ᠣᠲᠤᠭ ᠬᠤᠰᠢᠭᠤᠨ ᠤ ᠠᠵᠤ ᠦᠢᠯᠡᠳᠪᠦᠷᠢ ᠶᠢᠨ ᠠᠵᠤ ᠠᠬᠤᠶ ᠶᠠᠰᠤ ᠴᠢᠨᠠᠷ ᠦᠷ᠎ᠡ ᠪᠦᠲᠦᠮᠵᠢ ᠶᠢ ᠵᠡᠷᠭᠡᠪᠡᠷ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄
2023/3/30
      2022 ᠣᠨ ᠳᠤ᠂ ᠮᠠᠨ ᠤ ᠬᠤᠰᠢᠭᠤ ᠨᠠᠮ ᠤᠨ ᠲᠥᠪ ᠬᠤᠷᠢᠶᠠᠨ ᠤ ︽ᠬᠢᠵᠢᠭ ᠤᠨ ᠪᠠᠶᠢᠳᠠᠯ ᠢ ᠰᠡᠷᠭᠡᠶᠢᠯᠡᠬᠦ᠂ ᠠᠵᠤ ᠠᠬᠤᠶ ᠶᠢ ᠲᠣᠭᠲᠠᠭᠤᠨ ᠪᠠᠶᠢᠯᠭᠠᠬᠤ ᠂ ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ︾ ᠲᠤᠬᠠᠶ ᠴᠢᠬᠤᠯᠠ ᠱᠠᠭᠠᠷᠳᠠᠯᠭ᠎ᠠ ᠶᠢ ᠡᠷᠡᠰ ᠲᠤᠭᠤᠰᠢᠯᠠᠭᠤᠯᠵᠤ᠂ ᠨᠡᠮᠡᠭᠳᠡᠯ ᠢ ᠨᠠᠩ ᠲᠣᠪᠤᠶᠢᠮ᠎ᠠ ᠪᠠᠶᠢᠷᠢᠨ ᠳᠤ ᠲᠠᠯᠪᠢᠨ᠂ ᠠᠵᠤ ᠦᠢᠯᠡᠳᠪᠦᠷᠢ ᠶᠢᠨ ᠠᠵᠤ ᠠᠬᠤᠶ ᠶᠢᠨ ᠶᠡᠭᠡ ᠲᠠᠯ᠎ᠠ ᠶᠢ ᠲᠣᠭᠲᠠᠪᠤᠷᠢᠵᠢᠭᠤᠯᠬᠤ ᠳᠤᠮᠳᠠᠬᠢ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠵᠤ᠂ ᠠᠵᠤ ᠦᠢᠯᠡᠳᠪᠦᠷᠢ ᠶᠢᠨ ᠠᠵᠤ ᠠᠬᠤᠶ ᠳᠠᠷᠤᠯᠲᠠ ᠶᠢ ᠳᠠᠭᠠᠭᠠᠵᠤ ᠤᠷᠤᠭᠰᠢᠯᠠᠨ᠂ ᠲᠣᠭᠲᠠᠭᠤᠨ ᠢᠶᠠᠷ ᠶᠠᠰᠤ ᠴᠢᠨᠠᠷ ᠢ ᠳᠡᠭᠡᠭᠰᠢᠯᠡᠭᠦᠯᠪᠡ᠃      ᠨᠢᠭᠡ᠂ ᠥᠪᠡᠷ ᠤᠨ ᠥᠷᠲᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠦᠭᠰᠡᠨ ᠦᠷ᠎ᠡ ᠪᠦᠲᠦᠮᠵᠢ ᠢᠯᠡᠳᠲᠡ      ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ ᠶᠢ 1439.6 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 4.1% ᠪᠠᠷ ᠨᠡᠮᠡᠭᠳᠡᠨ᠂ ᠵᠠᠭᠤᠨ ᠲᠥᠭᠦᠷᠢᠭ ᠪᠦᠷᠢ ᠶᠢᠨ ᠡᠵᠡᠩᠨᠡᠯᠲᠡ ᠶᠢᠨ ᠣᠷᠣᠯᠭ᠎ᠠ ᠳᠣᠲᠣᠷᠠᠬᠢ ᠥᠪᠡᠷ ᠤᠨ ᠥᠷᠲᠡᠭ ᠨᠢ 78.56 ᠲᠥᠭᠦᠷᠢᠭ ᠪᠣᠯᠵᠣ᠂ ᠠᠳᠠᠯᠢ ᠬᠤᠭᠤᠴᠠᠭᠠᠨ ᠤ ᠬᠢ ᠠᠴᠠ 5.31 ᠲᠥᠭᠦᠷᠢᠭ ᠪᠠᠭᠠᠰᠪᠠ︔ ᠵᠠᠭᠤᠨ ᠲᠥᠭᠦᠷᠢᠭ ᠪᠦᠷᠢ ᠶᠢᠨ ᠡᠵᠡᠩᠨᠡᠯᠲᠡ ᠶᠢᠨ ᠣᠷᠣᠯᠭ᠎ᠠ ᠳᠣᠲᠣᠷᠠᠬᠢ ᠵᠠᠷᠤᠳᠠᠯ 6.55 ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 2.17 ᠲᠥᠭᠦᠷᠢᠭ ᠪᠠᠭᠠᠰᠪᠠ᠃      ᠬᠤᠶᠠᠷ᠂ ᠡᠨᠧᠷᠭᠢ ᠶᠢᠨ ︽ᠲᠣᠭᠲᠠᠪᠤᠷᠢᠵᠢᠭᠤᠯᠤᠭᠴᠢ︾ ᠯᠠᠪᠳᠠᠭᠤᠨ ᠪᠠᠲᠤᠲᠠᠢ12 ᠰᠠᠷ᠎ᠠ ᠶᠢᠨ ᠰᠡᠭᠦᠯᠴᠢ ᠪᠣᠯᠲᠠᠯ᠎ᠠ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠭᠦᠷᠡᠰᠦ ᠮᠠᠯᠲᠠᠬᠤ ᠪᠠ ᠤᠬᠢᠶᠠᠵᠤ ᠰᠢᠯᠢᠬᠦ ᠦᠢᠯᠡᠰ ᠤᠨ ᠠᠵᠤ ᠠᠬᠤᠶᠢᠯᠠᠯ 467.2 ᠳ᠋ᠦᠩᠰᠢᠭᠤᠷ ᠲᠥᠭᠦᠷᠢᠭ ᠤᠨ ᠡᠵᠡᠩᠨᠡᠯᠲᠡ ᠶᠢᠨ ᠣᠷᠣᠯᠭ᠎ᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 5.2% ᠢᠶᠠᠷ ᠨᠡᠮᠡᠭᠳᠡᠪᠡ ︔ ᠴᠢᠯᠠᠭᠤᠨ ᠲᠣᠰᠣ᠂ ᠨᠡᠭᠦᠷᠡᠰᠦ ᠵᠢᠴᠢ ᠪᠤᠰᠤᠳ ᠲᠦᠯᠡᠰᠢ ᠪᠣᠯᠪᠠᠰᠤᠷᠠᠭᠤᠯᠬᠤ ᠦᠢᠯᠡᠰ ᠤᠨ ᠡᠵᠡᠩᠨᠡᠯᠲᠡ ᠶᠢᠨ ᠣᠷᠣᠯᠭ᠎ᠠ 279 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 18.3% ᠪᠠᠷ ᠨᠡᠮᠡᠭᠳᠡᠪᠡ︔ ᠬᠤᠶᠠᠷ ᠶᠡᠭᠡ ᠠᠵᠢᠯ ᠲᠥᠷᠥᠯ ᠤᠨ ᠨᠡᠮᠡᠭᠳᠡᠯ ᠤᠨ ᠬᠤᠷᠳᠤᠴᠠ ᠨᠢ ᠲᠣᠰ ᠲᠣᠰ ᠪᠥᠬᠦ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠡᠵᠡᠩᠨᠡᠯᠲᠡ ᠶᠢᠨ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠠᠴᠠ ᠵᠠᠭᠤᠨ ᠤ 1.1 ᠬᠤᠪᠢ ᠪᠠ ᠵᠠᠭᠤᠨ ᠤ 14.2 ᠬᠤᠪᠢ ᠥᠨᠳᠥᠷ ᠪᠠᠶᠢᠵᠤ᠂ ᠡᠵᠡᠩᠨᠡᠯᠲᠡ ᠶᠢᠨ ᠣᠷᠣᠯᠭ᠎ᠠ ᠶᠢᠨ ᠪᠥᠬᠦ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠡᠵᠡᠩᠨᠡᠯᠲᠡ ᠶᠢᠨ ᠣᠷᠣᠯᠭ᠎ᠠ ᠳᠠᠬᠢ ᠡᠵᠡᠯᠡᠬᠦ ᠬᠤᠪᠢ ᠶᠢᠨ ᠵᠢᠩ ᠨᠢ 51.8% ᠪᠠᠶᠢᠵᠤ᠂ ᠬᠠᠭᠠᠰ ᠬᠤᠪᠢ ᠶᠢ ᠡᠵᠡᠯᠡᠪᠡ᠃      ᠭᠤᠷᠪᠠ᠂ ᠠᠷᠠᠳ ᠠᠴᠠ ᠡᠵᠡᠩᠨᠡᠭᠰᠡᠨ ᠠᠵᠤ ᠦᠢᠯᠡᠳᠪᠦᠷᠢ ᠶᠢᠨ ᠲᠤᠯᠭᠠᠭᠤᠷᠢᠯᠠᠬᠤ ᠴᠢᠨᠠᠷ ᠴᠢᠩᠭ᠎ᠠ      ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠷᠠᠳ ᠠᠴᠠ ᠡᠵᠡᠩᠨᠡᠭᠰᠡᠨ ᠠᠵᠤ ᠦᠢᠯᠡᠳᠪᠦᠷᠢ ᠶᠢᠨ ᠠᠵᠤ ᠠᠬᠤᠶᠢᠯᠠᠯ 96 ᠪᠣᠯᠵᠣ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠶᠡᠷᠦᠩᠬᠡᠶ ᠲᠣᠭᠠᠨ ᠤ 89.7% ᠶᠢ ᠡᠵᠡᠯᠡᠨ᠂ ᠡᠵᠡᠩᠨᠡᠯᠲᠡ ᠶᠢᠨ ᠣᠷᠣᠯᠭ᠎ᠠ ᠶᠢ 1254 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 4.7% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠥᠬᠦ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠠᠴᠠ 0.6 ᠵᠠᠭᠤᠨ ᠤ ᠬᠤᠪᠢ ᠥᠨᠳᠥᠷ ᠪᠣᠯᠪᠠ︔ ᠠᠰᠢᠭ ᠬᠤᠨᠵᠢᠪᠣᠷᠢ ᠶᠢ 162.3 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 6.4% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠥᠬᠦ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠠᠴᠠ ᠵᠠᠭᠤᠨ ᠤ 12 ᠬᠤᠪᠢ ᠥᠨᠳᠥᠷ ᠪᠣᠯᠪᠠ᠃ 
ᠢᠷᠡᠯᠲᠡ᠄ ᠣᠲᠤᠭ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ