ᠣᠳᠤᠭ ᠵᠠᠰᠠᠭ ᠲᠠᠷᠬᠠᠭᠠᠭᠰᠠᠨ ﹇2023﹈ 61 ᠳ᠋ᠦ᠋ᠭᠡᠷ ᠲᠣᠭᠠᠲᠤ | | ᠣᠲᠤᠭ ᠬᠤᠰᠢᠭᠤᠨ ᠤ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠠᠵᠢᠯ ᠤᠨ | ᠬᠡᠷᠡᠭᠵᠢᠭᠦᠯᠬᠦ ᠲᠥᠰᠥᠯ ᠢ ᠳᠠᠷᠤᠮᠠᠯᠯᠠᠨ ᠲᠠᠷᠬᠠᠭᠠᠬᠤ ᠲᠤᠬᠠᠢ ᠣᠳᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ | | ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ ᠬᠠᠮᠢᠶ᠎ᠠ ᠪᠦᠬᠦᠢ ᠪᠠᠶᠢᠭᠤᠯᠭ᠎ᠠ ᠳᠤ᠄ | ︽ᠣᠲᠤᠭ ᠬᠤᠰᠢᠭᠤᠨ ᠤ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠠᠵᠢᠯ ᠤᠨ ᠬᠡᠷᠡᠭᠵᠢᠭᠦᠯᠬᠦ | ᠲᠥᠰᠥᠯ︾ ᠢ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2023 ᠣᠨ ᠤ ᠬᠤᠶᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠰᠤᠳᠤᠯᠤᠨ | ᠶᠠᠷᠢᠯᠴᠠᠵᠤ ᠪᠠᠲᠤᠯᠠᠭᠠᠳ ᠡᠳᠦᠭᠡ ᠲᠠ ᠨᠠᠷ ᠲᠤ ᠳᠠᠷᠤᠮᠠᠯᠯᠠᠨ ᠲᠠᠷᠬᠠᠭᠠᠯ᠎ᠠ᠂ ᠨᠠᠷᠢᠨ ᠬᠢᠨᠠᠮᠠᠭᠠᠢ ᠲᠣᠭᠤᠰᠢᠯᠠᠭᠤᠯᠤᠨ ᠬᠡᠷᠡᠭᠵᠢᠭᠦᠯᠲᠦᠭᠡᠢ᠃ | ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ | 2023 ᠣᠨ ᠤ 3 ᠳ᠋ᠤᠭᠠᠷ ᠰᠠᠷ᠎ᠠ ᠶᠢᠨ 14 ᠤ ᠡᠳᠦᠷ | | | ᠣᠲᠤᠭ ᠬᠤᠰᠢᠭᠤᠨ ᠤ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ | ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠠᠵᠢᠯ ᠤᠨ ᠬᠡᠷᠡᠭᠵᠢᠭᠦᠯᠬᠦ ᠲᠥᠰᠥᠯ | | ᠤᠲᠤᠭ ᠬᠤᠰᠢᠭᠤᠨ ᠤ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠠᠵᠢᠯ ᠢ ᠦᠨᠡᠨ ᠬᠦ | ᠴᠢᠩᠭᠠᠳᠬᠠᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠬᠤᠷᠢᠵᠤ | ᠰᠡᠯᠭᠦᠨ ᠮᠠᠯᠵᠢᠬᠤ ᠲᠦᠷᠢᠮ︾ ︵ᠳᠣᠷᠣᠭᠰᠢ ︽ᠲᠦᠷᠢᠮ︾ ᠭᠡᠵᠦ ᠳᠥᠭᠦᠮᠴᠢᠯᠡᠨ᠎ᠡ︶ ᠢ ᠲᠣᠭᠤᠰᠢᠯᠠᠭᠤᠯᠵᠤ ᠨᠠᠶᠢᠳᠠᠪᠤᠷᠢᠵᠢᠭᠤᠯᠤᠨ᠂ ᠤᠲᠤᠭ ᠬᠤᠰᠢᠭᠤᠨ ᠤ | ᠭᠤᠷᠪᠠᠳᠤᠭᠠᠷ ᠡᠭᠡᠯᠵᠢ ᠶᠢᠨ ᠤᠯᠤᠰ ᠤᠨ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ | ᠨᠠᠶᠢᠳᠠᠪᠤᠷᠢᠵᠢᠭᠤᠯᠤᠯᠲᠠ ᠶᠢ ᠢᠳᠡᠪᠬᠢᠲᠡᠶ ᠯᠠᠪᠳᠠᠭᠤᠨ ᠢᠶᠠᠷ ᠠᠬᠢᠭᠤᠯᠵᠤ᠂ ᠨᠤᠲᠤᠭ ᠪᠡᠯᠴᠢᠭᠡᠷ ᠤᠨ ᠠᠮᠢ ᠠᠬᠤᠶ ᠶᠢᠨ ᠰᠡᠷᠭᠦᠭᠡᠯᠲᠡ ᠶᠢ ᠲᠦᠷᠭᠡᠳᠬᠡᠨ᠂ ᠨᠤᠲᠤᠭ | ᠪᠡᠯᠴᠢᠭᠡᠷ ᠤᠨ ᠠᠮᠢ ᠠᠬᠤᠶ ᠶᠢᠨ ᠦᠶᠯᠡᠴᠢᠯᠡᠭᠡᠨ ᠤ ᠴᠢᠳᠠᠮᠵᠢ ᠶᠢ ᠰᠠᠶᠢᠵᠢᠷᠠᠭᠤᠯᠵᠤ᠂ ᠨᠤᠲᠤᠭ ᠪᠡᠯᠴᠢᠭᠡᠷ ᠤᠨ ᠮᠠᠭᠤᠳᠠᠬᠤ ᠬᠠᠨᠳᠤᠰᠢ ᠶᠢ ᠬᠤᠪᠢᠷᠠᠭᠤᠯᠤᠨ᠂ | ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠠᠰᠢᠭᠯᠠᠯᠲᠠ ᠶᠢ ᠬᠥᠲᠥᠯᠥᠨ ᠵᠢᠯᠣᠭᠤᠳᠴᠤ᠂ ᠠᠮᠢ ᠠᠬᠤᠶ ᠶᠢ ᠤᠷᠢᠳᠠᠪᠠᠷ ᠪᠣᠳᠣᠯᠬᠢᠯᠠᠵᠤ ᠪᠣᠬᠢᠷᠲᠤᠯ | ᠥᠬᠡᠶ ᠪᠠᠷ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠶᠢᠨ ᠲᠤᠰᠠᠳᠠ᠂ ᠲᠤᠰ ᠲᠥᠰᠦᠯ ᠢ | ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ︵ᠨᠢᠭᠡ︶ ᠵᠢᠯᠣᠭᠤᠳᠬᠤ ᠦᠵᠡᠯ ᠰᠠᠨᠠᠭ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠭᠠ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠣᠭᠤᠰᠢᠯᠠᠭᠤᠯᠤᠨ᠂ ᠰᠢᠨ᠎ᠡ ᠶᠢ ᠡᠭᠦᠳᠬᠦ᠂ ᠵᠣᠬᠢᠴᠠᠩᠭᠤᠢ᠂ ᠪᠣᠬᠢᠷᠲᠤᠯ ᠦᠭᠡᠢ᠂ ᠨᠡᠭᠡᠭᠡᠯᠲᠡᠲᠦ᠂ | ᠬᠠᠮᠲᠤ ᠪᠠᠷ ᠡᠳ᠋ᠯᠡᠬᠦ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠦᠷᠢᠯᠳᠦᠭᠦᠯᠵᠦ᠂ ᠬᠥᠮᠦᠨ ᠪᠣᠯᠣᠨ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ | ᠣᠷᠣᠰᠢᠬᠤ ᠦᠨᠳᠦᠰᠦᠨ ᠠᠷᠭ᠎ᠠ ᠪᠣᠳᠣᠯᠭ᠎ᠠ ᠶᠢ ᠪᠠᠷᠢᠮᠲᠠᠯᠠᠨ᠂ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠬᠢᠭᠡᠳ ᠠᠵᠤ ᠠᠬᠤᠶ ᠨᠡᠶᠢᠭᠡᠮ ᠤᠨ | ᠬᠥᠭᠵᠢᠯᠲᠡ ᠶᠢᠨ ᠬᠠᠷᠢᠴᠠᠭ᠎ᠠ ᠶᠢ ᠵᠥᠪ ᠢᠶᠠᠷ ᠰᠢᠢᠳᠪᠦᠷᠢᠯᠡᠵᠦ᠂ ᠠᠮᠢ ᠠᠬᠤᠶ ᠪᠠ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠨ᠂ ᠮᠠᠯ | ᠪᠡᠯᠴᠢᠭᠡᠷᠯᠡᠭᠦᠯᠬᠦ ᠳᠠᠷᠤᠯᠲᠠ ᠶᠢ ᠦᠨᠡᠨ ᠬᠦ ᠬᠥᠩᠭᠡᠷᠡᠭᠦᠯᠵᠦ᠂ ᠨᠤᠲᠤᠭ ᠪᠡᠯᠴᠢᠭᠡᠷ ᠢ ᠠᠮᠠᠷᠠᠭᠤᠯᠤᠨ᠂ ᠨᠤᠲᠤᠭ ᠪᠡᠯᠴᠢᠭᠡᠷ ᠤᠨ ᠠᠮᠢ ᠠᠬᠤᠢ ᠶᠢᠨ ᠰᠡᠷᠭᠦᠭᠡᠯᠲᠡ ᠶᠢ | ᠲᠦᠷᠭᠡᠳᠬᠡᠵᠦ᠂ ᠨᠤᠲᠤᠭ ᠪᠡᠯᠴᠢᠭᠡᠷ ᠮᠠᠯᠵᠢᠬᠤ ᠣᠷᠣᠨ ᠤ ᠠᠮᠢ ᠠᠬᠤᠢ᠂ ᠦᠢᠯᠡᠳᠪᠦᠷᠢᠯᠡᠯ᠂ ᠠᠮᠢᠳᠤᠷᠠᠯ ᠤᠨ ᠵᠣᠬᠢᠴᠠᠩᠭᠤᠢ ᠬᠥᠭᠵᠢᠯᠲᠡ ᠶᠢ ᠨᠢᠭᠡᠳᠦᠯᠲᠡᠢ | ᠲᠥᠯᠥᠪᠵᠢᠭᠦᠯᠦᠨ ᠠᠬᠢᠭᠤᠯᠤᠨ᠎ᠠ᠃ | ︵ᠬᠤᠶᠠᠷ︶ ᠦᠨᠳᠦᠰᠦᠨ ᠵᠠᠷᠴᠢᠮ | — — ᠠᠮᠢ ᠠᠬᠤᠶ ᠶᠢ ᠤᠷᠢᠳᠠᠪᠠᠷ ᠪᠣᠳᠣᠯᠬᠢᠯᠠᠵᠤ᠂ ᠪᠣᠬᠢᠷᠲᠤᠯ ᠥᠬᠡᠶ ᠪᠠᠷ ᠬᠥᠭᠵᠢᠭᠦᠯᠬᠦ ᠶᠢ ᠪᠠᠷᠢᠮᠲᠠᠯᠠᠨ᠎ᠠ᠃ ᠬᠥᠬᠡᠮᠳᠦᠭ ᠨᠣᠭᠤᠭᠠᠨ ᠠᠭᠤᠯᠠ ᠤᠰᠤ | ᠪᠣᠯ ᠠᠯᠳᠠ ᠮᠥᠩᠭᠦᠨ ᠠᠭᠤᠯᠠ ᠮᠥᠨ ᠭᠡᠬᠦ ᠤᠢᠢᠯᠠᠭᠠᠭᠳᠠᠬᠤᠨ ᠢ ᠪᠠᠲᠤ ᠪᠦᠷᠢᠯᠳᠦᠭᠦᠯᠵᠦ᠂ ᠠᠮᠢ ᠠᠬᠤᠢ ᠶᠢᠨ ᠬᠠᠮᠠᠭᠠᠯᠠᠯᠲᠠ ᠪᠣᠯᠤᠨ ᠠᠵᠤ ᠦᠢᠯᠡᠰ ᠤᠨ | ᠬᠥᠭᠵᠢᠯᠲᠡ ᠶᠢᠨ ᠬᠠᠷᠢᠴᠠᠭ᠎ᠠ ᠶᠢ ᠵᠥᠪ ᠰᠢᠢᠳᠪᠦᠷᠢᠯᠡᠨ᠂ ︽ᠠᠮᠢ ᠠᠬᠤᠢ ᠶᠢ ᠤᠷᠢᠳᠠᠪᠠᠷ ᠪᠣᠳᠣᠯᠬᠢᠯᠠᠬᠤ︾ ᠶᠢ ᠢᠮᠠᠭᠲᠠ ᠠᠵᠤ ᠦᠢᠯᠡᠰ ᠤᠨ ᠬᠥᠭᠵᠢᠯᠲᠡ ᠳᠤ | ᠲᠤᠭᠤᠰᠢᠯᠠᠭᠤᠯᠵᠤ᠂ ᠬᠠᠮᠠᠭᠠᠯᠠᠬᠤ ᠳᠤᠮᠳᠠ ᠬᠥᠭᠵᠢᠭᠦᠯᠦᠨ᠂ ᠬᠥᠭᠵᠢᠭᠦᠯᠬᠦ ᠳᠤᠮᠳᠠ ᠬᠠᠮᠠᠭᠠᠯᠠᠨ᠎ᠠ᠃ | — — ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠵᠤ᠂ ᠣᠷᠣᠨ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠪᠠᠷᠢᠮᠲᠠᠯᠠᠨ᠎ᠠ᠃ ᠨᠢᠭᠡ ᠯᠡ | ᠠᠳᠠᠯᠢᠬᠠᠨ ᠪᠠᠶᠢᠯᠭᠠᠬᠤ ᠶᠢ ᠰᠡᠷᠭᠡᠶᠢᠯᠡᠵᠦ᠂ ᠠᠳᠠᠯᠢ ᠪᠤᠰᠤ ᠭᠠᠵᠠᠷ ᠣᠷᠣᠨ ᠤ ᠨᠤᠲᠤᠭ ᠪᠡᠯᠴᠢᠭᠡᠷ ᠤᠨ ᠠᠮᠢ ᠠᠬᠤᠶ ᠶᠢᠨ ᠣᠳᠣᠬᠢ ᠪᠠᠶᠢᠳᠠᠯ᠂ ᠠᠮᠢ ᠠᠬᠤᠶ ᠶᠢᠨ | ᠴᠢᠳᠠᠮᠵᠢ ᠪᠣᠯᠤᠨ ᠠᠰᠢᠭᠯᠠᠵᠤ ᠪᠠᠶᠢᠭ᠎ᠠ ᠣᠳᠣᠬᠢ ᠪᠠᠶᠢᠳᠠᠯ ᠳᠤ ᠦᠨᠳᠦᠰᠦᠯᠡᠨ᠂ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠬᠤᠷᠢᠵᠤ | ᠰᠡᠯᠭᠦᠨ ᠮᠠᠯᠵᠢᠬᠤ ᠣᠷᠣᠨ ᠢ ᠵᠣᠬᠢᠰᠲᠠᠶ ᠬᠤᠪᠢᠶᠠᠷᠢᠯᠠᠵᠤ᠂ ᠪᠡᠯᠴᠢᠭᠡᠷ ᠤᠨ ᠪᠠᠭᠲᠠᠭᠠᠮᠵᠢ ᠳᠤ ᠲᠣᠬᠢᠷᠠᠬᠤ ᠮᠠᠯ ᠤᠨ ᠲᠤᠭ᠎ᠠ ᠶᠢ ᠰᠢᠨᠵᠢᠯᠡᠬᠦ ᠤᠬᠠᠭᠠᠨᠴᠢ ᠪᠠᠷ | ᠲᠣᠭᠲᠠᠭᠠᠨ᠂ ᠰᠡᠯᠭᠦᠨ ᠮᠠᠯᠵᠢᠬᠤ ᠬᠤᠭᠤᠴᠠᠭ᠎ᠠ ᠶᠢ ᠲᠣᠭᠲᠠᠭᠠᠨ᠎ᠠ᠃ | — — ᠪᠡᠯᠴᠢᠭᠡᠷ ᠤᠨ ᠪᠠᠭᠲᠠᠭᠠᠮᠵᠢ ᠪᠠᠷ ᠮᠠᠯ ᠤᠨ ᠲᠤᠭ᠎ᠠ ᠶᠢ ᠲᠣᠭᠲᠠᠭᠠᠵᠤ᠂ ᠦᠷᠭᠦᠯᠵᠢᠯᠡᠨ ᠬᠥᠭᠵᠢᠭᠦᠯᠬᠦ ᠶᠢ ᠪᠠᠷᠢᠮᠲᠠᠯᠠᠨ᠎ᠠ᠃ ᠳᠤᠯᠠᠭᠠᠨ ᠤᠯᠠᠷᠢᠯ ᠳᠤ | ᠪᠡᠯᠴᠢᠭᠡᠷᠯᠡᠭᠦᠯᠬᠦ ᠶᠢ ᠴᠢᠩᠭ᠎ᠠ ᠬᠢᠨᠠᠨ ᠬᠠᠮᠢᠶᠠᠷᠴᠤ᠂ ︽ᠪᠡᠯᠴᠢᠭᠡᠷ︾᠂ ︽ᠮᠠᠯ︾ ᠭᠡᠬᠦ ᠬᠤᠶᠠᠷ ᠭᠦᠶᠴᠡᠳᠬᠡᠯ ᠲᠤᠭ᠎ᠠ ᠶᠢ ᠮᠠᠯ ᠪᠡᠯᠴᠢᠭᠡᠷ ᠢ ᠲᠡᠩᠴᠡᠭᠦᠷᠢᠲᠡᠢ | ᠪᠠᠶᠢᠯᠭᠠᠬᠤ ᠠᠵᠢᠯ ᠢ ᠬᠢᠨᠠᠨ ᠰᠢᠯᠭᠠᠷᠠᠭᠤᠯᠬᠤ ᠦᠨᠳᠦᠰᠦ ᠪᠠᠷᠢᠮᠲᠠ ᠪᠣᠯᠭᠠᠨ᠂ ᠡᠬᠢ ᠪᠠᠶᠠᠯᠢᠭ ᠤᠨ ᠠᠰᠢᠭᠯᠠᠯᠲᠠ ᠶᠢᠨ ᠳᠡᠭᠡᠳᠦ ᠬᠢᠵᠠᠭᠠᠷ ᠪᠠ ᠨᠤᠲᠤᠭ ᠪᠡᠯᠴᠢᠭᠡᠷ ᠤᠨ | ᠶᠠᠰᠤ ᠴᠢᠨᠠᠷ ᠤᠨ ᠬᠤᠷᠢᠭ᠎ᠠ ᠱᠤᠭᠤᠮ ᠢ ᠲᠣᠳᠣᠷᠬᠠᠶᠢᠯᠠᠨ᠎ᠠ᠃ | — — ᠨᠢᠭᠡᠳᠦᠯᠲᠡᠶ ᠲᠥᠯᠥᠪᠯᠡᠨ ᠠᠬᠢᠭᠤᠯᠵᠤ᠂ ᠬᠠᠮᠲᠤᠷᠠᠯ ᠬᠦᠴᠦᠨ ᠢ ᠪᠦᠷᠢᠯᠳᠦᠭᠦᠯᠬᠦ ᠶᠢ ᠪᠠᠷᠢᠮᠲᠠᠯᠠᠨ᠎ᠠ᠃ ᠨᠤᠲᠤᠭ ᠪᠡᠯᠴᠢᠭᠡᠷ ᠤᠨ ᠠᠮᠢ ᠠᠬᠤᠶ ᠶᠢᠨ | ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ᠂ ᠨᠤᠲᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠬᠦ ᠢᠨᠵᠧᠨᠧᠷᠢᠩ ᠲᠠᠢ ᠤᠶᠠᠯᠳᠤᠭᠤᠯᠵᠤ᠂ ᠨᠢᠭᠡ ᠬᠡᠰᠡᠭ ᠢ | ᠬᠠᠮᠠᠭᠠᠯᠠᠵᠤ ᠦᠷ᠎ᠡ ᠪᠦᠲᠦᠮᠵᠢ ᠭᠠᠷᠭᠠᠨ᠂ ᠨᠢᠭᠡ ᠬᠡᠰᠡᠭ ᠢ ᠰᠡᠷᠭᠦᠭᠡᠵᠦ ᠠᠮᠵᠢᠯᠲᠠ ᠣᠯᠬᠤ ᠶᠢ ᠪᠠᠲᠤᠯᠠᠨ᠎ᠠ᠃ | — — ᠡᠷᠬᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠱᠠᠩᠨᠠᠵᠤ ᠲᠣᠷᠭᠠᠬᠤ ᠶᠢ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠨ᠎ᠠ᠃ ᠲᠤᠰᠢᠶᠠᠯ ᠬᠠᠷᠢᠭᠤᠴᠠᠯᠭ᠎ᠠ | ᠶᠢ ᠰᠢᠯᠤᠭᠤᠳᠬᠠᠨ᠂ ᠡᠯ᠎ᠡ ᠱᠠᠲᠤᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠵᠢᠯ ᠢ ᠪᠦᠲᠦᠮᠵᠢᠲᠡᠢ ᠠᠪᠴᠠᠯᠳᠤᠭᠤᠯᠤᠨ᠂ ᠰᠢᠯᠢᠳᠡᠭ ᠢ ᠨᠢ ᠱᠠᠩᠨᠠᠵᠤ | ᠰᠢᠭᠠᠷᠤ ᠶᠢ ᠨᠢ ᠲᠣᠷᠭᠠᠬᠤ ᠶᠢ ᠳᠣᠪᠣᠶᠢᠯᠭᠠᠵᠤ᠂ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ | ᠳᠦᠷᠢᠮ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠤᠨ᠎ᠠ᠃ | ︵ᠭᠤᠷᠪᠠ︶ ᠶᠡᠷᠦᠩᠬᠡᠢ ᠬᠠᠷᠠᠯᠲᠠ᠃ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠳᠦᠷᠢᠮ ᠢ | ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠡᠯᠴᠢᠭᠡᠷᠯᠡᠭᠦᠯᠬᠦ ᠶᠢ ᠬᠤᠷᠢᠬᠤ᠂ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠣᠷᠣᠨ ᠢ ᠬᠤᠪᠢᠶᠠᠷᠢᠯᠠᠨ ᠲᠣᠭᠲᠠᠭᠠᠬᠤ | ᠬᠢᠭᠡᠳ ᠰᠡᠯᠭᠦᠨ ᠮᠠᠯᠵᠢᠬᠤ ᠬᠤᠭᠤᠴᠠᠭ᠎ᠠ ᠶᠢ ᠨᠡᠩ ᠵᠣᠬᠢᠰᠲᠠᠢ᠂ ᠪᠡᠯᠴᠢᠭᠡᠷ ᠤᠨ ᠪᠠᠭᠲᠠᠭᠠᠮᠵᠢ ᠳᠤ ᠲᠣᠬᠢᠷᠠᠬᠤ ᠮᠠᠯ ᠤᠨ ᠲᠤᠭ᠎ᠠ ᠶᠢᠨ ᠬᠢᠨᠠᠨ ᠲᠣᠭᠲᠠᠭᠠᠯᠲᠠ ᠶᠢ ᠨᠠᠩ | ᠰᠢᠨᠵᠢᠯᠡᠬᠦ ᠤᠬᠠᠭᠠᠨᠴᠢ ᠪᠣᠯᠭᠠᠨ᠂ ᠨᠤᠲᠤᠭ ᠪᠡᠯᠴᠢᠭᠡᠷ ᠤᠨ ᠠᠮᠢ ᠠᠬᠤᠶ ᠶᠢ ᠬᠢᠨᠠᠨ ᠬᠡᠮᠵᠢᠵᠦ ᠦᠨᠡᠯᠡᠨ ᠵᠢᠱᠢᠬᠦ ᠲᠦᠪᠰᠢᠨ ᠢ ᠢᠯᠡᠳᠲᠡ ᠳᠡᠭᠡᠭᠰᠢᠯᠡᠭᠦᠯᠵᠦ᠂ | ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠦᠷ᠎ᠡ ᠪᠦᠲᠦᠮᠵᠢ ᠶᠢ ᠨᠥᠬᠦᠪᠥᠷᠢ ᠱᠠᠩᠨᠠᠯ ᠤᠨ ᠪᠠᠯᠠ ᠮᠥᠩᠭᠦ ᠲᠠᠢ ᠬᠤᠯᠪᠣᠭᠳᠠᠭᠤᠯᠵᠤ | ᠤᠷᠮᠠᠰᠢᠭᠤᠯᠬᠤ ᠶᠢ ᠨᠠᠩ ᠴᠢᠩᠭᠠᠳᠬᠠᠨ᠂ ᠨᠤᠲᠤᠭ ᠪᠡᠯᠴᠢᠭᠡᠷ ᠤᠨ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢ ᠴᠢᠨᠠᠭᠰᠢᠳᠠ ᠰᠠᠶᠢᠵᠢᠷᠠᠭᠤᠯᠵᠤ᠂ ᠨᠤᠲᠤᠭ | ᠪᠡᠯᠴᠢᠭᠡᠷ ᠤᠨ ᠮᠠᠯ ᠠᠵᠤ ᠠᠬᠤᠶ ᠶᠢᠨ ᠡᠵᠡᠩᠨᠡᠯᠲᠡ ᠶᠢᠨ ᠲᠦᠪᠰᠢᠨ ᠢ ᠮᠡᠳᠡᠭᠳᠡᠮ᠎ᠡ ᠳᠡᠭᠡᠭᠰᠢᠯᠡᠭᠦᠯᠦᠨ᠂ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠨ | ᠰᠡᠷᠭᠦᠭᠡᠭᠰᠡᠨ ᠦᠷ᠎ᠡ ᠪᠦᠲᠦᠮᠵᠢ ᠶᠢ ᠤᠯᠠᠮ ᠪᠠᠬᠢᠵᠢᠭᠦᠯᠵᠦ᠂ ᠨᠤᠲᠤᠭ ᠪᠡᠯᠴᠢᠭᠡᠷ ᠤᠨ ᠠᠮᠢ ᠠᠬᠤᠶ ᠶᠢ ᠦᠷᠭᠦᠯᠵᠢᠯᠡᠨ ᠰᠠᠶᠢᠵᠢᠷᠠᠭᠤᠯᠤᠨ᠂ ᠨᠤᠲᠤᠭ ᠪᠡᠯᠴᠢᠭᠡᠷ ᠤᠨ | ᠠᠮᠢ ᠠᠬᠤᠶ ᠶᠢᠨ ᠦᠶᠯᠡᠴᠢᠯᠡᠭᠡᠨ ᠤ ᠴᠢᠳᠠᠮᠵᠢ ᠶᠢ ᠠᠯᠬᠤᠮ ᠠᠯᠬᠤᠮ ᠢᠶᠠᠷ ᠰᠡᠷᠭᠦᠭᠡᠵᠦ᠂ ᠨᠤᠲᠤᠭ ᠪᠡᠯᠴᠢᠭᠡᠷ ᠤᠨ ᠶᠡᠷᠦᠩᠬᠡᠶᠢᠯᠡᠭᠰᠡᠨ ᠤᠷᠭᠤᠮᠠᠯ ᠤᠨ ᠬᠤᠴᠢᠯᠭ᠎ᠠ | ᠶᠢ 45% ᠳᠤ ᠲᠣᠭᠲᠠᠪᠤᠷᠢᠵᠢᠭᠤᠯᠤᠨ᠂ ᠬᠥᠳᠡᠭᠡ ᠲᠣᠰᠬᠤᠨ ᠢ ᠬᠥᠭᠵᠢᠭᠦᠯᠬᠦ᠂ ᠠᠮᠢ ᠠᠬᠤᠢ ᠶᠢᠨ ᠪᠣᠯᠪᠠᠰᠤᠨ ᠢ ᠪᠠᠶᠢᠭᠤᠯᠬᠤ ᠳᠤ ᠰᠢᠨ᠎ᠡ ᠬᠤᠪᠢ ᠨᠡᠮᠡᠷᠢ | ᠦᠵᠡᠭᠦᠯᠦᠨ᠎ᠡ᠃ | ᠬᠤᠶᠠᠷ᠂ ᠬᠤᠯᠪᠣᠭᠳᠠᠯ ᠪᠦᠬᠦᠢ ᠳᠦᠷᠢᠮ ᠢ ᠲᠡᠭᠦᠯᠳᠡᠷᠵᠢᠭᠦᠯᠦᠨ᠎ᠡ | ︵ᠳᠥᠷᠪᠡ︶ ᠲᠥᠯᠥᠪᠵᠢᠭᠦᠯᠭᠡ ᠪᠠᠷ ᠬᠥᠲᠥᠯᠥᠨ ᠵᠢᠯᠣᠭᠤᠳᠬᠤ ᠶᠢ ᠴᠢᠩᠭᠠᠳᠬᠠᠨ᠎ᠠ᠃ ︽ᠲᠦᠷᠢᠮ︾ ᠢ ᠣᠲᠤᠭ ᠬᠤᠰᠢᠭᠤᠨ ᠤ ᠤᠯᠤᠰ ᠠᠷᠠᠳ ᠤᠨ | ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠳᠤ ᠣᠷᠣᠭᠤᠯᠬᠤ ᠶᠢᠨ ᠬᠠᠮᠲᠤ᠂ ᠨᠤᠲᠤᠭ ᠪᠡᠯᠴᠢᠭᠡᠷ ᠢ ᠬᠠᠮᠠᠭᠠᠯᠠᠵᠤ ᠰᠡᠷᠭᠦᠭᠡᠨ ᠠᠰᠢᠭᠯᠠᠬᠤ | ᠲᠥᠯᠥᠪᠵᠢᠭᠦᠯᠭᠡ ᠶᠢᠨ ᠭᠤᠤᠯᠳᠠᠯᠭ᠎ᠠ ᠲᠠᠢ ᠠᠭᠤᠯᠭ᠎ᠠ ᠪᠣᠯᠭᠠᠵᠤ᠂ ᠲᠥᠯᠥᠪᠵᠢᠭᠦᠯᠭᠡ ᠶᠢᠨ ᠬᠠᠮᠲᠤᠷᠠᠯ ᠬᠦᠴᠦᠨ ᠢ ᠪᠦᠷᠢᠯᠳᠦᠭᠦᠯᠦᠨ᠂ ᠡᠯ᠎ᠡ ᠵᠦᠶᠯ ᠤᠨ ᠲᠦᠷᠢᠮ | ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ | ᠭᠤᠷᠪᠠ᠂ ᠪᠡᠯᠴᠢᠭᠡᠷᠯᠡᠭᠦᠯᠬᠦ ᠶᠢ ᠬᠤᠷᠢᠬᠤ ᠪᠠ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠣᠷᠣᠨ ᠢ ᠬᠤᠪᠢᠶᠠᠷᠢᠯᠠᠨ ᠲᠣᠭᠲᠠᠭᠠᠨ᠎ᠠ | ︵ᠲᠠᠪᠤ︶ ᠬᠤᠪᠢᠶᠠᠷᠢᠯᠠᠨ ᠲᠣᠭᠲᠠᠭᠠᠬᠤ ᠬᠦᠷᠢᠶ᠎ᠡ ᠬᠡᠪᠴᠢᠶ᠎ᠡ᠃ ᠨᠤᠲᠤᠭ ᠪᠡᠯᠴᠢᠭᠡᠷ ᠤᠨ ᠬᠡᠷᠡᠭᠯᠡᠬᠦ ᠡᠷᠬᠡ ᠪᠤᠶᠤ ᠨᠤᠲᠤᠭ ᠪᠡᠯᠴᠢᠭᠡᠷ ᠤᠨ ᠳᠠᠭᠠᠭᠠᠴᠢᠯᠠᠬᠤ | ᠡᠷᠬᠡ ᠶᠢ ᠨᠠᠶᠢᠳᠠᠪᠤᠷᠢᠵᠢᠭᠤᠯᠤᠭᠰᠠᠨ ᠨᠤᠲᠤᠭ ᠪᠡᠯᠴᠢᠭᠡᠷ᠂ ᠤᠯᠤᠰ ᠤᠨ ᠭᠠᠵᠠᠷ ᠰᠢᠷᠣᠶ ᠶᠢᠨ ︽ᠪᠦᠬᠦ ᠤᠯᠤᠰ ᠤᠨ ᠭᠤᠷᠪᠠᠳᠤᠭᠠᠷ ᠤᠳᠠᠭᠠᠨ ᠤ ᠭᠠᠵᠠᠷ ᠰᠢᠷᠣᠢ ᠶᠢᠨ | ᠪᠠᠶᠢᠴᠠᠭᠠᠯᠲᠠ︾ ᠶᠢᠨ ᠦᠷ᠎ᠡ ᠳ᠋ᠦᠩ ᠤᠨ ᠬᠡᠪᠴᠢᠶᠡᠨ ᠳᠣᠲᠣᠷᠠᠬᠢ ᠡᠪᠡᠰᠦᠲᠦ ᠭᠠᠵᠠᠷ ᠢ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ | ᠬᠤᠷᠢᠬᠤ ᠣᠷᠣᠨ ᠢᠶᠠᠷ ᠬᠤᠪᠢᠶᠠᠷᠢᠯᠠᠨ ᠲᠣᠭᠲᠠᠭᠠᠨ᠎ᠠ᠃ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠬᠤᠷᠢᠬᠤ ᠣᠷᠣᠨ ᠢᠶᠠᠷ | ᠬᠤᠪᠢᠶᠠᠷᠢᠯᠠᠨ ᠲᠣᠭᠲᠠᠭᠠᠭᠰᠠᠨ ᠬᠠᠮᠤᠭ ᠤᠨ ᠪᠠᠭ᠎ᠠ ᠨᠢᠭᠡᠴᠢ ᠪᠣᠯ ᠡᠷᠦᠬᠡ ᠳᠤ ᠳᠠᠭᠠᠭᠠᠴᠢᠯᠠᠭᠤᠯᠤᠭᠰᠠᠨ ᠪᠤᠶᠤ ᠡᠷᠦᠬᠡ ᠬᠤᠯᠪᠣᠭᠠᠯᠠᠭᠰᠠᠨ ᠭᠠᠵᠠᠷ ᠤᠨ ᠬᠡᠰᠡᠭ | ᠪᠣᠯᠤᠨ᠎ᠠ᠃ | ︵ᠵᠢᠷᠭᠤᠭ᠎ᠠ︶ ᠪᠡᠯᠴᠢᠭᠡᠷᠯᠡᠭᠦᠯᠬᠦ ᠶᠢ ᠬᠤᠷᠢᠬᠤ ᠣᠷᠣᠨ ᠢ ᠬᠤᠪᠢᠶᠠᠷᠢᠯᠠᠨ ᠲᠣᠭᠲᠠᠭᠠᠬᠤ᠃ ᠪᠡᠯᠴᠢᠭᠡᠷᠯᠡᠭᠦᠯᠬᠦ ᠶᠢ ᠬᠤᠷᠢᠬᠤ ᠣᠷᠣᠨ ᠢ ᠬᠤᠪᠢᠶᠠᠷᠢᠯᠠᠨ | ᠲᠣᠭᠲᠠᠭᠠᠬᠤ ᠳᠤ ︽ᠳᠦᠷᠢᠮ︾ ᠢ ᠴᠢᠩᠭ᠎ᠠ ᠵᠢᠷᠤᠮᠯᠠᠨ ᠬᠡᠷᠡᠭᠵᠢᠭᠦᠯᠦᠨ᠎ᠡ᠃ ᠪᠡᠯᠴᠢᠭᠡᠷᠯᠡᠭᠦᠯᠬᠦ ᠶᠢ ᠬᠤᠷᠢᠬᠤ ᠭᠠᠵᠠᠷ ᠨᠢᠭᠡᠪᠦᠷᠢ ᠶᠢᠨ ᠵᠢᠷᠤᠭ ᠢ ᠴᠥᠮ ︽ᠳᠥᠷᠪᠡ | ᠶᠢ ᠲᠣᠳᠣᠷᠬᠠᠶᠢᠯᠠᠬᠤ︾ ᠱᠠᠭᠠᠷᠳᠠᠯᠭ᠎ᠠ ᠳᠤ ᠨᠡᠶᠢᠴᠡᠭᠦᠯᠦᠨ᠎ᠡ᠂ ᠲᠤᠬᠠᠶᠢᠯᠠᠪᠠᠯ ᠳᠥᠷᠪᠡᠨ ᠵᠠᠬ᠎ᠠ ᠶᠢᠨ ᠵᠠᠭᠠᠭ ᠢ ᠲᠣᠳᠣᠷᠬᠠᠶᠢᠯᠠᠬᠤ᠂ ᠡᠷᠬᠡ ᠶᠢᠨ ᠬᠠᠷᠢᠶ᠎ᠠ ᠶᠢ | ᠲᠣᠳᠣᠷᠬᠠᠶᠢᠯᠠᠬᠤ᠂ ᠠᠮᠢ ᠠᠬᠤᠶ ᠶᠢᠨ ᠣᠳᠣᠬᠢ ᠪᠠᠶᠢᠳᠠᠯ ᠢ ᠲᠣᠳᠣᠷᠬᠠᠶᠢᠯᠠᠬᠤ᠂ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠨ᠎ᠠ᠃ ᠵᠠᠷᠴᠢᠮ | ᠳᠡᠭᠡᠷ᠎ᠡ ᠪᠠᠨ ᠲᠥᠪᠯᠡᠷᠡᠨ ᠵᠠᠯᠭᠠᠯᠳᠤᠭᠰᠠᠨ ᠪᠥᠭᠡᠳ ᠠᠳᠠᠯᠢ ᠨᠢᠭᠡᠨ ᠡᠷᠬᠡ ᠶᠢᠨ ᠬᠠᠷᠢᠶ᠎ᠠ ᠲᠠᠢ ᠨᠤᠲᠤᠭ ᠪᠡᠯᠴᠢᠭᠡᠷ ᠤᠨ ᠵᠠᠷᠢᠮ ᠢ ᠨᠢ ᠪᠡᠯᠴᠢᠭᠡᠷᠯᠡᠭᠦᠯᠬᠦ ᠶᠢ ᠬᠤᠷᠢᠬᠤ | ᠣᠷᠣᠨ ᠢᠶᠠᠷ ᠬᠤᠪᠢᠶᠠᠷᠢᠯᠠᠨ᠂ ᠵᠠᠷᠢᠮ ᠢ ᠨᠢ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠣᠷᠣᠨ ᠢᠶᠠᠷ ᠬᠤᠪᠢᠶᠠᠷᠢᠯᠠᠵᠤ ᠪᠣᠯᠬᠤ ᠦᠭᠡᠶ᠂ ᠭᠡᠪᠡᠴᠦ ᠪᠠᠶᠢᠭᠠᠯᠢ ᠶᠢᠨ | ᠬᠠᠮᠠᠭᠠᠯᠠᠯᠲᠠ ᠶᠢᠨ ᠣᠷᠣᠨ᠂ ᠴᠢᠬᠤᠯᠠ ᠤᠰᠤᠨ ᠰᠤᠷᠪᠤᠯᠵᠢ ᠶᠢᠨ ᠭᠠᠵᠠᠷ ᠬᠢᠭᠡᠳ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠨ ᠰᠡᠷᠭᠦᠭᠡᠬᠦ ᠢᠨᠵᠧᠨᠧᠷᠢᠩ | ᠤᠨ ᠣᠷᠣᠨ ᠳᠤ ᠬᠤᠯᠪᠣᠭᠳᠠᠭᠰᠠᠨ ᠨᠢ ᠡᠭᠦᠨ ᠳᠤ ᠪᠠᠭᠲᠠᠬᠤ ᠦᠭᠡᠶ᠃ ᠨᠤᠲᠤᠭ ᠪᠡᠯᠴᠢᠭᠡᠷ ᠤᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ | ᠬᠠᠷᠠᠭᠠᠯᠵᠠᠯ ᠬᠦᠷᠲᠡᠬᠦ ᠨᠥᠬᠦᠴᠡᠯ ᠢ ᠪᠦᠷᠢᠯᠳᠦᠭᠦᠯᠦᠭᠡᠳᠦᠶ ᠪᠣᠯᠪᠠᠴᠤ ᠪᠡᠯᠴᠢᠭᠡᠷᠯᠡᠭᠦᠯᠬᠦ ᠶᠢ ᠬᠤᠷᠢᠬᠤ ᠣᠷᠣᠨ ᠳᠤ ᠣᠷᠣᠭᠤᠯᠬᠤ ᠶᠣᠰᠣᠲᠠᠢ ᠨᠤᠲᠤᠭ ᠪᠡᠯᠴᠢᠭᠡᠷ ᠢ | ᠮᠥᠨ ᠪᠡᠯᠴᠢᠭᠡᠷᠯᠡᠭᠦᠯᠬᠦ ᠶᠢ ᠬᠤᠷᠢᠬᠤ ᠣᠷᠣᠨ ᠳᠤ ᠣᠷᠣᠭᠤᠯᠤᠨ ᠬᠠᠮᠢᠶᠠᠷᠤᠨ᠎ᠠ᠃ | ︵ᠳᠣᠯᠤᠭ᠎ᠠ︶ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠣᠷᠣᠨ ᠢ ᠬᠤᠪᠢᠶᠠᠷᠢᠯᠠᠨ ᠲᠣᠭᠲᠠᠭᠠᠬᠤ᠃ ᠪᠡᠯᠴᠢᠭᠡᠷᠯᠡᠭᠦᠯᠬᠦ ᠶᠢ ᠬᠤᠷᠢᠬᠤ ᠣᠷᠣᠨ ᠠᠴᠠ | ᠭᠠᠳᠠᠨᠠᠬᠢ ᠨᠤᠲᠤᠭ ᠪᠡᠯᠴᠢᠭᠡᠷ ᠢ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠣᠷᠣᠨ ᠢᠶᠠᠷ ᠬᠤᠪᠢᠶᠠᠷᠢᠯᠠᠨ ᠲᠣᠭᠲᠠᠭᠠᠵᠤ᠂ ᠮᠠᠯ ᠪᠡᠯᠴᠢᠭᠡᠷ ᠢ ᠲᠡᠩᠴᠡᠭᠦᠷᠢᠲᠡᠢ | ᠪᠠᠶᠢᠯᠭᠠᠬᠤ ᠭᠠᠵᠠᠷ ᠨᠢᠭᠡᠪᠦᠷᠢ ᠶᠢᠨ ᠵᠢᠷᠤᠭ ᠢ ︽ᠲᠠᠪᠤ ᠶᠢ ᠲᠣᠳᠣᠷᠬᠠᠶᠢᠯᠠᠬᠤ︾ ᠱᠠᠭᠠᠷᠳᠠᠯᠭ᠎ᠠ ᠳᠤ ᠨᠡᠶᠢᠴᠡᠭᠦᠯᠦᠨ᠎ᠡ᠂ ᠲᠤᠬᠠᠶᠢᠯᠠᠪᠠᠯ ᠳᠥᠷᠪᠡᠨ ᠵᠠᠬ᠎ᠠ ᠶᠢᠨ ᠵᠠᠭᠠᠭ ᠢ | ᠲᠣᠳᠣᠷᠬᠠᠶᠢᠯᠠᠬᠤ᠂ ᠡᠷᠬᠡ ᠶᠢᠨ ᠬᠠᠷᠢᠶ᠎ᠠ ᠶᠢ ᠲᠣᠳᠣᠷᠬᠠᠶᠢᠯᠠᠬᠤ᠂ ᠪᠡᠯᠴᠢᠭᠡᠷ ᠤᠨ ᠪᠠᠭᠲᠠᠭᠠᠮᠵᠢ ᠶᠢ ᠲᠣᠳᠣᠷᠬᠠᠶᠢᠯᠠᠬᠤ᠂ ᠠᠮᠢ ᠠᠬᠤᠶ ᠶᠢᠨ ᠣᠳᠣᠬᠢ ᠪᠠᠶᠢᠳᠠᠯ ᠢ | ᠲᠣᠳᠣᠷᠬᠠᠶᠢᠯᠠᠬᠤ᠂ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠲᠣᠳᠣᠷᠬᠠᠶᠢᠯᠠᠨ᠎ᠠ᠃ ᠪᠡᠯᠴᠢᠭᠡᠷᠯᠡᠭᠦᠯᠬᠦ ᠶᠢ ᠬᠤᠷᠢᠬᠤ ᠣᠷᠣᠨ ᠠᠴᠠ ᠭᠠᠳᠠᠨ᠎ᠠ᠂ ᠨᠤᠲᠤᠭ ᠪᠡᠯᠴᠢᠭᠡᠷ | ᠤᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠬᠦᠷᠲᠡᠬᠦ ᠨᠥᠬᠦᠴᠡᠯ ᠢ ᠪᠦᠷᠢᠯᠳᠦᠭᠦᠯᠦᠭᠡᠳᠦᠶ ᠪᠣᠯ᠂ ᠮᠠᠯ ᠪᠡᠯᠴᠢᠭᠡᠷ ᠢ ᠲᠡᠩᠴᠡᠭᠦᠷᠢᠲᠡᠢ | ᠪᠠᠶᠢᠯᠭᠠᠬᠤ ᠣᠷᠣᠨ ᠳᠤ ᠣᠷᠣᠭᠤᠯᠤᠨ ᠬᠠᠮᠢᠶᠠᠷᠤᠨ᠎ᠠ᠃ | ᠳᠥᠷᠪᠡ᠂ ᠰᠡᠯᠭᠦᠨ ᠮᠠᠯᠵᠢᠬᠤ ᠬᠤᠭᠤᠴᠠᠭ᠎ᠠ ᠶᠢ ᠲᠣᠭᠲᠠᠭᠠᠨ᠎ᠠ | ︵ᠨᠠᠢᠮᠠ︶ ᠰᠡᠯᠭᠦᠨ ᠮᠠᠯᠵᠢᠬᠤ ᠬᠦᠷᠢᠶ᠎ᠡ ᠬᠡᠪᠴᠢᠶ᠎ᠡ᠃ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠣᠷᠣᠨ ᠳᠤ ᠰᠡᠯᠭᠦᠨ ᠮᠠᠯᠵᠢᠬᠤ ᠳᠦᠷᠢᠮ ᠢ | ᠨᠠᠶᠢᠳᠠᠪᠤᠷᠢᠵᠢᠭᠤᠯᠵᠤ᠂ ᠰᠡᠯᠭᠦᠨ ᠮᠠᠯᠵᠢᠬᠤ ᠬᠤᠭᠤᠴᠠᠭ᠎ᠠ ᠶᠢ ᠭᠤᠷᠪᠠᠨ ᠰᠠᠷ᠎ᠠ ᠠᠴᠠ ᠳᠤᠲᠠᠭᠤ ᠪᠠᠶᠢᠯᠭᠠᠵᠤ ᠪᠣᠯᠬᠤ ᠦᠭᠡᠶ᠃ ᠠᠭᠤᠷ ᠠᠮᠢᠰᠬᠤᠯ ᠤᠨ ᠨᠥᠬᠦᠴᠡᠯ | ᠪᠠ ᠡᠪᠡᠰᠦᠨ ᠤ ᠤᠷᠭᠤᠯᠲᠠ ᠶᠢᠨ ᠵᠢᠮ᠎ᠡ ᠶᠣᠰᠣ ᠳᠤ ᠦᠨᠳᠦᠰᠦᠯᠡᠨ᠂ ᠡᠬᠢᠯᠡᠵᠦ ᠰᠡᠯᠭᠦᠨ ᠮᠠᠯᠵᠢᠬᠤ ᠪᠠ ᠳᠠᠭᠤᠰᠬᠠᠬᠤ ᠴᠠᠭ ᠢ ᠰᠢᠨᠵᠢᠯᠡᠬᠦ ᠤᠬᠠᠭᠠᠨᠴᠢ ᠪᠠᠷ | ᠵᠣᠬᠢᠰᠲᠠᠶ ᠲᠣᠭᠲᠠᠭᠠᠬᠤ ᠶᠢᠨ ᠬᠠᠮᠲᠤ ᠬᠡᠰᠡᠭ ᠪᠦᠯᠦᠭ ᠬᠤᠪᠢᠶᠠᠨ ᠪᠠᠭᠤᠯᠭᠠᠭᠰᠠᠨ ᠨᠤᠲᠤᠭ ᠪᠡᠯᠴᠢᠭᠡᠷ ᠤᠨ ᠨᠥᠬᠦᠪᠥᠷᠢ ᠱᠠᠩᠨᠠᠯ ᠤᠨ ᠪᠠᠯᠠ ᠮᠥᠩᠭᠦ ᠳᠤ | ᠦᠨᠳᠦᠰᠦᠯᠡᠵᠦ ᠰᠡᠯᠭᠦᠨ ᠮᠠᠯᠵᠢᠬᠤ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠲᠣᠭᠲᠠᠭᠠᠨ᠎ᠠ᠃ | ︵ᠶᠢᠰᠦ︶ ᠰᠡᠯᠭᠦᠨ ᠮᠠᠯᠵᠢᠬᠤ ᠬᠤᠭᠤᠴᠠᠭᠠᠨ ᠤ ᠬᠠᠮᠢᠶᠠᠷᠤᠯᠲᠠ᠃ ᠰᠡᠯᠭᠦᠨ ᠮᠠᠯᠵᠢᠬᠤ ᠬᠤᠭᠤᠴᠠᠭᠠᠨ ᠳᠤ ᠪᠡᠯᠴᠢᠭᠡᠷᠯᠡᠭᠦᠯᠦᠨ ᠠᠰᠢᠭᠯᠠᠬᠤ ᠶᠢ ᠡᠷᠡᠰ | ᠴᠠᠭᠠᠵᠠᠯᠠᠵᠤ᠂ ᠰᠡᠯᠭᠦᠨ ᠮᠠᠯᠵᠢᠬᠤ ᠬᠤᠭᠤᠴᠠᠭᠠᠨ ᠳᠤ ᠬᠤᠶᠠᠷ ᠤᠳᠠᠭ᠎ᠠ ᠠᠴᠠ ᠳᠡᠭᠡᠭᠰᠢ ᠨᠢᠭᠤᠵᠤ ᠪᠡᠯᠴᠢᠭᠡᠷᠯᠡᠭᠦᠯᠦᠭᠰᠡᠨ ᠪᠣᠯ᠂ ︽ᠳᠦᠷᠢᠮ︾ ᠳᠠᠬᠢ | ᠪᠡᠯᠴᠢᠭᠡᠷᠯᠡᠭᠦᠯᠬᠦ ᠶᠢ ᠬᠤᠷᠢᠬᠤ ᠬᠤᠯᠪᠣᠭᠳᠠᠯ ᠪᠦᠬᠦᠢ ᠰᠢᠢᠳᠬᠡᠬᠦ ᠳᠦᠷᠢᠮ ᠢᠶᠠᠷ ᠴᠢᠩᠭ᠎ᠠ ᠰᠢᠢᠳᠬᠡᠬᠦ ᠠᠴᠠ ᠭᠠᠳᠠᠨ᠎ᠠ᠂ ᠮᠠᠯ ᠪᠡᠯᠴᠢᠭᠡᠷ ᠢ ᠲᠡᠩᠴᠡᠭᠦᠷᠢᠲᠡᠢ | ᠪᠠᠶᠢᠯᠭᠠᠬᠤ ᠱᠠᠩᠨᠠᠯ ᠤᠨ ᠪᠡᠯᠡ ᠮᠥᠩᠭᠦ ᠶᠢ ᠨᠢ ᠰᠠᠭᠤᠯᠭᠠᠨ ᠠᠪᠤᠨ᠎ᠠ᠂ ᠰᠠᠭᠤᠯᠭᠠᠨ ᠠᠪᠬᠤ ᠪᠠᠷᠢᠮᠵᠢᠶ᠎ᠠ ᠨᠢ 20 ᠮᠦ ᠪᠦᠷᠢ ᠳᠤ ᠨᠢᠭᠡ ᠪᠣᠭ ᠮᠠᠯ ᠮᠠᠯᠯᠠᠬᠤ ᠪᠠᠷ | ᠰᠠᠭᠤᠷᠢ ᠪᠠᠷᠢᠮᠵᠢᠶ᠎ᠠ ᠪᠣᠯᠭᠠᠨ᠂ ᠰᠡᠯᠭᠦᠨ ᠮᠠᠯᠵᠢᠬᠤ ᠨᠥᠬᠦᠪᠥᠷᠢ ᠬᠦᠷᠲᠡᠬᠦ ᠬᠡᠪᠴᠢᠶᠡᠨ ᠤ ᠵᠠᠭᠤᠨ ᠤ ᠬᠠᠷᠢᠴᠠᠯ ᠢᠶᠠᠷ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ | ᠲᠥᠷᠥ ᠶᠢᠨ ᠪᠣᠳᠣᠯᠭ᠎ᠠ ᠶᠢᠨ ᠪᠡᠯᠡ ᠮᠥᠩᠭᠦ ᠶᠢ ᠰᠠᠭᠤᠯᠭᠠᠨ ᠠᠪᠤᠨ᠎ᠠ᠃ | ᠲᠠᠪᠤ᠂ ᠪᠡᠯᠴᠢᠭᠡᠷ ᠤᠨ ᠪᠠᠭᠲᠠᠭᠠᠮᠵᠢ ᠶᠢ ᠬᠢᠨᠠᠨ ᠲᠣᠭᠲᠠᠭᠠᠨ᠎ᠠ | ︵ᠠᠷᠪᠠ︶ ᠬᠢᠨᠠᠨ ᠲᠣᠭᠲᠠᠭᠠᠬᠤ ᠦᠨᠳᠦᠰᠦᠯᠡᠯ᠃ ᠨᠤᠲᠤᠭ ᠪᠡᠯᠴᠢᠭᠡᠷ ᠤᠨ ᠲᠠᠯᠠᠪᠠᠶ᠂ ᠨᠤᠲᠤᠭ ᠪᠡᠯᠴᠢᠭᠡᠷ ᠤᠨ ᠦᠶᠯᠡᠳᠪᠦᠷᠢᠯᠡᠯ ᠤᠨ ᠴᠢᠳᠠᠪᠤᠷᠢ᠂ ᠠᠮᠢ | ᠠᠬᠤᠶ ᠶᠢᠨ ᠣᠳᠣᠬᠢ ᠪᠠᠶᠢᠳᠠᠯ᠂ ᠳᠤᠯᠠᠭᠠᠨ ᠤᠯᠠᠷᠢᠯ ᠳᠤ ᠪᠡᠯᠴᠢᠭᠡᠷᠯᠡᠭᠦᠯᠬᠦ ᠡᠳᠦᠷ ᠤᠨ ᠲᠤᠭ᠎ᠠ᠂ ᠠᠳᠠᠯᠢ ᠪᠤᠰᠤ ᠨᠤᠲᠤᠭ ᠪᠡᠯᠴᠢᠭᠡᠷ ᠤᠨ ᠲᠥᠷᠥᠯ ᠬᠡᠯᠪᠡᠷᠢ ᠶᠢᠨ | ᠠᠰᠢᠭᠯᠠᠯᠲᠠ ᠶᠢᠨ ᠨᠣᠷᠮ᠎ᠠ ᠵᠡᠷᠭᠡ ᠪᠠᠭᠲᠠᠨ᠎ᠠ᠃ | ︵ᠠᠷᠪᠠᠨ ᠨᠢᠭᠡ︶ ᠬᠢᠨᠠᠨ ᠲᠣᠭᠲᠠᠭᠠᠬᠤ ᠬᠦᠷᠢᠶ᠎ᠡ ᠬᠡᠪᠴᠢᠶ᠎ᠡ᠃ ᠬᠢᠨᠠᠨ ᠲᠣᠭᠲᠠᠭᠠᠬᠤ ᠬᠦᠷᠢᠶ᠎ᠡ ᠬᠡᠪᠴᠢᠶ᠎ᠡ ᠭᠡᠳᠡᠭ ᠨᠢ ᠬᠠᠷᠢᠶ᠎ᠠ ᠣᠷᠣᠨ ᠳᠣᠲᠣᠷᠠᠬᠢ ᠨᠤᠲᠤᠭ | ᠪᠡᠯᠴᠢᠭᠡᠷ ᠤᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠬᠦᠷᠲᠡᠵᠦ ᠪᠠᠶᠢᠭ᠎ᠠ ᠨᠤᠲᠤᠭ ᠪᠡᠯᠴᠢᠭᠡᠷ ᠢ ᠵᠢᠭᠠᠵᠤ ᠪᠤᠶ᠃ | ︵ᠠᠷᠪᠠᠨ ᠬᠤᠶᠠᠷ︶ ᠬᠢᠨᠠᠨ ᠲᠣᠭᠲᠠᠭᠠᠬᠤ ᠪᠠᠷᠢᠮᠵᠢᠶ᠎ᠠ᠃ ᠮᠠᠯᠴᠢᠨ ᠲᠠᠷᠢᠶᠠᠴᠢᠨ ᠤ ᠦᠶᠯᠡᠳᠪᠦᠷᠢᠯᠡᠯ ᠠᠮᠢᠳᠤᠷᠠᠯ ᠤᠨ ᠪᠣᠳᠠᠲᠤ ᠪᠠᠶᠢᠳᠠᠯ ᠢ ᠶᠡᠷᠦᠩᠬᠡᠶᠢᠯᠡᠨ | ᠪᠣᠳᠣᠯᠬᠢᠯᠠᠵᠤ᠂ ᠣᠲᠤᠭ ᠬᠤᠰᠢᠭᠤᠨ ᠤ ᠪᠡᠯᠴᠢᠭᠡᠷ ᠤᠨ ᠪᠠᠭᠲᠠᠭᠠᠮᠵᠢ ᠶᠢᠨ ᠪᠠᠷᠢᠮᠵᠢᠶ᠎ᠠ ᠶᠢ 20 ᠮᠥ ᠪᠦᠷᠢ ᠳᠤ ᠨᠢᠭᠡ ᠪᠣᠭ ᠮᠠᠯ ᠮᠠᠯᠯᠠᠬᠤ ᠪᠠᠷ ᠨᠢᠭᠡᠳᠦᠯᠲᠡᠶ | ᠲᠣᠭᠲᠠᠭᠠᠨ᠂ ᠲᠣᠰ ᠵᠢᠯ ᠤᠨ ᠲᠥᠯ ᠪᠦᠷᠢ ᠶᠢ 0.5 ᠪᠤᠭ ᠮᠠᠯ ᠢᠶᠠᠷ ᠪᠤᠳᠤᠨ᠎ᠠ᠃ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠣᠷᠣᠨ ᠳᠣᠲᠣᠷᠠᠬᠢ ᠪᠣᠳᠠ ᠮᠠᠯ | ᠢ ᠪᠡᠯᠴᠢᠭᠡᠷ ᠤᠨ ᠪᠠᠭᠲᠠᠭᠠᠮᠵᠢ ᠶᠢ ᠬᠢᠨᠠᠨ ᠲᠣᠭᠲᠠᠭᠠᠬᠤ ᠬᠡᠪᠴᠢᠶᠡᠨ ᠳᠤ ᠣᠷᠣᠭᠤᠯᠬᠤ ᠦᠭᠡᠶ᠂ ᠶᠡᠷᠦᠩᠬᠡᠶ ᠬᠡᠮᠵᠢᠶ᠎ᠡ ᠶᠢ ᠬᠢᠵᠠᠭᠠᠷᠯᠠᠵᠤ᠂ ᠲᠤᠭ᠎ᠠ ᠬᠡᠮᠵᠢᠶ᠎ᠡ ᠶᠢ | ᠠᠰᠢᠭᠯᠠᠵᠤ ᠪᠣᠯᠬᠤ ᠪᠡᠯᠴᠢᠭᠡᠷ ᠤᠨ ᠲᠠᠯᠠᠪᠠᠶ ᠶᠢᠨ 0.5% ᠠᠴᠠ ᠬᠡᠲᠦᠷᠡᠭᠦᠯᠵᠦ ᠪᠣᠯᠬᠤ ᠦᠭᠡᠶ᠃ ᠤᠷᠭᠤᠮᠠᠯ ᠤᠨ ᠬᠤᠴᠢᠯᠭ᠎ᠠ ᠪᠠᠷ ᠰᠠᠶᠢᠨ᠂ ᠶᠠᠰᠤ ᠴᠢᠨᠠᠷ ᠢᠶᠠᠷ | ᠥᠨᠳᠥᠷ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠣᠷᠣᠨ ᠳᠤ ᠪᠡᠯᠴᠢᠭᠡᠷ ᠤᠨ ᠪᠠᠭᠲᠠᠭᠠᠮᠵᠢ ᠶᠢ ᠵᠣᠬᠢᠰᠲᠠᠶ ᠨᠡᠮᠡᠭᠳᠡᠭᠦᠯᠵᠦ ᠪᠣᠯᠤᠨ᠎ᠠ︔ ᠬᠦᠨᠳᠦ ᠰᠦᠷᠡᠬᠡᠢ | ᠮᠠᠭᠤᠳᠠᠵᠤ ᠡᠯᠡᠰᠦᠷᠬᠡᠭᠵᠢᠭᠰᠡᠨ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠣᠷᠣᠨ ᠳᠤ ᠪᠠᠶᠢᠳᠠᠯ ᠢ ᠨᠢ ᠦᠵᠡᠵᠦ ᠪᠠᠶᠢᠭᠠᠳ ᠪᠡᠯᠴᠢᠭᠡᠷ ᠤᠨ ᠪᠠᠭᠲᠠᠭᠠᠮᠵᠢ ᠶᠢ | ᠪᠠᠭᠠᠰᠬᠠᠨ᠎ᠠ᠃ ᠡᠯ᠎ᠡ ᠰᠤᠮᠤ ᠪᠠᠯᠭᠠᠰᠤ ᠭᠠᠴᠠᠭ᠎ᠠ ᠲᠣᠰᠬᠤᠨ ᠢ ᠵᠣᠬᠢᠶᠠᠨ ᠪᠠᠶᠢᠭᠤᠯᠵᠤ᠂ ᠨᠤᠲᠤᠭ ᠪᠡᠯᠴᠢᠭᠡᠷ ᠤᠨ ᠲᠠᠯᠠᠪᠠᠶ᠂ ᠪᠡᠯᠴᠢᠭᠡᠷ ᠤᠨ ᠪᠠᠭᠲᠠᠭᠠᠮᠵᠢ ᠶᠢᠨ | ᠪᠠᠷᠢᠮᠵᠢᠶ᠎ᠠ ᠵᠢᠴᠢ ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ ᠡᠷᠦᠬᠡ ᠪᠠᠷ ᠨᠢᠭᠡᠴᠢ ᠪᠣᠯᠭᠠᠨ ᠪᠡᠯᠴᠢᠭᠡᠷ ᠤᠨ ᠪᠠᠭᠲᠠᠭᠠᠮᠵᠢ ᠶᠢᠨ ᠬᠡᠮᠵᠢᠶ᠎ᠡ ᠶᠢ ᠬᠢᠨᠠᠨ ᠲᠣᠭᠲᠠᠭᠠᠨ᠎ᠠ᠃ | ᠡᠯ᠎ᠡ ᠰᠤᠮᠤ ᠪᠠᠯᠭᠠᠰᠤ ᠭᠠᠴᠠᠭ᠎ᠠ ᠲᠣᠰᠬᠤᠨ ᠢᠶᠠᠷ ᠨᠢᠭᠡᠴᠢ ᠪᠣᠯᠭᠠᠨ᠂ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠶᠢ ᠬᠢᠨᠠᠨ ᠲᠣᠭᠲᠠᠭᠠᠬᠤ ᠤᠴᠢᠷ ᠶᠠᠪᠤᠳᠠᠯ | ᠵᠢᠴᠢ ᠬᠤᠯᠪᠣᠭᠳᠠᠯ ᠪᠥᠬᠦᠶ ᠠᠭᠤᠯᠭ᠎ᠠ ᠶᠢ 7 ᠡᠳᠦᠷ ᠢᠯᠡ ᠨᠡᠶᠢᠲᠡᠯᠡᠨ᠎ᠡ᠃ | ᠵᠢᠷᠭᠤᠭ᠎ᠠ᠂ ᠪᠡᠯᠴᠢᠭᠡᠷᠯᠡᠭᠦᠯᠬᠦ ᠶᠢ ᠬᠤᠷᠢᠬᠤ ᠪᠠ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠣᠷᠣᠨ ᠤ ᠬᠠᠮᠢᠶᠠᠷᠤᠯᠲᠠ | ︵ᠠᠷᠪᠠᠨ ᠭᠤᠷᠪᠠ︶ ᠪᠡᠯᠴᠢᠭᠡᠷᠯᠡᠭᠦᠯᠬᠦ ᠶᠢ ᠬᠤᠷᠢᠬᠤ ᠣᠷᠣᠨ ᠤ ᠬᠠᠮᠢᠶᠠᠷᠤᠯᠲᠠ᠃ ᠪᠡᠯᠴᠢᠭᠡᠷᠯᠡᠭᠦᠯᠬᠦ ᠶᠢ ᠬᠤᠷᠢᠬᠤ ᠣᠷᠣᠨ ᠢ ᠬᠤᠪᠢᠶᠠᠷᠢᠯᠠᠨ | ᠲᠣᠭᠲᠠᠭᠠᠴᠢᠬᠠᠪᠠᠯ ᠲᠠᠪᠤᠨ ᠵᠢᠯ ᠳᠤ ᠨᠢᠭᠡ ᠤᠳᠠᠭ᠎ᠠ ᠲᠣᠬᠢᠷᠠᠭᠤᠯᠤᠯᠲᠠ ᠬᠢᠵᠦ᠂ ᠪᠡᠯᠴᠢᠭᠡᠷᠯᠡᠭᠦᠯᠬᠦ ᠶᠢ ᠬᠤᠷᠢᠬᠤ ᠬᠤᠭᠤᠴᠠᠭᠠᠨ ᠳᠤ ᠪᠡᠯᠴᠢᠭᠡᠷᠯᠡᠭᠦᠯᠦᠨ ᠠᠰᠢᠭᠯᠠᠬᠤ | ᠶᠢ ᠲᠠᠰᠤ ᠴᠠᠭᠠᠵᠠᠯᠠᠨ᠎ᠠ᠃ ᠪᠡᠯᠴᠢᠭᠡᠷᠯᠡᠭᠦᠯᠬᠦ ᠶᠢ ᠬᠤᠷᠢᠬᠤ ᠳᠦᠷᠢᠮ ᠢ ᠥᠯᠥ ᠨᠠᠶᠢᠳᠠᠪᠤᠷᠢᠵᠢᠭᠤᠯᠵᠤ᠂ ᠪᠡᠯᠴᠢᠭᠡᠷᠯᠡᠭᠦᠯᠬᠦ ᠶᠢ ᠬᠤᠷᠢᠬᠤ ᠣᠷᠣᠨ ᠳᠤ ᠲᠣᠭᠲᠠᠭᠠᠯ | ᠵᠥᠷᠢᠴᠡᠨ ᠬᠤᠶᠠᠷ ᠤᠳᠠᠭ᠎ᠠ ᠠᠴᠠ ᠳᠡᠭᠡᠭᠰᠢ ᠪᠡᠯᠴᠢᠭᠡᠷᠯᠡᠭᠦᠯᠦᠭᠰᠡᠨ ᠪᠣᠯ᠂ ᠬᠠᠮᠢᠶ᠎ᠠ ᠪᠦᠬᠦᠢ ᠰᠢᠢᠳᠬᠡᠬᠦ ᠳᠦᠷᠢᠮ ᠢᠶᠠᠷ ᠴᠢᠩᠭ᠎ᠠ ᠰᠢᠢᠳᠬᠡᠬᠦ ᠠᠴᠠ ᠭᠠᠳᠠᠨ᠎ᠠ᠂ ᠪᠠᠰᠠ | ᠲᠤᠰ ᠵᠢᠯ ᠤᠨ ᠪᠡᠯᠴᠢᠭᠡᠷᠯᠡᠭᠦᠯᠬᠦ ᠶᠢ ᠬᠤᠷᠢᠬᠤ ᠨᠥᠬᠦᠪᠥᠷᠢ ᠪᠡᠯᠡ ᠮᠥᠩᠭᠦ ᠶᠢ ᠰᠠᠭᠤᠯᠭᠠᠨ ᠠᠪᠤᠨ᠎ᠠ᠂ ᠰᠠᠭᠤᠯᠭᠠᠨ ᠠᠪᠬᠤ ᠪᠠᠷᠢᠮᠵᠢᠶ᠎ᠠ ᠨᠢ 20 ᠮᠦ ᠪᠦᠷᠢ ᠳᠤ | ᠨᠢᠭᠡ ᠪᠣᠭ ᠮᠠᠯ ᠮᠠᠯᠯᠠᠬᠤ ᠪᠠᠷ ᠰᠠᠭᠤᠷᠢ ᠪᠠᠷᠢᠮᠵᠢᠶ᠎ᠠ ᠪᠣᠯᠭᠠᠨ᠂ ᠪᠡᠯᠴᠢᠭᠡᠷᠯᠡᠭᠦᠯᠬᠦ ᠶᠢ ᠬᠤᠷᠢᠬᠤ ᠨᠥᠬᠦᠪᠥᠷᠢ ᠬᠦᠷᠲᠡᠬᠦ ᠬᠡᠪᠴᠢᠶᠡᠨ ᠤ ᠵᠠᠭᠤᠨ ᠤ ᠬᠠᠷᠢᠴᠠᠯ ᠢᠶᠠᠷ | ᠨᠤᠲᠤᠭ ᠪᠡᠯᠴᠢᠭᠡᠷ ᠤᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠪᠡᠯᠡ ᠮᠥᠩᠭᠦ ᠶᠢ ᠰᠠᠭᠤᠯᠭᠠᠨ ᠠᠪᠤᠨ᠎ᠠ᠃ | ︵ᠠᠷᠪᠠᠨ ᠳᠥᠷᠪᠡ︶ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠣᠷᠣᠨ ᠤ ᠬᠠᠮᠢᠶᠠᠷᠤᠯᠲᠠ᠃ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ | ᠣᠷᠣᠨ ᠢᠶᠠᠷ ᠬᠤᠪᠢᠶᠠᠷᠢᠯᠠᠨ ᠲᠣᠭᠲᠠᠭᠠᠴᠢᠬᠠᠪᠠᠯ ᠲᠠᠪᠤᠨ ᠵᠢᠯ ᠳᠤ ᠨᠢᠭᠡ ᠤᠳᠠᠭ᠎ᠠ ᠲᠣᠬᠢᠷᠠᠭᠤᠯᠤᠯᠲᠠ ᠬᠢᠵᠦ᠂ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ | ᠴᠢᠩᠭ᠎ᠠ ᠳᠦᠷᠢᠮ ᠢ ᠬᠡᠷᠡᠭᠵᠢᠭᠦᠯᠦᠨ᠎ᠡ᠂ ᠪᠠᠭᠲᠠᠭᠠᠮᠵᠢ ᠠᠴᠠ ᠬᠡᠲᠦᠷᠡᠭᠦᠯᠦᠨ ᠮᠠᠯᠯᠠᠵᠦ ᠪᠣᠯᠬᠤ ᠦᠭᠡᠶ᠃ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠳᠦᠷᠢᠮ ᠢ | ᠥᠯᠥ ᠨᠠᠶᠢᠳᠠᠪᠤᠷᠢᠵᠢᠭᠤᠯᠤᠨ᠂ ᠪᠡᠯᠴᠢᠭᠡᠷ ᠤᠨ ᠪᠠᠭᠲᠠᠭᠠᠮᠵᠢ ᠶᠢᠨ 10% ᠠᠴᠠ ᠳᠡᠭᠡᠭᠰᠢ ᠬᠡᠲᠦᠷᠡᠭᠦᠯᠦᠨ ᠮᠠᠯᠯᠠᠭᠰᠠᠨ ᠪᠣᠯ᠂ ︽ᠳᠦᠷᠢᠮ︾ ᠤᠨ ᠬᠠᠮᠢᠶ᠎ᠠ ᠪᠦᠬᠦᠢ | ᠰᠢᠢᠳᠬᠡᠬᠦ ᠳᠦᠷᠢᠮ ᠢᠶᠠᠷ ᠴᠢᠩᠭ᠎ᠠ ᠰᠢᠢᠳᠬᠡᠬᠦ ᠠᠴᠠ ᠭᠠᠳᠠᠨ᠎ᠠ᠂ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠱᠠᠩᠨᠠᠯ ᠤᠨ ᠪᠡᠯᠡ ᠮᠥᠩᠭᠦ ᠶᠢ ᠰᠠᠭᠤᠯᠭᠠᠨ | ᠠᠪᠤᠨ᠎ᠠ᠂ ᠰᠠᠭᠤᠯᠭᠠᠨ ᠠᠪᠬᠤ ᠪᠠᠷᠢᠮᠵᠢᠶ᠎ᠠ ᠶᠢ ᠪᠠᠭᠲᠠᠭᠠᠮᠵᠢ ᠠᠴᠠ 10% ᠠᠴᠠ ᠬᠡᠲᠦᠷᠡᠭᠰᠡᠨ ᠨᠣᠷᠮ᠎ᠠ ᠪᠠᠷ ᠰᠠᠭᠤᠷᠢ ᠪᠠᠷᠢᠮᠵᠢᠶ᠎ᠠ ᠪᠣᠯᠭᠠᠨ᠂ ᠳᠠᠭᠠᠭᠠᠴᠠ ᠠᠴᠠ | ᠬᠡᠲᠦᠷᠡᠭᠰᠡᠨ ᠨᠣᠷᠮ᠎ᠠ ᠶᠢᠨ ᠵᠠᠭᠤᠨ ᠤ ᠬᠠᠷᠢᠴᠠᠯ ᠢᠶᠠᠷ ᠨᠤᠲᠤᠭ ᠪᠡᠯᠴᠢᠭᠡᠷ ᠤᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠪᠡᠯᠡ ᠮᠥᠩᠭᠦ ᠶᠢ ᠰᠠᠭᠤᠯᠭᠠᠨ | ᠠᠪᠤᠨ᠎ᠠ᠃ | ︵ᠠᠷᠪᠠᠨ ᠲᠠᠪᠤ︶ ᠪᠡᠯᠴᠢᠭᠡᠷᠯᠡᠭᠦᠯᠬᠦ ᠶᠢ ᠬᠤᠷᠢᠬᠤ ᠣᠷᠣᠨ ᠤ ᠲᠣᠬᠢᠷᠠᠭᠤᠯᠤᠯᠲᠠ᠃ ᠲᠠᠪᠤᠨ ᠵᠢᠯ ᠤᠨ ᠳᠣᠲᠣᠷ᠎ᠠ᠂ ᠪᠡᠯᠴᠢᠭᠡᠷᠯᠡᠭᠦᠯᠬᠦ ᠶᠢ ᠬᠤᠷᠢᠬᠤ ᠣᠷᠣᠨ | ᠤ ᠨᠤᠲᠤᠭ ᠪᠡᠯᠴᠢᠭᠡᠷ ᠤᠨ ᠠᠮᠢ ᠠᠬᠤᠶ ᠶᠢ ᠦᠷᠭᠦᠯᠵᠢᠯᠡᠨ ᠪᠦᠲᠦᠮᠵᠢᠲᠡᠶ ᠰᠡᠷᠭᠦᠭᠡᠵᠦ᠂ ᠨᠤᠲᠤᠭ ᠪᠡᠯᠴᠢᠭᠡᠷ ᠤᠨ ᠶᠡᠷᠦᠩᠬᠡᠶᠢᠯᠡᠭᠰᠡᠨ ᠤᠷᠭᠤᠮᠠᠯ ᠤᠨ ᠬᠤᠴᠢᠯᠭ᠎ᠠ | ᠶᠢᠨ ᠬᠡᠮᠵᠢᠶ᠎ᠡ᠂ ᠦᠢᠯᠡᠳᠪᠦᠷᠢᠯᠡᠯ ᠤᠨ ᠴᠢᠳᠠᠪᠤᠷᠢ ᠭᠡᠬᠦ ᠬᠤᠶᠠᠷ ᠵᠦᠢᠯ ᠤᠨ ᠭᠦᠢᠴᠡᠳᠬᠡᠯ ᠲᠤᠭ᠎ᠠ ᠨᠢ ᠴᠥᠮ ᠲᠤᠰ ᠰᠤᠮᠤ ᠪᠠᠯᠭᠠᠰᠤᠨ ᠤ ᠳᠤᠮᠳᠠᠴᠢ ᠲᠦᠪᠰᠢᠨ ᠳᠤ | ᠬᠦᠷᠦᠭᠰᠡᠨ ᠪᠠᠶᠢᠪᠠᠯ᠂ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠣᠷᠣᠨ ᠪᠣᠯᠭᠠᠨ ᠲᠣᠬᠢᠷᠠᠭᠤᠯᠵᠤ ᠪᠣᠯᠤᠨ᠎ᠠ᠃ ᠲᠣᠬᠢᠷᠠᠭᠤᠯᠤᠯᠲᠠ ᠬᠢᠬᠦ ᠳᠤ᠂ ᠬᠡᠷᠡᠭᠯᠡᠬᠦ | ᠡᠷᠬᠡᠲᠦ ᠬᠥᠮᠦᠨ ᠪᠤᠶᠤ ᠳᠠᠭᠠᠭᠠᠴᠢᠯᠠᠨ ᠡᠵᠡᠩᠨᠡᠭᠴᠢ ᠠᠴᠠ ᠭᠤᠶᠤᠴᠢᠯᠠᠯ ᠭᠠᠷᠭᠠᠵᠤ᠂ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠪᠠᠶᠢᠭᠤᠯᠭ᠎ᠠ ᠪᠠᠷ | ᠬᠢᠨᠠᠨ ᠲᠣᠭᠲᠠᠭᠠᠯᠭᠠᠭᠰᠠᠨ ᠤ ᠳᠠᠷᠠᠭ᠎ᠠ᠂ ᠳᠠᠷᠠᠭ᠎ᠠ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ ᠲᠥᠷᠥ | ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠠᠪᠤᠴᠠ ᠳᠤ ᠲᠣᠬᠢᠷᠠᠭᠤᠯᠤᠯᠲᠠ ᠬᠢᠨ᠎ᠠ᠃ | ︵ᠠᠷᠪᠠᠨ ᠵᠢᠷᠭᠤᠭ᠎ᠠ︶ ᠡᠷᠭᠢᠯᠳᠦᠭᠦᠯᠦᠭᠰᠡᠨ ᠨᠤᠲᠤᠭ ᠪᠡᠯᠴᠢᠭᠡᠷ ᠤᠨ ᠬᠠᠮᠢᠶᠠᠷᠤᠯᠲᠠ᠃ ᠨᠤᠲᠤᠭ ᠪᠡᠯᠴᠢᠭᠡᠷ ᠤᠨ ᠡᠷᠭᠢᠯᠲᠡ ᠶᠢ ᠨᠢᠭᠡᠳᠦᠯᠲᠡᠢ ᠬᠢᠨᠠᠨ | ᠬᠠᠮᠢᠶᠠᠷᠬᠤ ᠲᠠᠪᠴᠠᠩ ᠢ ᠪᠠᠶᠢᠭᠤᠯᠵᠤ᠂ ᠬᠤᠰᠢᠭᠤ᠂ ᠰᠤᠮᠤ ᠪᠠᠯᠭᠠᠰᠤ ᠪᠠ ᠭᠠᠴᠠᠭ᠎ᠠ ᠲᠣᠰᠬᠤᠨ ᠭᠤᠷᠪᠠᠨ ᠱᠠᠲᠤᠨ ᠤ ᠡᠷᠭᠢᠯᠳᠦᠭᠦᠯᠬᠦ ᠲᠠᠰ ᠳᠠᠷᠠᠭᠠᠯᠠᠯ ᠢ | ᠵᠢᠷᠤᠮᠵᠢᠭᠤᠯᠤᠨ᠂ ᠨᠤᠲᠤᠭ ᠪᠡᠯᠴᠢᠭᠡᠷ ᠢ ᠡᠷᠭᠢᠯᠳᠦᠭᠦᠯᠬᠦ ᠠᠵᠢᠯᠯᠠᠭ᠎ᠠ ᠶᠢ ᠴᠢᠩᠭ᠎ᠠ ᠬᠢᠨᠠᠨ ᠬᠠᠮᠢᠶᠠᠷᠤᠨ᠎ᠠ᠃ ᠨᠤᠲᠤᠭ ᠪᠡᠯᠴᠢᠭᠡᠷ ᠢ ᠡᠷᠭᠢᠯᠳᠦᠭᠦᠯᠦᠨ ᠡᠵᠡᠩᠨᠡᠬᠦ | ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠬᠤᠷᠢᠵᠦ ᠰᠡᠯᠭᠦᠨ ᠮᠠᠯᠵᠢᠬᠤ ᠳᠦᠷᠢᠮ ᠢ | ᠵᠢᠷᠤᠮᠯᠠᠬᠤ ᠬᠡᠷᠡᠭᠲᠡᠢ᠃ | ︵ᠠᠷᠪᠠᠨ ᠳᠣᠯᠤᠭ᠎ᠠ︶ ᠪᠡᠯᠴᠢᠭᠡᠷᠯᠡᠭᠦᠯᠬᠦ ᠶᠢ ᠬᠤᠷᠢᠬᠤ ᠣᠷᠣᠨ ᠳᠤ ᠪᠤᠶᠤ ᠰᠡᠯᠭᠦᠨ ᠮᠠᠯᠵᠢᠬᠤ ᠬᠤᠭᠤᠴᠠᠭᠠᠨ ᠳᠤ ᠪᠡᠯᠴᠢᠭᠡᠷᠯᠡᠭᠦᠯᠦᠭᠰᠡᠨ ᠪᠣᠯ᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠳᠦᠷᠢᠮ︾ | ᠤᠨ ᠭᠤᠴᠢᠨ ᠲᠠᠪᠤᠳᠤᠭᠠᠷ ᠵᠦᠢᠯ ᠤᠨ ᠲᠣᠭᠲᠠᠭᠠᠯ ᠳᠤ ᠦᠨᠳᠦᠰᠦᠯᠡᠨ᠂ ᠬᠠᠷᠢᠶ᠎ᠠ ᠭᠠᠵᠠᠷ ᠤᠨ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠠᠴᠠ | ᠵᠠᠷᠯᠢᠭᠳᠠᠨ ᠵᠠᠯᠠᠷᠠᠭᠤᠯᠵᠤ᠂ ᠬᠠᠤᠯᠢ ᠵᠥᠷᠢᠴᠡᠨ ᠪᠡᠯᠴᠢᠭᠡᠷᠯᠡᠭᠦᠯᠦᠭᠰᠡᠨ ᠪᠣᠭ ᠮᠠᠯ ᠨᠢᠭᠡᠪᠦᠷᠢ ᠠᠴᠠ 120 ᠲᠥᠭᠦᠷᠢᠭ ᠲᠣᠷᠭᠠᠨ᠎ᠠ᠃ ᠮᠠᠯ ᠪᠡᠯᠴᠢᠭᠡᠷ ᠢ | ᠲᠡᠩᠴᠡᠭᠦᠷᠢᠲᠡᠢ ᠪᠠᠶᠢᠯᠭᠠᠬᠤ ᠳᠦᠷᠢᠮ ᠢ ᠬᠡᠷᠡᠭᠵᠢᠭᠦᠯᠵᠦ ᠪᠠᠶᠢᠭ᠎ᠠ ᠪᠡᠯᠴᠢᠭᠡᠷ ᠳᠡᠭᠡᠷ᠎ᠡ ᠪᠠᠭᠲᠠᠭᠠᠮᠵᠢ ᠠᠴᠠ ᠬᠡᠲᠦᠷᠡᠭᠦᠯᠦᠨ ᠪᠡᠯᠴᠢᠭᠡᠷᠯᠡᠭᠦᠯᠦᠭᠰᠡᠨ ᠪᠣᠯ᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠳᠦᠷᠢᠮ︾ | ᠤᠨ ᠭᠤᠴᠢᠨ ᠲᠠᠪᠤᠳᠤᠭᠠᠷ ᠵᠦᠢᠯ ᠤᠨ ᠲᠣᠭᠲᠠᠭᠠᠯ ᠳᠤ ᠦᠨᠳᠦᠰᠦᠯᠡᠨ᠂ ᠬᠠᠷᠢᠶ᠎ᠠ ᠭᠠᠵᠠᠷ ᠤᠨ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠠᠴᠠ | ᠵᠠᠷᠯᠢᠭᠳᠠᠵᠤ ᠬᠤᠭᠤᠴᠠᠭ᠎ᠠ ᠬᠢᠵᠠᠭᠠᠷᠯᠠᠨ ᠵᠠᠯᠠᠷᠠᠭᠤᠯᠤᠨ᠎ᠠ︔ ᠬᠤᠭᠤᠴᠠᠭ᠎ᠠ ᠨᠢ ᠲᠤᠯᠲᠠᠯ᠎ᠠ ᠵᠠᠯᠠᠷᠠᠭᠤᠯᠬᠤ ᠦᠭᠡᠶ ᠪᠣᠯ ᠪᠠᠭᠲᠠᠭᠠᠮᠵᠢ ᠠᠴᠠ ᠬᠡᠲᠦᠷᠡᠭᠰᠡᠨ ᠮᠠᠯ | ᠨᠢᠭᠡᠪᠦᠷᠢ ᠠᠴᠠ 100 ᠲᠥᠭᠦᠷᠢᠭ ᠲᠣᠷᠭᠠᠨ᠎ᠠ᠃ | ᠳᠣᠯᠤᠭ᠎ᠠ᠂ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠪᠡᠯᠡ ᠮᠥᠩᠭᠦᠨ ᠤ ᠬᠡᠷᠡᠭᠯᠡᠯᠲᠡ | ︵ᠠᠷᠪᠠᠨ ᠨᠠᠢᠮᠠ︶ ᠪᠡᠯᠡ ᠮᠥᠩᠭᠦ ᠶᠢ ᠰᠠᠯᠭᠠᠨ ᠥᠭᠬᠦ᠃ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠥᠭᠬᠦ ᠲᠠᠯᠠᠪᠠᠶ ᠪᠣᠯᠤᠨ ᠪᠡᠯᠴᠢᠭᠡᠷᠯᠡᠭᠦᠯᠬᠦ ᠶᠢ | ᠬᠤᠷᠢᠬᠤ ᠲᠠᠯᠠᠪᠠᠶ ᠳᠤ ᠦᠨᠳᠦᠰᠦᠯᠡᠨ᠂ ᠨᠥᠬᠦᠪᠦᠷᠢ ᠱᠠᠩᠨᠠᠯ ᠤᠨ ᠪᠠᠷᠢᠮᠵᠢᠶ᠎ᠠ ᠶᠢ ᠲᠣᠳᠣᠷᠬᠠᠶᠢᠯᠠᠨ᠂ ᠠᠮᠵᠢᠯᠲᠠ ᠪᠦᠲᠦᠮᠵᠢ ᠶᠢᠨ ᠬᠠᠷᠠᠯᠲᠠ ᠶᠢ ᠵᠠᠳᠠᠯᠵᠤ᠂ ᠪᠡᠯᠡ | ᠮᠥᠩᠭᠦ ᠬᠤᠪᠢᠶᠠᠬᠤ ᠡᠬᠡ ᠳᠠᠩᠰᠠ ᠪᠠᠶᠢᠭᠤᠯᠤᠨ᠎ᠠ᠃ | ︵ᠠᠷᠪᠠ ᠶᠢᠰᠦ︶ ᠪᠡᠯᠡ ᠮᠥᠩᠭᠦ ᠶᠢ ᠬᠡᠷᠡᠭᠯᠡᠬᠦ᠃ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ | ᠶᠢᠨ ᠪᠠᠯᠠ ᠮᠥᠩᠭᠦ ᠶᠢ ᠵᠥᠪᠬᠡᠨ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠱᠠᠩᠨᠠᠯ ᠪᠠ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠨᠥᠬᠦᠪᠥᠷᠢ ᠳᠤ | ᠬᠡᠷᠡᠭᠯᠡᠨ᠎ᠡ᠃ ︽ᠲᠦᠷᠢᠮ︾ ᠤᠨ ᠬᠤᠷᠢ ᠶᠢᠰᠦᠳᠦᠭᠡᠷ ᠵᠦᠶᠯ᠂ ᠭᠤᠴᠢᠳᠤᠭᠠᠷ ᠵᠦᠶᠯ ᠵᠢᠴᠢ ︽ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ | ᠶᠢ ᠬᠤᠷᠢᠵᠤ ᠰᠡᠯᠭᠦᠨ ᠮᠠᠯᠵᠢᠬᠤ ᠠᠵᠢᠯ ᠢ ᠤᠯᠠᠮ ᠴᠢᠩᠭᠠᠳᠬᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠠᠯᠪᠠᠨ ᠲᠢᠩᠬᠢᠮ ᠤᠨ ᠵᠢᠯᠣᠭᠤᠳᠬᠤ ᠰᠠᠨᠠᠯ︾ ᠤᠨ ᠬᠠᠮᠢᠶ᠎ᠠ ᠪᠥᠬᠦᠶ ᠲᠣᠭᠲᠠᠭᠠᠯ ᠳᠤ ᠦᠨᠳᠦᠰᠦᠯᠡᠨ᠂ ︽ᠲᠦᠷᠢᠮ︾ ᠢ ᠵᠥᠷᠢᠴᠡᠭᠰᠡᠨ ᠠᠴᠠ ᠪᠣᠯᠵᠣ | ᠰᠠᠭᠤᠯᠭᠠᠨ ᠠᠪᠤᠭᠰᠠᠨ ᠪᠠᠯᠠ ᠮᠥᠩᠭᠦ ᠶᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠨᠢᠭᠡᠳᠦᠯᠲᠡᠶ ᠲᠥᠯᠥᠪᠯᠡᠵᠦ ᠨᠤᠲᠤᠭ ᠪᠡᠯᠴᠢᠭᠡᠷ ᠢ ᠬᠠᠮᠠᠭᠠᠯᠠᠨ | ᠰᠡᠷᠭᠦᠭᠡᠬᠦ ᠵᠡᠷᠭᠡ ᠬᠠᠮᠢᠶ᠎ᠠ ᠪᠥᠬᠦᠶ ᠠᠵᠢᠯ ᠳᠤ ᠲᠤᠰᠬᠠᠶ ᠬᠡᠷᠡᠭᠯᠡᠨ᠎ᠡ᠃ ᠬᠤᠶᠠᠳᠤᠭᠠᠷ ᠡᠭᠡᠯᠵᠢ᠂ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠨᠥᠬᠦᠪᠥᠷᠢ | ᠱᠠᠩᠨᠠᠯ ᠤᠨ ᠦᠯᠡᠳᠡᠪᠦᠷᠢ ᠪᠠᠯᠠ ᠮᠥᠩᠭᠦ ᠶᠢ ᠲᠤᠰᠬᠠᠶ ᠵᠦᠶᠯ ᠳᠤ ᠬᠡᠷᠡᠭᠯᠡᠵᠦ᠂ ᠪᠣᠳᠠᠲᠠᠶ ᠲᠠᠢ ᠪᠠᠨ ᠤᠶᠠᠯᠳᠤᠭᠤᠯᠤᠨ᠂ ᠨᠤᠲᠤᠭ ᠪᠡᠯᠴᠢᠭᠡᠷ ᠤᠨ ᠠᠮᠢ ᠠᠬᠤᠶ ᠶᠢ | ᠬᠠᠮᠠᠭᠠᠯᠠᠨ ᠰᠡᠷᠭᠦᠭᠡᠬᠦ ᠬᠠᠮᠢᠶ᠎ᠠ ᠪᠥᠬᠦᠶ ᠠᠵᠢᠯ ᠳᠤ ᠦᠷᠭᠦᠯᠵᠢᠯᠡᠨ ᠬᠡᠷᠡᠭᠯᠡᠨ᠎ᠡ᠃ ᠰᠠᠭᠤᠯᠭᠠᠨ ᠠᠪᠤᠭᠰᠠᠨ ᠪᠠ ᠬᠤᠶᠠᠳᠤᠭᠠᠷ ᠡᠭᠡᠯᠵᠢ ᠶᠢᠨ ᠦᠯᠡᠳᠡᠪᠦᠷᠢ ᠪᠡᠯᠡ | ᠮᠥᠩᠭᠦ ᠶᠢ ᠬᠡᠷᠡᠭᠯᠡᠬᠦ ᠳᠤ ᠴᠦ ᠠᠮᠵᠢᠯᠲᠠ ᠪᠦᠲᠦᠮᠵᠢ ᠶᠢᠨ ᠬᠠᠷᠠᠯᠲᠠ ᠶᠢ ᠲᠣᠭᠲᠠᠭᠠᠨ᠂ ᠠᠮᠵᠢᠯᠲᠠ ᠪᠦᠲᠦᠮᠵᠢ ᠶᠢ ᠬᠢᠨᠠᠨ ᠰᠢᠯᠭᠠᠷᠠᠭᠤᠯᠬᠤ ᠶᠢᠨ ᠬᠠᠮᠲᠤ ᠬᠤᠲᠠ | ᠶᠢᠨ ᠡᠳ᠋ ᠤᠨ ᠵᠠᠰᠠᠭ᠂ ᠲᠠᠷᠢᠶᠠᠯᠠᠩ ᠮᠠᠯ ᠠᠵᠤ ᠠᠬᠤᠶ᠂ ᠣᠶ ᠰᠢᠭᠤᠶ ᠪᠠ ᠨᠤᠲᠤᠭ ᠪᠡᠯᠴᠢᠭᠡᠷ ᠤᠨ ᠪᠠᠶᠢᠭᠤᠯᠭ᠎ᠠ ᠳᠤ ᠮᠡᠳᠡᠭᠦᠯᠵᠦ ᠳᠠᠩᠰᠠᠯᠠᠭᠤᠯᠤᠨ᠎ᠠ᠃ | ︵ᠬᠤᠷᠢ︶ ᠪᠡᠯᠡ ᠮᠥᠩᠭᠦ ᠶᠢ ᠬᠤᠪᠢᠶᠠᠬᠤ᠃ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ | ᠪᠠᠯᠠ ᠮᠥᠩᠭᠦ ᠶᠢ ᠬᠤᠪᠢᠶᠠᠬᠤ ᠳᠤ ᠱᠠᠩᠨᠠᠵᠤ ᠲᠣᠷᠭᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃ ᠰᠤᠮᠤ ᠪᠠᠯᠭᠠᠰᠤᠨ ᠤ ᠶᠡᠷᠦᠩᠬᠡᠶᠢᠯᠡᠭᠰᠡᠨ ᠬᠠᠤᠯᠢ | ᠬᠡᠷᠡᠭᠵᠢᠭᠦᠯᠬᠦ ᠪᠠᠶᠢᠭᠤᠯᠭ᠎ᠠ ᠣᠨ ᠤ ᠮᠡᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠲᠦᠷᠢᠮ ᠳᠤ ᠬᠢᠨᠠᠯᠲᠠ | ᠲᠠᠯᠪᠢᠵᠤ ᠬᠠᠤᠯᠢ ᠬᠡᠷᠡᠭᠵᠢᠭᠦᠯᠦᠭᠰᠡᠨ ᠪᠠᠶᠢᠳᠠᠯ ᠳᠤ ᠦᠨᠳᠦᠰᠦᠯᠡᠨ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠪᠠᠶᠢᠭᠤᠯᠭ᠎ᠠ ᠶᠢᠨ ᠬᠠᠩᠭᠠᠭᠰᠠᠨ ᠪᠠᠯᠠ | ᠮᠥᠩᠭᠦ ᠬᠤᠪᠢᠶᠠᠬᠤ ᠡᠬᠡ ᠲᠠᠩᠰᠠ ᠶᠢ ᠬᠠᠷᠭᠤᠭᠤᠯᠵᠤ᠂ ︽ᠲᠦᠷᠢᠮ︾ ᠪᠠ ︽ᠬᠡᠷᠡᠭᠵᠢᠭᠦᠯᠬᠦ ᠲᠥᠰᠦᠯ︾ ᠤᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ᠂ | ᠭᠡᠷ᠎ᠡ ᠶᠢ ᠭᠦᠶᠴᠡᠳᠬᠡᠭᠰᠡᠨ ᠢ ᠨᠢ ᠱᠠᠩᠨᠠᠨ ᠬᠥᠬᠢᠭᠦᠯᠵᠦ᠂ ᠭᠡᠷ᠎ᠡ ᠵᠥᠷᠢᠴᠡᠭᠰᠡᠳ ᠤᠨ ᠨᠥᠬᠦᠪᠦᠷᠢ ᠮᠥᠩᠭᠦ ᠶᠢ ᠨᠢ ᠰᠠᠭᠤᠯᠭᠠᠨ ᠠᠪᠬᠤ ᠶᠢᠨ ᠬᠠᠮᠲᠤ᠂ ᠬᠠᠮᠤᠭ ᠤᠨ | ᠡᠴᠦᠰ ᠤᠨ ᠪᠡᠯᠡ ᠬᠤᠪᠢᠶᠠᠬᠤ ᠡᠬᠡ ᠲᠠᠩᠰᠠ ᠶᠢ ᠭᠠᠴᠠᠭ᠎ᠠ ᠲᠣᠰᠬᠤᠨ ᠳᠤ ᠵᠠᠷᠯᠠᠨ ᠨᠡᠶᠢᠲᠡᠯᠡᠵᠦ᠂ ᠵᠠᠷᠯᠠᠨ ᠨᠡᠶᠢᠲᠡᠯᠡᠭᠰᠡᠨ ᠦᠷ᠎ᠡ ᠳ᠋ᠦᠩ ᠳᠤ ᠣᠨᠳᠣᠣ ᠰᠠᠨᠠᠯ | ᠦᠭᠡᠢ ᠪᠣᠯᠤᠭᠰᠠᠨ ᠤ ᠳᠠᠷᠠᠭ᠎ᠠ᠂ ᠬᠤᠰᠢᠭᠤᠨ ᠤ ᠡᠳ᠋ ᠤᠨ ᠵᠠᠰᠠᠭ ᠤᠨ ᠪᠠᠶᠢᠭᠤᠯᠭ᠎ᠠ ᠳᠤ ᠮᠡᠳᠡᠭᠦᠯᠦᠨ᠂ ᠬᠠᠮᠤᠭ ᠤᠨ ᠡᠴᠦᠰ ᠲᠤ ︽ᠪᠦᠬᠦᠨ ᠳᠤ ᠳᠣᠭᠢᠷᠠᠬᠤ | ᠺᠠᠷᠲ︾ ᠪᠤᠶᠤ ︽ᠪᠦᠬᠦᠨ ᠳᠤ ᠳᠣᠭᠢᠷᠠᠬᠤ ᠬᠠᠳᠠᠭᠠᠯᠠᠮᠵᠢ ᠶᠢᠨ ᠳᠡᠪᠲᠡᠷ︾ ᠢᠶᠠᠷ ᠴᠠᠭ ᠲᠤᠬᠠᠶ ᠳᠤ ᠨᠢ ᠲᠤᠭ᠎ᠠ ᠶᠣᠰᠣᠭᠠᠷ ᠬᠤᠪᠢᠶᠠᠨ᠎ᠠ᠃ | ᠨᠠᠢᠮᠠ᠂ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠳᠦᠷᠢᠮ ᠤᠨ ᠬᠢᠨᠠᠯᠲᠠ ᠬᠠᠮᠢᠶᠠᠷᠤᠯᠲᠠ | ︵ᠬᠤᠷᠢᠨ ᠨᠢᠭᠡ︶ ᠪᠠᠭᠲᠠᠭᠠᠮᠵᠢ ᠠᠴᠠ ᠬᠡᠲᠦᠷᠡᠭᠦᠯᠦᠨ ᠮᠠᠯᠯᠠᠬᠤ ᠶᠢ ᠬᠢᠨᠠᠨ ᠪᠠᠶᠢᠴᠠᠭᠠᠵᠤ ᠰᠡᠷᠡᠮᠵᠢᠯᠡᠭᠦᠯᠬᠦ ᠠᠵᠢᠯ᠃ ᠥᠪᠡᠷᠲᠡᠭᠡᠨ ᠵᠠᠰᠠᠬᠤ ᠣᠷᠣᠨ ᠠᠴᠠ | ᠵᠢᠯ ᠪᠦᠷᠢ ᠶᠢᠨ 7 ᠳ᠋ᠤᠭᠠᠷ ᠰᠠᠷ᠎ᠠ ᠶᠢᠨ ᠥᠨᠳᠥᠷ ᠴᠠᠭ ᠤᠨ ᠳᠠᠷᠠᠭᠠᠯᠠᠯ ᠤᠨ ᠢᠯᠭᠠᠮᠵᠢᠲᠤ ᠠᠯᠤᠰ ᠰᠡᠷᠡᠯ ᠤᠨ ᠲᠤᠭ᠎ᠠ ᠪᠠᠷᠢᠮᠲᠠ ᠪᠠ ᠭᠠᠵᠠᠷ ᠳᠡᠭᠡᠷᠡᠬᠢ ᠬᠢᠨᠠᠨ | ᠬᠡᠮᠵᠢᠭᠰᠡᠨ ᠲᠤᠭ᠎ᠠ ᠪᠠᠷᠢᠮᠲᠠ ᠪᠠᠷ ᠭᠠᠴᠠᠭ᠎ᠠ ᠲᠣᠰᠬᠤᠨ ᠤ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠣᠷᠣᠨ ᠤ ᠪᠠᠭᠲᠠᠭᠠᠮᠵᠢ ᠠᠴᠠ ᠬᠡᠲᠦᠷᠡᠭᠦᠯᠦᠨ ᠮᠠᠯᠯᠠᠬᠤ ᠶᠢ | ᠤᠷᠢᠳᠴᠢᠯᠠᠨ ᠰᠡᠷᠡᠮᠵᠢᠯᠡᠭᠦᠯᠬᠦ ᠣᠷᠣᠨ ᠪᠠ ᠪᠡᠯᠴᠢᠭᠡᠷᠯᠡᠭᠦᠯᠬᠦ ᠶᠢ ᠬᠤᠷᠢᠬᠤ ᠣᠷᠣᠨ ᠤ ᠲᠣᠭᠲᠠᠭᠠᠯ ᠵᠥᠷᠢᠴᠡᠨ ᠪᠡᠯᠴᠢᠭᠡᠷᠯᠡᠭᠦᠯᠬᠦ ᠰᠡᠷᠭᠡᠭ ᠣᠷᠣᠨ ᠢ ᠵᠠᠳᠠᠯᠤᠨ | ᠭᠠᠷᠭᠠᠬᠤ ᠶᠢᠨ ᠬᠠᠮᠲᠤ᠂ ᠭᠠᠵᠠᠷ ᠤᠨ ᠵᠢᠷᠤᠭ ᠢ ᠪᠠᠭᠤᠯᠭᠠᠨ᠎ᠠ᠃ ᠡᠯ᠎ᠡ ᠰᠤᠮᠤ ᠪᠠᠯᠭᠠᠰᠤ ᠣᠶ ᠰᠢᠭᠤᠶ ᠶᠢᠨ ᠳᠠᠷᠤᠭ᠎ᠠ ᠶᠢᠨ ᠲᠦᠷᠢᠮ ᠲᠠᠢ ᠤᠶᠠᠯᠳᠤᠭᠤᠯᠤᠨ᠂ | ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠣᠷᠣᠨ ᠤ ᠪᠠᠭᠲᠠᠭᠠᠮᠵᠢ ᠠᠴᠠ ᠬᠡᠲᠦᠷᠡᠭᠦᠯᠦᠨ ᠮᠠᠯᠯᠠᠬᠤ ᠶᠢ | ᠤᠷᠢᠳᠴᠢᠯᠠᠨ ᠰᠡᠷᠡᠮᠵᠢᠯᠡᠭᠦᠯᠬᠦ ᠣᠷᠣᠨ ᠪᠠ ᠪᠡᠯᠴᠢᠭᠡᠷᠯᠡᠭᠦᠯᠬᠦ ᠶᠢ ᠬᠤᠷᠢᠬᠤ ᠣᠷᠣᠨ ᠤ ᠲᠣᠭᠲᠠᠭᠠᠯ ᠵᠥᠷᠢᠴᠡᠨ ᠪᠡᠯᠴᠢᠭᠡᠷᠯᠡᠭᠦᠯᠬᠦ ᠰᠡᠷᠭᠡᠭ ᠣᠷᠣᠨ ᠢ ᠭᠤᠤᠯᠳᠠᠯᠭ᠎ᠠ | ᠲᠠᠢ ᠲᠣᠭᠤᠷᠢᠨ ᠪᠠᠶᠢᠴᠠᠭᠠᠵᠤ ᠬᠢᠨᠠᠨ ᠡᠵᠡᠮᠳᠡᠨ᠎ᠡ᠃ | ︵ᠬᠤᠷᠢᠨ ᠬᠤᠶᠠᠷ︶ ᠨᠤᠲᠤᠭ ᠪᠡᠯᠴᠢᠭᠡᠷ ᠤᠨ ᠲᠣᠣᠷᠴᠢᠯᠠᠭᠰᠠᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ᠎ᠠ᠃ ᠣᠲᠤᠭ ᠬᠤᠰᠢᠭᠤᠨ ᠤ | ᠨᠤᠲᠤᠭ ᠪᠡᠯᠴᠢᠭᠡᠷ ᠤᠨ ᠲᠤᠰᠬᠠᠶ ᠲᠤᠰᠢᠶᠠᠯᠲᠤ ᠬᠠᠮᠢᠶᠠᠷᠤᠨ ᠬᠠᠮᠠᠭᠠᠯᠠᠭᠴᠢ ᠶᠢᠨ ᠡᠩᠨᠡᠭᠡᠨ ᠤ ᠪᠠᠶᠢᠭᠤᠯᠤᠯᠲᠠ ᠶᠢ ᠤᠯᠠᠮ ᠴᠢᠩᠭᠠᠳᠬᠠᠵᠤ᠂ ᠨᠤᠲᠤᠭ ᠪᠡᠯᠴᠢᠭᠡᠷ ᠤᠨ | ᠲᠣᠤᠷᠴᠢᠯᠠᠭᠰᠠᠨ ᠬᠢᠨᠠᠯᠲᠠ ᠬᠠᠮᠢᠶᠠᠷᠤᠯᠲᠠ ᠶᠢᠨ ᠠᠵᠢᠯ ᠢ ᠥᠷᠨᠢᠭᠦᠯᠬᠦ ᠶᠢᠨ ᠲᠤᠰᠠᠳᠠ᠂ 10 — 15 ᠲᠦᠮᠡᠨ ᠮᠥ ᠪᠦᠷᠢ ᠳᠤ ᠨᠢᠭᠡ ᠲᠣᠣᠷᠴᠢᠯᠠᠭᠰᠠᠨ | ᠬᠠᠮᠢᠶᠠᠷᠤᠯᠲᠠ ᠶᠢᠨ ᠠᠵᠢᠯᠲᠠᠨ ︵ᠬᠠᠮᠢᠶᠠᠷᠤᠨ ᠬᠠᠮᠠᠭᠠᠯᠠᠭᠴᠢ︶ ᠲᠣᠬᠢᠷᠠᠭᠤᠯᠬᠤ ᠱᠠᠭᠠᠷᠳᠠᠯᠭ᠎ᠠ ᠶᠣᠰᠣᠭᠠᠷ᠂ ᠣᠲᠣ ᠶᠢᠨ ᠪᠠᠶᠢᠭ᠎ᠠ ᠣᠶ ᠰᠢᠭᠤᠶ ᠨᠤᠲᠤᠭ ᠪᠡᠯᠴᠢᠭᠡᠷ | ᠤᠨ ᠬᠠᠮᠢᠶᠠᠷᠤᠨ ᠬᠠᠮᠠᠭᠠᠯᠠᠭᠴᠢ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ︽ᠲᠣᠣᠷᠴᠢᠯᠠᠭᠰᠠᠨ ᠬᠠᠮᠢᠶᠠᠷᠤᠯᠲᠠ ᠶᠢᠨ ᠬᠡᠪᠴᠢᠶ᠎ᠡ ᠶᠢ ᠲᠣᠭᠲᠠᠭᠠᠬᠤ᠂ ᠬᠢᠨᠠᠨ | ᠬᠠᠮᠢᠶᠠᠷᠤᠭᠴᠢ ᠲᠣᠭᠲᠠᠭᠠᠬᠤ᠂ ᠬᠠᠷᠢᠭᠤᠴᠠᠯᠭ᠎ᠠ ᠶᠢ ᠲᠣᠭᠲᠠᠭᠠᠬᠤ︾ ᠵᠠᠷᠴᠢᠮ ᠢᠶᠠᠷ ᠲᠣᠣᠷᠴᠢᠯᠠᠭᠰᠠᠨ ᠬᠠᠮᠢᠶᠠᠷᠤᠯᠲᠠ ᠶᠢᠨ ᠠᠵᠢᠯᠲᠠᠨ ᠢ ᠰᠣᠩᠭᠤᠨ ᠤᠷᠢᠵᠤ᠂ | ᠨᠤᠲᠤᠭ ᠪᠡᠯᠴᠢᠭᠡᠷ ᠤᠨ ᠲᠣᠣᠷᠴᠢᠯᠠᠭᠰᠠᠨ ᠬᠠᠮᠢᠶᠠᠷᠤᠯᠲᠠ ᠶᠢᠨ ᠲᠦᠷᠢᠮ ᠢ ᠲᠣᠭᠲᠠᠭᠠᠨ᠂ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ | ᠲᠣᠣᠷᠴᠢᠯᠠᠭᠰᠠᠨ ᠬᠠᠮᠢᠶᠠᠷᠤᠯᠲᠠ ᠶᠢ ᠭᠦᠨᠵᠡᠭᠡᠶᠢᠷᠡᠭᠦᠯᠦᠨ᠂ ᠬᠢᠨᠠᠨ ᠬᠠᠮᠢᠶᠠᠷᠬᠤ ᠦᠶᠯᠡᠴᠢᠯᠡᠭᠡ ᠶᠢ ᠲᠦᠭᠡᠮᠡᠯᠵᠢᠭᠦᠯᠵᠦ᠂ ᠬᠤᠰᠢᠭᠤ᠂ ᠰᠤᠮᠤ ᠪᠠᠯᠭᠠᠰᠤ᠂ ᠭᠠᠴᠠᠭ᠎ᠠ | ᠲᠣᠰᠬᠤᠨ ᠭᠤᠷᠪᠠᠨ ᠱᠠᠲᠤᠨ ᠤ ᠬᠠᠮᠢᠶᠠᠷᠤᠨ ᠬᠠᠮᠠᠭᠠᠯᠠᠬᠤ ᠰᠦᠯᠵᠢᠶ᠎ᠡ ᠶᠢ ᠪᠠᠶᠢᠭᠤᠯᠤᠨ ᠪᠦᠷᠢᠨᠰᠢᠭᠦᠯᠦᠨ᠎ᠡ᠃ ︽ᠨᠤᠲᠤᠭ ᠪᠡᠯᠴᠢᠭᠡᠷ ᠤᠨ ᠠᠮᠢ ᠠᠬᠤᠢ ᠶᠢᠨ | ᠰᠢᠰᠲ᠋ᠧᠮ ᠤᠨ ᠲᠣᠭᠠᠴᠢᠯᠠᠭᠰᠠᠨ ᠬᠢᠨᠠᠯᠲᠠ ᠬᠠᠮᠢᠶᠠᠷᠤᠯᠲᠠ ᠬᠢᠭᠡᠳ ᠦᠢᠯᠡᠴᠢᠯᠡᠭᠡᠨ ᠤ ᠲᠠᠪᠴᠠᠩ︾ ᠢ ᠰᠡᠳᠦᠪ ᠲᠣᠭᠲᠠᠭᠠᠨ ᠪᠠᠶᠢᠭᠤᠯᠵᠤ᠂ ᠲᠤᠤᠷᠴᠢᠯᠠᠭᠰᠠᠨ | ᠬᠢᠨᠠᠯᠲᠠ ᠬᠠᠮᠢᠶᠠᠷᠤᠯᠲᠠ ᠳᠤ ᠬᠠᠪᠰᠤᠷᠤᠮᠵᠢ ᠪᠣᠯᠭᠠᠵᠤ᠂ ᠲᠣᠭᠠᠴᠢᠯᠠᠭᠰᠠᠨ ᠬᠠᠮᠢᠶᠠᠷᠤᠯᠲᠠ ᠶᠢ ᠪᠡᠶᠡᠯᠡᠭᠦᠯᠦᠨ᠂ ᠲᠤᠤᠷᠴᠢᠯᠠᠭᠰᠠᠨ ᠬᠠᠮᠢᠶᠠᠷᠤᠯᠲᠠ ᠪᠠᠷ ᠬᠠᠷᠢᠭᠤᠴᠠᠯᠭ᠎ᠠ | ᠪᠠᠨ ᠨᠠᠶᠢᠳᠠᠪᠤᠷᠢᠵᠢᠭᠤᠯᠤᠨ᠎ᠠ᠃ ᠠᠵᠢᠯ ᠤᠨ ᠲᠥᠰᠦᠯ ᠤᠨ ᠨᠠᠷᠢᠨ ᠠᠭᠤᠯᠭ᠎ᠠ ᠶᠢ ᠳᠠᠭᠠᠯᠳᠤᠭᠤᠯᠤᠯ ᠳᠤ ᠦᠵᠡᠭᠡᠷᠡᠢ᠃ | ᠶᠢᠰᠦ᠂ ᠪᠠᠲᠤᠯᠠᠭ᠎ᠠ ᠶᠢᠨ ᠠᠷᠭ᠎ᠠ ᠪᠠᠷᠢᠯ | ︵ᠬᠤᠷᠢᠨ ᠭᠤᠷᠪᠠ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠨ᠎ᠠ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠭᠤᠤᠯ | ᠤᠳᠤᠷᠢᠳᠤᠯᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ ᠨᠤᠲᠤᠭ ᠪᠡᠯᠴᠢᠭᠡᠷ ᠤᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠠᠵᠢᠯ | ᠤᠨ ᠤᠳᠤᠷᠢᠳᠬᠤ ᠳᠤᠭᠤᠢᠯᠠᠩ ᠢ ᠪᠠᠶᠢᠭᠤᠯᠤᠨ᠂ ᠤᠳᠤᠷᠢᠳᠬᠤ ᠳᠤᠭᠤᠶᠢᠯᠠᠩ ᠨᠢ ᠬᠠᠮᠢᠶ᠎ᠠ ᠪᠦᠬᠦᠢ ᠴᠢᠭᠯᠡᠯᠲᠡ ᠲᠥᠷᠥ ᠶᠢᠨ ᠪᠣᠳᠣᠯᠭ᠎ᠠ ᠶᠢ ᠰᠤᠳᠤᠯᠤᠨ | ᠲᠣᠭᠲᠠᠭᠠᠵᠤ᠂ ᠬᠤᠯᠪᠣᠭᠳᠠᠯ ᠪᠦᠬᠦᠢ ᠪᠠᠶᠢᠭᠤᠯᠭ᠎ᠠ ᠶᠢ ᠵᠣᠬᠢᠴᠠᠭᠤᠯᠵᠤ ᠨᠢᠭᠲᠠ ᠬᠠᠮᠵᠢᠯᠴᠠᠭᠤᠯᠤᠨ᠂ ᠨᠤᠲᠤᠭ ᠪᠡᠯᠴᠢᠭᠡᠷ ᠤᠨ ᠨᠥᠬᠦᠪᠥᠷᠢ ᠱᠠᠩᠨᠠᠯ ᠤᠨ ᠲᠥᠷᠥ ᠶᠢᠨ | ᠪᠣᠳᠣᠯᠭ᠎ᠠ ᠪᠣᠯᠤᠨ ᠴᠢᠬᠤᠯᠠ ᠶᠡᠭᠡ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠨᠠᠶᠢᠳᠠᠪᠤᠷᠢᠵᠢᠭᠤᠯᠤᠨ᠎ᠠ᠃ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ | ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠬᠠᠷᠢᠭᠤᠴᠠᠯᠭ᠎ᠠ ᠶᠢᠨ ᠪᠢᠴᠢᠭ ᠢ ᠱᠠᠲᠤ ᠱᠠᠲᠤ ᠪᠠᠷ ᠲᠣᠭᠲᠠᠭᠠᠵᠤ᠂ ᠭᠤᠤᠯ ᠴᠣᠭᠴᠠ ᠶᠢᠨ ᠬᠠᠷᠢᠭᠤᠴᠠᠯᠭ᠎ᠠ ᠶᠢ | ᠤᠯᠠᠮ ᠲᠣᠳᠣᠷᠬᠠᠶᠢᠯᠠᠨ᠂ ᠰᠤᠮᠤ ᠪᠠᠯᠭᠠᠰᠤᠨ ᠤ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠡᠭᠦᠷᠭᠡ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠭᠠᠴᠠᠭ᠎ᠠ | ᠲᠣᠰᠬᠤᠨ ᠤ ᠱᠠᠩᠨᠠᠵᠤ ᠲᠣᠷᠭᠠᠬᠤ ᠡᠷᠬᠡ ᠬᠠᠷᠢᠭᠤᠴᠠᠯᠭ᠎ᠠ ᠶᠢ ᠴᠢᠩᠭᠠᠳᠬᠠᠨ᠂ ᠮᠠᠯᠵᠢᠬᠤ ᠲᠠᠷᠢᠶᠠᠯᠠᠬᠤ ᠡᠷᠦᠬᠡ ᠶᠢᠨ ᠠᠮᠢ ᠠᠬᠤᠶ ᠶᠢ ᠤᠷᠢᠳᠠᠪᠠᠷ ᠪᠣᠳᠣᠯᠬᠢᠯᠠᠵᠤ | ᠪᠣᠬᠢᠷᠲᠤᠯ ᠥᠬᠡᠶ ᠪᠠᠷ ᠬᠥᠭᠵᠢᠭᠦᠯᠦᠨ ᠡᠵᠡᠩᠨᠡᠬᠦ ᠤᠬᠠᠮᠰᠠᠷ ᠢ ᠳᠡᠭᠡᠭᠰᠢᠯᠡᠭᠦᠯᠦᠨ᠎ᠡ᠃ | ︵ᠬᠤᠷᠢᠨ ᠳᠥᠷᠪᠡ︶ ᠪᠡᠯᠡ ᠮᠥᠩᠭᠦᠨ ᠤ ᠪᠠᠲᠤᠯᠠᠭ᠎ᠠ ᠶᠢ ᠴᠢᠩᠭᠠᠳᠬᠠᠨ᠎ᠠ᠃ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ | ᠬᠤᠷᠢᠵᠦ ᠰᠡᠯᠭᠦᠨ ᠮᠠᠯᠵᠢᠬᠤ ᠲᠦᠷᠢᠮ ᠢ ᠤᠷᠤᠭᠰᠢᠲᠠᠶ ᠨᠠᠶᠢᠳᠠᠪᠤᠷᠢᠵᠢᠭᠤᠯᠬᠤ ᠶᠢᠨ ᠲᠤᠰᠠᠳᠠ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠵᠢᠯ ᠤᠨ | ᠱᠠᠭᠠᠷᠳᠠᠯᠭ᠎ᠠ ᠳᠤ ᠦᠨᠳᠦᠰᠦᠯᠡᠨ᠂ ᠠᠵᠢᠯ ᠤᠨ ᠵᠠᠷᠤᠳᠠᠯ ᠲᠣᠬᠢᠷᠠᠭᠤᠯᠬᠤ ᠶᠢᠨ ᠬᠠᠮᠲᠤ ᠲᠣᠰ ᠱᠠᠲᠤᠨ ᠤ ᠡᠳ᠋ ᠤᠨ ᠵᠠᠰᠠᠭ ᠤᠨ ᠲᠥᠰᠦᠪ ᠲᠤ ᠣᠷᠣᠭᠤᠯᠵᠤ᠂ | ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠷᠠᠭᠤᠯᠬᠤ᠂ ᠬᠠᠤᠯᠢ ᠬᠡᠷᠡᠭᠵᠢᠭᠦᠯᠬᠦ ᠪᠠ ᠲᠥᠷᠥ ᠶᠢᠨ ᠪᠣᠳᠣᠯᠭ᠎ᠠ ᠶᠢᠨ ᠪᠣᠯᠪᠠᠰᠤᠷᠠᠯ ᠬᠢᠬᠦ᠂ ᠲᠥᠷᠥ ᠶᠢᠨ | ᠪᠣᠳᠣᠯᠭ᠎ᠠ ᠶᠢ ᠤᠬᠠᠭᠤᠯᠬᠤ ᠵᠡᠷᠭᠡ ᠬᠠᠮᠢᠶᠠᠷᠤᠯᠲᠠ ᠶᠢᠨ ᠵᠠᠷᠤᠯᠭ᠎ᠠ ᠶᠢ ᠪᠠᠲᠤᠯᠠᠨ᠂ ᠨᠥᠬᠦᠪᠥᠷᠢ ᠱᠠᠩᠨᠠᠯ ᠤᠨ ᠪᠠᠯᠠ ᠮᠥᠩᠭᠦ ᠶᠢ ᠰᠢᠬᠠᠨ ᠡᠵᠡᠯᠡᠬᠦ ᠪᠤᠶᠤ ᠨᠡᠭᠦᠯᠭᠡᠵᠦ | ᠠᠵᠢᠯ ᠤᠨ ᠵᠠᠷᠤᠳᠠᠯ ᠳᠤ ᠬᠡᠷᠡᠭᠯᠡᠬᠦ ᠶᠢ ᠲᠠᠰᠤ ᠴᠠᠭᠠᠵᠠᠯᠠᠨ᠎ᠠ᠃ ᠣᠯᠠᠨ ᠲᠠᠯ᠎ᠠ ᠪᠠᠷ ᠪᠡᠯᠡ ᠴᠤᠭᠯᠠᠭᠤᠯᠵᠤ᠂ ᠬᠤᠰᠢᠭᠤᠨ ᠤ ᠣᠳᠣ ᠶᠢᠨ ᠪᠠᠶᠢᠭ᠎ᠠ ᠲᠥᠰᠦᠪ ᠤᠨ | ᠪᠡᠯᠡ ᠮᠥᠩᠭᠦ ᠨᠢ ᠲᠥᠪ ᠤᠨ ᠪᠡᠯᠡ ᠮᠥᠩᠭᠦ ᠲᠠᠢ ᠲᠥᠷᠥ ᠶᠢᠨ ᠪᠣᠳᠣᠯᠭ᠎ᠠ ᠶᠢᠨ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃ | ︵ᠬᠤᠷᠢᠨ ᠲᠠᠪᠤ︶ ᠪᠠᠶᠢᠭᠤᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠎ᠠ᠃ ᠡᠳ᠋ ᠤᠨ ᠵᠠᠰᠠᠭ᠂ ᠲᠠᠷᠢᠶᠠᠯᠠᠩ ᠮᠠᠯ ᠠᠵᠤ ᠠᠬᠤᠶ᠂ ᠣᠢ ᠰᠢᠭᠤᠶ | ᠪᠠ ᠨᠤᠲᠤᠭ ᠪᠡᠯᠴᠢᠭᠡᠷ ᠵᠡᠷᠭᠡ ᠬᠤᠯᠪᠣᠭᠳᠠᠯ ᠪᠦᠬᠦᠢ ᠪᠠᠶᠢᠭᠤᠯᠭ᠎ᠠ ᠶᠢᠨ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ | ᠪᠠ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠳᠦᠷᠢᠮ ᠢ ᠨᠠᠶᠢᠳᠠᠪᠤᠷᠢᠵᠢᠭᠤᠯᠬᠤ ᠡᠯ᠎ᠡ ᠵᠦᠶᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠨ᠎ᠡ᠃ | ᠡᠳ᠋ ᠤᠨ ᠵᠠᠰᠠᠭ ᠤᠨ ᠪᠠᠶᠢᠭᠤᠯᠭ᠎ᠠ ᠬᠤᠯᠪᠣᠭᠳᠠᠯ ᠪᠦᠬᠦᠢ ᠪᠠᠶᠢᠭᠤᠯᠭ᠎ᠠ ᠲᠠᠢ ᠬᠠᠮᠲᠤᠷᠠᠨ ᠪᠡᠯᠡ ᠮᠥᠩᠭᠦ ᠬᠤᠪᠢᠶᠠᠬᠤ ᠪᠠ ᠠᠮᠵᠢᠯᠲᠠ ᠪᠦᠲᠦᠮᠵᠢ ᠶᠢ ᠬᠠᠮᠢᠶᠠᠷᠬᠤ | ᠠᠵᠢᠯ ᠢ ᠰᠠᠶᠢᠲᠤᠷ ᠬᠢᠬᠦ ᠶᠢᠨ ᠬᠠᠮᠲᠤ ᠨᠤᠲᠤᠭ ᠪᠡᠯᠴᠢᠭᠡᠷ ᠤᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠪᠡᠯᠡ ᠮᠥᠩᠭᠦ ᠶᠢ ᠬᠤᠪᠢᠶᠠᠷᠢᠯᠠᠭᠰᠠᠨ | ᠪᠠᠶᠢᠳᠠᠯ ᠳᠤ ᠦᠨᠳᠦᠰᠦᠯᠡᠵᠦ᠂ ᠨᠤᠲᠤᠭ ᠪᠡᠯᠴᠢᠭᠡᠷ ᠤᠨ ᠨᠥᠬᠦᠪᠥᠷᠢ ᠱᠠᠩᠨᠠᠯ ᠤᠨ ᠪᠡᠯᠡ ᠮᠥᠩᠭᠦᠨ ᠤ ᠲᠤᠰᠬᠠᠶ ᠳᠠᠩᠰᠠ ᠪᠠᠶᠢᠭᠤᠯᠤᠨ᠂ ᠳᠠᠩᠰᠠ ᠬᠤᠪᠢᠶᠠᠨ | ᠲᠣᠭᠠᠴᠠᠭ᠎ᠠ ᠬᠢᠵᠦ᠂ ᠲᠤᠰᠬᠠᠶ ᠵᠣᠭᠤᠰ ᠢ ᠲᠤᠰᠬᠠᠶ ᠵᠦᠢᠯ ᠳᠤ ᠬᠡᠷᠡᠭᠯᠡᠨ᠎ᠡ᠃ ᠣᠶ ᠰᠢᠭᠤᠶ ᠪᠠ ᠨᠤᠲᠤᠭ ᠪᠡᠯᠴᠢᠭᠡᠷ ᠤᠨ ᠭᠤᠣᠯᠯᠠᠨ ᠬᠠᠮᠢᠶᠠᠷᠬᠤ ᠪᠠᠶᠢᠭᠤᠯᠭ᠎ᠠ ᠮᠠᠯ | ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ | ᠲᠠᠯᠪᠢᠵᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠬᠤᠪᠢᠶᠠᠷᠢᠯᠠᠨ ᠲᠣᠭᠲᠠᠭᠠᠭᠰᠠᠨ ᠪᠡᠯᠴᠢᠭᠡᠷᠯᠡᠭᠦᠯᠬᠦ ᠶᠢ ᠬᠤᠷᠢᠬᠤ ᠣᠷᠣᠨ ᠪᠠ ᠮᠠᠯ ᠪᠡᠯᠴᠢᠭᠡᠷ ᠢ | ᠲᠡᠩᠴᠡᠭᠦᠷᠢᠲᠡᠢ ᠪᠠᠶᠢᠯᠭᠠᠬᠤ ᠣᠷᠣᠨ ᠢ ᠴᠠᠭ ᠲᠤᠬᠠᠶ ᠳᠤᠨᠢ ᠲᠠᠷᠢᠶᠠᠯᠠᠩ ᠮᠠᠯ ᠠᠵᠤ ᠠᠬᠤᠶ ᠶᠢᠨ ᠪᠠᠶᠢᠭᠤᠯᠭ᠎ᠠ ᠳᠤ ᠮᠡᠳᠡᠭᠡᠯᠡᠨ᠂ ᠲᠠᠷᠢᠶᠠᠯᠠᠩ ᠮᠠᠯ ᠠᠵᠤ ᠠᠬᠤᠶ ᠶᠢᠨ | ᠪᠠᠶᠢᠭᠤᠯᠭ᠎ᠠ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠭᠥᠷᠳᠡᠵᠦ ᠪᠠᠶᠢᠭ᠎ᠠ ᠮᠠᠯᠵᠢᠬᠤ ᠲᠠᠷᠢᠶᠠᠯᠠᠬᠤ ᠡᠷᠦᠬᠡ ᠶᠢᠨ ᠮᠡᠳᠡᠭᠡ ᠵᠠᠩᠭᠢ ᠶᠢ ᠳᠠᠩᠰᠠᠯᠠᠵᠤ᠂ ᠪᠣᠳᠠᠲᠠᠶ | ᠱᠠᠩᠨᠠᠵᠤ ᠲᠣᠷᠭᠠᠬᠤ ᠲᠦᠷᠢᠮ ᠲᠣᠭᠲᠠᠭᠠᠨ᠂ ᠡᠳ᠋ ᠤᠨ ᠵᠠᠰᠠᠭ ᠤᠨ ᠪᠠᠶᠢᠭᠤᠯᠭ᠎ᠠ᠂ ᠣᠶ ᠰᠢᠭᠤᠶ ᠪᠠ ᠨᠤᠲᠤᠭ ᠪᠡᠯᠴᠢᠭᠡᠷ ᠤᠨ ᠭᠤᠣᠯᠯᠠᠨ ᠬᠠᠮᠢᠶᠠᠷᠬᠤ | ᠪᠠᠶᠢᠭᠤᠯᠭ᠎ᠠ ᠳᠤ ᠴᠠᠭ ᠲᠤᠬᠠᠶ ᠳᠤᠨᠢ ᠮᠡᠳᠡᠭᠡᠯᠡᠵᠦ᠂ ᠨᠤᠲᠤᠭ ᠪᠡᠯᠴᠢᠭᠡᠷ ᠤᠨ ᠪᠡᠯᠴᠢᠭᠡᠷᠯᠡᠭᠦᠯᠬᠦ ᠶᠢ ᠬᠤᠷᠢᠬᠤ ᠪᠠ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ | ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠨᠥᠬᠦᠪᠦᠷᠢ ᠱᠠᠩᠨᠠᠯ ᠤᠨ ᠪᠠᠯᠠ ᠮᠥᠩᠭᠦ ᠶᠢ ᠰᠠᠶᠢᠲᠤᠷ ᠣᠯᠭᠤᠬᠤ ᠳᠤ ᠰᠠᠭᠤᠷᠢ ᠲᠤᠭ᠎ᠠ ᠪᠠᠷᠢᠮᠲᠠ ᠶᠢᠨ | ᠲᠤᠯᠭᠠᠭᠤᠷᠢᠯᠠᠯ ᠬᠠᠩᠭᠠᠨ᠎ᠠ᠃ ᠡᠭᠦᠨ ᠤ ᠬᠠᠮᠲᠤ᠂ ᠲᠥᠷᠥ ᠶᠢᠨ ᠪᠣᠳᠣᠯᠭ᠎ᠠ ᠶᠢ ᠤᠬᠠᠭᠤᠯᠤᠨ᠂ ᠨᠤᠲᠤᠭ ᠪᠡᠯᠴᠢᠭᠡᠷ ᠤᠨ ᠨᠥᠬᠦᠪᠥᠷᠢ ᠱᠠᠩᠨᠠᠯ ᠤᠨ ᠲᠥᠷᠥ ᠶᠢᠨ | ᠪᠣᠳᠣᠯᠭ᠎ᠠ ᠶᠢᠨ ᠠᠭᠤᠯᠭ᠎ᠠ ᠶᠢ ᠲᠠᠶᠢᠯᠪᠤᠷᠢᠯᠠᠵᠤ᠂ ᠲᠥᠷᠥ ᠶᠢᠨ ᠪᠣᠳᠣᠯᠭ᠎ᠠ ᠶᠢᠨ ᠪᠣᠯᠪᠠᠰᠤᠷᠠᠯ ᠢ ᠴᠢᠩᠭᠠᠳᠬᠠᠨ᠂ ᠠᠵᠢᠯ ᠤᠨ ᠰᠠᠭᠤᠷᠢ ᠶᠢ ᠲᠠᠰᠤᠷᠠᠯᠲᠠ ᠥᠬᠡᠶ | ᠪᠠᠬᠢᠵᠢᠭᠦᠯᠵᠦ᠂ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠪᠣᠳᠠᠲᠠᠶ ᠪᠥᠭᠡᠳ ᠨᠠᠷᠢᠯᠢᠭ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ | ︵ᠬᠤᠷᠢᠨ ᠵᠢᠷᠭᠤᠭ᠎ᠠ︶ ᠠᠮᠵᠢᠯᠲᠠ ᠪᠦᠲᠦᠮᠵᠢ ᠶᠢᠨ ᠬᠢᠨᠠᠨ ᠰᠢᠯᠭᠠᠷᠠᠭᠤᠯᠤᠯᠲᠠ ᠶᠢ ᠴᠢᠩᠭᠠᠳᠬᠠᠨ᠎ᠠ᠃ ᠮᠠᠯ ᠪᠡᠯᠴᠢᠭᠡᠷ ᠢ ᠲᠡᠩᠴᠡᠭᠦᠷᠢᠲᠡᠶ ᠪᠠᠶᠢᠯᠭᠠᠬᠤ ᠪᠠ | ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠲᠦᠷᠢᠮ ᠢ ᠨᠠᠶᠢᠳᠠᠪᠤᠷᠢᠵᠢᠭᠤᠯᠬᠤ ᠶᠢ ᠬᠥᠳᠡᠭᠡ ᠲᠣᠰᠬᠤᠨ ᠢ ᠬᠥᠭᠵᠢᠭᠦᠯᠬᠦ ᠪᠠ ᠣᠶ ᠰᠢᠭᠤᠢ ᠶᠢᠨ ᠳᠠᠷᠤᠭ᠎ᠠ ᠶᠢᠨ | ᠲᠦᠷᠢᠮ ᠢ ᠬᠢᠨᠠᠨ ᠰᠢᠯᠭᠠᠷᠠᠭᠤᠯᠬᠤ ᠭᠦᠶᠴᠡᠳᠬᠡᠯ ᠲᠤᠭ᠎ᠠ ᠳᠤ ᠣᠷᠣᠭᠤᠯᠤᠨ᠎ᠠ᠃ ᠡᠭᠦᠨ ᠳᠤ᠂ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ | ᠶᠢ ᠬᠤᠷᠢᠵᠤ ᠰᠡᠯᠭᠦᠨ ᠮᠠᠯᠵᠢᠬᠤ ᠳᠤ ᠬᠢᠨᠠᠯᠲᠠ ᠲᠠᠯᠪᠢᠭᠰᠠᠨ᠂ ᠨᠤᠲᠤᠭ ᠪᠡᠯᠴᠢᠭᠡᠷ ᠲᠤ ᠲᠣᠣᠷᠴᠢᠯᠠᠭᠰᠠᠨ ᠬᠢᠨᠠᠯᠲᠠ ᠬᠠᠮᠢᠶᠠᠷᠤᠯᠲᠠ ᠬᠢᠭᠰᠡᠨ᠂ ᠨᠤᠲᠤᠭ ᠪᠡᠯᠴᠢᠭᠡᠷ | ᠤᠨ ᠨᠥᠬᠦᠪᠥᠷᠢ ᠱᠠᠩᠨᠠᠯ ᠤᠨ ᠪᠡᠯᠡ ᠮᠥᠩᠭᠦ ᠶᠢ ᠮᠠᠯᠵᠢᠬᠤ ᠲᠠᠷᠢᠶᠠᠯᠠᠬᠤ ᠡᠷᠦᠬᠡ ᠳᠤ ᠬᠤᠪᠢᠶᠠᠭᠰᠠᠨ ᠡᠬᠡ ᠲᠠᠩᠰᠠ ᠪᠠᠶᠢᠭᠤᠯᠵᠤ᠂ ᠪᠠᠯᠠ ᠮᠥᠩᠭᠦ ᠬᠤᠪᠢᠶᠠᠭᠰᠠᠨ | ᠨᠣᠷᠮ᠎ᠠ ᠶᠢ ᠬᠢᠨᠠᠨ ᠰᠢᠯᠭᠠᠷᠠᠭᠤᠯᠬᠤ ᠶᠢᠨ ᠴᠢᠬᠤᠯᠠ ᠦᠨᠳᠦᠰᠦᠯᠡᠯ ᠪᠣᠯᠭᠠᠨ᠎ᠠ᠃ ᠪᠣᠳᠠᠲᠠᠢ ᠬᠢᠨᠠᠨ ᠰᠢᠯᠭᠠᠷᠠᠭᠤᠯᠬᠤ ᠠᠷᠭ᠎ᠠ ᠶᠢ ᠥᠪᠡᠷᠲᠡᠭᠡᠨ ᠵᠠᠰᠠᠬᠤ ᠣᠷᠣᠨ ᠠᠴᠠ | ᠠᠰᠳᠠᠭᠠᠨ ᠲᠣᠭᠲᠠᠭᠠᠵᠤ᠂ ᠡᠯ᠎ᠡ ᠪᠠᠶᠢᠭᠤᠯᠭ᠎ᠠ᠂ ᠡᠯ᠎ᠡ ᠰᠤᠮᠤ ᠪᠠᠯᠭᠠᠰᠤ ᠵᠢᠷᠤᠮᠯᠠᠨ ᠬᠡᠷᠡᠭᠵᠢᠭᠦᠯᠦᠨ᠎ᠡ᠃ | ︵ᠬᠤᠷᠢᠨ ᠳᠣᠯᠤᠭ᠎ᠠ︶ ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠶᠢ ᠴᠢᠩᠭᠠᠳᠬᠠᠨ᠎ᠠ᠃ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ | ᠶᠢ ᠬᠤᠷᠢᠵᠤ ᠰᠡᠯᠭᠦᠨ ᠮᠠᠯᠵᠢᠬᠤ ᠲᠦᠷᠢᠮ ᠤᠨ ᠲᠠᠶᠢᠯᠤᠮᠵᠢ ᠶᠢ ᠨᠤᠲᠤᠭ ᠪᠡᠯᠴᠢᠭᠡᠷ ᠤᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠲᠠᠢ ᠤᠶᠠᠯᠳᠤᠭᠤᠯᠤᠨ᠎ᠠ᠃ ᠷᠠᠳᠢᠣ᠋ | ᠲᠧᠯᠸᠢᠰ᠂ ᠰᠣᠨᠢᠨ ᠰᠡᠳᠬᠦᠯ᠂ ᠭᠠᠷ ᠤᠲᠠᠰᠤ ᠰᠦᠯᠵᠢᠶ᠎ᠡ ᠵᠡᠷᠭᠡ ᠣᠯᠠᠨ ᠲᠠᠯ᠎ᠠ ᠶᠢᠨ ᠰᠣᠨᠢᠨ ᠮᠡᠳᠡᠭᠡᠨ ᠤ ᠠᠴᠢᠶᠠᠯᠠᠪᠤᠷᠢ ᠪᠠᠷ ᠳᠠᠮᠵᠢᠭᠤᠯᠤᠨ᠂ ᠤᠬᠠᠭᠤᠯᠤᠨ | ᠲᠠᠶᠢᠯᠪᠤᠷᠢᠯᠠᠬᠤ᠂ ᠪᠣᠯᠪᠠᠰᠤᠷᠠᠯ ᠬᠢᠬᠦ᠂ ᠰᠢᠷᠢᠰ ᠲᠠᠶᠢᠯᠤᠮᠵᠢ ᠬᠢᠬᠦ ᠵᠡᠷᠭᠡ ᠣᠯᠠᠨ ᠵᠦᠶᠯ ᠤᠨ ᠬᠡᠯᠪᠡᠷᠢ ᠪᠠᠷ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ | ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠲᠦᠷᠢᠮ ᠢ ᠥᠷᠭᠡᠨ ᠢᠶᠠᠷ ᠤᠬᠠᠭᠤᠯᠵᠤ ᠲᠠᠶᠢᠯᠪᠤᠷᠢᠯᠠᠨ᠂ ᠡᠷᠦᠬᠡ ᠪᠣᠯᠭᠠᠨ ᠳᠤ ᠮᠡᠳᠡᠭᠦᠯᠵᠦ᠂ ᠬᠥᠮᠦᠨ ᠪᠦᠬᠦᠨ | ᠳᠤ ᠣᠶᠢᠯᠠᠭᠠᠭᠤᠯᠤᠨ᠂ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠣᠶ ᠪᠣᠯᠭᠠᠵᠤ᠂ ᠮᠠᠯᠴᠢᠨ ᠲᠠᠷᠢᠶᠠᠴᠢᠨ ᠤ ᠨᠤᠲᠤᠭ ᠪᠡᠯᠴᠢᠭᠡᠷ ᠢᠶᠠᠨ | ᠬᠠᠮᠠᠭᠠᠯᠠᠬᠤ ᠢᠳᠡᠪᠬᠢᠵᠢᠯ ᠪᠠ ᠬᠠᠷᠢᠭᠤᠴᠠᠯᠭᠠᠲᠤ ᠰᠡᠳᠬᠢᠯᠭᠡ ᠶᠢ ᠳᠠᠶᠢᠴᠢᠯᠠᠨ᠂ ᠮᠠᠯᠴᠢᠨ ᠲᠠᠷᠢᠶᠠᠴᠢᠨ ᠤ ᠣᠷᠣᠯᠴᠠᠬᠤ ᠢᠳᠡᠪᠬᠢᠵᠢᠯ ᠪᠠ ᠦᠭᠡ ᠬᠡᠯᠡᠬᠦ ᠡᠷᠬᠡ ᠶᠢ | ᠳᠡᠭᠡᠭᠰᠢᠯᠡᠭᠦᠯᠦᠨ᠎ᠡ᠃ | | ᠳᠠᠭᠠᠯᠳᠤᠭᠤᠯᠤᠯ᠄ ᠣᠲᠤᠭ ᠬᠤᠰᠢᠭᠤᠨ ᠤ ᠨᠤᠲᠤᠭ ᠪᠡᠯᠴᠢᠭᠡᠷ ᠤᠨ ᠲᠣᠣᠷᠴᠢᠯᠠᠭᠰᠠᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠲᠥᠰᠥᠯ | | | | | | | | | ᠳᠠᠭᠠᠯᠳᠤᠭᠤᠯᠤᠯ᠄ | | ᠣᠲᠤᠭ ᠬᠤᠰᠢᠭᠤᠨ ᠤ ᠨᠤᠲᠤᠭ ᠪᠡᠯᠴᠢᠭᠡᠷ ᠤᠨ ᠲᠣᠣᠷᠴᠢᠯᠠᠭᠰᠠᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠲᠥᠰᠦᠯ | | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ | ᠮᠠᠯᠵᠢᠬᠤ ᠠᠵᠢᠯ ᠤᠨ ᠲᠦᠷᠢᠮ︾ ︵ᠳᠣᠷᠣᠭᠰᠢ ︽ᠳᠦᠷᠢᠮ︾ ᠭᠡᠵᠤ ᠳᠦᠭᠦᠮᠴᠢᠯᠡᠨ᠎ᠡ︶᠂ ︽ᠨᠤᠲᠤᠭ ᠪᠡᠯᠴᠢᠭᠡᠷ ᠤᠨ ᠬᠠᠮᠠᠭᠠᠯᠠᠯᠲᠠ ᠰᠡᠷᠭᠦᠭᠡᠯᠲᠡ ᠶᠢ | ᠴᠢᠩᠭᠠᠳᠬᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ | ︵ᠥᠪᠥᠷ ᠵᠠᠰᠠᠭ ᠠᠯᠪᠠᠨ ᠲᠠᠷᠬᠠᠭᠠᠭᠰᠠᠨ ﹇2021﹈ 95 ᠳ᠋ᠤᠭᠠᠷ ᠲᠣᠭᠠᠲᠤ︶᠂ ︽ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ | ᠬᠤᠷᠢᠵᠤ ᠰᠡᠯᠭᠦᠨ ᠮᠠᠯᠵᠢᠬᠤ ᠠᠵᠢᠯ ᠢ ᠤᠯᠠᠮ ᠴᠢᠩᠭᠠᠳᠬᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠠᠯᠪᠠᠨ ᠲᠢᠩᠬᠢᠮ ᠤᠨ ᠵᠢᠯᠤᠭᠤᠳᠬᠤ ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2022﹈ 64 ᠳ᠋ᠦ᠋ᠭᠡᠷ ᠲᠣᠭᠠᠲᠤ︶ ᠶᠢᠨ ᠬᠠᠮᠢᠶ᠎ᠠ ᠪᠥᠬᠦᠶ ᠲᠣᠭᠲᠠᠭᠠᠯ | ᠪᠠ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠬᠤᠰᠢᠭᠤᠨ ᠤ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ | ᠠᠵᠢᠯ ᠢ ᠠᠬᠢᠭᠤᠯᠤᠨ᠂ ᠨᠤᠲᠤᠭ ᠪᠡᠯᠴᠢᠭᠡᠷ ᠢ ᠬᠠᠮᠢᠶᠠᠷᠤᠨ ᠬᠠᠮᠠᠭᠠᠯᠠᠬᠤ ᠲᠣᠣᠷ ᠰᠦᠯᠵᠢᠶ᠎ᠡ ᠶᠢ ᠲᠦᠷᠭᠡᠳᠬᠡᠨ ᠪᠠᠶᠢᠭᠤᠯᠵᠤ᠂ ᠨᠤᠲᠤᠭ ᠪᠡᠯᠴᠢᠭᠡᠷ ᠤᠨ | ᠲᠣᠣᠷᠴᠢᠯᠠᠭᠰᠠᠨ ᠬᠢᠨᠠᠯᠲᠠ ᠬᠠᠮᠢᠶᠠᠷᠤᠯᠲᠠ ᠶᠢ ᠪᠡᠶᠡᠯᠡᠭᠦᠯᠦᠨ᠂ ᠨᠤᠲᠤᠭ ᠪᠡᠯᠴᠢᠭᠡᠷ ᠤᠨ ᠣᠳᠣᠬᠢᠴᠢᠯᠠᠭᠰᠠᠨ ᠬᠠᠮᠢᠶᠠᠷᠤᠯᠲᠠ ᠶᠢᠨ ᠳᠦᠪᠰᠢᠨ ᠢ ᠳᠡᠭᠡᠭᠰᠢᠯᠡᠭᠦᠯᠬᠦ ᠶᠢᠨ | ᠲᠤᠰᠠᠳᠡ᠂ ᠲᠣᠰ ᠲᠥᠰᠦᠯ ᠢ ᠲᠣᠭᠲᠠᠭᠠᠪᠠ᠃ | ᠨᠢᠭᠡ᠂ ᠶᠡᠷᠦᠩᠬᠡᠶ ᠱᠠᠭᠠᠷᠳᠠᠯᠭ᠎ᠠ | ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ | ᠰᠢ ᠶᠢᠨ ᠫᠢᠩ ᠤᠨ ︽ᠨᠤᠲᠤᠭ ᠪᠡᠯᠴᠢᠭᠡᠷ᠂ ᠣᠶ ᠰᠢᠭᠤᠶ ᠶᠢ ᠬᠠᠮᠠᠭᠠᠯᠠᠬᠤ ᠪᠣᠯ ᠥᠪᠥᠷ ᠮᠣᠩᠭᠤᠯ ᠤᠨ ᠠᠮᠢ ᠠᠬᠤᠶ ᠶᠢᠨ ᠰᠢᠰᠲ᠋ᠧᠮ ᠢ ᠬᠠᠮᠠᠭᠠᠯᠠᠬᠤ ᠲᠡᠷᠢᠭᠦᠨ | ᠴᠢᠬᠤᠯᠠ ᠡᠭᠦᠷᠭᠡ ᠮᠦᠨ︾ ᠭᠡᠬᠦ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠣᠭᠤᠰᠢᠯᠠᠭᠤᠯᠤᠨ᠂ ᠥᠪᠥᠷ ᠮᠣᠩᠭᠤᠯ ᠢ ᠮᠠᠨ ᠤ ᠤᠯᠤᠰ ᠤᠨ | ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠪᠣᠯᠭᠠᠨ ᠪᠥᠲᠥᠭᠡᠨ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠪᠠᠶᠢᠷᠢ | ᠲᠣᠭᠲᠠᠭᠠᠯᠲᠠ ᠳᠤ ᠲᠣᠭᠤᠷᠢᠭᠤᠯᠵᠤ᠂ ᠨᠤᠲᠤᠭ ᠪᠡᠯᠴᠢᠭᠡᠷ ᠤᠨ ᠬᠠᠮᠠᠭᠠᠯᠠᠯᠲᠠ ᠶᠢ ᠴᠢᠩᠭᠠᠳᠬᠠᠬᠤ ᠲᠤᠬᠠᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠤ ᠰᠢᠢᠳᠪᠦᠷᠢᠲᠦ ᠪᠠᠶᠢᠷᠢᠯᠠᠭᠤᠯᠤᠯᠲᠠ ᠶᠢ ᠤᠯᠠᠮ ᠨᠠᠶᠢᠳᠠᠪᠤᠷᠢᠵᠢᠭᠤᠯᠤᠨ᠂ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠬᠠᠮᠤᠭ ᠤᠨ ᠴᠢᠩᠭ᠎ᠠ | ᠲᠦᠷᠢᠮ ᠢ ᠬᠡᠷᠡᠭᠵᠢᠭᠦᠯᠵᠦ᠂ ᠨᠤᠲᠤᠭ ᠪᠡᠯᠴᠢᠭᠡᠷ ᠤᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠵᠣᠬᠢᠰᠲᠠᠶ ᠠᠰᠢᠭᠯᠠᠨ᠂ ᠬᠠᠤᠯᠢ ᠲᠣᠭᠲᠠᠭᠠᠯ ᠵᠥᠷᠢᠴᠡᠵᠦ | ᠣᠶᠢᠲᠤ ᠭᠠᠵᠠᠷ ᠨᠤᠲᠤᠭ ᠪᠡᠯᠴᠢᠭᠡᠷ ᠢ ᠬᠠᠭᠠᠯᠪᠤᠷᠢᠯᠠᠭᠰᠠᠨ ᠠᠵᠢᠯᠯᠠᠭ᠎ᠠ ᠶᠢ ᠡᠷᠡᠰ ᠬᠤᠷᠢᠭᠯᠠᠵᠤ᠂ ᠨᠤᠲᠤᠭ ᠪᠡᠯᠴᠢᠭᠡᠷ ᠤᠨ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ | ᠬᠢ ᠴᠢᠳᠠᠪᠤᠷᠢ ᠬᠦᠷᠦᠯᠴᠡᠬᠦ ᠦᠭᠡᠢ ᠳᠤᠲᠠᠭᠤᠳᠠᠯ ᠳᠤ ᠲᠥᠪᠯᠡᠷᠡᠭᠦᠯᠦᠨ᠂ ᠲᠣᠭᠠᠴᠢᠯᠠᠭᠰᠠᠨ ᠬᠠᠮᠢᠶᠠᠷᠤᠯᠲᠠ᠂ ᠲᠣᠣᠷᠴᠢᠯᠠᠭᠰᠠᠨ ᠬᠠᠮᠢᠶᠠᠷᠤᠯᠲᠠ᠂ ᠬᠠᠤᠯᠢ | ᠳᠦᠷᠢᠮᠵᠢᠭᠰᠡᠨ ᠵᠢᠷᠤᠮᠵᠢᠯ ᠤᠨ ᠵᠠᠷᠴᠢᠮ ᠶᠣᠰᠣᠭᠠᠷ᠂ ᠬᠤᠰᠢᠭᠤᠨ ᠤ ᠲᠣᠣᠷᠴᠢᠯᠠᠭᠰᠠᠨ ᠬᠢᠨᠠᠯᠲᠠ ᠬᠠᠮᠢᠶᠠᠷᠤᠯᠲᠠ ᠶᠢᠨ ᠡᠯ᠎ᠡ ᠠᠵᠢᠯ ᠢ ᠪᠥᠬᠦ ᠲᠠᠯ᠎ᠠ ᠪᠠᠷ ᠠᠬᠢᠭᠤᠯᠵᠤ᠂ | ᠦᠨᠳᠦᠰᠦᠨ ᠱᠠᠲᠤᠨ ᠤ ᠣᠶ ᠰᠢᠭᠤᠶ ᠶᠢᠨ ᠳᠠᠷᠤᠭ᠎ᠠ ᠶᠢᠨ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢ ᠤᠯᠠᠮ ᠳᠡᠭᠡᠭᠰᠢᠯᠡᠭᠦᠯᠦᠨ᠂ ᠣᠳᠣᠬᠢᠴᠢᠯᠠᠭᠰᠠᠨ | ᠬᠠᠮᠢᠶᠠᠷᠤᠯᠲᠠ ᠶᠢᠨ ᠣᠶᠢᠯᠠᠭᠠᠭᠳᠠᠬᠤᠨ ᠢᠶᠠᠷ ᠡᠯ᠎ᠡ ᠵᠦᠢᠯ ᠤᠨ ᠲᠣᠣᠷᠴᠢᠯᠠᠭᠰᠠᠨ ᠬᠢᠨᠠᠯᠲᠠ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠵᠦ᠂ ᠠᠲᠠᠷ | ᠬᠠᠭᠠᠯᠪᠤᠷᠢᠯᠠᠭᠰᠠᠨ᠂ ᠲᠣᠭᠲᠠᠭᠠᠯ ᠵᠥᠷᠢᠴᠡᠵᠦ ᠪᠡᠯᠴᠢᠭᠡᠷᠯᠡᠭᠦᠯᠦᠭᠰᠡᠨ ᠵᠡᠷᠭᠡ ᠨᠤᠲᠤᠭ ᠪᠡᠯᠴᠢᠭᠡᠷ ᠢ ᠡᠪᠳᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ | ᠬᠤᠶᠠᠷ᠂ ᠠᠵᠢᠯ ᠤᠨ ᠬᠠᠷᠠᠯᠲᠠ | ᠨᠤᠲᠤᠭ ᠪᠡᠯᠴᠢᠭᠡᠷ ᠤᠨ ᠲᠣᠣᠷᠴᠢᠯᠠᠭᠰᠠᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠤᠰᠢᠭᠤᠨ ᠤ ᠨᠤᠲᠤᠭ ᠪᠡᠯᠴᠢᠭᠡᠷ ᠢ ᠰᠡᠷᠭᠦᠭᠡᠨ ᠬᠠᠮᠠᠭᠠᠯᠠᠬᠤ ᠰᠠᠭᠤᠷᠢ | ᠠᠵᠢᠯ ᠪᠣᠯᠭᠠᠨ ᠠᠳᠬᠤᠵᠤ᠂ ᠠᠳᠠᠯᠢ ᠪᠤᠰᠤ ᠭᠠᠵᠠᠷ ᠣᠷᠣᠨ ᠤ ᠪᠠᠶᠢᠳᠠᠯ ᠪᠠ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠣᠳᠣᠬᠢ ᠪᠠᠶᠢᠳᠠᠯ ᠳᠤ ᠦᠨᠳᠦᠰᠦᠯᠡᠨ᠂ | ᠲᠣᠣᠷᠴᠢᠯᠠᠭᠰᠠᠨ ᠬᠠᠮᠢᠶᠠᠷᠤᠯᠲᠠ ᠶᠢ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠤᠨ᠎ᠠ᠃ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠬᠦ᠂ ᠬᠠᠮᠵᠢᠯᠴᠠᠭᠤᠯᠤᠨ ᠠᠬᠢᠭᠤᠯᠬᠤ | ᠵᠠᠷᠴᠢᠮ ᠢ ᠪᠠᠷᠢᠮᠲᠠᠯᠠᠵᠤ᠂ ᠣᠲᠣ ᠶᠢᠨ ᠪᠠᠶᠢᠭ᠎ᠠ ᠨᠤᠲᠤᠭ ᠪᠡᠯᠴᠢᠭᠡᠷ ᠤᠨ ᠬᠠᠮᠢᠶᠠᠷᠤᠨ ᠬᠠᠮᠠᠭᠠᠯᠠᠭᠴᠢ᠂ ᠤᠢ ᠰᠢᠭᠤᠶ ᠶᠢᠨ ᠬᠠᠮᠠᠭᠠᠯᠠᠭᠴᠢ᠂ ᠬᠤᠯᠤᠭᠠᠨ᠎ᠠ | ᠬᠤᠷᠣᠬᠠᠶ ᠶᠢᠨ ᠬᠥᠨᠥᠭᠡᠯ ᠢ ᠬᠡᠮᠵᠢᠨ ᠮᠡᠳᠡᠭᠦᠯᠦᠭᠴᠢ᠂ ᠬᠢᠵᠢᠭ ᠢ ᠰᠡᠷᠭᠡᠶᠢᠯᠡᠭᠴᠢ ᠵᠡᠷᠭᠡ ᠲᠤᠤᠷᠴᠢᠯᠠᠭᠰᠠᠨ ᠬᠠᠮᠢᠶᠠᠷᠤᠯᠲᠠ ᠶᠢᠨ ᠠᠵᠢᠯᠲᠠᠨ ᠡᠳ᠋ ᠪᠣᠳᠠᠰ ᠢ ᠨᠢᠭᠡᠳᠬᠡᠨ᠂ | ︽ᠨᠢᠭᠡ ᠠᠵᠢᠯᠲᠠᠨ ᠣᠯᠠᠨ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠣᠯᠠᠨ ᠴᠢᠳᠠᠪᠤᠷᠢ ᠶᠢ ᠪᠠᠳᠠᠷᠠᠭᠤᠯᠬᠤ︾ ᠨᠤᠲᠤᠭ ᠪᠡᠯᠴᠢᠭᠡᠷ ᠤᠨ | ᠲᠣᠣᠷᠴᠢᠯᠠᠭᠰᠠᠨ ᠬᠠᠮᠢᠶᠠᠷᠤᠯᠲᠠ ᠶᠢᠨ ᠠᠵᠢᠯᠲᠠᠨ ᠤ ᠡᠩᠨᠡᠭᠡ ︵ᠨᠤᠲᠤᠭ ᠪᠡᠯᠴᠢᠭᠡᠷ ᠤᠨ ᠬᠠᠮᠢᠶᠠᠷᠤᠭᠴᠢ︶ ᠶᠢ ᠪᠠᠶᠢᠭᠤᠯᠵᠤ᠂ ︽ᠲᠣᠣᠷᠴᠢᠯᠠᠭᠰᠠᠨ | ᠬᠠᠮᠢᠶᠠᠷᠤᠯᠲᠠ ᠶᠢᠨ ᠬᠡᠪᠴᠢᠶ᠎ᠡ ᠶᠢ ᠲᠣᠭᠲᠠᠭᠠᠬᠤ᠂ ᠬᠠᠷᠢᠭᠤᠴᠠᠯᠭ᠎ᠠ ᠶᠢ ᠲᠣᠭᠲᠠᠭᠠᠬᠤ᠂ ᠬᠢᠨᠠᠨ ᠬᠠᠮᠢᠶᠠᠷᠤᠭᠴᠢ ᠶᠢ ᠲᠣᠭᠲᠠᠭᠠᠬᠤ︾ ᠵᠠᠷᠴᠢᠮ ᠶᠣᠰᠣᠭᠠᠷ᠂ | ᠬᠤᠰᠢᠭᠤᠨ ᠤ ᠨᠤᠲᠤᠭ ᠪᠡᠯᠴᠢᠭᠡᠷ ᠤᠨ ᠡᠬᠢ ᠪᠠᠶᠠᠯᠢᠭ ᠢ ᠪᠦᠬᠦ ᠲᠠᠯ᠎ᠠ ᠪᠠᠷ ᠭᠦᠨᠵᠡᠭᠡᠢ ᠬᠢᠨᠠᠨ ᠬᠠᠮᠢᠶᠠᠷᠬᠤ ᠲᠣᠣᠷᠴᠢᠯᠠᠭᠰᠠᠨ ᠬᠢᠨᠠᠯᠲᠠ ᠬᠠᠮᠢᠶᠠᠷᠤᠯᠲᠠ ᠶᠢᠨ | ᠳᠠᠭᠠᠭᠠᠮᠠᠭᠠᠢ ᠲᠣᠭᠲᠠᠴᠠ ᠶᠢ ᠲᠡᠭᠦᠯᠳᠡᠷᠵᠢᠭᠦᠯᠦᠨ᠂ ᠬᠤᠰᠢᠭᠤ ᠲᠣᠭᠤᠷᠢᠭ᠂ ᠰᠤᠮᠤ ᠪᠠᠯᠭᠠᠰᠤ ︵ᠵᠡᠭᠡᠯᠢ ᠭᠤᠳᠤᠮᠵᠢ︶᠂ ᠭᠠᠴᠠᠭ᠎ᠠ ᠲᠣᠰᠬᠤᠨ ᠤ ᠳᠤᠭᠤᠶᠢᠯᠠᠩ | ᠭᠤᠷᠪᠠᠨ ᠱᠠᠲᠤᠨ ᠤ ᠬᠠᠮᠢᠶᠠᠷᠤᠨ ᠬᠠᠮᠠᠭᠠᠯᠠᠬᠤ ᠲᠣᠣᠷ ᠰᠦᠯᠵᠢᠶ᠎ᠡ ᠶᠢ ᠪᠠᠶᠢᠭᠤᠯᠤᠨ ᠪᠦᠷᠢᠨᠰᠢᠭᠦᠯᠵᠤ᠂ ᠨᠤᠲᠤᠭ ᠪᠡᠯᠴᠢᠭᠡᠷ ᠤᠨ ᠬᠢᠨᠠᠯᠲᠠ ᠬᠠᠮᠢᠶᠠᠷᠤᠯᠲᠠ ᠶᠢᠨ | ᠣᠳᠣᠬᠢᠴᠢᠯᠠᠭᠰᠠᠨ ᠲᠦᠪᠰᠢᠨ ᠢ ᠦᠨᠡᠨ ᠬᠦ ᠳᠡᠭᠡᠭᠰᠢᠯᠡᠭᠦᠯᠦᠨ᠂ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠬᠦᠷᠦᠯᠴᠡᠬᠦ ᠦᠭᠡᠢ ᠳᠤᠲᠠᠭᠤᠳᠠᠯ ᠢ ᠨᠥᠬᠦᠪᠦᠷᠢᠯᠡᠨ᠎ᠡ᠃ | ᠭᠤᠷᠪᠠ᠂ ᠭᠤᠣᠯ ᠡᠭᠦᠷᠭᠡ | ᠨᠤᠲᠤᠭ ᠪᠡᠯᠴᠢᠭᠡᠷ ᠤᠨ ᠲᠣᠣᠷᠴᠢᠯᠠᠭᠰᠠᠨ ᠬᠢᠨᠠᠯᠲᠠ ᠬᠠᠮᠢᠶᠠᠷᠤᠯᠲᠠ ᠶᠢ ᠤᠯᠤᠰ ᠤᠨ ᠭᠠᠵᠠᠷ ᠰᠢᠷᠣᠢ ᠶᠢᠨ ︽ᠪᠦᠬᠦ ᠤᠯᠤᠰ ᠤᠨ ᠭᠤᠷᠪᠠᠳᠤᠭᠠᠷ ᠤᠳᠠᠭᠠᠨ ᠤ | ᠭᠠᠵᠠᠷ ᠰᠢᠷᠣᠢ ᠶᠢᠨ ᠪᠠᠶᠢᠴᠠᠭᠠᠯᠲᠠ︾ ᠪᠠᠷ ᠪᠦᠷᠢᠳᠬᠡᠭᠰᠡᠨ ᠡᠪᠡᠰᠦᠲᠦ ᠭᠠᠵᠠᠷ᠂ ᠬᠡᠷᠡᠭᠯᠡᠬᠦ ᠡᠷᠬᠡ ᠪᠠ ᠳᠠᠭᠠᠭᠠᠴᠢᠯᠠᠬᠤ ᠡᠷᠬᠡ ᠶᠢ ᠨᠠᠶᠢᠳᠠᠪᠤᠷᠢᠵᠢᠭᠤᠯᠤᠭᠰᠠᠨ ᠨᠤᠲᠤᠭ | ᠪᠡᠯᠴᠢᠭᠡᠷ ᠵᠢᠴᠢ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠭᠥᠷᠳᠡᠭᠰᠡᠨ ᠡᠪᠡᠰᠦ | ᠪᠡᠯᠴᠢᠭᠡᠷ ᠲᠤ ᠬᠡᠷᠡᠭᠵᠢᠭᠦᠯᠦᠨ᠎ᠡ᠃ | ︵ᠨᠢᠭᠡ︶ ᠲᠣᠣᠷᠴᠢᠯᠠᠭᠰᠠᠨ ᠬᠠᠮᠢᠶᠠᠷᠤᠯᠲᠠ ᠶᠢ ᠪᠠᠶᠢᠷᠢᠯᠠᠭᠤᠯᠤᠨ᠎ᠠ᠃ ᠬᠡᠪᠴᠢᠶ᠎ᠡ ᠨᠢ ᠲᠣᠳᠣᠷᠬᠠᠶ᠂ ᠬᠠᠮᠢᠶᠠᠷᠤᠯᠲᠠ ᠨᠢ ᠳᠥᠭᠦᠮ᠂ ᠨᠢᠭᠲᠠ | ᠠᠪᠴᠠᠯᠳᠤᠭᠤᠯᠬᠤ᠂ ᠣᠷᠣᠨ ᠵᠠᠢ ᠦᠯᠡᠳᠡᠭᠡᠬᠦ ᠦᠭᠡᠢ ᠪᠠᠶᠢᠬᠤ ᠵᠠᠷᠴᠢᠮ ᠢ ᠪᠠᠷᠢᠮᠲᠠᠯᠠᠨ᠂ ᠲᠣᠣᠷᠴᠢᠯᠠᠭᠰᠠᠨ ᠬᠠᠮᠢᠶᠠᠷᠤᠯᠲᠠ ᠶᠢ ᠪᠠᠶᠢᠷᠢᠯᠠᠭᠤᠯᠬᠤ ᠦᠨᠳᠦᠰᠦᠯᠡᠯ ᠢ | ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠳᠥᠷᠪᠡᠨ ᠵᠠᠬ᠎ᠠ ᠶᠢᠨ ᠵᠠᠭᠠᠭ ᠲᠣᠳᠣᠷᠬᠠᠶ᠂ ᠬᠥᠮᠦᠨ᠂ ᠡᠪᠡᠰᠦ ᠪᠡᠯᠴᠢᠭᠡᠷ᠂ ᠮᠠᠯ᠂ ᠬᠢᠨᠠᠨ ᠬᠠᠮᠢᠶᠠᠷᠬᠤ ᠵᠦᠶᠯᠡᠰ ᠤᠨ | ᠰᠠᠭᠤᠷᠢ ᠮᠡᠳᠡᠭᠡ ᠵᠠᠩᠭᠢ ᠨᠠᠷᠢᠨ ᠪᠣᠳᠠᠲᠠᠶ ᠨᠤᠲᠤᠭ ᠪᠡᠯᠴᠢᠭᠡᠷ ᠤᠨ ᠲᠣᠣᠷᠴᠢᠯᠠᠭᠰᠠᠨ ᠬᠠᠮᠢᠶᠠᠷᠤᠯᠲᠠ ᠶᠢ ᠪᠦᠷᠢᠯᠳᠦᠭᠦᠯᠬᠦ ᠶᠢᠨ ᠬᠠᠮᠲᠤ᠂ ᠸᠧᠺᠲ᠋ᠣᠷ ᠲᠤᠭ᠎ᠠ ᠶᠢ ᠪᠣᠢ | ᠪᠣᠯᠭᠠᠨ᠂ ᠲᠣᠭᠠᠴᠢᠯᠠᠭᠰᠠᠨ ᠬᠢᠨᠠᠯᠲᠠ ᠬᠠᠮᠢᠶᠠᠷᠤᠯᠲᠠ ᠳᠤ ᠰᠠᠭᠤᠷᠢ ᠦᠢᠯᠡᠴᠢᠯᠡᠭᠡ ᠬᠠᠩᠭᠠᠨ᠎ᠠ᠃ ᠲᠣᠣᠷᠴᠢᠯᠠᠭᠰᠠᠨ ᠬᠠᠮᠢᠶᠠᠷᠤᠯᠲᠠ ᠶᠢ ᠪᠠᠶᠢᠷᠢᠯᠠᠭᠤᠯᠬᠤ ᠳᠤ | ᠭᠠᠴᠠᠭ᠎ᠠ ᠲᠤᠰᠬᠤᠨ᠂ ᠬᠤᠷᠰᠢᠶ᠎ᠠ ᠶᠢᠨ ᠵᠠᠭᠠᠭ ᠱᠤᠭᠤᠮ ᠤᠨ ᠲᠠᠷᠬᠠᠯᠲᠠ ᠶᠢᠨ ᠪᠠᠶᠢᠳᠠᠯ᠂ ᠣᠷᠣᠨ ᠲᠣᠭᠤᠷᠢᠭ ᠤᠨ ᠣᠨᠴᠠᠯᠢᠭ ᠪᠠ ᠬᠠᠮᠢᠶᠠᠷᠴᠤ ᠬᠠᠮᠠᠭᠠᠯᠠᠬᠤ ᠬᠦᠴᠢᠷ | ᠬᠢᠯᠪᠠᠷ ᠤᠨ ᠬᠡᠮᠵᠢᠶ᠎ᠡ ᠳᠤ ᠦᠨᠳᠦᠰᠦᠯᠡᠵᠦ᠂ ᠲᠥᠪᠯᠡᠷᠡᠨ ᠵᠠᠯᠭᠠᠯᠳᠤᠭᠰᠠᠨ᠂ ᠵᠠᠭᠠᠭ ᠳᠣᠲᠤᠷᠬᠠᠢ᠂ ᠬᠠᠮᠢᠶᠠᠷᠤᠯᠲᠠ ᠳᠤ ᠳᠥᠭᠦᠮ ᠪᠠᠶᠢᠯᠭᠠᠬᠤ ᠵᠠᠷᠴᠢᠮ ᠢᠶᠠᠷ | ᠬᠠᠮᠢᠶᠠᠷᠴᠤ ᠬᠠᠮᠠᠭᠠᠯᠠᠬᠤ ᠬᠠᠷᠢᠭᠤᠴᠠᠯᠭ᠎ᠠ ᠶᠢᠨ ᠣᠷᠣᠨ ᠢ ᠵᠣᠬᠢᠰᠲᠠᠶ ᠬᠤᠪᠢᠶᠠᠷᠢᠯᠠᠨ᠎ᠠ᠃ ᠠᠶᠢᠯ ᠲᠣᠰᠬᠤᠨ ᠠᠴᠠ ᠨᠡᠯᠢᠶᠡᠳ ᠣᠶᠢᠷ᠎ᠠ᠂ ᠵᠠᠮ ᠬᠠᠷᠢᠯᠴᠠᠭ᠎ᠠ ᠳᠥᠭᠦᠮ | ᠪᠠ ᠲᠠᠷᠢᠶᠠᠯᠠᠩ ᠮᠠᠯ ᠠᠵᠤ ᠠᠬᠤᠶ ᠶᠢᠨ ᠵᠥᠷᠢᠴᠡᠯ ᠲᠣᠪᠤᠶᠢᠮ᠎ᠠ ᠵᠡᠷᠭᠡ ᠬᠠᠮᠢᠶᠠᠷᠴᠤ ᠬᠠᠮᠠᠭᠠᠯᠠᠬᠤ ᠳᠤ ᠨᠡᠯᠢᠶᠡᠳ ᠬᠦᠴᠢᠷᠲᠡᠶ ᠭᠠᠵᠠᠷ ᠤᠨ ᠬᠠᠮᠢᠶᠠᠷᠴᠤ ᠬᠠᠮᠠᠭᠠᠯᠠᠬᠤ | ᠬᠠᠷᠢᠭᠤᠴᠠᠯᠭ᠎ᠠ ᠶᠢᠨ ᠣᠷᠣᠨ ᠤ ᠬᠡᠪᠴᠢᠶ᠎ᠡ ᠶᠢ ᠬᠠᠷᠢᠴᠠᠩᠭᠤᠢ ᠪᠠᠷ ᠪᠠᠭ᠎ᠠ ᠪᠠᠶᠢᠯᠭᠠᠵᠤ ᠪᠣᠯᠣᠨ᠎ᠠ᠃ ᠲᠣᠣᠷᠴᠢᠯᠠᠭᠰᠠᠨ ᠬᠠᠮᠢᠶᠠᠷᠤᠯᠲᠠ ᠨᠢᠭᠡᠪᠦᠷᠢ ᠳᠤ ᠬᠠᠷᠢᠶᠠᠯᠠᠭᠳᠠᠬᠤ | ᠨᠤᠲᠤᠭ ᠪᠡᠯᠴᠢᠭᠡᠷ ᠤᠨ ᠲᠠᠯᠠᠪᠠᠶ ᠶᠢ ᠵᠠᠷᠴᠢᠮ ᠳᠡᠭᠡᠷ᠎ᠡ ᠪᠠᠨ 15 ᠲᠦᠮᠡᠨ ᠮᠥ ᠠᠴᠠ ᠳᠡᠭᠡᠭᠰᠢ ᠪᠠᠶᠢᠯᠭᠠᠬᠤ ᠥᠬᠡᠶ᠃ | ︵ᠬᠤᠶᠠᠷ︶ ᠲᠣᠣᠷᠴᠢᠯᠠᠭᠰᠠᠨ ᠬᠠᠮᠢᠶᠠᠷᠤᠯᠲᠠ ᠶᠢᠨ ᠠᠵᠢᠯᠲᠠᠨ ᠢ ᠲᠣᠭᠲᠠᠭᠠᠨ᠎ᠠ᠃ ᠨᠤᠲᠤᠭ ᠪᠡᠯᠴᠢᠭᠡᠷ ᠤᠨ ᠲᠣᠣᠷᠴᠢᠯᠠᠭᠰᠠᠨ ᠬᠠᠮᠢᠶᠠᠷᠤᠯᠲᠠ ᠶᠢᠨ ᠠᠵᠢᠯᠲᠠᠨ | ᠪᠣᠯ ᠬᠠᠮᠤᠭ ᠤᠨ ᠦᠨᠳᠦᠰᠦᠨ ᠱᠠᠲᠤᠨ ᠤ ᠨᠤᠲᠤᠭ ᠪᠡᠯᠴᠢᠭᠡᠷ ᠢ ᠬᠢᠨᠠᠨ ᠬᠠᠮᠢᠶᠠᠷᠴᠤ ᠬᠠᠮᠠᠭᠠᠯᠠᠬᠤ ᠬᠦᠴᠦᠨ ᠪᠣᠯᠬᠤ ᠪᠦᠭᠡᠳ ᠮᠦᠨᠴᠦ ᠥᠷᠭᠡᠨ ᠤᠯᠠᠨ ᠮᠠᠯᠴᠢᠨ | ᠲᠠᠷᠢᠶᠠᠴᠢᠨ ᠢ ᠬᠠᠪᠰᠤᠷᠤᠨ ᠨᠤᠲᠤᠭ ᠪᠡᠯᠴᠢᠭᠡᠷ ᠢ ᠬᠠᠮᠠᠭᠠᠯᠠᠬᠤ ᠴᠢᠬᠤᠯᠠ ᠬᠦᠴᠦᠨ ᠪᠣᠯᠤᠨ᠎ᠠ᠃ ᠲᠣᠣᠷᠴᠢᠯᠠᠭᠰᠠᠨ ᠬᠠᠮᠢᠶᠠᠷᠤᠯᠲᠠ ᠳᠤ ᠠᠳᠠᠭ ᠲᠠᠭᠠᠨ 1 | ᠲᠣᠣᠷᠴᠢᠯᠠᠭᠰᠠᠨ ᠬᠠᠮᠢᠶᠠᠷᠤᠯᠲᠠ ᠶᠢᠨ ᠠᠵᠢᠯᠲᠠᠨ ᠲᠣᠬᠢᠷᠠᠭᠤᠯᠵᠤ᠂ ᠣᠶ ᠰᠢᠭᠤᠶ ᠡᠪᠡᠰᠦ ᠪᠡᠯᠴᠢᠭᠡᠷ ᠤᠨ ᠬᠠᠮᠢᠶᠠᠷᠤᠨ ᠬᠠᠮᠠᠭᠠᠯᠠᠭᠴᠢ᠂ ᠭᠠᠴᠠᠭ᠎ᠠ ᠲᠣᠰᠬᠤᠨ ᠤ | ᠳᠤᠭᠤᠶᠢᠯᠠᠩ ᠤᠨ ᠣᠶ ᠰᠢᠭᠤᠶ ᠶᠢᠨ ᠳᠠᠷᠤᠭ᠎ᠠ᠂ ᠡᠯ᠎ᠡ ᠱᠠᠲᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠵᠢᠯᠲᠠᠨ ᠪᠤᠶᠤ ᠬᠢᠵᠢᠭ ᠰᠡᠷᠭᠡᠶᠢᠯᠡᠭᠴᠢ ᠵᠡᠷᠭᠡ | ᠪᠤᠰᠤᠳ ᠲᠣᠣᠷᠴᠢᠯᠠᠭᠰᠠᠨ ᠬᠠᠮᠢᠶᠠᠷᠤᠯᠲᠠ ᠶᠢᠨ ᠠᠵᠢᠯᠲᠠᠨ ᠬᠠᠪᠰᠤᠷᠭᠠᠨ ᠬᠠᠷᠢᠭᠤᠴᠠᠵᠤ ᠴᠤ ᠪᠣᠯᠤᠨ᠎ᠠ᠂ ᠵᠠᠰᠠᠭ ᠤᠨ ᠣᠷᠳᠣᠨ ᠠᠴᠠ ᠦᠢᠯᠡᠴᠢᠯᠡᠭᠡ ᠬᠤᠳᠠᠯᠳᠤᠨ | ᠠᠪᠬᠤ ᠵᠡᠷᠭᠡ ᠬᠡᠯᠪᠡᠷᠢ ᠪᠠᠷ ᠤᠷᠢᠵᠤ ᠬᠡᠷᠡᠭᠯᠡᠭᠰᠡᠨ ᠬᠥᠮᠦᠰ ᠴᠤ ᠪᠣᠯᠣᠨ᠎ᠠ᠃ ᠡᠯ᠎ᠡ ᠰᠤᠮᠤ ᠪᠠᠯᠭᠠᠰᠤᠨ ᠤ ᠨᠤᠲᠤᠭ ᠪᠡᠯᠴᠢᠭᠡᠷ ᠤᠨ ᠬᠠᠮᠢᠶᠠᠷᠤᠨ ᠬᠠᠮᠠᠭᠠᠯᠠᠭᠴᠢ ᠶᠢᠨ | ᠵᠠᠷᠤᠳᠠᠯ ᠢ ︽ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠵᠠᠷᠤᠳᠠᠯ ᠢ ᠲᠠᠲᠠᠪᠤᠷᠢᠯᠠᠨ ᠬᠡᠷᠡᠭᠯᠡᠬᠦ | ᠬᠠᠮᠢᠶᠠᠷᠤᠯᠲᠠ ᠶᠢᠨ ᠠᠷᠭ᠎ᠠ ᠶᠢ ᠳᠠᠷᠤᠮᠠᠯᠯᠠᠨ ᠲᠠᠷᠬᠠᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ﹇2012﹈ 8 ᠳ᠋ᠤᠭᠠᠷ ᠲᠣᠭᠠᠲᠤ︶ ᠤᠨ ᠠᠷᠪᠠᠨ ᠬᠤᠶᠠᠳᠤᠭᠠᠷ ᠵᠦᠢᠯ ᠳᠠᠬᠢ᠄ ︽ᠨᠤᠲᠤᠭ ᠪᠡᠯᠴᠢᠭᠡᠷ ᠤᠨ | ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠵᠠᠷᠤᠳᠠᠯ ᠢ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠪᠠᠶᠢᠭᠤᠯᠭ᠎ᠠ ᠠᠴᠠ ᠵᠣᠬᠢᠶᠠᠨ ᠪᠠᠶᠢᠭᠤᠯᠤᠭᠰᠠᠨ ᠨᠤᠲᠤᠭ | ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢᠨ ᠰᠡᠷᠭᠦᠭᠡᠵᠦ ᠬᠠᠮᠠᠭᠠᠯᠠᠬᠤ ᠬᠠᠮᠢᠶᠠᠷᠬᠤ ᠳᠤ ᠲᠤᠰᠬᠠᠶ ᠬᠡᠷᠡᠭᠯᠡᠨ᠎ᠡ᠃ ᠵᠠᠷᠤᠳᠠᠯ ᠢ ᠨᠤᠲᠤᠭ ᠪᠡᠯᠴᠢᠭᠡᠷ ᠤᠨ | ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ᠂ ᠡᠯᠡᠰᠦᠷᠬᠡᠭᠵᠢᠵᠦ ᠮᠠᠭᠤᠳᠠᠭᠰᠠᠨ ᠨᠤᠲᠤᠭ ᠪᠡᠯᠴᠢᠭᠡᠷ ᠢ ᠰᠠᠶᠢᠵᠢᠷᠠᠭᠤᠯᠬᠤ ᠪᠠ ᠵᠠᠰᠠᠬᠤ᠂ ᠡᠪᠡᠰᠦ ᠲᠠᠷᠢᠬᠤ᠂ ᠨᠤᠲᠤᠭ | ᠪᠡᠯᠴᠢᠭᠡᠷ ᠢ ᠪᠠᠶᠢᠴᠠᠭᠠᠵᠤ ᠲᠥᠯᠥᠪᠵᠢᠭᠦᠯᠬᠦ᠂ ᠨᠤᠲᠤᠭ ᠪᠡᠯᠴᠢᠭᠡᠷ ᠤᠨ ᠠᠮᠢ ᠠᠬᠤᠶ ᠶᠢ ᠬᠢᠨᠠᠨ ᠬᠡᠮᠵᠢᠬᠦ᠂ ᠨᠤᠲᠤᠭ ᠪᠡᠯᠴᠢᠭᠡᠷ ᠤᠨ ᠡᠪᠡᠳᠴᠢᠨ ᠬᠤᠷᠣᠬᠠᠶ ᠶᠢᠨ | ᠬᠥᠨᠥᠭᠡᠯ ᠢ ᠰᠡᠷᠭᠡᠶᠢᠯᠡᠨ ᠵᠠᠰᠠᠬᠤ᠂ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠪᠠ ᠬᠠᠮᠢᠶᠠᠷᠤᠨ ᠬᠠᠮᠠᠭᠠᠯᠠᠬᠤ ᠵᠡᠷᠭᠡ ᠵᠠᠷᠤᠯᠭ᠎ᠠ ᠳᠤ ᠬᠡᠷᠡᠭᠯᠡᠨ᠎ᠡ︾ ᠭᠡᠰᠡᠨ | ᠲᠣᠭᠲᠠᠭᠠᠯ ᠢᠶᠠᠷ ᠥᠪᠡᠷᠲᠡᠭᠡᠨ ᠵᠠᠰᠠᠬᠤ ᠣᠷᠣᠨ ᠠᠴᠠ ᠪᠤᠴᠠᠭᠠᠵᠤ ᠥᠭᠭᠦᠭᠰᠡᠨ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠵᠠᠷᠤᠳᠠᠯ ᠠᠴᠠ | ᠠᠪᠴᠤ ᠬᠡᠷᠡᠭᠯᠡᠨ᠎ᠡ᠃ | ︵ᠭᠤᠷᠪᠠ︶ ᠠᠵᠢᠯᠲᠠᠨ ᠤ ᠬᠠᠷᠢᠭᠤᠴᠠᠯᠭ᠎ᠠ ᠶᠢ ᠲᠣᠭᠲᠠᠭᠠᠨ᠎ᠠ᠃ ︽ᠳᠦᠷᠢᠮ︾ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠲᠣᠣᠷᠴᠢᠯᠠᠭᠰᠠᠨ | ᠬᠠᠮᠢᠶᠠᠷᠤᠯᠲᠠ ᠶᠢᠨ ᠠᠵᠢᠯᠲᠠᠨ ᠤ ᠠᠵᠢᠯ ᠤᠨ ᠡᠭᠦᠷᠭᠡ ᠶᠢ ᠳᠣᠲᠤᠷᠬᠠᠶᠢᠯᠠᠵᠤ᠂ ᠬᠠᠷᠢᠭᠤᠴᠠᠯᠭ᠎ᠠ ᠶᠢᠨ ᠨᠠᠷᠢᠨ ᠲᠠᠩᠰᠠ ᠪᠠᠶᠢᠭᠤᠯᠤᠨ᠂ ᠲᠤᠰᠢᠶᠠᠯ ᠢᠶᠠᠨ ᠭᠦᠶᠴᠡᠳᠬᠡᠬᠦ | ᠬᠡᠪᠴᠢᠶ᠎ᠡ ᠶᠢ ᠬᠤᠪᠢᠶᠠᠷᠢᠯᠠᠨ ᠲᠣᠭᠲᠠᠭᠠᠵᠤ᠂ ᠬᠠᠷᠢᠭᠤᠴᠠᠯᠭ᠎ᠠ ᠶᠢ ᠨᠠᠷᠢᠯᠢᠭ ᠨᠠᠶᠢᠳᠠᠪᠤᠷᠢᠵᠢᠭᠤᠯᠤᠨ᠎ᠠ᠃ ᠨᠤᠲᠤᠭ ᠪᠡᠯᠴᠢᠭᠡᠷ ᠤᠨ ᠬᠠᠮᠢᠶᠠᠷᠤᠨ ᠬᠠᠮᠠᠭᠠᠯᠠᠭᠴᠢ ᠨᠤᠲᠤᠭ | ᠪᠡᠯᠴᠢᠭᠡᠷ ᠤᠨ ᠬᠠᠤᠯᠢ ᠲᠣᠭᠲᠠᠭᠠᠯ ᠢ ᠨᠢᠮᠪᠡᠢ ᠰᠤᠷᠤᠯᠴᠠᠨ ᠤᠬᠠᠭᠤᠯᠵᠤ᠂ ᠨᠤᠲᠤᠭ ᠪᠡᠯᠴᠢᠭᠡᠷ ᠤᠨ ᠬᠠᠮᠠᠭᠠᠯᠠᠯᠲᠠ ᠪᠥᠲᠥᠭᠡᠨ ᠪᠠᠶᠢᠭᠤᠯᠤᠯᠲᠠ ᠶᠢᠨ ᠲᠤᠬᠠᠢ ᠳᠡᠭᠡᠳᠦ | ᠱᠠᠲᠤᠨ ᠤ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠪᠠ ᠬᠤᠷᠠᠯ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠴᠠᠭ ᠲᠤᠬᠠᠶ ᠳᠤᠨᠢ ᠤᠯᠠᠮᠵᠢᠯᠠᠨ᠂ | ᠬᠠᠮᠢᠶᠠᠷᠴᠤ ᠬᠠᠮᠠᠭᠠᠯᠠᠬᠤ ᠣᠷᠣᠨ ᠤ ᠪᠠᠨ ᠮᠠᠯᠴᠢᠨ ᠲᠠᠷᠢᠶᠠᠴᠢᠳ ᠢ ᠬᠥᠮᠥᠵᠢᠭᠦᠯᠦᠨ ᠵᠢᠯᠦᠭᠤᠳᠴᠤ ᠠᠮᠢ ᠠᠬᠤᠢ ᠶᠢ ᠬᠠᠮᠠᠭᠠᠯᠠᠬᠤ ᠤᠬᠠᠮᠰᠠᠷ ᠲᠠᠢ ᠪᠣᠯᠭᠠᠵᠤ᠂ | ᠨᠤᠲᠤᠭ ᠪᠡᠯᠴᠢᠭᠡᠷ ᠤᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠵᠣᠬᠢᠰᠲᠠᠶ ᠠᠰᠢᠭᠯᠠᠨ᠂ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ | ᠪᠣᠯᠣᠨ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠢ ᠬᠠᠪᠰᠤᠷᠴᠤ ᠨᠤᠲᠤᠭ ᠪᠡᠯᠴᠢᠭᠡᠷ ᠤᠨ ᠬᠠᠤᠯᠢ ᠲᠣᠭᠲᠠᠭᠠᠯ ᠪᠠ ᠨᠤᠲᠤᠭ ᠪᠡᠯᠴᠢᠭᠡᠷ ᠤᠨ ᠠᠮᠢ | ᠠᠬᠤᠶ ᠶᠢᠨ ᠬᠠᠮᠠᠭᠠᠯᠠᠯᠲᠠ ᠶᠢᠨ ᠲᠤᠬᠠᠢ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠤᠬᠠᠭᠤᠯᠤᠨ᠎ᠠ︔ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ | ᠲᠣᠪᠴᠢᠶ᠎ᠠ ᠪᠣᠯᠤᠨ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠢ ᠬᠠᠪᠰᠤᠷᠤᠨ ᠬᠠᠮᠢᠶᠠᠷᠤᠨ ᠬᠠᠮᠠᠭᠠᠯᠠᠬᠤ ᠣᠷᠣᠨ ᠤ ᠪᠠᠨ ᠪᠡᠯᠴᠢᠭᠡᠷᠯᠡᠭᠦᠯᠬᠦ ᠶᠢ | ᠬᠤᠷᠢᠵᠤ ᠰᠡᠯᠭᠦᠨ ᠮᠠᠯᠵᠢᠭᠰᠠᠨ ᠪᠠᠶᠢᠳᠠᠯ᠂ ᠨᠤᠲᠤᠭ ᠪᠡᠯᠴᠢᠭᠡᠷ ᠤᠨ ᠠᠮᠢᠳᠤ ᠪᠣᠳᠠᠰ ᠤᠨ ᠭᠠᠮᠰᠢᠭ ᠡᠭᠦᠰᠦᠭᠰᠡᠨ ᠪᠠᠶᠢᠳᠠᠯ᠂ ᠨᠤᠲᠤᠭ ᠪᠡᠯᠴᠢᠭᠡᠷ ᠤᠨ ᠭᠠᠯ ᠤᠨ | ᠠᠶᠤᠯ ᠭᠠᠷᠤᠭᠰᠠᠨ ᠪᠠᠶᠢᠳᠠᠯ᠂ ᠬᠠᠤᠯᠢ ᠪᠤᠰᠤ ᠪᠠᠷ ᠠᠲᠠᠷ ᠬᠠᠭᠠᠯᠪᠤᠷᠢᠯᠠᠭᠰᠠᠨ᠂ ᠨᠤᠲᠤᠭ ᠪᠡᠯᠴᠢᠭᠡᠷ ᠢ ᠡᠵᠡᠯᠡᠨ ᠬᠡᠷᠡᠭᠯᠡᠭᠰᠡᠨ᠂ ᠨᠤᠲᠤᠭ ᠪᠡᠯᠴᠢᠭᠡᠷ ᠤᠨ | ᠲᠥᠬᠦᠭᠡᠷᠦᠮᠵᠢ ᠶᠢ ᠡᠪᠳᠡᠭᠰᠡᠨ᠂ ᠳᠤᠷ᠎ᠠ ᠪᠠᠷ ᠢᠶᠠᠨ ᠮᠠᠯᠲᠠᠭᠰᠠᠨ᠂ ᠬᠡᠭᠡᠷ᠎ᠡ ᠶᠢᠨ ᠠᠮᠢᠲᠠᠨ ᠣᠷᠭᠤᠮᠠᠯ ᠢ ᠳᠤᠷ᠎ᠠ ᠪᠠᠷ ᠢᠶᠠᠨ ᠠᠩᠨᠠᠭᠰᠠᠨ ᠲᠡᠭᠦᠭᠰᠡᠨ ᠵᠡᠷᠭᠡ ᠨᠤᠲᠤᠭ | ᠪᠡᠯᠴᠢᠭᠡᠷ ᠤᠨ ᠠᠮᠢ ᠠᠬᠤᠶ ᠶᠢᠨ ᠣᠷᠴᠢᠨ ᠲᠣᠭᠤᠷᠢᠨ ᠢ ᠡᠪᠳᠡᠭᠰᠡᠨ ᠠᠵᠢᠯᠯᠠᠭ᠎ᠠ ᠳᠤ ᠡᠳᠦᠷ ᠲᠤᠲᠤᠮ ᠤᠨ ᠲᠣᠭᠤᠷᠢᠨ ᠪᠠᠶᠢᠴᠠᠭᠠᠯᠲᠠ ᠪᠠ ᠬᠠᠮᠢᠶᠠᠷᠤᠯᠲᠠ | ᠬᠠᠮᠠᠭᠠᠯᠠᠯᠲᠠ ᠬᠢᠵᠤ᠂ ᠲᠣᠭᠤᠷᠢᠨ ᠪᠠᠶᠢᠴᠠᠭᠠᠭᠰᠠᠨ ᠲᠡᠮᠳᠡᠭᠯᠡᠯ ᠢ ᠨᠢᠮᠪᠡᠢ ᠳᠡᠮᠲᠡᠭᠯᠡᠨ᠂ ᠢᠯᠡᠷᠡᠭᠦᠯᠦᠭᠰᠡᠨ ᠠᠰᠠᠭᠤᠳᠠᠯ ᠢ ᠴᠠᠭ ᠲᠤᠬᠠᠶ ᠳᠤᠨᠢ ᠬᠤᠷᠢᠭᠯᠠᠨ | ᠵᠣᠭᠰᠣᠭᠠᠬᠤ ᠶᠢᠨ ᠬᠠᠮᠲᠤ᠂ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠪᠣᠯᠤᠨ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ | ᠣᠷᠳᠣᠨ ᠳᠤ ᠳᠠᠷᠤᠶᠢᠬᠠᠨ ᠮᠡᠳᠡᠭᠦᠯᠦᠨ᠎ᠡ︔ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠪᠣᠯᠤᠨ ᠡᠯ᠎ᠡ ᠰᠤᠮᠤ ᠪᠠᠯᠭᠠᠰᠤᠨ ᠤ ᠠᠷᠠᠳ ᠤᠨ | ᠵᠠᠰᠠᠭ ᠤᠨ ᠣᠷᠳᠣᠨ᠂ ᠭᠠᠴᠠᠭ᠎ᠠ ᠲᠣᠰᠬᠤᠨ ᠤ ᠵᠥᠪᠯᠡᠯ ᠢ ᠬᠠᠪᠰᠤᠷᠤᠨ ᠬᠤᠰᠢᠭᠤᠨ ᠤ ᠵᠠᠰᠠᠭ ᠤᠨ ᠣᠷᠳᠣᠨ ᠤ ᠨᠡᠶᠢᠲᠡᠯᠡᠭᠰᠡᠨ ᠪᠡᠯᠴᠢᠭᠡᠷ ᠤᠨ ᠪᠠᠭᠲᠠᠭᠠᠮᠵᠢ ᠶᠢ | ᠮᠠᠯᠵᠢᠬᠤ ᠲᠠᠷᠢᠶᠠᠯᠠᠬᠤ ᠡᠷᠦᠬᠡ ᠳᠤ ᠨᠠᠶᠢᠳᠠᠪᠤᠷᠢᠵᠢᠭᠤᠯᠵᠤ᠂ ᠬᠠᠮᠢᠶᠠᠷᠤᠨ ᠬᠠᠮᠠᠭᠠᠯᠠᠬᠤ ᠣᠷᠣᠨ ᠤ ᠪᠠᠨ ᠮᠠᠯᠴᠢᠨ ᠲᠠᠷᠢᠶᠠᠴᠢᠨ ᠡᠷᠦᠬᠡ ᠶᠢᠨ ᠪᠡᠯᠴᠢᠭᠡᠷᠯᠡᠭᠦᠯᠬᠦ ᠶᠢ | ᠬᠤᠷᠢᠵᠤ ᠰᠡᠯᠭᠦᠨ ᠮᠠᠯᠵᠢᠬᠤ᠂ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠬᠠᠷᠢᠭᠤᠴᠠᠯᠭ᠎ᠠ ᠶᠢᠨ ᠪᠢᠴᠢᠭ ᠤᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠤᠭᠰᠠᠨ | ᠪᠠᠶᠢᠳᠠᠯ ᠢ ᠬᠢᠨᠠᠨ ᠪᠠᠶᠢᠴᠠᠭᠠᠨ᠎ᠠ︔ ᠬᠤᠰᠢᠭᠤᠨ ᠤ ᠤᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠪᠣᠯᠤᠨ ᠡᠯ᠎ᠡ ᠰᠤᠮᠤ ᠪᠠᠯᠭᠠᠰᠤᠨ ᠤ ᠠᠷᠠᠳ ᠤᠨ | ᠵᠠᠰᠠᠭ ᠤᠨ ᠣᠷᠳᠣᠨ ᠪᠠ ᠳᠡᠭᠡᠳᠦ ᠱᠠᠲᠤᠨ ᠤ ᠲᠤᠬᠠᠶᠢᠯᠠᠭᠰᠠᠨ ᠠᠵᠢᠯ ᠤᠨ ᠪᠠᠶᠢᠭᠤᠯᠭ᠎ᠠ ᠠᠴᠠ ᠬᠠᠮᠢᠶᠠᠷᠤᠨ ᠬᠠᠮᠠᠭᠠᠯᠠᠬᠤ ᠣᠷᠣᠨ ᠳᠠᠬᠢ ᠨᠤᠲᠤᠭ ᠪᠡᠯᠴᠢᠭᠡᠷ ᠢ | ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ᠂ ᠬᠠᠤᠯᠢ ᠪᠤᠰᠤ ᠪᠠᠷ ᠠᠲᠠᠷ ᠬᠠᠭᠠᠯᠪᠤᠷᠢᠯᠠᠭᠰᠠᠨ᠂ ᠬᠠᠤᠯᠢ ᠪᠤᠰᠤ ᠪᠠᠷ ᠰᠢᠷᠣᠢ ᠠᠪᠤᠭᠰᠠᠨ᠂ ᠳᠤᠷ᠎ᠠ ᠪᠠᠷ ᠢᠶᠠᠨ ᠮᠠᠯᠲᠠᠭᠰᠠᠨ | ᠂ ᠳᠤᠷ᠎ᠠ ᠪᠠᠷ ᠢᠶᠠᠨ ᠪᠠᠷᠢᠵᠤ ᠠᠩᠨᠠᠭᠰᠠᠨ᠂ ᠳᠤᠷ᠎ᠠ ᠪᠠᠷ ᠢᠶᠠᠨ ᠤᠭᠲᠤᠯᠤᠭᠰᠨ ᠵᠡᠷᠭᠡ ᠨᠤᠲᠤᠭ ᠪᠡᠯᠴᠢᠭᠡᠷ ᠤᠨ ᠠᠮᠢ ᠠᠬᠤᠶ ᠶᠢ ᠡᠪᠳᠡᠭᠰᠡᠨ ᠬᠠᠤᠯᠢ ᠵᠥᠷᠢᠴᠡᠭᠰᠡᠨ | ᠠᠵᠢᠯᠯᠠᠭ᠎ᠠ ᠶᠢ ᠬᠢᠨᠠᠨ ᠪᠠᠶᠢᠴᠠᠭᠠᠨ᠎ᠠ︔ ᠬᠠᠮᠢᠶᠠᠷᠤᠨ ᠬᠠᠮᠠᠭᠠᠯᠠᠬᠤ ᠣᠷᠣᠨ ᠳᠣᠲᠣᠷ᠎ᠠ ᠢᠯᠡᠷᠡᠭᠦᠯᠦᠭᠰᠡᠨ ᠨᠤᠲᠤᠭ ᠪᠡᠯᠴᠢᠭᠡᠷ ᠤᠨ ᠬᠤᠯᠤᠭᠠᠨ᠎ᠠ ᠬᠤᠷᠣᠬᠠᠶ ᠶᠢᠨ | ᠬᠥᠨᠥᠭᠡᠯ᠂ ᠨᠤᠲᠤᠭ ᠪᠡᠯᠴᠢᠭᠡᠷ ᠤᠨ ᠭᠠᠯ ᠤᠨ ᠠᠶᠤᠯ᠂ ᠪᠠᠶᠢᠭᠠᠯᠢ ᠶᠢᠨ ᠭᠠᠮᠰᠢᠭ ᠢ ᠴᠠᠭ ᠲᠤᠬᠠᠶ ᠳᠤᠨᠢ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ | ᠲᠣᠪᠴᠢᠶ᠎ᠠ ᠪᠣᠯᠣᠨ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ᠎ᠡ︔ ᠬᠠᠮᠢᠶᠠᠷᠴᠤ ᠬᠠᠮᠠᠭᠠᠯᠠᠬᠤ ᠣᠷᠣᠨ ᠤ ᠪᠠᠨ ᠨᠤᠲᠤᠭ | ᠪᠡᠯᠴᠢᠭᠡᠷ ᠤᠨ ᠭᠠᠯ ᠢ ᠰᠡᠷᠭᠡᠶᠢᠯᠡᠬᠦ ᠪᠠ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠵᠡᠷᠭᠡ ᠤᠬᠠᠭᠤᠯᠭ᠎ᠠ ᠶᠢᠨ ᠫᠠᠶᠢᠰᠠ ᠢᠯᠡᠷᠬᠡᠶᠢᠯᠡᠯ ᠢ ᠬᠠᠮᠠᠭᠠᠯᠠᠵᠤ | ᠬᠠᠮᠢᠶᠠᠷᠤᠨ᠎ᠠ᠃ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠪᠣᠯᠣᠨ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠢ | ᠬᠠᠮᠵᠢᠨ ᠨᠤᠲᠤᠭ ᠪᠡᠯᠴᠢᠭᠡᠷ ᠤᠨ ᠬᠠᠤᠯᠢ ᠲᠣᠭᠲᠠᠭᠠᠯ ᠪᠠ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠬᠤ ᠲᠤᠬᠠᠢ ᠬᠠᠮᠢᠶ᠎ᠠ ᠪᠥᠬᠦᠢ ᠲᠥᠷᠥ ᠶᠢᠨ | ᠪᠤᠳᠤᠯᠭ᠎ᠠ ᠶᠢ ᠤᠬᠠᠭᠤᠯᠤᠨ᠎ᠠ᠃ ᠪᠣᠳᠠᠲᠠᠢ ᠠᠵᠢᠯ ᠤᠨ ᠬᠡᠷᠡᠭᠴᠡᠭᠡ ᠳᠤ ᠪᠠᠨ ᠦᠨᠳᠦᠰᠦᠯᠡᠵᠦ᠂ ᠨᠤᠲᠤᠭ ᠪᠡᠯᠴᠢᠭᠡᠷ ᠤᠨ ᠬᠠᠮᠢᠶᠠᠷᠤᠨ ᠬᠠᠮᠠᠭᠠᠯᠠᠭᠴᠢ ᠶᠢᠨ ᠡᠭᠦᠷᠭᠡ | ᠬᠠᠷᠢᠭᠤᠴᠠᠯᠭ᠎ᠠ ᠶᠢ ᠨᠥᠬᠦᠪᠥᠷᠢᠯᠡᠨ ᠲᠣᠬᠢᠷᠠᠭᠤᠯᠵᠤ ᠪᠣᠯᠣᠨ᠎ᠠ᠃ | ︵ᠳᠥᠷᠪᠡ︶ ᠶᠠᠪᠤᠴᠠ ᠶᠢ ᠵᠢᠷᠤᠮᠵᠢᠭᠤᠯᠤᠨ᠎ᠠ᠃ ᠲᠣᠣᠷᠴᠢᠯᠠᠭᠰᠠᠨ ᠬᠠᠮᠢᠶᠠᠷᠤᠯᠲᠠ ᠶᠢᠨ ᠬᠡᠪᠴᠢᠶ᠎ᠡ ᠪᠠ ᠬᠠᠷᠢᠭᠤᠴᠠᠯᠭ᠎ᠠ ᠶᠢ ᠲᠣᠭᠲᠠᠭᠠᠭᠰᠠᠨ ᠤ ᠰᠠᠭᠤᠷᠢᠨ | ᠳᠡᠭᠡᠷ᠎ᠡ᠂ ᠨᠤᠲᠤᠭ ᠪᠡᠯᠴᠢᠭᠡᠷ ᠤᠨ ᠲᠣᠣᠷᠴᠢᠯᠠᠭᠰᠠᠨ ᠬᠠᠮᠢᠶᠠᠷᠤᠯᠲᠠ ᠶᠢᠨ ᠶᠠᠪᠤᠴᠠ ᠶᠢ ᠵᠢᠷᠤᠮᠵᠢᠭᠤᠯᠵᠤ᠂ ᠢᠯᠡᠷᠡᠭᠦᠯᠬᠦ᠂ ᠲᠡᠮᠳᠡᠭᠯᠡᠨ ᠣᠷᠣᠭᠤᠯᠬᠤ᠂ ᠳᠡᠭᠡᠭᠰᠢ | ᠮᠡᠳᠡᠭᠦᠯᠬᠦ᠂ ᠰᠠᠯᠭᠠᠨ ᠲᠣᠬᠢᠷᠠᠭᠤᠯᠬᠤ᠂ ᠳᠠᠷᠠᠭᠠᠯᠠᠨ ᠪᠠᠶᠢᠴᠠᠭᠠᠬᠤ᠂ ᠰᠢᠶᠳᠪᠦᠷᠢᠯᠡᠬᠦ᠂ ᠬᠡᠷᠡᠭ ᠳᠠᠭᠤᠰᠬᠠᠬᠤ᠂ ᠬᠠᠷᠢᠭᠤ ᠲᠤᠰᠬᠠᠬᠤ᠂ ᠬᠢᠨᠠᠨ ᠰᠢᠯᠭᠠᠷᠠᠭᠤᠯᠬᠤ ᠵᠡᠷᠭᠡ | ᠬᠠᠮᠢᠶᠠᠷᠤᠯᠲᠠ ᠶᠢᠨ ᠪᠦᠬᠦ ᠵᠦᠢᠯ ᠢ ᠪᠠᠭᠲᠠᠭᠠᠭᠰᠠᠨ ᠨᠤᠲᠤᠭ ᠪᠡᠯᠴᠢᠭᠡᠷ ᠤᠨ ᠲᠣᠣᠷᠴᠢᠯᠠᠭᠰᠠᠨ ᠬᠠᠮᠢᠶᠠᠷᠤᠯᠲᠠ ᠶᠢᠨ ᠶᠠᠪᠤᠴᠠ ᠶᠢ ᠲᠣᠭᠲᠠᠭᠠᠨ᠎ᠠ᠃ ᠡᠭᠦᠨ ᠤ ᠬᠠᠮᠲᠤ᠂ | ᠨᠠᠷᠢᠨ ᠶᠠᠪᠤᠴᠠ ᠳᠤ ᠬᠤᠯᠪᠣᠭᠳᠠᠬᠤ ᠬᠠᠷᠢᠭᠤᠴᠠᠯᠭᠠᠲᠤ ᠨᠢᠭᠡᠴᠢ ᠶᠢ ᠳᠣᠲᠤᠷᠬᠠᠶᠢᠯᠠᠵᠤ᠂ ᠳᠡᠭᠡᠷ᠎ᠡ ᠳᠣᠣᠷ᠎ᠠ ᠱᠠᠲᠤ᠂ ᠡᠷᠬᠡ ᠲᠤᠰᠢᠶᠠᠯᠲᠤ ᠪᠠᠶᠢᠭᠤᠯᠭ᠎ᠠ ᠨᠤᠭᠤᠳ | ᠬᠠᠮᠵᠢᠯᠴᠠᠭᠰᠠᠨ ᠬᠢᠨᠠᠨ ᠬᠠᠮᠢᠶᠠᠷᠬᠤ ᠲᠣᠭᠲᠠᠴᠠ ᠶᠢ ᠪᠠᠶᠢᠭᠤᠯᠤᠨ᠎ᠠ᠃ | ︵ᠲᠠᠪᠤ︶ ᠲᠦᠷᠢᠮ ᠢ ᠲᠡᠭᠦᠯᠳᠡᠷᠵᠢᠭᠦᠯᠦᠨ᠎ᠡ᠃ ᠲᠦᠷᠢᠮ ᠢᠶᠠᠷ ᠡᠷᠭᠢᠯᠲᠡ ᠶᠢ ᠬᠠᠮᠢᠶᠠᠷᠤᠭᠤᠯᠵᠤ᠂ ᠲᠣᠣᠷᠴᠢᠯᠠᠭᠰᠠᠨ ᠬᠠᠮᠢᠶᠠᠷᠤᠯᠲᠠ ᠶᠢᠨ ᠠᠵᠢᠯᠲᠠᠨ ᠤ | ᠬᠠᠮᠢᠶᠠᠷᠤᠯᠲᠠ᠂ ᠬᠠᠷᠢᠭᠤᠴᠠᠯᠭ᠎ᠠ ᠶᠢᠨ ᠬᠢᠨᠠᠨ ᠰᠢᠯᠭᠠᠷᠠᠭᠤᠯᠤᠯᠲᠠ ᠪᠠ ᠡᠳᠦᠷ ᠳᠣᠳᠥᠮ ᠤᠨ ᠲᠣᠭᠤᠷᠢᠨ ᠬᠠᠮᠠᠭᠠᠯᠠᠯᠲᠠ ᠵᠡᠷᠭᠡ ᠳᠦᠷᠢᠮ ᠤᠳ ᠢ ᠲᠣᠭᠲᠠᠭᠠᠨ᠂ | ᠨᠤᠲᠤᠭ ᠪᠡᠯᠴᠢᠭᠡᠷ ᠤᠨ ᠲᠣᠣᠷᠴᠢᠯᠠᠭᠰᠠᠨ ᠬᠢᠨᠠᠯᠲᠠ ᠬᠠᠮᠢᠶᠠᠷᠤᠯᠲᠠ ᠶᠢᠨ ᠰᠢᠨ᠎ᠡ ᠲᠣᠭᠲᠠᠴᠠ ᠶᠢ ᠪᠦᠷᠢᠯᠳᠦᠭᠦᠯᠦᠨ᠎ᠡ᠃ | ︵ᠵᠢᠷᠭᠤᠭ᠎ᠠ︶ ᠲᠣᠭᠠᠴᠢᠯᠠᠭᠰᠠᠨ ᠬᠢᠨᠠᠯᠲᠠ ᠬᠠᠮᠢᠶᠠᠷᠤᠯᠲᠠ ᠶᠢ ᠪᠡᠶᠡᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠲᠣᠬᠢᠷᠠᠭᠤᠯᠤᠯᠲᠠ ᠶᠣᠰᠣᠭᠠᠷ᠂ ᠨᠤᠲᠤᠭ | ᠪᠡᠯᠴᠢᠭᠡᠷ ᠤᠨ ᠠᠮᠢ ᠠᠬᠤᠶ ᠶᠢᠨ ᠲᠣᠭᠠᠴᠢᠯᠠᠭᠰᠠᠨ ᠬᠢᠨᠠᠯᠲᠠ ᠬᠠᠮᠢᠶᠠᠷᠤᠯᠲᠠ ᠶᠢᠨ ᠲᠠᠪᠴᠠᠩ ᠢ ᠠᠰᠢᠭᠯᠠᠵᠤ ᠨᠤᠲᠤᠭ ᠪᠡᠯᠴᠢᠭᠡᠷ ᠤᠨ ᠲᠣᠣᠷᠴᠢᠯᠠᠭᠰᠠᠨ ᠬᠢᠨᠠᠯᠲᠠ | ᠬᠠᠮᠢᠶᠠᠷᠤᠯᠲᠠ ᠶᠢᠨ ᠠᠵᠢᠯ ᠢ ᠠᠬᠢᠭᠤᠯᠤᠨ᠂ ᠭᠤᠣᠯᠳᠠᠯᠭ᠎ᠠ ᠲᠠᠢ ᠣᠷᠣᠨ᠂ ᠭᠤᠣᠯᠳᠠᠯᠭ᠎ᠠ ᠲᠠᠢ ᠴᠠᠭ ᠬᠤᠭᠤᠴᠠᠭ᠎ᠠ᠂ ᠭᠤᠣᠯ ᠬᠥᠮᠥᠰ ᠢ ᠰᠢᠭᠰᠢᠨ ᠪᠠᠶᠢᠴᠠᠭᠠᠵᠤ᠂ | ᠬᠢᠨᠠᠯᠲᠠ ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠣᠨᠣᠪᠴᠢᠲᠠᠢ ᠪᠠᠷ ᠲᠣᠷᠭᠠᠨ ᠰᠢᠢᠳᠬᠡᠵᠦ᠂ ᠬᠠᠷᠢᠭᠤᠴᠠᠯᠭ᠎ᠠ ᠨᠡᠬᠡᠮᠵᠢᠯᠡᠨ᠎ᠡ᠃ | ︵ᠳᠣᠯᠤᠭ᠎ᠠ︶ ᠡᠷᠬᠡ ᠲᠤᠰᠢᠶᠠᠯ ᠤᠨ ᠬᠤᠪᠢᠶᠠᠷᠢᠯᠠᠯ ᠢ ᠲᠣᠳᠣᠷᠬᠠᠶᠢᠯᠠᠨ᠎ᠠ᠃ ᠤᠢ ᠰᠢᠭᠤᠢ ᠶᠢᠨ ᠳᠠᠷᠤᠭ᠎ᠠ ᠶᠢᠨ ᠳᠦᠷᠢᠮ ᠤᠨ ᠰᠠᠭᠤᠷᠢᠨ ᠳᠡᠭᠡᠷ᠎ᠡ᠂ ᠨᠤᠲᠤᠭ | ᠪᠡᠯᠴᠢᠭᠡᠷ ᠤᠨ ᠲᠣᠣᠷᠴᠢᠯᠠᠭᠰᠠᠨ ᠬᠠᠮᠢᠶᠠᠷᠤᠯᠲᠠ ᠳᠠᠬᠢ ᠣᠶ ᠰᠢᠭᠤᠶ ᠨᠤᠲᠤᠭ ᠪᠡᠯᠴᠢᠭᠡᠷ᠂ ᠪᠠᠶᠢᠭᠠᠯᠢ ᠶᠢᠨ ᠡᠬᠢ ᠪᠠᠶᠠᠯᠢᠭ᠂ ᠲᠠᠷᠢᠶᠠᠯᠠᠩ ᠮᠠᠯ ᠠᠵᠤ ᠠᠬᠤᠶ᠂ | ᠳᠣᠲᠣᠭᠠᠳᠤ ᠶᠢ ᠬᠠᠮᠠᠭᠠᠯᠠᠬᠤ ᠵᠢᠴᠢ ᠰᠤᠮᠤ ᠪᠠᠯᠭᠠᠰᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠵᠡᠷᠭᠡ ᠪᠠᠶᠢᠭᠤᠯᠭ᠎ᠠ ᠶᠢᠨ ᠲᠤᠰᠢᠶᠠᠯ ᠬᠠᠷᠢᠭᠤᠴᠠᠯᠭ᠎ᠠ ᠶᠢ ᠤᠯᠠᠮ | ᠳᠣᠲᠤᠷᠬᠠᠶᠢᠯᠠᠵᠤ᠂ ᠠᠲᠠᠷ ᠬᠠᠭᠠᠯᠪᠤᠷᠢᠯᠠᠬᠤ᠂ ᠲᠣᠭᠲᠠᠭᠠᠯ ᠵᠥᠷᠢᠴᠡᠵᠦ ᠪᠡᠯᠴᠢᠭᠡᠷᠯᠡᠭᠦᠯᠬᠦ᠂ ᠵᠥᠪᠰᠢᠶᠡᠷᠡᠭᠦᠯᠦᠭᠰᠡᠨ ᠠᠴᠠ ᠢᠯᠡᠭᠦᠦ ᠡᠵᠡᠯᠡᠬᠦ ᠵᠡᠷᠭᠡ ᠬᠠᠤᠯᠢ ᠪᠤᠰᠤ | ᠪᠠᠷ ᠨᠤᠲᠤᠭ ᠪᠡᠯᠴᠢᠭᠡᠷ ᠢ ᠡᠪᠳᠡᠭᠰᠡᠨ ᠠᠵᠢᠯᠯᠠᠭ᠎ᠠ ᠶᠢ ᠪᠦᠲᠦᠮᠵᠢᠲᠡᠶ ᠬᠠᠮᠢᠶᠠᠷᠤᠨ᠎ᠠ᠃ | ᠳᠥᠷᠪᠡ᠂ ᠠᠬᠢᠴᠠ ᠶᠢᠨ ᠲᠣᠬᠢᠷᠠᠭᠤᠯᠤᠯᠲᠠ | ︵ᠨᠢᠭᠡ︶ ᠲᠣᠣᠷᠴᠢᠯᠠᠭᠰᠠᠨ ᠬᠠᠮᠢᠶᠠᠷᠤᠯᠲᠠ ᠶᠢ ᠪᠠᠶᠢᠷᠢᠯᠠᠭᠤᠯᠬᠤ ᠱᠠᠲᠤ᠃ 9 ᠳ᠋ᠦ᠋ᠭᠡᠷ ᠰᠠᠷ᠎ᠠ ᠶᠢᠨ 28 ᠤ ᠡᠳᠦᠷ ᠠᠴᠠ ᠡᠮᠦᠨ᠎ᠡ᠂ ᠬᠤᠰᠢᠭᠤᠨ ᠤ ᠣᠶ | ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠲᠠᠢ ᠬᠠᠮᠲᠤᠷᠠᠨ ᠲᠣᠣᠷᠴᠢᠯᠠᠭᠰᠠᠨ ᠬᠠᠮᠢᠶᠠᠷᠤᠯᠲᠠ ᠶᠢ | ᠪᠠᠶᠢᠷᠢᠯᠠᠭᠤᠯᠬᠤ ᠪᠠ ᠲᠣᠣᠷᠴᠢᠯᠠᠭᠰᠠᠨ ᠬᠠᠮᠢᠶᠠᠷᠤᠯᠲᠠ ᠶᠢᠨ ᠠᠵᠢᠯᠲᠠᠨ ᠢ ᠲᠣᠭᠲᠠᠭᠠᠬᠤ ᠠᠵᠢᠯ ᠢ ᠪᠡᠶᠡᠯᠡᠭᠦᠯᠬᠦ ᠶᠢᠨ ᠬᠠᠮᠲᠤ᠂ ᠬᠤᠰᠢᠭᠤᠨ ᠤ ᠠᠷᠠᠳ ᠤᠨ ᠵᠠᠰᠠᠭ ᠤᠨ | ᠣᠷᠳᠣᠨ ᠢᠶᠠᠷ ᠵᠥᠪᠰᠢᠶᠡᠷᠡᠭᠦᠯᠦᠭᠡᠳ ᠬᠤᠳᠠ ᠶᠢᠨ ᠤᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠳᠤ ᠮᠡᠳᠡᠭᠦᠯᠦᠨ᠎ᠡ᠃ | ︵ᠬᠤᠶᠠᠷ︶ ᠲᠦᠷᠢᠮ ᠢ ᠲᠡᠭᠦᠯᠳᠡᠷᠵᠢᠭᠦᠯᠬᠦ ᠱᠠᠲᠤ᠃ 2022 ᠣᠨ ᠤ 10 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ᠂ ᠳᠠᠭᠡᠷ᠎ᠡ ᠱᠠᠲᠤ ᠲᠠᠢ | ᠬᠠᠮᠵᠢᠯᠴᠠᠨ ᠨᠢᠭᠡ ᠪᠦᠯᠦᠭ ᠲᠦᠷᠢᠮ ᠲᠣᠭᠲᠠᠭᠠᠯ ᠢ ᠲᠣᠭᠲᠠᠭᠠᠨ ᠲᠡᠭᠦᠯᠳᠡᠷᠵᠢᠭᠦᠯᠵᠦ᠂ ᠲᠣᠣᠷᠴᠢᠯᠠᠭᠰᠠᠨ ᠬᠢᠨᠠᠯᠲᠠ ᠬᠠᠮᠢᠶᠠᠷᠤᠯᠲᠠ ᠶᠢᠨ ᠠᠵᠢᠯ ᠤᠨ | ᠨᠠᠶᠢᠳᠠᠪᠤᠷᠢᠵᠢᠭᠤᠯᠤᠯᠲᠠ ᠶᠢ ᠪᠠᠲᠤᠯᠠᠨ᠎ᠠ᠃ | ︵ᠭᠤᠷᠪᠠ︶ ᠠᠵᠢᠯᠯᠠᠭᠤᠯᠬᠤ ᠱᠠᠲᠤ᠃ 2022 ᠣᠨ ᠤ 9 ᠳ᠋ᠦ᠋ᠭᠡᠷ ᠰᠠᠷ᠎ᠠ ᠶᠢᠨ 30 ᠤ ᠡᠳᠦᠷ ᠠᠴᠠ 2022 ᠣᠨ ᠤ 11 ᠳ᠋ᠦ᠋ᠭᠡᠷ ᠰᠠᠷ᠎ᠠ ᠶᠢᠨ 30 ᠤ | ᠡᠳᠦᠷ ᠬᠦᠷᠲᠡᠯ᠎ᠡ᠂ ᠨᠤᠲᠤᠭ ᠪᠡᠯᠴᠢᠭᠡᠷ ᠤᠨ ᠠᠮᠢ ᠠᠬᠤᠶ ᠶᠢᠨ ᠲᠣᠭᠠᠴᠢᠯᠠᠭᠰᠠᠨ ᠬᠢᠨᠠᠯᠲᠠ ᠬᠠᠮᠢᠶᠠᠷᠤᠯᠲᠠ ᠶᠢᠨ ᠲᠠᠪᠴᠠᠩ ᠢ ᠠᠰᠢᠭᠯᠠᠵᠤ᠂ ᠨᠤᠲᠤᠭ ᠪᠡᠯᠴᠢᠭᠡᠷ ᠤᠨ | ᠠᠮᠢ ᠠᠬᠤᠶ ᠶᠢᠨ ᠬᠠᠮᠠᠭᠠᠯᠠᠯᠲᠠ ᠶᠢᠨ ᠡᠯ᠎ᠡ ᠠᠵᠢᠯ ᠢ ᠲᠣᠣᠷᠴᠢᠯᠠᠭᠰᠠᠨ ᠬᠠᠮᠢᠶᠠᠷᠤᠯᠲᠠ ᠳᠤ ᠣᠷᠣᠭᠤᠯᠤᠨ᠂ ᠬᠠᠮᠢᠶᠠᠷᠤᠯᠲᠠ ᠶᠢᠨ ᠵᠠᠭᠪᠤᠷ ᠢ ᠨᠠᠷᠢᠯᠢᠭᠵᠢᠭᠤᠯᠵᠤ᠂ | ᠨᠤᠲᠤᠭ ᠪᠡᠯᠴᠢᠭᠡᠷ ᠤᠨ ᠬᠢᠨᠠᠯᠲᠠ ᠬᠠᠤᠯᠢ ᠬᠡᠷᠡᠭᠵᠢᠭᠦᠯᠦᠯᠲᠡ ᠶᠢ ᠪᠠᠶᠢᠩᠭᠤ ᠬᠡᠷᠡᠭᠵᠢᠭᠦᠯᠦᠨ᠎ᠡ᠃ | ︵ᠳᠥᠷᠪᠡ︶ ᠬᠤᠷᠢᠶᠠᠩᠭᠤᠶᠢᠯᠠᠨ ᠳ᠋ᠦᠩᠨᠡᠬᠦ ᠱᠠᠲᠤ᠃ 2022 ᠣᠨ ᠤ 12 ᠳ᠋ᠤᠭᠠᠷ ᠰᠠᠷ᠎ᠠ ᠳᠤ᠂ ᠠᠵᠢᠯ ᠤᠨ ᠲᠤᠷᠰᠢᠯᠭ᠎ᠠ ᠪᠠᠨ ᠳ᠋ᠦᠩᠨᠡᠵᠦ᠂ ᠣᠷᠣᠰᠢᠵᠤ | ᠪᠠᠶᠢᠭ᠎ᠠ ᠠᠰᠠᠭᠤᠳᠠᠯ ᠢᠶᠠᠨ ᠡᠮᠬᠢᠯᠡᠨ᠂ ᠳᠡᠭᠡᠳᠦ ᠱᠠᠲᠤᠨ ᠤ ᠪᠠᠶᠢᠭᠤᠯᠭ᠎ᠠ ᠶᠢᠨ ᠨᠠᠶᠢᠷᠠᠭᠤᠯᠤᠭᠰᠠᠨ ︽ᠨᠤᠲᠤᠭ ᠪᠡᠯᠴᠢᠭᠡᠷ ᠤᠨ ᠲᠣᠣᠷᠴᠢᠯᠠᠭᠰᠠᠨ ᠬᠠᠮᠢᠶᠠᠷᠤᠯᠲᠠ ᠶᠢᠨ | ᠠᠵᠢᠯ ᠤᠨ ᠵᠦᠭᠯᠡᠭᠦᠷ︾ ᠶᠣᠰᠣᠭᠠᠷ ᠠᠵᠢᠯ ᠤᠨ ᠲᠣᠭᠲᠠᠴᠠ ᠪᠠᠨ ᠲᠡᠭᠦᠯᠳᠡᠷᠵᠢᠭᠦᠯᠵᠦ᠂ ᠨᠤᠲᠤᠭ ᠪᠡᠯᠴᠢᠭᠡᠷ ᠤᠨ ᠲᠣᠣᠷᠴᠢᠯᠠᠭᠰᠠᠨ ᠬᠢᠨᠠᠯᠲᠠ ᠬᠠᠮᠢᠶᠠᠷᠤᠯᠲᠠ ᠶᠢᠨ | ᠲᠣᠭᠲᠠᠴᠠ ᠶᠢ ᠠᠩᠬ᠎ᠠ ᠠᠯᠬᠤᠮ ᠪᠠᠶᠢᠭᠤᠯᠬᠤ ᠳᠤ ᠰᠠᠭᠤᠷᠢ ᠲᠠᠯᠪᠢᠨ᠎ᠠ᠃ | ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠨᠤᠲᠤᠭ ᠪᠡᠯᠴᠢᠭᠡᠷ ᠤᠨ ᠲᠤᠤᠷᠴᠢᠯᠠᠭᠰᠠᠨ ᠬᠢᠨᠠᠯᠲᠠ ᠬᠠᠮᠢᠶᠠᠷᠤᠯᠲᠠ ᠶᠢᠨ | ᠠᠵᠢᠯ ᠢ ᠡᠯ᠎ᠡ ᠱᠠᠲᠤᠨ ᠤ ᠣᠢ ᠰᠢᠭᠤᠢ ᠶᠢᠨ ᠳᠠᠷᠤᠭ᠎ᠠ ᠶᠢᠨ ᠲᠤᠰᠢᠶᠠᠯ ᠬᠠᠷᠢᠭᠤᠴᠠᠯᠭ᠎ᠠ ᠳᠤ ᠣᠷᠣᠭᠤᠯᠤᠨ᠎ᠠ᠃ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ | ᠠᠵᠢᠯ ᠤᠨ ᠲᠥᠰᠦᠯ ᠤᠨ ᠱᠠᠭᠠᠷᠳᠠᠯᠭ᠎ᠠ ᠶᠣᠰᠣᠭᠠᠷ᠂ ᠠᠵᠢᠯ ᠤᠨ ᠬᠤᠭᠤᠴᠠᠭ᠎ᠠ ᠶᠢ ᠲᠣᠬᠢᠷᠠᠭᠤᠯᠵᠤ᠂ ᠠᠵᠢᠯ ᠢ ᠨᠠᠶᠢᠳᠠᠪᠤᠷᠢᠵᠢᠭᠤᠯᠬᠤ ᠲᠥᠰᠦᠯ ᠶᠣᠰᠣᠭᠠᠷ᠂ ᠡᠯ᠎ᠡ | ᠲᠥᠷᠥᠯ ᠤᠨ ᠠᠵᠢᠯ ᠤᠨ ᠡᠭᠦᠷᠭᠡ ᠪᠠᠨ ᠴᠠᠭ ᠲᠤᠬᠠᠶ ᠳᠤᠨᠢ ᠪᠡᠶᠡᠯᠡᠭᠦᠯᠦᠨ᠎ᠡ᠃ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ | ᠮᠠᠯᠵᠢᠬᠤ ᠠᠵᠢᠯ ᠤᠨ ᠲᠦᠷᠢᠮ︾ ᠤᠨ ᠠᠷᠪᠠᠨ ᠲᠠᠪᠤᠳᠤᠭᠠᠷ ᠵᠦᠶᠯ ᠳᠤ ᠠᠶᠢᠮᠠᠭ ᠬᠤᠲᠠ ᠶᠢᠨ ᠠᠷᠠᠳ ᠤᠨ ᠵᠠᠰᠠᠭ ᠤᠨ ᠣᠷᠳᠣᠨ ᠵᠠᠰᠠᠭ ᠵᠠᠬᠢᠷᠭᠠᠨ ᠤ ᠣᠷᠣᠨ ᠤ | ᠳᠣᠲᠣᠷᠠᠬᠢ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠠᠵᠢᠯ ᠢ ᠬᠢᠨᠠᠨ ᠵᠢᠯᠣᠭᠤᠳᠤᠨ᠎ᠠ᠃ ᠬᠤᠰᠢᠭᠤᠨ ᠤ | ᠠᠷᠠᠳ ᠤᠨ ᠵᠠᠰᠠᠭ ᠤᠨ ᠣᠷᠳᠣᠨ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠬᠤᠷᠢᠵᠤ | ᠰᠡᠯᠭᠦᠨ ᠮᠠᠯᠵᠢᠬᠤ ᠠᠵᠢᠯ ᠢ ᠪᠣᠳᠠᠲᠠᠢ ᠬᠠᠷᠢᠭᠤᠴᠠᠨ᠎ᠠ᠃ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ | ᠬᠠᠷᠢᠶ᠎ᠠ ᠣᠷᠣᠨ ᠤ ᠪᠠᠨ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠠᠵᠢᠯ ᠢ ᠪᠣᠳᠠᠲᠠᠶ ᠵᠣᠬᠢᠶᠠᠨ | ᠪᠠᠶᠢᠭᠤᠯᠵᠤ ᠬᠡᠷᠡᠭᠵᠢᠭᠦᠯᠦᠨ᠎ᠡ ᠭᠡᠵᠤ ᠳᠣᠲᠤᠷᠬᠠᠢ ᠲᠣᠭᠲᠠᠭᠠᠪᠠ᠃ ᠠᠷᠪᠠᠨ ᠵᠢᠷᠭᠤᠳᠤᠭᠠᠷ ᠵᠦᠢᠯ ᠳᠤ ᠬᠤᠰᠢᠭᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠬᠤᠯᠪᠣᠭᠳᠠᠯ ᠪᠦᠬᠦᠢ ᠪᠠᠶᠢᠭᠤᠯᠭ᠎ᠠ ᠮᠠᠯ ᠪᠡᠯᠴᠢᠭᠡᠷ ᠢ ᠲᠡᠩᠴᠡᠭᠦᠷᠢᠲᠡᠶ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠠᠵᠢᠯ ᠤᠨ | ᠬᠢᠨᠠᠯᠲᠠ ᠬᠠᠮᠢᠶᠠᠷᠤᠯᠲᠠ ᠳᠤ ᠳᠣᠣᠷᠠᠬᠢ ᠲᠤᠰᠢᠶᠠᠯ ᠬᠠᠷᠢᠭᠤᠴᠠᠯᠭ᠎ᠠ ᠶᠢ ᠭᠦᠢᠴᠡᠳᠬᠡᠬᠦ ᠬᠡᠷᠡᠭᠲᠡᠢ ᠭᠡᠵᠤ ᠲᠣᠭᠲᠠᠭᠠᠪᠠ᠄ | ︵ᠨᠢᠭᠡ︶ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠪᠠᠶᠢᠭᠤᠯᠭ᠎ᠠ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠮᠠᠯ ᠪᠡᠯᠴᠢᠭᠡᠷ ᠢ | ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠠᠵᠢᠯ ᠢ ᠬᠢᠨᠠᠨ ᠪᠠᠶᠢᠴᠠᠭᠠᠬᠤ᠂ ᠲᠤᠬᠠᠶᠢᠯᠠᠭᠰᠠᠨ ᠠᠵᠢᠯ ᠢ ᠵᠢᠯᠤᠭᠤᠳᠬᠤ ᠵᠢᠴᠢ | ᠪᠡᠯᠴᠢᠭᠡᠷ ᠤᠨ ᠪᠠᠭᠲᠠᠭᠠᠮᠵᠢ ᠶᠢ ᠬᠢᠨᠠᠨ ᠲᠣᠭᠲᠠᠭᠠᠬᠤ ᠵᠡᠷᠭᠡ ᠠᠵᠢᠯ ᠢ ᠬᠠᠷᠢᠭᠤᠴᠠᠵᠤ᠂ ᠲᠠᠷᠢᠶᠠᠯᠠᠩ ᠮᠠᠯ ᠠᠵᠤ ᠠᠬᠤᠶ ᠶᠢᠨ ᠪᠠᠶᠢᠭᠤᠯᠭ᠎ᠠ ᠲᠠᠢ ᠬᠠᠮᠲᠤᠷᠠᠨ ᠨᠤᠲᠤᠭ | ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠦᠷᠢ ᠱᠠᠩᠨᠠᠯ ᠤᠨ ᠪᠠᠷᠢᠮᠵᠢᠶ᠎ᠠ ᠪᠠ ᠠᠷᠭ᠎ᠠ ᠬᠡᠮᠵᠢᠶ᠎ᠡ ᠶᠢ ᠲᠣᠭᠲᠠᠭᠠᠨ᠎ᠠ᠃ ᠭᠤᠴᠢᠨ ᠨᠢᠭᠡᠳᠦᠭᠡᠷ | ᠵᠦᠢᠯ ᠳᠤ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤᠰᠬᠠᠶ ᠲᠤᠰᠢᠶᠠᠯᠲᠤ ᠪᠤᠶᠤ ᠲᠤᠰᠢᠶᠠᠯ | ᠬᠠᠪᠰᠤᠷᠭᠠᠭᠰᠠᠨ ᠨᠤᠲᠤᠭ ᠪᠡᠯᠴᠢᠭᠡᠷ ᠤᠨ ᠬᠠᠮᠢᠶᠠᠷᠤᠨ ᠬᠠᠮᠠᠭᠠᠯᠠᠭᠴᠢ ᠲᠣᠬᠢᠷᠠᠭᠤᠯᠣᠨ᠂ ᠬᠠᠮᠢᠶᠠᠷᠤᠨ ᠬᠠᠮᠠᠭᠠᠯᠠᠬᠤ ᠬᠠᠷᠢᠭᠤᠴᠠᠯᠭ᠎ᠠ ᠶᠢᠨ ᠣᠷᠣᠨ ᠢ ᠬᠤᠪᠢᠶᠠᠷᠢᠯᠠᠨ | ᠲᠣᠭᠲᠠᠭᠠᠵᠤ᠂ ᠲᠣᠣᠷᠴᠢᠯᠠᠭᠰᠠᠨ ᠬᠠᠮᠢᠶᠠᠷᠤᠯᠲᠠ ᠶᠢ ᠬᠡᠷᠡᠭᠵᠢᠭᠦᠯᠦᠨ᠎ᠡ ᠭᠡᠵᠤ ᠳᠣᠲᠤᠷᠬᠠᠢ ᠲᠣᠭᠲᠠᠭᠠᠪᠠ᠃ | ︵ᠬᠤᠶᠠᠷ︶ ᠪᠠᠯᠠ ᠮᠥᠩᠭᠦᠨ ᠤ ᠪᠠᠲᠤᠯᠠᠭ᠎ᠠ ᠶᠢ ᠴᠢᠩᠭᠠᠳᠬᠠᠨ᠎ᠠ᠃ ︽ᠪᠠᠶᠢᠭᠠᠯᠢ ᠶᠢᠨ ᠡᠬᠢ ᠪᠠᠶᠠᠯᠢᠭ ᠤᠨ ᠬᠦᠷᠢᠶ᠎ᠡ ᠬᠡᠪᠴᠢᠶᠡᠨ ᠳᠠᠬᠢ ᠥᠪᠡᠷᠲᠡᠭᠡᠨ ᠵᠠᠰᠠᠬᠤ | ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠬᠡᠷᠡᠭ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠨ ᠥᠭᠡᠷᠡᠴᠢᠯᠡᠬᠦ | ᠠᠵᠢᠯ ᠤᠨ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠲᠠᠷᠬᠠᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠠᠯᠪᠠᠨ ᠲᠢᠩᠭᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2021﹈ 75 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ | ᠪᠡᠯᠡ ᠮᠥᠩᠭᠦ ᠴᠤᠭᠯᠠᠭᠤᠯᠵᠤ᠂ ᠲᠣᠣᠷᠴᠢᠯᠠᠭᠰᠠᠨ ᠬᠠᠮᠢᠶᠠᠷᠤᠯᠲᠠ ᠶᠢᠨ ᠠᠵᠢᠯᠲᠠᠨ ᠤ ᠴᠠᠯᠢᠩ ᠨᠥᠬᠦᠪᠥᠷᠢ ᠶᠢ ᠪᠠᠲᠤᠯᠠᠨ᠎ᠠ᠃ ᠥᠪᠡᠷᠲᠡᠭᠡᠨ ᠵᠠᠰᠠᠬᠤ ᠣᠷᠣᠨ ᠪᠣᠯᠤᠨ | ᠬᠤᠲᠠ ᠠᠴᠠ ᠪᠠᠭᠤᠯᠭᠠᠭᠰᠠᠨ ᠬᠠᠮᠢᠶᠠᠷᠴᠤ ᠬᠠᠮᠠᠭᠠᠯᠠᠬᠤ ᠵᠠᠷᠤᠳᠠᠯ ᠢ ᠰᠠᠶᠢᠲᠤᠷ ᠠᠰᠢᠭᠯᠠᠬᠤ ᠶᠢᠨ ᠵᠡᠷᠭᠡᠪᠡᠷ ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤᠨ ᠤ | ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠵᠠᠷᠤᠳᠠᠯ ᠵᠢᠴᠢ ᠬᠤᠰᠢᠭᠤ ᠲᠣᠰ ᠱᠠᠲᠤᠨ ᠤ ᠡᠳ᠋ ᠤᠨ ᠵᠠᠰᠠᠭ ᠠᠴᠠ ᠪᠠᠯᠠ ᠮᠥᠩᠭᠦ | ᠳᠣᠭᠢᠷᠠᠭᠤᠯᠵᠤ᠂ ᠨᠤᠲᠤᠭ ᠪᠡᠯᠴᠢᠭᠡᠷ ᠤᠨ ᠬᠠᠮᠢᠶᠠᠷᠤᠨ ᠬᠠᠮᠠᠭᠠᠯᠠᠭᠴᠢ ᠶᠢᠨ ᠨᠥᠬᠦᠪᠥᠷᠢ ᠶᠢᠨ ᠵᠠᠷᠤᠳᠠᠯ ᠢ ᠣᠷᠳᠣ ᠬᠤᠭᠤᠴᠠᠭ᠎ᠠ ᠪᠠᠷ ᠪᠦᠲᠦᠮᠵᠢᠲᠡᠶ ᠪᠠᠲᠤᠯᠠᠬᠤ | ᠲᠣᠭᠲᠠᠴᠠ ᠶᠢ ᠪᠠᠶᠢᠭᠤᠯᠤᠨ᠂ ᠨᠤᠲᠤᠭ ᠪᠡᠯᠴᠢᠭᠡᠷ ᠤᠨ ᠬᠠᠮᠢᠶᠠᠷᠤᠨ ᠬᠠᠮᠠᠭᠠᠯᠠᠭᠴᠢ ᠶᠢᠨ ᠨᠥᠬᠦᠪᠥᠷᠢ ᠶᠢᠨ ᠪᠠᠷᠢᠮᠵᠢᠶ᠎ᠠ ᠶᠢ ᠢᠳᠡᠭ ᠢᠳᠡᠭ ᠢᠶᠠᠷ ᠳᠡᠭᠡᠭᠰᠢᠯᠡᠭᠦᠯᠦᠨ᠎ᠡ᠃ | | ︵ᠭᠤᠷᠪᠠ︶ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠴᠢᠩᠭᠠᠳᠬᠠᠨ᠎ᠠ᠃ ᠲᠣᠣᠷᠴᠢᠯᠠᠭᠰᠠᠨ ᠬᠠᠮᠢᠶᠠᠷᠤᠯᠲᠠ ᠶᠢᠨ ᠠᠵᠢᠯᠲᠠᠨ ︵ᠨᠤᠲᠤᠭ ᠪᠡᠯᠴᠢᠭᠡᠷ ᠤᠨ | ᠬᠠᠮᠢᠶᠠᠷᠤᠨ ᠬᠠᠮᠠᠭᠠᠯᠠᠭᠴᠢ︶ ᠤ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠪᠣᠯᠪᠠᠰᠤᠷᠠᠯ ᠢ ᠰᠠᠶᠢᠲᠤᠷ ᠬᠢᠵᠦ᠂ ᠨᠤᠲᠤᠭ ᠪᠡᠯᠴᠢᠭᠡᠷ ᠤᠨ ᠬᠠᠤᠯᠢ ᠲᠣᠭᠲᠠᠭᠠᠯ᠂ | ᠨᠤᠲᠤᠭ ᠪᠡᠯᠴᠢᠭᠡᠷ ᠤᠨ ᠠᠮᠢᠳᠤ ᠪᠣᠳᠠᠰ ᠪᠠᠶᠢᠭᠠᠯᠢ ᠶᠢᠨ ᠭᠠᠮᠰᠢᠭ ᠤᠨ ᠰᠠᠭᠤᠷᠢ ᠮᠡᠳᠡᠯᠭᠡ᠂ ᠮᠡᠳᠡᠭᠡ ᠵᠠᠩᠭᠢ ᠶᠢᠨ ᠲᠠᠪᠴᠠᠩ ᠤᠨ ᠬᠡᠷᠡᠭᠯᠡᠯᠲᠡ ᠵᠡᠷᠭᠡ ᠦᠨᠳᠦᠰᠦᠨ | ᠮᠡᠳᠡᠯᠭᠡ ᠶᠢ ᠰᠢᠰᠲ᠋ᠧᠮ ᠲᠠᠢ ᠡᠵᠡᠮᠰᠢᠭᠦᠯᠦᠨ᠂ ᠬᠠᠤᠯᠢ ᠮᠡᠳᠡᠳᠡᠭ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ ᠨᠤᠲᠤᠭ ᠪᠡᠯᠴᠢᠭᠡᠷ ᠤᠨ ᠲᠣᠣᠷᠴᠢᠯᠠᠭᠰᠠᠨ | ᠬᠠᠮᠢᠶᠠᠷᠤᠯᠲᠠ ᠶᠢᠨ ᠠᠵᠢᠯᠲᠠᠨ ᠤ ᠡᠩᠨᠡᠭᠡ ᠶᠢ ᠠᠯᠬᠤᠮ ᠠᠯᠬᠤᠮ ᠢᠶᠠᠷ ᠪᠠᠶᠢᠭᠤᠯᠤᠨ᠎ᠠ᠃ | ︵ᠳᠥᠷᠪᠡ︶ ᠠᠮᠵᠢᠯᠲᠠ ᠪᠦᠲᠦᠮᠵᠢ ᠶᠢᠨ ᠬᠢᠨᠠᠨ ᠰᠢᠯᠭᠠᠷᠠᠭᠤᠯᠤᠯᠲᠠ ᠶᠢ ᠴᠢᠩᠭᠠᠳᠬᠠᠨ᠎ᠠ᠃ ᠮᠠᠯ ᠪᠡᠯᠴᠢᠭᠡᠷ ᠢ ᠲᠡᠩᠴᠭᠦᠷᠢᠲᠠᠢ ᠪᠠᠶᠢᠯᠭᠠᠬᠤ ᠪᠠ | ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠠᠵᠢᠯ ᠢ ᠬᠤᠰᠢᠭᠤᠨ ᠤ ︽ᠲᠠᠪᠤ ᠶᠢ ᠨᠢᠭᠡ ᠴᠣᠭᠴᠠᠵᠢᠭᠤᠯᠬᠤ︾ ᠬᠢᠨᠠᠨ ᠰᠢᠯᠭᠠᠷᠠᠭᠤᠯᠤᠯᠲᠠ ᠶᠢᠨ ᠴᠢᠬᠤᠯᠠ | ᠦᠨᠳᠦᠰᠦᠯᠡᠯ ᠪᠣᠯᠭᠠᠵᠤ᠂ ᠨᠤᠲᠤᠭ ᠪᠡᠯᠴᠢᠭᠡᠷ ᠤᠨ ᠲᠣᠣᠷᠴᠢᠯᠠᠭᠰᠠᠨ ᠬᠢᠨᠠᠯᠲᠠ ᠬᠠᠮᠢᠶᠠᠷᠤᠯᠲᠠ ᠶᠢᠨ ᠠᠵᠢᠯ ᠢ ᠣᠶ ᠰᠢᠭᠤᠶ ᠶᠢᠨ ᠳᠠᠷᠤᠭ᠎ᠠ ᠶᠢᠨ ᠳᠦᠷᠢᠮ ᠤᠨ ᠬᠢᠨᠠᠨ | ᠰᠢᠯᠭᠠᠷᠠᠭᠤᠯᠤᠯᠲᠠ ᠶᠢᠨ ᠴᠢᠬᠤᠯᠠ ᠯᠠᠪᠯᠠᠯᠲᠠ ᠪᠣᠯᠭᠠᠨ᠎ᠠ᠃ ᠡᠭᠦᠨ ᠤ ᠬᠠᠮᠲᠤ᠂ ᠨᠤᠲᠤᠭ ᠪᠡᠯᠴᠢᠭᠡᠷ ᠤᠨ ᠬᠠᠮᠢᠶᠠᠷᠤᠨ ᠬᠠᠮᠠᠭᠠᠯᠠᠭᠴᠢ ᠶᠢᠨ ᠠᠮᠵᠢᠯᠲᠠ ᠪᠦᠲᠦᠮᠵᠢ ᠶᠢᠨ | ᠬᠢᠨᠠᠨ ᠰᠢᠯᠭᠠᠷᠠᠭᠤᠯᠤᠯᠲᠠ ᠶᠢ ᠴᠢᠩᠭᠠᠳᠬᠠᠵᠤ᠂ ᠱᠠᠩᠨᠠᠵᠤ ᠲᠣᠷᠭᠠᠬᠤ ᠲᠦᠷᠢᠮ ᠢ ᠲᠣᠭᠲᠠᠭᠠᠨ᠂ ᠨᠤᠲᠤᠭ ᠪᠡᠯᠴᠢᠭᠡᠷ ᠤᠨ ᠬᠠᠮᠢᠶᠠᠷᠤᠨ ᠬᠠᠮᠠᠭᠠᠯᠠᠭᠴᠢ ᠶᠢᠨ | ᠠᠵᠢᠯ ᠤᠨ ᠢᠳᠡᠪᠬᠢᠵᠢᠯ ᠢ ᠳᠠᠶᠢᠴᠢᠯᠠᠨ᠎ᠠ᠃ | ︵ᠲᠠᠪᠤ︶ ᠡᠷᠬᠡ ᠠᠰᠢᠭ ᠤᠨ ᠬᠠᠮᠠᠭᠠᠯᠠᠯᠲᠠ ᠶᠢ ᠴᠢᠩᠭᠠᠷᠠᠭᠤᠯᠤᠨ᠎ᠠ᠃ ᠡᠯ᠎ᠡ ᠰᠤᠮᠤ ᠪᠠᠯᠭᠠᠰᠤ ᠬᠠᠮᠢᠶᠠᠷᠤᠨ ᠬᠠᠮᠠᠭᠠᠯᠠᠭᠴᠢ ᠲᠠᠢ ᠵᠢᠩᠬᠢᠨᠢ ᠪᠠᠷ ᠬᠠᠮᠢᠶᠠᠷᠤᠨ | ᠬᠠᠮᠠᠭᠠᠯᠠᠬᠤ ᠭᠡᠷ᠎ᠡ ᠲᠣᠭᠲᠠᠵᠤ᠂ ᠬᠠᠮᠢᠶᠠᠷᠤᠨ ᠬᠠᠮᠠᠭᠠᠯᠠᠭᠴᠢ ᠶᠢᠨ ᠡᠯ᠎ᠡ ᠵᠦᠶᠯ ᠤᠨ ᠡᠷᠬᠡ ᠠᠰᠢᠭ ᠢ ᠪᠠᠲᠤᠯᠠᠨ᠎ᠠ᠃ ᠤᠳᠠᠭᠠᠨ ᠠᠵᠢᠯᠯᠠᠭᠰᠠᠨ᠂ ᠮᠣᠷᠠᠯ ᠴᠢᠳᠠᠪᠤᠷᠢ | ᠬᠤᠣᠰᠯᠠᠭᠰᠠᠨ ᠨᠤᠲᠤᠭ ᠪᠡᠯᠴᠢᠭᠡᠷ ᠤᠨ ᠬᠠᠮᠢᠶᠠᠷᠤᠨ ᠬᠠᠮᠠᠭᠠᠯᠠᠭᠴᠢ ᠶᠢ ᠪᠠᠶᠢᠭᠤᠯᠭ᠎ᠠ ᠶᠢᠨ ᠠᠵᠢᠯᠲᠠᠨ ᠡᠯᠰᠡᠬᠦ ᠳᠤ ᠭᠤᠣᠯᠳᠠᠯᠭ᠎ᠠ ᠲᠠᠢ ᠪᠣᠳᠣᠯᠬᠢᠯᠠᠨ᠎ᠠ᠃ ᠨᠤᠲᠤᠭ | ᠪᠡᠯᠴᠢᠭᠡᠷ ᠤᠨ ᠬᠠᠮᠢᠶᠠᠷᠤᠨ ᠬᠠᠮᠠᠭᠠᠯᠠᠭᠴᠢ ᠶᠢᠨ ᠠᠵᠢᠯ ᠤᠨ ᠨᠥᠬᠦᠴᠡᠯ ᠢ ᠢᠳᠡᠪᠬᠢᠲᠡᠢ ᠰᠠᠶᠢᠵᠢᠷᠠᠭᠤᠯᠵᠤ᠂ ᠠᠵᠢᠯᠯᠠᠬᠤ ᠤᠷᠮ᠎ᠡ ᠶᠢ ᠬᠥᠭᠵᠢᠭᠡᠨ᠎ᠡ᠃ | | | | | | | | | ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ 2023 ᠣᠨ ᠤ 3 ᠳ᠋ᠤᠭᠠᠷ ᠰᠠᠷ᠎ᠠ ᠶᠢᠨ 14 ᠤ ᠡᠳᠦᠷ ᠳᠠᠷᠤᠮᠠᠯᠯᠠᠨ | ᠲᠠᠷᠬᠠᠭᠠᠪᠠ | | | | | | | |