ᠪᠦᠲᠦᠮᠵᠢᠲᠡᠢ ᠪᠡᠯᠡ ᠣᠷᠣᠭᠤᠯᠤᠯᠲᠠ ᠪᠠᠷ ᠨᠡᠮᠡᠭᠳᠡᠯ ᠢ ᠲᠣᠭᠲᠠᠪᠤᠷᠢᠵᠢᠭᠤᠯᠵᠤ ᠪᠦᠬᠦ ᠬᠦᠴᠦᠨ ᠢᠶᠠᠷ ᠢᠶᠠᠨ ᠳᠡᠭᠡᠭᠰᠢᠯᠡᠭᠦᠯᠦᠯᠲᠡ ᠶᠢ ᠠᠬᠢᠭᠤᠯᠪᠠ
ᠨᠡᠶᠢᠲᠡᠯᠡᠭᠰᠡᠨ ᠴᠠᠭ᠄
2023/3/30
      2023 ᠣᠨ ᠤ 1 - 2 ᠰᠠᠷ᠎ᠠ ᠳᠤ᠂ ᠪᠥᠬᠦ ᠬᠤᠰᠢᠭᠤᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ︵ᠲᠠᠷᠢᠶᠠᠴᠢᠨ ᠡᠷᠦᠬᠡ ᠶᠢ ᠪᠠᠭᠲᠠᠭᠠᠬᠤ ᠥᠬᠡᠶ︶ ᠠᠳᠠᠯᠢ ᠬᠤᠭᠤᠴᠠᠭᠠᠨ ᠤ ᠬᠢ ᠠᠴᠠ 60.9% ᠪᠠᠷ ᠨᠡᠮᠡᠭᠳᠡᠵᠦ᠂ ᠪᠥᠬᠦ ᠬᠤᠲᠠ ᠶᠢᠨ ᠪᠠᠯᠠ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠠᠴᠠ ᠵᠠᠭᠤᠨ ᠤ ᠴᠡᠭ 19.8 ᠥᠨᠳᠥᠷ ᠪᠣᠯᠪᠠ᠃ ᠡᠭᠦᠨ ᠳᠤ᠂ ᠪᠣᠳᠠᠲᠤ ᠪᠣᠳᠠᠰ ᠪᠠᠷᠢᠯᠭ᠎ᠠ ᠶᠢᠨ ᠠᠵᠢᠯ ᠤᠨ ᠬᠡᠮᠵᠢᠶ᠎ᠡ ᠶᠢ ᠬᠠᠷᠠᠭᠤᠯᠤᠭᠰᠠᠨ ᠪᠠᠷᠢᠯᠭ᠎ᠠ ᠶᠢᠨ ᠤᠭᠰᠠᠷᠠᠭᠤᠯᠬᠤ ᠢᠨᠵᠧᠨᠧᠷᠢᠩ ᠤᠨ ᠪᠠᠯᠠ ᠣᠷᠣᠭᠤᠯᠤᠯᠲᠠ 764.3% ᠨᠡᠮᠡᠭᠳᠡᠵᠦ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ ᠴᠢᠳᠠᠪᠤᠷᠢ ᠶᠢ ᠥᠷᠭᠡᠳᠬᠡᠬᠦ ᠲᠣᠨᠤᠭ ᠲᠥᠬᠦᠭᠡᠷᠦᠮᠵᠢ ᠪᠠᠭᠠᠵᠢ ᠬᠡᠷᠡᠭᠰᠡᠯ ᠬᠤᠳᠠᠯᠳᠤᠨ ᠠᠪᠬᠤ ᠪᠠᠯᠠ ᠣᠷᠣᠭᠤᠯᠤᠯᠲᠠ 12.6% ᠪᠠᠭᠤᠷᠠᠨ᠂ ᠬᠤᠶᠠᠭᠤᠯᠠ ᠪᠠᠨ ᠪᠥᠬᠦ ᠬᠤᠰᠢᠭᠤᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ 95.8% ᠬᠤᠪᠢ ᠶᠢᠨ ᠵᠢᠩ ᠢ ᠡᠵᠡᠯᠡᠵᠦ᠂ ᠨᠡᠮᠡᠭᠳᠡᠯ ᠢ ᠲᠤᠭᠳᠠᠪᠤᠷᠢᠵᠢᠭᠤᠯᠵᠤ ᠪᠦᠲᠦᠴᠡ ᠶᠢ ᠰᠢᠯᠢᠳᠡᠭᠵᠢᠭᠦᠯᠬᠦ ᠳᠤ ᠴᠢᠬᠤᠯᠠ ᠦᠢᠯᠡᠳᠦᠯ ᠦᠵᠡᠭᠦᠯᠪᠡ᠃ᠠᠵᠤ ᠦᠢᠯᠡᠳᠪᠦᠷᠢ ᠶᠢᠨ ᠲᠦᠷᠦᠯ ᠤᠨ ᠪᠡᠯᠡ ᠣᠷᠣᠭᠤᠯᠤᠯᠲᠠ ᠶᠢᠨ ᠨᠡᠮᠡᠭᠳᠡᠯ ᠨᠡᠯᠢᠶᠡᠳ ᠰᠠᠶᠢᠵᠢᠷᠠᠪᠠ᠃ ᠪᠥᠬᠦ ᠬᠤᠰᠢᠭᠤᠨ ᠤ ᠠᠵᠤ ᠦᠢᠯᠡᠳᠪᠦᠷᠢ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 43.8% ᠪᠠᠷ ᠨᠡᠮᠡᠭᠳᠡᠵᠦ᠂ ᠪᠦᠬᠦ 2022 ᠣᠨ ᠠᠴᠠ ᠵᠠᠭᠤᠨ ᠤ 34.8  ᠲᠦᠷᠭᠡᠳᠴᠦ᠂ ᠡᠭᠦᠨ ᠳᠤ᠄ ᠠᠭᠤᠷᠬᠠᠶ ᠮᠠᠯᠲᠠᠬᠤ ᠦᠢᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 326.6% ᠪᠠᠷ ᠨᠡᠮᠡᠭᠳᠡᠵᠦ᠂ ᠪᠥᠬᠦ ᠠᠵᠤ ᠦᠢᠯᠡᠳᠪᠦᠷᠢ ᠶᠢᠨ ᠪᠠᠯᠠ ᠣᠷᠣᠭᠤᠯᠤᠯᠲᠠ ᠶᠢᠨ 72.7% ᠶᠢ ᠡᠵᠡᠯᠡᠨ᠂ ᠠᠵᠤ ᠦᠢᠯᠡᠳᠪᠦᠷᠢ ᠶᠢᠨ ᠪᠠᠯᠠ ᠣᠷᠣᠭᠤᠯᠤᠯᠲᠠ ᠶᠢ ᠳᠠᠶᠢᠴᠢᠯᠠᠨ ᠵᠠᠭᠤᠨ ᠤ 86.8 ᠨᠡᠮᠡᠭᠳᠡᠭᠦᠯᠵᠦ᠂ ᠠᠵᠤ ᠦᠢᠯᠡᠳᠪᠦᠷᠢ ᠶᠢᠨ ᠲᠥᠷᠥᠯ ᠤᠨ ᠪᠠᠯᠠ ᠣᠷᠣᠭᠤᠯᠤᠯᠲᠠ ᠶᠢᠨ ᠬᠠᠮᠤᠭ ᠤᠨ ᠬᠦᠴᠦᠷᠬᠡᠭ ᠬᠥᠳᠡᠯᠭᠡᠬᠦ ᠬᠦᠴᠦᠨ ᠪᠣᠯᠪᠠ᠃      ᠦᠢᠯᠡᠳᠬᠦ ᠦᠢᠯᠡᠰ ᠤᠨ ᠬᠦᠷᠢᠶᠡᠨ ᠳᠠᠬᠢ ᠪᠡᠯᠡ ᠣᠷᠣᠭᠤᠯᠤᠯᠲᠠ ᠲᠦᠷᠭᠡᠳᠪᠡ᠃ ᠪᠥᠬᠦ ᠬᠤᠰᠢᠭᠤᠨ ᠤ ᠦᠶᠯᠡᠳᠬᠦ ᠦᠶᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 24.9% ᠪᠠᠷ ᠨᠡᠮᠡᠭᠳᠡᠵᠦ᠂ ᠪᠥᠬᠦ ᠪᠠᠯᠠ ᠣᠷᠣᠭᠤᠯᠤᠯᠲᠠ ᠶᠢᠨ 16.7% ᠶᠢ ᠡᠵᠡᠯᠡᠨ᠂ ᠪᠥᠬᠦ ᠬᠤᠰᠢᠭᠤᠨ ᠤ ᠪᠠᠯᠠ ᠣᠷᠣᠭᠤᠯᠤᠯᠲᠠ ᠶᠢ ᠳᠠᠶᠢᠴᠢᠯᠠᠨ ᠵᠠᠭᠤᠨ ᠤ 5.7 ᠪᠠᠷ ᠨᠡᠮᠡᠭᠳᠡᠭᠦᠯᠵᠦ᠂ ᠨᠢᠭᠡ ᠪᠦᠯᠦᠭ ᠰᠢᠯᠢᠳᠡᠭ ᠦᠶᠯᠡᠳᠬᠦ ᠦᠶᠯᠡᠰ ᠤᠨ ᠲᠥᠷᠥᠯ ᠵᠦᠶᠯ ᠡᠬᠢᠯᠡᠨ ᠨᠠᠶᠢᠳᠠᠪᠤᠷᠢᠵᠢᠭᠤᠯᠵᠤ ᠪᠦᠲᠦᠮᠵᠢ ᠭᠠᠷᠭᠠᠨ᠂ ᠪᠥᠬᠦ ᠬᠤᠰᠢᠭᠤᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠲᠣᠭᠲᠠᠭᠤᠨ ᠢᠶᠠᠷ ᠨᠡᠮᠡᠭᠳᠡᠬᠦ ᠶᠢ ᠠᠬᠢᠭᠤᠯᠪᠠ᠃      ᠠᠷᠠᠳ ᠤᠨ ᠳᠤᠮᠳᠠᠬᠢ ᠪᠡᠯᠡ ᠣᠷᠣᠭᠤᠯᠤᠯᠲᠠ ᠦᠷᠭᠦᠯᠵᠢᠯᠡᠨ ᠥᠨᠳᠥᠷ ᠬᠤᠷᠳᠤᠴᠠ ᠪᠠᠷ ᠨᠡᠮᠡᠭᠳᠡᠪᠡ᠃ ᠪᠥᠬᠦ ᠬᠤᠰᠢᠭᠤᠨ ᠤ ᠠᠷᠠᠳ ᠤᠨ ᠳᠤᠮᠳᠠᠬᠢ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 208.1% ᠪᠠᠷ ᠨᠡᠮᠡᠭᠳᠡᠵᠦ᠂ ᠪᠥᠬᠦ ᠪᠠᠯᠠ ᠣᠷᠣᠭᠤᠯᠤᠯᠲᠠ ᠶᠢᠨ 91.7% ᠶᠢ ᠡᠵᠡᠯᠡᠨ᠂ ᠪᠥᠬᠦ ᠬᠤᠰᠢᠭᠤᠨ ᠤ ᠨᠡᠮᠡᠭᠳᠡᠯ ᠤᠨ ᠬᠤᠷᠳᠤᠴᠠ ᠶᠢ ᠵᠠᠭᠤᠨ ᠤ 96.8 ᠪᠠᠷ ᠳᠠᠶᠢᠴᠢᠯᠠᠵᠤ᠂ ᠪᠥᠬᠦ ᠬᠤᠰᠢᠭᠤᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠲᠠᠰᠤᠷᠠᠯᠲᠠ ᠥᠬᠡᠶ ᠬᠦᠴᠦᠨ ᠴᠢᠳᠠᠯ ᠬᠤᠷᠠᠮᠳᠤᠭᠤᠯᠵᠤ ᠦᠭᠪᠡ᠃ 
ᠢᠷᠡᠯᠲᠡ᠄ ᠣᠲᠤᠭ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ