ᠣᠢ ᠰᠢᠭᠤᠢ ᠨᠤᠲᠤᠭ ᠪᠡᠯᠴᠢᠭᠡᠷ ᠤᠨ ᠭᠠᠯ ᠢ ᠴᠢᠩᠭ᠎ᠠ ᠰᠡᠷᠭᠡᠶᠢᠯᠡᠬᠦ ᠲᠤᠬᠠᠢ ᠣᠳᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ
ᠨᠡᠶᠢᠲᠡᠯᠡᠭᠰᠡᠨ ᠴᠠᠭ᠄
2023/3/15
                  ᠣᠳᠤᠭ ᠵᠠᠰᠠᠭ ᠲᠠᠷᠬᠠᠭᠠᠭᠰᠠᠨ ﹇2023﹈ 60 ᠳ᠋ᠤᠭᠠᠷ ᠲᠣᠭᠠᠲᠤ            ᠣᠢ ᠰᠢᠭᠤᠢ ᠨᠤᠲᠤᠭ ᠪᠡᠯᠴᠢᠭᠡᠷ ᠤᠨ ᠭᠠᠯ ᠢ ᠴᠢᠩᠭ᠎ᠠ ᠰᠡᠷᠭᠡᠶᠢᠯᠡᠬᠦ ᠲᠤᠬᠠᠢ             ᠣᠳᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ       ᠬᠡᠭᠡᠷ᠎ᠡ ᠭᠠᠳᠠᠨᠠᠬᠢ ᠭᠠᠯ ᠤᠨ ᠡᠬᠢ ᠶᠢ ᠴᠢᠩᠭ᠎ᠠ ᠬᠠᠮᠢᠶᠠᠷᠤᠨ ᠡᠵᠡᠮᠳᠡᠵᠦ᠂ ᠣᠢ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠡᠭᠦᠰᠬᠦ ᠶᠢ ᠪᠦᠲᠦᠮᠵᠢᠲᠡᠢ ᠰᠡᠷᠭᠡᠶᠢᠯᠡᠵᠦ ᠬᠤᠷᠢᠭᠯᠠᠨ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠪᠠ ᠣᠢ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠠᠮᠤᠷ ᠲᠦᠪᠰᠢᠨ ᠢ ᠪᠠᠲᠤᠯᠠᠬᠤ ᠶᠢᠨ ᠲᠤᠰᠠᠳᠠ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠢ ᠰᠢᠭᠤᠢ ᠶᠢᠨ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠲᠦᠷᠢᠮ︾ ᠵᠡᠷᠭᠡ ᠬᠠᠮᠢᠶ᠎ᠠ ᠪᠦᠬᠦᠢ ᠬᠠᠤᠯᠢ ᠲᠣᠭᠲᠠᠭᠠᠯ ᠳᠤ ᠦᠨᠳᠦᠰᠦᠯᠡᠵᠦ᠂ ᠬᠤᠰᠢᠭᠤᠨ ᠤ ᠪᠠᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠪᠦᠬᠦ ᠬᠤᠰᠢᠭᠤᠨ ᠤ ᠬᠠᠪᠤᠷ ᠵᠣᠨ ᠤ ᠣᠢ ᠰᠢᠭᠤᠢ ᠨᠤᠲᠤᠭ ᠪᠡᠯᠴᠢᠭᠡᠷ ᠤᠨ ᠭᠠᠯ ᠢ ᠴᠢᠩᠭ᠎ᠠ ᠰᠡᠷᠭᠡᠶᠢᠯᠡᠬᠦ ᠵᠠᠷᠯᠢᠭ ᠢ ᠣᠨᠴᠠᠭᠠᠶᠢᠯᠠᠨ ᠨᠡᠶᠢᠲᠡᠯᠡᠪᠡ᠂ ᠡᠳᠦᠭᠡ ᠬᠠᠮᠢᠶ᠎ᠠ ᠪᠦᠬᠦᠢ ᠶᠠᠪᠤᠳᠠᠯ ᠢ ᠳᠣᠣᠷᠠᠬᠢ ᠮᠡᠲᠦ ᠪᠠᠷ ᠵᠠᠷᠯᠠᠶ᠎ᠠ᠄      ᠨᠢᠭᠡ᠂ ᠭᠠᠯ ᠢ ᠴᠢᠩᠭ᠎ᠠ ᠰᠡᠷᠭᠡᠶᠢᠯᠡᠬᠦ ᠬᠤᠭᠤᠴᠠᠭ᠎ᠠ᠄ 2023 ᠣᠨ ᠤ 3 ᠳ᠋ᠤᠭᠠᠷ ᠰᠠᠷ᠎ᠠ ᠶᠢᠨ 15 ᠤ ᠡᠳᠦᠷ ᠠᠴᠠ 6 ᠳ᠋ᠤᠭᠠᠷ ᠰᠠᠷ᠎ᠠ ᠶᠢᠨ 15 ᠤ ᠡᠳᠦᠷ ᠪᠣᠯᠲᠠᠯ᠎ᠠ᠃      ᠬᠤᠶᠠᠷ᠂ ᠭᠠᠯ ᠢ ᠴᠢᠩᠭ᠎ᠠ ᠰᠡᠷᠭᠡᠶᠢᠯᠡᠬᠦ ᠣᠷᠣᠨ ᠲᠣᠭᠤᠷᠢᠭ᠄ ᠪᠦᠬᠦ ᠬᠤᠰᠢᠭᠤᠨ ᠤ ᠬᠡᠪᠴᠢᠶᠡᠨ ᠳᠠᠬᠢ ᠣᠶᠢᠲᠦ ᠭᠠᠵᠠᠷ᠂ ᠨᠤᠲᠤᠭ ᠪᠡᠯᠴᠢᠭᠡᠷ᠂ ᠣᠢ ᠶᠢᠨ ᠪᠦᠰᠡ ᠵᠢᠴᠢ ᠣᠢ ᠰᠢᠭᠤᠢ ᠶᠢᠨ ᠡᠷᠭᠢᠨ ᠲᠣᠭᠤᠷᠢᠨ ᠤ ᠪᠣᠢ ᠪᠦᠬᠦᠢ ᠣᠷᠣᠨ ᠲᠣᠭᠤᠷᠢᠭ᠂ ᠡᠯ᠎ᠡ ᠤᠯᠤᠰ ᠤᠨ ᠵᠠᠮ᠂ ᠮᠤᠵᠢ ᠶᠢᠨ ᠵᠠᠮ᠂ ᠬᠥᠳᠡᠭᠡ ᠲᠣᠰᠬᠤᠨ ᠤ ᠵᠠᠰᠠᠮᠠᠯ ᠵᠠᠮ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠵᠢᠭᠤᠯᠴᠢᠯᠠᠯ ᠤᠨ ᠦᠵᠡᠮᠵᠢ ᠶᠢᠨ ᠣᠷᠣᠨ᠂ ᠣᠢ ᠰᠢᠭᠤᠢ ᠶᠢᠨ ᠲᠠᠯᠠᠪᠠᠢ᠂ ᠴᠢᠬᠢ ᠮᠣᠳᠣᠨ ᠤ ᠬᠦᠷᠢᠶᠡᠯᠡᠩ᠂ ᠣᠢ ᠰᠢᠭᠤᠢ ᠶᠢᠨ ᠦᠢᠯᠡᠰ ᠤᠨ ᠠᠮᠢ ᠠᠬᠤᠢ ᠶᠢᠨ ᠢᠨᠵᠧᠨᠧᠷᠢᠩ ᠤᠨ ᠲᠥᠷᠥᠯ ᠵᠦᠢᠯ ᠤᠨ ᠣᠷᠣᠨ ᠵᠢᠴᠢ ᠪᠤᠰᠤᠳ ᠭᠤᠣᠯᠳᠠᠯᠭ᠎ᠠ ᠲᠠᠢ ᠭᠠᠯ ᠰᠡᠷᠭᠡᠶᠢᠯᠡᠬᠦ ᠣᠷᠣᠨ ᠲᠣᠭᠤᠷᠢᠭ᠃      ᠭᠤᠷᠪᠠ᠂ ᠭᠠᠯ ᠢ ᠴᠢᠩᠭ᠎ᠠ ᠰᠡᠷᠭᠡᠶᠢᠯᠡᠬᠦ ᠱᠠᠭᠠᠷᠳᠠᠯᠭ᠎ᠠ      ⒈ᠭᠠᠯ ᠢ ᠴᠢᠩᠭ᠎ᠠ ᠰᠡᠷᠭᠡᠶᠢᠯᠡᠬᠦ ᠬᠤᠭᠤᠴᠠᠭᠠᠨ ᠳᠤ᠂ ᠭᠠᠯ ᠢ ᠴᠢᠩᠭ᠎ᠠ ᠰᠡᠷᠭᠡᠶᠢᠯᠡᠨ ᠡᠵᠡᠮᠳᠡᠵᠦ ᠪᠠᠶᠢᠭ᠎ᠠ ᠣᠷᠣᠨ ᠳᠣᠲᠣᠷ᠎ᠠ ᠲᠠᠮᠠᠬᠢ ᠲᠠᠲᠠᠬᠤ᠂ ᠴᠤᠷᠮᠠᠳᠠᠬᠤ ᠂ ᠬᠡᠭᠡᠷ᠎ᠡ ᠬᠤᠭᠤᠯᠠᠯᠠᠬᠤ᠂ ᠡᠰᠢ ᠰᠦᠷᠡᠯ ᠰᠢᠲᠠᠭᠠᠬᠤ᠂ ᠬᠤᠭ ᠨᠣᠪᠰᠢ ᠰᠢᠲᠠᠭᠠᠬᠤ᠂ ᠲᠠᠷᠢᠶᠠᠨ ᠳᠠᠯᠠᠩ ᠰᠢᠲᠠᠭᠠᠬᠤ᠂ ᠪᠤᠯᠠᠰᠢᠨ ᠳᠡᠭᠡᠷ᠎ᠡ ᠴᠠᠭᠠᠰᠤ ᠰᠢᠲᠠᠭᠠᠬᠤ᠂ ᠬᠤᠸᠠᠷ ᠫᠤᠤᠵᠢᠩ ᠲᠠᠯᠪᠢᠬᠤ ᠵᠢᠴᠢ ᠣᠶ ᠰᠢᠭᠤᠶ ᠨᠤᠲᠤᠭ ᠪᠡᠯᠴᠢᠭᠡᠷ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠳᠤ ᠲᠦᠳᠡᠭ ᠭᠠᠯ ᠤᠨ ᠦᠳᠡᠰᠢᠯᠡᠭᠡ᠂ ᠰᠢᠷᠠᠯᠠᠭ᠎ᠠ ᠬᠢᠬᠦ ᠵᠡᠷᠭᠡ ᠬᠡᠭᠡᠷ᠎ᠡ ᠭᠠᠳᠠᠨ᠎ᠠ ᠭᠠᠯ ᠬᠡᠷᠡᠭᠯᠡᠬᠦ ᠠᠯᠢᠪᠠ ᠠᠵᠢᠯᠯᠠᠭ᠎ᠠ ᠶᠢ ᠴᠢᠩᠭ᠎ᠠ ᠴᠠᠭᠠᠵᠠᠯᠠᠬᠤ ᠬᠡᠷᠡᠭᠲᠡᠶ︔ ᠭᠠᠯ ᠤᠨ ᠲᠥᠷᠥᠯ ᠪᠣᠯᠤᠨ ᠠᠮᠠᠷᠬᠠᠨ ᠨᠣᠴᠣᠵᠤ ᠳᠡᠯᠪᠡᠷᠡᠬᠦ ᠪᠣᠳᠠᠰ ᠢ ᠠᠪᠴᠤ ᠣᠶᠢᠲᠦ ᠣᠷᠣᠨ ᠳᠤ ᠣᠷᠣᠬᠤ ᠶᠢ ᠲᠠᠰᠤ ᠴᠠᠭᠠᠵᠠᠯᠠᠵᠤ᠂ ᠭᠠᠯ ᠰᠡᠷᠭᠡᠶᠢᠯᠡᠬᠦ ᠠᠷᠭ᠎ᠠ ᠬᠡᠮᠵᠢᠶ᠎ᠡ ᠠᠪᠤᠭᠰᠠᠨ ᠦᠭᠡᠶ ᠪᠠ ᠭᠠᠯ ᠰᠡᠷᠭᠡᠶᠢᠯᠡᠬᠦ ᠪᠠᠭᠠᠵᠢ ᠬᠡᠷᠡᠭᠰᠡᠯ ᠲᠣᠬᠢᠷᠠᠭᠤᠯᠤᠭᠰᠠᠨ ᠦᠭᠡᠶ ᠲᠡᠷᠭᠡ ᠬᠥᠰᠬᠡ ᠶᠢᠨ ᠴᠢᠩᠭ᠎ᠠ ᠰᠡᠷᠭᠡᠶᠢᠯᠡᠯᠲᠡ ᠶᠢᠨ ᠣᠷᠣᠨ ᠳᠤ ᠣᠷᠣᠬᠤ ᠶᠢ ᠡᠷᠡᠰ ᠴᠠᠭᠠᠵᠠᠯᠠᠨ᠂ ᠵᠢᠯᠣᠭᠤᠴᠢ ᠶᠢᠨ ᠲᠠᠮᠠᠬᠢᠨ ᠤ ᠤᠵᠠᠭᠤᠷ᠂ ᠭᠠᠯ ᠤᠨ ᠲᠥᠷᠥᠯ ᠵᠡᠷᠭᠡ ᠨᠣᠴᠣᠮᠠᠲᠠᠭᠠᠶ ᠪᠣᠳᠠᠰ ᠢ ᠳᠤᠷ᠎ᠠ ᠪᠠᠷ ᠢᠶᠠᠨ ᠬᠠᠶᠠᠬᠤ ᠶᠢ ᠴᠢᠩᠭ᠎ᠠ ᠴᠠᠭᠠᠵᠠᠯᠠᠬᠤ ᠬᠡᠷᠡᠭᠲᠡᠶ︔ ᠪᠣᠯᠪᠠᠰᠤᠨ ᠲᠠᠬᠢᠯᠭ᠎ᠠ ᠶᠢ ᠶᠡᠭᠡ ᠪᠠᠷ ᠰᠠᠨᠠᠭᠠᠴᠢᠯᠠᠵᠤ᠂ ᠭᠠᠯ ᠤᠨ ᠠᠶᠤᠯ ᠤᠨ ᠠᠯᠢᠪᠠ ᠳᠠᠯᠳᠠ ᠭᠡᠮ ᠢ ᠪᠥᠬᠦ ᠬᠦᠴᠦᠨ ᠢᠶᠠᠷ ᠢᠶᠠᠨ ᠠᠷᠢᠯᠭᠠᠬᠤ ᠬᠡᠷᠡᠭᠲᠡᠢ᠃      ⒉ᠭᠠᠯ ᠢ ᠴᠢᠩᠭ᠎ᠠ ᠰᠡᠷᠭᠡᠶᠢᠯᠡᠬᠦ ᠣᠷᠣᠨ ᠳᠣᠲᠣᠷ᠎ᠠ ᠦᠶᠯᠡᠳᠪᠦᠷᠢᠯᠡᠯ᠂ ᠠᠮᠢᠳᠤᠷᠠᠯ ᠳᠤ ᠭᠠᠯ ᠬᠡᠷᠡᠭᠯᠡᠬᠦ ᠨᠢᠭᠡᠴᠢ ᠪᠠ ᠬᠤᠪᠢ ᠬᠥᠮᠦᠨ ᠵᠠᠷᠴᠢᠮ ᠳᠡᠭᠡᠷ᠎ᠡ ᠪᠠᠨ ᠴᠥᠮ ᠭᠠᠯ ᠬᠥᠳᠡᠯᠭᠡᠵᠦ ᠪᠣᠯᠬᠤ ᠥᠬᠡᠶ᠂ ᠬᠡᠷᠪᠡ ᠣᠨᠴᠠᠭᠠᠶ ᠪᠠᠶᠢᠳᠠᠯ ᠲᠠᠢ ᠪᠣᠯ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠪᠠᠶᠢᠭᠤᠯᠭ᠎ᠠ ᠪᠠᠷ ᠵᠥᠪᠰᠢᠶᠡᠷᠡᠭᠦᠯᠵᠦ᠂ ᠭᠠᠯ ᠰᠡᠷᠭᠡᠶᠢᠯᠡᠬᠦ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠭᠠᠯ ᠤᠨᠲᠠᠷᠠᠭᠠᠬᠤ ᠪᠠᠭᠠᠵᠢ ᠬᠡᠷᠡᠭᠰᠡᠯ ᠢ ᠤᠷᠢᠳᠴᠢᠯᠠᠨ ᠰᠠᠶᠢᠲᠤᠷ ᠪᠡᠯᠡᠳᠬᠡᠵᠦ᠂ ᠭᠠᠯ ᠤᠨᠲᠠᠷᠠᠭᠠᠬᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠶ︔ ᠳᠥᠷᠪᠡᠳᠦᠭᠡᠷ ᠳᠡᠰ ᠠᠴᠠ ᠳᠡᠭᠡᠭᠰᠢᠬᠢ ᠰᠠᠯᠬᠢᠨ ᠲᠠᠢ ᠴᠠᠭ ᠠᠭᠤᠷ᠂ ᠣᠶ ᠰᠢᠭᠤᠶ ᠶᠢᠨ ᠵᠠᠬ᠎ᠠ ᠠᠴᠠ 500 ᠮᠧᠲᠷ ᠤᠨ ᠬᠡᠪᠴᠢᠶᠡᠨ ᠳᠣᠲᠣᠷ᠎ᠠ ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠢ ᠴᠢᠩᠭ᠎ᠠ ᠴᠠᠭᠠᠵᠠᠯᠠᠬᠤ ᠬᠡᠷᠡᠭᠲᠡᠶ᠃ ᠡᠳᠦᠷ ᠲᠤᠲᠤᠮ ᠤᠨ ᠭᠠᠯ ᠬᠡᠷᠡᠭᠯᠡᠬᠦ ᠳᠡᠭᠡᠨ ᠡᠷᠬᠡᠪᠰᠢ ᠭᠠᠯ ᠰᠡᠷᠭᠡᠶᠢᠯᠡᠬᠦ ᠲᠤᠰᠠᠭᠠᠷᠯᠠᠬᠤ ᠪᠦᠰᠡ᠂ ᠦᠨᠡᠰᠦ ᠬᠠᠶᠠᠬᠤ ᠨᠦᠬᠡ ᠵᠡᠷᠭᠡ ᠶᠢ ᠭᠠᠷᠭᠠᠬᠤ ᠬᠡᠷᠡᠭᠲᠡᠶ᠃      ⒊ᠬᠡᠦᠬᠡᠳ ᠪᠣᠯᠤᠨ ᠮᠠᠯ ᠬᠠᠷᠢᠭᠤᠯᠵᠤ ᠪᠠᠶᠢᠭ᠎ᠠ ᠬᠦᠮᠦᠰ ᠲᠤ ᠰᠠᠶᠢᠲᠤᠷ ᠬᠥᠮᠥᠵᠢᠯ ᠬᠢᠵᠦ᠂ ᠲᠡᠨᠡᠭ ᠮᠤᠩᠬᠠᠭ ᠵᠡᠷᠭᠡ ᠮᠡᠳᠡᠷᠡᠯ ᠤᠨ ᠬᠠᠷᠰᠢ ᠰᠠᠭᠠᠳ ᠲᠠᠢ ᠣᠨᠴᠠᠭᠠᠢ ᠬᠥᠮᠦᠰ ᠢ ᠴᠢᠩᠭ᠎ᠠ ᠬᠠᠮᠢᠶᠠᠷᠤᠨ᠂ ᠭᠠᠯ ᠢᠶᠠᠷ ᠨᠠᠭᠠᠳᠬᠤ᠂ ᠭᠠᠯ ᠠᠯᠳᠠᠭᠰᠠᠨ ᠠᠴᠠ ᠪᠣᠯᠵᠣ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠡᠭᠦᠰᠬᠡᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠶ᠃      ⒋ᠡᠯ᠎ᠡ ᠰᠤᠮᠤ ᠪᠠᠯᠭᠠᠰᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠪᠦᠷᠢᠯᠳᠦᠬᠦᠨ ᠨᠢᠭᠡᠴᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠶ ᠰᠢᠭᠤᠶ ᠶᠢᠨ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠳᠦᠷᠢᠮ︾ ᠵᠡᠷᠭᠡ ᠬᠤᠯᠪᠣᠭᠳᠠᠯ ᠪᠦᠬᠦᠢ ᠬᠠᠤᠯᠢ ᠲᠣᠭᠲᠠᠭᠠᠯ ᠢ ᠬᠢᠨᠠᠮᠠᠭᠠᠶ ᠲᠣᠭᠤᠰᠢᠯᠠᠭᠤᠯᠤᠨ ᠬᠡᠷᠡᠭᠵᠢᠭᠦᠯᠵᠦ᠂ ᠲᠤᠰ ᠲᠤᠰ ᠤᠨ ᠲᠤᠰᠢᠶᠠᠯ ᠬᠠᠷᠢᠭᠤᠴᠠᠯᠭ᠎ᠠ ᠪᠠᠨ ᠨᠢᠮᠪᠠᠢ ᠨᠠᠶᠢᠳᠠᠪᠤᠷᠢᠵᠢᠭᠤᠯᠤᠨ᠂ ᠭᠠᠯ ᠰᠡᠷᠭᠡᠶᠢᠯᠡᠬᠦ ᠮᠡᠳᠡᠯᠭᠡ ᠶᠢᠨ ᠤᠬᠠᠭᠤᠯᠭ᠎ᠠ ᠬᠥᠮᠦᠵᠢᠯ ᠪᠣᠯᠤᠨ ᠭᠠᠯ ᠤᠨ ᠪᠠᠶᠢᠳᠠᠯ ᠢ ᠬᠢᠨᠠᠨ ᠰᠢᠨᠵᠢᠵᠦ ᠴᠠᠭᠳᠠᠨ ᠪᠠᠶᠢᠴᠠᠭᠠᠬᠤ ᠡᠷᠴᠢᠮ ᠢ ᠴᠢᠩᠭᠠᠷᠠᠭᠤᠯᠵᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠡᠯ᠎ᠡ ᠵᠦᠶᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠣᠶ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ 24 ᠴᠠᠭ ᠤᠨ ᠤᠳᠤᠷᠢᠳᠤᠯᠭ᠎ᠠ ᠵᠢᠵᠢᠭᠦᠷ ᠳᠠᠭᠠᠭᠤᠯᠤᠨ ᠵᠢᠵᠢᠭᠦᠷᠯᠡᠬᠦ ᠲᠦᠷᠢᠮ ᠢ ᠬᠡᠷᠡᠭᠵᠢᠭᠦᠯᠵᠦ᠂ ᠭᠤᠣᠯ ᠤᠳᠤᠷᠢᠳᠤᠯᠭ᠎ᠠ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠪᠡᠶ᠎ᠡ ᠪᠠᠷ ᠢᠶᠠᠨ ᠲᠣᠬᠢᠷᠠᠭᠤᠯᠤᠨ ᠪᠠᠶᠢᠷᠢᠯᠠᠭᠤᠯᠵᠤ ᠪᠠᠶᠢᠴᠠᠭᠠᠨ᠂ ᠭᠠᠯ ᠰᠡᠷᠭᠡᠶᠢᠯᠡᠵᠦ ᠤᠨᠲᠠᠷᠠᠭᠠᠭᠰᠠᠨ ᠪᠠᠶᠢᠳᠠᠯ ᠢ ᠴᠠᠭ ᠢᠮᠠᠭᠲᠠ ᠡᠵᠡᠮᠰᠢᠵᠦ᠂ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠤᠨ ᠳᠤᠮᠳᠠ ᠢᠯᠡᠷᠡᠭᠰᠡᠨ ᠡᠯ᠎ᠡ ᠵᠦᠶᠯ ᠤᠨ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠨ᠂ ᠬᠦᠨᠳᠦ ᠶᠡᠭᠡ ᠲᠦᠢᠮᠡᠷ ᠭᠠᠷᠪᠠᠯ ᠪᠡᠶ᠎ᠡ ᠪᠠᠷ ᠢᠶᠠᠨ ᠠᠬᠤᠢ ᠲᠠᠯᠠᠪᠠᠢ ᠳᠤ ᠬᠦᠷᠴᠦ ᠭᠠᠯ ᠤᠨᠲᠠᠷᠠᠭᠠᠬᠤ ᠠᠵᠢᠯ ᠢ ᠵᠣᠬᠢᠶᠠᠨ ᠪᠠᠶᠢᠭᠤᠯᠵᠤ ᠵᠢᠯᠣᠭᠤᠳᠤᠨ᠂ ᠮᠠᠨ ᠤ ᠬᠤᠰᠢᠭᠤᠨ ᠤ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ᠃      ⒌ᠭᠠᠯ ᠤᠨ ᠡᠬᠢ ᠶᠢ ᠬᠠᠮᠢᠶᠠᠷᠤᠨ ᠡᠵᠡᠮᠳᠡᠬᠦ ᠳᠤ ᠡᠷᠬᠡᠪᠰᠢ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠨ᠂ ᠴᠢᠩᠭ᠎ᠠ ᠰᠡᠷᠭᠡᠶᠢᠯᠡᠨ ᠰᠠᠬᠢᠬᠤ ᠵᠠᠷᠴᠢᠮ ᠢ ᠪᠠᠷᠢᠮᠲᠠᠯᠠᠵᠤ᠂ ᠦᠨᠡᠨ ᠬᠦ ᠪᠣᠳᠠᠲᠠᠢ ᠠᠳᠬᠤᠵᠤ ᠨᠠᠷᠢᠯᠢᠭ ᠠᠳᠬᠤᠬᠤ ᠬᠡᠷᠡᠭᠲᠡᠢ᠃ ᠨᠢᠭᠡ ᠳᠤ ᠭᠤᠤᠯᠳᠠᠯᠭ᠎ᠠ ᠲᠠᠢ ᠣᠷᠣᠨ ᠪᠠᠶᠢᠷᠢ ᠶᠢ ᠲᠣᠪᠣᠶᠢᠯᠭᠠᠬᠤ ᠬᠡᠷᠡᠭᠲᠡᠢ᠃ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ᠂ ᠭᠤᠤᠯᠳᠠᠯᠭ᠎ᠠ ᠲᠠᠢ ᠭᠠᠯ ᠰᠡᠷᠭᠡᠶᠢᠯᠡᠬᠦ ᠣᠷᠣᠨ ᠲᠣᠭᠤᠷᠢᠭ᠂ ᠦᠵᠡᠮᠵᠢ ᠶᠢᠨ ᠣᠷᠣᠨ ᠵᠡᠷᠭᠡ ᠣᠷᠣᠨ ᠲᠣᠭᠤᠷᠢᠭ ᠤᠨ ᠭᠠᠯ ᠢ ᠰᠡᠷᠭᠡᠶᠢᠯᠡᠵᠦ ᠵᠢᠯᠣᠭᠤᠳᠬᠤ ᠠᠵᠢᠯ ᠢ ᠰᠠᠶᠢᠲᠤᠷ ᠬᠢᠬᠦ ᠬᠡᠷᠡᠭᠲᠡᠶ︔ ᠠᠷᠠᠳ ᠤᠨ ᠶᠠᠪᠤᠳᠠᠯ ᠤᠨ ᠲᠣᠪᠴᠢᠶ᠎ᠠ ᠨᠡᠶᠢᠲᠡ ᠶᠢᠨ ᠣᠩᠭᠤᠨ ᠤ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠰᠠᠶᠢᠲᠤᠷ ᠬᠢᠵᠦ᠂ ᠵᠣᠬᠢᠬᠤ ᠣᠷᠣᠨ ᠲᠣᠭᠤᠷᠢᠭ ᠳᠣᠲᠣᠷ᠎ᠠ ᠨᠡᠶᠢᠲᠡ  ᠶᠢᠨ ᠲᠠᠬᠢᠯᠭ᠎ᠠ ᠶᠢᠨ ᠭᠠᠵᠠᠷ ᠪᠠ ᠰᠢᠲᠠᠭᠠᠬᠤ ᠵᠤᠤᠬ᠎ᠠ ᠪᠠᠶᠢᠭᠤᠯᠤᠨ᠂ ᠣᠯᠠᠨ ᠲᠦᠮᠡᠨ ᠤ ᠲᠠᠬᠢᠯᠭ᠎ᠠ ᠳᠤ ᠭᠠᠵᠠᠷ ᠪᠠ ᠲᠥᠬᠦᠭᠡᠷᠦᠮᠵᠢ ᠬᠠᠩᠭᠠᠬᠤ ᠬᠡᠷᠡᠭᠲᠡᠶ︔ ᠡᠯ᠎ᠡ ᠰᠤᠮᠤ ᠪᠠᠯᠭᠠᠰᠤ ᠲᠤᠰ ᠬᠠᠷᠢᠶ᠎ᠠ ᠣᠷᠣᠨ ᠤ ᠪᠠᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠰᠠᠶᠢᠲᠤᠷ ᠬᠢᠬᠦ ᠬᠡᠷᠡᠭᠲᠡᠶ︔ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠵᠢᠯᠣᠭᠤᠳᠬᠤ ᠭᠠᠵᠠᠷ ᠤᠨ ᠪᠤᠰᠤᠳ ᠪᠦᠷᠢᠯᠳᠦᠬᠦᠨ ᠨᠢᠭᠡᠴᠢ ᠡᠷᠬᠡ ᠲᠤᠰᠢᠶᠠᠯ ᠤᠨ ᠢᠶᠠᠨ ᠦᠶᠯᠡᠳᠦᠯ ᠶᠣᠰᠣᠭᠠᠷ᠂ ᠲᠣᠰ ᠲᠣᠰ ᠤᠨ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠵᠦ᠂ ᠠᠵᠢᠯ ᠲᠥᠷᠥᠯ ᠤᠨ ᠳᠠᠪᠠᠭᠤᠯᠢᠭ ᠢᠶᠠᠨ ᠳᠣᠪᠣᠶᠢᠯᠭᠠᠨ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠪᠥᠬᠦ ᠬᠦᠴᠦᠨ ᠢᠶᠠᠷ ᠢᠶᠠᠨ ᠳᠡᠮᠵᠢᠬᠦ ᠶᠢᠨ ᠬᠠᠮᠲᠤ ᠬᠠᠮᠵᠢᠨ ᠥᠷᠨᠢᠭᠦᠯᠬᠦ ᠬᠡᠷᠡᠭᠲᠡᠶ᠃ ᠬᠤᠶᠠᠷ ᠲᠤ᠋‌ᠭᠤᠣᠯᠳᠠᠯᠭ᠎ᠠ ᠲᠠᠢ ᠭᠤᠭᠴᠤᠭ᠎ᠠ ᠶᠢ ᠰᠠᠶᠢᠲᠤᠷ ᠠᠳᠬᠤᠬᠤ ᠬᠡᠷᠡᠭᠲᠡᠢ᠃ ᠭᠤᠤᠯᠳᠠᠯᠭ᠎ᠠ ᠲᠠᠢ ᠭᠠᠯ ᠰᠡᠷᠭᠡᠶᠢᠯᠡᠬᠦ ᠣᠷᠣᠨ ᠤ ᠭᠠᠯ ᠴᠠᠭᠠᠵᠠᠯᠠᠬᠤ ᠰᠡᠷᠡᠮᠵᠢ ᠶᠢᠨ ᠳᠣᠬᠢᠶ᠎ᠠ ᠪᠠ ᠵᠢᠯᠣᠭᠤᠳᠬᠤ ᠴᠢᠭᠯᠡᠯ ᠤᠨ ᠫᠠᠶᠢᠰᠠ ᠭᠠᠷᠭᠠᠬᠤ ᠠᠵᠢᠯ ᠢ ᠰᠠᠶᠢᠲᠤᠷ ᠬᠢᠵᠦ᠂ ᠬᠡᠭᠡᠷ᠎ᠡ ᠭᠠᠳᠠᠨᠠᠬᠢ ᠭᠠᠯ ᠤᠨ ᠡᠬᠢ᠂ ᠢᠯᠠᠩᠭᠤᠶ᠎ᠠ ᠴᠢᠬᠤᠯᠠ ᠲᠠᠬᠢᠯᠭ᠎ᠠ  ᠶᠢᠨ ᠬᠤᠭᠤᠴᠠᠭ᠎ᠠ ᠶᠢ ᠴᠢᠩᠭ᠎ᠠ ᠬᠢᠨᠠᠨ ᠡᠵᠡᠮᠳᠡᠵᠦ᠂ ᠲᠠᠬᠢᠯᠭ᠎ᠠ ᠶᠢᠨ ᠭᠠᠯ ᠤᠨ ᠡᠬᠢ ᠶᠢ ᠴᠢᠩᠭ᠎ᠠ ᠬᠠᠮᠢᠶᠠᠷᠤᠨ ᠡᠵᠡᠮᠳᠡᠬᠦ ᠬᠡᠷᠡᠭᠲᠡᠶ︔ ᠬᠠᠷᠢᠭᠤᠴᠠᠯᠭ᠎ᠠ ᠨᠡᠬᠡᠮᠵᠢᠯᠡᠬᠦ  ᠶᠢ ᠴᠢᠩᠭᠠᠷᠠᠭᠤᠯᠤᠨ᠂ ᠭᠤᠣᠯᠳᠠᠯᠭ᠎ᠠ ᠲᠠᠢ ᠭᠠᠯ ᠰᠡᠷᠭᠡᠶᠢᠯᠡᠬᠦ ᠣᠷᠣᠨ ᠳᠤ ᠣᠷᠣᠬᠤ ᠬᠦᠮᠥᠨ ᠪᠣᠯᠤᠨ ᠲᠡᠷᠭᠡ ᠬᠥᠰᠬᠡ ᠶᠢ ᠪᠠᠶᠢᠴᠠᠭᠠᠵᠤ᠂ ᠪᠤᠴᠠᠭᠠᠵᠤ ᠶᠠᠪᠤᠭᠤᠯᠬᠤ᠂ ᠢᠳᠬᠠᠨ ᠬᠤᠷᠢᠭᠯᠠᠬᠤ ᠶᠢ ᠰᠣᠨᠣᠰᠬᠤ ᠦᠭᠡᠶ ᠪᠠᠷ ᠭᠤᠣᠯᠳᠠᠯᠭ᠎ᠠ ᠲᠠᠢ ᠭᠠᠯ ᠰᠡᠷᠭᠡᠶᠢᠯᠡᠬᠦ ᠣᠷᠣᠨ ᠳᠤ ᠣᠷᠣᠭᠰᠠᠨ ᠬᠥᠮᠦᠰ ᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠮᠡᠳᠡᠭᠦᠯᠦᠨ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠤᠭᠤᠯᠵᠤ ᠵᠠᠶᠢᠯᠠᠭᠤᠯᠬᠤ ᠬᠡᠷᠡᠭᠲᠡᠶ᠃ ᠭᠤᠷᠪᠠ ᠳᠤ ᠭᠤᠣᠯᠳᠠᠯᠭ᠎ᠠ ᠲᠠᠢ ᠬᠥᠮᠦᠰ ᠢ ᠬᠠᠮᠢᠶᠠᠷᠬᠤ ᠬᠡᠷᠡᠭᠲᠡᠢ᠃ ᠡᠯ᠎ᠡ ᠰᠤᠮᠤ ᠪᠠᠯᠭᠠᠰᠤ ᠲᠤᠰ ᠣᠷᠣᠨ ᠲᠣᠭᠤᠷᠢᠭ ᠳᠣᠲᠣᠷᠠᠬᠢ ᠠᠵᠢᠯᠯᠠᠭᠠᠨ ᠤ ᠴᠢᠳᠠᠪᠤᠷᠢ ᠥᠬᠡᠶ᠂ ᠠᠵᠢᠯᠯᠠᠭᠠᠨ ᠤ ᠴᠢᠳᠠᠪᠤᠷᠢ ᠬᠢᠵᠠᠭᠠᠷᠲᠠᠢ ᠬᠥᠮᠦᠨ ᠵᠡᠷᠭᠡ ᠭᠤᠤᠯᠳᠠᠯᠭ᠎ᠠ ᠲᠠᠢ ᠬᠥᠮᠦᠰ ᠤᠨ ᠪᠠᠶᠢᠳᠠᠯ ᠢ ᠪᠥᠬᠦ ᠲᠠᠯ᠎ᠠ ᠪᠠᠷ ᠣᠶᠢᠯᠠᠭᠠᠵᠤ᠂ ︽ᠰᠤᠮᠤ ︵ᠪᠠᠯᠭᠠᠰᠤ︶᠂ ᠭᠠᠴᠠᠭ᠎ᠠ ︵ᠲᠣᠰᠬᠤᠨ︶᠂ ᠬᠢᠨᠠᠨ ᠬᠠᠮᠠᠭᠠᠯᠠᠭᠴᠢ ︾ ᠭᠤᠷᠪᠠᠨ ᠱᠠᠲᠤᠨ ᠤ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠬᠦ ᠶᠢᠨ ᠬᠠᠮᠲᠤ ᠬᠠᠷᠢᠶ᠎ᠠ ᠣᠷᠣᠨ ᠳᠣᠲᠣᠷᠠᠬᠢ ᠲᠡᠨᠦᠭᠦᠴᠢᠯᠡᠨ ᠭᠤᠶᠢᠷᠠᠨᠴᠢᠯᠠᠵᠤ ᠪᠠᠶᠢᠭ᠎ᠠ ᠬᠥᠮᠦᠰ  ᠢ ᠰᠠᠶᠢᠲᠤᠷ ᠬᠢᠨᠠᠨ ᠡᠵᠡᠮᠳᠡᠬᠦ ᠬᠡᠷᠡᠭᠲᠡᠶ᠃      ⒍ᠭᠠᠯ ᠤᠨᠲᠠᠷᠠᠭᠠᠬᠤ ᠭᠤᠣᠯ ᠬᠦᠴᠦᠨ ᠢ ᠭᠠᠯ ᠰᠡᠷᠭᠡᠶᠢᠯᠡᠬᠦ ᠨᠢᠭᠡᠳᠦᠭᠡᠷ ᠹᠷᠣᠨᠲ ᠲᠤ ᠪᠠᠶᠢᠷᠢᠯᠠᠭᠤᠯᠵᠤ᠂ ᠭᠠᠯ ᠤᠨᠲᠠᠷᠠᠭᠠᠬᠤ ᠪᠠᠷ ᠴᠠᠭ ᠢᠮᠠᠭᠲᠠ ᠪᠡᠯᠡᠬᠡᠨ ᠪᠠᠶᠢᠯᠭᠠᠨ᠂ ᠭᠠᠯ ᠤᠨᠲᠠᠷᠠᠭᠠᠵᠤ ᠠᠶᠤᠯ ᠠᠴᠠ ᠠᠪᠤᠷᠠᠬᠤ ᠡᠯ᠎ᠡ ᠵᠦᠢᠯ ᠤᠨ ᠪᠡᠯᠡᠳᠬᠡᠯ ᠠᠵᠢᠯ ᠢ ᠦᠨᠡᠨᠬᠦ ᠰᠠᠶᠢᠲᠤᠷ ᠬᠢᠬᠦ ᠬᠡᠷᠡᠭᠲᠡᠶ᠃ ᠭᠠᠯ ᠤᠨᠲᠠᠷᠠᠭᠠᠬᠤ ᠠᠩᠭᠢ ᠵᠠᠷᠯᠢᠭ ᠢ ᠬᠦᠯᠢᠶᠡᠭᠰᠡᠨ ᠤ ᠳᠠᠷᠠᠭ᠎ᠠ ᠳᠠᠷᠤᠶᠢᠬᠠᠨ ᠬᠥᠳᠡᠯᠵᠦ᠂ ᠲᠡᠷᠡ ᠳᠣᠣᠷ᠎ᠠ ᠨᠢ ᠭᠠᠯ ᠭᠠᠷᠤᠭᠰᠠᠨ ᠭᠠᠵᠠᠷ ᠲᠤ ᠬᠦᠷᠦᠨ ᠰᠢᠨᠵᠢᠯᠡᠬᠦ ᠤᠬᠠᠭᠠᠨᠴᠢ ᠪᠠᠷ ᠭᠠᠯ ᠤᠨᠲᠠᠷᠠᠭᠠᠬᠤ ᠬᠡᠷᠡᠭᠲᠡᠶ᠃      ⒎ᠭᠠᠯ ᠢ ᠴᠢᠩᠭ᠎ᠠ ᠰᠡᠷᠭᠡᠶᠢᠯᠡᠵᠦ ᠪᠠᠶᠢᠭ᠎ᠠ ᠬᠤᠭᠤᠴᠠᠭᠠᠨ ᠳᠤ᠂ ᠲᠣᠭᠲᠠᠭᠠᠯ ᠵᠥᠷᠢᠴᠡᠨ ᠭᠠᠯ ᠢ ᠴᠢᠩᠭ᠎ᠠ ᠰᠡᠷᠭᠡᠶᠢᠯᠡᠨ ᠡᠵᠡᠮᠳᠡᠬᠦ ᠣᠷᠣᠨ ᠳᠤ ᠳᠤᠷ᠎ᠠ ᠪᠠᠷ  ᠢᠶᠠᠨ ᠣᠷᠣᠵᠤ ᠭᠠᠯ ᠬᠡᠷᠡᠭᠯᠡᠭᠰᠡᠨ᠂ ᠠᠳᠡᠯ ᠠᠴᠠ ᠪᠣᠯᠵᠤ ᠭᠠᠯ ᠤᠨ ᠠᠶᠤᠯ ᠭᠠᠷᠭᠠᠭᠰᠠᠨ᠂ ᠵᠣᠷᠢᠭᠤᠳᠠ ᠭᠠᠯ ᠲᠠᠯᠪᠢᠭᠰᠠᠨ᠂ ᠭᠠᠯ ᠰᠡᠷᠭᠡᠶᠢᠯᠡᠵᠦ ᠤᠨᠲᠠᠷᠠᠭᠠᠬᠤ ᠵᠢᠯᠣᠭᠤᠳᠣᠯᠭ᠎ᠠ ᠶᠢ ᠥᠯᠥ ᠳᠠᠭᠠᠭᠰᠠᠨ᠂ ᠭᠠᠯ ᠤᠨᠲᠠᠷᠠᠭᠠᠬᠤ ᠶᠢ ᠨᠥᠯᠥᠭᠡᠯᠡᠭᠰᠡᠨ ᠪᠠᠶᠢᠪᠠᠯ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠰᠢᠢᠳᠬᠡᠯ ᠤᠨ ᠬᠠᠤᠯᠢ︾᠂ ︽ᠣᠶ ᠰᠢᠭᠤᠶ ᠶᠢᠨ ᠭᠠᠯ ᠰᠡᠷᠭᠡᠶᠢᠯᠡᠬᠦ ᠳᠦᠷᠢᠮ︾᠂ ︽ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠳᠦᠷᠢᠮ︾ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ᠂ ᠦᠢᠯᠡ ᠠᠵᠢᠯᠯᠠᠭ᠎ᠠ ᠶᠢᠨ ᠬᠦᠨᠳᠦ ᠬᠥᠩᠭᠡᠨ ᠢ ᠨᠢ ᠦᠵᠡᠵᠦ ᠪᠠᠶᠢᠭᠠᠳ ᠬᠤᠯᠪᠣᠭᠳᠠᠯ ᠪᠦᠬᠦᠢ ᠨᠢᠭᠡᠴᠢ ᠪᠤᠶᠤ ᠬᠤᠪᠢ ᠬᠥᠮᠦᠨ ᠳᠤ ᠵᠠᠰᠠᠭ ᠵᠠᠬᠢᠷᠭᠠᠨ ᠤ ᠰᠢᠢᠳᠬᠡᠯ ᠥᠭᠴᠦ᠂ ᠶᠠᠯ᠎ᠠ ᠪᠦᠷᠢᠯᠳᠦᠭᠦᠯᠦᠭᠰᠡᠨ ᠪᠣᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃      ⒏ᠪᠣᠶ ᠪᠥᠬᠦᠶ ᠨᠢᠭᠡᠴᠢ ᠪᠠ ᠬᠤᠪᠢ ᠬᠥᠮᠦᠨ ᠠᠮᠤᠷ ᠲᠦᠪᠰᠢᠨ ᠢᠶᠠᠷ ᠭᠠᠯ ᠬᠡᠷᠡᠭᠯᠡᠬᠦ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠬᠤ ᠬᠡᠷᠡᠭᠲᠡᠶ᠂ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠡᠭᠦᠰᠪᠡᠯ᠂ ᠳᠠᠷᠤᠶ ᠲᠦᠷᠭᠡᠨ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠪᠠᠶᠢᠳᠠᠯ ᠢ ᠮᠡᠳᠡᠭᠦᠯᠬᠦ ᠤᠲᠠᠰᠤ ︵12119︶ ᠶᠢ ᠤᠲᠠᠰᠤᠳᠠᠵᠤ᠂ ᠬᠠᠷᠢᠶ᠎ᠠ ᠭᠠᠵᠠᠷ ᠤᠨ ᠢᠶᠠᠨ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠪᠤᠶᠤ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠠᠵᠢᠯ ᠤᠨ ᠵᠢᠯᠣᠭᠤᠳᠬᠤ ᠭᠠᠵᠠᠷ ᠤᠨ ᠠᠯᠪᠠᠨ ᠬᠡᠷ ︵ᠵᠢᠵᠢᠭᠦᠷᠯᠡᠬᠦ ᠤᠲᠠᠰᠤ᠄ 6222060︶᠂ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ︵ᠵᠢᠵᠢᠭᠦᠷᠯᠡᠬᠦ ᠤᠲᠠᠰᠤ᠄ 6221199︶ ᠳᠤ ᠮᠡᠳᠡᠭᠳᠡᠬᠦ ᠬᠡᠷᠡᠭᠲᠡᠢ᠂ ᠬᠡᠷᠪᠡ ᠲᠣᠭᠲᠠᠭᠠᠯ ᠵᠥᠷᠢᠴᠡᠨ ᠭᠠᠯ ᠬᠡᠷᠡᠭᠯᠡᠵᠦ ᠪᠠᠶᠢᠬᠤ ᠶᠢ ᠢᠯᠡᠷᠡᠭᠦᠯᠪᠡᠯ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠮᠢ ᠠᠬᠤᠶ ᠣᠷᠴᠢᠨ ᠲᠣᠭᠤᠷᠢᠨ ᠢᠳᠡᠭᠡᠨ ᠪᠠ ᠡᠮ ᠤᠨ ᠵᠦᠢᠯᠡᠰ ᠤᠨ ᠶᠠᠯᠠᠲᠤ ᠠᠵᠢᠯᠯᠠᠭ᠎ᠠ ᠶᠢ ᠲᠠᠩᠨᠠᠨ ᠪᠠᠶᠢᠴᠠᠭᠠᠬᠤ ᠶᠡᠭᠡ ᠠᠩᠭᠢ ᠶᠢᠨ ᠮᠡᠳᠡᠭᠦᠯᠬᠦ ᠤᠲᠠᠰᠤ ︵ᠵᠢᠵᠢᠭᠦᠷᠯᠡᠬᠦ ᠤᠲᠠᠰᠤ᠄ 6218386︶ ᠳᠤ ᠳᠠᠷᠤᠶᠢᠬᠠᠨ ᠮᠡᠳᠡᠭᠦᠯᠬᠦ ᠬᠡᠷᠡᠭᠲᠡᠢ᠃ ᠲᠤᠰ ᠮᠡᠳᠡᠭᠳᠡᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃                                                  ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ                                                 2023 ᠣᠨ ᠤ 3 ᠳ᠋ᠤᠭᠠᠷ ᠰᠠᠷ᠎ᠠ ᠶᠢᠨ 15 ᠤ ᠡᠳᠦᠷ    ᠭᠤᠣᠯᠯᠠᠨ ᠬᠦᠷᠭᠡᠬᠦ ᠨᠢ᠄ ᠡᠯ᠎ᠡ ᠠᠵᠦ ᠠᠬᠤᠢ ᠶᠢᠨ ᠨᠡᠭᠡᠭᠡᠯᠲᠡ ᠶᠢᠨ ᠲᠣᠭᠤᠷᠢᠭ ︵ᠬᠦᠷᠢᠶᠡᠯᠡᠩ︶ ᠤᠨ ᠬᠠᠮᠢᠶᠠᠷᠤᠯᠲᠠ ᠶᠢᠨ ᠵᠥᠪᠯᠡᠯ᠂ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤᠨ ︵ᠬᠤᠲᠠ︶ ᠤ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠪᠠᠶᠢᠭᠤᠯᠭ᠎ᠠ᠃ᠬᠠᠭᠤᠯᠤᠨ ᠬᠦᠷᠭᠡᠬᠦ ᠨᠢ᠄ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠬᠢᠨᠠᠨ ᠪᠠᠶᠢᠴᠠᠭᠠᠬᠤ ᠵᠥᠪᠯᠡᠯ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠬᠤᠰᠢᠭᠤᠨ ᠤ ᠨᠠᠮ ᠤᠨ ᠬᠤᠷᠢᠶᠠᠨ ᠤ ᠡᠯ᠎ᠡ ᠪᠠᠶᠢᠭᠤᠯᠭ᠎ᠠ᠂ ᠡᠯ᠎ᠡ ᠠᠷᠠᠳ ᠤᠨ ᠪᠦᠯᠬᠦᠮ᠂ ᠡᠯ᠎ᠡ ᠰᠣᠨᠢᠨ ᠮᠡᠳᠡᠭᠡᠨ ᠤ ᠨᠢᠭᠡᠴᠢ᠃ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ        2023 ᠣᠨ ᠤ 3 ᠳ᠋ᠤᠭᠠᠷ ᠰᠠᠷ᠎ᠠ ᠶᠢᠨ 15 ᠤ ᠡᠳᠦᠷ ᠳᠠᠷᠤᠮᠠᠯᠯᠠᠨ ᠲᠠᠷᠬᠠᠭᠠᠪᠠ 
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ