2022 ᠣᠨ ᠤ ᠣᠲᠤᠭ ᠬᠤᠰᠢᠭᠤᠨ ᠤ ᠬᠡᠷᠡᠭᠯᠡᠭᠡᠨ ᠤ ᠵᠠᠬ᠎ᠠ ᠳᠡᠯᠭᠡᠭᠦᠷ ᠲᠣᠭᠲᠠᠭᠤᠨ ᠢᠶᠠᠷ ᠡᠷᠭᠢᠯᠳᠦᠪᠡ
ᠨᠡᠶᠢᠲᠡᠯᠡᠭᠰᠡᠨ ᠴᠠᠭ᠄
2023/3/30
      2022 ᠣᠨ ᠳᠤ᠂ ᠣᠲᠤᠭ ᠬᠤᠰᠢᠭᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠶᠢᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ᠂ ᠬᠡᠷᠡᠭᠴᠡᠭᠡ ᠪᠠᠭᠠᠰᠬᠤ᠂ ᠵᠢᠱᠢᠭᠰᠡᠨ ᠬᠠᠷᠠᠯᠲᠠ ᠶᠢ ᠪᠡᠶᠡᠯᠡᠭᠦᠯᠬᠦ ᠪᠤᠯᠤᠮᠵᠢ ᠰᠤᠯᠠᠷᠠᠬᠤ ᠵᠡᠷᠭᠡ ᠲᠠᠭᠠᠷᠢᠯᠲᠠ ᠶᠢᠨ ᠨᠥᠯᠥᠭᠡ ᠶᠢ ᠢᠯᠠᠨ ᠳᠠᠪᠠᠵᠤ᠂ ᠬᠦᠴᠢᠷ ᠢ ᠰᠦᠷᠦᠨ ᠢᠳᠡᠪᠬᠢᠲᠡᠶ ᠠᠵᠢᠯᠯᠠᠨ᠂ ᠪᠥᠬᠦ ᠵᠢᠯ ᠤᠨ ᠨᠡᠶᠢᠭᠡᠮ ᠤᠨ ᠬᠡᠷᠡᠭᠯᠡᠭᠡᠨ ᠤ ᠵᠦᠶᠯ ᠤᠨ ᠵᠢᠵᠢᠭᠯᠡᠨ ᠪᠤᠷᠤᠯᠠᠭᠤᠯᠬᠤ ᠪᠦᠬᠦ ᠲᠤᠭ᠎ᠠ ᠶᠢᠨ ᠨᠡᠮᠡᠭᠳᠡᠯ ᠤᠨ ᠬᠤᠷᠳᠤᠴᠠ ᠤᠳᠠᠭᠠᠰᠢᠷᠠᠬᠤ᠂ ᠳᠡᠭᠡᠭᠰᠢᠯᠡᠬᠦ᠂ ᠪᠠᠭᠤᠷᠠᠬᠤ ᠬᠠᠨᠳᠤᠰᠢ ᠲᠠᠢ ᠪᠣᠯᠪᠠ᠃      ᠪᠦᠬᠦ ᠬᠤᠰᠢᠭᠤᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠢ ᠬᠡᠮᠵᠢᠶ᠎ᠡ ᠪᠠᠭ᠎ᠠ ᠬᠡᠮᠵᠢᠶ᠎ᠡ ᠪᠠᠷ ᠨᠡᠮᠡᠭᠳᠡᠪᠡ      ᠪᠥᠬᠦ ᠬᠤᠰᠢᠭᠤᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠤᠷᠤᠯᠠᠭᠤᠯᠤᠭᠰᠠᠨ ᠪᠥᠬᠦ ᠲᠤᠭ᠎ᠠ 32.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.2 % ᠢᠶᠠᠷ ᠨᠡᠮᠡᠭᠳᠡᠪᠡ᠃ ᠡᠭᠦᠨ ᠳᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠡ ᠶᠢᠨ ᠬᠡᠷᠡᠭᠯᠡᠭᠡᠨ ᠤ ᠵᠦᠶᠯ ᠤᠨ ᠵᠢᠵᠢᠭᠯᠡᠨ ᠪᠤᠷᠤᠯᠠᠭᠤᠯᠤᠭᠰᠠᠨ ᠲᠤᠭ᠎ᠠ 1.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.2 % ᠢᠶᠠᠷ ᠨᠡᠮᠡᠭᠳᠡᠪᠡ᠃ ᠬᠡᠷᠡᠭᠯᠡᠭᠡᠨ ᠤ ᠬᠡᠯᠪᠡᠷᠢ ᠪᠠᠷ ᠬᠤᠪᠢᠶᠠᠪᠠᠯ᠂ ᠢᠳᠡᠭᠡᠨ ᠤᠮᠳᠠᠭᠠᠨ ᠤ ᠣᠷᠣᠯᠭ᠎ᠠ 3.2 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.9% ᠪᠠᠷ ᠪᠠᠭᠤᠷᠠᠪᠠ︔ ᠲᠠᠸᠠᠷ ᠤᠨ ᠵᠢᠵᠢᠭᠯᠡᠨ ᠪᠤᠷᠤᠯᠠᠭᠤᠯᠤᠯᠭ᠎ᠠ 29.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.4% ᠪᠠᠷ ᠨᠡᠮᠡᠭᠳᠡᠪᠡ᠃      ᠭᠤᠷᠪᠠᠨ ᠶᠡᠭᠡ ᠲᠥᠷᠥᠯ ᠤᠨ ᠬᠡᠷᠡᠭᠯᠡᠭᠡᠨ ᠤ ᠲᠦᠷᠦᠯ ᠤᠨ ᠲᠤᠯᠭᠠᠭᠤᠷᠢᠯᠠᠬᠤ ᠦᠢᠯᠡᠳᠦᠯ ᠢ ᠢᠯᠡᠳᠲᠡ ᠪᠠᠳᠠᠷᠠᠭᠤᠯᠪᠠ      --- ᠦᠨᠳᠦᠰᠦᠨ ᠠᠮᠢᠳᠤᠷᠠᠯ ᠤᠨ ᠲᠥᠷᠥᠯ ᠤᠨ ᠲᠠᠸᠠᠷ ᠨᠡᠯᠢᠶᠡᠳ ᠰᠠᠶᠢᠨ ᠨᠡᠮᠡᠭᠳᠡᠯ ᠢ ᠪᠠᠲᠤᠯᠠᠪᠠ᠃      ᠪᠥᠬᠦ ᠬᠤᠰᠢᠭᠤᠨ ᠤ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ ᠳᠠᠬᠢ ᠠᠮᠤ ᠪᠤᠳᠠᠭ᠎ᠠ ᠲᠣᠰᠣ᠂ ᠢᠳᠡᠭᠡᠨ ᠤ ᠲᠥᠷᠥᠯ ᠤᠨ ᠵᠢᠵᠢᠭᠯᠡᠨ ᠪᠤᠷᠤᠯᠠᠭᠤᠯᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 13.4%᠂ ᠤᠮᠳᠠᠭᠠᠨ ᠤ ᠲᠥᠷᠥᠯ ᠤᠨ ᠲᠠᠸᠠᠷ ᠤᠨ ᠵᠢᠵᠢᠭᠯᠡᠨ ᠪᠤᠷᠤᠯᠠᠭᠤᠯᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 10% ᠪᠠᠷ ᠲᠦᠷᠭᠡᠳᠪᠡ᠃ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ ᠶᠢᠨ ᠬᠤᠪᠴᠠᠰᠤ ᠬᠤᠨᠠᠷ᠂ ᠱᠠᠬᠠᠢ ᠮᠠᠯᠠᠭᠠᠶ᠂ ᠨᠡᠬᠡᠮᠡᠯ ᠤᠨ ᠲᠥᠷᠥᠯ ᠬᠤᠪᠴᠠᠰᠤ ᠬᠤᠨᠠᠷ ᠤᠨ ᠲᠥᠷᠥᠯ ᠤᠨ ᠲᠠᠸᠠᠷ ᠤᠨ ᠵᠢᠵᠢᠭᠯᠡᠨ ᠪᠤᠷᠤᠯᠠᠭᠤᠯᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 42.6% ᠪᠠᠷ ᠨᠡᠮᠡᠭᠳᠡᠪᠡ᠃ ᠡᠭᠦᠨ ᠳᠤ ᠬᠤᠪᠴᠠᠰᠤ ᠬᠤᠨᠠᠷ ᠤᠨ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 113 % ᠪᠠᠷ ᠨᠡᠮᠡᠭᠳᠡᠪᠡ᠃ ᠱᠠᠬᠠᠢ ᠮᠠᠯᠠᠭᠠᠢ ᠶᠢᠨ ᠲᠥᠷᠥᠯ ᠤᠨ ᠲᠠᠸᠠᠷ ᠤᠨ ᠵᠢᠵᠢᠭᠯᠡᠨ ᠪᠤᠷᠤᠯᠠᠭᠤᠯᠤᠭᠰᠠᠨ ᠬᠡᠮᠵᠢᠶ᠎ᠡ ᠠᠳᠠᠯᠢ ᠬᠤᠭᠤᠴᠠᠭᠠᠨ ᠠᠴᠠ 29.6 ᠨᠡᠮᠡᠭᠳᠡᠵᠡᠢ᠂ ᠡᠳᠦᠷ ᠳᠣᠳᠣᠮ ᠤᠨ ᠬᠡᠷᠡᠭᠯᠡᠭᠡᠨ ᠤ ᠵᠦᠢᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 48.2 ᠲᠦᠷᠭᠡᠳᠪᠡ᠃      --- ᠬᠢᠲᠠᠳ ᠧᠦ᠋ᠷᠣᠫᠠ ᠡᠮ ᠤᠨ ᠵᠦᠢᠯᠡᠰ ᠤᠨ ᠪᠠᠷᠠᠭᠠᠨ ᠤ ᠵᠢᠵᠢᠭᠯᠡᠨ ᠪᠤᠷᠤᠯᠠᠭᠤᠯᠤᠯᠭ᠎ᠠ ᠶᠢᠨ ᠲᠣᠭᠲᠠᠭᠤᠨ ᠨᠡᠮᠡᠭᠳᠡᠯ ᠢ ᠪᠠᠲᠤᠯᠠᠪᠠ᠃      ᠪᠦᠬᠦ ᠬᠤᠰᠢᠭᠤᠨ ᠤ ᠬᠢᠵᠠᠭᠠᠷᠯᠠᠭᠰᠠᠨ ᠲᠤᠭ᠎ᠠ ᠠᠴᠠ ᠲᠡᠭᠡᠭᠰᠢᠬᠢ ᠨᠢᠭᠡᠴᠢ ᠶᠢᠨ ᠬᠢᠳᠠᠳ ᠡᠸᠦ᠋ᠷᠦᠫᠡ ᠡᠮ ᠤᠨ ᠲᠦᠷᠦᠯ ᠤᠨ ᠲᠠᠸᠠᠷ ᠤᠨ ᠵᠢᠵᠢᠭᠯᠡᠨ ᠪᠤᠷᠤᠯᠠᠭᠤᠯᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 27% ᠪᠠᠷ ᠨᠡᠮᠡᠭᠳᠡᠵᠤ᠂ ᠡᠬᠦᠨ ᠳᠤ ᠡᠸᠦ᠋ᠷᠦᠫᠡ ᠡᠮ ᠤᠨ ᠲᠦᠷᠦᠯ ᠤᠨ ᠲᠠᠸᠠᠷ ᠤᠨ ᠵᠢᠵᠢᠭᠯᠡᠨ ᠪᠤᠷᠤᠯᠠᠭᠤᠯᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 40% ᠪᠠᠷ ᠨᠡᠮᠡᠭᠳᠡᠪᠡ᠃      --- ᠴᠢᠯᠠᠭᠤᠨ ᠲᠣᠰᠤᠨ ᠤ ᠬᠡᠷᠡᠭᠯᠡᠭᠡ ᠨᠡᠯᠢᠶᠡᠳ ᠲᠦᠷᠭᠡᠨ ᠨᠡᠮᠡᠭᠳᠡᠯ ᠢ ᠦᠷᠭᠦᠯᠵᠢᠯᠡᠨ ᠪᠠᠲᠤᠯᠠᠪᠠ᠃      ᠴᠢᠯᠠᠭᠤᠨ ᠲᠣᠰᠣᠨ ᠤ ᠦᠨ᠎ᠡ ᠦᠷᠭᠦᠯᠵᠢᠯᠡᠨ ᠨᠡᠮᠡᠭᠳᠡᠬᠦ ᠨᠥᠯᠥᠭᠡ ᠪᠠᠷ ᠴᠢᠯᠠᠭᠤᠨ ᠲᠣᠰᠣᠨ ᠤ ᠲᠥᠷᠥᠯ ᠤᠨ ᠲᠠᠸᠠᠷ ᠤᠨ ᠨᠡᠮᠡᠭᠳᠡᠯ ᠨᠡᠯᠢᠶᠡᠳ ᠲᠦᠷᠭᠡᠳᠪᠡ᠃ ᠪᠦᠬᠦ ᠬᠤᠰᠢᠭᠤᠨ ᠤ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠴᠢᠯᠠᠭᠤᠨ ᠲᠣᠰᠣᠨ ᠤ ᠲᠥᠷᠥᠯ ᠤᠨ ᠵᠢᠵᠢᠭᠯᠡᠨ ᠪᠤᠷᠤᠯᠠᠭᠤᠯᠤᠭᠰᠠᠨ ᠬᠡᠮᠵᠢᠶ᠎ᠡ ᠠᠳᠠᠯᠢ ᠬᠤᠭᠤᠴᠠᠭᠠᠨ ᠠᠴᠠ 15.2% ᠨᠡᠮᠡᠭᠳᠡᠪᠡ᠃ 
ᠢᠷᠡᠯᠲᠡ᠄ ᠣᠲᠤᠭ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ