ᠬᠠᠲᠤᠨ ᠭᠤᠣᠯ ᠤᠨ ᠲᠠᠩ ᠭᠠᠵᠠᠷ ᠲᠤ ᠥᠨᠳᠥᠷ ᠡᠰᠢᠲᠦ ᠲᠠᠷᠢᠮᠠᠯ ᠵᠡᠷᠭᠡ ᠶᠢ ᠲᠠᠷᠢᠬᠤ ᠶᠢ ᠴᠠᠭᠠᠵᠠᠯᠠᠬᠤ ᠳᠣᠬᠠᠢ ᠣᠳᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠠ᠊
ᠨᠡᠶᠢᠲᠡᠯᠡᠭᠰᠡᠨ ᠴᠠᠭ᠄
2023/3/7
                  ᠣᠳᠤᠭ ᠵᠠᠰᠠᠭ ᠲᠠᠷᠬᠠᠭᠠᠭᠰᠠᠨ ﹇2023﹈ 59 ᠳ᠋ᠦ᠋ᠭᠡᠷ ᠲᠣᠭᠠᠲᠤ            ᠬᠠᠲᠤᠨ ᠭᠤᠣᠯ ᠤᠨ ᠲᠠᠩ ᠭᠠᠵᠠᠷ ᠲᠤ ᠥᠨᠳᠥᠷ ᠡᠰᠢᠲᠦ ᠲᠠᠷᠢᠮᠠᠯ ᠵᠡᠷᠭᠡ ᠶᠢ ᠲᠠᠷᠢᠬᠤ ᠶᠢ             ᠴᠠᠭᠠᠵᠠᠯᠠᠬᠤ ᠳᠣᠬᠠᠢ ᠣᠳᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠠᠷᠯᠠᠯ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ ᠬᠠᠮᠢᠶ᠎ᠠ ᠪᠦᠬᠦᠢ ᠪᠠᠶᠢᠭᠤᠯᠭ᠎ᠠ ᠳᠤ᠄      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠶᠡᠷᠦᠩᠬᠡᠢ ᠱᠦᠵᠢ ᠰᠢ ᠶᠢᠨ ᠫᠢᠡᠭ ᠤᠨ ᠬᠠᠲᠤᠨ ᠭᠤᠣᠯ ᠤᠨ ᠭᠤᠣᠯ ᠤᠨ ᠵᠠᠮ ᠤᠨ ᠬᠠᠮᠢᠶ᠎ᠠ ᠪᠦᠬᠦᠢ ᠠᠰᠠᠭᠤᠳᠠᠯ ᠤᠨ ᠲᠤᠬᠠᠢ ᠴᠢᠬᠤᠯᠠ ᠴᠤᠬᠤᠯᠠᠪᠤᠷᠢ ᠶᠢᠨ ᠵᠣᠷᠢᠭ ᠰᠠᠨᠠᠭ᠎ᠠ ᠶᠢ ᠨᠢᠮᠪᠠᠢ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠲᠦᠷᠭᠡᠨ ᠠᠬᠢᠭᠤᠯᠬᠤ ᠶᠢᠨ ᠲᠤᠰᠠᠳᠠ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠶᠡᠷ ᠢ ᠰᠡᠷᠭᠡᠶᠢᠯᠡᠬᠦ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠤᠣᠯ ᠤᠨ ᠵᠠᠮ ᠤᠨ ᠬᠠᠮᠢᠶᠠᠷᠤᠯᠲᠠ ᠶᠢᠨ ᠳᠦᠷᠢᠮ︾ ᠵᠡᠷᠭᠡ ᠬᠠᠤᠯᠢ ᠲᠣᠭᠲᠠᠭᠠᠯ ᠪᠠ ᠬᠠᠮᠢᠶ᠎ᠠ ᠪᠦᠬᠦᠢ ᠲᠣᠭᠲᠠᠭᠠᠯ ᠳᠤ ᠦᠨᠳᠦᠰᠦᠯᠡᠨ᠂ ᠡᠳᠦᠭᠡ ᠬᠠᠲᠤᠨ ᠭᠤᠣᠯ ᠤᠨ ᠲᠠᠩ ᠭᠠᠵᠠᠷ ᠲᠤ ᠥᠨᠳᠥᠷ ᠡᠰᠢᠲᠦ ᠲᠠᠷᠢᠮᠠᠯ ᠲᠠᠷᠢᠬᠤ ᠶᠢ ᠴᠠᠭᠠᠵᠠᠯᠠᠵᠤ ᠬᠢᠵᠠᠭᠠᠷᠯᠠᠬᠤ ᠲᠤᠬᠠᠢ ᠬᠠᠮᠢᠶ᠎ᠠ ᠪᠦᠬᠦᠢ ᠤᠴᠢᠷ ᠶᠠᠪᠤᠳᠠᠯ ᠢ ᠳᠣᠣᠷᠠᠬᠢ ᠮᠡᠲᠦ ᠪᠠᠷ ᠵᠠᠷᠯᠠᠶ᠎ᠠ᠄      ᠨᠢᠭᠡ᠂ ᠥᠨᠳᠥᠷ ᠡᠰᠢᠲᠦ ᠲᠠᠷᠢᠮᠠᠯ ᠲᠠᠷᠢᠬᠤ ᠶᠢ ᠴᠢᠩᠭ᠎ᠠ ᠴᠠᠭᠠᠵᠠᠯᠠᠨ᠎ᠠ᠃ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ 2023 ᠣᠨ ᠤ ᠬᠠᠲᠤᠨ ᠭᠤᠤᠯ ᠤᠨ ᠲᠠᠩ ᠭᠠᠵᠠᠷ ᠲᠤ ᠥᠨᠳᠥᠷ ᠡᠰᠢᠲᠦ ᠲᠠᠷᠢᠮᠠᠯ ᠳᠠᠷᠢᠬᠤ ᠶᠢ ᠴᠠᠭᠠᠵᠠᠯᠠᠬᠤ ᠸᠧᠺᠲ᠋ᠣᠷ ᠲᠤᠭ᠎ᠠ ᠪᠠᠷᠢᠮᠲᠠ ᠳᠤ ᠦᠨᠳᠦᠰᠦᠯᠡᠨ᠂ ᠲᠠᠩ ᠭᠠᠵᠠᠷ ᠤᠨ ᠭᠤᠤᠯ ᠭᠤᠯᠲᠤᠷᠢᠯ ᠤᠨ ᠲᠥᠪ ᠠᠴᠠ ᠭᠠᠳᠠᠭᠰᠢ ᠥᠨᠳᠥᠷ ᠡᠰᠢᠲᠦ ᠲᠠᠷᠢᠮᠠᠯ ᠳᠠᠷᠢᠬᠤ ᠶᠢ ᠴᠠᠭᠠᠵᠠᠯᠠᠬᠤ ᠱᠤᠭᠤᠮ ᠬᠦᠷᠲᠡᠯᠡᠬᠢ ᠬᠡᠰᠡᠭ ᠲᠤ ᠰᠢᠨ᠎ᠡ ᠪᠠᠷ ᠲᠠᠷᠢᠮᠠᠯ ᠳᠠᠷᠢᠬᠤ ᠶᠢ ᠴᠢᠩᠭ᠎ᠠ ᠴᠠᠭᠠᠵᠠᠯᠠᠵᠤ᠂ ᠥᠨᠳᠥᠷ ᠡᠰᠢᠲᠦ ᠲᠠᠷᠢᠮᠠᠯ ︵ᠵᠢᠱᠢᠶᠡᠯᠡᠪᠡᠯ ᠡᠷᠳᠡᠨᠢ ᠰᠢᠰᠢ᠂ ᠨᠡᠷᠡᠨ ᠬᠤᠸᠠᠷ᠂ ᠰᠢᠰᠢ ᠵᠡᠷᠭᠡ ᠲᠠᠷᠢᠮᠠᠯ︶ ᠳᠠᠷᠢᠬᠤ ᠶᠢ ᠴᠢᠩᠭ᠎ᠠ ᠴᠠᠭᠠᠵᠠᠯᠠᠨ ᠂ ᠲᠠᠷᠢᠶᠠᠨ ᠡᠮ᠂ ᠬᠢᠮᠢ ᠶᠢᠨ ᠪᠣᠷᠲᠣᠭᠤᠷ᠂ ᠡᠪᠡᠰᠦ ᠠᠷᠢᠯᠭᠠᠭᠴᠢ ᠵᠡᠷᠭᠡ ᠣᠯᠠᠨ ᠡᠬᠢᠲᠦ ᠪᠣᠬᠢᠷᠲᠤᠯ ᠢ ᠠᠮᠠᠷᠬᠠᠨ ᠪᠣᠶ ᠪᠣᠯᠭᠠᠬᠤ ᠬᠢᠮᠢ ᠶᠢᠨ ᠪᠦᠲᠦᠭᠡᠭᠳᠡᠬᠦᠨ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ᠃ ᠲᠠᠩ ᠭᠠᠵᠠᠷ ᠤᠨ ᠪᠤᠰᠤᠳ ᠲᠣᠭᠤᠷᠢᠭ ᠲᠤ ᠬᠢᠮᠢ ᠶᠢᠨ ᠪᠣᠷᠲᠣᠭᠤᠷ᠂ ᠲᠠᠷᠢᠶᠠᠨ ᠡᠮ᠂ ᠰᠦᠯᠢᠶᠣᠣ ᠪᠦᠷᠬᠦᠪᠴᠢ ᠵᠡᠷᠭᠡ ᠶᠢ ᠥᠯᠥ ᠨᠡᠮᠡᠭᠳᠡᠭᠦᠯᠬᠦ ᠠᠵᠢᠯᠯᠠᠭ᠎ᠠ ᠶᠢ ᠶᠡᠬᠡᠪᠡᠷ ᠬᠡᠷᠡᠭᠵᠢᠭᠦᠯᠵᠦ᠂ ᠬᠡᠷᠡᠭᠯᠡᠬᠦ ᠬᠡᠮᠵᠢᠶ᠎ᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠤᠷᠠᠭᠤᠯᠤᠨ᠎ᠠ᠃      ᠬᠤᠶᠠᠷ᠂ ᠭᠤᠤᠯ ᠳᠤ ᠬᠤᠯᠪᠣᠭᠳᠠᠬᠤ ᠡᠯ᠎ᠡ ᠵᠦᠶᠯ ᠤᠨ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃ ᠬᠠᠲᠤᠨ ᠭᠤᠤᠯ ᠤᠨ ᠭᠤᠤᠯ ᠤᠨ ᠵᠠᠮ ᠤᠨ ᠬᠠᠮᠢᠶᠠᠷᠤᠯᠲᠠ ᠶᠢᠨ ᠬᠡᠪᠴᠢᠶᠡᠨ ᠳᠣᠲᠣᠷ᠎ᠠ ᠲᠠᠷᠢᠶᠠᠨ ᠭᠠᠵᠠᠷ᠂ ᠬᠡᠷ ᠪᠠᠶᠢᠰᠢᠩ ᠵᠢᠴᠢ ᠬᠠᠮᠢᠶ᠎ᠠ ᠪᠥᠬᠦᠶ ᠲᠥᠬᠦᠭᠡᠷᠦᠮᠵᠢ ᠶᠢ ᠰᠢᠨ᠎ᠡ ᠪᠠᠷ ᠨᠡᠮᠡᠭᠳᠡᠭᠦᠯᠬᠦ ᠶᠢ ᠴᠢᠩᠭ᠎ᠠ ᠴᠠᠭᠠᠵᠠᠯᠠᠨ᠎ᠠ᠃ ᠤᠯᠤᠰ ᠤᠨ ᠴᠢᠬᠤᠯᠠ ᠶᠡᠭᠡ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢ ᠭᠠᠷᠭᠠᠪᠠᠯ᠂ ᠭᠤᠣᠯ ᠤᠨ ᠵᠠᠮ ᠤᠨ ᠬᠠᠮᠢᠶᠠᠷᠤᠯᠲᠠ ᠶᠢᠨ ᠬᠡᠪᠴᠢᠶᠡᠨ ᠳᠣᠲᠣᠷ᠎ᠠ ᠨᠢᠭᠡᠨᠲᠡ ᠴᠤᠬᠤᠪᠤᠷᠢᠯᠠᠭᠰᠠᠨ ᠪᠠᠶᠢᠭᠤᠯᠵᠤ ᠪᠠᠶᠢᠭ᠎ᠠ ᠪᠠ ᠪᠠᠶᠢᠭᠤᠯᠤᠭᠠᠳᠤᠶ ᠲᠥᠷᠥᠯ ᠵᠦᠢᠯ ᠢ ᠴᠥᠮ ᠲᠦᠷ ᠵᠣᠭᠰᠣᠭᠠᠨ᠎ᠠ ᠃ ᠭᠤᠣᠯ ᠤᠨ ᠵᠠᠮ ᠤᠨ ᠬᠠᠮᠢᠶᠠᠷᠤᠯᠲᠠ ᠶᠢᠨ ᠬᠡᠪᠴᠢᠶᠡᠨ ᠳᠣᠲᠣᠷ᠎ᠠ ᠬᠤᠳᠳᠤᠭ ᠮᠠᠯᠲᠠᠬᠤ᠂ ᠵᠣᠭᠤᠷᠢ ᠮᠠᠯᠲᠠᠬᠤ᠂ ᠵᠤᠭᠤᠷᠢ ᠪᠠᠷᠢᠬᠤ᠂ ᠪᠤᠯᠠᠰᠢᠯᠠᠬᠤ᠂ ᠰᠢᠷᠣᠢ ᠠᠪᠬᠤ᠂ ᠬᠠᠶᠢᠷ ᠮᠠᠯᠲᠠᠬᠤ᠂ ᠮᠠᠯ ᠬᠠᠷᠢᠭᠤᠯᠬᠤ᠂ ᠦᠶᠡᠷ ᠵᠠᠯᠠᠬᠤ ᠶᠢ ᠬᠠᠷᠰᠢᠯᠠᠬᠤ ᠤᠢ ᠮᠣᠳᠣ ᠲᠡᠷᠢᠬᠤ ᠵᠡᠷᠭᠡ ᠭᠤᠣᠯ ᠤᠨ ᠵᠠᠮ ᠤᠨ ᠤᠰᠤᠨ ᠣᠷᠣᠨ ᠤ ᠡᠷᠭᠢ  ᠶᠢᠨ ᠱᠤᠭᠤᠮ ᠢ ᠡᠵᠡᠯᠡᠬᠦ ᠵᠢᠴᠢ ᠵᠣᠷᠢᠭᠤᠳᠠ ᠬᠠᠯᠬᠠᠪᠴᠢ  ᠭᠠᠷᠭᠠᠬᠤ ᠶᠢ ᠴᠢᠩᠭ᠎ᠠ ᠴᠠᠭᠠᠵᠠᠯᠠᠨ᠎ᠠ᠃ ᠵᠥᠪᠰᠢᠶᠡᠷᠡᠯ ᠦᠭᠡᠢ ᠪᠠᠷ ᠭᠤᠣᠯ ᠤᠨ ᠵᠠᠮ ᠳᠣᠲᠣᠷ᠎ᠠ ᠪᠣᠬᠢᠷᠲᠤᠯ ᠭᠠᠳᠠᠭᠰᠢᠯᠠᠭᠤᠯᠬᠤ ᠠᠮᠠᠰᠠᠷ ᠭᠠᠷᠭᠠᠬᠤ ᠶᠢ ᠴᠢᠩᠭ᠎ᠠ ᠴᠠᠭᠠᠵᠠᠯᠠᠨ᠎ᠠ︔ ᠭᠤᠣᠯ ᠤᠨ ᠵᠠᠮ ᠳᠤ ᠭᠠᠳᠠᠭᠰᠢᠯᠠᠭᠤᠯᠬᠤ ᠪᠠᠷᠢᠮᠵᠢᠶ᠎ᠠ ᠳᠤ ᠬᠥᠷᠬᠦ ᠥᠭᠡᠢ ᠠᠮᠢᠳᠤᠷᠠᠯ ᠤᠨ ᠪᠤᠵᠠᠷ ᠤᠰᠤ᠂ ᠲᠡᠵᠢᠭᠡᠨ ᠦᠷᠡᠵᠢᠭᠦᠯᠦᠭᠰᠡᠨ ᠪᠤᠵᠠᠷ ᠤᠰᠤ᠂ ᠠᠵᠤ ᠦᠢᠯᠡᠳᠪᠦᠷᠢ ᠶᠢᠨ ᠬᠠᠶᠠᠭᠳᠠᠮᠠᠯ ᠤᠰᠤ ᠵᠡᠷᠭᠡ ᠶᠢ ᠭᠠᠳᠠᠭᠰᠢᠯᠠᠭᠤᠯᠬᠤ ᠶᠢ ᠴᠢᠩᠭ᠎ᠠ ᠴᠠᠭᠠᠵᠠᠯᠠᠨ᠎ᠠ︔ ᠭᠤᠤᠯ ᠤᠨ ᠵᠠᠮ ᠳᠤ ᠪᠠᠷᠢᠯᠭ᠎ᠠ ᠶᠢᠨ ᠬᠤᠭ ᠨᠣᠪᠰᠢ᠂ ᠠᠮᠢᠳᠤᠷᠠᠯ ᠤᠨ ᠬᠤᠭ ᠨᠣᠪᠰᠢ ᠬᠠᠶᠠᠬᠤ ᠶᠢ ᠴᠢᠩᠭ᠎ᠠ ᠴᠠᠭᠠᠵᠠᠯᠠᠨ᠎ᠠ᠃      ᠭᠤᠷᠪᠠ᠂ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠶᠢ ᠪᠦᠬᠦ ᠲᠠᠯ᠎ᠠ ᠪᠠᠷ ᠴᠢᠩᠭᠠᠳᠬᠠᠨ᠎ᠠ᠃ ᠬᠠᠲᠤᠨ ᠭᠤᠤᠯ ᠳᠠᠭᠠᠤ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠠᠮᠢᠶ᠎ᠠ ᠪᠥᠬᠦᠶ ᠬᠠᠤᠯᠢ ᠬᠡᠷᠡᠭᠵᠢᠭᠦᠯᠬᠦ ᠪᠠᠶᠢᠭᠤᠯᠭ᠎ᠠ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠪᠠᠨ ᠪᠥᠬᠦ ᠲᠠᠯ᠎ᠠ ᠪᠠᠷ ᠴᠢᠩᠭᠠᠳᠬᠠᠵᠤ᠂ ᠲᠣᠰ ᠵᠠᠷᠯᠠᠯ ᠤᠨ ᠬᠤᠯᠪᠣᠭᠳᠠᠯ ᠪᠥᠬᠦᠶ ᠲᠣᠭᠲᠠᠭᠠᠯ ᠤᠨ ᠱᠠᠭᠠᠷᠳᠠᠯᠭ᠎ᠠ ᠶᠢ ᠵᠥᠷᠢᠴᠡᠭᠰᠡᠨ ᠪᠠᠶᠢᠪᠠᠯ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠶᠡᠷ ᠢ ᠰᠡᠷᠭᠡᠶᠢᠯᠡᠬᠦ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠤᠤᠯ ᠤᠨ ᠵᠠᠮ ᠤᠨ ᠬᠠᠮᠢᠶᠠᠷᠤᠯᠲᠠ ᠶᠢᠨ ᠲᠦᠷᠢᠮ︾ ᠵᠡᠷᠭᠡ ᠬᠠᠤᠯᠢ ᠲᠣᠭᠲᠠᠭᠠᠯ ᠳᠤ ᠦᠨᠳᠦᠰᠦᠯᠡᠨ᠂ ᠬᠠᠤᠯᠢ ᠶᠣᠰᠣᠭᠠᠷ ᠬᠠᠷᠠᠭᠠᠯᠵᠠᠭᠰᠠᠨ ᠵᠠᠰᠠᠭ ᠵᠠᠬᠢᠷᠭᠠᠨ ᠤ ᠰᠢᠢᠳᠬᠡᠯ ᠥᠭᠭᠦᠨ᠎ᠡ᠃ ᠬᠠᠮᠢᠶᠠᠷᠤᠯᠲᠠ ᠶᠢ ᠳᠠᠭᠠᠬᠤ ᠥᠬᠡᠶ᠂ ᠬᠠᠤᠯᠢ ᠬᠡᠷᠡᠭᠵᠢᠭᠦᠯᠬᠦ ᠶᠢ ᠬᠠᠷᠰᠢᠯᠠᠭᠰᠠᠨ ᠪᠠᠶᠢᠪᠠᠯ᠂ ᠬᠠᠤᠯᠢ ᠲᠣᠭᠲᠠᠭᠠᠯ ᠶᠣᠰᠣᠭᠠᠷ ᠴᠢᠩᠭ᠎ᠠ ᠰᠢᠢᠳᠬᠡᠵᠦ᠂ ᠶᠠᠯ᠎ᠠ ᠪᠦᠷᠢᠯᠳᠦᠭᠦᠯᠦᠭᠰᠡᠨ ᠪᠣᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ ᠲᠠᠷᠢᠬᠤ ᠶᠢ ᠴᠠᠭᠠᠵᠠᠯᠠᠬᠤ ᠱᠠᠭᠠᠷᠳᠠᠯᠭ᠎ᠠ ᠶᠢ ᠵᠥᠷᠢᠴᠡᠭᠰᠡᠨ ᠪᠠᠶᠢᠪᠠᠯ᠂ ᠬᠠᠤᠯᠢ ᠵᠥᠷᠢᠴᠡᠭᠰᠡᠳ ᠬᠠᠮᠢᠶ᠎ᠠ ᠪᠦᠬᠦᠢ ᠬᠠᠤᠯᠢ ᠶᠢᠨ ᠬᠠᠷᠢᠭᠤᠴᠠᠯᠭ᠎ᠠ ᠡᠭᠦᠷᠭᠡᠯᠡᠵᠦ᠂ ᠪᠤᠢ ᠪᠦᠬᠦᠢ ᠬᠤᠬᠢᠷᠠᠯ ᠢ ᠬᠠᠷᠢᠭᠤᠴᠠᠨ᠎ᠠ᠃      ᠳᠥᠷᠪᠡ᠂ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠷᠠᠭᠤᠯᠤᠨ᠎ᠠ᠃ ᠲᠠᠷᠢᠶᠠᠯᠠᠩ ᠮᠠᠯ ᠠᠵᠤ ᠠᠬᠤᠶ ᠶᠢᠨ ᠪᠠᠶᠢᠭᠤᠯᠭ᠎ᠠ ᠨᠤᠭᠤᠳ ᠠᠷᠭ᠎ᠠ ᠬᠡᠮᠵᠢᠶ᠎ᠡ  ᠪᠠᠨ ᠨᠠᠷᠢᠯᠢᠭᠵᠢᠭᠤᠯᠵᠤ᠂ ᠲᠠᠩ  ᠭᠠᠵᠠᠷ ᠤᠨ ᠲᠠᠷᠢᠮᠠᠯ ᠤᠨ ᠪᠦᠲᠦᠴᠡ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠨ᠂ ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ ᠰᠡᠷᠭᠡᠶᠢᠯᠡᠨ ᠵᠠᠰᠠᠬᠤ ᠶᠢ ᠠᠬᠢᠭᠤᠯᠤᠨ᠎ᠠ᠃ ᠬᠠᠲᠤᠨ ᠭᠤᠤᠯ ᠳᠠᠭᠠᠤ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠤᠬᠠᠭᠤᠯᠬᠤ ᠪᠠᠶᠢᠭᠤᠯᠭ᠎ᠠ ᠤᠬᠠᠭᠤᠯᠵᠤ ᠬᠥᠲᠥᠯᠦᠨ ᠵᠢᠯᠣᠭᠤᠳᠬᠤ ᠪᠠᠨ ᠦᠨᠡᠨ ᠬᠦ ᠴᠢᠩᠭᠠᠳᠬᠠᠵᠤ᠂ ᠸᠢᠴᠠᠲ᠂ ᠷᠠᠳᠢᠣ᠋ ᠨᠡᠪᠲᠡᠷᠡᠭᠦᠯᠭᠡ ᠵᠡᠷᠭᠡ ᠣᠯᠠᠨ ᠵᠦᠶᠯ ᠤᠨ ᠠᠷᠭ᠎ᠠ ᠵᠠᠮ ᠢ ᠭᠦᠶᠴᠡᠳ ᠠᠰᠢᠭᠯᠠᠨ᠂ ᠣᠯᠠᠨ ᠵᠦᠶᠯ ᠤᠨ ᠠᠷᠭ᠎ᠠ ᠬᠡᠯᠪᠡᠷᠢ ᠪᠠᠷ ᠬᠤᠯᠪᠣᠭᠳᠠᠯ ᠪᠥᠬᠦᠶ ᠬᠠᠤᠯᠢ ᠲᠣᠭᠲᠠᠭᠠᠯ ᠢ ᠭᠦᠨᠵᠡᠭᠡᠶ ᠤᠬᠠᠭᠤᠯᠵᠤ᠂ ᠳᠠᠷᠢᠬᠤ ᠶᠢ ᠴᠠᠭᠠᠵᠠᠯᠠᠵᠤ ᠬᠢᠵᠠᠭᠠᠷᠯᠠᠬᠤ ᠲᠥᠷᠥ ᠶᠢᠨ ᠪᠣᠳᠣᠯᠭ᠎ᠠ ᠶᠢ ᠨᠠᠷᠢᠨ ᠬᠢᠨᠠᠮᠠᠭᠠᠶ ᠰᠠᠶᠢᠲᠤᠷ ᠲᠠᠶᠢᠯᠪᠤᠷᠢᠯᠠᠨ᠂ ᠣᠯᠠᠨ ᠲᠦᠮᠡᠨ ᠤ ᠠᠵᠢᠯ ᠢ ᠭᠦᠨᠵᠡᠭᠡᠶ ᠨᠢᠮᠪᠠᠶ ᠰᠠᠶᠢᠲᠤᠷ ᠬᠢᠵᠦ᠂ ᠬᠦᠴᠦᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠳᠠᠷᠢᠬᠤ ᠶᠢ ᠴᠠᠭᠠᠵᠠᠯᠠᠬᠤ ᠠᠵᠢᠯ ᠤᠨ ᠤᠷᠤᠭᠰᠢᠲᠠᠶ ᠶᠠᠪᠤᠭᠳᠠᠬᠤ ᠶᠢ ᠪᠠᠲᠤᠯᠠᠨ᠎ᠠ᠃      ᠲᠠᠪᠤ᠂ ᠢᠳᠡᠪᠬᠢᠲᠡᠢ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠦᠨ᠎ᠡ᠃ ᠶᠠᠮᠠᠷᠪᠠ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠲᠠᠷᠢᠬᠤ ᠶᠢ ᠴᠠᠭᠠᠵᠠᠯᠠᠬᠤ ᠬᠡᠪᠴᠢᠶᠡᠨ ᠳᠣᠲᠣᠷ᠎ᠠ ᠵᠠᠷᠯᠠᠯ ᠠᠴᠠ ᠵᠥᠷᠢᠴᠡᠭᠰᠡᠨ ᠠᠵᠢᠯᠯᠠᠭ᠎ᠠ ᠶᠢ ᠢᠯᠡᠷᠡᠭᠦᠯᠪᠡᠯ᠂ ᠴᠥᠮ ᠢᠳᠬᠠᠨ ᠬᠤᠷᠢᠭᠯᠠᠬᠤ ᠡᠷᠬᠡ ᠲᠠᠢ ᠪᠥᠭᠡᠳ ᠪᠠᠶᠢᠭ᠎ᠠ ᠰᠤᠮᠤ ᠪᠠᠯᠭᠠᠰᠤᠨ  ᠤ ᠠᠷᠠᠳ ᠤᠨ ᠵᠠᠰᠠᠭ ᠤᠨ ᠣᠷᠳᠣᠨ ᠪᠤᠶᠤ ᠬᠤᠯᠪᠣᠭᠳᠠᠯ ᠪᠥᠬᠦᠶ ᠬᠠᠤᠯᠢ ᠬᠡᠷᠡᠭᠵᠢᠭᠦᠯᠬᠦ ᠪᠠᠶᠢᠭᠤᠯᠭ᠎ᠠ ᠳᠤ ᠢᠯᠡᠴᠢᠯᠡᠨ ᠮᠡᠳᠡᠭᠦᠯᠦᠨ᠎ᠡ᠃      ᠲᠤᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃      ᠠᠳᠡ ᠣᠨᠴᠠᠭᠠᠶᠢᠯᠠᠨ ᠵᠠᠷᠯᠠᠪᠠ᠃                                             ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ                                             2023 ᠣᠨ ᠤ 3 ᠳ᠋ᠤᠭᠠᠷ ᠰᠠᠷ᠎ᠠ ᠶᠢᠨ 7 ᠤ ᠡᠳᠦᠷ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ       2023 ᠣᠨ ᠤ 3 ᠳ᠋ᠤᠭᠠᠷ ᠰᠠᠷ᠎ᠠ ᠶᠢᠨ 7 ᠤ ᠡᠳᠦᠷ ᠳᠠᠷᠤᠮᠠᠯᠯᠠᠨ ᠲᠠᠷᠬᠠᠭᠠᠪᠠ 
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ