯᠴᠢᠭᠡᠷ ᠤᠨ ᠶᠡᠷᠦᠩᠬᠡᠶᠢᠯᠡᠭᠰᠡᠨ ᠤᠷᠭᠤᠮᠠᠯ ᠤᠨ ᠬᠤᠴᠢᠯᠭ᠎ᠠ  ᠶᠢ 45% ᠳᠤ ᠲᠣᠭᠲᠠᠪᠤᠷᠢᠵᠢᠭᠤᠯᠤᠨ᠂ ᠬᠥᠳᠡᠭᠡ ᠲᠣᠰᠬᠤᠨ ᠢ ᠬᠥᠭᠵᠢᠭᠦᠯᠬᠦ᠂ ᠠᠮᠢ ᠠᠬᠤᠢ ᠶᠢᠨ ᠪᠣᠯᠪᠠᠰᠤᠨ ᠢ ᠪᠠᠶᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠦᠨ᠎ᠡ᠃      ᠬᠤᠶᠠᠷ᠂ ᠬᠤᠯᠪᠣᠭᠳᠠᠯ ᠪᠦᠬᠦᠢ ᠳᠦᠷᠢᠮ ᠢ ᠲᠡᠭᠦᠯᠳᠡᠷᠵᠢᠭᠦᠯᠦᠨ᠎ᠡ      ︵ᠳᠥᠷᠪᠡ︶ ᠲᠥᠯᠥᠪᠵᠢᠭᠦᠯᠭᠡ ᠪᠠᠷ ᠬᠥᠲᠥᠯᠥᠨ ᠵᠢᠯᠣᠭᠤᠳᠬᠤ ᠶᠢ ᠴᠢᠩᠭᠠᠳᠬᠠᠨ᠎ᠠ᠃ ︽ᠲᠦᠷᠢᠮ︾ ᠢ ᠣᠲᠤᠭ ᠬᠤᠰᠢᠭᠤᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠳᠤ ᠣᠷᠣᠭᠤᠯᠬᠤ ᠶᠢᠨ ᠬᠠᠮᠲᠤ᠂ ᠨᠤᠲᠤᠭ ᠪᠡᠯᠴᠢᠭᠡᠷ ᠢ ᠬᠠᠮᠠᠭᠠᠯᠠᠵᠤ ᠰᠡᠷᠭᠦᠭᠡᠨ ᠠᠰᠢᠭᠯᠠᠬᠤ ᠲᠥᠯᠥᠪᠵᠢᠭᠦᠯᠭᠡ ᠶᠢᠨ ᠭᠤᠤᠯᠳᠠᠯᠭ᠎ᠠ ᠲᠠᠢ ᠠᠭᠤᠯᠭ᠎ᠠ ᠪᠣᠯᠭᠠᠵᠤ᠂ ᠲᠥᠯᠥᠪᠵᠢᠭᠦᠯᠭᠡ ᠶᠢᠨ ᠬᠠᠮᠲᠤᠷᠠᠯ ᠬᠦᠴᠦᠨ ᠢ ᠪᠦᠷᠢᠯᠳᠦᠭᠦᠯᠦᠨ᠂ ᠡᠯ᠎ᠡ ᠵᠦᠶᠯ ᠤᠨ ᠲᠦᠷᠢᠮ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃      ᠭᠤᠷᠪᠠ᠂ ᠪᠡᠯᠴᠢᠭᠡᠷᠯᠡᠭᠦᠯᠬᠦ ᠶᠢ ᠬᠤᠷᠢᠬᠤ ᠪᠠ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠣᠷᠣᠨ ᠢ ᠬᠤᠪᠢᠶᠠᠷᠢᠯᠠᠨ ᠲᠣᠭᠲᠠᠭᠠᠨ᠎ᠠ      ︵ᠲᠠᠪᠤ︶ ᠬᠤᠪᠢᠶᠠᠷᠢᠯᠠᠨ ᠲᠣᠭᠲᠠᠭᠠᠬᠤ ᠬᠦᠷᠢᠶ᠎ᠡ ᠬᠡᠪᠴᠢᠶ᠎ᠡ᠃ ᠨᠤᠲᠤᠭ ᠪᠡᠯᠴᠢᠭᠡᠷ ᠤᠨ ᠬᠡᠷᠡᠭᠯᠡᠬᠦ ᠡᠷᠬᠡ ᠪᠤᠶᠤ ᠨᠤᠲᠤᠭ ᠪᠡᠯᠴᠢᠭᠡᠷ ᠤᠨ ᠳᠠᠭᠠᠭᠠᠴᠢᠯᠠᠬᠤ ᠡᠷᠬᠡ ᠶᠢ ᠨᠠᠶᠢᠳᠠᠪᠤᠷᠢᠵᠢᠭᠤᠯᠤᠭᠰᠠᠨ ᠨᠤᠲᠤᠭ ᠪᠡᠯᠴᠢᠭᠡᠷ᠂ ᠤᠯᠤᠰ ᠤᠨ ᠭᠠᠵᠠᠷ ᠰᠢᠷᠣᠶ ᠶᠢᠨ ︽ᠪᠦᠬᠦ ᠤᠯᠤᠰ ᠤᠨ ᠭᠤᠷᠪᠠᠳᠤᠭᠠᠷ ᠤᠳᠠᠭᠠᠨ ᠤ ᠭᠠᠵᠠᠷ ᠰᠢᠷᠣᠢ ᠶᠢᠨ ᠪᠠᠶᠢᠴᠠᠭᠠᠯᠲᠠ︾ ᠶᠢᠨ ᠦᠷ᠎ᠡ ᠳ᠋ᠦᠩ ᠤᠨ ᠬᠡᠪᠴᠢᠶᠡᠨ ᠳᠣᠲᠣᠷᠠᠬᠢ ᠡᠪᠡᠰᠦᠲᠦ ᠭᠠᠵᠠᠷ ᠢ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠬᠤᠷᠢᠬᠤ ᠣᠷᠣᠨ ᠢᠶᠠᠷ ᠬᠤᠪᠢᠶᠠᠷᠢᠯᠠᠨ ᠲᠣᠭᠲᠠᠭᠠᠨ᠎ᠠ᠃ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠬᠤᠷᠢᠬᠤ ᠣᠷᠣᠨ ᠢᠶᠠᠷ ᠬᠤᠪᠢᠶᠠᠷᠢᠯᠠᠨ ᠲᠣᠭᠲᠠᠭᠠᠭᠰᠠᠨ ᠬᠠᠮᠤᠭ ᠤᠨ ᠪᠠᠭ᠎ᠠ ᠨᠢᠭᠡᠴᠢ ᠪᠣᠯ ᠡᠷᠦᠬᠡ ᠳᠤ ᠳᠠᠭᠠᠭᠠᠴᠢᠯᠠᠭᠤᠯᠤᠭᠰᠠᠨ ᠪᠤᠶᠤ ᠡᠷᠦᠬᠡ ᠬᠤᠯᠪᠣᠭᠠᠯᠠᠭᠰᠠᠨ ᠭᠠᠵᠠᠷ ᠤᠨ ᠬᠡᠰᠡᠭ ᠪᠣᠯᠤᠨ᠎ᠠ᠃      ︵ᠵᠢᠷᠭᠤᠭ᠎ᠠ︶ ᠪᠡᠯᠴᠢᠭᠡᠷᠯᠡᠭᠦᠯᠬᠦ ᠶᠢ ᠬᠤᠷᠢᠬᠤ ᠣᠷᠣᠨ ᠢ ᠬᠤᠪᠢᠶᠠᠷᠢᠯᠠᠨ ᠲᠣᠭᠲᠠᠭᠠᠬᠤ᠃ ᠪᠡᠯᠴᠢᠭᠡᠷᠯᠡᠭᠦᠯᠬᠦ ᠶᠢ ᠬᠤᠷᠢᠬᠤ ᠣᠷᠣᠨ ᠢ ᠬᠤᠪᠢᠶᠠᠷᠢᠯᠠᠨ ᠲᠣᠭᠲᠠᠭᠠᠬᠤ ᠳᠤ ︽ᠳᠦᠷᠢᠮ︾ ᠢ ᠴᠢᠩᠭ᠎ᠠ ᠵᠢᠷᠤᠮᠯᠠᠨ ᠬᠡᠷᠡᠭᠵᠢᠭᠦᠯᠦᠨ᠎ᠡ᠃ ᠪᠡᠯᠴᠢᠭᠡᠷᠯᠡᠭᠦᠯᠬᠦ ᠶᠢ ᠬᠤᠷᠢᠬᠤ ᠭᠠᠵᠠᠷ ᠨᠢᠭᠡᠪᠦᠷᠢ ᠶᠢᠨ ᠵᠢᠷᠤᠭ ᠢ ᠴᠥᠮ ︽ᠳᠥᠷᠪᠡ  ᠶᠢ ᠲᠣᠳᠣᠷᠬᠠᠶᠢᠯᠠᠬᠤ︾ ᠱᠠᠭᠠᠷᠳᠠᠯᠭ᠎ᠠ ᠳᠤ ᠨᠡᠶᠢᠴᠡᠭᠦᠯᠦᠨ᠎ᠡ᠂ ᠲᠤᠬᠠᠶᠢᠯᠠᠪᠠᠯ ᠳᠥᠷᠪᠡᠨ ᠵᠠᠬ᠎ᠠ ᠶᠢᠨ ᠵᠠᠭᠠᠭ ᠢ ᠲᠣᠳᠣᠷᠬᠠᠶᠢᠯᠠᠬᠤ᠂ ᠡᠷᠬᠡ ᠶᠢᠨ ᠬᠠᠷᠢᠶ᠎ᠠ ᠶᠢ ᠲᠣᠳᠣᠷᠬᠠᠶᠢᠯᠠᠬᠤ᠂ ᠠᠮᠢ ᠠᠬᠤᠶ ᠶᠢᠨ ᠣᠳᠣᠬᠢ ᠪᠠᠶᠢᠳᠠᠯ ᠢ ᠲᠣᠳᠣᠷᠬᠠᠶᠢᠯᠠᠬᠤ᠂ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠨ᠎ᠠ᠃ ᠵᠠᠷᠴᠢᠮ ᠳᠡᠭᠡᠷ᠎ᠡ ᠪᠠᠨ ᠲᠥᠪᠯᠡᠷᠡᠨ ᠵᠠᠯᠭᠠᠯᠳᠤᠭᠰᠠᠨ ᠪᠥᠭᠡᠳ ᠠᠳᠠᠯᠢ ᠨᠢᠭᠡᠨ ᠡᠷᠬᠡ ᠶᠢᠨ ᠬᠠᠷᠢᠶ᠎ᠠ ᠲᠠᠢ ᠨᠤᠲᠤᠭ ᠪᠡᠯᠴᠢᠭᠡᠷ ᠤᠨ ᠵᠠᠷᠢᠮ ᠢ ᠨᠢ ᠪᠡᠯᠴᠢᠭᠡᠷᠯᠡᠭᠦᠯᠬᠦ ᠶᠢ ᠬᠤᠷᠢᠬᠤ ᠣᠷᠣᠨ ᠢᠶᠠᠷ ᠬᠤᠪᠢᠶᠠᠷᠢᠯᠠᠨ᠂ ᠵᠠᠷᠢᠮ ᠢ ᠨᠢ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠣᠷᠣᠨ ᠢᠶᠠᠷ ᠬᠤᠪᠢᠶᠠᠷᠢᠯᠠᠵᠤ ᠪᠣᠯᠬᠤ ᠦᠭᠡᠶ᠂ ᠭᠡᠪᠡᠴᠦ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠴᠢᠬᠤᠯᠠ ᠤᠰᠤᠨ ᠰᠤᠷᠪᠤᠯᠵᠢ ᠶᠢᠨ ᠭᠠᠵᠠᠷ ᠬᠢᠭᠡᠳ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠨ ᠰᠡᠷᠭᠦᠭᠡᠬᠦ ᠢᠨᠵᠧᠨᠧᠷᠢᠩ  ᠤᠨ ᠣᠷᠣᠨ ᠳᠤ ᠬᠤᠯᠪᠣᠭᠳᠠᠭᠰᠠᠨ ᠨᠢ ᠡᠭᠦᠨ ᠳᠤ ᠪᠠᠭᠲᠠᠬᠤ ᠦᠭᠡᠶ᠃ ᠨᠤᠲᠤᠭ ᠪᠡᠯᠴᠢᠭᠡᠷ ᠤᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠬᠦᠷᠲᠡᠬᠦ ᠨᠥᠬᠦᠴᠡᠯ ᠢ ᠪᠦᠷᠢᠯᠳᠦᠭᠦᠯᠦᠭᠡᠳᠦᠶ ᠪᠣᠯᠪᠠᠴᠤ ᠪᠡᠯᠴᠢᠭᠡᠷᠯᠡᠭᠦᠯᠬᠦ ᠶᠢ ᠬᠤᠷᠢᠬᠤ ᠣᠷᠣᠨ ᠳᠤ ᠣᠷᠣᠭᠤᠯᠬᠤ ᠶᠣᠰᠣᠲᠠᠢ ᠨᠤᠲᠤᠭ ᠪᠡᠯᠴᠢᠭᠡᠷ ᠢ ᠮᠥᠨ ᠪᠡᠯᠴᠢᠭᠡᠷᠯᠡᠭᠦᠯᠬᠦ ᠶᠢ ᠬᠤᠷᠢᠬᠤ ᠣᠷᠣᠨ ᠳᠤ ᠣᠷᠣᠭᠤᠯᠤᠨ ᠬᠠᠮᠢᠶᠠᠷᠤᠨ᠎ᠠ᠃      ︵ᠳᠣᠯᠤᠭ᠎ᠠ︶ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠣᠷᠣᠨ ᠢ ᠬᠤᠪᠢᠶᠠᠷᠢᠯᠠᠨ ᠲᠣᠭᠲᠠᠭᠠᠬᠤ᠃ ᠪᠡᠯᠴᠢᠭᠡᠷᠯᠡᠭᠦᠯᠬᠦ ᠶᠢ ᠬᠤᠷᠢᠬᠤ ᠣᠷᠣᠨ ᠠᠴᠠ ᠭᠠᠳᠠᠨᠠᠬᠢ ᠨᠤᠲᠤᠭ ᠪᠡᠯᠴᠢᠭᠡᠷ ᠢ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠣᠷᠣᠨ ᠢᠶᠠᠷ ᠬᠤᠪᠢᠶᠠᠷᠢᠯᠠᠨ ᠲᠣᠭᠲᠠᠭᠠᠵᠤ᠂ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠭᠠᠵᠠᠷ ᠨᠢᠭᠡᠪᠦᠷᠢ ᠶᠢᠨ ᠵᠢᠷᠤᠭ ᠢ ︽ᠲᠠᠪᠤ ᠶᠢ ᠲᠣᠳᠣᠷᠬᠠᠶᠢᠯᠠᠬᠤ︾ ᠱᠠᠭᠠᠷᠳᠠᠯᠭ᠎ᠠ ᠳᠤ ᠨᠡᠶᠢᠴᠡᠭᠦᠯᠦᠨ᠎ᠡ᠂ ᠲᠤᠬᠠᠶᠢᠯᠠᠪᠠᠯ ᠳᠥᠷᠪᠡᠨ ᠵᠠᠬ᠎ᠠ ᠶᠢᠨ ᠵᠠᠭᠠᠭ ᠢ ᠲᠣᠳᠣᠷᠬᠠᠶᠢᠯᠠᠬᠤ᠂ ᠡᠷᠬᠡ ᠶᠢᠨ ᠬᠠᠷᠢᠶ᠎ᠠ ᠶᠢ ᠲᠣᠳᠣᠷᠬᠠᠶᠢᠯᠠᠬᠤ᠂ ᠪᠡᠯᠴᠢᠭᠡᠷ ᠤᠨ ᠪᠠᠭᠲᠠᠭᠠᠮᠵᠢ ᠶᠢ ᠲᠣᠳᠣᠷᠬᠠᠶᠢᠯᠠᠬᠤ᠂ ᠠᠮᠢ ᠠᠬᠤᠶ ᠶᠢᠨ ᠣᠳᠣᠬᠢ ᠪᠠᠶᠢᠳᠠᠯ ᠢ ᠲᠣᠳᠣᠷᠬᠠᠶᠢᠯᠠᠬᠤ᠂ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠲᠣᠳᠣᠷᠬᠠᠶᠢᠯᠠᠨ᠎ᠠ᠃ ᠪᠡᠯᠴᠢᠭᠡᠷᠯᠡᠭᠦᠯᠬᠦ ᠶᠢ ᠬᠤᠷᠢᠬᠤ ᠣᠷᠣᠨ ᠠᠴᠠ ᠭᠠᠳᠠᠨ᠎ᠠ᠂ ᠨᠤᠲᠤᠭ ᠪᠡᠯᠴᠢᠭᠡᠷ  ᠤᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠬᠦᠷᠲᠡᠬᠦ ᠨᠥᠬᠦᠴᠡᠯ ᠢ ᠪᠦᠷᠢᠯᠳᠦᠭᠦᠯᠦᠭᠡᠳᠦᠶ ᠪᠣᠯ᠂ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠣᠷᠣᠨ ᠳᠤ ᠣᠷᠣᠭᠤᠯᠤᠨ ᠬᠠᠮᠢᠶᠠᠷᠤᠨ᠎ᠠ᠃      ᠳᠥᠷᠪᠡ᠂ ᠰᠡᠯᠭᠦᠨ ᠮᠠᠯᠵᠢᠬᠤ ᠬᠤᠭᠤᠴᠠᠭ᠎ᠠ ᠶᠢ ᠲᠣᠭᠲᠠᠭᠠᠨ᠎ᠠ      ︵ᠨᠠᠢᠮᠠ︶ ᠰᠡᠯᠭᠦᠨ ᠮᠠᠯᠵᠢᠬᠤ ᠬᠦᠷᠢᠶ᠎ᠡ ᠬᠡᠪᠴᠢᠶ᠎ᠡ᠃ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠣᠷᠣᠨ ᠳᠤ ᠰᠡᠯᠭᠦᠨ ᠮᠠᠯᠵᠢᠬᠤ ᠳᠦᠷᠢᠮ ᠢ ᠨᠠᠶᠢᠳᠠᠪᠤᠷᠢᠵᠢᠭᠤᠯᠵᠤ᠂ ᠰᠡᠯᠭᠦᠨ ᠮᠠᠯᠵᠢᠬᠤ ᠬᠤᠭᠤᠴᠠᠭ᠎ᠠ ᠶᠢ ᠭᠤᠷᠪᠠᠨ ᠰᠠᠷ᠎ᠠ ᠠᠴᠠ ᠳᠤᠲᠠᠭᠤ ᠪᠠᠶᠢᠯᠭᠠᠵᠤ ᠪᠣᠯᠬᠤ ᠦᠭᠡᠶ᠃ ᠠᠭᠤᠷ ᠠᠮᠢᠰᠬᠤᠯ ᠤᠨ ᠨᠥᠬᠦᠴᠡᠯ ᠪᠠ ᠡᠪᠡᠰᠦᠨ ᠤ ᠤᠷᠭᠤᠯᠲᠠ ᠶᠢᠨ ᠵᠢᠮ᠎ᠡ ᠶᠣᠰᠣ ᠳᠤ ᠦᠨᠳᠦᠰᠦᠯᠡᠨ᠂ ᠡᠬᠢᠯᠡᠵᠦ ᠰᠡᠯᠭᠦᠨ ᠮᠠᠯᠵᠢᠬᠤ ᠪᠠ ᠳᠠᠭᠤᠰᠬᠠᠬᠤ ᠴᠠᠭ ᠢ ᠰᠢᠨᠵᠢᠯᠡᠬᠦ ᠤᠬᠠᠭᠠᠨᠴᠢ ᠪᠠᠷ ᠵᠣᠬᠢᠰᠲᠠᠶ ᠲᠣᠭᠲᠠᠭᠠᠬᠤ ᠶᠢᠨ ᠬᠠᠮᠲᠤ ᠬᠡᠰᠡᠭ ᠪᠦᠯᠦᠭ ᠬᠤᠪᠢᠶᠠᠨ ᠪᠠᠭᠤᠯᠭᠠᠭᠰᠠᠨ ᠨᠤᠲᠤᠭ ᠪᠡᠯᠴᠢᠭᠡᠷ ᠤᠨ ᠨᠥᠬᠦᠪᠥᠷᠢ ᠱᠠᠩᠨᠠᠯ ᠤᠨ ᠪᠠᠯᠠ ᠮᠥᠩᠭᠦ ᠳᠤ ᠦᠨᠳᠦᠰᠦᠯᠡᠵᠦ ᠰᠡᠯᠭᠦᠨ ᠮᠠᠯᠵᠢᠬᠤ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠲᠣᠭᠲᠠᠭᠠᠨ᠎ᠠ᠃      ︵ᠶᠢᠰᠦ︶ ᠰᠡᠯᠭᠦᠨ ᠮᠠᠯᠵᠢᠬᠤ ᠬᠤᠭᠤᠴᠠᠭᠠᠨ ᠤ ᠬᠠᠮᠢᠶᠠᠷᠤᠯᠲᠠ᠃ ᠰᠡᠯᠭᠦᠨ ᠮᠠᠯᠵᠢᠬᠤ ᠬᠤᠭᠤᠴᠠᠭᠠᠨ ᠳᠤ ᠪᠡᠯᠴᠢᠭᠡᠷᠯᠡᠭᠦᠯᠦᠨ ᠠᠰᠢᠭᠯᠠᠬᠤ ᠶᠢ ᠡᠷᠡᠰ ᠴᠠᠭᠠᠵᠠᠯᠠᠵᠤ᠂ ᠰᠡᠯᠭᠦᠨ ᠮᠠᠯᠵᠢᠬᠤ ᠬᠤᠭᠤᠴᠠᠭᠠᠨ ᠳᠤ ᠬᠤᠶᠠᠷ ᠤᠳᠠᠭ᠎ᠠ ᠠᠴᠠ ᠳᠡᠭᠡᠭᠰᠢ ᠨᠢᠭᠤᠵᠤ ᠪᠡᠯᠴᠢᠭᠡᠷᠯᠡᠭᠦᠯᠦᠭᠰᠡᠨ ᠪᠣᠯ᠂ ︽ᠳᠦᠷᠢᠮ︾ ᠳᠠᠬᠢ ᠪᠡᠯᠴᠢᠭᠡᠷᠯᠡᠭᠦᠯᠬᠦ ᠶᠢ ᠬᠤᠷᠢᠬᠤ ᠬᠤᠯᠪᠣᠭᠳᠠᠯ ᠪᠦᠬᠦᠢ ᠰᠢᠢᠳᠬᠡᠬᠦ ᠳᠦᠷᠢᠮ ᠢᠶᠠᠷ ᠴᠢᠩᠭ᠎ᠠ ᠰᠢᠢᠳᠬᠡᠬᠦ ᠠᠴᠠ ᠭᠠᠳᠠᠨ᠎ᠠ᠂ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠱᠠᠩᠨᠠᠯ ᠤᠨ ᠪᠡᠯᠡ ᠮᠥᠩᠭᠦ ᠶᠢ ᠨᠢ ᠰᠠᠭᠤᠯᠭᠠᠨ ᠠᠪᠤᠨ᠎ᠠ᠂ ᠰᠠᠭᠤᠯᠭᠠᠨ ᠠᠪᠬᠤ ᠪᠠᠷᠢᠮᠵᠢᠶ᠎ᠠ ᠨᠢ 20 ᠮᠦ ᠪᠦᠷᠢ ᠳᠤ ᠨᠢᠭᠡ ᠪᠣᠭ ᠮᠠᠯ ᠮᠠᠯᠯᠠᠬᠤ ᠪᠠᠷ ᠰᠠᠭᠤᠷᠢ ᠪᠠᠷᠢᠮᠵᠢᠶ᠎ᠠ ᠪᠣᠯᠭᠠᠨ᠂ ᠰᠡᠯᠭᠦᠨ ᠮᠠᠯᠵᠢᠬᠤ ᠨᠥᠬᠦᠪᠥᠷᠢ ᠬᠦᠷᠲᠡᠬᠦ ᠬᠡᠪᠴᠢᠶᠡᠨ ᠤ ᠵᠠᠭᠤᠨ ᠤ ᠬᠠᠷᠢᠴᠠᠯ ᠢᠶᠠᠷ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠪᠡᠯᠡ ᠮᠥᠩᠭᠦ ᠶᠢ ᠰᠠᠭᠤᠯᠭᠠᠨ ᠠᠪᠤᠨ᠎ᠠ᠃      ᠲᠠᠪᠤ᠂ ᠪᠡᠯᠴᠢᠭᠡᠷ ᠤᠨ ᠪᠠᠭᠲᠠᠭᠠᠮᠵᠢ ᠶᠢ ᠬᠢᠨᠠᠨ ᠲᠣᠭᠲᠠᠭᠠᠨ᠎ᠠ      ︵ᠠᠷᠪᠠ︶ ᠬᠢᠨᠠᠨ ᠲᠣᠭᠲᠠᠭᠠᠬᠤ ᠦᠨᠳᠦᠰᠦᠯᠡᠯ᠃ ᠨᠤᠲᠤᠭ ᠪᠡᠯᠴᠢᠭᠡᠷ ᠤᠨ ᠲᠠᠯᠠᠪᠠᠶ᠂ ᠨᠤᠲᠤᠭ ᠪᠡᠯᠴᠢᠭᠡᠷ ᠤᠨ ᠦᠶᠯᠡᠳᠪᠦᠷᠢᠯᠡᠯ ᠤᠨ ᠴᠢᠳᠠᠪᠤᠷᠢ᠂ ᠠᠮᠢ ᠠᠬᠤᠶ ᠶᠢᠨ ᠣᠳᠣᠬᠢ ᠪᠠᠶᠢᠳᠠᠯ᠂ ᠳᠤᠯᠠᠭᠠᠨ ᠤᠯᠠᠷᠢᠯ ᠳᠤ ᠪᠡᠯᠴᠢᠭᠡᠷᠯᠡᠭᠦᠯᠬᠦ ᠡᠳᠦᠷ ᠤᠨ ᠲᠤᠭ᠎ᠠ᠂ ᠠᠳᠠᠯᠢ ᠪᠤᠰᠤ ᠨᠤᠲᠤᠭ ᠪᠡᠯᠴᠢᠭᠡᠷ ᠤᠨ ᠲᠥᠷᠥᠯ ᠬᠡᠯᠪᠡᠷᠢ ᠶᠢᠨ ᠠᠰᠢᠭᠯᠠᠯᠲᠠ ᠶᠢᠨ ᠨᠣᠷᠮ᠎ᠠ ᠵᠡᠷᠭᠡ ᠪᠠᠭᠲᠠᠨ᠎ᠠ᠃︵ᠠᠷᠪᠠᠨ ᠨᠢᠭᠡ︶ ᠬᠢᠨᠠᠨ ᠲᠣᠭᠲᠠᠭᠠᠬᠤ ᠬᠦᠷᠢᠶ᠎ᠡ ᠬᠡᠪᠴᠢᠶ᠎ᠡ᠃ ᠬᠢᠨᠠᠨ ᠲᠣᠭᠲᠠᠭᠠᠬᠤ ᠬᠦᠷᠢᠶ᠎ᠡ ᠬᠡᠪᠴᠢᠶ᠎ᠡ ᠭᠡᠳᠡᠭ ᠨᠢ ᠬᠠᠷᠢᠶ᠎ᠠ ᠣᠷᠣᠨ ᠳᠣᠲᠣᠷᠠᠬᠢ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠬᠦᠷᠲᠡᠵᠦ ᠪᠠᠶᠢᠭ᠎ᠠ ᠨᠤᠲᠤᠭ ᠪᠡᠯᠴᠢᠭᠡᠷ ᠢ ᠵᠢᠭᠠᠵᠤ ᠪᠤᠶ᠃      ︵ᠠᠷᠪᠠᠨ ᠬᠤᠶᠠᠷ︶ ᠬᠢᠨᠠᠨ ᠲᠣᠭᠲᠠᠭᠠᠬᠤ ᠪᠠᠷᠢᠮᠵᠢᠶ᠎ᠠ᠃ ᠮᠠᠯᠴᠢᠨ ᠲᠠᠷᠢᠶᠠᠴᠢᠨ ᠤ ᠦᠶᠯᠡᠳᠪᠦᠷᠢᠯᠡᠯ ᠠᠮᠢᠳᠤᠷᠠᠯ ᠤᠨ ᠪᠣᠳᠠᠲᠤ ᠪᠠᠶᠢᠳᠠᠯ ᠢ ᠶᠡᠷᠦᠩᠬᠡᠶᠢᠯᠡᠨ ᠪᠣᠳᠣᠯᠬᠢᠯᠠᠵᠤ᠂ ᠣᠲᠤᠭ ᠬᠤᠰᠢᠭᠤᠨ ᠤ ᠪᠡᠯᠴᠢᠭᠡᠷ ᠤᠨ ᠪᠠᠭᠲᠠᠭᠠᠮᠵᠢ ᠶᠢᠨ ᠪᠠᠷᠢᠮᠵᠢᠶ᠎ᠠ ᠶᠢ 20 ᠮᠥ ᠪᠦᠷᠢ ᠳᠤ ᠨᠢᠭᠡ ᠪᠣᠭ ᠮᠠᠯ ᠮᠠᠯᠯᠠᠬᠤ ᠪᠠᠷ ᠨᠢᠭᠡᠳᠦᠯᠲᠡᠶ ᠲᠣᠭᠲᠠᠭᠠᠨ᠂ ᠲᠣᠰ ᠵᠢᠯ ᠤᠨ ᠲᠥᠯ ᠪᠦᠷᠢ ᠶᠢ 0.5 ᠪᠤᠭ ᠮᠠᠯ ᠢᠶᠠᠷ ᠪᠤᠳᠤᠨ᠎ᠠ᠃ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠣᠷᠣᠨ ᠳᠣᠲᠣᠷᠠᠬᠢ ᠪᠣᠳᠠ ᠮᠠᠯ  ᠢ ᠪᠡᠯᠴᠢᠭᠡᠷ ᠤᠨ ᠪᠠᠭᠲᠠᠭᠠᠮᠵᠢ ᠶᠢ ᠬᠢᠨᠠᠨ ᠲᠣᠭᠲᠠᠭᠠᠬᠤ ᠬᠡᠪᠴᠢᠶᠡᠨ ᠳᠤ ᠣᠷᠣᠭᠤᠯᠬᠤ ᠦᠭᠡᠶ᠂ ᠶᠡᠷᠦᠩᠬᠡᠶ ᠬᠡᠮᠵᠢᠶ᠎ᠡ ᠶᠢ  ᠬᠢᠵᠠᠭᠠᠷᠯᠠᠵᠤ᠂ ᠲᠤᠭ᠎ᠠ ᠬᠡᠮᠵᠢᠶ᠎ᠡ ᠶᠢ ᠠᠰᠢᠭᠯᠠᠵᠤ ᠪᠣᠯᠬᠤ ᠪᠡᠯᠴᠢᠭᠡᠷ ᠤᠨ ᠲᠠᠯᠠᠪᠠᠶ ᠶᠢᠨ 0.5% ᠠᠴᠠ ᠬᠡᠲᠦᠷᠡᠭᠦᠯᠵᠦ ᠪᠣᠯᠬᠤ ᠦᠭᠡᠶ᠃ ᠤᠷᠭᠤᠮᠠᠯ ᠤᠨ ᠬᠤᠴᠢᠯᠭ᠎ᠠ ᠪᠠᠷ ᠰᠠᠶᠢᠨ᠂ ᠶᠠᠰᠤ ᠴᠢᠨᠠᠷ ᠢᠶᠠᠷ ᠥᠨᠳᠥᠷ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠣᠷᠣᠨ ᠳᠤ ᠪᠡᠯᠴᠢᠭᠡᠷ ᠤᠨ ᠪᠠᠭᠲᠠᠭᠠᠮᠵᠢ ᠶᠢ ᠵᠣᠬᠢᠰᠲᠠᠶ ᠨᠡᠮᠡᠭᠳᠡᠭᠦᠯᠵᠦ ᠪᠣᠯᠤᠨ᠎ᠠ︔ ᠬᠦᠨᠳᠦ ᠰᠦᠷᠡᠬᠡᠢ ᠮᠠᠭᠤᠳᠠᠵᠤ ᠡᠯᠡᠰᠦᠷᠬᠡᠭᠵᠢᠭᠰᠡᠨ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠣᠷᠣᠨ ᠳᠤ ᠪᠠᠶᠢᠳᠠᠯ ᠢ ᠨᠢ ᠦᠵᠡᠵᠦ ᠪᠠᠶᠢᠭᠠᠳ ᠪᠡᠯᠴᠢᠭᠡᠷ ᠤᠨ ᠪᠠᠭᠲᠠᠭᠠᠮᠵᠢ ᠶᠢ ᠪᠠᠭᠠᠰᠬᠠᠨ᠎ᠠ᠃ ᠡᠯ᠎ᠡ ᠰᠤᠮᠤ ᠪᠠᠯᠭᠠᠰᠤ ᠭᠠᠴᠠᠭ᠎ᠠ ᠲᠣᠰᠬᠤᠨ ᠢ ᠵᠣᠬᠢᠶᠠᠨ ᠪᠠᠶᠢᠭᠤᠯᠵᠤ᠂ ᠨᠤᠲᠤᠭ ᠪᠡᠯᠴᠢᠭᠡᠷ ᠤᠨ ᠲᠠᠯᠠᠪᠠᠶ᠂ ᠪᠡᠯᠴᠢᠭᠡᠷ ᠤᠨ ᠪᠠᠭᠲᠠᠭᠠᠮᠵᠢ ᠶᠢᠨ ᠪᠠᠷᠢᠮᠵᠢᠶ᠎ᠠ ᠵᠢᠴᠢ ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ ᠡᠷᠦᠬᠡ ᠪᠠᠷ ᠨᠢᠭᠡᠴᠢ ᠪᠣᠯᠭᠠᠨ ᠪᠡᠯᠴᠢᠭᠡᠷ ᠤᠨ ᠪᠠᠭᠲᠠᠭᠠᠮᠵᠢ ᠶᠢᠨ ᠬᠡᠮᠵᠢᠶ᠎ᠡ ᠶᠢ ᠬᠢᠨᠠᠨ ᠲᠣᠭᠲᠠᠭᠠᠨ᠎ᠠ᠃ ᠡᠯ᠎ᠡ ᠰᠤᠮᠤ ᠪᠠᠯᠭᠠᠰᠤ ᠭᠠᠴᠠᠭ᠎ᠠ ᠲᠣᠰᠬᠤᠨ ᠢᠶᠠᠷ ᠨᠢᠭᠡᠴᠢ ᠪᠣᠯᠭᠠᠨ᠂ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠶᠢ ᠬᠢᠨᠠᠨ ᠲᠣᠭᠲᠠᠭᠠᠬᠤ ᠤᠴᠢᠷ ᠶᠠᠪᠤᠳᠠᠯ ᠵᠢᠴᠢ ᠬᠤᠯᠪᠣᠭᠳᠠᠯ ᠪᠥᠬᠦᠶ ᠠᠭᠤᠯᠭ᠎ᠠ ᠶᠢ 7 ᠡᠳᠦᠷ ᠢᠯᠡ ᠨᠡᠶᠢᠲᠡᠯᠡᠨ᠎ᠡ᠃      ᠵᠢᠷᠭᠤᠭ᠎ᠠ᠂ ᠪᠡᠯᠴᠢᠭᠡᠷᠯᠡᠭᠦᠯᠬᠦ ᠶᠢ ᠬᠤᠷᠢᠬᠤ ᠪᠠ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠣᠷᠣᠨ ᠤ ᠬᠠᠮᠢᠶᠠᠷᠤᠯᠲᠠ      ︵ᠠᠷᠪᠠᠨ ᠭᠤᠷᠪᠠ︶ ᠪᠡᠯᠴᠢᠭᠡᠷᠯᠡᠭᠦᠯᠬᠦ ᠶᠢ ᠬᠤᠷᠢᠬᠤ ᠣᠷᠣᠨ ᠤ ᠬᠠᠮᠢᠶᠠᠷᠤᠯᠲᠠ᠃ ᠪᠡᠯᠴᠢᠭᠡᠷᠯᠡᠭᠦᠯᠬᠦ ᠶᠢ ᠬᠤᠷᠢᠬᠤ ᠣᠷᠣᠨ ᠢ ᠬᠤᠪᠢᠶᠠᠷᠢᠯᠠᠨ ᠲᠣᠭᠲᠠᠭᠠᠴᠢᠬᠠᠪᠠᠯ ᠲᠠᠪᠤᠨ ᠵᠢᠯ ᠳᠤ ᠨᠢᠭᠡ ᠤᠳᠠᠭ᠎ᠠ ᠲᠣᠬᠢᠷᠠᠭᠤᠯᠤᠯᠲᠠ ᠬᠢᠵᠦ᠂ ᠪᠡᠯᠴᠢᠭᠡᠷᠯᠡᠭᠦᠯᠬᠦ ᠶᠢ ᠬᠤᠷᠢᠬᠤ ᠬᠤᠭᠤᠴᠠᠭᠠᠨ ᠳᠤ ᠪᠡᠯᠴᠢᠭᠡᠷᠯᠡᠭᠦᠯᠦᠨ ᠠᠰᠢᠭᠯᠠᠬᠤ  ᠶᠢ ᠲᠠᠰᠤ ᠴᠠᠭᠠᠵᠠᠯᠠᠨ᠎ᠠ᠃ ᠪᠡᠯᠴᠢᠭᠡᠷᠯᠡᠭᠦᠯᠬᠦ ᠶᠢ ᠬᠤᠷᠢᠬᠤ ᠳᠦᠷᠢᠮ ᠢ ᠥᠯᠥ ᠨᠠᠶᠢᠳᠠᠪᠤᠷᠢᠵᠢᠭᠤᠯᠵᠤ᠂ ᠪᠡᠯᠴᠢᠭᠡᠷᠯᠡᠭᠦᠯᠬᠦ ᠶᠢ ᠬᠤᠷᠢᠬᠤ ᠣᠷᠣᠨ ᠳᠤ ᠲᠣᠭᠲᠠᠭᠠᠯ ᠵᠥᠷᠢᠴᠡᠨ ᠬᠤᠶᠠᠷ ᠤᠳᠠᠭ᠎ᠠ ᠠᠴᠠ ᠳᠡᠭᠡᠭᠰᠢ ᠪᠡᠯᠴᠢᠭᠡᠷᠯᠡᠭᠦᠯᠦᠭᠰᠡᠨ ᠪᠣᠯ᠂ ᠬᠠᠮᠢᠶ᠎ᠠ ᠪᠦᠬᠦᠢ ᠰᠢᠢᠳᠬᠡᠬᠦ ᠳᠦᠷᠢᠮ ᠢᠶᠠᠷ ᠴᠢᠩᠭ᠎ᠠ ᠰᠢᠢᠳᠬᠡᠬᠦ ᠠᠴᠠ ᠭᠠᠳᠠᠨ᠎ᠠ᠂ ᠪᠠᠰᠠ ᠲᠤᠰ ᠵᠢᠯ ᠤᠨ ᠪᠡᠯᠴᠢᠭᠡᠷᠯᠡᠭᠦᠯᠬᠦ ᠶᠢ ᠬᠤᠷᠢᠬᠤ ᠨᠥᠬᠦᠪᠥᠷᠢ ᠪᠡᠯᠡ ᠮᠥᠩᠭᠦ ᠶᠢ ᠰᠠᠭᠤᠯᠭᠠᠨ ᠠᠪᠤᠨ᠎ᠠ᠂ ᠰᠠᠭᠤᠯᠭᠠᠨ ᠠᠪᠬᠤ ᠪᠠᠷᠢᠮᠵᠢᠶ᠎ᠠ ᠨᠢ 20 ᠮᠦ ᠪᠦᠷᠢ ᠳᠤ ᠨᠢᠭᠡ ᠪᠣᠭ ᠮᠠᠯ ᠮᠠᠯᠯᠠᠬᠤ ᠪᠠᠷ ᠰᠠᠭᠤᠷᠢ ᠪᠠᠷᠢᠮᠵᠢᠶ᠎ᠠ ᠪᠣᠯᠭᠠᠨ᠂ ᠪᠡᠯᠴᠢᠭᠡᠷᠯᠡᠭᠦᠯᠬᠦ ᠶᠢ ᠬᠤᠷᠢᠬᠤ ᠨᠥᠬᠦᠪᠥᠷᠢ ᠬᠦᠷᠲᠡᠬᠦ ᠬᠡᠪᠴᠢᠶᠡᠨ ᠤ ᠵᠠᠭᠤᠨ ᠤ ᠬᠠᠷᠢᠴᠠᠯ ᠢᠶᠠᠷ ᠨᠤᠲᠤᠭ ᠪᠡᠯᠴᠢᠭᠡᠷ ᠤᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠪᠡᠯᠡ ᠮᠥᠩᠭᠦ ᠶᠢ ᠰᠠᠭᠤᠯᠭᠠᠨ ᠠᠪᠤᠨ᠎ᠠ᠃      ︵ᠠᠷᠪᠠᠨ ᠳᠥᠷᠪᠡ︶ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠣᠷᠣᠨ ᠤ ᠬᠠᠮᠢᠶᠠᠷᠤᠯᠲᠠ᠃ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠣᠷᠣᠨ ᠢᠶᠠᠷ ᠬᠤᠪᠢᠶᠠᠷᠢᠯᠠᠨ ᠲᠣᠭᠲᠠᠭᠠᠴᠢᠬᠠᠪᠠᠯ ᠲᠠᠪᠤᠨ ᠵᠢᠯ ᠳᠤ ᠨᠢᠭᠡ ᠤᠳᠠᠭ᠎ᠠ ᠲᠣᠬᠢᠷᠠᠭᠤᠯᠤᠯᠲᠠ ᠬᠢᠵᠦ᠂ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠴᠢᠩᠭ᠎ᠠ ᠳᠦᠷᠢᠮ ᠢ ᠬᠡᠷᠡᠭᠵᠢᠭᠦᠯᠦᠨ᠎ᠡ᠂ ᠪᠠᠭᠲᠠᠭᠠᠮᠵᠢ ᠠᠴᠠ ᠬᠡᠲᠦᠷᠡᠭᠦᠯᠦᠨ ᠮᠠᠯᠯᠠᠵᠦ ᠪᠣᠯᠬᠤ ᠦᠭᠡᠶ᠃ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠳᠦᠷᠢᠮ ᠢ ᠥᠯᠥ ᠨᠠᠶᠢᠳᠠᠪᠤᠷᠢᠵᠢᠭᠤᠯᠤᠨ᠂ ᠪᠡᠯᠴᠢᠭᠡᠷ ᠤᠨ ᠪᠠᠭᠲᠠᠭᠠᠮᠵᠢ ᠶᠢᠨ 10% ᠠᠴᠠ ᠳᠡᠭᠡᠭᠰᠢ ᠬᠡᠲᠦᠷᠡᠭᠦᠯᠦᠨ ᠮᠠᠯᠯᠠᠭᠰᠠᠨ ᠪᠣᠯ᠂ ︽ᠳᠦᠷᠢᠮ︾ ᠤᠨ ᠬᠠᠮᠢᠶ᠎ᠠ ᠪᠦᠬᠦᠢ ᠰᠢᠢᠳᠬᠡᠬᠦ ᠳᠦᠷᠢᠮ ᠢᠶᠠᠷ ᠴᠢᠩᠭ᠎ᠠ ᠰᠢᠢᠳᠬᠡᠬᠦ ᠠᠴᠠ ᠭᠠᠳᠠᠨ᠎ᠠ᠂ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠱᠠᠩᠨᠠᠯ ᠤᠨ ᠪᠡᠯᠡ ᠮᠥᠩᠭᠦ ᠶᠢ ᠰᠠᠭᠤᠯᠭᠠᠨ ᠠᠪᠤᠨ᠎ᠠ᠂ ᠰᠠᠭᠤᠯᠭᠠᠨ ᠠᠪᠬᠤ ᠪᠠᠷᠢᠮᠵᠢᠶ᠎ᠠ ᠶᠢ ᠪᠠᠭᠲᠠᠭᠠᠮᠵᠢ ᠠᠴᠠ 10% ᠠᠴᠠ ᠬᠡᠲᠦᠷᠡᠭᠰᠡᠨ ᠨᠣᠷᠮ᠎ᠠ ᠪᠠᠷ ᠰᠠᠭᠤᠷᠢ ᠪᠠᠷᠢᠮᠵᠢᠶ᠎ᠠ ᠪᠣᠯᠭᠠᠨ᠂ ᠳᠠᠭᠠᠭᠠᠴᠠ ᠠᠴᠠ ᠬᠡᠲᠦᠷᠡᠭᠰᠡᠨ ᠨᠣᠷᠮ᠎ᠠ ᠶᠢᠨ ᠵᠠᠭᠤᠨ ᠤ ᠬᠠᠷᠢᠴᠠᠯ ᠢᠶᠠᠷ ᠨᠤᠲᠤᠭ ᠪᠡᠯᠴᠢᠭᠡᠷ ᠤᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠪᠡᠯᠡ ᠮᠥᠩᠭᠦ ᠶᠢ ᠰᠠᠭᠤᠯᠭᠠᠨ ᠠᠪᠤᠨ᠎ᠠ᠃      ︵ᠠᠷᠪᠠᠨ ᠲᠠᠪᠤ︶ ᠪᠡᠯᠴᠢᠭᠡᠷᠯᠡᠭᠦᠯᠬᠦ ᠶᠢ ᠬᠤᠷᠢᠬᠤ ᠣᠷᠣᠨ ᠤ ᠲᠣᠬᠢᠷᠠᠭᠤᠯᠤᠯᠲᠠ᠃ ᠲᠠᠪᠤᠨ ᠵᠢᠯ ᠤᠨ ᠳᠣᠲᠣᠷ᠎ᠠ᠂ ᠪᠡᠯᠴᠢᠭᠡᠷᠯᠡᠭᠦᠯᠬᠦ ᠶᠢ ᠬᠤᠷᠢᠬᠤ ᠣᠷᠣᠨ  ᠤ ᠨᠤᠲᠤᠭ ᠪᠡᠯᠴᠢᠭᠡᠷ ᠤᠨ ᠠᠮᠢ ᠠᠬᠤᠶ ᠶᠢ ᠦᠷᠭᠦᠯᠵᠢᠯᠡᠨ ᠪᠦᠲᠦᠮᠵᠢᠲᠡᠶ ᠰᠡᠷᠭᠦᠭᠡᠵᠦ᠂ ᠨᠤᠲᠤᠭ ᠪᠡᠯᠴᠢᠭᠡᠷ ᠤᠨ ᠶᠡᠷᠦᠩᠬᠡᠶᠢᠯᠡᠭᠰᠡᠨ ᠤᠷᠭᠤᠮᠠᠯ ᠤᠨ ᠬᠤᠴᠢᠯᠭ᠎ᠠ  ᠶᠢᠨ ᠬᠡᠮᠵᠢᠶ᠎ᠡ᠂ ᠦᠢᠯᠡᠳᠪᠦᠷᠢᠯᠡᠯ ᠤᠨ ᠴᠢᠳᠠᠪᠤᠷᠢ ᠭᠡᠬᠦ ᠬᠤᠶᠠᠷ ᠵᠦᠢᠯ ᠤᠨ ᠭᠦᠢᠴᠡᠳᠬᠡᠯ ᠲᠤᠭ᠎ᠠ ᠨᠢ ᠴᠥᠮ ᠲᠤᠰ ᠰᠤᠮᠤ ᠪᠠᠯᠭᠠᠰᠤᠨ ᠤ ᠳᠤᠮᠳᠠᠴᠢ ᠲᠦᠪᠰᠢᠨ ᠳᠤ ᠬᠦᠷᠦᠭᠰᠡᠨ ᠪᠠᠶᠢᠪᠠᠯ᠂ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠣᠷᠣᠨ ᠪᠣᠯᠭᠠᠨ ᠲᠣᠬᠢᠷᠠᠭᠤᠯᠵᠤ ᠪᠣᠯᠤᠨ᠎ᠠ᠃ ᠲᠣᠬᠢᠷᠠᠭᠤᠯᠤᠯᠲᠠ ᠬᠢᠬᠦ ᠳᠤ᠂ ᠬᠡᠷᠡᠭᠯᠡᠬᠦ ᠡᠷᠬᠡᠲᠦ ᠬᠥᠮᠦᠨ ᠪᠤᠶᠤ ᠳᠠᠭᠠᠭᠠᠴᠢᠯᠠᠨ ᠡᠵᠡᠩᠨᠡᠭᠴᠢ ᠠᠴᠠ ᠭᠤᠶᠤᠴᠢᠯᠠᠯ ᠭᠠᠷᠭᠠᠵᠤ᠂ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠪᠠᠶᠢᠭᠤᠯᠭ᠎ᠠ ᠪᠠᠷ ᠬᠢᠨᠠᠨ ᠲᠣᠭᠲᠠᠭᠠᠯᠭᠠᠭᠰᠠᠨ ᠤ ᠳᠠᠷᠠᠭ᠎ᠠ᠂ ᠳᠠᠷᠠᠭ᠎ᠠ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ ᠲᠥᠷᠥ  ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠠᠪᠤᠴᠠ ᠳᠤ ᠲᠣᠬᠢᠷᠠᠭᠤᠯᠤᠯᠲᠠ ᠬᠢᠨ᠎ᠠ᠃      ︵ᠠᠷᠪᠠᠨ ᠵᠢᠷᠭᠤᠭ᠎ᠠ︶ ᠡᠷᠭᠢᠯᠳᠦᠭᠦᠯᠦᠭᠰᠡᠨ ᠨᠤᠲᠤᠭ ᠪᠡᠯᠴᠢᠭᠡᠷ ᠤᠨ ᠬᠠᠮᠢᠶᠠᠷᠤᠯᠲᠠ᠃ ᠨᠤᠲᠤᠭ ᠪᠡᠯᠴᠢᠭᠡᠷ ᠤᠨ ᠡᠷᠭᠢᠯᠲᠡ ᠶᠢ ᠨᠢᠭᠡᠳᠦᠯᠲᠡᠢ ᠬᠢᠨᠠᠨ ᠬᠠᠮᠢᠶᠠᠷᠬᠤ ᠲᠠᠪᠴᠠᠩ ᠢ ᠪᠠᠶᠢᠭᠤᠯᠵᠤ᠂ ᠬᠤᠰᠢᠭᠤ᠂ ᠰᠤᠮᠤ ᠪᠠᠯᠭᠠᠰᠤ ᠪᠠ ᠭᠠᠴᠠᠭ᠎ᠠ ᠲᠣᠰᠬᠤᠨ ᠭᠤᠷᠪᠠᠨ ᠱᠠᠲᠤᠨ ᠤ ᠡᠷᠭᠢᠯᠳᠦᠭᠦᠯᠬᠦ ᠲᠠᠰ ᠳᠠᠷᠠᠭᠠᠯᠠᠯ ᠢ ᠵᠢᠷᠤᠮᠵᠢᠭᠤᠯᠤᠨ᠂ ᠨᠤᠲᠤᠭ ᠪᠡᠯᠴᠢᠭᠡᠷ ᠢ ᠡᠷᠭᠢᠯᠳᠦᠭᠦᠯᠬᠦ ᠠᠵᠢᠯᠯᠠᠭ᠎ᠠ ᠶᠢ ᠴᠢᠩᠭ᠎ᠠ ᠬᠢᠨᠠᠨ ᠬᠠᠮᠢᠶᠠᠷᠤᠨ᠎ᠠ᠃ ᠨᠤᠲᠤᠭ ᠪᠡᠯᠴᠢᠭᠡᠷ ᠢ ᠡᠷᠭᠢᠯᠳᠦᠭᠦᠯᠦᠨ ᠡᠵᠡᠩᠨᠡᠬᠦ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠬᠤᠷᠢᠵᠦ ᠰᠡᠯᠭᠦᠨ ᠮᠠᠯᠵᠢᠬᠤ ᠳᠦᠷᠢᠮ ᠢ ᠵᠢᠷᠤᠮᠯᠠᠬᠤ ᠬᠡᠷᠡᠭᠲᠡᠢ᠃      ︵ᠠᠷᠪᠠᠨ ᠳᠣᠯᠤᠭ᠎ᠠ︶ ᠪᠡᠯᠴᠢᠭᠡᠷᠯᠡᠭᠦᠯᠬᠦ ᠶᠢ ᠬᠤᠷᠢᠬᠤ ᠣᠷᠣᠨ ᠳᠤ ᠪᠤᠶᠤ ᠰᠡᠯᠭᠦᠨ ᠮᠠᠯᠵᠢᠬᠤ ᠬᠤᠭᠤᠴᠠᠭᠠᠨ ᠳᠤ ᠪᠡᠯᠴᠢᠭᠡᠷᠯᠡᠭᠦᠯᠦᠭᠰᠡᠨ ᠪᠣᠯ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠳᠦᠷᠢᠮ︾  ᠤᠨ ᠭᠤᠴᠢᠨ ᠲᠠᠪᠤᠳᠤᠭᠠᠷ ᠵᠦᠢᠯ ᠤᠨ ᠲᠣᠭᠲᠠᠭᠠᠯ ᠳᠤ ᠦᠨᠳᠦᠰᠦᠯᠡᠨ᠂ ᠬᠠᠷᠢᠶ᠎ᠠ ᠭᠠᠵᠠᠷ ᠤᠨ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠠᠴᠠ ᠵᠠᠷᠯᠢᠭᠳᠠᠨ ᠵᠠᠯᠠᠷᠠᠭᠤᠯᠵᠤ᠂ ᠬᠠᠤᠯᠢ ᠵᠥᠷᠢᠴᠡᠨ ᠪᠡᠯᠴᠢᠭᠡᠷᠯᠡᠭᠦᠯᠦᠭᠰᠡᠨ ᠪᠣᠭ ᠮᠠᠯ ᠨᠢᠭᠡᠪᠦᠷᠢ ᠠᠴᠠ 120 ᠲᠥᠭᠦᠷᠢᠭ ᠲᠣᠷᠭᠠᠨ᠎ᠠ᠃ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠳᠦᠷᠢᠮ ᠢ ᠬᠡᠷᠡᠭᠵᠢᠭᠦᠯᠵᠦ ᠪᠠᠶᠢᠭ᠎ᠠ ᠪᠡᠯᠴᠢᠭᠡᠷ ᠳᠡᠭᠡᠷ᠎ᠡ ᠪᠠᠭᠲᠠᠭᠠᠮᠵᠢ ᠠᠴᠠ ᠬᠡᠲᠦᠷᠡᠭᠦᠯᠦᠨ ᠪᠡᠯᠴᠢᠭᠡᠷᠯᠡᠭᠦᠯᠦᠭᠰᠡᠨ ᠪᠣᠯ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠳᠦᠷᠢᠮ︾  ᠤᠨ ᠭᠤᠴᠢᠨ ᠲᠠᠪᠤᠳᠤᠭᠠᠷ ᠵᠦᠢᠯ ᠤᠨ ᠲᠣᠭᠲᠠᠭᠠᠯ ᠳᠤ ᠦᠨᠳᠦᠰᠦᠯᠡᠨ᠂ ᠬᠠᠷᠢᠶ᠎ᠠ ᠭᠠᠵᠠᠷ ᠤᠨ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠠᠴᠠ ᠵᠠᠷᠯᠢᠭᠳᠠᠵᠤ ᠬᠤᠭᠤᠴᠠᠭ᠎ᠠ ᠬᠢᠵᠠᠭᠠᠷᠯᠠᠨ ᠵᠠᠯᠠᠷᠠᠭᠤᠯᠤᠨ᠎ᠠ︔ ᠬᠤᠭᠤᠴᠠᠭ᠎ᠠ ᠨᠢ ᠲᠤᠯᠲᠠᠯ᠎ᠠ ᠵᠠᠯᠠᠷᠠᠭᠤᠯᠬᠤ ᠦᠭᠡᠶ ᠪᠣᠯ ᠪᠠᠭᠲᠠᠭᠠᠮᠵᠢ ᠠᠴᠠ ᠬᠡᠲᠦᠷᠡᠭᠰᠡᠨ ᠮᠠᠯ ᠨᠢᠭᠡᠪᠦᠷᠢ ᠠᠴᠠ 100 ᠲᠥᠭᠦᠷᠢᠭ ᠲᠣᠷᠭᠠᠨ᠎ᠠ᠃      ᠳᠣᠯᠤᠭ᠎ᠠ᠂ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠪᠡᠯᠡ ᠮᠥᠩᠭᠦᠨ ᠤ ᠬᠡᠷᠡᠭᠯᠡᠯᠲᠡ      ︵ᠠᠷᠪᠠᠨ ᠨᠠᠢᠮᠠ︶ ᠪᠡᠯᠡ ᠮᠥᠩᠭᠦ ᠶᠢ ᠰᠠᠯᠭᠠᠨ ᠥᠭᠬᠦ᠃ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠥᠭᠬᠦ ᠲᠠᠯᠠᠪᠠᠶ ᠪᠣᠯᠤᠨ ᠪᠡᠯᠴᠢᠭᠡᠷᠯᠡᠭᠦᠯᠬᠦ ᠶᠢ ᠬᠤᠷᠢᠬᠤ ᠲᠠᠯᠠᠪᠠᠶ ᠳᠤ ᠦᠨᠳᠦᠰᠦᠯᠡᠨ᠂  ᠨᠥᠬᠦᠪᠦᠷᠢ ᠱᠠᠩᠨᠠᠯ ᠤᠨ ᠪᠠᠷᠢᠮᠵᠢᠶ᠎ᠠ ᠶᠢ ᠲᠣᠳᠣᠷᠬᠠᠶᠢᠯᠠᠨ᠂ ᠠᠮᠵᠢᠯᠲᠠ ᠪᠦᠲᠦᠮᠵᠢ ᠶᠢᠨ ᠬᠠᠷᠠᠯᠲᠠ ᠶᠢ ᠵᠠᠳᠠᠯᠵᠤ᠂ ᠪᠡᠯᠡ ᠮᠥᠩᠭᠦ ᠬᠤᠪᠢᠶᠠᠬᠤ ᠡᠬᠡ ᠳᠠᠩᠰᠠ ᠪᠠᠶᠢᠭᠤᠯᠤᠨ᠎ᠠ᠃      ︵ᠠᠷᠪᠠ ᠶᠢᠰᠦ︶ ᠪᠡᠯᠡ ᠮᠥᠩᠭᠦ ᠶᠢ ᠬᠡᠷᠡᠭᠯᠡᠬᠦ᠃ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ  ᠶᠢᠨ ᠪᠠᠯᠠ ᠮᠥᠩᠭᠦ ᠶᠢ ᠵᠥᠪᠬᠡᠨ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠱᠠᠩᠨᠠᠯ ᠪᠠ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠨᠥᠬᠦᠪᠥᠷᠢ ᠳᠤ ᠬᠡᠷᠡᠭᠯᠡᠨ᠎ᠡ᠃ ︽ᠲᠦᠷᠢᠮ︾ ᠤᠨ ᠬᠤᠷᠢ ᠶᠢᠰᠦᠳᠦᠭᠡᠷ ᠵᠦᠶᠯ᠂ ᠭᠤᠴᠢᠳᠤᠭᠠᠷ ᠵᠦᠶᠯ ᠵᠢᠴᠢ ︽ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ  ᠶᠢ ᠬᠤᠷᠢᠵᠤ ᠰᠡᠯᠭᠦᠨ ᠮᠠᠯᠵᠢᠬᠤ ᠠᠵᠢᠯ ᠢ ᠤᠯᠠᠮ ᠴᠢᠩᠭᠠᠳᠬᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠵᠢᠯᠣᠭᠤᠳᠬᠤ ᠰᠠᠨᠠᠯ︾ ᠤᠨ ᠬᠠᠮᠢᠶ᠎ᠠ ᠪᠥᠬᠦᠶ ᠲᠣᠭᠲᠠᠭᠠᠯ ᠳᠤ ᠦᠨᠳᠦᠰᠦᠯᠡᠨ᠂ ︽ᠲᠦᠷᠢᠮ︾ ᠢ ᠵᠥᠷᠢᠴᠡᠭᠰᠡᠨ ᠠᠴᠠ ᠪᠣᠯᠵᠣ ᠰᠠᠭᠤᠯᠭᠠᠨ ᠠᠪᠤᠭᠰᠠᠨ ᠪᠠᠯᠠ ᠮᠥᠩᠭᠦ ᠶᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠨᠢᠭᠡᠳᠦᠯᠲᠡᠶ ᠲᠥᠯᠥᠪᠯᠡᠵᠦ ᠨᠤᠲᠤᠭ ᠪᠡᠯᠴᠢᠭᠡᠷ ᠢ ᠬᠠᠮᠠᠭᠠᠯᠠᠨ ᠰᠡᠷᠭᠦᠭᠡᠬᠦ ᠵᠡᠷᠭᠡ ᠬᠠᠮᠢᠶ᠎ᠠ ᠪᠥᠬᠦᠶ ᠠᠵᠢᠯ ᠳᠤ ᠲᠤᠰᠬᠠᠶ ᠬᠡᠷᠡᠭᠯᠡᠨ᠎ᠡ᠃ ᠬᠤᠶᠠᠳᠤᠭᠠᠷ ᠡᠭᠡᠯᠵᠢ᠂ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠨᠥᠬᠦᠪᠥᠷᠢ ᠱᠠᠩᠨᠠᠯ ᠤᠨ ᠦᠯᠡᠳᠡᠪᠦᠷᠢ ᠪᠠᠯᠠ ᠮᠥᠩᠭᠦ ᠶᠢ ᠲᠤᠰᠬᠠᠶ ᠵᠦᠶᠯ ᠳᠤ ᠬᠡᠷᠡᠭᠯᠡᠵᠦ᠂ ᠪᠣᠳᠠᠲᠠᠶ ᠲᠠᠢ ᠪᠠᠨ ᠤᠶᠠᠯᠳᠤᠭᠤᠯᠤᠨ᠂ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠨ ᠰᠡᠷᠭᠦᠭᠡᠬᠦ ᠬᠠᠮᠢᠶ᠎ᠠ ᠪᠥᠬᠦᠶ ᠠᠵᠢᠯ ᠳᠤ ᠦᠷᠭᠦᠯᠵᠢᠯᠡᠨ ᠬᠡᠷᠡᠭᠯᠡᠨ᠎ᠡ᠃ ᠰᠠᠭᠤᠯᠭᠠᠨ ᠠᠪᠤᠭᠰᠠᠨ ᠪᠠ ᠬᠤᠶᠠᠳᠤᠭᠠᠷ ᠡᠭᠡᠯᠵᠢ ᠶᠢᠨ ᠦᠯᠡᠳᠡᠪᠦᠷᠢ ᠪᠡᠯᠡ ᠮᠥᠩᠭᠦ ᠶᠢ ᠬᠡᠷᠡᠭᠯᠡᠬᠦ ᠳᠤ ᠴᠦ ᠠᠮᠵᠢᠯᠲᠠ ᠪᠦᠲᠦᠮᠵᠢ ᠶᠢᠨ ᠬᠠᠷᠠᠯᠲᠠ ᠶᠢ ᠲᠣᠭᠲᠠᠭᠠᠨ᠂ ᠠᠮᠵᠢᠯᠲᠠ ᠪᠦᠲᠦᠮᠵᠢ ᠶᠢ ᠬᠢᠨᠠᠨ ᠰᠢᠯᠭᠠᠷᠠᠭᠤᠯᠬᠤ ᠶᠢᠨ ᠬᠠᠮᠲᠤ ᠬᠤᠲᠠ  ᠶᠢᠨ ᠡᠳ᠋ ᠤᠨ ᠵᠠᠰᠠᠭ᠂ ᠲᠠᠷᠢᠶᠠᠯᠠᠩ ᠮᠠᠯ ᠠᠵᠤ ᠠᠬᠤᠶ᠂ ᠣᠶ ᠰᠢᠭᠤᠶ ᠪᠠ ᠨᠤᠲᠤᠭ ᠪᠡᠯᠴᠢᠭᠡᠷ ᠤᠨ ᠪᠠᠶᠢᠭᠤᠯᠭ᠎ᠠ ᠳᠤ ᠮᠡᠳᠡᠭᠦᠯᠵᠦ ᠳᠠᠩᠰᠠᠯᠠᠭᠤᠯᠤᠨ᠎ᠠ᠃      ︵ᠬᠤᠷᠢ︶ ᠪᠡᠯᠡ ᠮᠥᠩᠭᠦ ᠶᠢ ᠬᠤᠪᠢᠶᠠᠬᠤ᠃ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠪᠠᠯᠠ ᠮᠥᠩᠭᠦ ᠶᠢ ᠬᠤᠪᠢᠶᠠᠬᠤ ᠳᠤ ᠱᠠᠩᠨᠠᠵᠤ ᠲᠣᠷᠭᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃ ᠰᠤᠮᠤ ᠪᠠᠯᠭᠠᠰᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠪᠠᠶᠢᠭᠤᠯᠭ᠎ᠠ ᠣᠨ ᠤ ᠮᠡᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠲᠦᠷᠢᠮ ᠳᠤ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠦᠭᠰᠡᠨ ᠪᠠᠶᠢᠳᠠᠯ ᠳᠤ ᠦᠨᠳᠦᠰᠦᠯᠡᠨ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠪᠠᠶᠢᠭᠤᠯᠭ᠎ᠠ ᠶᠢᠨ ᠬᠠᠩᠭᠠᠭᠰᠠᠨ ᠪᠠᠯᠠ ᠮᠥᠩᠭᠦ ᠬᠤᠪᠢᠶᠠᠬᠤ ᠡᠬᠡ ᠲᠠᠩᠰᠠ ᠶᠢ ᠬᠠᠷᠭᠤᠭᠤᠯᠵᠤ᠂ ︽ᠲᠦᠷᠢᠮ︾ ᠪᠠ ︽ᠬᠡᠷᠡᠭᠵᠢᠭᠦᠯᠬᠦ ᠲᠥᠰᠦᠯ︾ ᠤᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ᠂ ᠭᠡᠷ᠎ᠡ ᠶᠢ ᠭᠦᠶᠴᠡᠳᠬᠡᠭᠰᠡᠨ ᠢ ᠨᠢ ᠱᠠᠩᠨᠠᠨ ᠬᠥᠬᠢᠭᠦᠯᠵᠦ᠂ ᠭᠡᠷ᠎ᠡ ᠵᠥᠷᠢᠴᠡᠭᠰᠡᠳ ᠤᠨ ᠨᠥᠬᠦᠪᠦᠷᠢ ᠮᠥᠩᠭᠦ ᠶᠢ ᠨᠢ ᠰᠠᠭᠤᠯᠭᠠᠨ ᠠᠪᠬᠤ ᠶᠢᠨ ᠬᠠᠮᠲᠤ᠂ ᠬᠠᠮᠤᠭ ᠤᠨ ᠡᠴᠦᠰ ᠤᠨ ᠪᠡᠯᠡ ᠬᠤᠪᠢᠶᠠᠬᠤ ᠡᠬᠡ ᠲᠠᠩᠰᠠ ᠶᠢ ᠭᠠᠴᠠᠭ᠎ᠠ ᠲᠣᠰᠬᠤᠨ ᠳᠤ ᠵᠠᠷᠯᠠᠨ ᠨᠡᠶᠢᠲᠡᠯᠡᠵᠦ᠂ ᠵᠠᠷᠯᠠᠨ ᠨᠡᠶᠢᠲᠡᠯᠡᠭᠰᠡᠨ ᠦᠷ᠎ᠡ ᠳ᠋ᠦᠩ ᠳᠤ ᠣᠨᠳᠣᠣ ᠰᠠᠨᠠᠯ ᠦᠭᠡᠢ ᠪᠣᠯᠤᠭᠰᠠᠨ ᠤ ᠳᠠᠷᠠᠭ᠎ᠠ᠂ ᠬᠤᠰᠢᠭᠤᠨ ᠤ ᠡᠳ᠋ ᠤᠨ ᠵᠠᠰᠠᠭ ᠤᠨ ᠪᠠᠶᠢᠭᠤᠯᠭ᠎ᠠ ᠳᠤ ᠮᠡᠳᠡᠭᠦᠯᠦᠨ᠂ ᠬᠠᠮᠤᠭ ᠤᠨ ᠡᠴᠦᠰ ᠲᠤ ︽ᠪᠦᠬᠦᠨ ᠳᠤ ᠳᠣᠭᠢᠷᠠᠬᠤ ᠺᠠᠷᠲ︾ ᠪᠤᠶᠤ ︽ᠪᠦᠬᠦᠨ ᠳᠤ ᠳᠣᠭᠢᠷᠠᠬᠤ ᠬᠠᠳᠠᠭᠠᠯᠠᠮᠵᠢ ᠶᠢᠨ ᠳᠡᠪᠲᠡᠷ︾ ᠢᠶᠠᠷ ᠴᠠᠭ ᠲᠤᠬᠠᠶ ᠳᠤ ᠨᠢ ᠲᠤᠭ᠎ᠠ ᠶᠣᠰᠣᠭᠠᠷ ᠬᠤᠪᠢᠶᠠᠨ᠎ᠠ᠃      ᠨᠠᠢᠮᠠ᠂ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠳᠦᠷᠢᠮ ᠤᠨ ᠬᠢᠨᠠᠯᠲᠠ ᠬᠠᠮᠢᠶᠠᠷᠤᠯᠲᠠ      ︵ᠬᠤᠷᠢᠨ ᠨᠢᠭᠡ︶ ᠪᠠᠭᠲᠠᠭᠠᠮᠵᠢ ᠠᠴᠠ ᠬᠡᠲᠦᠷᠡᠭᠦᠯᠦᠨ ᠮᠠᠯᠯᠠᠬᠤ ᠶᠢ ᠬᠢᠨᠠᠨ ᠪᠠᠶᠢᠴᠠᠭᠠᠵᠤ ᠰᠡᠷᠡᠮᠵᠢᠯᠡᠭᠦᠯᠬᠦ ᠠᠵᠢᠯ᠃ ᠥᠪᠡᠷᠲᠡᠭᠡᠨ ᠵᠠᠰᠠᠬᠤ ᠣᠷᠣᠨ ᠠᠴᠠ ᠵᠢᠯ ᠪᠦᠷᠢ ᠶᠢᠨ 7 ᠳ᠋ᠤᠭᠠᠷ ᠰᠠᠷ᠎ᠠ ᠶᠢᠨ ᠥᠨᠳᠥᠷ ᠴᠠᠭ ᠤᠨ ᠳᠠᠷᠠᠭᠠᠯᠠᠯ ᠤᠨ ᠢᠯᠭᠠᠮᠵᠢᠲᠤ ᠠᠯᠤᠰ ᠰᠡᠷᠡᠯ ᠤᠨ ᠲᠤᠭ᠎ᠠ ᠪᠠᠷᠢᠮᠲᠠ ᠪᠠ ᠭᠠᠵᠠᠷ ᠳᠡᠭᠡᠷᠡᠬᠢ ᠬᠢᠨᠠᠨ ᠬᠡᠮᠵᠢᠭᠰᠡᠨ ᠲᠤᠭ᠎ᠠ ᠪᠠᠷᠢᠮᠲᠠ ᠪᠠᠷ ᠭᠠᠴᠠᠭ᠎ᠠ ᠲᠣᠰᠬᠤᠨ ᠤ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠣᠷᠣᠨ ᠤ ᠪᠠᠭᠲᠠᠭᠠᠮᠵᠢ ᠠᠴᠠ ᠬᠡᠲᠦᠷᠡᠭᠦᠯᠦᠨ ᠮᠠᠯᠯᠠᠬᠤ ᠶᠢ ᠤᠷᠢᠳᠴᠢᠯᠠᠨ ᠰᠡᠷᠡᠮᠵᠢᠯᠡᠭᠦᠯᠬᠦ ᠣᠷᠣᠨ ᠪᠠ ᠪᠡᠯᠴᠢᠭᠡᠷᠯᠡᠭᠦᠯᠬᠦ ᠶᠢ ᠬᠤᠷᠢᠬᠤ ᠣᠷᠣᠨ ᠤ ᠲᠣᠭᠲᠠᠭᠠᠯ ᠵᠥᠷᠢᠴᠡᠨ ᠪᠡᠯᠴᠢᠭᠡᠷᠯᠡᠭᠦᠯᠬᠦ ᠰᠡᠷᠭᠡᠭ ᠣᠷᠣᠨ ᠢ ᠵᠠᠳᠠᠯᠤᠨ ᠭᠠᠷᠭᠠᠬᠤ ᠶᠢᠨ ᠬᠠᠮᠲᠤ᠂ ᠭᠠᠵᠠᠷ ᠤᠨ ᠵᠢᠷᠤᠭ ᠢ ᠪᠠᠭᠤᠯᠭᠠᠨ᠎ᠠ᠃ ᠡᠯ᠎ᠡ ᠰᠤᠮᠤ ᠪᠠᠯᠭᠠᠰᠤ ᠣᠶ ᠰᠢᠭᠤᠶ ᠶᠢᠨ ᠳᠠᠷᠤᠭ᠎ᠠ ᠶᠢᠨ ᠲᠦᠷᠢᠮ ᠲᠠᠢ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠣᠷᠣᠨ ᠤ ᠪᠠᠭᠲᠠᠭᠠᠮᠵᠢ ᠠᠴᠠ ᠬᠡᠲᠦᠷᠡᠭᠦᠯᠦᠨ ᠮᠠᠯᠯᠠᠬᠤ ᠶᠢ ᠤᠷᠢᠳᠴᠢᠯᠠᠨ ᠰᠡᠷᠡᠮᠵᠢᠯᠡᠭᠦᠯᠬᠦ ᠣᠷᠣᠨ ᠪᠠ ᠪᠡᠯᠴᠢᠭᠡᠷᠯᠡᠭᠦᠯᠬᠦ ᠶᠢ ᠬᠤᠷᠢᠬᠤ ᠣᠷᠣᠨ ᠤ ᠲᠣᠭᠲᠠᠭᠠᠯ ᠵᠥᠷᠢᠴᠡᠨ ᠪᠡᠯᠴᠢᠭᠡᠷᠯᠡᠭᠦᠯᠬᠦ ᠰᠡᠷᠭᠡᠭ ᠣᠷᠣᠨ ᠢ ᠭᠤᠤᠯᠳᠠᠯᠭ᠎ᠠ  ᠲᠠᠢ ᠲᠣᠭᠤᠷᠢᠨ ᠪᠠᠶᠢᠴᠠᠭᠠᠵᠤ ᠬᠢᠨᠠᠨ ᠡᠵᠡᠮᠳᠡᠨ᠎ᠡ᠃      ︵ᠬᠤᠷᠢᠨ ᠬᠤᠶᠠᠷ︶ ᠨᠤᠲᠤᠭ ᠪᠡᠯᠴᠢᠭᠡᠷ ᠤᠨ ᠲᠣᠣᠷᠴᠢᠯᠠᠭᠰᠠᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ᠎ᠠ᠃ ᠣᠲᠤᠭ ᠬᠤᠰᠢᠭᠤᠨ ᠤ ᠨᠤᠲᠤᠭ ᠪᠡᠯᠴᠢᠭᠡᠷ ᠤᠨ ᠲᠤᠰᠬᠠᠶ ᠲᠤᠰᠢᠶᠠᠯᠲᠤ ᠬᠠᠮᠢᠶᠠᠷᠤᠨ ᠬᠠᠮᠠᠭᠠᠯᠠᠭᠴᠢ ᠶᠢᠨ ᠡᠩᠨᠡᠭᠡᠨ ᠤ ᠪᠠᠶᠢᠭᠤᠯᠤᠯᠲᠠ ᠶᠢ ᠤᠯᠠᠮ ᠴᠢᠩᠭᠠᠳᠬᠠᠵᠤ᠂ ᠨᠤᠲᠤᠭ ᠪᠡᠯᠴᠢᠭᠡᠷ ᠤᠨ ᠲᠣᠤᠷᠴᠢᠯᠠᠭᠰᠠᠨ ᠬᠢᠨᠠᠯᠲᠠ ᠬᠠᠮᠢᠶᠠᠷᠤᠯᠲᠠ ᠶᠢᠨ ᠠᠵᠢᠯ ᠢ ᠥᠷᠨᠢᠭᠦᠯᠬᠦ ᠶᠢᠨ ᠲᠤᠰᠠᠳᠠ᠂ 10 — 15 ᠲᠦᠮᠡᠨ ᠮᠥ ᠪᠦᠷᠢ ᠳᠤ ᠨᠢᠭᠡ ᠲᠣᠣᠷᠴᠢᠯᠠᠭᠰᠠᠨ ᠬᠠᠮᠢᠶᠠᠷᠤᠯᠲᠠ ᠶᠢᠨ ᠠᠵᠢᠯᠲᠠᠨ ︵ᠬᠠᠮᠢᠶᠠᠷᠤᠨ ᠬᠠᠮᠠᠭᠠᠯᠠᠭᠴᠢ︶ ᠲᠣᠬᠢᠷᠠᠭᠤᠯᠬᠤ ᠱᠠᠭᠠᠷᠳᠠᠯᠭ᠎ᠠ ᠶᠣᠰᠣᠭᠠᠷ᠂ ᠣᠲᠣ ᠶᠢᠨ ᠪᠠᠶᠢᠭ᠎ᠠ ᠣᠶ ᠰᠢᠭᠤᠶ ᠨᠤᠲᠤᠭ ᠪᠡᠯᠴᠢᠭᠡᠷ  ᠤᠨ ᠬᠠᠮᠢᠶᠠᠷᠤᠨ ᠬᠠᠮᠠᠭᠠᠯᠠᠭᠴᠢ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ︽ᠲᠣᠣᠷᠴᠢᠯᠠᠭᠰᠠᠨ ᠬᠠᠮᠢᠶᠠᠷᠤᠯᠲᠠ ᠶᠢᠨ ᠬᠡᠪᠴᠢᠶ᠎ᠡ ᠶᠢ ᠲᠣᠭᠲᠠᠭᠠᠬᠤ᠂ ᠬᠢᠨᠠᠨ ᠬᠠᠮᠢᠶᠠᠷᠤᠭᠴᠢ ᠲᠣᠭᠲᠠᠭᠠᠬᠤ᠂ ᠬᠠᠷᠢᠭᠤᠴᠠᠯᠭ᠎ᠠ ᠶᠢ ᠲᠣᠭᠲᠠᠭᠠᠬᠤ︾ ᠵᠠᠷᠴᠢᠮ ᠢᠶᠠᠷ ᠲᠣᠣᠷᠴᠢᠯᠠᠭᠰᠠᠨ ᠬᠠᠮᠢᠶᠠᠷᠤᠯᠲᠠ ᠶᠢᠨ ᠠᠵᠢᠯᠲᠠᠨ ᠢ ᠰᠣᠩᠭᠤᠨ ᠤᠷᠢᠵᠤ᠂ ᠨᠤᠲᠤᠭ ᠪᠡᠯᠴᠢᠭᠡᠷ ᠤᠨ ᠲᠣᠣᠷᠴᠢᠯᠠᠭᠰᠠᠨ ᠬᠠᠮᠢᠶᠠᠷᠤᠯᠲᠠ ᠶᠢᠨ ᠲᠦᠷᠢᠮ ᠢ ᠲᠣᠭᠲᠠᠭᠠᠨ᠂ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠲᠣᠣᠷᠴᠢᠯᠠᠭᠰᠠᠨ ᠬᠠᠮᠢᠶᠠᠷᠤᠯᠲᠠ ᠶᠢ ᠭᠦᠨᠵᠡᠭᠡᠶᠢᠷᠡᠭᠦᠯᠦᠨ᠂ ᠬᠢᠨᠠᠨ ᠬᠠᠮᠢᠶᠠᠷᠬᠤ ᠦᠶᠯᠡᠴᠢᠯᠡᠭᠡ ᠶᠢ ᠲᠦᠭᠡᠮᠡᠯᠵᠢᠭᠦᠯᠵᠦ᠂ ᠬᠤᠰᠢᠭᠤ᠂ ᠰᠤᠮᠤ ᠪᠠᠯᠭᠠᠰᠤ᠂ ᠭᠠᠴᠠᠭ᠎ᠠ ᠲᠣᠰᠬᠤᠨ ᠭᠤᠷᠪᠠᠨ ᠱᠠᠲᠤᠨ ᠤ ᠬᠠᠮᠢᠶᠠᠷᠤᠨ ᠬᠠᠮᠠᠭᠠᠯᠠᠬᠤ ᠰᠦᠯᠵᠢᠶ᠎ᠡ ᠶᠢ ᠪᠠᠶᠢᠭᠤᠯᠤᠨ ᠪᠦᠷᠢᠨᠰᠢᠭᠦᠯᠦᠨ᠎ᠡ᠃ ︽ᠨᠤᠲᠤᠭ ᠪᠡᠯᠴᠢᠭᠡᠷ ᠤᠨ ᠠᠮᠢ ᠠᠬᠤᠢ ᠶᠢᠨ ᠰᠢᠰᠲ᠋ᠧᠮ ᠤᠨ ᠲᠣᠭᠠᠴᠢᠯᠠᠭᠰᠠᠨ ᠬᠢᠨᠠᠯᠲᠠ ᠬᠠᠮᠢᠶᠠᠷᠤᠯᠲᠠ ᠬᠢᠭᠡᠳ ᠦᠢᠯᠡᠴᠢᠯᠡᠭᠡᠨ ᠤ ᠲᠠᠪᠴᠠᠩ︾ ᠢ ᠰᠡᠳᠦᠪ ᠲᠣᠭᠲᠠᠭᠠᠨ ᠪᠠᠶᠢᠭᠤᠯᠵᠤ᠂ ᠲᠤᠤᠷᠴᠢᠯᠠᠭᠰᠠᠨ ᠬᠢᠨᠠᠯᠲᠠ ᠬᠠᠮᠢᠶᠠᠷᠤᠯᠲᠠ ᠳᠤ ᠬᠠᠪᠰᠤᠷᠤᠮᠵᠢ ᠪᠣᠯᠭᠠᠵᠤ᠂ ᠲᠣᠭᠠᠴᠢᠯᠠᠭᠰᠠᠨ ᠬᠠᠮᠢᠶᠠᠷᠤᠯᠲᠠ ᠶᠢ ᠪᠡᠶᠡᠯᠡᠭᠦᠯᠦᠨ᠂ ᠲᠤᠤᠷᠴᠢᠯᠠᠭᠰᠠᠨ ᠬᠠᠮᠢᠶᠠᠷᠤᠯᠲᠠ ᠪᠠᠷ ᠬᠠᠷᠢᠭᠤᠴᠠᠯᠭ᠎ᠠ  ᠪᠠᠨ ᠨᠠᠶᠢᠳᠠᠪᠤᠷᠢᠵᠢᠭᠤᠯᠤᠨ᠎ᠠ᠃ ᠠᠵᠢᠯ ᠤᠨ ᠲᠥᠰᠦᠯ ᠤᠨ ᠨᠠᠷᠢᠨ ᠠᠭᠤᠯᠭ᠎ᠠ ᠶᠢ ᠳᠠᠭᠠᠯᠳᠤᠭᠤᠯᠤᠯ ᠳᠤ ᠦᠵᠡᠭᠡᠷᠡᠢ᠃      ᠶᠢᠰᠦ᠂ ᠪᠠᠲᠤᠯᠠᠭ᠎ᠠ ᠶᠢᠨ ᠠᠷᠭ᠎ᠠ ᠪᠠᠷᠢᠯ      ︵ᠬᠤᠷᠢᠨ ᠭᠤᠷᠪᠠ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠨ᠎ᠠ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠭᠤᠤᠯ ᠤᠳᠤᠷᠢᠳᠤᠯᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ ᠨᠤᠲᠤᠭ ᠪᠡᠯᠴᠢᠭᠡᠷ ᠤᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠠᠵᠢᠯ  ᠤᠨ ᠤᠳᠤᠷᠢᠳᠬᠤ ᠳᠤᠭᠤᠢᠯᠠᠩ ᠢ ᠪᠠᠶᠢᠭᠤᠯᠤᠨ᠂ ᠤᠳᠤᠷᠢᠳᠬᠤ ᠳᠤᠭᠤᠶᠢᠯᠠᠩ ᠨᠢ  ᠬᠠᠮᠢᠶ᠎ᠠ ᠪᠦᠬᠦᠢ ᠴᠢᠭᠯᠡᠯᠲᠡ ᠲᠥᠷᠥ ᠶᠢᠨ ᠪᠣᠳᠣᠯᠭ᠎ᠠ ᠶᠢ ᠰᠤᠳᠤᠯᠤᠨ ᠲᠣᠭᠲᠠᠭᠠᠵᠤ᠂ ᠬᠤᠯᠪᠣᠭᠳᠠᠯ ᠪᠦᠬᠦᠢ ᠪᠠᠶᠢᠭᠤᠯᠭ᠎ᠠ ᠶᠢ ᠵᠣᠬᠢᠴᠠᠭᠤᠯᠵᠤ ᠨᠢᠭᠲᠠ ᠬᠠᠮᠵᠢᠯᠴᠠᠭᠤᠯᠤᠨ᠂ ᠨᠤᠲᠤᠭ ᠪᠡᠯᠴᠢᠭᠡᠷ ᠤᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠪᠣᠯᠤᠨ ᠴᠢᠬᠤᠯᠠ ᠶᠡᠭᠡ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠨᠠᠶᠢᠳᠠᠪᠤᠷᠢᠵᠢᠭᠤᠯᠤᠨ᠎ᠠ᠃ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠬᠠᠷᠢᠭᠤᠴᠠᠯᠭ᠎ᠠ ᠶᠢᠨ ᠪᠢᠴᠢᠭ ᠢ ᠱᠠᠲᠤ ᠱᠠᠲᠤ ᠪᠠᠷ ᠲᠣᠭᠲᠠᠭᠠᠵᠤ᠂ ᠭᠤᠤᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠲᠣᠳᠣᠷᠬᠠᠶᠢᠯᠠᠨ᠂ ᠰᠤᠮᠤ  ᠪᠠᠯᠭᠠᠰᠤᠨ ᠤ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠡᠭᠦᠷᠭᠡ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠭᠠᠴᠠᠭ᠎ᠠ ᠲᠣᠰᠬᠤᠨ ᠤ ᠱᠠᠩᠨᠠᠵᠤ ᠲᠣᠷᠭᠠᠬᠤ ᠡᠷᠬᠡ ᠬᠠᠷᠢᠭᠤᠴᠠᠯᠭ᠎ᠠ ᠶᠢ ᠴᠢᠩᠭᠠᠳᠬᠠᠨ᠂ ᠮᠠᠯᠵᠢᠬᠤ ᠲᠠᠷᠢᠶᠠᠯᠠᠬᠤ ᠡᠷᠦᠬᠡ ᠶᠢᠨ ᠠᠮᠢ ᠠᠬᠤᠶ ᠶᠢ ᠤᠷᠢᠳᠠᠪᠠᠷ ᠪᠣᠳᠣᠯᠬᠢᠯᠠᠵᠤ ᠪᠣᠬᠢᠷᠲᠤᠯ ᠥᠬᠡᠶ ᠪᠠᠷ ᠬᠥᠭᠵᠢᠭᠦᠯᠦᠨ ᠡᠵᠡᠩᠨᠡᠬᠦ ᠤᠬᠠᠮᠰᠠᠷ ᠢ ᠳᠡᠭᠡᠭᠰᠢᠯᠡᠭᠦᠯᠦᠨ᠎ᠡ᠃      ︵ᠬᠤᠷᠢᠨ ᠳᠥᠷᠪᠡ︶ ᠪᠡᠯᠡ ᠮᠥᠩᠭᠦᠨ ᠤ ᠪᠠᠲᠤᠯᠠᠭ᠎ᠠ ᠶᠢ ᠴᠢᠩᠭᠠᠳᠬᠠᠨ᠎ᠠ᠃ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠬᠤᠷᠢᠵᠦ ᠰᠡᠯᠭᠦᠨ ᠮᠠᠯᠵᠢᠬᠤ ᠲᠦᠷᠢᠮ ᠢ ᠤᠷᠤᠭᠰᠢᠲᠠᠶ ᠨᠠᠶᠢᠳᠠᠪᠤᠷᠢᠵᠢᠭᠤᠯᠬᠤ ᠶᠢᠨ ᠲᠤᠰᠠᠳᠠ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠵᠢᠯ ᠤᠨ ᠱᠠᠭᠠᠷᠳᠠᠯᠭ᠎ᠠ ᠳᠤ ᠦᠨᠳᠦᠰᠦᠯᠡᠨ᠂ ᠠᠵᠢᠯ ᠤᠨ ᠵᠠᠷᠤᠳᠠᠯ ᠲᠣᠬᠢᠷᠠᠭᠤᠯᠬᠤ ᠶᠢᠨ ᠬᠠᠮᠲᠤ ᠲᠣᠰ ᠱᠠᠲᠤᠨ ᠤ ᠡᠳ᠋ ᠤᠨ ᠵᠠᠰᠠᠭ ᠤᠨ ᠲᠥᠰᠦᠪ ᠲᠤ ᠣᠷᠣᠭᠤᠯᠵᠤ᠂ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠷᠠᠭᠤᠯᠬᠤ᠂ ᠬᠠᠤᠯᠢ ᠬᠡᠷᠡᠭᠵᠢᠭᠦᠯᠬᠦ ᠪᠠ ᠲᠥᠷᠥ ᠶᠢᠨ ᠪᠣᠳᠣᠯᠭ᠎ᠠ ᠶᠢᠨ ᠪᠣᠯᠪᠠᠰᠤᠷᠠᠯ ᠬᠢᠬᠦ᠂ ᠲᠥᠷᠥ ᠶᠢᠨ ᠪᠣᠳᠣᠯᠭ᠎ᠠ ᠶᠢ ᠤᠬᠠᠭᠤᠯᠬᠤ ᠵᠡᠷᠭᠡ ᠬᠠᠮᠢᠶᠠᠷᠤᠯᠲᠠ ᠶᠢᠨ ᠵᠠᠷᠤᠯᠭ᠎ᠠ ᠶᠢ ᠪᠠᠲᠤᠯᠠᠨ᠂ ᠨᠥᠬᠦᠪᠥᠷᠢ ᠱᠠᠩᠨᠠᠯ ᠤᠨ ᠪᠠᠯᠠ ᠮᠥᠩᠭᠦ ᠶᠢ ᠰᠢᠬᠠᠨ ᠡᠵᠡᠯᠡᠬᠦ ᠪᠤᠶᠤ ᠨᠡᠭᠦᠯᠭᠡᠵᠦ ᠠᠵᠢᠯ ᠤᠨ ᠵᠠᠷᠤᠳᠠᠯ ᠳᠤ ᠬᠡᠷᠡᠭᠯᠡᠬᠦ ᠶᠢ ᠲᠠᠰᠤ ᠴᠠᠭᠠᠵᠠᠯᠠᠨ᠎ᠠ᠃ ᠣᠯᠠᠨ ᠲᠠᠯ᠎ᠠ ᠪᠠᠷ ᠪᠡᠯᠡ ᠴᠤᠭᠯᠠᠭᠤᠯᠵᠤ᠂ ᠬᠤᠰᠢᠭᠤᠨ ᠤ ᠣᠳᠣ ᠶᠢᠨ ᠪᠠᠶᠢᠭ᠎ᠠ ᠲᠥᠰᠦᠪ ᠤᠨ ᠪᠡᠯᠡ ᠮᠥᠩᠭᠦ ᠨᠢ ᠲᠥᠪ ᠤᠨ ᠪᠡᠯᠡ ᠮᠥᠩᠭᠦ ᠲᠠᠢ ᠲᠥᠷᠥ ᠶᠢᠨ ᠪᠣᠳᠣᠯᠭ᠎ᠠ ᠶᠢᠨ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃      ︵ᠬᠤᠷᠢᠨ ᠲᠠᠪᠤ︶ ᠪᠠᠶᠢᠭᠤᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠎ᠠ᠃ ᠡᠳ᠋ ᠤᠨ ᠵᠠᠰᠠᠭ᠂ ᠲᠠᠷᠢᠶᠠᠯᠠᠩ ᠮᠠᠯ ᠠᠵᠤ ᠠᠬᠤᠶ᠂ ᠣᠢ ᠰᠢᠭᠤᠶ ᠪᠠ ᠨᠤᠲᠤᠭ ᠪᠡᠯᠴᠢᠭᠡᠷ ᠵᠡᠷᠭᠡ ᠬᠤᠯᠪᠣᠭᠳᠠᠯ ᠪᠦᠬᠦᠢ ᠪᠠᠶᠢᠭᠤᠯᠭ᠎ᠠ ᠶᠢᠨ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠳᠦᠷᠢᠮ ᠢ ᠨᠠᠶᠢᠳᠠᠪᠤᠷᠢᠵᠢᠭᠤᠯᠬᠤ ᠡᠯ᠎ᠡ ᠵᠦᠶᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠨ᠎ᠡ᠃ ᠡᠳ᠋ ᠤᠨ ᠵᠠᠰᠠᠭ ᠤᠨ ᠪᠠᠶᠢᠭᠤᠯᠭ᠎ᠠ ᠬᠤᠯᠪᠣᠭᠳᠠᠯ ᠪᠦᠬᠦᠢ ᠪᠠᠶᠢᠭᠤᠯᠭ᠎ᠠ ᠲᠠᠢ ᠬᠠᠮᠲᠤᠷᠠᠨ ᠪᠡᠯᠡ ᠮᠥᠩᠭᠦ  ᠬᠤᠪᠢᠶᠠᠬᠤ ᠪᠠ ᠠᠮᠵᠢᠯᠲᠠ ᠪᠦᠲᠦᠮᠵᠢ ᠶᠢ ᠬᠠᠮᠢᠶᠠᠷᠬᠤ ᠠᠵᠢᠯ ᠢ ᠰᠠᠶᠢᠲᠤᠷ ᠬᠢᠬᠦ ᠶᠢᠨ ᠬᠠᠮᠲᠤ ᠨᠤᠲᠤᠭ ᠪᠡᠯᠴᠢᠭᠡᠷ ᠤᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠪᠡᠯᠡ ᠮᠥᠩᠭᠦ ᠶᠢ ᠬᠤᠪᠢᠶᠠᠷᠢᠯᠠᠭᠰᠠᠨ ᠪᠠᠶᠢᠳᠠᠯ ᠳᠤ ᠦᠨᠳᠦᠰᠦᠯᠡᠵᠦ᠂ ᠨᠤᠲᠤᠭ ᠪᠡᠯᠴᠢᠭᠡᠷ ᠤᠨ ᠨᠥᠬᠦᠪᠥᠷᠢ ᠱᠠᠩᠨᠠᠯ ᠤᠨ ᠪᠡᠯᠡ ᠮᠥᠩᠭᠦᠨ ᠤ ᠲᠤᠰᠬᠠᠶ ᠳᠠᠩᠰᠠ ᠪᠠᠶᠢᠭᠤᠯᠤᠨ᠂ ᠳᠠᠩᠰᠠ ᠬᠤᠪᠢᠶᠠᠨ ᠲᠣᠭᠠᠴᠠᠭ᠎ᠠ ᠬᠢᠵᠦ᠂ ᠲᠤᠰᠬᠠᠶ ᠵᠣᠭᠤᠰ ᠢ ᠲᠤᠰᠬᠠᠶ ᠵᠦᠢᠯ ᠳᠤ ᠬᠡᠷᠡᠭᠯᠡᠨ᠎ᠡ᠃ ᠣᠶ ᠰᠢᠭᠤᠶ ᠪᠠ ᠨᠤᠲᠤᠭ ᠪᠡᠯᠴᠢᠭᠡᠷ ᠤᠨ ᠭᠤᠣᠯᠯᠠᠨ ᠬᠠᠮᠢᠶᠠᠷᠬᠤ ᠪᠠᠶᠢᠭᠤᠯᠭ᠎ᠠ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠬᠤᠪᠢᠶᠠᠷᠢᠯᠠᠨ ᠲᠣᠭᠲᠠᠭᠠᠭᠰᠠᠨ ᠪᠡᠯᠴᠢᠭᠡᠷᠯᠡᠭᠦᠯᠬᠦ ᠶᠢ ᠬᠤᠷᠢᠬᠤ ᠣᠷᠣᠨ ᠪᠠ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠣᠷᠣᠨ ᠢ ᠴᠠᠭ ᠲᠤᠬᠠᠶ ᠳᠤᠨᠢ ᠲᠠᠷᠢᠶᠠᠯᠠᠩ ᠮᠠᠯ ᠠᠵᠤ ᠠᠬᠤᠶ ᠶᠢᠨ ᠪᠠᠶᠢᠭᠤᠯᠭ᠎ᠠ ᠳᠤ ᠮᠡᠳᠡᠭᠡᠯᠡᠨ᠂ ᠲᠠᠷᠢᠶᠠᠯᠠᠩ ᠮᠠᠯ ᠠᠵᠤ ᠠᠬᠤᠶ ᠶᠢᠨ ᠪᠠᠶᠢᠭᠤᠯᠭ᠎ᠠ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠭᠥᠷᠳᠡᠵᠦ ᠪᠠᠶᠢᠭ᠎ᠠ ᠮᠠᠯᠵᠢᠬᠤ ᠲᠠᠷᠢᠶᠠᠯᠠᠬᠤ ᠡᠷᠦᠬᠡ ᠶᠢᠨ ᠮᠡᠳᠡᠭᠡ ᠵᠠᠩᠭᠢ ᠶᠢ ᠳᠠᠩᠰᠠᠯᠠᠵᠤ᠂ ᠪᠣᠳᠠᠲᠠᠶ ᠱᠠᠩᠨᠠᠵᠤ ᠲᠣᠷᠭᠠᠬᠤ ᠲᠦᠷᠢᠮ ᠲᠣᠭᠲᠠᠭᠠᠨ᠂ ᠡᠳ᠋ ᠤᠨ ᠵᠠᠰᠠᠭ ᠤᠨ ᠪᠠᠶᠢᠭᠤᠯᠭ᠎ᠠ᠂ ᠣᠶ ᠰᠢᠭᠤᠶ ᠪᠠ ᠨᠤᠲᠤᠭ ᠪᠡᠯᠴᠢᠭᠡᠷ ᠤᠨ ᠭᠤᠣᠯᠯᠠᠨ ᠬᠠᠮᠢᠶᠠᠷᠬᠤ ᠪᠠᠶᠢᠭᠤᠯᠭ᠎ᠠ ᠳᠤ ᠴᠠᠭ ᠲᠤᠬᠠᠶ ᠳᠤᠨᠢ ᠮᠡᠳᠡᠭᠡᠯᠡᠵᠦ᠂ ᠨᠤᠲᠤᠭ ᠪᠡᠯᠴᠢᠭᠡᠷ ᠤᠨ ᠪᠡᠯᠴᠢᠭᠡᠷᠯᠡᠭᠦᠯᠬᠦ ᠶᠢ ᠬᠤᠷᠢᠬᠤ ᠪᠠ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠨᠥᠬᠦᠪᠦᠷᠢ ᠱᠠᠩᠨᠠᠯ ᠤᠨ ᠪᠠᠯᠠ ᠮᠥᠩᠭᠦ ᠶᠢ ᠰᠠᠶᠢᠲᠤᠷ ᠣᠯᠭᠤᠬᠤ ᠳᠤ ᠰᠠᠭᠤᠷᠢ ᠲᠤᠭ᠎ᠠ ᠪᠠᠷᠢᠮᠲᠠ ᠶᠢᠨ ᠲᠤᠯᠭᠠᠭᠤᠷᠢᠯᠠᠯ ᠬᠠᠩᠭᠠᠨ᠎ᠠ᠃ ᠡᠭᠦᠨ ᠤ ᠬᠠᠮᠲᠤ᠂ ᠲᠥᠷᠥ ᠶᠢᠨ ᠪᠣᠳᠣᠯᠭ᠎ᠠ ᠶᠢ ᠤᠬᠠᠭᠤᠯᠤᠨ᠂ ᠨᠤᠲᠤᠭ ᠪᠡᠯᠴᠢᠭᠡᠷ ᠤᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠠᠭᠤᠯᠭ᠎ᠠ ᠶᠢ ᠲᠠᠶᠢᠯᠪᠤᠷᠢᠯᠠᠵᠤ᠂ ᠲᠥᠷᠥ ᠶᠢᠨ ᠪᠣᠳᠣᠯᠭ᠎ᠠ ᠶᠢᠨ ᠪᠣᠯᠪᠠᠰᠤᠷᠠᠯ ᠢ ᠴᠢᠩᠭᠠᠳᠬᠠᠨ᠂ ᠠᠵᠢᠯ ᠤᠨ ᠰᠠᠭᠤᠷᠢ ᠶᠢ ᠲᠠᠰᠤᠷᠠᠯᠲᠠ ᠥᠬᠡᠶ ᠪᠠᠬᠢᠵᠢᠭᠦᠯᠵᠦ᠂ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠪᠣᠳᠠᠲᠠᠶ ᠪᠥᠭᠡᠳ ᠨᠠᠷᠢᠯᠢᠭ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃      ︵ᠬᠤᠷᠢᠨ ᠵᠢᠷᠭᠤᠭ᠎ᠠ︶ ᠠᠮᠵᠢᠯᠲᠠ ᠪᠦᠲᠦᠮᠵᠢ ᠶᠢᠨ ᠬᠢᠨᠠᠨ ᠰᠢᠯᠭᠠᠷᠠᠭᠤᠯᠤᠯᠲᠠ ᠶᠢ ᠴᠢᠩᠭᠠᠳᠬᠠᠨ᠎ᠠ᠃ ᠮᠠᠯ ᠪᠡᠯᠴᠢᠭᠡᠷ ᠢ ᠲᠡᠩᠴᠡᠭᠦᠷᠢᠲᠡᠶ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠲᠦᠷᠢᠮ ᠢ ᠨᠠᠶᠢᠳᠠᠪᠤᠷᠢᠵᠢᠭᠤᠯᠬᠤ ᠶᠢ ᠬᠥᠳᠡᠭᠡ ᠲᠣᠰᠬᠤᠨ ᠢ ᠬᠥᠭᠵᠢᠭᠦᠯᠬᠦ ᠪᠠ ᠣᠶ ᠰᠢᠭᠤᠢ ᠶᠢᠨ ᠳᠠᠷᠤᠭ᠎ᠠ ᠶᠢᠨ ᠲᠦᠷᠢᠮ ᠢ ᠬᠢᠨᠠᠨ ᠰᠢᠯᠭᠠᠷᠠᠭᠤᠯᠬᠤ ᠭᠦᠶᠴᠡᠳᠬᠡᠯ ᠲᠤᠭ᠎ᠠ ᠳᠤ ᠣᠷᠣᠭᠤᠯᠤᠨ᠎ᠠ᠃ ᠡᠭᠦᠨ ᠳᠤ᠂ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ  ᠶᠢ ᠬᠤᠷᠢᠵᠤ ᠰᠡᠯᠭᠦᠨ ᠮᠠᠯᠵᠢᠬᠤ ᠳᠤ ᠬᠢᠨᠠᠯᠲᠠ ᠲᠠᠯᠪᠢᠭᠰᠠᠨ᠂ ᠨᠤᠲᠤᠭ ᠪᠡᠯᠴᠢᠭᠡᠷ ᠲᠤ ᠲᠣᠣᠷᠴᠢᠯᠠᠭᠰᠠᠨ ᠬᠢᠨᠠᠯᠲᠠ ᠬᠠᠮᠢᠶᠠᠷᠤᠯᠲᠠ ᠬᠢᠭᠰᠡᠨ᠂ ᠨᠤᠲᠤᠭ ᠪᠡᠯᠴᠢᠭᠡᠷ  ᠤᠨ ᠨᠥᠬᠦᠪᠥᠷᠢ ᠱᠠᠩᠨᠠᠯ ᠤᠨ ᠪᠡᠯᠡ ᠮᠥᠩᠭᠦ ᠶᠢ ᠮᠠᠯᠵᠢᠬᠤ ᠲᠠᠷᠢᠶᠠᠯᠠᠬᠤ ᠡᠷᠦᠬᠡ ᠳᠤ ᠬᠤᠪᠢᠶᠠᠭᠰᠠᠨ ᠡᠬᠡ ᠲᠠᠩᠰᠠ ᠪᠠᠶᠢᠭᠤᠯᠵᠤ᠂ ᠪᠠᠯᠠ ᠮᠥᠩᠭᠦ ᠬᠤᠪᠢᠶᠠᠭᠰᠠᠨ ᠨᠣᠷᠮ᠎ᠠ ᠶᠢ ᠬᠢᠨᠠᠨ ᠰᠢᠯᠭᠠᠷᠠᠭᠤᠯᠬᠤ ᠶᠢᠨ ᠴᠢᠬᠤᠯᠠ ᠦᠨᠳᠦᠰᠦᠯᠡᠯ ᠪᠣᠯᠭᠠᠨ᠎ᠠ᠃ ᠪᠣᠳᠠᠲᠠᠢ ᠬᠢᠨᠠᠨ ᠰᠢᠯᠭᠠᠷᠠᠭᠤᠯᠬᠤ ᠠᠷᠭ᠎ᠠ ᠶᠢ ᠥᠪᠡᠷᠲᠡᠭᠡᠨ ᠵᠠᠰᠠᠬᠤ ᠣᠷᠣᠨ ᠠᠴᠠ ᠠᠰᠳᠠᠭᠠᠨ ᠲᠣᠭᠲᠠᠭᠠᠵᠤ᠂ ᠡᠯ᠎ᠡ ᠪᠠᠶᠢᠭᠤᠯᠭ᠎ᠠ᠂ ᠡᠯ᠎ᠡ ᠰᠤᠮᠤ ᠪᠠᠯᠭᠠᠰᠤ ᠵᠢᠷᠤᠮᠯᠠᠨ ᠬᠡᠷᠡᠭᠵᠢᠭᠦᠯᠦᠨ᠎ᠡ᠃      ︵ᠬᠤᠷᠢᠨ ᠳᠣᠯᠤᠭ᠎ᠠ︶ ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠶᠢ ᠴᠢᠩᠭᠠᠳᠬᠠᠨ᠎ᠠ᠃ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ  ᠶᠢ ᠬᠤᠷᠢᠵᠤ ᠰᠡᠯᠭᠦᠨ ᠮᠠᠯᠵᠢᠬᠤ ᠲᠦᠷᠢᠮ ᠤᠨ ᠲᠠᠶᠢᠯᠤᠮᠵᠢ ᠶᠢ ᠨᠤᠲᠤᠭ ᠪᠡᠯᠴᠢᠭᠡᠷ ᠤᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠲᠠᠢ ᠤᠶᠠᠯᠳᠤᠭᠤᠯᠤᠨ᠎ᠠ᠃ ᠷᠠᠳᠢᠣ᠋ ᠲᠧᠯᠸᠢᠰ᠂ ᠰᠣᠨᠢᠨ ᠰᠡᠳᠬᠦᠯ᠂ ᠭᠠᠷ ᠤᠲᠠᠰᠤ ᠰᠦᠯᠵᠢᠶ᠎ᠡ ᠵᠡᠷᠭᠡ ᠣᠯᠠᠨ ᠲᠠᠯ᠎ᠠ ᠶᠢᠨ ᠰᠣᠨᠢᠨ ᠮᠡᠳᠡᠭᠡᠨ ᠤ ᠠᠴᠢᠶᠠᠯᠠᠪᠤᠷᠢ ᠪᠠᠷ ᠳᠠᠮᠵᠢᠭᠤᠯᠤᠨ᠂ ᠤᠬᠠᠭᠤᠯᠤᠨ ᠲᠠᠶᠢᠯᠪᠤᠷᠢᠯᠠᠬᠤ᠂ ᠪᠣᠯᠪᠠᠰᠤᠷᠠᠯ ᠬᠢᠬᠦ᠂ ᠰᠢᠷᠢᠰ ᠲᠠᠶᠢᠯᠤᠮᠵᠢ ᠬᠢᠬᠦ ᠵᠡᠷᠭᠡ ᠣᠯᠠᠨ ᠵᠦᠶᠯ ᠤᠨ ᠬᠡᠯᠪᠡᠷᠢ ᠪᠠᠷ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠲᠦᠷᠢᠮ ᠢ ᠥᠷᠭᠡᠨ ᠢᠶᠠᠷ ᠤᠬᠠᠭᠤᠯᠵᠤ ᠲᠠᠶᠢᠯᠪᠤᠷᠢᠯᠠᠨ᠂ ᠡᠷᠦᠬᠡ ᠪᠣᠯᠭᠠᠨ ᠳᠤ ᠮᠡᠳᠡᠭᠦᠯᠵᠦ᠂ ᠬᠥᠮᠦᠨ ᠪᠦᠬᠦᠨ  ᠳᠤ ᠣᠶᠢᠯᠠᠭᠠᠭᠤᠯᠤᠨ᠂ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠣᠶ ᠪᠣᠯᠭᠠᠵᠤ᠂ ᠮᠠᠯᠴᠢᠨ ᠲᠠᠷᠢᠶᠠᠴᠢᠨ ᠤ ᠨᠤᠲᠤᠭ ᠪᠡᠯᠴᠢᠭᠡᠷ ᠢᠶᠠᠨ ᠬᠠᠮᠠᠭᠠᠯᠠᠬᠤ ᠢᠳᠡᠪᠬᠢᠵᠢᠯ ᠪᠠ ᠬᠠᠷᠢᠭᠤᠴᠠᠯᠭᠠᠲᠤ ᠰᠡᠳᠬᠢᠯᠭᠡ ᠶᠢ ᠳᠠᠶᠢᠴᠢᠯᠠᠨ᠂ ᠮᠠᠯᠴᠢᠨ ᠲᠠᠷᠢᠶᠠᠴᠢᠨ ᠤ ᠣᠷᠣᠯᠴᠠᠬᠤ ᠢᠳᠡᠪᠬᠢᠵᠢᠯ ᠪᠠ ᠦᠭᠡ ᠬᠡᠯᠡᠬᠦ ᠡᠷᠬᠡ ᠶᠢ ᠳᠡᠭᠡᠭᠰᠢᠯᠡᠭᠦᠯᠦᠨ᠎ᠡ᠃ᠳᠠᠭᠠᠯᠳᠤᠭᠤᠯᠤᠯ᠄ ᠣᠲᠤᠭ ᠬᠤᠰᠢᠭᠤᠨ ᠤ ᠨᠤᠲᠤᠭ ᠪᠡᠯᠴᠢᠭᠡᠷ ᠤᠨ ᠲᠣᠣᠷᠴᠢᠯᠠᠭᠰᠠᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠲᠥᠰᠥᠯᠳᠠᠭᠠᠯᠳᠤᠭᠤᠯᠤᠯ᠄                  ᠣᠲᠤᠭ ᠬᠤᠰᠢᠭᠤᠨ ᠤ ᠨᠤᠲᠤᠭ ᠪᠡᠯᠴᠢᠭᠡᠷ ᠤᠨ ᠲᠣᠣᠷᠴᠢᠯᠠᠭᠰᠠᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠲᠥᠰᠦᠯ      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠠᠵᠢᠯ ᠤᠨ ᠲᠦᠷᠢᠮ︾ ︵ᠳᠣᠷᠣᠭᠰᠢ ︽ᠳᠦᠷᠢᠮ︾ ᠭᠡᠵᠤ ᠳᠦᠭᠦᠮᠴᠢᠯᠡᠨ᠎ᠡ︶᠂ ︽ᠨᠤᠲᠤᠭ ᠪᠡᠯᠴᠢᠭᠡᠷ ᠤᠨ ᠬᠠᠮᠠᠭᠠᠯᠠᠯᠲᠠ ᠰᠡᠷᠭᠦᠭᠡᠯᠲᠡ ᠶᠢ ᠴᠢᠩᠭᠠᠳᠬᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2021﹈ 95 ᠳ᠋ᠤᠭᠠᠷ ᠲᠣᠭᠠᠲᠤ︶᠂ ︽ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠠᠵᠢᠯ ᠢ ᠤᠯᠠᠮ ᠴᠢᠩᠭᠠᠳᠬᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠵᠢᠯᠤᠭᠤᠳᠬᠤ ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2022﹈ 64 ᠳ᠋ᠦ᠋ᠭᠡᠷ ᠲᠣᠭᠠᠲᠤ︶ ᠶᠢᠨ ᠬᠠᠮᠢᠶ᠎ᠠ ᠪᠥᠬᠦᠶ ᠲᠣᠭᠲᠠᠭᠠᠯ ᠪᠠ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠬᠤᠰᠢᠭᠤᠨ ᠤ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠠᠵᠢᠯ ᠢ ᠠᠬᠢᠭᠤᠯᠤᠨ᠂ ᠨᠤᠲᠤᠭ ᠪᠡᠯᠴᠢᠭᠡᠷ ᠢ ᠬᠠᠮᠢᠶᠠᠷᠤᠨ ᠬᠠᠮᠠᠭᠠᠯᠠᠬᠤ ᠲᠣᠣᠷ ᠰᠦᠯᠵᠢᠶ᠎ᠡ ᠶᠢ ᠲᠦᠷᠭᠡᠳᠬᠡᠨ ᠪᠠᠶᠢᠭᠤᠯᠵᠤ᠂ ᠨᠤᠲᠤᠭ ᠪᠡᠯᠴᠢᠭᠡᠷ ᠤᠨ ᠲᠣᠣᠷᠴᠢᠯᠠᠭᠰᠠᠨ ᠬᠢᠨᠠᠯᠲᠠ ᠬᠠᠮᠢᠶᠠᠷᠤᠯᠲᠠ ᠶᠢ ᠪᠡᠶᠡᠯᠡᠭᠦᠯᠦᠨ᠂ ᠨᠤᠲᠤᠭ ᠪᠡᠯᠴᠢᠭᠡᠷ ᠤᠨ ᠣᠳᠣᠬᠢᠴᠢᠯᠠᠭᠰᠠᠨ ᠬᠠᠮᠢᠶᠠᠷᠤᠯᠲᠠ ᠶᠢᠨ ᠳᠦᠪᠰᠢᠨ ᠢ ᠳᠡᠭᠡᠭᠰᠢᠯᠡᠭᠦᠯᠬᠦ ᠶᠢᠨ ᠲᠤᠰᠠᠳᠡ᠂ ᠲᠣᠰ ᠲᠥᠰᠦᠯ ᠢ ᠲᠣᠭᠲᠠᠭᠠᠪᠠ᠃      ᠨᠢᠭᠡ᠂ ᠶᠡᠷᠦᠩᠬᠡᠶ ᠱᠠᠭᠠᠷᠳᠠᠯᠭ᠎ᠠ      ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ︽ᠨᠤᠲᠤᠭ ᠪᠡᠯᠴᠢᠭᠡᠷ᠂ ᠣᠶ ᠰᠢᠭᠤᠶ ᠶᠢ ᠬᠠᠮᠠᠭᠠᠯᠠᠬᠤ ᠪᠣᠯ ᠥᠪᠥᠷ ᠮᠣᠩᠭᠤᠯ ᠤᠨ ᠠᠮᠢ ᠠᠬᠤᠶ ᠶᠢᠨ ᠰᠢᠰᠲ᠋ᠧᠮ ᠢ ᠬᠠᠮᠠᠭᠠᠯᠠᠬᠤ ᠲᠡᠷᠢᠭᠦᠨ ᠴᠢᠬᠤᠯᠠ ᠡᠭᠦᠷᠭᠡ ᠮᠦᠨ︾ ᠭᠡᠬᠦ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠣᠭᠤᠰᠢᠯᠠᠭᠤᠯᠤᠨ᠂ ᠥᠪᠥᠷ ᠮᠣᠩᠭᠤᠯ ᠢ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠪᠣᠯᠭᠠᠨ ᠪᠥᠲᠥᠭᠡᠨ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠳᠤ ᠲᠣᠭᠤᠷᠢᠭᠤᠯᠵᠤ᠂ ᠨᠤᠲᠤᠭ ᠪᠡᠯᠴᠢᠭᠡᠷ ᠤᠨ ᠬᠠᠮᠠᠭᠠᠯᠠᠯᠲᠠ ᠶᠢ ᠴᠢᠩᠭᠠᠳᠬᠠᠬᠤ ᠲᠤᠬᠠᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠠᠶᠢᠷᠢᠯᠠᠭᠤᠯᠤᠯᠲᠠ ᠶᠢ ᠤᠯᠠᠮ ᠨᠠᠶᠢᠳᠠᠪᠤᠷᠢᠵᠢᠭᠤᠯᠤᠨ᠂ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠬᠠᠮᠤᠭ ᠤᠨ ᠴᠢᠩᠭ᠎ᠠ ᠲᠦᠷᠢᠮ ᠢ ᠬᠡᠷᠡᠭᠵᠢᠭᠦᠯᠵᠦ᠂ ᠨᠤᠲᠤᠭ ᠪᠡᠯᠴᠢᠭᠡᠷ ᠤᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠵᠣᠬᠢᠰᠲᠠᠶ ᠠᠰᠢᠭᠯᠠᠨ᠂ ᠬᠠᠤᠯᠢ ᠲᠣᠭᠲᠠᠭᠠᠯ ᠵᠥᠷᠢᠴᠡᠵᠦ ᠣᠶᠢᠲᠤ ᠭᠠᠵᠠᠷ ᠨᠤᠲᠤᠭ ᠪᠡᠯᠴᠢᠭᠡᠷ ᠢ ᠬᠠᠭᠠᠯᠪᠤᠷᠢᠯᠠᠭᠰᠠᠨ ᠠᠵᠢᠯᠯᠠᠭ᠎ᠠ ᠶᠢ ᠡᠷᠡᠰ ᠬᠤᠷᠢᠭᠯᠠᠵᠤ᠂ ᠨᠤᠲᠤᠭ ᠪᠡᠯᠴᠢᠭᠡᠷ ᠤᠨ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ  ᠬᠢ ᠴᠢᠳᠠᠪᠤᠷᠢ ᠬᠦᠷᠦᠯᠴᠡᠬᠦ ᠦᠭᠡᠢ ᠳᠤᠲᠠᠭᠤᠳᠠᠯ ᠳᠤ ᠲᠥᠪᠯᠡᠷᠡᠭᠦᠯᠦᠨ᠂ ᠲᠣᠭᠠᠴᠢᠯᠠᠭᠰᠠᠨ ᠬᠠᠮᠢᠶᠠᠷᠤᠯᠲᠠ᠂ ᠲᠣᠣᠷᠴᠢᠯᠠᠭᠰᠠᠨ ᠬᠠᠮᠢᠶᠠᠷᠤᠯᠲᠠ᠂ ᠬᠠᠤᠯᠢ ᠳᠦᠷᠢᠮᠵᠢᠭᠰᠡᠨ ᠵᠢᠷᠤᠮᠵᠢᠯ ᠤᠨ ᠵᠠᠷᠴᠢᠮ ᠶᠣᠰᠣᠭᠠᠷ᠂ ᠬᠤᠰᠢᠭᠤᠨ ᠤ ᠲᠣᠣᠷᠴᠢᠯᠠᠭᠰᠠᠨ ᠬᠢᠨᠠᠯᠲᠠ ᠬᠠᠮᠢᠶᠠᠷᠤᠯᠲᠠ ᠶᠢᠨ ᠡᠯ᠎ᠡ ᠠᠵᠢᠯ ᠢ ᠪᠥᠬᠦ ᠲᠠᠯ᠎ᠠ ᠪᠠᠷ ᠠᠬᠢᠭᠤᠯᠵᠤ᠂ ᠦᠨᠳᠦᠰᠦᠨ ᠱᠠᠲᠤᠨ ᠤ ᠣᠶ ᠰᠢᠭᠤᠶ ᠶᠢᠨ ᠳᠠᠷᠤᠭ᠎ᠠ ᠶᠢᠨ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢ ᠤᠯᠠᠮ ᠳᠡᠭᠡᠭᠰᠢᠯᠡᠭᠦᠯᠦᠨ᠂ ᠣᠳᠣᠬᠢᠴᠢᠯᠠᠭᠰᠠᠨ ᠬᠠᠮᠢᠶᠠᠷᠤᠯᠲᠠ ᠶᠢᠨ ᠣᠶᠢᠯᠠᠭᠠᠭᠳᠠᠬᠤᠨ ᠢᠶᠠᠷ ᠡᠯ᠎ᠡ ᠵᠦᠢᠯ ᠤᠨ ᠲᠣᠣᠷᠴᠢᠯᠠᠭᠰᠠᠨ ᠬᠢᠨᠠᠯᠲᠠ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠵᠦ᠂ ᠠᠲᠠᠷ ᠬᠠᠭᠠᠯᠪᠤᠷᠢᠯᠠᠭᠰᠠᠨ᠂ ᠲᠣᠭᠲᠠᠭᠠᠯ ᠵᠥᠷᠢᠴᠡᠵᠦ ᠪᠡᠯᠴᠢᠭᠡᠷᠯᠡᠭᠦᠯᠦᠭᠰᠡᠨ ᠵᠡᠷᠭᠡ ᠨᠤᠲᠤᠭ ᠪᠡᠯᠴᠢᠭᠡᠷ ᠢ ᠡᠪᠳᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃      ᠬᠤᠶᠠᠷ᠂ ᠠᠵᠢᠯ ᠤᠨ ᠬᠠᠷᠠᠯᠲᠠ      ᠨᠤᠲᠤᠭ ᠪᠡᠯᠴᠢᠭᠡᠷ ᠤᠨ ᠲᠣᠣᠷᠴᠢᠯᠠᠭᠰᠠᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠤᠰᠢᠭᠤᠨ ᠤ ᠨᠤᠲᠤᠭ ᠪᠡᠯᠴᠢᠭᠡᠷ ᠢ ᠰᠡᠷᠭᠦᠭᠡᠨ ᠬᠠᠮᠠᠭᠠᠯᠠᠬᠤ ᠰᠠᠭᠤᠷᠢ ᠠᠵᠢᠯ ᠪᠣᠯᠭᠠᠨ ᠠᠳᠬᠤᠵᠤ᠂ ᠠᠳᠠᠯᠢ ᠪᠤᠰᠤ ᠭᠠᠵᠠᠷ ᠣᠷᠣᠨ ᠤ ᠪᠠᠶᠢᠳᠠᠯ ᠪᠠ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠣᠳᠣᠬᠢ ᠪᠠᠶᠢᠳᠠᠯ ᠳᠤ ᠦᠨᠳᠦᠰᠦᠯᠡᠨ᠂ ᠲᠣᠣᠷᠴᠢᠯᠠᠭᠰᠠᠨ ᠬᠠᠮᠢᠶᠠᠷᠤᠯᠲᠠ ᠶᠢ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠤᠨ᠎ᠠ᠃ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠬᠦ᠂ ᠬᠠᠮᠵᠢᠯᠴᠠᠭᠤᠯᠤᠨ ᠠᠬᠢᠭᠤᠯᠬᠤ ᠵᠠᠷᠴᠢᠮ ᠢ ᠪᠠᠷᠢᠮᠲᠠᠯᠠᠵᠤ᠂ ᠣᠲᠣ ᠶᠢᠨ ᠪᠠᠶᠢᠭ᠎ᠠ ᠨᠤᠲᠤᠭ ᠪᠡᠯᠴᠢᠭᠡᠷ ᠤᠨ ᠬᠠᠮᠢᠶᠠᠷᠤᠨ ᠬᠠᠮᠠᠭᠠᠯᠠᠭᠴᠢ᠂ ᠤᠢ ᠰᠢᠭᠤᠶ ᠶᠢᠨ ᠬᠠᠮᠠᠭᠠᠯᠠᠭᠴᠢ᠂ ᠬᠤᠯᠤᠭᠠᠨ᠎ᠠ ᠬᠤᠷᠣᠬᠠᠶ ᠶᠢᠨ ᠬᠥᠨᠥᠭᠡᠯ ᠢ ᠬᠡᠮᠵᠢᠨ ᠮᠡᠳᠡᠭᠦᠯᠦᠭᠴᠢ᠂ ᠬᠢᠵᠢᠭ ᠢ ᠰᠡᠷᠭᠡᠶᠢᠯᠡᠭᠴᠢ ᠵᠡᠷᠭᠡ ᠲᠤᠤᠷᠴᠢᠯᠠᠭᠰᠠᠨ ᠬᠠᠮᠢᠶᠠᠷᠤᠯᠲᠠ ᠶᠢᠨ ᠠᠵᠢᠯᠲᠠᠨ ᠡᠳ᠋ ᠪᠣᠳᠠᠰ ᠢ ᠨᠢᠭᠡᠳᠬᠡᠨ᠂ ︽ᠨᠢᠭᠡ ᠠᠵᠢᠯᠲᠠᠨ ᠣᠯᠠᠨ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠣᠯᠠᠨ ᠴᠢᠳᠠᠪᠤᠷᠢ ᠶᠢ ᠪᠠᠳᠠᠷᠠᠭᠤᠯᠬᠤ︾ ᠨᠤᠲᠤᠭ ᠪᠡᠯᠴᠢᠭᠡᠷ ᠤᠨ ᠲᠣᠣᠷᠴᠢᠯᠠᠭᠰᠠᠨ ᠬᠠᠮᠢᠶᠠᠷᠤᠯᠲᠠ ᠶᠢᠨ ᠠᠵᠢᠯᠲᠠᠨ ᠤ ᠡᠩᠨᠡᠭᠡ ︵ᠨᠤᠲᠤᠭ ᠪᠡᠯᠴᠢᠭᠡᠷ ᠤᠨ ᠬᠠᠮᠢᠶᠠᠷᠤᠭᠴᠢ︶ ᠶᠢ ᠪᠠᠶᠢᠭᠤᠯᠵᠤ᠂ ︽ᠲᠣᠣᠷᠴᠢᠯᠠᠭᠰᠠᠨ ᠬᠠᠮᠢᠶᠠᠷᠤᠯᠲᠠ ᠶᠢᠨ ᠬᠡᠪᠴᠢᠶ᠎ᠡ ᠶᠢ ᠲᠣᠭᠲᠠᠭᠠᠬᠤ᠂ ᠬᠠᠷᠢᠭᠤᠴᠠᠯᠭ᠎ᠠ ᠶᠢ ᠲᠣᠭᠲᠠᠭᠠᠬᠤ᠂ ᠬᠢᠨᠠᠨ ᠬᠠᠮᠢᠶᠠᠷᠤᠭᠴᠢ ᠶᠢ ᠲᠣᠭᠲᠠᠭᠠᠬᠤ︾ ᠵᠠᠷᠴᠢᠮ ᠶᠣᠰᠣᠭᠠᠷ᠂ ᠬᠤᠰᠢᠭᠤᠨ ᠤ ᠨᠤᠲᠤᠭ ᠪᠡᠯᠴᠢᠭᠡᠷ ᠤᠨ ᠡᠬᠢ ᠪᠠᠶᠠᠯᠢᠭ ᠢ ᠪᠦᠬᠦ ᠲᠠᠯ᠎ᠠ ᠪᠠᠷ ᠭᠦᠨᠵᠡᠭᠡᠢ ᠬᠢᠨᠠᠨ ᠬᠠᠮᠢᠶᠠᠷᠬᠤ ᠲᠣᠣᠷᠴᠢᠯᠠᠭᠰᠠᠨ ᠬᠢᠨᠠᠯᠲᠠ ᠬᠠᠮᠢᠶᠠᠷᠤᠯᠲᠠ ᠶᠢᠨ ᠳᠠᠭᠠᠭᠠᠮᠠᠭᠠᠢ ᠲᠣᠭᠲᠠᠴᠠ ᠶᠢ ᠲᠡᠭᠦᠯᠳᠡᠷᠵᠢᠭᠦᠯᠦᠨ᠂ ᠬᠤᠰᠢᠭᠤ ᠲᠣᠭᠤᠷᠢᠭ᠂ ᠰᠤᠮᠤ ᠪᠠᠯᠭᠠᠰᠤ ︵ᠵᠡᠭᠡᠯᠢ ᠭᠤᠳᠤᠮᠵᠢ︶᠂ ᠭᠠᠴᠠᠭ᠎ᠠ ᠲᠣᠰᠬᠤᠨ ᠤ ᠳᠤᠭᠤᠶᠢᠯᠠᠩ ᠭᠤᠷᠪᠠᠨ ᠱᠠᠲᠤᠨ ᠤ ᠬᠠᠮᠢᠶᠠᠷᠤᠨ ᠬᠠᠮᠠᠭᠠᠯᠠᠬᠤ ᠲᠣᠣᠷ ᠰᠦᠯᠵᠢᠶ᠎ᠡ ᠶᠢ ᠪᠠᠶᠢᠭᠤᠯᠤᠨ ᠪᠦᠷᠢᠨᠰᠢᠭᠦᠯᠵᠤ᠂ ᠨᠤᠲᠤᠭ ᠪᠡᠯᠴᠢᠭᠡᠷ ᠤᠨ ᠬᠢᠨᠠᠯᠲᠠ ᠬᠠᠮᠢᠶᠠᠷᠤᠯᠲᠠ ᠶᠢᠨ ᠣᠳᠣᠬᠢᠴᠢᠯᠠᠭᠰᠠᠨ ᠲᠦᠪᠰᠢᠨ ᠢ ᠦᠨᠡᠨ ᠬᠦ ᠳᠡᠭᠡᠭᠰᠢᠯᠡᠭᠦᠯᠦᠨ᠂ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠬᠦᠷᠦᠯᠴᠡᠬᠦ ᠦᠭᠡᠢ ᠳᠤᠲᠠᠭᠤᠳᠠᠯ ᠢ ᠨᠥᠬᠦᠪᠦᠷᠢᠯᠡᠨ᠎ᠡ᠃      ᠭᠤᠷᠪᠠ᠂ ᠭᠤᠣᠯ ᠡᠭᠦᠷᠭᠡ      ᠨᠤᠲᠤᠭ ᠪᠡᠯᠴᠢᠭᠡᠷ ᠤᠨ ᠲᠣᠣᠷᠴᠢᠯᠠᠭᠰᠠᠨ ᠬᠢᠨᠠᠯᠲᠠ ᠬᠠᠮᠢᠶᠠᠷᠤᠯᠲᠠ ᠶᠢ ᠤᠯᠤᠰ ᠤᠨ ᠭᠠᠵᠠᠷ ᠰᠢᠷᠣᠢ ᠶᠢᠨ ︽ᠪᠦᠬᠦ ᠤᠯᠤᠰ ᠤᠨ ᠭᠤᠷᠪᠠᠳᠤᠭᠠᠷ ᠤᠳᠠᠭᠠᠨ ᠤ ᠭᠠᠵᠠᠷ ᠰᠢᠷᠣᠢ ᠶᠢᠨ ᠪᠠᠶᠢᠴᠠᠭᠠᠯᠲᠠ︾ ᠪᠠᠷ ᠪᠦᠷᠢᠳᠬᠡᠭᠰᠡᠨ ᠡᠪᠡᠰᠦᠲᠦ ᠭᠠᠵᠠᠷ᠂ ᠬᠡᠷᠡᠭᠯᠡᠬᠦ ᠡᠷᠬᠡ ᠪᠠ ᠳᠠᠭᠠᠭᠠᠴᠢᠯᠠᠬᠤ ᠡᠷᠬᠡ ᠶᠢ ᠨᠠᠶᠢᠳᠠᠪᠤᠷᠢᠵᠢᠭᠤᠯᠤᠭᠰᠠᠨ ᠨᠤᠲᠤᠭ ᠪᠡᠯᠴᠢᠭᠡᠷ ᠵᠢᠴᠢ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠭᠥᠷᠳᠡᠭᠰᠡᠨ ᠡᠪᠡᠰᠦ ᠪᠡᠯᠴᠢᠭᠡᠷ ᠲᠤ ᠬᠡᠷᠡᠭᠵᠢᠭᠦᠯᠦᠨ᠎ᠡ᠃      ︵ᠨᠢᠭᠡ︶ ᠲᠣᠣᠷᠴᠢᠯᠠᠭᠰᠠᠨ ᠬᠠᠮᠢᠶᠠᠷᠤᠯᠲᠠ ᠶᠢ ᠪᠠᠶᠢᠷᠢᠯᠠᠭᠤᠯᠤᠨ᠎ᠠ᠃ ᠬᠡᠪᠴᠢᠶ᠎ᠡ ᠨᠢ ᠲᠣᠳᠣᠷᠬᠠᠶ᠂ ᠬᠠᠮᠢᠶᠠᠷᠤᠯᠲᠠ ᠨᠢ ᠳᠥᠭᠦᠮ᠂ ᠨᠢᠭᠲᠠ ᠠᠪᠴᠠᠯᠳᠤᠭᠤᠯᠬᠤ᠂ ᠣᠷᠣᠨ ᠵᠠᠢ ᠦᠯᠡᠳᠡᠭᠡᠬᠦ ᠦᠭᠡᠢ ᠪᠠᠶᠢᠬᠤ ᠵᠠᠷᠴᠢᠮ ᠢ ᠪᠠᠷᠢᠮᠲᠠᠯᠠᠨ᠂ ᠲᠣᠣᠷᠴᠢᠯᠠᠭᠰᠠᠨ ᠬᠠᠮᠢᠶᠠᠷᠤᠯᠲᠠ ᠶᠢ ᠪᠠᠶᠢᠷᠢᠯᠠᠭᠤᠯᠬᠤ ᠦᠨᠳᠦᠰᠦᠯᠡᠯ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠳᠥᠷᠪᠡᠨ ᠵᠠᠬ᠎ᠠ ᠶᠢᠨ ᠵᠠᠭᠠᠭ ᠲᠣᠳᠣᠷᠬᠠᠶ᠂ ᠬᠥᠮᠦᠨ᠂ ᠡᠪᠡᠰᠦ ᠪᠡᠯᠴᠢᠭᠡᠷ᠂ ᠮᠠᠯ᠂ ᠬᠢᠨᠠᠨ ᠬᠠᠮᠢᠶᠠᠷᠬᠤ ᠵᠦᠶᠯᠡᠰ ᠤᠨ ᠰᠠᠭᠤᠷᠢ ᠮᠡᠳᠡᠭᠡ ᠵᠠᠩᠭᠢ ᠨᠠᠷᠢᠨ ᠪᠣᠳᠠᠲᠠᠶ ᠨᠤᠲᠤᠭ ᠪᠡᠯᠴᠢᠭᠡᠷ ᠤᠨ ᠲᠣᠣᠷᠴᠢᠯᠠᠭᠰᠠᠨ ᠬᠠᠮᠢᠶᠠᠷᠤᠯᠲᠠ ᠶᠢ ᠪᠦᠷᠢᠯᠳᠦᠭᠦᠯᠬᠦ ᠶᠢᠨ ᠬᠠᠮᠲᠤ᠂ ᠸᠧᠺᠲ᠋ᠣᠷ ᠲᠤᠭ᠎ᠠ ᠶᠢ ᠪᠣᠢ ᠪᠣᠯᠭᠠᠨ᠂ ᠲᠣᠭᠠᠴᠢᠯᠠᠭᠰᠠᠨ ᠬᠢᠨᠠᠯᠲᠠ ᠬᠠᠮᠢᠶᠠᠷᠤᠯᠲᠠ ᠳᠤ ᠰᠠᠭᠤᠷᠢ ᠦᠢᠯᠡᠴᠢᠯᠡᠭᠡ ᠬᠠᠩᠭᠠᠨ᠎ᠠ᠃ ᠲᠣᠣᠷᠴᠢᠯᠠᠭᠰᠠᠨ ᠬᠠᠮᠢᠶᠠᠷᠤᠯᠲᠠ ᠶᠢ ᠪᠠᠶᠢᠷᠢᠯᠠᠭᠤᠯᠬᠤ ᠳᠤ ᠭᠠᠴᠠᠭ᠎ᠠ ᠲᠤᠰᠬᠤᠨ᠂ ᠬᠤᠷᠰᠢᠶ᠎ᠠ ᠶᠢᠨ ᠵᠠᠭᠠᠭ ᠱᠤᠭᠤᠮ ᠤᠨ ᠲᠠᠷᠬᠠᠯᠲᠠ ᠶᠢᠨ ᠪᠠᠶᠢᠳᠠᠯ᠂ ᠣᠷᠣᠨ ᠲᠣᠭᠤᠷᠢᠭ ᠤᠨ ᠣᠨᠴᠠᠯᠢᠭ ᠪᠠ ᠬᠠᠮᠢᠶᠠᠷᠴᠤ ᠬᠠᠮᠠᠭᠠᠯᠠᠬᠤ ᠬᠦᠴᠢᠷ ᠬᠢᠯᠪᠠᠷ ᠤᠨ ᠬᠡᠮᠵᠢᠶ᠎ᠡ ᠳᠤ ᠦᠨᠳᠦᠰᠦᠯᠡᠵᠦ᠂ ᠲᠥᠪᠯᠡᠷᠡᠨ ᠵᠠᠯᠭᠠᠯᠳᠤᠭᠰᠠᠨ᠂ ᠵᠠᠭᠠᠭ ᠳᠣᠲᠤᠷᠬᠠᠢ᠂ ᠬᠠᠮᠢᠶᠠᠷᠤᠯᠲᠠ ᠳᠤ ᠳᠥᠭᠦᠮ ᠪᠠᠶᠢᠯᠭᠠᠬᠤ ᠵᠠᠷᠴᠢᠮ ᠢᠶᠠᠷ ᠬᠠᠮᠢᠶᠠᠷᠴᠤ ᠬᠠᠮᠠᠭᠠᠯᠠᠬᠤ ᠬᠠᠷᠢᠭᠤᠴᠠᠯᠭ᠎ᠠ ᠶᠢᠨ ᠣᠷᠣᠨ ᠢ ᠵᠣᠬᠢᠰᠲᠠᠶ ᠬᠤᠪᠢᠶᠠᠷᠢᠯᠠᠨ᠎ᠠ᠃ ᠠᠶᠢᠯ ᠲᠣᠰᠬᠤᠨ ᠠᠴᠠ ᠨᠡᠯᠢᠶᠡᠳ ᠣᠶᠢᠷ᠎ᠠ᠂ ᠵᠠᠮ ᠬᠠᠷᠢᠯᠴᠠᠭ᠎ᠠ ᠳᠥᠭᠦᠮ ᠪᠠ ᠲᠠᠷᠢᠶᠠᠯᠠᠩ ᠮᠠᠯ ᠠᠵᠤ ᠠᠬᠤᠶ ᠶᠢᠨ ᠵᠥᠷᠢᠴᠡᠯ ᠲᠣᠪᠤᠶᠢᠮ᠎ᠠ ᠵᠡᠷᠭᠡ ᠬᠠᠮᠢᠶᠠᠷᠴᠤ ᠬᠠᠮᠠᠭᠠᠯᠠᠬᠤ ᠳᠤ ᠨᠡᠯᠢᠶᠡᠳ ᠬᠦᠴᠢᠷᠲᠡᠶ ᠭᠠᠵᠠᠷ ᠤᠨ ᠬᠠᠮᠢᠶᠠᠷᠴᠤ ᠬᠠᠮᠠᠭᠠᠯᠠᠬᠤ ᠬᠠᠷᠢᠭᠤᠴᠠᠯᠭ᠎ᠠ ᠶᠢᠨ ᠣᠷᠣᠨ ᠤ ᠬᠡᠪᠴᠢᠶ᠎ᠡ ᠶᠢ ᠬᠠᠷᠢᠴᠠᠩᠭᠤᠢ ᠪᠠᠷ ᠪᠠᠭ᠎ᠠ ᠪᠠᠶᠢᠯᠭᠠᠵᠤ ᠪᠣᠯᠣᠨ᠎ᠠ᠃ ᠲᠣᠣᠷᠴᠢᠯᠠᠭᠰᠠᠨ ᠬᠠᠮᠢᠶᠠᠷᠤᠯᠲᠠ ᠨᠢᠭᠡᠪᠦᠷᠢ ᠳᠤ ᠬᠠᠷᠢᠶᠠᠯᠠᠭᠳᠠᠬᠤ ᠨᠤᠲᠤᠭ ᠪᠡᠯᠴᠢᠭᠡᠷ ᠤᠨ ᠲᠠᠯᠠᠪᠠᠶ ᠶᠢ ᠵᠠᠷᠴᠢᠮ ᠳᠡᠭᠡᠷ᠎ᠡ ᠪᠠᠨ 15 ᠲᠦᠮᠡᠨ ᠮᠥ ᠠᠴᠠ ᠳᠡᠭᠡᠭᠰᠢ ᠪᠠᠶᠢᠯᠭᠠᠬᠤ ᠥᠬᠡᠶ᠃      ︵ᠬᠤᠶᠠᠷ︶ ᠲᠣᠣᠷᠴᠢᠯᠠᠭᠰᠠᠨ ᠬᠠᠮᠢᠶᠠᠷᠤᠯᠲᠠ ᠶᠢᠨ ᠠᠵᠢᠯᠲᠠᠨ ᠢ ᠲᠣᠭᠲᠠᠭᠠᠨ᠎ᠠ᠃ ᠨᠤᠲᠤᠭ ᠪᠡᠯᠴᠢᠭᠡᠷ ᠤᠨ ᠲᠣᠣᠷᠴᠢᠯᠠᠭᠰᠠᠨ ᠬᠠᠮᠢᠶᠠᠷᠤᠯᠲᠠ ᠶᠢᠨ ᠠᠵᠢᠯᠲᠠᠨ ᠪᠣᠯ ᠬᠠᠮᠤᠭ ᠤᠨ ᠦᠨᠳᠦᠰᠦᠨ ᠱᠠᠲᠤᠨ ᠤ ᠨᠤᠲᠤᠭ ᠪᠡᠯᠴᠢᠭᠡᠷ ᠢ ᠬᠢᠨᠠᠨ ᠬᠠᠮᠢᠶᠠᠷᠴᠤ ᠬᠠᠮᠠᠭᠠᠯᠠᠬᠤ ᠬᠦᠴᠦᠨ ᠪᠣᠯᠬᠤ ᠪᠦᠭᠡᠳ ᠮᠦᠨᠴᠦ ᠥᠷᠭᠡᠨ ᠤᠯᠠᠨ ᠮᠠᠯᠴᠢᠨ ᠲᠠᠷᠢᠶᠠᠴᠢᠨ ᠢ ᠬᠠᠪᠰᠤᠷᠤᠨ ᠨᠤᠲᠤᠭ ᠪᠡᠯᠴᠢᠭᠡᠷ ᠢ ᠬᠠᠮᠠᠭᠠᠯᠠᠬᠤ ᠴᠢᠬᠤᠯᠠ ᠬᠦᠴᠦᠨ ᠪᠣᠯᠤᠨ᠎ᠠ᠃ ᠲᠣᠣᠷᠴᠢᠯᠠᠭᠰᠠᠨ ᠬᠠᠮᠢᠶᠠᠷᠤᠯᠲᠠ ᠳᠤ ᠠᠳᠠᠭ ᠲᠠᠭᠠᠨ 1 ᠲᠣᠣᠷᠴᠢᠯᠠᠭᠰᠠᠨ ᠬᠠᠮᠢᠶᠠᠷᠤᠯᠲᠠ ᠶᠢᠨ ᠠᠵᠢᠯᠲᠠᠨ ᠲᠣᠬᠢᠷᠠᠭᠤᠯᠵᠤ᠂ ᠣᠶ ᠰᠢᠭᠤᠶ ᠡᠪᠡᠰᠦ ᠪᠡᠯᠴᠢᠭᠡᠷ ᠤᠨ ᠬᠠᠮᠢᠶᠠᠷᠤᠨ ᠬᠠᠮᠠᠭᠠᠯᠠᠭᠴᠢ᠂ ᠭᠠᠴᠠᠭ᠎ᠠ ᠲᠣᠰᠬᠤᠨ ᠤ ᠳᠤᠭᠤᠶᠢᠯᠠᠩ ᠤᠨ ᠣᠶ ᠰᠢᠭᠤᠶ ᠶᠢᠨ ᠳᠠᠷᠤᠭ᠎ᠠ᠂ ᠡᠯ᠎ᠡ ᠱᠠᠲᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠵᠢᠯᠲᠠᠨ ᠪᠤᠶᠤ ᠬᠢᠵᠢᠭ ᠰᠡᠷᠭᠡᠶᠢᠯᠡᠭᠴᠢ ᠵᠡᠷᠭᠡ ᠪᠤᠰᠤᠳ ᠲᠣᠣᠷᠴᠢᠯᠠᠭᠰᠠᠨ ᠬᠠᠮᠢᠶᠠᠷᠤᠯᠲᠠ ᠶᠢᠨ ᠠᠵᠢᠯᠲᠠᠨ ᠬᠠᠪᠰᠤᠷᠭᠠᠨ ᠬᠠᠷᠢᠭᠤᠴᠠᠵᠤ ᠴᠤ ᠪᠣᠯᠤᠨ᠎ᠠ᠂ ᠵᠠᠰᠠᠭ ᠤᠨ ᠣᠷᠳᠣᠨ ᠠᠴᠠ ᠦᠢᠯᠡᠴᠢᠯᠡᠭᠡ ᠬᠤᠳᠠᠯᠳᠤᠨ ᠠᠪᠬᠤ ᠵᠡᠷᠭᠡ ᠬᠡᠯᠪᠡᠷᠢ ᠪᠠᠷ ᠤᠷᠢᠵᠤ ᠬᠡᠷᠡᠭᠯᠡᠭᠰᠡᠨ ᠬᠥᠮᠦᠰ ᠴᠤ ᠪᠣᠯᠣᠨ᠎ᠠ᠃ ᠡᠯ᠎ᠡ ᠰᠤᠮᠤ ᠪᠠᠯᠭᠠᠰᠤᠨ ᠤ ᠨᠤᠲᠤᠭ ᠪᠡᠯᠴᠢᠭᠡᠷ ᠤᠨ ᠬᠠᠮᠢᠶᠠᠷᠤᠨ ᠬᠠᠮᠠᠭᠠᠯᠠᠭᠴᠢ ᠶᠢᠨ ᠵᠠᠷᠤᠳᠠᠯ ᠢ ︽ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠵᠠᠷᠤᠳᠠᠯ ᠢ ᠲᠠᠲᠠᠪᠤᠷᠢᠯᠠᠨ ᠬᠡᠷᠡᠭᠯᠡᠬᠦ ᠬᠠᠮᠢᠶᠠᠷᠤᠯᠲᠠ ᠶᠢᠨ ᠠᠷᠭ᠎ᠠ ᠶᠢ ᠳᠠᠷᠤᠮᠠᠯᠯᠠᠨ ᠲᠠᠷᠬᠠᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ﹇2012﹈ 8 ᠳ᠋ᠤᠭᠠᠷ ᠲᠣᠭᠠᠲᠤ︶ ᠤᠨ ᠠᠷᠪᠠᠨ ᠬᠤᠶᠠᠳᠤᠭᠠᠷ ᠵᠦᠢᠯ ᠳᠠᠬᠢ᠄ ︽ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠵᠠᠷᠤᠳᠠᠯ ᠢ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠪᠠᠶᠢᠭᠤᠯᠭ᠎ᠠ ᠠᠴᠠ ᠵᠣᠬᠢᠶᠠᠨ ᠪᠠᠶᠢᠭᠤᠯᠤᠭᠰᠠᠨ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢᠨ ᠰᠡᠷᠭᠦᠭᠡᠵᠦ ᠬᠠᠮᠠᠭᠠᠯᠠᠬᠤ ᠬᠠᠮᠢᠶᠠᠷᠬᠤ ᠳᠤ ᠲᠤᠰᠬᠠᠶ ᠬᠡᠷᠡᠭᠯᠡᠨ᠎ᠡ᠃ ᠵᠠᠷᠤᠳᠠᠯ ᠢ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ᠂ ᠡᠯᠡᠰᠦᠷᠬᠡᠭᠵᠢᠵᠦ ᠮᠠᠭᠤᠳᠠᠭᠰᠠᠨ ᠨᠤᠲᠤᠭ ᠪᠡᠯᠴᠢᠭᠡᠷ ᠢ ᠰᠠᠶᠢᠵᠢᠷᠠᠭᠤᠯᠬᠤ ᠪᠠ ᠵᠠᠰᠠᠬᠤ᠂ ᠡᠪᠡᠰᠦ ᠲᠠᠷᠢᠬᠤ᠂ ᠨᠤᠲᠤᠭ ᠪᠡᠯᠴᠢᠭᠡᠷ ᠢ ᠪᠠᠶᠢᠴᠠᠭᠠᠵᠤ ᠲᠥᠯᠥᠪᠵᠢᠭᠦᠯᠬᠦ᠂ ᠨᠤᠲᠤᠭ ᠪᠡᠯᠴᠢᠭᠡᠷ ᠤᠨ ᠠᠮᠢ ᠠᠬᠤᠶ ᠶᠢ ᠬᠢᠨᠠᠨ ᠬᠡᠮᠵᠢᠬᠦ᠂ ᠨᠤᠲᠤᠭ ᠪᠡᠯᠴᠢᠭᠡᠷ ᠤᠨ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ᠂ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠪᠠ ᠬᠠᠮᠢᠶᠠᠷᠤᠨ ᠬᠠᠮᠠᠭᠠᠯᠠᠬᠤ ᠵᠡᠷᠭᠡ ᠵᠠᠷᠤᠯᠭ᠎ᠠ ᠳᠤ ᠬᠡᠷᠡᠭᠯᠡᠨ᠎ᠡ︾ ᠭᠡᠰᠡᠨ ᠲᠣᠭᠲᠠᠭᠠᠯ ᠢᠶᠠᠷ ᠥᠪᠡᠷᠲᠡᠭᠡᠨ ᠵᠠᠰᠠᠬᠤ ᠣᠷᠣᠨ ᠠᠴᠠ  ᠪᠤᠴᠠᠭᠠᠵᠤ ᠥᠭᠭᠦᠭᠰᠡᠨ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠵᠠᠷᠤᠳᠠᠯ ᠠᠴᠠ ᠠᠪᠴᠤ ᠬᠡᠷᠡᠭᠯᠡᠨ᠎ᠡ᠃      ︵ᠭᠤᠷᠪᠠ︶ ᠠᠵᠢᠯᠲᠠᠨ ᠤ ᠬᠠᠷᠢᠭᠤᠴᠠᠯᠭ᠎ᠠ ᠶᠢ ᠲᠣᠭᠲᠠᠭᠠᠨ᠎ᠠ᠃ ︽ᠳᠦᠷᠢᠮ︾ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠲᠣᠣᠷᠴᠢᠯᠠᠭᠰᠠᠨ ᠬᠠᠮᠢᠶᠠᠷᠤᠯᠲᠠ ᠶᠢᠨ ᠠᠵᠢᠯᠲᠠᠨ ᠤ ᠠᠵᠢᠯ ᠤᠨ ᠡᠭᠦᠷᠭᠡ ᠶᠢ ᠳᠣᠲᠤᠷᠬᠠᠶᠢᠯᠠᠵᠤ᠂ ᠬᠠᠷᠢᠭᠤᠴᠠᠯᠭ᠎ᠠ ᠶᠢᠨ ᠨᠠᠷᠢᠨ ᠲᠠᠩᠰᠠ ᠪᠠᠶᠢᠭᠤᠯᠤᠨ᠂ ᠲᠤᠰᠢᠶᠠᠯ ᠢᠶᠠᠨ ᠭᠦᠶᠴᠡᠳᠬᠡᠬᠦ ᠬᠡᠪᠴᠢᠶ᠎ᠡ ᠶᠢ ᠬᠤᠪᠢᠶᠠᠷᠢᠯᠠᠨ ᠲᠣᠭᠲᠠᠭᠠᠵᠤ᠂ ᠬᠠᠷᠢᠭᠤᠴᠠᠯᠭ᠎ᠠ ᠶᠢ ᠨᠠᠷᠢᠯᠢᠭ ᠨᠠᠶᠢᠳᠠᠪᠤᠷᠢᠵᠢᠭᠤᠯᠤᠨ᠎ᠠ᠃ ᠨᠤᠲᠤᠭ ᠪᠡᠯᠴᠢᠭᠡᠷ ᠤᠨ ᠬᠠᠮᠢᠶᠠᠷᠤᠨ ᠬᠠᠮᠠᠭᠠᠯᠠᠭᠴᠢ ᠨᠤᠲᠤᠭ ᠪᠡᠯᠴᠢᠭᠡᠷ ᠤᠨ ᠬᠠᠤᠯᠢ ᠲᠣᠭᠲᠠᠭᠠᠯ ᠢ ᠨᠢᠮᠪᠡᠢ ᠰᠤᠷᠤᠯᠴᠠᠨ ᠤᠬᠠᠭᠤᠯᠵᠤ᠂ ᠨᠤᠲᠤᠭ ᠪᠡᠯᠴᠢᠭᠡᠷ ᠤᠨ ᠬᠠᠮᠠᠭᠠᠯᠠᠯᠲᠠ ᠪᠥᠲᠥᠭᠡᠨ ᠪᠠᠶᠢᠭᠤᠯᠤᠯᠲᠠ ᠶᠢᠨ ᠲᠤᠬᠠᠢ ᠳᠡᠭᠡᠳᠦ ᠱᠠᠲᠤᠨ ᠤ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠪᠠ ᠬᠤᠷᠠᠯ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠴᠠᠭ ᠲᠤᠬᠠᠶ ᠳᠤᠨᠢ ᠤᠯᠠᠮᠵᠢᠯᠠᠨ᠂ ᠬᠠᠮᠢᠶᠠᠷᠴᠤ ᠬᠠᠮᠠᠭᠠᠯᠠᠬᠤ ᠣᠷᠣᠨ ᠤ ᠪᠠᠨ ᠮᠠᠯᠴᠢᠨ ᠲᠠᠷᠢᠶᠠᠴᠢᠳ ᠢ ᠬᠥᠮᠥᠵᠢᠭᠦᠯᠦᠨ ᠵᠢᠯᠦᠭᠤᠳᠴᠤ ᠠᠮᠢ ᠠᠬᠤᠢ ᠶᠢ ᠬᠠᠮᠠᠭᠠᠯᠠᠬᠤ ᠤᠬᠠᠮᠰᠠᠷ ᠲᠠᠢ ᠪᠣᠯᠭᠠᠵᠤ᠂ ᠨᠤᠲᠤᠭ ᠪᠡᠯᠴᠢᠭᠡᠷ ᠤᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠵᠣᠬᠢᠰᠲᠠᠶ ᠠᠰᠢᠭᠯᠠᠨ᠂ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠪᠣᠯᠣᠨ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠢ ᠬᠠᠪᠰᠤᠷᠴᠤ ᠨᠤᠲᠤᠭ ᠪᠡᠯᠴᠢᠭᠡᠷ ᠤᠨ ᠬᠠᠤᠯᠢ ᠲᠣᠭᠲᠠᠭᠠᠯ ᠪᠠ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠲᠤᠬᠠᠢ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠤᠬᠠᠭᠤᠯᠤᠨ᠎ᠠ︔ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠪᠣᠯᠤᠨ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠢ ᠬᠠᠪᠰᠤᠷᠤᠨ ᠬᠠᠮᠢᠶᠠᠷᠤᠨ ᠬᠠᠮᠠᠭᠠᠯᠠᠬᠤ ᠣᠷᠣᠨ ᠤ ᠪᠠᠨ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠭᠰᠠᠨ ᠪᠠᠶᠢᠳᠠᠯ᠂ ᠨᠤᠲᠤᠭ ᠪᠡᠯᠴᠢᠭᠡᠷ ᠤᠨ ᠠᠮᠢᠳᠤ ᠪᠣᠳᠠᠰ ᠤᠨ ᠭᠠᠮᠰᠢᠭ ᠡᠭᠦᠰᠦᠭᠰᠡᠨ ᠪᠠᠶᠢᠳᠠᠯ᠂ ᠨᠤᠲᠤᠭ ᠪᠡᠯᠴᠢᠭᠡᠷ ᠤᠨ ᠭᠠᠯ ᠤᠨ ᠠᠶᠤᠯ ᠭᠠᠷᠤᠭᠰᠠᠨ ᠪᠠᠶᠢᠳᠠᠯ᠂ ᠬᠠᠤᠯᠢ ᠪᠤᠰᠤ ᠪᠠᠷ ᠠᠲᠠᠷ ᠬᠠᠭᠠᠯᠪᠤᠷᠢᠯᠠᠭᠰᠠᠨ᠂ ᠨᠤᠲᠤᠭ ᠪᠡᠯᠴᠢᠭᠡᠷ ᠢ ᠡᠵᠡᠯᠡᠨ ᠬᠡᠷᠡᠭᠯᠡᠭᠰᠡᠨ᠂ ᠨᠤᠲᠤᠭ ᠪᠡᠯᠴᠢᠭᠡᠷ ᠤᠨ ᠲᠥᠬᠦᠭᠡᠷᠦᠮᠵᠢ ᠶᠢ ᠡᠪᠳᠡᠭᠰᠡᠨ᠂ ᠳᠤᠷ᠎ᠠ ᠪᠠᠷ ᠢᠶᠠᠨ ᠮᠠᠯᠲᠠᠭᠰᠠᠨ᠂ ᠬᠡᠭᠡᠷ᠎ᠡ ᠶᠢᠨ ᠠᠮᠢᠲᠠᠨ ᠣᠷᠭᠤᠮᠠᠯ ᠢ ᠳᠤᠷ᠎ᠠ ᠪᠠᠷ ᠢᠶᠠᠨ ᠠᠩᠨᠠᠭᠰᠠᠨ ᠲᠡᠭᠦᠭᠰᠡᠨ ᠵᠡᠷᠭᠡ ᠨᠤᠲᠤᠭ ᠪᠡᠯᠴᠢᠭᠡᠷ ᠤᠨ ᠠᠮᠢ ᠠᠬᠤᠶ ᠶᠢᠨ ᠣᠷᠴᠢᠨ ᠲᠣᠭᠤᠷᠢᠨ ᠢ ᠡᠪᠳᠡᠭᠰᠡᠨ ᠠᠵᠢᠯᠯᠠᠭ᠎ᠠ ᠳᠤ ᠡᠳᠦᠷ ᠲᠤᠲᠤᠮ ᠤᠨ ᠲᠣᠭᠤᠷᠢᠨ ᠪᠠᠶᠢᠴᠠᠭᠠᠯᠲᠠ ᠪᠠ ᠬᠠᠮᠢᠶᠠᠷᠤᠯᠲᠠ ᠬᠠᠮᠠᠭᠠᠯᠠᠯᠲᠠ ᠬᠢᠵᠤ᠂ ᠲᠣᠭᠤᠷᠢᠨ ᠪᠠᠶᠢᠴᠠᠭᠠᠭᠰᠠᠨ ᠲᠡᠮᠳᠡᠭᠯᠡᠯ ᠢ ᠨᠢᠮᠪᠡᠢ ᠳᠡᠮᠲᠡᠭᠯᠡᠨ᠂ ᠢᠯᠡᠷᠡᠭᠦᠯᠦᠭᠰᠡᠨ ᠠᠰᠠᠭᠤᠳᠠᠯ ᠢ ᠴᠠᠭ ᠲᠤᠬᠠᠶ ᠳᠤᠨᠢ ᠬᠤᠷᠢᠭᠯᠠᠨ ᠵᠣᠭᠰᠣᠭᠠᠬᠤ ᠶᠢᠨ ᠬᠠᠮᠲᠤ᠂ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠪᠣᠯᠤᠨ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠳᠤ ᠳᠠᠷᠤᠶᠢᠬᠠᠨ ᠮᠡᠳᠡᠭᠦᠯᠦᠨ᠎ᠡ︔ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠪᠣᠯᠤᠨ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠭᠠᠴᠠᠭ᠎ᠠ ᠲᠣᠰᠬᠤᠨ ᠤ ᠵᠥᠪᠯᠡᠯ ᠢ ᠬᠠᠪᠰᠤᠷᠤᠨ ᠬᠤᠰᠢᠭᠤᠨ ᠤ ᠵᠠᠰᠠᠭ ᠤᠨ ᠣᠷᠳᠣᠨ ᠤ ᠨᠡᠶᠢᠲᠡᠯᠡᠭᠰᠡᠨ ᠪᠡᠯᠴᠢᠭᠡᠷ ᠤᠨ ᠪᠠᠭᠲᠠᠭᠠᠮᠵᠢ ᠶᠢ ᠮᠠᠯᠵᠢᠬᠤ ᠲᠠᠷᠢᠶᠠᠯᠠᠬᠤ ᠡᠷᠦᠬᠡ ᠳᠤ ᠨᠠᠶᠢᠳᠠᠪᠤᠷᠢᠵᠢᠭᠤᠯᠵᠤ᠂ ᠬᠠᠮᠢᠶᠠᠷᠤᠨ ᠬᠠᠮᠠᠭᠠᠯᠠᠬᠤ ᠣᠷᠣᠨ  ᠤ ᠪᠠᠨ ᠮᠠᠯᠴᠢᠨ ᠲᠠᠷᠢᠶᠠᠴᠢᠨ ᠡᠷᠦᠬᠡ ᠶᠢᠨ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ᠂ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠬᠠᠷᠢᠭᠤᠴᠠᠯᠭ᠎ᠠ ᠶᠢᠨ ᠪᠢᠴᠢᠭ ᠤᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠢᠨᠠᠨ ᠪᠠᠶᠢᠴᠠᠭᠠᠨ᠎ᠠ︔ ᠬᠤᠰᠢᠭᠤᠨ ᠤ ᠤᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠪᠣᠯᠤᠨ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠪᠠ ᠳᠡᠭᠡᠳᠦ ᠱᠠᠲᠤᠨ ᠤ ᠲᠤᠬᠠᠶᠢᠯᠠᠭᠰᠠᠨ ᠠᠵᠢᠯ ᠤᠨ ᠪᠠᠶᠢᠭᠤᠯᠭ᠎ᠠ ᠠᠴᠠ ᠬᠠᠮᠢᠶᠠᠷᠤᠨ ᠬᠠᠮᠠᠭᠠᠯᠠᠬᠤ ᠣᠷᠣᠨ ᠳᠠᠬᠢ ᠨᠤᠲᠤᠭ ᠪᠡᠯᠴᠢᠭᠡᠷ ᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ᠂ ᠬᠠᠤᠯᠢ ᠪᠤᠰᠤ ᠪᠠᠷ ᠠᠲᠠᠷ ᠬᠠᠭᠠᠯᠪᠤᠷᠢᠯᠠᠭᠰᠠᠨ᠂ ᠬᠠᠤᠯᠢ ᠪᠤᠰᠤ ᠪᠠᠷ ᠰᠢᠷᠣᠢ ᠠᠪᠤᠭᠰᠠᠨ᠂ ᠳᠤᠷ᠎ᠠ ᠪᠠᠷ ᠢᠶᠠᠨ ᠮᠠᠯᠲᠠᠭᠰᠠᠨ ᠂ ᠳᠤᠷ᠎ᠠ ᠪᠠᠷ ᠢᠶᠠᠨ ᠪᠠᠷᠢᠵᠤ ᠠᠩᠨᠠᠭᠰᠠᠨ᠂ ᠳᠤᠷ᠎ᠠ ᠪᠠᠷ ᠢᠶᠠᠨ ᠤᠭᠲᠤᠯᠤᠭᠰᠨ ᠵᠡᠷᠭᠡ ᠨᠤᠲᠤᠭ ᠪᠡᠯᠴᠢᠭᠡᠷ ᠤᠨ ᠠᠮᠢ ᠠᠬᠤᠶ ᠶᠢ ᠡᠪᠳᠡᠭᠰᠡᠨ ᠬᠠᠤᠯᠢ ᠵᠥᠷᠢᠴᠡᠭᠰᠡᠨ ᠠᠵᠢᠯᠯᠠᠭ᠎ᠠ ᠶᠢ ᠬᠢᠨᠠᠨ ᠪᠠᠶᠢᠴᠠᠭᠠᠨ᠎ᠠ︔ ᠬᠠᠮᠢᠶᠠᠷᠤᠨ ᠬᠠᠮᠠᠭᠠᠯᠠᠬᠤ ᠣᠷᠣᠨ ᠳᠣᠲᠣᠷ᠎ᠠ ᠢᠯᠡᠷᠡᠭᠦᠯᠦᠭᠰᠡᠨ ᠨᠤᠲᠤᠭ ᠪᠡᠯᠴᠢᠭᠡᠷ ᠤᠨ ᠬᠤᠯᠤᠭᠠᠨ᠎ᠠ ᠬᠤᠷᠣᠬᠠᠶ ᠶᠢᠨ ᠬᠥᠨᠥᠭᠡᠯ᠂ ᠨᠤᠲᠤᠭ ᠪᠡᠯᠴᠢᠭᠡᠷ ᠤᠨ ᠭᠠᠯ ᠤᠨ ᠠᠶᠤᠯ᠂ ᠪᠠᠶᠢᠭᠠᠯᠢ ᠶᠢᠨ ᠭᠠᠮᠰᠢᠭ ᠢ ᠴᠠᠭ ᠲᠤᠬᠠᠶ ᠳᠤᠨᠢ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠪᠣᠯᠣᠨ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ᠎ᠡ︔ ᠬᠠᠮᠢᠶᠠᠷᠴᠤ ᠬᠠᠮᠠᠭᠠᠯᠠᠬᠤ ᠣᠷᠣᠨ ᠤ ᠪᠠᠨ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠪᠠ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠵᠡᠷᠭᠡ ᠤᠬᠠᠭᠤᠯᠭ᠎ᠠ ᠶᠢᠨ ᠫᠠᠶᠢᠰᠠ ᠢᠯᠡᠷᠬᠡᠶᠢᠯᠡᠯ ᠢ ᠬᠠᠮᠠᠭᠠᠯᠠᠵᠤ ᠬᠠᠮᠢᠶᠠᠷᠤᠨ᠎ᠠ᠃ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠪᠣᠯᠣᠨ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠢ ᠬᠠᠮᠵᠢᠨ ᠨᠤᠲᠤᠭ ᠪᠡᠯᠴᠢᠭᠡᠷ ᠤᠨ ᠬᠠᠤᠯᠢ ᠲᠣᠭᠲᠠᠭᠠᠯ ᠪᠠ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠬᠤ ᠲᠤᠬᠠᠢ ᠬᠠᠮᠢᠶ᠎ᠠ ᠪᠥᠬᠦᠢ ᠲᠥᠷᠥ ᠶᠢᠨ ᠪᠤᠳᠤᠯᠭ᠎ᠠ ᠶᠢ ᠤᠬᠠᠭᠤᠯᠤᠨ᠎ᠠ᠃ ᠪᠣᠳᠠᠲᠠᠢ ᠠᠵᠢᠯ ᠤᠨ ᠬᠡᠷᠡᠭᠴᠡᠭᠡ ᠳᠤ ᠪᠠᠨ ᠦᠨᠳᠦᠰᠦᠯᠡᠵᠦ᠂ ᠨᠤᠲᠤᠭ ᠪᠡᠯᠴᠢᠭᠡᠷ ᠤᠨ ᠬᠠᠮᠢᠶᠠᠷᠤᠨ ᠬᠠᠮᠠᠭᠠᠯᠠᠭᠴᠢ ᠶᠢᠨ ᠡᠭᠦᠷᠭᠡ ᠬᠠᠷᠢᠭᠤᠴᠠᠯᠭ᠎ᠠ ᠶᠢ ᠨᠥᠬᠦᠪᠥᠷᠢᠯᠡᠨ  ᠲᠣᠬᠢᠷᠠᠭᠤᠯᠵᠤ ᠪᠣᠯᠣᠨ᠎ᠠ᠃      ︵ᠳᠥᠷᠪᠡ︶ ᠶᠠᠪᠤᠴᠠ ᠶᠢ ᠵᠢᠷᠤᠮᠵᠢᠭᠤᠯᠤᠨ᠎ᠠ᠃ ᠲᠣᠣᠷᠴᠢᠯᠠᠭᠰᠠᠨ ᠬᠠᠮᠢᠶᠠᠷᠤᠯᠲᠠ ᠶᠢᠨ ᠬᠡᠪᠴᠢᠶ᠎ᠡ ᠪᠠ ᠬᠠᠷᠢᠭᠤᠴᠠᠯᠭ᠎ᠠ ᠶᠢ ᠲᠣᠭᠲᠠᠭᠠᠭᠰᠠᠨ ᠤ ᠰᠠᠭᠤᠷᠢᠨ ᠳᠡᠭᠡᠷ᠎ᠡ᠂ ᠨᠤᠲᠤᠭ ᠪᠡᠯᠴᠢᠭᠡᠷ ᠤᠨ ᠲᠣᠣᠷᠴᠢᠯᠠᠭᠰᠠᠨ ᠬᠠᠮᠢᠶᠠᠷᠤᠯᠲᠠ ᠶᠢᠨ ᠶᠠᠪᠤᠴᠠ ᠶᠢ ᠵᠢᠷᠤᠮᠵᠢᠭᠤᠯᠵᠤ᠂ ᠢᠯᠡᠷᠡᠭᠦᠯᠬᠦ᠂ ᠲᠡᠮᠳᠡᠭᠯᠡᠨ ᠣᠷᠣᠭᠤᠯᠬᠤ᠂ ᠳᠡᠭᠡᠭᠰᠢ ᠮᠡᠳᠡᠭᠦᠯᠬᠦ᠂ ᠰᠠᠯᠭᠠᠨ ᠲᠣᠬᠢᠷᠠᠭᠤᠯᠬᠤ᠂ ᠳᠠᠷᠠᠭᠠᠯᠠᠨ ᠪᠠᠶᠢᠴᠠᠭᠠᠬᠤ᠂ ᠰᠢᠶᠳᠪᠦᠷᠢᠯᠡᠬᠦ᠂ ᠬᠡᠷᠡᠭ ᠳᠠᠭᠤᠰᠬᠠᠬᠤ᠂ ᠬᠠᠷᠢᠭᠤ ᠲᠤᠰᠬᠠᠬᠤ᠂ ᠬᠢᠨᠠᠨ ᠰᠢᠯᠭᠠᠷᠠᠭᠤᠯᠬᠤ ᠵᠡᠷᠭᠡ ᠬᠠᠮᠢᠶᠠᠷᠤᠯᠲᠠ ᠶᠢᠨ ᠪᠦᠬᠦ ᠵᠦᠢᠯ ᠢ ᠪᠠᠭᠲᠠᠭᠠᠭᠰᠠᠨ ᠨᠤᠲᠤᠭ ᠪᠡᠯᠴᠢᠭᠡᠷ ᠤᠨ ᠲᠣᠣᠷᠴᠢᠯᠠᠭᠰᠠᠨ ᠬᠠᠮᠢᠶᠠᠷᠤᠯᠲᠠ ᠶᠢᠨ ᠶᠠᠪᠤᠴᠠ ᠶᠢ ᠲᠣᠭᠲᠠᠭᠠᠨ᠎ᠠ᠃ ᠡᠭᠦᠨ ᠤ ᠬᠠᠮᠲᠤ᠂ ᠨᠠᠷᠢᠨ ᠶᠠᠪᠤᠴᠠ ᠳᠤ ᠬᠤᠯᠪᠣᠭᠳᠠᠬᠤ ᠬᠠᠷᠢᠭᠤᠴᠠᠯᠭᠠᠲᠤ ᠨᠢᠭᠡᠴᠢ ᠶᠢ ᠳᠣᠲᠤᠷᠬᠠᠶᠢᠯᠠᠵᠤ᠂ ᠳᠡᠭᠡᠷ᠎ᠡ ᠳᠣᠣᠷ᠎ᠠ ᠱᠠᠲᠤ᠂ ᠡᠷᠬᠡ ᠲᠤᠰᠢᠶᠠᠯᠲᠤ ᠪᠠᠶᠢᠭᠤᠯᠭ᠎ᠠ ᠨᠤᠭᠤᠳ ᠬᠠᠮᠵᠢᠯᠴᠠᠭᠰᠠᠨ ᠬᠢᠨᠠᠨ ᠬᠠᠮᠢᠶᠠᠷᠬᠤ ᠲᠣᠭᠲᠠᠴᠠ ᠶᠢ ᠪᠠᠶᠢᠭᠤᠯᠤᠨ᠎ᠠ᠃      ︵ᠲᠠᠪᠤ︶ ᠲᠦᠷᠢᠮ ᠢ ᠲᠡᠭᠦᠯᠳᠡᠷᠵᠢᠭᠦᠯᠦᠨ᠎ᠡ᠃ ᠲᠦᠷᠢᠮ ᠢᠶᠠᠷ ᠡᠷᠭᠢᠯᠲᠡ ᠶᠢ ᠬᠠᠮᠢᠶᠠᠷᠤᠭᠤᠯᠵᠤ᠂ ᠲᠣᠣᠷᠴᠢᠯᠠᠭᠰᠠᠨ ᠬᠠᠮᠢᠶᠠᠷᠤᠯᠲᠠ ᠶᠢᠨ ᠠᠵᠢᠯᠲᠠᠨ ᠤ ᠬᠠᠮᠢᠶᠠᠷᠤᠯᠲᠠ᠂ ᠬᠠᠷᠢᠭᠤᠴᠠᠯᠭ᠎ᠠ ᠶᠢᠨ ᠬᠢᠨᠠᠨ ᠰᠢᠯᠭᠠᠷᠠᠭᠤᠯᠤᠯᠲᠠ ᠪᠠ ᠡᠳᠦᠷ ᠳᠣᠳᠥᠮ ᠤᠨ ᠲᠣᠭᠤᠷᠢᠨ ᠬᠠᠮᠠᠭᠠᠯᠠᠯᠲᠠ ᠵᠡᠷᠭᠡ ᠳᠦᠷᠢᠮ ᠤᠳ ᠢ ᠲᠣᠭᠲᠠᠭᠠᠨ᠂ ᠨᠤᠲᠤᠭ ᠪᠡᠯᠴᠢᠭᠡᠷ ᠤᠨ ᠲᠣᠣᠷᠴᠢᠯᠠᠭᠰᠠᠨ ᠬᠢᠨᠠᠯᠲᠠ ᠬᠠᠮᠢᠶᠠᠷᠤᠯᠲᠠ ᠶᠢᠨ ᠰᠢᠨ᠎ᠡ ᠲᠣᠭᠲᠠᠴᠠ ᠶᠢ ᠪᠦᠷᠢᠯᠳᠦᠭᠦᠯᠦᠨ᠎ᠡ᠃      ︵ᠵᠢᠷᠭᠤᠭ᠎ᠠ︶ ᠲᠣᠭᠠᠴᠢᠯᠠᠭᠰᠠᠨ ᠬᠢᠨᠠᠯᠲᠠ ᠬᠠᠮᠢᠶᠠᠷᠤᠯᠲᠠ ᠶᠢ ᠪᠡᠶᠡᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠲᠣᠬᠢᠷᠠᠭᠤᠯᠤᠯᠲᠠ ᠶᠣᠰᠣᠭᠠᠷ᠂ ᠨᠤᠲᠤᠭ ᠪᠡᠯᠴᠢᠭᠡᠷ ᠤᠨ ᠠᠮᠢ ᠠᠬᠤᠶ ᠶᠢᠨ ᠲᠣᠭᠠᠴᠢᠯᠠᠭᠰᠠᠨ ᠬᠢᠨᠠᠯᠲᠠ ᠬᠠᠮᠢᠶᠠᠷᠤᠯᠲᠠ ᠶᠢᠨ ᠲᠠᠪᠴᠠᠩ ᠢ ᠠᠰᠢᠭᠯᠠᠵᠤ ᠨᠤᠲᠤᠭ ᠪᠡᠯᠴᠢᠭᠡᠷ ᠤᠨ ᠲᠣᠣᠷᠴᠢᠯᠠᠭᠰᠠᠨ ᠬᠢᠨᠠᠯᠲᠠ ᠬᠠᠮᠢᠶᠠᠷᠤᠯᠲᠠ ᠶᠢᠨ ᠠᠵᠢᠯ ᠢ ᠠᠬᠢᠭᠤᠯᠤᠨ᠂ ᠭᠤᠣᠯᠳᠠᠯᠭ᠎ᠠ ᠲᠠᠢ ᠣᠷᠣᠨ᠂ ᠭᠤᠣᠯᠳᠠᠯᠭ᠎ᠠ ᠲᠠᠢ ᠴᠠᠭ ᠬᠤᠭᠤᠴᠠᠭ᠎ᠠ᠂ ᠭᠤᠣᠯ ᠬᠥᠮᠥᠰ ᠢ ᠰᠢᠭᠰᠢᠨ ᠪᠠᠶᠢᠴᠠᠭᠠᠵᠤ᠂ ᠬᠢᠨᠠᠯᠲᠠ ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠣᠨᠣᠪᠴᠢᠲᠠᠢ ᠪᠠᠷ ᠲᠣᠷᠭᠠᠨ ᠰᠢᠢᠳᠬᠡᠵᠦ᠂ ᠬᠠᠷᠢᠭᠤᠴᠠᠯᠭ᠎ᠠ ᠨᠡᠬᠡᠮᠵᠢᠯᠡᠨ᠎ᠡ᠃      ︵ᠳᠣᠯᠤᠭ᠎ᠠ︶ ᠡᠷᠬᠡ ᠲᠤᠰᠢᠶᠠᠯ ᠤᠨ ᠬᠤᠪᠢᠶᠠᠷᠢᠯᠠᠯ ᠢ ᠲᠣᠳᠣᠷᠬᠠᠶᠢᠯᠠᠨ᠎ᠠ᠃ ᠤᠢ ᠰᠢᠭᠤᠢ ᠶᠢᠨ ᠳᠠᠷᠤᠭ᠎ᠠ ᠶᠢᠨ ᠳᠦᠷᠢᠮ ᠤᠨ ᠰᠠᠭᠤᠷᠢᠨ ᠳᠡᠭᠡᠷ᠎ᠡ᠂ ᠨᠤᠲᠤᠭ ᠪᠡᠯᠴᠢᠭᠡᠷ ᠤᠨ ᠲᠣᠣᠷᠴᠢᠯᠠᠭᠰᠠᠨ ᠬᠠᠮᠢᠶᠠᠷᠤᠯᠲᠠ ᠳᠠᠬᠢ ᠣᠶ ᠰᠢᠭᠤᠶ ᠨᠤᠲᠤᠭ ᠪᠡᠯᠴᠢᠭᠡᠷ᠂ ᠪᠠᠶᠢᠭᠠᠯᠢ ᠶᠢᠨ ᠡᠬᠢ ᠪᠠᠶᠠᠯᠢᠭ᠂ ᠲᠠᠷᠢᠶᠠᠯᠠᠩ ᠮᠠᠯ ᠠᠵᠤ ᠠᠬᠤᠶ᠂ ᠳᠣᠲᠣᠭᠠᠳᠤ ᠶᠢ ᠬᠠᠮᠠᠭᠠᠯᠠᠬᠤ ᠵᠢᠴᠢ ᠰᠤᠮᠤ ᠪᠠᠯᠭᠠᠰᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠵᠡᠷᠭᠡ ᠪᠠᠶᠢᠭᠤᠯᠭ᠎ᠠ ᠶᠢᠨ ᠲᠤᠰᠢᠶᠠᠯ ᠬᠠᠷᠢᠭᠤᠴᠠᠯᠭ᠎ᠠ ᠶᠢ ᠤᠯᠠᠮ ᠳᠣᠲᠤᠷᠬᠠᠶᠢᠯᠠᠵᠤ᠂ ᠠᠲᠠᠷ ᠬᠠᠭᠠᠯᠪᠤᠷᠢᠯᠠᠬᠤ᠂ ᠲᠣᠭᠲᠠᠭᠠᠯ ᠵᠥᠷᠢᠴᠡᠵᠦ ᠪᠡᠯᠴᠢᠭᠡᠷᠯᠡᠭᠦᠯᠬᠦ᠂ ᠵᠥᠪᠰᠢᠶᠡᠷᠡᠭᠦᠯᠦᠭᠰᠡᠨ ᠠᠴᠠ  ᠢᠯᠡᠭᠦᠦ ᠡᠵᠡᠯᠡᠬᠦ ᠵᠡᠷᠭᠡ ᠬᠠᠤᠯᠢ ᠪᠤᠰᠤ  ᠪᠠᠷ ᠨᠤᠲᠤᠭ ᠪᠡᠯᠴᠢᠭᠡᠷ ᠢ ᠡᠪᠳᠡᠭᠰᠡᠨ ᠠᠵᠢᠯᠯᠠᠭ᠎ᠠ ᠶᠢ ᠪᠦᠲᠦᠮᠵᠢᠲᠡᠶ ᠬᠠᠮᠢᠶᠠᠷᠤᠨ᠎ᠠ᠃      ᠳᠥᠷᠪᠡ᠂ ᠠᠬᠢᠴᠠ ᠶᠢᠨ ᠲᠣᠬᠢᠷᠠᠭᠤᠯᠤᠯᠲᠠ      ︵ᠨᠢᠭᠡ︶ ᠲᠣᠣᠷᠴᠢᠯᠠᠭᠰᠠᠨ ᠬᠠᠮᠢᠶᠠᠷᠤᠯᠲᠠ ᠶᠢ ᠪᠠᠶᠢᠷᠢᠯᠠᠭᠤᠯᠬᠤ ᠱᠠᠲᠤ᠃ 9 ᠳ᠋ᠦ᠋ᠭᠡᠷ ᠰᠠᠷ᠎ᠠ ᠶᠢᠨ 28 ᠤ ᠡᠳᠦᠷ ᠠᠴᠠ ᠡᠮᠦᠨ᠎ᠡ᠂ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠲᠠᠢ ᠬᠠᠮᠲᠤᠷᠠᠨ ᠲᠣᠣᠷᠴᠢᠯᠠᠭᠰᠠᠨ ᠬᠠᠮᠢᠶᠠᠷᠤᠯᠲᠠ ᠶᠢ ᠪᠠᠶᠢᠷᠢᠯᠠᠭᠤᠯᠬᠤ ᠪᠠ ᠲᠣᠣᠷᠴᠢᠯᠠᠭᠰᠠᠨ ᠬᠠᠮᠢᠶᠠᠷᠤᠯᠲᠠ ᠶᠢᠨ ᠠᠵᠢᠯᠲᠠᠨ ᠢ ᠲᠣᠭᠲᠠᠭᠠᠬᠤ ᠠᠵᠢᠯ ᠢ ᠪᠡᠶᠡᠯᠡᠭᠦᠯᠬᠦ ᠶᠢᠨ ᠬᠠᠮᠲᠤ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ ᠬᠤᠳᠠ ᠶᠢᠨ ᠤᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠳᠤ ᠮᠡᠳᠡᠭᠦᠯᠦᠨ᠎ᠡ᠃      ︵ᠬᠤᠶᠠᠷ︶ ᠲᠦᠷᠢᠮ ᠢ ᠲᠡᠭᠦᠯᠳᠡᠷᠵᠢᠭᠦᠯᠬᠦ ᠱᠠᠲᠤ᠃ 2022 ᠣᠨ ᠤ 10 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ᠂ ᠳᠠᠭᠡᠷ᠎ᠡ ᠱᠠᠲᠤ ᠲᠠᠢ ᠬᠠᠮᠵᠢᠯᠴᠠᠨ ᠨᠢᠭᠡ ᠪᠦᠯᠦᠭ ᠲᠦᠷᠢᠮ ᠲᠣᠭᠲᠠᠭᠠᠯ ᠢ ᠲᠣᠭᠲᠠᠭᠠᠨ ᠲᠡᠭᠦᠯᠳᠡᠷᠵᠢᠭᠦᠯᠵᠦ᠂ ᠲᠣᠣᠷᠴᠢᠯᠠᠭᠰᠠᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠪᠠᠲᠤᠯᠠᠨ᠎ᠠ᠃      ︵ᠭᠤᠷᠪᠠ︶ ᠠᠵᠢᠯᠯᠠᠭᠤᠯᠬᠤ ᠱᠠᠲᠤ᠃ 2022 ᠣᠨ ᠤ 9 ᠳ᠋ᠦ᠋ᠭᠡᠷ ᠰᠠᠷ᠎ᠠ ᠶᠢᠨ 30 ᠤ ᠡᠳᠦᠷ ᠠᠴᠠ 2022 ᠣᠨ ᠤ 11 ᠳ᠋ᠦ᠋ᠭᠡᠷ ᠰᠠᠷ᠎ᠠ ᠶᠢᠨ 30 ᠤ ᠡᠳᠦᠷ ᠬᠦᠷᠲᠡᠯ᠎ᠡ᠂ ᠨᠤᠲᠤᠭ ᠪᠡᠯᠴᠢᠭᠡᠷ ᠤᠨ ᠠᠮᠢ ᠠᠬᠤᠶ ᠶᠢᠨ ᠲᠣᠭᠠᠴᠢᠯᠠᠭᠰᠠᠨ ᠬᠢᠨᠠᠯᠲᠠ ᠬᠠᠮᠢᠶᠠᠷᠤᠯᠲᠠ ᠶᠢᠨ ᠲᠠᠪᠴᠠᠩ ᠢ ᠠᠰᠢᠭᠯᠠᠵᠤ᠂ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠡᠯ᠎ᠡ ᠠᠵᠢᠯ ᠢ ᠲᠣᠣᠷᠴᠢᠯᠠᠭᠰᠠᠨ ᠬᠠᠮᠢᠶᠠᠷᠤᠯᠲᠠ ᠳᠤ ᠣᠷᠣᠭᠤᠯᠤᠨ᠂ ᠬᠠᠮᠢᠶᠠᠷᠤᠯᠲᠠ ᠶᠢᠨ ᠵᠠᠭᠪᠤᠷ ᠢ ᠨᠠᠷᠢᠯᠢᠭᠵᠢᠭᠤᠯᠵᠤ᠂ ᠨᠤᠲᠤᠭ ᠪᠡᠯᠴᠢᠭᠡᠷ ᠤᠨ ᠬᠢᠨᠠᠯᠲᠠ ᠬᠠᠤᠯᠢ ᠬᠡᠷᠡᠭᠵᠢᠭᠦᠯᠦᠯᠲᠡ ᠶᠢ ᠪᠠᠶᠢᠩᠭᠤ ᠬᠡᠷᠡᠭᠵᠢᠭᠦᠯᠦᠨ᠎ᠡ᠃      ︵ᠳᠥᠷᠪᠡ︶ ᠬᠤᠷᠢᠶᠠᠩᠭᠤᠶᠢᠯᠠᠨ ᠳ᠋ᠦᠩᠨᠡᠬᠦ ᠱᠠᠲᠤ᠃ 2022 ᠣᠨ ᠤ 12 ᠳ᠋ᠤᠭᠠᠷ ᠰᠠᠷ᠎ᠠ ᠳᠤ᠂ ᠠᠵᠢᠯ ᠤᠨ ᠲᠤᠷᠰᠢᠯᠭ᠎ᠠ ᠪᠠᠨ ᠳ᠋ᠦᠩᠨᠡᠵᠦ᠂ ᠣᠷᠣᠰᠢᠵᠤ ᠪᠠᠶᠢᠭ᠎ᠠ ᠠᠰᠠᠭᠤᠳᠠᠯ ᠢᠶᠠᠨ ᠡᠮᠬᠢᠯᠡᠨ᠂ ᠳᠡᠭᠡᠳᠦ ᠱᠠᠲᠤᠨ ᠤ ᠪᠠᠶᠢᠭᠤᠯᠭ᠎ᠠ ᠶᠢᠨ ᠨᠠᠶᠢᠷᠠᠭᠤᠯᠤᠭᠰᠠᠨ ︽ᠨᠤᠲᠤᠭ ᠪᠡᠯᠴᠢᠭᠡᠷ ᠤᠨ ᠲᠣᠣᠷᠴᠢᠯᠠᠭᠰᠠᠨ ᠬᠠᠮᠢᠶᠠᠷᠤᠯᠲᠠ ᠶᠢᠨ ᠠᠵᠢᠯ ᠤᠨ ᠵᠦᠭᠯᠡᠭᠦᠷ︾ ᠶᠣᠰᠣᠭᠠᠷ ᠠᠵᠢᠯ ᠤᠨ ᠲᠣᠭᠲᠠᠴᠠ ᠪᠠᠨ ᠲᠡᠭᠦᠯᠳᠡᠷᠵᠢᠭᠦᠯᠵᠦ᠂ ᠨᠤᠲᠤᠭ ᠪᠡᠯᠴᠢᠭᠡᠷ ᠤᠨ ᠲᠣᠣᠷᠴᠢᠯᠠᠭᠰᠠᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠠᠩᠬ᠎ᠠ ᠠᠯᠬᠤᠮ ᠪᠠᠶᠢᠭᠤᠯᠬᠤ ᠳᠤ ᠰᠠᠭᠤᠷᠢ ᠲᠠᠯᠪᠢᠨ᠎ᠠ᠃      ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠨᠤᠲᠤᠭ ᠪᠡᠯᠴᠢᠭᠡᠷ ᠤᠨ ᠲᠤᠤᠷᠴᠢᠯᠠᠭᠰᠠᠨ ᠬᠢᠨᠠᠯᠲᠠ ᠬᠠᠮᠢᠶᠠᠷᠤᠯᠲᠠ ᠶᠢᠨ ᠠᠵᠢᠯ ᠢ ᠡᠯ᠎ᠡ ᠱᠠᠲᠤᠨ ᠤ ᠣᠢ ᠰᠢᠭᠤᠢ ᠶᠢᠨ ᠳᠠᠷᠤᠭ᠎ᠠ ᠶᠢᠨ ᠲᠤᠰᠢᠶᠠᠯ ᠬᠠᠷᠢᠭᠤᠴᠠᠯᠭ᠎ᠠ ᠳᠤ ᠣᠷᠣᠭᠤᠯᠤᠨ᠎ᠠ᠃ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠠᠵᠢᠯ ᠤᠨ ᠲᠥᠰᠦᠯ ᠤᠨ ᠱᠠᠭᠠᠷᠳᠠᠯᠭ᠎ᠠ ᠶᠣᠰᠣᠭᠠᠷ᠂ ᠠᠵᠢᠯ ᠤᠨ ᠬᠤᠭᠤᠴᠠᠭ᠎ᠠ ᠶᠢ ᠲᠣᠬᠢᠷᠠᠭᠤᠯᠵᠤ᠂ ᠠᠵᠢᠯ ᠢ ᠨᠠᠶᠢᠳᠠᠪᠤᠷᠢᠵᠢᠭᠤᠯᠬᠤ ᠲᠥᠰᠦᠯ ᠶᠣᠰᠣᠭᠠᠷ᠂ ᠡᠯ᠎ᠡ ᠲᠥᠷᠥᠯ ᠤᠨ ᠠᠵᠢᠯ ᠤᠨ ᠡᠭᠦᠷᠭᠡ ᠪᠠᠨ ᠴᠠᠭ ᠲᠤᠬᠠᠶ ᠳᠤᠨᠢ ᠪᠡᠶᠡᠯᠡᠭᠦᠯᠦᠨ᠎ᠡ᠃︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠠᠵᠢᠯ ᠤᠨ ᠲᠦᠷᠢᠮ︾ ᠤᠨ ᠠᠷᠪᠠᠨ ᠲᠠᠪᠤᠳᠤᠭᠠᠷ ᠵᠦᠶᠯ ᠳᠤ ᠠᠶᠢᠮᠠᠭ ᠬᠤᠲᠠ ᠶᠢᠨ ᠠᠷᠠᠳ ᠤᠨ ᠵᠠᠰᠠᠭ ᠤᠨ ᠣᠷᠳᠣᠨ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠠᠵᠢᠯ ᠢ ᠬᠢᠨᠠᠨ ᠵᠢᠯᠣᠭᠤᠳᠤᠨ᠎ᠠ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠠᠵᠢᠯ ᠢ ᠪᠣᠳᠠᠲᠠᠢ ᠬᠠᠷᠢᠭᠤᠴᠠᠨ᠎ᠠ᠃ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠬᠠᠷᠢᠶ᠎ᠠ ᠣᠷᠣᠨ ᠤ ᠪᠠᠨ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠠᠵᠢᠯ ᠢ ᠪᠣᠳᠠᠲᠠᠶ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ ᠭᠡᠵᠤ ᠳᠣᠲᠤᠷᠬᠠᠢ ᠲᠣᠭᠲᠠᠭᠠᠪᠠ᠃ ᠠᠷᠪᠠᠨ ᠵᠢᠷᠭᠤᠳᠤᠭᠠᠷ ᠵᠦᠢᠯ ᠳᠤ ᠬᠤᠰᠢᠭᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠪᠠᠶᠢᠭᠤᠯᠭ᠎ᠠ ᠮᠠᠯ ᠪᠡᠯᠴᠢᠭᠡᠷ ᠢ ᠲᠡᠩᠴᠡᠭᠦᠷᠢᠲᠡᠶ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠠᠵᠢᠯ ᠤᠨ ᠬᠢᠨᠠᠯᠲᠠ ᠬᠠᠮᠢᠶᠠᠷᠤᠯᠲᠠ ᠳᠤ ᠳᠣᠣᠷᠠᠬᠢ ᠲᠤᠰᠢᠶᠠᠯ ᠬᠠᠷᠢᠭᠤᠴᠠᠯᠭ᠎ᠠ ᠶᠢ ᠭᠦᠢᠴᠡᠳᠬᠡᠬᠦ ᠬᠡᠷᠡᠭᠲᠡᠢ ᠭᠡᠵᠤ ᠲᠣᠭᠲᠠᠭᠠᠪᠠ᠄      ︵ᠨᠢᠭᠡ︶ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠪᠠᠶᠢᠭᠤᠯᠭ᠎ᠠ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠠᠵᠢᠯ ᠢ ᠬᠢᠨᠠᠨ ᠪᠠᠶᠢᠴᠠᠭᠠᠬᠤ᠂ ᠲᠤᠬᠠᠶᠢᠯᠠᠭᠰᠠᠨ ᠠᠵᠢᠯ ᠢ ᠵᠢᠯᠤᠭᠤᠳᠬᠤ ᠵᠢᠴᠢ ᠪᠡᠯᠴᠢᠭᠡᠷ ᠤᠨ ᠪᠠᠭᠲᠠᠭᠠᠮᠵᠢ ᠶᠢ ᠬᠢᠨᠠᠨ ᠲᠣᠭᠲᠠᠭᠠᠬᠤ ᠵᠡᠷᠭᠡ ᠠᠵᠢᠯ ᠢ ᠬᠠᠷᠢᠭᠤᠴᠠᠵᠤ᠂ ᠲᠠᠷᠢᠶᠠᠯᠠᠩ ᠮᠠᠯ ᠠᠵᠤ ᠠᠬᠤᠶ ᠶᠢᠨ ᠪᠠᠶᠢᠭᠤᠯᠭ᠎ᠠ ᠲᠠᠢ ᠬᠠᠮᠲᠤᠷᠠᠨ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠦᠷᠢ ᠱᠠᠩᠨᠠᠯ ᠤᠨ ᠪᠠᠷᠢᠮᠵᠢᠶ᠎ᠠ ᠪᠠ ᠠᠷᠭ᠎ᠠ ᠬᠡᠮᠵᠢᠶ᠎ᠡ ᠶᠢ ᠲᠣᠭᠲᠠᠭᠠᠨ᠎ᠠ᠃ ᠭᠤᠴᠢᠨ ᠨᠢᠭᠡᠳᠦᠭᠡᠷ ᠵᠦᠢᠯ ᠳᠤ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤᠰᠬᠠᠶ ᠲᠤᠰᠢᠶᠠᠯᠲᠤ ᠪᠤᠶᠤ ᠲᠤᠰᠢᠶᠠᠯ ᠬᠠᠪᠰᠤᠷᠭᠠᠭᠰᠠᠨ ᠨᠤᠲᠤᠭ ᠪᠡᠯᠴᠢᠭᠡᠷ ᠤᠨ ᠬᠠᠮᠢᠶᠠᠷᠤᠨ ᠬᠠᠮᠠᠭᠠᠯᠠᠭᠴᠢ ᠲᠣᠬᠢᠷᠠᠭᠤᠯᠣᠨ᠂ ᠬᠠᠮᠢᠶᠠᠷᠤᠨ ᠬᠠᠮᠠᠭᠠᠯᠠᠬᠤ ᠬᠠᠷᠢᠭᠤᠴᠠᠯᠭ᠎ᠠ ᠶᠢᠨ ᠣᠷᠣᠨ ᠢ ᠬᠤᠪᠢᠶᠠᠷᠢᠯᠠᠨ ᠲᠣᠭᠲᠠᠭᠠᠵᠤ᠂ ᠲᠣᠣᠷᠴᠢᠯᠠᠭᠰᠠᠨ ᠬᠠᠮᠢᠶᠠᠷᠤᠯᠲᠠ ᠶᠢ ᠬᠡᠷᠡᠭᠵᠢᠭᠦᠯᠦᠨ᠎ᠡ ᠭᠡᠵᠤ ᠳᠣᠲᠤᠷᠬᠠᠢ ᠲᠣᠭᠲᠠᠭᠠᠪᠠ᠃      ︵ᠬᠤᠶᠠᠷ︶ ᠪᠠᠯᠠ ᠮᠥᠩᠭᠦᠨ ᠤ ᠪᠠᠲᠤᠯᠠᠭ᠎ᠠ ᠶᠢ ᠴᠢᠩᠭᠠᠳᠬᠠᠨ᠎ᠠ᠃ ︽ᠪᠠᠶᠢᠭᠠᠯᠢ ᠶᠢᠨ ᠡᠬᠢ ᠪᠠᠶᠠᠯᠢᠭ ᠤᠨ ᠬᠦᠷᠢᠶ᠎ᠡ ᠬᠡᠪᠴᠢᠶᠡᠨ ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠬᠡᠷᠡᠭ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠨ ᠥᠭᠡᠷᠡᠴᠢᠯᠡᠬᠦ ᠠᠵᠢᠯ ᠤᠨ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠲᠠᠷᠬᠠᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠭᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2021﹈ 75 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠪᠡᠯᠡ ᠮᠥᠩᠭᠦ ᠴᠤᠭᠯᠠᠭᠤᠯᠵᠤ᠂ ᠲᠣᠣᠷᠴᠢᠯᠠᠭᠰᠠᠨ ᠬᠠᠮᠢᠶᠠᠷᠤᠯᠲᠠ ᠶᠢᠨ ᠠᠵᠢᠯᠲᠠᠨ ᠤ ᠴᠠᠯᠢᠩ ᠨᠥᠬᠦᠪᠥᠷᠢ ᠶᠢ ᠪᠠᠲᠤᠯᠠᠨ᠎ᠠ᠃ ᠥᠪᠡᠷᠲᠡᠭᠡᠨ ᠵᠠᠰᠠᠬᠤ ᠣᠷᠣᠨ ᠪᠣᠯᠤᠨ ᠬᠤᠲᠠ ᠠᠴᠠ ᠪᠠᠭᠤᠯᠭᠠᠭᠰᠠᠨ ᠬᠠᠮᠢᠶᠠᠷᠴᠤ ᠬᠠᠮᠠᠭᠠᠯᠠᠬᠤ ᠵᠠᠷᠤᠳᠠᠯ ᠢ ᠰᠠᠶᠢᠲᠤᠷ ᠠᠰᠢᠭᠯᠠᠬᠤ ᠶᠢᠨ ᠵᠡᠷᠭᠡᠪᠡᠷ ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤᠨ ᠤ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠵᠠᠷᠤᠳᠠᠯ ᠵᠢᠴᠢ ᠬᠤᠰᠢᠭᠤ ᠲᠣᠰ ᠱᠠᠲᠤᠨ ᠤ ᠡᠳ᠋ ᠤᠨ ᠵᠠᠰᠠᠭ ᠠᠴᠠ ᠪᠠᠯᠠ ᠮᠥᠩᠭᠦ ᠳᠣᠭᠢᠷᠠᠭᠤᠯᠵᠤ᠂ ᠨᠤᠲᠤᠭ ᠪᠡᠯᠴᠢᠭᠡᠷ ᠤᠨ ᠬᠠᠮᠢᠶᠠᠷᠤᠨ ᠬᠠᠮᠠᠭᠠᠯᠠᠭᠴᠢ ᠶᠢᠨ ᠨᠥᠬᠦᠪᠥᠷᠢ ᠶᠢᠨ ᠵᠠᠷᠤᠳᠠᠯ ᠢ ᠣᠷᠳᠣ ᠬᠤᠭᠤᠴᠠᠭ᠎ᠠ ᠪᠠᠷ ᠪᠦᠲᠦᠮᠵᠢᠲᠡᠶ ᠪᠠᠲᠤᠯᠠᠬᠤ ᠲᠣᠭᠲᠠᠴᠠ ᠶᠢ ᠪᠠᠶᠢᠭᠤᠯᠤᠨ᠂ ᠨᠤᠲᠤᠭ ᠪᠡᠯᠴᠢᠭᠡᠷ ᠤᠨ ᠬᠠᠮᠢᠶᠠᠷᠤᠨ ᠬᠠᠮᠠᠭᠠᠯᠠᠭᠴᠢ ᠶᠢᠨ ᠨᠥᠬᠦᠪᠥᠷᠢ  ᠶᠢᠨ ᠪᠠᠷᠢᠮᠵᠢᠶ᠎ᠠ ᠶᠢ ᠢᠳᠡᠭ ᠢᠳᠡᠭ ᠢᠶᠠᠷ ᠳᠡᠭᠡᠭᠰᠢᠯᠡᠭᠦᠯᠦᠨ᠎ᠡ᠃      ︵ᠭᠤᠷᠪᠠ︶ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠴᠢᠩᠭᠠᠳᠬᠠᠨ᠎ᠠ᠃ ᠲᠣᠣᠷᠴᠢᠯᠠᠭᠰᠠᠨ ᠬᠠᠮᠢᠶᠠᠷᠤᠯᠲᠠ ᠶᠢᠨ ᠠᠵᠢᠯᠲᠠᠨ ︵ᠨᠤᠲᠤᠭ ᠪᠡᠯᠴᠢᠭᠡᠷ ᠤᠨ ᠬᠠᠮᠢᠶᠠᠷᠤᠨ ᠬᠠᠮᠠᠭᠠᠯᠠᠭᠴᠢ︶ ᠤ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠪᠣᠯᠪᠠᠰᠤᠷᠠᠯ ᠢ ᠰᠠᠶᠢᠲᠤᠷ ᠬᠢᠵᠦ᠂ ᠨᠤᠲᠤᠭ ᠪᠡᠯᠴᠢᠭᠡᠷ ᠤᠨ ᠬᠠᠤᠯᠢ ᠲᠣᠭᠲᠠᠭᠠᠯ᠂ ᠨᠤᠲᠤᠭ ᠪᠡᠯᠴᠢᠭᠡᠷ ᠤᠨ ᠠᠮᠢᠳᠤ ᠪᠣᠳᠠᠰ ᠪᠠᠶᠢᠭᠠᠯᠢ ᠶᠢᠨ ᠭᠠᠮᠰᠢᠭ ᠤᠨ ᠰᠠᠭᠤᠷᠢ ᠮᠡᠳᠡᠯᠭᠡ᠂ ᠮᠡᠳᠡᠭᠡ ᠵᠠᠩᠭᠢ ᠶᠢᠨ ᠲᠠᠪᠴᠠᠩ ᠤᠨ ᠬᠡᠷᠡᠭᠯᠡᠯᠲᠡ ᠵᠡᠷᠭᠡ ᠦᠨᠳᠦᠰᠦᠨ ᠮᠡᠳᠡᠯᠭᠡ ᠶᠢ ᠰᠢᠰᠲ᠋ᠧᠮ ᠲᠠᠢ ᠡᠵᠡᠮᠰᠢᠭᠦᠯᠦᠨ᠂ ᠬᠠᠤᠯᠢ ᠮᠡᠳᠡᠳᠡᠭ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ ᠨᠤᠲᠤᠭ ᠪᠡᠯᠴᠢᠭᠡᠷ ᠤᠨ ᠲᠣᠣᠷᠴᠢᠯᠠᠭᠰᠠᠨ ᠬᠠᠮᠢᠶᠠᠷᠤᠯᠲᠠ ᠶᠢᠨ ᠠᠵᠢᠯᠲᠠᠨ ᠤ ᠡᠩᠨᠡᠭᠡ ᠶᠢ ᠠᠯᠬᠤᠮ ᠠᠯᠬᠤᠮ ᠢᠶᠠᠷ ᠪᠠᠶᠢᠭᠤᠯᠤᠨ᠎ᠠ᠃      ︵ᠳᠥᠷᠪᠡ︶ ᠠᠮᠵᠢᠯᠲᠠ ᠪᠦᠲᠦᠮᠵᠢ ᠶᠢᠨ ᠬᠢᠨᠠᠨ ᠰᠢᠯᠭᠠᠷᠠᠭᠤᠯᠤᠯᠲᠠ ᠶᠢ ᠴᠢᠩᠭᠠᠳᠬᠠᠨ᠎ᠠ᠃ ᠮᠠᠯ ᠪᠡᠯᠴᠢᠭᠡᠷ ᠢ ᠲᠡᠩᠴᠭᠦᠷᠢᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠠᠵᠢᠯ ᠢ ᠬᠤᠰᠢᠭᠤᠨ ᠤ ︽ᠲᠠᠪᠤ ᠶᠢ ᠨᠢᠭᠡ ᠴᠣᠭᠴᠠᠵᠢᠭᠤᠯᠬᠤ︾ ᠬᠢᠨᠠᠨ ᠰᠢᠯᠭᠠᠷᠠᠭᠤᠯᠤᠯᠲᠠ ᠶᠢᠨ ᠴᠢᠬᠤᠯᠠ ᠦᠨᠳᠦᠰᠦᠯᠡᠯ ᠪᠣᠯᠭᠠᠵᠤ᠂ ᠨᠤᠲᠤᠭ ᠪᠡᠯᠴᠢᠭᠡᠷ ᠤᠨ ᠲᠣᠣᠷᠴᠢᠯᠠᠭᠰᠠᠨ ᠬᠢᠨᠠᠯᠲᠠ ᠬᠠᠮᠢᠶᠠᠷᠤᠯᠲᠠ ᠶᠢᠨ ᠠᠵᠢᠯ ᠢ ᠣᠶ ᠰᠢᠭᠤᠶ ᠶᠢᠨ ᠳᠠᠷᠤᠭ᠎ᠠ ᠶᠢᠨ ᠳᠦᠷᠢᠮ ᠤᠨ ᠬᠢᠨᠠᠨ ᠰᠢᠯᠭᠠᠷᠠᠭᠤᠯᠤᠯᠲᠠ ᠶᠢᠨ ᠴᠢᠬᠤᠯᠠ ᠯᠠᠪᠯᠠᠯᠲᠠ ᠪᠣᠯᠭᠠᠨ᠎ᠠ᠃ ᠡᠭᠦᠨ ᠤ ᠬᠠᠮᠲᠤ᠂ ᠨᠤᠲᠤᠭ ᠪᠡᠯᠴᠢᠭᠡᠷ ᠤᠨ ᠬᠠᠮᠢᠶᠠᠷᠤᠨ ᠬᠠᠮᠠᠭᠠᠯᠠᠭᠴᠢ ᠶᠢᠨ ᠠᠮᠵᠢᠯᠲᠠ ᠪᠦᠲᠦᠮᠵᠢ ᠶᠢᠨ ᠬᠢᠨᠠᠨ ᠰᠢᠯᠭᠠᠷᠠᠭᠤᠯᠤᠯᠲᠠ ᠶᠢ ᠴᠢᠩᠭᠠᠳᠬᠠᠵᠤ᠂ ᠱᠠᠩᠨᠠᠵᠤ ᠲᠣᠷᠭᠠᠬᠤ ᠲᠦᠷᠢᠮ ᠢ ᠲᠣᠭᠲᠠᠭᠠᠨ᠂ ᠨᠤᠲᠤᠭ ᠪᠡᠯᠴᠢᠭᠡᠷ ᠤᠨ ᠬᠠᠮᠢᠶᠠᠷᠤᠨ ᠬᠠᠮᠠᠭᠠᠯᠠᠭᠴᠢ ᠶᠢᠨ ᠠᠵᠢᠯ ᠤᠨ ᠢᠳᠡᠪᠬᠢᠵᠢᠯ ᠢ ᠳᠠᠶᠢᠴᠢᠯᠠᠨ᠎ᠠ᠃      ︵ᠲᠠᠪᠤ︶ ᠡᠷᠬᠡ ᠠᠰᠢᠭ ᠤᠨ ᠬᠠᠮᠠᠭᠠᠯᠠᠯᠲᠠ ᠶᠢ ᠴᠢᠩᠭᠠᠷᠠᠭᠤᠯᠤᠨ᠎ᠠ᠃ ᠡᠯ᠎ᠡ ᠰᠤᠮᠤ ᠪᠠᠯᠭᠠᠰᠤ ᠬᠠᠮᠢᠶᠠᠷᠤᠨ ᠬᠠᠮᠠᠭᠠᠯᠠᠭᠴᠢ ᠲᠠᠢ ᠵᠢᠩᠬᠢᠨᠢ ᠪᠠᠷ ᠬᠠᠮᠢᠶᠠᠷᠤᠨ ᠬᠠᠮᠠᠭᠠᠯᠠᠬᠤ ᠭᠡᠷ᠎ᠡ ᠲᠣᠭᠲᠠᠵᠤ᠂ ᠬᠠᠮᠢᠶᠠᠷᠤᠨ ᠬᠠᠮᠠᠭᠠᠯᠠᠭᠴᠢ ᠶᠢᠨ ᠡᠯ᠎ᠡ ᠵᠦᠶᠯ ᠤᠨ ᠡᠷᠬᠡ ᠠᠰᠢᠭ ᠢ ᠪᠠᠲᠤᠯᠠᠨ᠎ᠠ᠃ ᠤᠳᠠᠭᠠᠨ ᠠᠵᠢᠯᠯᠠᠭᠰᠠᠨ᠂ ᠮᠣᠷᠠᠯ ᠴᠢᠳᠠᠪᠤᠷᠢ ᠬᠤᠣᠰᠯᠠᠭᠰᠠᠨ ᠨᠤᠲᠤᠭ ᠪᠡᠯᠴᠢᠭᠡᠷ ᠤᠨ ᠬᠠᠮᠢᠶᠠᠷᠤᠨ ᠬᠠᠮᠠᠭᠠᠯᠠᠭᠴᠢ ᠶᠢ ᠪᠠᠶᠢᠭᠤᠯᠭ᠎ᠠ ᠶᠢᠨ ᠠᠵᠢᠯᠲᠠᠨ ᠡᠯᠰᠡᠬᠦ ᠳᠤ ᠭᠤᠣᠯᠳᠠᠯᠭ᠎ᠠ ᠲᠠᠢ ᠪᠣᠳᠣᠯᠬᠢᠯᠠᠨ᠎ᠠ᠃ ᠨᠤᠲᠤᠭ ᠪᠡᠯᠴᠢᠭᠡᠷ ᠤᠨ ᠬᠠᠮᠢᠶᠠᠷᠤᠨ ᠬᠠᠮᠠᠭᠠᠯᠠᠭᠴᠢ ᠶᠢᠨ ᠠᠵᠢᠯ ᠤᠨ ᠨᠥᠬᠦᠴᠡᠯ ᠢ ᠢᠳᠡᠪᠬᠢᠲᠡᠢ ᠰᠠᠶᠢᠵᠢᠷᠠᠭᠤᠯᠵᠤ᠂ ᠠᠵᠢᠯᠯᠠᠬᠤ ᠤᠷᠮ᠎ᠡ ᠶᠢ ᠬᠥᠭᠵᠢᠭᠡᠨ᠎ᠡ᠃ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ            2023 ᠣᠨ ᠤ 3 ᠳ᠋ᠤᠭᠠᠷ ᠰᠠᠷ᠎ᠠ ᠶᠢᠨ 14 ᠤ ᠡᠳᠦᠷ ᠳᠠᠷᠤᠮᠠᠯᠯᠠᠨ ᠲᠠᠷᠬᠠᠭᠠᠪᠠ 
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ