1-2 ᠳ᠋ᠤᠭᠠᠷ ᠰᠠᠷ᠎ᠠ ᠶᠢᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠪᠠᠶᠢᠳᠠᠯ ᠤᠨ ᠵᠠᠳᠠᠯᠤᠯᠲᠠ
ᠨᠡᠶᠢᠲᠡᠯᠡᠭᠰᠡᠨ ᠴᠠᠭ᠄
2023/3/30
      2023 ᠣᠨ ᠤ 1 - 2 ᠰᠠᠷ᠎ᠠ ᠳᠤ ᠮᠠᠨ ᠤ ᠬᠤᠰᠢᠭᠤᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠤᠷᠤᠯᠠᠭᠤᠯᠤᠭᠰᠠᠨ ᠪᠥᠬᠦ ᠲᠤᠭ᠎ᠠ 5.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4 % ᠪᠠᠷ ᠨᠡᠮᠡᠭᠳᠡᠪᠡ᠃ ᠡᠭᠦᠨ ᠳᠤ᠂ ᠪᠥᠬᠦ ᠬᠤᠰᠢᠭᠤᠨ ᠤ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠬᠤᠲᠠ ᠪᠠᠯᠭᠠᠰᠤᠨ ᠤ ᠬᠡᠷᠡᠭᠯᠡᠭᠡᠨ ᠤ ᠵᠦᠶᠯ ᠤᠨ ᠵᠢᠵᠢᠭᠯᠡᠨ ᠪᠤᠷᠤᠯᠠᠭᠤᠯᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 20.1% ᠨᠡᠮᠡᠭᠳᠡᠪᠡ᠃      ᠨᠢᠭᠡ᠂ ᠦᠨᠳᠦᠰᠦᠨ ᠠᠮᠢᠳᠤᠷᠠᠯ ᠤᠨ ᠲᠥᠷᠥᠯ ᠤᠨ ᠲᠠᠸᠠᠷ ᠪᠠ ᠡᠮ ᠤᠨ ᠵᠦᠢᠯᠡᠰ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠨᠡᠮᠡᠭᠳᠡᠯ ᠤᠨ ᠬᠤᠷᠳᠤᠴᠠ ᠨᠡᠯᠢᠶᠡᠳ ᠲᠦᠷᠭᠡᠳᠪᠡ᠃      1 - 2 ᠰᠠᠷ᠎ᠠ ᠳᠤ᠂ ᠪᠦᠬᠦ ᠬᠤᠰᠢᠭᠤᠨ ᠤ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ ᠳᠠᠬᠢ ᠠᠮᠤ ᠪᠤᠳᠠᠭ᠎ᠠ ᠲᠣᠰᠣ᠂ ᠢᠳᠡᠭᠡᠨ ᠤ ᠲᠥᠷᠥᠯ ᠠᠳᠠᠯᠢ ᠬᠤᠭᠤᠴᠠᠭᠠᠨ ᠤ ᠬᠢ ᠠᠴᠠ 17.7% ᠨᠡᠮᠡᠭᠳᠡᠵᠡᠶ᠃ ᠡᠭᠦᠨ ᠳᠤ ᠮᠢᠬ᠎ᠠ᠂ ᠦᠨᠳᠡᠭᠡᠨ ᠤ ᠲᠦᠷᠦᠯ ᠤᠨ ᠲᠠᠸᠠᠷ ᠤᠨ ᠵᠢᠵᠢᠭᠯᠡᠨ ᠪᠤᠷᠤᠯᠠᠭᠤᠯᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 54.9% ᠨᠡᠮᠡᠭᠳᠡᠵᠦ᠂ ᠤᠰᠤᠨ ᠭᠠᠷᠤᠯᠳᠠ ᠶᠢᠨ ᠲᠦᠷᠦᠯ ᠤᠨ ᠲᠠᠸᠠᠷ ᠤᠨ ᠵᠢᠵᠢᠭᠯᠡᠨ ᠪᠤᠷᠤᠯᠠᠭᠤᠯᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 81.5% ᠨᠡᠮᠡᠭᠳᠡᠨ᠂ ᠬᠠᠳᠠᠭᠠᠭᠰᠠᠨ ᠵᠢᠮᠢᠰ ᠤᠨ ᠲᠦᠷᠦᠯ ᠤᠨ ᠲᠠᠸᠠᠷ ᠤᠨ ᠵᠢᠵᠢᠭᠯᠡᠨ ᠪᠤᠷᠤᠯᠠᠭᠤᠯᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 38.6% ᠨᠡᠮᠡᠭᠳᠡᠪᠡ᠃ ᠤᠮᠳᠠᠭᠠᠨ ᠤ ᠲᠥᠷᠥᠯ ᠤᠨ ᠲᠠᠸᠠᠷ ᠤᠨ ᠵᠢᠵᠢᠭᠯᠡᠨ ᠪᠤᠷᠤᠯᠠᠭᠤᠯᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 49.8% ᠨᠡᠮᠡᠭᠳᠡᠪᠡ︔ ᠠᠷᠢᠬᠢ ᠲᠠᠮᠠᠬᠢᠨ ᠤ ᠲᠥᠷᠥᠯ ᠤᠨ ᠲᠠᠸᠠᠷ ᠤᠨ ᠵᠢᠵᠢᠭᠯᠡᠨ ᠪᠤᠷᠤᠯᠠᠭᠤᠯᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 33.4% ᠲᠦᠷᠭᠡᠳᠪᠡ᠃ ᠬᠤᠪᠴᠠᠰᠤ ᠬᠤᠨᠠᠷ᠂ ᠱᠠᠬᠠᠢ ᠮᠠᠯᠠᠭᠠᠢ᠂ ᠨᠡᠬᠡᠮᠡᠯ ᠤᠨ ᠲᠦᠷᠦᠯ ᠤᠨ ᠲᠠᠸᠠᠷ ᠤᠨ ᠵᠢᠵᠢᠭᠯᠡᠨ ᠪᠤᠷᠤᠯᠠᠭᠤᠯᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 215.4% ᠪᠠᠷ ᠲᠦᠷᠭᠡᠳᠴᠦ᠂ ᠡᠭᠦᠨ ᠤ ᠳᠣᠲᠣᠷ᠎ᠠ ᠱᠠᠬᠠᠢ ᠮᠠᠯᠠᠭᠠᠢ ᠶᠢᠨ ᠲᠦᠷᠦᠯ ᠠᠳᠠᠯᠢ ᠬᠤᠭᠤᠴᠠᠭᠠᠨ ᠤ ᠬᠢ ᠠᠴᠠ 288.6% ᠪᠠᠷ ᠨᠡᠮᠡᠭᠳᠡᠵᠦ᠂ ᠨᠡᠬᠡᠮᠡᠯ ᠤᠨ ᠲᠦᠷᠦᠯ ᠠᠳᠠᠯᠢ ᠬᠤᠭᠤᠴᠠᠭᠠᠨ ᠤ ᠬᠢ ᠠᠴᠠ 103.4% ᠪᠠᠷ ᠨᠡᠮᠡᠭᠳᠡᠪᠡ᠃ ᠪᠦᠬᠦ ᠬᠤᠰᠢᠭᠤᠨ ᠤ ᠬᠢᠵᠠᠭᠠᠷᠯᠠᠭᠰᠠᠨ ᠲᠤᠭ᠎ᠠ ᠠᠴᠠ ᠲᠡᠭᠡᠭᠰᠢᠬᠢ ᠨᠢᠭᠡᠴᠢ ᠳᠠᠬᠢ ᠬᠢᠳᠠᠳ ᠡᠸᠦ᠋ᠷᠦᠫᠠ ᠡᠮ ᠤᠨ ᠲᠦᠷᠦᠯ ᠤᠨ ᠲᠠᠸᠠᠷ ᠤᠨ ᠵᠢᠵᠢᠭᠯᠡᠨ ᠪᠤᠷᠤᠯᠠᠭᠤᠯᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 38.7% ᠪᠠᠷ ᠨᠡᠮᠡᠭᠳᠡᠵᠤ᠂ ᠡᠬᠦᠨ ᠳᠤ ᠡᠸᠦ᠋ᠷᠦᠫᠠ ᠡᠮ ᠤᠨ ᠲᠦᠷᠦᠯ ᠤᠨ ᠲᠠᠸᠠᠷ ᠤᠨ ᠵᠢᠵᠢᠭᠯᠡᠨ ᠪᠤᠷᠤᠯᠠᠭᠤᠯᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 27.1% ᠪᠠᠷ ᠨᠡᠮᠡᠭᠳᠡᠪᠡ᠃ ᠪᠥᠬᠦ ᠬᠤᠰᠢᠭᠤᠨ ᠤ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠵᠢᠵᠢᠭᠯᠡᠨ ᠪᠤᠷᠤᠯᠠᠭᠤᠯᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 59.3% ᠪᠠᠷ ᠨᠡᠮᠡᠭᠳᠡᠪᠡ᠃      ᠬᠤᠶᠠᠷ᠂ ᠢᠳᠡᠭᠡᠨ ᠤᠮᠳᠠᠭᠠᠨ ᠤ ᠬᠡᠷᠡᠭᠯᠡᠭᠡ ᠦᠷᠭᠦᠯᠵᠢᠯᠡᠨ ᠨᠡᠮᠡᠭᠳᠡᠪᠡ      2022 ᠣᠨ ᠤ 12 ᠰᠠᠷ᠎ᠠ ᠠᠴᠠ ᠬᠢᠵᠢᠭ ᠤᠨ ᠪᠠᠶᠢᠳᠠᠯ ᠤᠨ ᠪᠢᠲᠡᠭᠦᠮᠵᠢᠯᠡᠯ ᠢ ᠲᠦᠢᠯᠪᠤᠷᠢᠲᠠᠶ ᠲᠠᠯᠪᠢᠬᠤ ᠶᠢ ᠳᠠᠭᠠᠯᠳᠤᠨ᠂ ᠲᠣᠮᠣ ᠬᠡᠯᠪᠡᠷᠢ ᠶᠢᠨ ᠳᠠᠶᠢᠯᠠᠯᠭ᠎ᠠ ᠪᠠ ᠴᠠᠭᠠᠨ ᠰᠠᠷ᠎ᠠ ᠶᠢᠨ ᠬᠤᠭᠤᠴᠠᠭᠠᠨ ᠤ ᠬᠠᠮᠲᠤ ᠶᠢᠨ ᠵᠣᠯᠭᠠᠯᠲᠠ᠂ ᠨᠠᠶᠢᠷ ᠴᠤᠭᠯᠠᠭᠠᠨ ᠠᠷᠪᠢᠳᠴᠤ᠂ ᠢᠳᠡᠭᠡᠨ ᠤᠮᠳᠠᠭᠠᠨ ᠤ ᠦᠶᠯᠡᠰ ᠦᠳᠲᠡᠷ ᠲᠦᠷᠭᠡᠨ ᠢᠶᠠᠷ ᠨᠡᠮᠡᠭᠳᠡᠪᠡ᠃ 1 - 2 ᠰᠠᠷ᠎ᠠ ᠳᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠢᠳᠡᠭᠡᠨ ᠤᠮᠳᠠᠭᠠᠨ ᠤ ᠦᠢᠯᠡᠰ ᠤᠨ ᠡᠵᠡᠩᠨᠡᠯᠲᠡ ᠶᠢᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 17.8% ᠨᠡᠮᠡᠭᠳᠡᠪᠡ᠃ 
ᠢᠷᠡᠯᠲᠡ᠄ ᠣᠲᠤᠭ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ