ᠣᠲᠤᠭ ᠬᠤᠰᠢᠭᠤᠨ ᠤ ᠭᠤᠣᠯ ᠤᠨ ᠵᠠᠮ ᠤᠨ ᠠᠮᠤᠷ ᠲᠦᠪᠰᠢᠨ ᠤ ᠳᠠᠯᠳᠡ ᠭᠡᠮ ᠢ ᠲᠤᠰᠬᠠᠢ ᠳᠠᠷᠠᠭᠠᠯᠠᠨ ᠪᠠᠶᠢᠴᠠᠭᠠᠵᠤ ᠴᠡᠭᠴᠡᠯᠡᠬᠦ ᠠᠵᠢᠯ ᠤᠨ  ᠲᠥᠰᠥᠯ ᠢ ᠳᠠᠷᠤᠮᠠᠯᠯᠠᠨ ᠲᠠᠷᠬᠠᠭᠠᠬᠤ ᠲᠤᠬᠠᠢ ᠣᠳᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2023/4/10
                  ᠣᠳᠤᠭ ᠵᠠᠰᠠᠭ ᠠᠯᠪᠠᠨ ᠲᠠᠷᠬᠠᠭᠠᠭᠰᠠᠨ ﹇2023﹈ 18 ᠳ᠋ᠤᠭᠠᠷ ᠲᠣᠭᠠᠲᠤ             ᠣᠲᠤᠭ ᠬᠤᠰᠢᠭᠤᠨ ᠤ ᠭᠤᠣᠯ ᠤᠨ ᠵᠠᠮ ᠤᠨ ᠠᠮᠤᠷ ᠲᠦᠪᠰᠢᠨ ᠤ ᠳᠠᠯᠳᠡ ᠭᠡᠮ ᠢ ᠲᠤᠰᠬᠠᠢ ᠳᠠᠷᠠᠭᠠᠯᠠᠨ ᠪᠠᠶᠢᠴᠠᠭᠠᠵᠤ ᠴᠡᠭᠴᠡᠯᠡᠬᠦ ᠠᠵᠢᠯ ᠤᠨ             ᠲᠥᠰᠥᠯ ᠢ ᠳᠠᠷᠤᠮᠠᠯᠯᠠᠨ ᠲᠠᠷᠬᠠᠭᠠᠬᠤ ᠲᠤᠬᠠᠢ ᠣᠳᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯᠡᠯ᠎ᠡ ᠰᠤᠮᠤ ᠪᠠᠯᠭᠠᠰᠤ᠂ ᠬᠤᠰᠢᠭᠤᠨ ︵ᠬᠤᠲᠠ︶ ᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠪᠠᠶᠢᠭᠤᠯᠭ᠎ᠠ᠂ ᠡᠯ᠎ᠡ ᠬᠠᠮᠢᠶ᠎ᠠ ᠪᠦᠬᠦᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄      ︽ᠣᠲᠤᠭ ᠬᠤᠰᠢᠭᠤᠨ ᠤ ᠭᠤᠣᠯ ᠤᠨ ᠵᠠᠮ ᠤᠨ ᠠᠮᠤᠷ ᠲᠦᠪᠰᠢᠨ ᠤ ᠳᠠᠯᠳᠡ ᠭᠡᠮ ᠢ ᠲᠤᠰᠬᠠᠢ ᠳᠠᠷᠠᠭᠠᠯᠠᠨ ᠪᠠᠶᠢᠴᠠᠭᠠᠵᠤ ᠴᠡᠭᠴᠡᠯᠡᠬᠦ ᠠᠵᠢᠯ ᠤᠨ ᠲᠥᠰᠥᠯ ︾ ᠢ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ ᠡᠳᠦᠭᠡ ᠲᠠ ᠨᠠᠷ ᠲᠤ ᠳᠠᠷᠤᠮᠠᠯᠯᠠᠨ ᠲᠠᠷᠬᠠᠭᠠᠯ᠎ᠠ᠂ ᠨᠠᠷᠢᠨ ᠬᠢᠨᠠᠮᠠᠭᠠᠢ ᠲᠣᠭᠤᠰᠢᠯᠠᠭᠤᠯᠤᠨ ᠬᠡᠷᠡᠭᠵᠢᠭᠦᠯᠲᠦᠭᠡᠢ᠃                                                                                                     ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                                 2023 ᠣᠨ ᠤ 4 ᠳ᠋ᠦ᠋ᠭᠡᠷ ᠰᠠᠷ᠎ᠠ ᠶᠢᠨ 10 ᠤ ᠡᠳᠦᠷ                  ᠣᠲᠤᠭ ᠬᠤᠰᠢᠭᠤᠨ ᠤ ᠭᠤᠣᠯ ᠤᠨ ᠵᠠᠮ ᠤᠨ ᠠᠮᠤᠷ ᠲᠦᠪᠰᠢᠨ ᠤ ᠳᠠᠯᠳᠡ ᠭᠡᠮ ᠢ                   ᠲᠤᠰᠬᠠᠢ ᠳᠠᠷᠠᠭᠠᠯᠠᠨ ᠪᠠᠶᠢᠴᠠᠭᠠᠵᠤ ᠴᠡᠭᠴᠡᠯᠡᠬᠦ ᠠᠵᠢᠯ ᠤᠨ ᠲᠥᠰᠥᠯ      ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭᠠᠳᠬᠠᠵᠤ᠂ ︽ᠪᠦᠭᠦᠳᠡ ᠨᠠᠶᠢᠷᠠᠮᠳᠠᠬᠤ ᠳᠣᠮᠳᠠᠳᠤ ᠠᠷᠠᠳ ᠤᠯᠤᠰ ᠤᠨ ᠤᠰᠤᠨ ᠤ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠤᠣᠯ ᠤᠨ ᠵᠠᠮ ᠤᠨ ᠬᠠᠮᠢᠶᠠᠷᠤᠯᠲᠠ ᠶᠢᠨ ᠳᠦᠷᠢᠮ︾᠂ ︽ᠪᠦᠭᠦᠳᠡ ᠨᠠᠶᠢᠷᠠᠮᠳᠠᠬᠤ ᠳᠣᠮᠳᠠᠳᠤ ᠠᠷᠠᠳ ᠤᠯᠤᠰ ᠤᠨ ᠬᠠᠲᠤᠨ ᠭᠤᠣᠯ ᠤᠨ ᠬᠠᠮᠠᠭᠠᠯᠠᠯᠲᠠ ᠶᠢᠨ ᠬᠠᠤᠯᠢ︾᠂ ︽ᠥᠪᠥᠷ ᠮᠣᠩᠭᠤᠯ ᠤᠨ ᠭᠤᠣᠯ ᠮᠥᠷᠡᠨ ᠨᠠᠭᠤᠷ ᠴᠥᠬᠦᠷᠣᠮ ᠤᠨ ᠬᠠᠮᠢᠶᠠᠷᠤᠯᠲᠠ ᠬᠠᠮᠠᠭᠠᠯᠠᠯᠲᠠ ᠶᠢᠨ ᠳᠦᠷᠢᠮ︾ ᠢ ᠭᠦᠨᠵᠡᠭᠡᠢ ᠲᠣᠭᠤᠰᠢᠯᠭᠤᠯᠵᠤ ᠨᠠᠶᠢᠳᠠᠪᠤᠷᠢᠵᠢᠭᠤᠯᠤᠨ᠂ ᠬᠤᠰᠢᠭᠤᠨ ᠤ ᠬᠢᠯᠢ ᠳᠣᠲᠣᠷᠠᠬᠢ ᠭᠤᠣᠯ ᠤᠨ ᠵᠠᠮ ᠵᠢᠴᠢ ᠠᠭᠤᠯᠠᠨ ᠤ ᠦᠶᠡᠷ ᠤᠨ ᠭᠤᠤ ᠰᠤᠪᠠᠭ ᠤᠨ ᠦᠶᠡᠷ ᠢ ᠰᠡᠷᠭᠡᠶᠢᠯᠡᠬᠦ ᠠᠮᠤᠷ ᠲᠦᠪᠰᠢᠨ ᠤ ᠬᠠᠮᠢᠶᠠᠷᠤᠯᠲᠠ ᠶᠢᠨ ᠪᠠᠭᠤᠷᠠᠢ ᠭᠤᠭᠴᠤᠭ᠎ᠠ ᠶᠢ ᠪᠦᠬᠦ ᠲᠠᠯ᠎ᠠ ᠪᠠᠷ ᠣᠶᠢᠯᠠᠭᠠᠵᠤ᠂ ᠭᠤᠣᠯ ᠤᠨ ᠵᠠᠮ ᠵᠢᠴᠢ ᠠᠭᠤᠯᠠᠨ ᠤ ᠦᠶᠡᠷ ᠤᠨ ᠭᠤᠤ ᠰᠤᠪᠠᠭ ᠤᠨ ᠦᠶᠡᠷ ᠢ ᠰᠡᠷᠭᠡᠶᠢᠯᠡᠬᠦ ᠠᠮᠤᠷ ᠲᠦᠪᠰᠢᠨ ᠤ ᠲᠦᠭᠰᠢᠭᠦᠷᠢ ᠶᠢᠨ ᠳᠠᠯᠳᠡ ᠭᠡᠮ ᠢ ᠣᠨᠣᠪᠴᠢᠲᠠᠢ ᠡᠷᠢᠵᠦ ᠭᠠᠷᠭᠠᠨ᠂ ᠠᠰᠠᠭᠤᠳᠠᠯ ᠢ ᠣᠨᠣᠪᠴᠢᠲᠠᠢ ᠡᠷᠴᠢᠮᠲᠡᠢ ᠰᠢᠢᠳᠪᠣᠷᠢᠯᠡᠵᠣ᠂ ᠪᠦᠬᠦ ᠬᠤᠰᠢᠭᠤᠨ ᠤ ᠭᠤᠣᠯ ᠮᠥᠷᠡᠨ ᠨᠠᠭᠤᠷ ᠴᠥᠬᠦᠷᠣᠮ ᠤᠨ ᠠᠮᠢ ᠠᠬᠤᠢ ᠣᠷᠴᠢᠨ ᠲᠣᠭᠤᠷᠢᠨ ᠢ ᠤᠯᠠᠮ ᠰᠠᠶᠢᠵᠢᠷᠠᠭᠤᠯᠤᠨ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠤᠰᠠᠳᠡ᠂ ᠤᠲᠤᠭ ᠬᠤᠰᠢᠭᠤᠨ ᠤ ᠪᠣᠳᠠᠲᠠᠢ ᠲᠠᠢ ᠤᠶᠠᠯᠳᠤᠭᠤᠯᠵᠤ᠂ ᠲᠣᠰ ᠠᠵᠢᠯ ᠤᠨ ᠲᠥᠰᠥᠯ ᠢ ᠲᠣᠭᠲᠠᠭᠠᠪᠠ᠃      ᠨᠢᠭᠡ᠂ ᠶᠡᠷᠦᠩᠬᠡᠢ ᠱᠠᠭᠠᠷᠳᠠᠯᠭ᠎ᠠ      ᠰᠢ ᠶᠢᠨ ᠫᠢᠡᠭ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠣᠭᠤᠰᠢᠯᠠᠭᠤᠯᠵᠤ ᠨᠠᠶᠢᠳᠠᠪᠤᠷᠢᠵᠢᠭᠤᠯᠤᠨ᠂ ᠶᠡᠷᠦᠩᠬᠡᠢ ᠱᠦᠵᠢ ᠰᠢ ᠶᠢᠨ ᠫᠢᠡᠭ ᠤᠨ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠲᠤᠬᠠᠢ ᠠᠯᠢ ᠣᠯᠠᠨ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠬᠥᠬᠡᠮᠳᠦᠭ ᠨᠤᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠡ ᠮᠥᠨ ᠭᠡᠬᠦ ᠣᠶᠢᠯᠠᠭᠠᠭᠳᠠᠬᠤᠨ ᠢ ᠪᠠᠲᠤ ᠪᠣᠢ ᠪᠣᠯᠭᠠᠨ᠂ ᠭᠤᠣᠯ ᠮᠥᠷᠡᠨ ᠨᠠᠭᠤᠷ ᠴᠥᠬᠦᠷᠣᠮ ᠤᠨ ᠳᠠᠷᠤᠭ᠎ᠠ ᠶᠢᠨ ᠳᠦᠷᠢᠮ ᠢᠶᠠᠷ ᠭᠠᠷᠳᠠᠴᠠ ᠪᠣᠯᠭᠠᠵᠤ᠂ ᠭᠤᠤᠯ ᠤᠨ ᠵᠠᠮ ᠢ ᠰᠠᠭᠠᠳ ᠦᠭᠡᠢ᠂ ᠤᠰᠤ ᠶᠢ ᠴᠡᠩᠬᠡᠷ᠂ ᠡᠷᠭᠢ ᠶᠢ ᠨᠤᠭᠤᠭᠠᠨ᠂ ᠦᠵᠡᠮᠵᠢ ᠶᠢ ᠭᠤᠶᠤ ᠪᠠᠶᠢᠯᠭᠠᠬᠤ ᠪᠠᠷ ᠬᠠᠷᠠᠯᠲᠠ ᠪᠠᠨ ᠪᠣᠯᠭᠠᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ︽ᠭᠤᠤᠯ ᠮᠥᠷᠡᠨ ᠨᠠᠭᠤᠷ ᠴᠥᠬᠦᠷᠣᠮ ᠤᠨ ᠤᠰᠣᠨ ᠤ ᠡᠷᠭᠢ ᠱᠤᠭᠤᠮ ᠤᠨ ᠣᠷᠣᠨ ᠵᠠᠢ ᠶᠢᠨ ᠬᠠᠮᠢᠶᠠᠷᠤᠯᠲᠠ ᠡᠵᠡᠮᠳᠡᠯ ᠢ ᠴᠢᠩᠭᠠᠳᠬᠠᠬᠤ ᠲᠤᠬᠠᠢ ᠤᠰᠤᠨ ᠠᠰᠢᠭᠯᠠᠯᠲᠠ ᠶᠢᠨ ᠶᠠᠮᠤᠨ ᠤ ᠵᠢᠯᠤᠭᠤᠳᠬᠤ ᠰᠠᠨᠠᠯ︾ ᠶᠣᠰᠣᠭᠠᠷ᠂ ᠭᠤᠤᠯ ᠮᠥᠷᠡᠨ ᠨᠠᠭᠤᠷ ᠴᠥᠬᠦᠷᠣᠮ ᠤᠨ ᠤᠰᠤᠨ ᠤ ᠡᠷᠭᠢ ᠱᠤᠭᠤᠮ ᠢ ᠴᠢᠩᠭ᠎ᠠ ᠬᠠᠮᠢᠶᠠᠷᠴᠤ ᠡᠵᠡᠮᠳᠡᠨ᠂ ᠬᠠᠤᠯᠢ ᠪᠠᠷ ᠵᠠᠰᠠᠬᠤ᠂ ᠰᠢᠨᠵᠢᠯᠡᠬᠦ ᠤᠬᠠᠭᠠᠨᠴᠢ ᠪᠠᠷ ᠵᠠᠰᠠᠬᠤ᠂ ᠲᠥᠪᠯᠡᠷᠡᠩᠭᠦᠢ ᠵᠠᠰᠠᠬᠤ᠂ ᠶᠡᠷᠦᠩᠬᠡᠶᠢᠯᠡᠨ ᠠᠷᠭ᠎ᠠ ᠪᠣᠳᠣᠯᠭ᠎ᠠ ᠠᠪᠬᠤ᠂ ᠨᠢᠭᠡᠳᠦᠯᠲᠡᠢ ᠲᠥᠯᠥᠪᠯᠡᠵᠦ ᠠᠬᠢᠭᠤᠯᠬᠤ ᠶᠢ ᠪᠠᠷᠢᠮᠲᠠᠯᠠᠵᠤ᠂ ᠪᠦᠬᠦ ᠬᠤᠰᠢᠭᠤᠨ ᠤ ᠭᠤᠣᠯ ᠮᠥᠷᠡᠨ ᠨᠠᠭᠤᠷ ᠴᠥᠬᠦᠷᠣᠮ ᠤᠨ ᠳᠣᠪᠣᠶᠢᠮ᠎ᠡ ᠠᠰᠠᠭᠤᠳᠠᠯ ᠢ ᠦᠨᠡᠨ ᠬᠦ ᠰᠢᠢᠳᠪᠣᠷᠢᠯᠡᠨ᠂ ᠭᠤᠣᠯ ᠮᠥᠷᠡᠨ ᠨᠠᠭᠤᠷ ᠴᠥᠬᠦᠷᠣᠮ ᠢ ᠬᠠᠮᠠᠭᠠᠯᠠᠨ᠎ᠠ᠃      ᠬᠤᠶᠠᠷ᠂ ᠠᠵᠢᠯ ᠤᠨ ᠬᠠᠷᠠᠯᠲᠠ      ᠬᠤᠰᠢᠭᠤᠨ ᠤ ᠬᠢᠯᠢ ᠳᠣᠲᠣᠷᠠᠬᠢ ᠭᠤᠣᠯ ᠮᠥᠷᠡᠨ ᠨᠠᠭᠤᠷ ᠴᠥᠬᠦᠷᠣᠮ ᠤᠨ ᠬᠠᠮᠢᠶᠠᠷᠤᠯᠲᠠ ᠶᠢᠨ ᠬᠦᠷᠢᠶ᠎ᠡ ᠬᠡᠪᠴᠢᠶᠡᠨ ᠳᠠᠬᠢ ᠳᠤᠷ᠎ᠠ ᠪᠠᠷ ᠡᠵᠡᠯᠡᠭᠰᠡᠨ᠂ ᠳᠤᠷ᠎ᠠ ᠪᠠᠷ ᠮᠠᠯᠲᠠᠭᠰᠠᠨ᠂ ᠳᠤᠷ᠎ᠠ ᠪᠠᠷ ᠣᠪᠣᠭᠠᠯᠠᠭᠰᠠᠨ᠂ ᠳᠤᠷ᠎ᠠ ᠪᠠᠷ ᠪᠠᠶᠢᠭᠤᠯᠤᠭᠰᠠᠨ ᠪᠠ ᠴᠢ ᠫᠠᠨ ᠵᠢᠩ ᠮᠸᠡᠭ ᠰᠢ ᠣᠷᠣᠨ ᠤ ᠠᠭᠤᠯᠠᠨ ᠤ ᠦᠶᠡᠷ ᠤᠨ ᠭᠤᠤ ᠰᠤᠪᠠᠭ ᠤᠨ ᠦᠶᠡᠷ ᠤᠨ ᠵᠠᠮ ᠢ ᠳᠤᠷ᠎ᠠ ᠪᠠᠷ ᠡᠵᠡᠯᠡᠭᠰᠡᠨ᠂ ᠳᠤᠷ᠎ᠠ ᠪᠠᠷ ᠣᠪᠣᠭᠠᠯᠠᠭᠰᠠᠨ ᠪᠥᠭᠯᠡᠭᠰᠡᠨ ᠵᠢᠴᠢ ᠣᠯᠠᠨ ᠲᠦᠮᠡᠨ ᠤ ᠢᠯᠡᠴᠢᠯᠡᠨ ᠮᠡᠳᠡᠭᠦᠯᠦᠭᠰᠡᠨ ᠭᠤᠤᠯ ᠮᠥᠷᠡᠨ ᠨᠠᠭᠤᠷ ᠴᠥᠬᠦᠷᠣᠮ ᠲᠠᠢ ᠬᠤᠯᠪᠣᠭᠳᠠᠭᠰᠠᠨ ᠬᠠᠤᠯᠢ ᠲᠣᠭᠲᠠᠭᠠᠯ ᠵᠥᠷᠢᠴᠡᠭᠰᠡᠨ ᠠᠰᠠᠭᠤᠳᠠᠯ ᠢ ᠪᠦᠬᠦ ᠲᠠᠯ᠎ᠠ ᠪᠠᠷ ᠲᠠᠬᠢᠨ ᠳᠠᠷᠠᠭᠠᠯᠠᠨ ᠪᠠᠶᠢᠴᠠᠭᠠᠵᠤ᠂ ᠲᠠᠬᠢᠨ ᠴᠡᠭᠴᠡᠯᠡᠵᠦ ᠵᠠᠰᠠᠨ᠂ ᠬᠤᠭᠤᠰᠤᠨ ᠭᠠᠵᠠᠷ ᠦᠯᠡᠳᠡᠭᠡᠯ ᠦᠭᠡᠢ᠂ ᠦᠨᠴᠦᠭ ᠪᠣᠯᠦᠩ ᠦᠯᠡᠳᠡᠭᠡᠯ ᠦᠭᠡᠢ᠂ ᠪᠦᠬᠦᠨ ᠢ ᠬᠠᠮᠤᠷᠬᠤ ᠶᠢ ᠪᠡᠶᠡᠯᠡᠭᠦᠯᠦᠨ᠎ᠡ᠃ ᠳᠠᠷᠠᠭᠠᠯᠠᠨ ᠪᠠᠶᠢᠴᠠᠭᠠᠵᠤ ᠭᠠᠷᠭᠠᠭᠰᠠᠨ ᠠᠰᠠᠭᠤᠳᠠᠯ ᠢ ᠲᠥᠷᠥᠯ ᠠᠩᠭᠢᠯᠠᠨ ᠠᠰᠠᠭᠤᠳᠠᠯ ᠤᠨ ᠨᠠᠷᠢᠨ ᠳᠠᠩᠰᠠ ᠪᠠ ᠬᠠᠷᠢᠭᠤᠴᠠᠯᠭ᠎ᠠ ᠶᠢᠨ ᠨᠠᠷᠢᠨ ᠳᠠᠩᠰᠠ ᠭᠠᠷᠭᠠᠵᠤ᠂ ᠨᠢᠭᠡᠳ  ᠨᠢᠭᠡ ᠪᠠᠷ ᠴᠡᠭᠴᠡᠯᠡᠨ ᠵᠠᠰᠠᠬᠤ ᠠᠷᠭ᠎ᠠ ᠪᠠᠷᠢᠯ ᠲᠣᠭᠲᠠᠭᠠᠨ᠂ ᠨᠢᠭᠡ ᠶᠢ ᠢᠯᠡᠷᠡᠭᠦᠯᠪᠡᠯ᠂ ᠨᠢᠭᠡ ᠶᠢ ᠰᠢᠢᠳᠪᠦᠷᠢᠯᠡᠵᠦ᠂ ᠨᠢᠭᠡ ᠶᠢ ᠳᠠᠩᠰᠠᠨ ᠠᠴᠠ ᠭᠠᠷᠭᠠᠨ᠂ ᠲᠣᠭᠲᠠᠭᠠᠭᠰᠠᠨ ᠠᠯᠬᠤᠮ ᠳᠠᠷᠠᠭᠠᠯᠠᠯ ᠪᠠ ᠴᠠᠭ ᠤᠨ ᠬᠢᠵᠠᠭᠠᠷᠯᠠᠯ ᠢᠶᠠᠷ ᠲᠤᠰ ᠤᠳᠠᠭᠠᠨ ᠤ ᠲᠤᠰᠬᠠᠢ ᠠᠵᠢᠯᠯᠠᠭ᠎ᠠ ᠶᠢ ᠪᠦᠬᠦ ᠲᠠᠯ᠎ᠠ ᠪᠠᠷ ᠪᠡᠶᠡᠯᠡᠭᠦᠯᠵᠦ᠂ ᠭᠤᠣᠯ ᠤᠨ ᠵᠠᠮ ᠢ ᠰᠠᠭᠠᠳ ᠦᠭᠡᠢ᠂ ᠤᠰᠤ ᠶᠢ ᠴᠡᠩᠬᠡᠷ᠂ ᠡᠷᠭᠢ ᠶᠢ ᠨᠣᠭᠤᠭᠠᠨ᠂ ᠦᠵᠡᠮᠵᠢ ᠶᠢ ᠭᠤᠶᠤ ᠪᠠᠶᠢᠯᠭᠠᠬᠤ ᠭᠤᠣᠯ ᠮᠥᠷᠡᠨ ᠨᠠᠭᠤᠷ ᠴᠥᠬᠦᠷᠣᠮ ᠢ ᠬᠠᠮᠠᠭᠠᠯᠠᠬᠤ ᠬᠠᠷᠠᠯᠲᠠ ᠶᠢ ᠦᠨᠳᠦᠰᠦᠨ ᠳᠡᠭᠡᠨ ᠪᠡᠶᠡᠯᠡᠭᠦᠯᠦᠨ᠎ᠡ᠃      ᠭᠤᠷᠪᠡ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ      ᠪᠦᠬᠦ ᠬᠤᠰᠢᠭᠤᠨ ᠤ ᠭᠤᠣᠯ ᠮᠥᠷᠡᠨ ᠨᠠᠭᠤᠷ ᠴᠥᠬᠦᠷᠣᠮ ᠤᠨ ᠬᠠᠮᠢᠶᠠᠷᠤᠯᠲᠠ ᠶᠢᠨ ᠬᠦᠷᠢᠶ᠎ᠡ ᠬᠡᠪᠴᠢᠶᠡᠨ ᠳᠠᠬᠢ ᠳᠤᠷ᠎ᠠ ᠪᠠᠷ ᠡᠵᠡᠯᠡᠭᠰᠡᠨ᠂ ᠳᠤᠷ᠎ᠠ ᠪᠠᠷ ᠮᠠᠯᠲᠠᠭᠰᠠᠨ᠂ ᠳᠤᠷ᠎ᠠ ᠪᠠᠷ ᠣᠪᠣᠭᠠᠯᠠᠭᠰᠠᠨ᠂ ᠳᠤᠷ᠎ᠠ ᠪᠠᠷ ᠪᠠᠶᠢᠭᠤᠯᠤᠭᠰᠠᠨ ᠠᠰᠠᠭᠤᠳᠠᠯ᠂ ᠴᠢ ᠫᠠᠨ ᠵᠢᠩ ᠮᠸᠡᠭ ᠰᠢ ᠣᠷᠣᠨ ᠤ ᠠᠭᠤᠯᠠᠨ ᠤ ᠦᠶᠡᠷ ᠤᠨ ᠭᠤᠤ ᠰᠤᠪᠠᠭ ᠤᠨ ᠦᠶᠡᠷ ᠤᠨ ᠵᠠᠮ ᠢ ᠳᠤᠷ᠎ᠠ ᠪᠠᠷ ᠡᠵᠡᠯᠡᠭᠰᠡᠨ᠂ ᠳᠤᠷ᠎ᠠ ᠪᠠᠷ ᠣᠪᠣᠭᠠᠯᠠᠭᠰᠠᠨ ᠪᠥᠭᠯᠡᠭᠰᠡᠨ ᠵᠢᠴᠢ ᠣᠯᠠᠨ ᠲᠦᠮᠡᠨ ᠤ ᠢᠯᠡᠴᠢᠯᠡᠨ ᠮᠡᠳᠡᠭᠦᠯᠦᠭᠰᠡᠨ ᠭᠤᠤᠯ ᠮᠥᠷᠡᠨ ᠨᠠᠭᠤᠷ ᠴᠥᠬᠦᠷᠣᠮ ᠲᠠᠢ ᠬᠤᠯᠪᠣᠭᠳᠠᠭᠰᠠᠨ ᠬᠠᠤᠯᠢ ᠲᠣᠭᠲᠠᠭᠠᠯ ᠵᠥᠷᠢᠴᠡᠭᠰᠡᠨ ᠠᠰᠠᠭᠤᠳᠠᠯ᠂ ᠭᠤᠣᠯ ᠮᠥᠷᠡᠨ ᠨᠠᠭᠤᠷ ᠴᠥᠬᠦᠷᠣᠮ ᠵᠢᠴᠢ ᠠᠭᠤᠯᠠᠨ ᠤ ᠦᠶᠡᠷ ᠤᠨ ᠭᠤᠤ ᠰᠤᠪᠠᠭ ᠤᠨ ᠦᠶᠡᠷ ᠢ ᠰᠡᠷᠭᠡᠶᠢᠯᠡᠬᠦ ᠠᠮᠤᠷ ᠲᠦᠪᠰᠢᠨ ᠤ ᠳᠠᠯᠳᠡ ᠭᠡᠮ ᠢ ᠲᠤᠰᠬᠠᠢ ᠳᠠᠷᠠᠭᠠᠯᠠᠨ ᠪᠠᠶᠢᠴᠠᠭᠠᠵᠤ ᠴᠡᠭᠴᠡᠯᠡᠬᠦ ᠠᠵᠢᠯ ᠳᠤ ᠪᠣᠳᠠᠲᠤ ᠪᠦᠲᠦᠮᠵᠢ ᠭᠠᠷᠭᠠᠬᠤ ᠶᠢᠨ ᠲᠤᠰᠠᠳᠡ᠂ ᠬᠤᠰᠢᠭᠤᠨ ᠤ ᠲᠤᠰᠬᠠᠢ ᠳᠠᠷᠠᠭᠠᠯᠠᠨ ᠪᠠᠶᠢᠴᠠᠭᠠᠵᠤ ᠴᠡᠭᠴᠡᠯᠡᠬᠦ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠬᠤ ᠪᠠᠷ ᠲᠣᠭᠲᠠᠪᠠ᠂ ᠪᠦᠷᠢᠯᠳᠦᠬᠦᠨ ᠨᠢ ᠳᠣᠣᠷᠠᠬᠢ ᠮᠡᠲᠦ᠄      ᠳᠤᠭᠤᠶᠢᠯᠠᠩ ᠤᠨ ᠳᠠᠷᠤᠭ᠎ᠠ᠄ ᠸᠠᠩ ᠭᠦᠸᠧ ᠴᠢᠤᠸᠡᠨ       ᠬᠤᠰᠢᠭᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ᠂ ᠬᠤᠰᠢᠭᠤ ᠱᠠᠲᠤᠨ ᠤ ᠭᠤᠣᠯ ᠮᠥᠷᠡᠨ ᠨᠠᠭᠤᠷ ᠴᠥᠬᠦᠷᠣᠮ ᠤᠨ ᠶᠡᠷᠦᠩᠬᠡᠢ ᠳᠠᠷᠤᠭ᠎ᠠ      ᠳᠤᠭᠤᠶᠢᠯᠠᠩ ᠤᠨ ᠳᠡᠳ᠋ ᠳᠠᠷᠤᠭ᠎ᠠ᠄  ᠰᠢᠤᠢ ᠷᠦᠢ ᠹᠸᠡᠭ   ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ᠂ ᠬᠤᠰᠢᠭᠤᠨ ᠤ ᠳᠡᠰ ᠤᠨ ᠭᠤᠣᠯ ᠮᠥᠷᠡᠨ ᠨᠠᠭᠤᠷ ᠴᠥᠬᠦᠷᠣᠮ ᠤᠨ  ᠳᠠᠷᠤᠭ᠎ᠠ      ᠣᠶᠣᠨᠪᠠᠭᠠᠨ᠎ᠠ       ᠬᠤᠰᠢᠭᠤᠨ ᠤ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ᠂ ᠬᠤᠰᠢᠭᠤᠨ ᠤ ᠲᠡᠰ ᠤᠨ ᠭᠤᠣᠯ ᠮᠥᠷᠡᠨ ᠨᠠᠭᠤᠷ ᠴᠥᠬᠦᠷᠣᠮ ᠤᠨ ᠳᠠᠷᠤᠭ᠎ᠠ      ᠯᠢᠦ ᠲᠢᠶᠡᠨ ᠶᠦᠨ   ᠬᠤᠰᠢᠭᠤᠨ ᠤ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ᠂ ᠬᠤᠰᠢᠭᠤᠨ ᠤ ᠲᠡᠰ ᠤᠨ ᠭᠤᠣᠯ ᠮᠥᠷᠡᠨ ᠨᠠᠭᠤᠷ ᠴᠥᠬᠦᠷᠣᠮ ᠤᠨ ᠳᠡᠳ᠋ ᠶᠡᠷᠦᠩᠬᠡᠢ ᠳᠠᠷᠤᠭ᠎ᠠ      ᠼᠦᠢ ᠵᠢᠩ         ᠬᠤᠰᠢᠭᠤᠨ ᠤ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ᠂ ᠬᠤᠰᠢᠭᠤᠨ ᠤ ᠲᠡᠰ ᠤᠨ ᠭᠤᠣᠯ ᠮᠥᠷᠡᠨ ᠨᠠᠭᠤᠷ ᠴᠥᠬᠦᠷᠣᠮ ᠤᠨ ᠳᠠᠷᠤᠭ᠎ᠠ      ᠯᠢᠤ ᠷᠦᠢ          ᠬᠤᠰᠢᠭᠤᠨ ᠤ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ᠂ ᠬᠤᠰᠢᠭᠤᠨ ᠤ ᠲᠡᠰ ᠤᠨ ᠭᠤᠣᠯ ᠮᠥᠷᠡᠨ ᠨᠠᠭᠤᠷ ᠴᠥᠬᠦᠷᠣᠮ ᠤᠨ ᠳᠠᠷᠤᠭ᠎ᠠ      ᠨᠠᠰᠤᠨᠳᠡᠯᠭᠡᠷ        ᠬᠤᠰᠢᠭᠤᠨ ᠤ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ᠂ ᠬᠤᠰᠢᠭᠤᠨ ᠤ ᠲᠡᠰ ᠤᠨ ᠭᠤᠣᠯ ᠮᠥᠷᠡᠨ ᠨᠠᠭᠤᠷ ᠴᠥᠬᠦᠷᠣᠮ ᠤᠨ ᠳᠠᠷᠤᠭ᠎ᠠ      ᠴᠢ᠊ ᠮᠥᠷᠡᠨ         ᠪᠠᠷᠠᠭᠤᠨ ᠣᠷᠳᠣᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶᠠᠨ ᠳᠠᠷᠤᠭ᠎ᠠ      ᠪᠦᠷᠢᠯᠳᠦᠬᠦᠨ᠄ ᠣᠷᠣᠭᠰᠢᠯᠠ   ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ      ᠭᠤᠤ ᠭᠤᠸᠠᠩ ᠹᠸᠡᠭ  ᠬᠤᠰᠢᠭᠤᠨ ᠤ ᠠᠵᠤ ᠦᠢᠯᠡᠳᠪᠦᠷᠢ ᠮᠡᠳᠡᠭᠡ ᠵᠠᠩᠭᠢᠴᠢᠯᠠᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶᠠᠨ ᠳᠠᠷᠤᠭ᠎ᠠ      ᠴᠤᠭ              ᠬᠤᠰᠢᠭᠤᠨ ᠤ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠣᠪᠴᠢᠶᠠᠨ ᠳᠠᠷᠤᠭ᠎ᠠ      ᠴᠢᠶᠤᠤ ᡁᠢ ᠬᠤᠸ᠋ᠨ  ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶᠠᠨ ᠳᠠᠷᠤᠭ᠎ᠠ᠂ ᠬᠤᠰᠢᠭᠤᠨ ᠤ ᠭᠤᠣᠯ ᠮᠥᠷᠡᠨ ᠨᠠᠭᠤᠷ ᠴᠥᠬᠦᠷᠣᠮ ᠤᠨ ᠳᠠᠷᠤᠭ᠎ᠠ ᠶᠢᠨ ᠠᠯᠪᠠᠨ ᠭᠡᠷ ᠤᠨ ᠡᠷᠬᠢᠯᠡᠭᠴᠢ      ᠶᠠᠩ ᠵᠧᠨ ᠫᠢᠡᠭ     ᠬᠤᠰᠢᠭᠤᠨ ᠤ ᠡᠨᠧᠷᠬᠢ ᠶᠢᠨ ᠲᠣᠪᠴᠢᠶᠠᠨ ᠳᠠᠷᠤᠭ᠎ᠠ      ᠯᠠᠨ ᠹᠸᠡᠭ         ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶᠠᠨ ᠳᠠᠷᠤᠭ᠎ᠠ      ᠯᠢ ᠵᠦᠡᠭ          ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶᠠᠨ ᠳᠠᠷᠤᠭ᠎ᠠ      ᠵᠢᠶᠡᠩ ᡁᠢ ᠵᠢᠶᠦ᠋ᠨ          ᠬᠤᠰᠢᠭᠤᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶᠠᠨ ᠳᠠᠷᠤᠭ᠎ᠠ      ᠰᠦᠨ ᠵᠢᠶᠡᠨ ᠬᠤᠸ᠋ᠨ         ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠳᠠᠷᠤᠭ᠎ᠠ      ᠵᠠᠶᠠᠭ᠎ᠠ                   ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠣᠪᠴᠢᠶᠠᠨ ᠳᠠᠷᠤᠭ᠎ᠠ      ᠾᠧ ᠯᠸᠢ                 ᠤᠯᠠᠭᠠᠨᠪᠠᠯᠭᠠᠰᠣᠨ ᠤ ᠪᠠᠯᠭᠠᠰᠤᠨ ᠳᠠᠷᠤᠭ᠎ᠠ᠂ ᠪᠠᠯᠭᠠᠰᠤᠨ ᠤ ᠲᠡᠰ ᠤᠨ ᠭᠤᠣᠯ ᠮᠥᠷᠡᠨ ᠨᠠᠭᠤᠷ ᠴᠥᠬᠦᠷᠣᠮ ᠤᠨ ᠳᠡᠳ᠋ ᠶᠡᠷᠦᠩᠬᠡᠢ ᠳᠠᠷᠤᠭ᠎ᠠ      ᠡᠷᠳᠡᠨᠢᠳᠠᠯᠠᠢ                ᠴᠢ ᠫᠠᠨ ᠵᠢᠩ ᠪᠠᠯᠭᠠᠰᠤᠨ ᠤ ᠪᠠᠯᠭᠠᠰᠤᠨ ᠳᠠᠷᠤᠭ᠎ᠠ᠂ ᠪᠠᠯᠭᠠᠰᠤᠨ ᠤ ᠲᠡᠰ ᠤᠨ ᠭᠤᠣᠯ ᠮᠥᠷᠡᠨ ᠨᠠᠭᠤᠷ ᠴᠥᠬᠦᠷᠣᠮ ᠤᠨ ᠳᠡᠳ᠋ ᠶᠡᠷᠦᠩᠬᠡᠢ ᠳᠠᠷᠤᠭ᠎ᠠ      ᠵᠠᠩ ᠶᠸᠤ ᠮᠢᠩ             ᠮᠸᠡᠭ ᠰᠢ ᠪᠠᠯᠭᠠᠰᠤᠨ ᠤ ᠳᠠᠷᠤᠭ᠎ᠠ᠂ ᠪᠠᠯᠭᠠᠰᠤᠨ ᠤ ᠲᠡᠰ ᠤᠨ ᠭᠤᠣᠯ ᠮᠥᠷᠡᠨ ᠨᠠᠭᠤᠷ ᠴᠥᠬᠦᠷᠣᠮ ᠤᠨ ᠳᠡᠳ᠋ ᠶᠡᠷᠦᠩᠬᠡᠢ ᠳᠠᠷᠤᠭ᠎ᠠ      ᠬᠡᠰᠢᠭᠪᠡᠲᠤ                 ᠥᠮᠡᠬᠡᠶᠢᠨᠠᠭᠤᠷ ᠪᠠᠯᠭᠠᠰᠤᠨ ᠤ ᠳᠠᠷᠤᠭ᠎ᠠ᠂ ᠪᠠᠯᠭᠠᠰᠤᠨ ᠤ ᠲᠡᠰ ᠤᠨ ᠭᠤᠣᠯ ᠮᠥᠷᠡᠨ ᠨᠠᠭᠤᠷ ᠴᠥᠬᠦᠷᠣᠮ ᠤᠨ ᠳᠡᠳ᠋ ᠶᠡᠷᠦᠩᠬᠡᠢ ᠳᠠᠷᠤᠭ᠎ᠠ      ᠵᠠᠩ ᠶᠡᠨ ᠰᠢᠨ             ᠠᠷᠪᠠᠰ ᠰᠤᠮᠤᠨ ᠤ ᠰᠤᠮᠤᠨ ᠳᠠᠷᠤᠭ᠎ᠠ᠂ ᠪᠠᠯᠭᠠᠰᠤᠨ ᠤ ᠲᠡᠰ ᠤᠨ ᠭᠤᠣᠯ ᠮᠥᠷᠡᠨ ᠨᠠᠭᠤᠷ ᠴᠥᠬᠦᠷᠣᠮ ᠤᠨ ᠳᠡᠳ᠋ ᠶᠡᠷᠦᠩᠬᠡᠢ ᠳᠠᠷᠤᠭ᠎ᠠ      ᠯᠢ ᠬᠤᠢ                   ᠰᠦᠮᠡᠲᠦ ᠰᠤᠮᠤᠨ ᠤ ᠰᠤᠮᠤᠨ ᠳᠠᠷᠤᠭ᠎ᠠ᠂ ᠪᠠᠯᠭᠠᠰᠤᠨ ᠤ ᠲᠡᠰ ᠤᠨ ᠭᠤᠣᠯ ᠮᠥᠷᠡᠨ ᠨᠠᠭᠤᠷ ᠴᠥᠬᠦᠷᠣᠮ ᠤᠨ ᠳᠡᠳ᠋ ᠶᠡᠷᠦᠩᠬᠡᠢ ᠳᠠᠷᠤᠭ᠎ᠠ      ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶᠠᠨ ᠳᠤ ᠲᠣᠬᠢᠷᠠᠭᠤᠯᠵᠤ᠂ ᠴᠢᠶᠤᠤ ᡁᠢ ᠬᠤᠸ᠋ᠨ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠬᠠᠪᠰᠤᠷᠭᠠᠵᠤ ᠡᠭᠦᠷᠭᠡᠯᠡᠨ᠂ ᠡᠳᠦᠷ ᠳᠣᠳᠥᠮ ᠤᠨ ᠠᠵᠢᠯ ᠢ ᠵᠣᠬᠢᠴᠠᠭᠤᠯᠬᠤ᠂ ᠬᠠᠷᠢᠯᠴᠠᠬᠤ᠂ ᠲᠣᠬᠢᠷᠠᠭᠤᠯᠬᠤ᠂ ᠳᠠᠩᠰᠠᠨ ᠠᠴᠠ ᠭᠠᠷᠭᠠᠬᠤ ᠵᠡᠷᠭᠡ ᠠᠵᠢᠯ ᠢ ᠬᠠᠷᠢᠭᠤᠴᠠᠨ᠎ᠠ᠃      ᠳᠥᠷᠪᠡ᠂ ᠳᠠᠷᠠᠭᠠᠯᠠᠨ ᠪᠠᠶᠢᠴᠠᠭᠠᠵᠤ ᠴᠡᠭᠴᠡᠯᠡᠬᠦ ᠡᠭᠦᠷᠭᠡ      ︵ᠨᠢᠭᠡ︶ ᠳᠠᠷᠠᠭᠠᠯᠠᠨ ᠪᠠᠶᠢᠴᠠᠭᠠᠯᠲᠠ ᠪᠠᠷ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠬᠦ      2022 ᠣᠨ ᠤ 9 ᠰᠠᠷ᠎ᠠ ᠠᠴᠠ ᠡᠬᠢᠯᠡᠵᠦ᠂ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠲᠤᠰᠬᠠᠢ ᠪᠦᠯᠬᠦᠮ ᠤᠷᠢᠵᠤ ᠪᠦᠬᠦ ᠬᠤᠰᠢᠭᠤᠨ ᠤ ᠬᠢᠯᠢ ᠳᠣᠲᠣᠷᠠᠬᠢ ᠭᠤᠣᠯ ᠤᠨ ᠵᠠᠮ᠂ ᠨᠠᠭᠤᠷ ᠴᠥᠬᠦᠷᠣᠮ ᠤᠨ ᠬᠠᠮᠢᠶᠠᠷᠤᠯᠲᠠ ᠶᠢᠨ ᠬᠦᠷᠢᠶ᠎ᠡ ᠬᠡᠪᠴᠢᠶᠡᠨ ᠳᠠᠬᠢ ᠳᠤᠷ᠎ᠠ ᠪᠠᠷ ᠡᠵᠡᠯᠡᠭᠰᠡᠨ᠂ ᠳᠤᠷ᠎ᠠ ᠪᠠᠷ ᠮᠠᠯᠲᠠᠭᠰᠠᠨ᠂ ᠳᠤᠷ᠎ᠠ ᠪᠠᠷ ᠣᠪᠣᠭᠠᠯᠠᠭᠰᠠᠨ᠂ ᠳᠤᠷ᠎ᠠ ᠪᠠᠷ ᠪᠠᠶᠢᠭᠤᠯᠤᠭᠰᠠᠨ ᠠᠰᠠᠭᠤᠳᠠᠯ ᠢ ᠳᠠᠷᠠᠭᠠᠯᠠᠨ ᠪᠠᠶᠢᠴᠠᠭᠠᠯᠭᠠᠪᠠ᠂ ᠬᠢᠵᠢᠭ ᠤᠨ ᠨᠥᠯᠥᠭᠡ ᠪᠠᠷ ᠳᠠᠷᠠᠭᠠᠯᠠᠨ ᠪᠠᠶᠢᠴᠠᠭᠠᠬᠤ ᠠᠵᠢᠯ ᠢ 2023 ᠣᠨ ᠤ 3 ᠳ᠋ᠤᠭᠠᠷ ᠤᠨ ᠰᠠᠷ᠎ᠠ ᠶᠢᠨ ᠠᠷᠪᠠᠳ ᠢᠶᠠᠷ ᠳᠠᠭᠤᠰᠬᠠᠵᠤ᠂ ᠳᠠᠷᠠᠭᠠᠯᠠᠨ  ᠪᠠᠶᠢᠴᠠᠭᠠᠯᠲᠠ ᠪᠠᠷ ᠨᠡᠭᠦᠷᠡᠰᠦᠨ ᠠᠭᠤᠷᠬᠠᠢ ᠶᠢᠨ ᠠᠵᠤ ᠠᠬᠤᠶᠢᠯᠠᠯ ᠤᠨ ᠰᠢᠷᠣᠢ ᠭᠠᠳᠠᠭᠰᠢᠯᠠᠭᠤᠯᠬᠤ ᠲᠠᠯᠠᠪᠡᠢ ᠨᠢ ᠭᠤᠣᠯ ᠤᠨ ᠵᠠᠮ ᠢ ᠡᠵᠡᠯᠡᠭᠰᠡᠨ᠂ ᠠᠵᠤ ᠠᠬᠤᠶᠢᠯᠠᠯ ᠥᠪᠡᠷᠰᠡᠳ ᠢᠶᠠᠨ ᠭᠤᠣᠯ ᠤᠨ ᠵᠠᠮ ᠢ ᠥᠭᠡᠷᠡᠴᠢᠯᠡᠭᠰᠡᠨ᠂ ᠠᠵᠤ ᠠᠬᠤᠶᠢᠯᠠᠯ ᠤᠨ ᠦᠢᠯᠡᠳᠪᠦᠷᠢ ᠶᠢᠨ ᠪᠠᠶᠢᠰᠢᠩ ᠢ ᠭᠤᠣᠯ ᠤᠨ ᠵᠠᠮ ᠳᠤ ᠪᠠᠷᠢᠭᠰᠠᠨ ᠵᠡᠷᠭᠡ ᠭᠤᠣᠯ ᠤᠨ ᠵᠠᠮ ᠤᠨ ᠦᠶᠡᠷ ᠢ ᠰᠡᠷᠭᠡᠶᠢᠯᠡᠬᠦ ᠠᠮᠤᠷ ᠲᠦᠪᠰᠢᠨ ᠢ ᠨᠥᠯᠥᠭᠡᠯᠡᠭᠰᠡᠨ 59 ᠴᠢᠬᠤᠯᠠ ᠶᠡᠭᠡ ᠠᠰᠠᠭᠤᠳᠠᠯ ᠢ ᠪᠠᠶᠢᠴᠠᠭᠠᠨ ᠢᠯᠡᠷᠡᠭᠦᠯᠵᠦ᠂ ᠡᠳᠡᠭᠡᠷ ᠦᠵᠡᠭᠳᠡᠯ ᠨᠢ ᠭᠤᠣᠯ ᠤᠨ ᠵᠠᠮ ᠤᠨ ᠬᠡᠪ ᠢᠶᠠᠷ ᠦᠶᠡᠷ ᠶᠠᠪᠤᠬᠤ ᠶᠢ ᠶᠡᠬᠡᠪᠡᠷ ᠨᠥᠯᠥᠭᠡᠯᠡᠭᠰᠡᠨ ᠠᠴᠠ ᠴᠠᠭ ᠳᠠᠷᠤᠢ ᠲᠤᠨᠢ ᠴᠡᠭᠴᠡᠯᠡᠬᠦ ᠦᠭᠡᠢ ᠪᠣᠯ᠂ ᠦᠶᠡᠷ ᠤᠰᠤᠳᠤᠯ ᠳᠤ ᠠᠮᠠᠷᠬᠠᠨ ᠠᠪᠲᠠᠭᠳᠠᠨ᠂ ᠦᠶᠡᠷ ᠤᠨ ᠣᠷᠣᠰᠬᠠᠯ ᠤᠨ ᠴᠢᠭᠯᠡᠯ ᠢ ᠥᠭᠡᠷᠡᠴᠢᠯᠡᠵᠦ᠂ ᠬᠦᠨᠳᠦ ᠨᠣᠴᠢᠲᠠᠢ ᠦᠷ᠎ᠡ ᠳ᠋ᠦᠩ ᠭᠠᠷᠭᠠᠵᠤ ᠮᠡᠳᠡᠨ᠎ᠡ︔ ᠡᠭᠦᠨ ᠤ ᠳᠠᠭᠠᠤ᠂ ᠵᠠᠷᠢᠮ ᠭᠤᠣᠯ ᠤᠨ ᠵᠠᠮ ᠳᠤ ᠪᠠᠰᠠ ᠮᠠᠯᠴᠢᠨ ᠠᠶᠢᠯ ᠤᠨ ᠭᠡᠷ ᠪᠠᠶᠢᠰᠢᠩ᠂ ᠬᠤᠷᠤᠭ᠎ᠠ ᠰᠠᠷᠠᠪᠴᠢ ︵ᠳᠠᠭᠠᠯᠳᠤᠭᠤᠯᠤᠯ ᠬᠦᠰᠦᠨᠦᠭᠲᠦ︶ ᠵᠡᠷᠭᠡ ᠪᠤᠢ᠃      ᠲᠥᠷᠦᠭᠦᠯᠡᠨ ᠬᠢᠬᠦ ᠤᠳᠤᠷᠢᠳᠤᠯᠭ᠎ᠠ᠄ ᠰᠢᠤᠢ ᠷᠦᠢ ᠹᠸᠡᠭ    ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ᠂ ᠬᠤᠰᠢᠭᠤᠨ ᠤ ᠲᠡᠰ ᠤᠨ ᠭᠤᠣᠯ ᠮᠥᠷᠡᠨ ᠨᠠᠭᠤᠷ ᠴᠥᠬᠦᠷᠣᠮ ᠤᠨ ᠳᠠᠷᠤᠭ᠎ᠠ      ᠣᠶᠣᠨᠪᠠᠭᠠᠨ᠎ᠠ              ᠬᠤᠰᠢᠭᠤᠨ ᠤ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ᠂ ᠬᠤᠰᠢᠭᠤᠨ ᠤ ᠲᠡᠰ ᠤᠨ ᠭᠤᠣᠯ ᠮᠥᠷᠡᠨ ᠨᠠᠭᠤᠷ ᠴᠥᠬᠦᠷᠣᠮ ᠤᠨ ᠳᠠᠷᠤᠭ᠎ᠠ      ᠯᠢᠦ ᠲᠢᠶᠡᠨ ᠶᠦᠨ           ᠬᠤᠰᠢᠭᠤᠨ ᠤ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ᠂ ᠬᠤᠰᠢᠭᠤᠨ ᠤ ᠲᠡᠰ ᠤᠨ ᠭᠤᠣᠯ ᠮᠥᠷᠡᠨ ᠨᠠᠭᠤᠷ ᠴᠥᠬᠦᠷᠣᠮ ᠤᠨ ᠳᠡᠳ᠋ ᠶᠡᠷᠦᠩᠬᠡᠢ ᠳᠠᠷᠤᠭ᠎ᠠ      ᠼᠦᠢ ᠵᠢᠩ                ᠬᠤᠰᠢᠭᠤᠨ ᠤ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ᠂ ᠬᠤᠰᠢᠭᠤᠨ ᠤ ᠲᠡᠰ ᠤᠨ ᠭᠤᠣᠯ ᠮᠥᠷᠡᠨ ᠨᠠᠭᠤᠷ ᠴᠥᠬᠦᠷᠣᠮ ᠤᠨ ᠳᠠᠷᠤᠭ᠎ᠠ      ᠯᠢᠤ ᠷᠦᠢ                 ᠬᠤᠰᠢᠭᠤᠨ ᠤ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ᠂ ᠬᠤᠰᠢᠭᠤᠨ ᠤ ᠲᠡᠰ ᠤᠨ ᠭᠤᠣᠯ ᠮᠥᠷᠡᠨ ᠨᠠᠭᠤᠷ ᠴᠥᠬᠦᠷᠣᠮ ᠤᠨ ᠳᠠᠷᠤᠭ᠎ᠠ      ᠨᠠᠰᠤᠨᠳᠡᠯᠭᠡᠷ               ᠬᠤᠰᠢᠭᠤᠨ ᠤ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ᠂ ᠬᠤᠰᠢᠭᠤᠨ ᠤ ᠲᠡᠰ ᠤᠨ ᠭᠤᠣᠯ ᠮᠥᠷᠡᠨ ᠨᠠᠭᠤᠷ ᠴᠥᠬᠦᠷᠣᠮ ᠤᠨ ᠳᠠᠷᠤᠭ᠎ᠠ      ᠴᠡᠭᠴᠡᠯᠡᠬᠦ ᠠᠷᠭ᠎ᠠ ᠪᠠᠷᠢᠯ᠄ ᠭᠤᠣᠯ ᠤᠨ ᠵᠠᠮ ᠳᠣᠲᠣᠷᠠᠬᠢ ᠰᠢᠷᠣᠢ ᠭᠠᠳᠠᠭᠰᠢᠯᠠᠭᠤᠯᠬᠤ ᠲᠠᠯᠠᠪᠤᠷ ᠢ ᠴᠡᠪᠡᠷᠯᠡᠵᠦ᠂ ᠭᠤᠣᠯ ᠤᠨ ᠵᠠᠮ ᠳᠣᠲᠣᠷ᠎ᠠ ᠪᠠᠶᠢᠭᠤᠯᠤᠭᠰᠠᠨ ᠦᠢᠯᠡᠳᠪᠦᠷᠢ ᠶᠢᠨ ᠪᠠᠶᠢᠰᠢᠩ ᠢ ᠨᠤᠷᠠᠭᠠᠨ᠂ ᠭᠤᠣᠯ ᠤᠨ ᠵᠠᠮ ᠤᠨ ᠦᠶᠡᠷ ᠶᠠᠪᠤᠬᠤ ᠵᠠᠮ ᠢ ᠰᠡᠷᠭᠦᠭᠡᠨ᠎ᠡ︔ ᠭᠤᠣᠯ ᠤᠨ ᠵᠠᠮ ᠤᠨ ᠳᠣᠲᠣᠷᠠᠬᠢ ᠮᠠᠯ ᠤᠨ ᠬᠤᠷᠤᠭ᠎ᠠ ᠰᠠᠷᠠᠪᠴᠢ ᠶᠢ ᠨᠤᠷᠠᠭᠠᠵᠤ᠂ ᠭᠤᠣᠯ ᠤᠨ ᠵᠠᠮ ᠤᠨ ᠦᠶᠡᠷ ᠶᠠᠪᠤᠬᠤ ᠵᠠᠮ ᠢ ᠰᠡᠷᠭᠦᠭᠡᠨ᠎ᠡ︔ ᠮᠠᠯᠴᠢᠨ ᠲᠠᠷᠢᠶᠠᠴᠢᠳ ᠤᠨ ᠭᠤᠣᠯ ᠤᠨ ᠵᠠᠮ ᠠᠭᠤᠯᠠᠨ ᠤ ᠦᠶᠡᠷ ᠤᠨ ᠭᠤᠤ ᠰᠣᠪᠠᠭ ᠠᠴᠠ ᠣᠶᠢᠷᠠᠬᠠᠨ ᠪᠠᠶᠢᠭ᠎ᠠ ᠭᠡᠷ ᠪᠠᠶᠢᠰᠢᠩ ᠤᠨ ᠨᠡᠭᠦᠬᠦ ᠨᠥᠬᠦᠴᠡᠯ ᠲᠠᠢ ᠶᠢ ᠨᠡᠭᠦᠯᠭᠡᠨ᠎ᠡ︔ ᠨᠡᠭᠦᠬᠦ ᠨᠥᠬᠦᠴᠡᠯ ᠦᠭᠡᠢ ᠪᠣᠯ᠂ ᠰᠡᠷᠭᠡᠶᠢᠯᠡᠵᠦ ᠬᠠᠮᠠᠭᠠᠯᠠᠬᠤ ᠬᠠᠯᠬᠠᠪᠴᠢ ᠪᠠᠶᠢᠭᠤᠯᠵᠤ ᠥᠭᠭᠦᠨ᠎ᠡ︔ ᠠᠭᠤᠯᠠᠨ ᠤ ᠦᠶᠡᠷ ᠤᠨ ᠭᠤᠤ ᠰᠣᠪᠠᠭ ᠢ ᠲᠣᠭᠲᠠᠮᠠᠯ ᠬᠤᠭᠤᠴᠠᠭ᠎ᠠ ᠲᠠᠢ ᠪᠠᠷ ᠳᠠᠷᠠᠭᠠᠯᠠᠨ ᠪᠠᠶᠢᠴᠠᠭᠠᠵᠤ᠂ ᠠᠮᠤᠷ ᠲᠦᠪᠰᠢᠨ ᠤ ᠳᠠᠯᠳᠡ ᠭᠡᠮ ᠤᠨ ᠠᠰᠠᠭᠤᠳᠠᠯ ᠢ ᠴᠠᠭ ᠳᠠᠷᠤᠢ ᠲᠤᠨᠢ ᠰᠢᠢᠳᠪᠦᠷᠢᠯᠡᠨ᠂ ᠦᠶᠡᠷ ᠶᠠᠪᠤᠬᠤ ᠳᠤ ᠰᠠᠭᠠᠳ ᠦᠭᠡᠢ ᠪᠠᠶᠢᠬᠤ ᠶᠢ ᠪᠠᠲᠤᠯᠠᠨ᠎ᠠ᠃      ᠬᠠᠷᠢᠭᠤᠴᠠᠯᠭᠠᠲᠤ ᠪᠠᠶᠢᠭᠤᠯᠭ᠎ᠠ᠄ ᠬᠤᠯᠪᠣᠭᠳᠠᠯ ᠪᠦᠬᠦᠢ ᠰᠣᠮᠣ ᠪᠠᠯᠭᠠᠰᠤ᠂ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ︵ᠬᠢᠨᠠᠨ ᠬᠠᠮᠢᠶᠠᠷᠴᠤ᠂ ᠮᠡᠷᠭᠡᠵᠢᠯ ᠤᠨ ᠵᠢᠯᠣᠭᠤᠳᠤᠯᠭ᠎ᠠ ᠬᠢᠨ᠎ᠡ︶᠂ ᠬᠤᠰᠢᠭᠤᠨ ᠤ ᠡᠨᠧᠷᠬᠢ ᠶᠢᠨ ᠲᠣᠪᠴᠢᠶ᠎ᠠ᠂ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠣᠪᠴᠢᠶ᠎ᠠ᠂ ᠬᠤᠰᠢᠭᠤᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠃      ᠴᠡᠭᠴᠡᠯᠡᠬᠦ ᠴᠠᠭ ᠤᠨ ᠬᠢᠵᠠᠭᠠᠷᠯᠠᠯ᠄ 2023 ᠣᠨ ᠤ 5 ᠳ᠋ᠤᠭᠠᠷ ᠰᠠᠷ᠎ᠠ ᠶᠢᠨ 30 ᠤ ᠡᠳᠦᠷ ᠠᠴᠠ ᠡᠮᠦᠨ᠎ᠡ      ᠴᠡᠭᠴᠡᠯᠡᠬᠦ ᠠᠵᠢᠯ ᠢ ᠭᠠᠷᠠᠭ ᠲᠤ ᠲᠣᠬᠢᠷᠠᠭᠤᠯᠵᠤ᠂ ᠨᠢᠭᠡ ᠶᠢ ᠪᠡᠶᠡᠯᠡᠭᠦᠯᠴᠢᠬᠡᠪᠡᠯ ᠨᠢᠭᠡ ᠶᠢ ᠨᠢ ᠳᠠᠩᠰᠠᠨ ᠠᠴᠠ ᠭᠠᠷᠭᠠᠨ᠎ᠠ᠃ ᠬᠠᠷᠢᠭᠤᠴᠠᠯᠭᠠᠲᠤ ᠨᠢᠭᠡᠴᠢ ᠪᠦᠬᠦᠨ 1 ᠬᠤᠪᠢᠶᠠᠨ ᠬᠠᠮᠢᠶᠠᠷᠴᠤ ᠪᠦᠬᠦᠢ ᠤᠳᠤᠷᠢᠳᠤᠯᠭ᠎ᠠ ᠪᠠ 1 ᠠᠵᠢᠯᠲᠠᠨ ᠲᠣᠬᠢᠷᠠᠭᠤᠯᠵᠣ᠂ ᠭᠠᠷᠠᠭ ᠤᠨ ᠲᠠᠪᠤᠨ ᠤ ᠦᠳᠡ ᠶᠢᠨ ᠡᠮᠦᠨ᠎ᠡ ᠠᠵᠢᠯ ᠠᠴᠠ ᠪᠠᠨ ᠪᠠᠭᠤᠬᠤ ᠠᠴᠠ ᠡᠮᠦᠨ᠎ᠡ ᠴᠡᠭᠴᠡᠯᠡᠭᠰᠡᠨ ᠪᠠᠶᠢᠳᠠᠯ ᠢ ᠲᠤᠰᠬᠠᠢ ᠳᠠᠷᠠᠭᠠᠯᠠᠨ ᠪᠠᠶᠢᠴᠠᠭᠠᠵᠤ ᠴᠡᠭᠴᠡᠯᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ ᠮᠡᠳᠡᠭᠦᠯᠦᠨ᠎ᠡ᠂ ᠬᠠᠷᠢᠯᠴᠠᠭᠴᠢ᠄ ᠦᠨᠡᠨᠴᠢ᠂ 15044768111᠃      ︵ᠬᠤᠶᠠᠷ︶ ᠲᠠᠬᠢᠨ ᠳᠠᠷᠠᠭᠠᠯᠠᠨ ᠪᠠᠶᠢᠴᠠᠭᠠᠵᠤ ᠲᠠᠬᠢᠨ ᠴᠡᠭᠴᠡᠯᠡᠬᠦ      ᠡᠯ᠎ᠡ ᠱᠠᠲᠤᠨ ᠤ ᠭᠤᠣᠯ ᠮᠥᠷᠡᠨ ᠨᠠᠭᠤᠷ ᠴᠥᠬᠦᠷᠣᠮ ᠤᠨ ᠳᠠᠷᠤᠭ᠎ᠠ ᠬᠠᠷᠢᠭᠤᠴᠠᠵᠤ ᠪᠠᠶᠢᠭ᠎ᠠ ᠭᠤᠣᠯ ᠮᠥᠷᠡᠨ ᠨᠠᠭᠤᠷ ᠴᠥᠬᠦᠷᠣᠮ ᠢ ᠲᠠᠬᠢᠨ ᠨᠢᠭᠡ ᠤᠳᠠᠭ᠎ᠠ ᠪᠦᠬᠦ ᠲᠠᠯ᠎ᠠ ᠪᠠᠷ ᠳᠠᠷᠠᠭᠠᠯᠠᠨ ᠪᠠᠶᠢᠴᠠᠭᠠᠵᠤ᠂ ᠢᠯᠡᠷᠡᠭᠦᠯᠦᠭᠰᠡᠨ ᠠᠰᠠᠭᠤᠳᠠᠯ ᠢ ᠪᠡᠶ᠎ᠡ ᠪᠠᠷ ᠢᠶᠠᠨ ᠱᠠᠭᠠᠷᠳᠠᠵᠤ ᠰᠢᠢᠳᠪᠦᠷᠢᠯᠡᠭᠦᠯᠦᠨ᠂ ᠳᠠᠷᠤᠶᠢᠬᠠᠨ ᠴᠡᠭᠴᠡᠯᠡᠵᠦ ᠵᠠᠯᠠᠷᠠᠭᠤᠯᠤᠨ᠎ᠠ︔ ᠡᠯ᠎ᠡ ᠰᠤᠮᠤ ᠪᠠᠯᠭᠠᠰᠤᠨ ᠤ ᠵᠠᠰᠠᠭ ᠤᠨ ᠣᠷᠳᠣᠨ ᠵᠢᠴᠢ ᠭᠤᠣᠯ ᠮᠥᠷᠡᠨ ᠨᠠᠭᠤᠷ ᠴᠥᠬᠦᠷᠣᠮ ᠤᠨ ᠳᠠᠷᠤᠭ᠎ᠠ ᠬᠠᠷᠢᠶ᠎ᠠ ᠣᠷᠣᠨ ᠤ ᠪᠠᠨ ᠳᠣᠲᠣᠷᠠᠬᠢ ᠭᠤᠣᠯ ᠤᠨ ᠵᠠᠮ᠂ ᠠᠭᠤᠯᠠᠨ ᠤ ᠦᠶᠡᠷ ᠤᠨ ᠭᠤᠤ ᠰᠣᠪᠠᠭ ᠢ ᠲᠠᠬᠢᠨ ᠨᠢᠭᠡ ᠤᠳᠠᠭ᠎ᠠ ᠪᠦᠬᠦ ᠲᠠᠯ᠎ᠠ ᠪᠠᠷ ᠳᠠᠷᠠᠭᠠᠯᠠᠨ ᠪᠠᠶᠢᠴᠠᠭᠠᠵᠤ᠂ ᠲᠤᠰ ᠤᠳᠠᠭᠠᠨ ᠤ ᠪᠠᠶᠢᠴᠠᠭᠠᠯᠲᠠ ᠪᠠᠷ ᠠᠰᠠᠭᠤᠳᠠᠯ ᠢᠯᠡᠷᠡᠭᠦᠯᠦᠭᠰᠡᠨ ᠦᠭᠡᠢ ᠭᠤᠣᠯ ᠤᠨ ᠵᠠᠮ ᠤᠨ ᠦᠶᠡᠷ ᠰᠡᠷᠭᠡᠶᠢᠯᠡᠬᠦ ᠠᠮᠤᠷ ᠲᠦᠪᠰᠢᠨ ᠤ ᠳᠠᠯᠳᠡ ᠭᠡᠮ ᠤᠨ ᠠᠰᠠᠭᠤᠳᠠᠯ ᠢ ᠨᠢᠭᠡ ᠯᠠ ᠤᠳᠠᠭ᠎ᠠ ᠳᠡᠭᠡᠷ᠎ᠡ ᠴᠡᠭᠴᠡᠯᠡᠵᠦ ᠨᠠᠶᠢᠳᠠᠪᠤᠷᠢᠵᠢᠭᠤᠯᠤᠨ᠂ ᠭᠤᠤᠯ ᠤᠨ ᠵᠠᠮ ᠪᠥᠭᠯᠡᠷᠡᠭᠰᠡᠨ᠂ ᠵᠠᠮ ᠢ ᠥᠭᠡᠷᠡᠴᠢᠯᠡᠭᠰᠡᠨ ᠠᠴᠠ ᠪᠣᠯᠵᠤ ᠠᠷᠠᠳ ᠲᠦᠮᠡᠨ ᠤ ᠠᠮᠢ ᠨᠠᠰᠤ ᠪᠠ ᠡᠳ᠋ ᠬᠤᠭᠰᠢᠯ ᠢ ᠬᠤᠬᠢᠷᠠᠭᠤᠯᠤᠭᠰᠠᠨ ᠠᠰᠠᠭᠤᠳᠠᠯ ᠲᠠᠬᠢᠨᠳᠡ ᠡᠭᠦᠰᠬᠦ ᠶᠢ ᠡᠷᠡᠰ ᠳᠡᠪᠴᠢᠨ᠎ᠡ᠃       ᠲᠥᠷᠦᠭᠦᠯᠡᠨ ᠬᠢᠬᠦ ᠤᠳᠤᠷᠢᠳᠤᠯᠭ᠎ᠠ᠄ ᠰᠢᠤᠢ ᠷᠦᠢ ᠹᠸᠡᠭ    ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ᠂ ᠬᠤᠰᠢᠭᠤᠨ ᠤ ᠲᠡᠰ ᠤᠨ ᠭᠤᠣᠯ ᠮᠥᠷᠡᠨ ᠨᠠᠭᠤᠷ ᠴᠥᠬᠦᠷᠣᠮ ᠤᠨ ᠳᠠᠷᠤᠭ᠎ᠠ      ᠣᠶᠣᠨᠪᠠᠭᠠᠨ᠎ᠠ            ᠬᠤᠰᠢᠭᠤᠨ ᠤ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ᠂ ᠬᠤᠰᠢᠭᠤᠨ ᠤ ᠲᠡᠰ ᠤᠨ ᠭᠤᠣᠯ ᠮᠥᠷᠡᠨ ᠨᠠᠭᠤᠷ ᠴᠥᠬᠦᠷᠣᠮ ᠤᠨ ᠳᠠᠷᠤᠭ᠎ᠠ      ᠯᠢᠦ ᠲᠢᠶᠡᠨ ᠶᠦᠨ        ᠬᠤᠰᠢᠭᠤᠨ ᠤ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ᠂ ᠬᠤᠰᠢᠭᠤᠨ ᠤ ᠲᠡᠰ ᠤᠨ ᠭᠤᠣᠯ ᠮᠥᠷᠡᠨ ᠨᠠᠭᠤᠷ ᠴᠥᠬᠦᠷᠣᠮ ᠤᠨ ᠳᠡᠳ᠋ ᠶᠡᠷᠦᠩᠬᠡᠢ ᠳᠠᠷᠤᠭ᠎ᠠ      ᠼᠦᠢ ᠵᠢᠩ             ᠬᠤᠰᠢᠭᠤᠨ ᠤ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ᠂ ᠬᠤᠰᠢᠭᠤᠨ ᠤ ᠲᠡᠰ ᠤᠨ ᠭᠤᠣᠯ ᠮᠥᠷᠡᠨ ᠨᠠᠭᠤᠷ ᠴᠥᠬᠦᠷᠣᠮ ᠤᠨ ᠳᠠᠷᠤᠭ᠎ᠠ      ᠯᠢᠤ ᠷᠦᠢ              ᠬᠤᠰᠢᠭᠤᠨ ᠤ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ᠂ ᠬᠤᠰᠢᠭᠤᠨ ᠤ ᠲᠡᠰ ᠤᠨ ᠭᠤᠣᠯ ᠮᠥᠷᠡᠨ ᠨᠠᠭᠤᠷ ᠴᠥᠬᠦᠷᠣᠮ ᠤᠨ ᠳᠠᠷᠤᠭ᠎ᠠ      ᠨᠠᠰᠤᠨᠳᠡᠯᠭᠡᠷ            ᠬᠤᠰᠢᠭᠤᠨ ᠤ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ᠂ ᠬᠤᠰᠢᠭᠤᠨ ᠤ ᠲᠡᠰ ᠤᠨ ᠭᠤᠣᠯ ᠮᠥᠷᠡᠨ ᠨᠠᠭᠤᠷ ᠴᠥᠬᠦᠷᠣᠮ ᠤᠨ ᠳᠠᠷᠤᠭ᠎ᠠ      ᠬᠠᠷᠢᠭᠤᠴᠠᠯᠭᠠᠲᠤ ᠪᠠᠶᠢᠭᠤᠯᠭ᠎ᠠ᠄ ᠡᠯ᠎ᠡ ᠰᠤᠮᠤ ᠪᠠᠯᠭᠠᠰᠤᠨ ᠤ ᠵᠠᠰᠠᠭ ᠤᠨ ᠣᠷᠳᠣᠨ᠂ ᠰᠤᠮᠤ ᠪᠠᠯᠭᠠᠰᠤᠨ ᠤ ᠲᠡᠰ ᠤᠨ ᠭᠤᠣᠯ ᠮᠥᠷᠡᠨ ᠨᠠᠭᠤᠷ ᠴᠥᠬᠦᠷᠣᠮ ᠤᠨ ᠳᠠᠷᠤᠭ᠎ᠠ᠂ ᠬᠤᠰᠢᠭᠤᠨ ︵ᠬᠤᠲᠠ︶ ᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠪᠠᠶᠢᠭᠤᠯᠭ᠎ᠠ᠂ ᠡᠯ᠎ᠡ ᠬᠠᠮᠢᠶ᠎ᠠ ᠪᠦᠬᠦᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠃      ᠴᠡᠭᠴᠡᠯᠡᠬᠦ ᠴᠠᠭ ᠤᠨ ᠬᠢᠵᠠᠭᠠᠷᠯᠠᠯ᠄ ᠳᠠᠷᠤᠶᠢᠬᠠᠨ ᠴᠡᠭᠴᠡᠯᠡᠵᠦ ᠵᠠᠯᠠᠷᠠᠭᠤᠯᠤᠨ᠂ ᠤᠷᠲᠤ ᠬᠤᠭᠤᠴᠠᠭ᠎ᠠ ᠪᠠᠷ ᠪᠠᠷᠢᠮᠲᠠᠯᠠᠨ᠎ᠠ᠃      ︵ᠭᠤᠷᠪᠡ︶ ᠣᠯᠠᠨ ᠲᠦᠮᠡᠨ ᠤ ᠢᠯᠡᠴᠢᠯᠡᠨ ᠮᠡᠳᠡᠭᠦᠯᠦᠭᠰᠡᠨ ᠭᠤᠣᠯ ᠮᠥᠷᠡᠨ ᠨᠠᠭᠤᠷ ᠴᠥᠬᠦᠷᠣᠮ ᠲᠠᠢ ᠬᠤᠯᠪᠣᠭᠳᠠᠭᠰᠠᠨ ᠬᠠᠤᠯᠢ ᠲᠣᠭᠲᠠᠭᠠᠯ ᠵᠥᠷᠢᠴᠡᠭᠰᠡᠨ ᠠᠰᠠᠭᠤᠳᠠᠯ      ᠤᠷᠴᠢᠮ ᠤᠨ ᠵᠢᠯ ᠳᠤ᠂ ᠥᠷᠭᠡᠨ ᠣᠯᠠᠨ ᠲᠦᠮᠡᠨ ᠤ ᠬᠠᠤᠯᠢ ᠪᠠᠷ ᠵᠠᠰᠠᠬᠤ ᠦᠵᠡᠯ ᠤᠬᠠᠮᠰᠠᠷ ᠳᠡᠭᠡᠭᠰᠢᠯᠡᠵᠦ᠂ ᠬᠠᠷᠢᠭᠤ ᠲᠤᠰᠬᠠᠭᠰᠠᠨ ᠠᠰᠠᠭᠤᠳᠠᠯ ᠤᠳ ᠴᠤ ᠣᠯᠠᠰᠢᠷᠠᠭᠰᠠᠨ ᠠᠴᠠ ᠡᠯ᠎ᠡ ᠰᠤᠮᠤ ᠪᠠᠯᠭᠠᠰᠤ᠂ ᠬᠤᠰᠢᠭᠤᠨ ︵ᠬᠤᠲᠠ︶ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠪᠠᠶᠢᠭᠤᠯᠭ᠎ᠠ᠂ ᠡᠯ᠎ᠡ ᠬᠠᠮᠢᠶ᠎ᠠ ᠪᠦᠬᠦᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠣᠯᠠᠨ ᠲᠦᠮᠡᠨ ᠤ ᠢᠯᠡᠴᠢᠯᠡᠨ ᠮᠡᠳᠡᠭᠦᠯᠦᠭᠰᠡᠨ ᠭᠤᠣᠯ ᠮᠥᠷᠡᠨ ᠨᠠᠭᠤᠷ ᠴᠥᠬᠦᠷᠣᠮ ᠲᠠᠢ ᠬᠤᠯᠪᠣᠭᠳᠠᠭᠰᠠᠨ ᠬᠠᠤᠯᠢ ᠲᠣᠭᠲᠠᠭᠠᠯ ᠵᠥᠷᠢᠴᠡᠭᠰᠡᠨ ᠠᠰᠠᠭᠤᠳᠠᠯ ᠢ ᠬᠦᠯᠢᠶᠡᠨ ᠠᠪᠤᠮᠠᠭᠴᠠ ᠳᠠᠷᠤᠶᠢᠬᠠᠨ ᠰᠢᠢᠳᠪᠦᠷᠢᠯᠡᠨ᠎ᠡ᠃      ᠲᠥᠷᠦᠭᠦᠯᠡᠨ ᠬᠢᠬᠦ ᠨᠢᠭᠡᠴᠢ᠄ ᠰᠢᠤᠢ ᠷᠦᠢ ᠹᠸᠡᠭ    ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ᠂ ᠬᠤᠰᠢᠭᠤᠨ ᠤ ᠲᠡᠰ ᠤᠨ ᠭᠤᠣᠯ ᠮᠥᠷᠡᠨ ᠨᠠᠭᠤᠷ ᠴᠥᠬᠦᠷᠣᠮ ᠤᠨ ᠳᠠᠷᠤᠭ᠎ᠠ      ᠣᠶᠣᠨᠪᠠᠭᠠᠨ᠎ᠠ            ᠬᠤᠰᠢᠭᠤᠨ ᠤ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ᠂ ᠬᠤᠰᠢᠭᠤᠨ ᠤ ᠲᠡᠰ ᠤᠨ ᠭᠤᠣᠯ ᠮᠥᠷᠡᠨ ᠨᠠᠭᠤᠷ ᠴᠥᠬᠦᠷᠣᠮ ᠤᠨ ᠳᠠᠷᠤᠭ᠎ᠠ      ᠯᠢᠦ ᠲᠢᠶᠡᠨ ᠶᠦᠨ        ᠬᠤᠰᠢᠭᠤᠨ ᠤ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ᠂ ᠬᠤᠰᠢᠭᠤᠨ ᠤ ᠲᠡᠰ ᠤᠨ ᠭᠤᠣᠯ ᠮᠥᠷᠡᠨ ᠨᠠᠭᠤᠷ ᠴᠥᠬᠦᠷᠣᠮ ᠤᠨ ᠳᠡᠳ᠋ ᠶᠡᠷᠦᠩᠬᠡᠢ ᠳᠠᠷᠤᠭ᠎ᠠ      ᠼᠦᠢ ᠵᠢᠩ             ᠬᠤᠰᠢᠭᠤᠨ ᠤ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ᠂ ᠬᠤᠰᠢᠭᠤᠨ ᠤ ᠲᠡᠰ ᠤᠨ ᠭᠤᠣᠯ ᠮᠥᠷᠡᠨ ᠨᠠᠭᠤᠷ ᠴᠥᠬᠦᠷᠣᠮ ᠤᠨ ᠳᠠᠷᠤᠭ᠎ᠠ      ᠯᠢᠤ ᠷᠦᠢ               ᠬᠤᠰᠢᠭᠤᠨ ᠤ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ᠂ ᠬᠤᠰᠢᠭᠤᠨ ᠤ ᠲᠡᠰ ᠤᠨ ᠭᠤᠣᠯ ᠮᠥᠷᠡᠨ ᠨᠠᠭᠤᠷ ᠴᠥᠬᠦᠷᠣᠮ ᠤᠨ ᠳᠠᠷᠤᠭ᠎ᠠ      ᠨᠠᠰᠤᠨᠳᠡᠯᠭᠡᠷ             ᠬᠤᠰᠢᠭᠤᠨ ᠤ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ᠂ ᠬᠤᠰᠢᠭᠤᠨ ᠤ ᠲᠡᠰ ᠤᠨ ᠭᠤᠣᠯ ᠮᠥᠷᠡᠨ ᠨᠠᠭᠤᠷ ᠴᠥᠬᠦᠷᠣᠮ ᠤᠨ ᠳᠠᠷᠤᠭ᠎ᠠ      ᠴᠡᠭᠴᠡᠯᠡᠬᠦ ᠠᠷᠭ᠎ᠠ ᠪᠠᠷᠢᠯ᠄ ᠢᠯᠡᠴᠢᠯᠡᠨ ᠮᠡᠳᠡᠭᠦᠯᠦᠭᠰᠡᠨ ᠠᠰᠠᠭᠤᠳᠠᠯ ᠢᠶᠠᠷ ᠨᠢ ᠴᠡᠭᠴᠡᠯᠡᠬᠦ ᠠᠷᠭ᠎ᠠ ᠪᠠᠷᠢᠯ ᠲᠣᠭᠲᠠᠭᠠᠨ᠎ᠠ᠃      ᠬᠠᠷᠢᠭᠤᠴᠠᠯᠭᠠᠲᠤ ᠨᠢᠭᠡᠴᠢ᠄ ᠡᠯ᠎ᠡ ᠰᠤᠮᠤ ᠪᠠᠯᠭᠠᠰᠤᠨ ᠤ ᠵᠠᠰᠠᠭ ᠤᠨ ᠣᠷᠳᠣᠨ᠂ ᠰᠤᠮᠤ ᠪᠠᠯᠭᠠᠰᠤᠨ ᠤ ᠲᠡᠰ ᠤᠨ ᠭᠤᠣᠯ ᠮᠥᠷᠡᠨ ᠨᠠᠭᠤᠷ ᠴᠥᠬᠦᠷᠣᠮ ᠤᠨ ᠳᠠᠷᠤᠭ᠎ᠠ᠂ ᠬᠤᠰᠢᠭᠤᠨ ︵ᠬᠤᠲᠠ︶ ᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠪᠠᠶᠢᠭᠤᠯᠭ᠎ᠠ᠂ ᠡᠯ᠎ᠡ ᠬᠠᠮᠢᠶ᠎ᠠ ᠪᠦᠬᠦᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠃      ᠴᠡᠭᠴᠡᠯᠡᠬᠦ ᠴᠠᠭ ᠤᠨ ᠬᠢᠵᠠᠭᠠᠷᠯᠠᠯ᠄ ᠳᠠᠷᠣᠶᠢᠬᠠᠨ ᠴᠡᠭᠴᠡᠯᠡᠨ ᠵᠠᠯᠠᠷᠠᠭᠤᠯᠵᠤ᠂ ᠤᠷᠲᠤ ᠬᠤᠭᠤᠴᠠᠭ᠎ᠠ ᠪᠠᠷ ᠪᠠᠷᠢᠮᠲᠠᠯᠠᠨ᠎ᠠ      ᠲᠠᠪᠤ᠂ ᠠᠵᠢᠯᠯᠠᠬᠤ ᠵᠠᠷᠴᠢᠮ       ︵ᠨᠢᠭᠡ︶ ᠠᠰᠠᠭᠤᠳᠠᠯ ᠢᠶᠠᠷ ᠤᠳᠤᠷᠢᠳᠤᠮᠵᠢ ᠪᠣᠯᠭᠠᠵᠤ᠂ ᠭᠤᠣᠯᠳᠠᠯᠭ᠎ᠠ ᠶᠢ ᠳᠣᠪᠣᠶᠢᠯᠭᠠᠨ᠎ᠠ᠃ ︽ᠭᠤᠤᠯ ᠮᠥᠷᠡᠨ ᠨᠠᠭᠤᠷ ᠴᠥᠬᠦᠷᠣᠮ ᠤᠨ ᠤᠰᠤᠨ ᠤ ᠡᠷᠭᠢ ᠱᠤᠭᠤᠮ ᠤᠨ ᠣᠷᠣᠨ ᠵᠠᠢ ᠶᠢᠨ ᠬᠠᠮᠢᠶᠠᠷᠤᠯᠲᠠ ᠡᠵᠡᠮᠳᠡᠯ ᠢ ᠴᠢᠩᠭᠠᠳᠬᠠᠬᠤ ᠲᠤᠬᠠᠢ ᠤᠰᠤᠨ ᠠᠰᠢᠭᠯᠠᠯᠲᠠ ᠶᠢᠨ ᠶᠠᠮᠤᠨ ᠤ ᠵᠢᠯᠤᠭᠤᠳᠬᠤ ᠰᠠᠨᠠᠯ︾ ᠶᠣᠰᠣᠭᠠᠷ ᠂ ᠭᠤᠣᠯ ᠮᠥᠷᠡᠨ ᠨᠠᠭᠤᠷ ᠴᠥᠬᠦᠷᠣᠮ ᠤᠨ ᠬᠠᠮᠢᠶᠠᠷᠤᠯᠲᠠ ᠶᠢᠨ ᠰᠠᠶᠢᠨ ᠰᠠᠶᠢᠬᠠᠨ ᠡᠮᠬᠢ ᠲᠢᠭᠯᠢᠮ ᠢ ᠬᠠᠮᠠᠭᠠᠯᠠᠬᠤ ᠳᠤ ᠰᠠᠭᠤᠷᠢᠯᠠᠵᠤ᠂ ᠭᠤᠣᠯ ᠤᠨ ᠵᠠᠮ ᠠᠴᠠ ᠨᠡᠭᠦᠷᠡᠰᠦ ᠬᠠᠶᠢᠷ ᠴᠢᠯᠠᠭᠤ ᠮᠠᠯᠲᠠᠵᠤ ᠭᠤᠣᠯ ᠤᠨ ᠵᠠᠮ ᠢ ᠡᠵᠡᠯᠡᠭᠰᠡᠨ᠂ ᠭᠤᠤᠯ ᠢ ᠬᠠᠰᠢᠵᠤ ᠬᠠᠰᠢᠯᠭ᠎ᠠ ᠪᠠᠷᠢᠭᠰᠠᠨ᠂ ᠭᠤᠣᠯ ᠤᠨ ᠵᠠᠮ ᠤᠨ ᠦᠶᠡᠷ ᠶᠠᠪᠤᠬᠤ ᠵᠠᠮ ᠢ ᠬᠠᠷᠰᠢᠯᠠᠭᠰᠠᠨ᠂ ᠠᠮᠢᠳᠤᠷᠠᠯ ᠤᠨ ᠪᠠ ᠪᠠᠷᠢᠯᠭ᠎ᠠ ᠶᠢᠨ ᠬᠤᠭ ᠨᠣᠪᠰᠢ ᠶᠢ ᠳᠤᠷ᠎ᠠ ᠪᠠᠷ ᠢᠶᠠᠨ ᠬᠠᠶᠠᠭᠰᠠᠨ ᠵᠡᠷᠭᠡ ᠦᠵᠡᠭᠳᠡᠯ ᠢ ᠲᠤᠶᠢᠯᠪᠤᠷᠢᠲᠠᠢ ᠠᠷᠢᠯᠭᠠᠨ᠂ ᠬᠠᠲᠤᠨ ᠭᠤᠣᠯ ᠤᠨ ᠭᠤᠣᠯ ᠤᠷᠤᠰᠬᠠᠯ ᠵᠢᠴᠢ ᠭᠤᠣᠯ ᠰᠠᠯᠪᠤᠷᠢ ᠣᠷᠣᠰᠬᠠᠯ ᠤᠨ ᠬᠠᠮᠢᠶ᠎ᠠ ᠪᠦᠬᠦᠢ ᠠᠰᠠᠭᠤᠳᠠᠯ ᠢ ᠴᠡᠭᠴᠡᠯᠡᠬᠦ ᠠᠵᠢᠯ ᠢ ᠰᠠᠶᠢᠲᠤᠷ ᠠᠳᠬᠤᠭᠰᠠᠨ ᠰᠠᠭᠤᠷᠢᠨ ᠳᠡᠭᠡᠷ᠎ᠡ᠂ ᠴᠡᠭᠴᠡᠯᠡᠯᠲᠡ ᠬᠢᠬᠦ ᠭᠤᠣᠯᠳᠠᠯᠭ᠎ᠠ ᠪᠠᠨ ᠳᠤᠮᠳᠠ ᠵᠢᠵᠢᠭ ᠭᠤᠣᠯ ᠤᠨ ᠤᠷᠤᠰᠬᠠᠯ᠂ ᠠᠭᠤᠯᠠᠨ ᠤ ᠦᠶᠡᠷ ᠤᠨ ᠭᠤᠤ ᠰᠣᠪᠠᠭ ᠲᠡᠶᠢᠰᠢ ᠥᠷᠭᠡᠳᠬᠡᠵᠦ᠂ ᠬᠠᠤᠯᠢ ᠪᠤᠰᠤ ᠪᠠᠷ ᠪᠦᠲᠦᠭᠡᠨ ᠪᠠᠶᠢᠭᠤᠯᠤᠭᠰᠠᠨ᠂ ᠬᠠᠤᠯᠢ ᠪᠤᠰᠤ ᠪᠠᠷ ᠭᠤᠣᠯ ᠮᠥᠷᠡᠨ ᠨᠠᠭᠤᠷ ᠴᠥᠬᠦᠷᠣᠮ ᠢ ᠬᠦᠷᠢᠶᠡᠯᠡᠵᠦ ᠠᠲᠠᠷ ᠬᠠᠭᠠᠯᠪᠤᠷᠢᠯᠠᠭᠰᠠᠨ᠂ ᠬᠠᠤᠯᠢ ᠪᠤᠰᠤ ᠪᠠᠷ ᠬᠠᠶᠢᠷ ᠴᠢᠯᠠᠭᠤ ᠮᠠᠯᠲᠠᠭᠰᠠᠨ ᠵᠡᠷᠭᠡ ᠠᠰᠠᠭᠤᠳᠠᠯ ᠢ ᠭᠤᠣᠯᠳᠠᠯᠭ᠎ᠠ ᠲᠠᠢ ᠴᠡᠭᠴᠡᠯᠡᠨ᠎ᠡ᠃      ︵ᠬᠤᠶᠠᠷ︶ ᠬᠠᠤᠯᠢ ᠲᠣᠭᠲᠠᠭᠠᠯ ᠶᠣᠰᠣᠭᠠᠷ ᠬᠢᠬᠦ ᠶᠢ ᠪᠠᠷᠢᠮᠲᠠᠯᠠᠵᠤ᠂ ᠪᠦᠬᠦ ᠲᠠᠯ᠎ᠠ ᠪᠠᠷ ᠴᠡᠭᠴᠡᠯᠡᠨ᠎ᠡ᠃ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠲᠤᠨ ᠭᠤᠤᠯ ᠤᠨ ᠬᠠᠮᠠᠭᠠᠯᠠᠯᠲᠠ ᠶᠢᠨ ᠬᠠᠤᠯᠢ︾᠂ ︽ᠪᠦᠭᠦᠳᠡ ᠨᠠᠶᠢᠷᠠᠮᠳᠠᠬᠤ ᠳᠣᠮᠳᠠᠳᠤ ᠠᠷᠠᠳ ᠤᠯᠤᠰ ᠤᠨ ᠭᠤᠣᠯ ᠮᠥᠷᠡᠨ ᠨᠠᠭᠤᠷ ᠴᠥᠬᠦᠷᠣᠮ ᠤᠨ ᠬᠠᠮᠢᠶᠠᠷᠤᠯᠲᠠ ᠬᠠᠮᠠᠭᠠᠯᠠᠯᠲᠠ ᠶᠢᠨ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠣᠯ ᠮᠥᠷᠡᠨ ᠨᠠᠭᠤᠷ ᠴᠥᠬᠦᠷᠣᠮ ᠤᠨ ᠬᠠᠮᠠᠭᠠᠯᠠᠯᠲᠠ ᠪᠠ ᠬᠠᠮᠢᠶᠠᠷᠤᠯᠲᠠ ᠶᠢᠨ ᠳᠦᠷᠢᠮ︾᠂ ︽ᠣᠷᠳᠣᠰ ᠬᠤᠲᠠ ᠶᠢᠨ ᠬᠠᠲᠤᠨ ᠭᠤᠣᠯ ᠤᠨ ᠭᠤᠣᠯ ᠤᠨ ᠵᠠᠮ ᠤᠨ ᠬᠠᠮᠢᠶᠠᠷᠤᠯᠲᠠ ᠶᠢᠨ ᠳᠦᠷᠢᠮ︾ ᠵᠡᠷᠭᠡ ᠬᠠᠤᠯᠢ ᠳᠦᠷᠢᠮ ᠤᠨ ᠬᠡᠷᠡᠭᠵᠢᠭᠦᠯᠦᠯᠲᠡ ᠪᠠᠷ ᠠᠵᠠ ᠲᠣᠬᠢᠶᠠᠯ ᠪᠣᠯᠭᠠᠵᠤ᠂ ᠭᠤᠣᠯ ᠤᠨ ᠵᠠᠮ ᠢ ᠬᠦᠷᠢᠶᠡᠯᠡᠵᠦ ᠬᠠᠤᠯᠢ ᠪᠤᠰᠤ ᠪᠠᠷ ᠠᠲᠠᠷ ᠬᠠᠭᠠᠯᠪᠤᠷᠢᠯᠠᠭᠰᠠᠨ᠂ ᠨᠠᠭᠤᠷ ᠢ ᠬᠦᠷᠢᠶᠡᠯᠡᠵᠦ ᠲᠠᠷᠢᠶ᠎ᠠ ᠲᠠᠷᠢᠭᠰᠠᠨ᠂ ᠬᠠᠤᠯᠢ ᠵᠥᠷᠢᠴᠡᠵᠦ ᠪᠠᠷᠢᠯᠭ᠎ᠠ ᠪᠠᠷᠢᠭᠰᠠᠨ᠂ ᠬᠠᠤᠯᠢ ᠵᠥᠷᠢᠴᠡᠵᠦ ᠴᠥᠬᠦᠷᠣᠮ ᠮᠠᠯᠲᠠᠭᠰᠠᠨ᠂ ᠬᠠᠶᠠᠭᠳᠠᠮᠠᠯ ᠡᠳ᠋ ᠢ ᠳᠤᠷ᠎ᠠ ᠪᠠᠷ ᠢᠶᠠᠨ ᠬᠠᠶᠠᠭᠰᠠᠨ᠂ ᠬᠤᠭ ᠨᠣᠪᠰᠢ ᠬᠠᠶᠢᠷ ᠴᠢᠯᠠᠭᠤ ᠨᠡᠭᠦᠷᠡᠰᠦᠨ ᠴᠢᠯᠠᠭᠤ ᠶᠢ ᠳᠤᠷ᠎ᠠ ᠪᠠᠷ ᠢᠶᠠᠨ ᠣᠪᠣᠭᠠᠯᠠᠭᠰᠠᠨ ᠵᠡᠷᠭᠡ ᠠᠰᠠᠭᠤᠳᠠᠯ ᠢ ᠬᠠᠤᠯᠢ ᠲᠣᠭᠲᠠᠭᠠᠯ ᠶᠣᠰᠣᠭᠠᠷ ᠴᠡᠭᠴᠡᠯᠡᠵᠦ ᠵᠠᠯᠠᠷᠠᠭᠤᠯᠤᠨ᠂ ᠴᠡᠭᠴᠡᠯᠡᠵᠦ ᠪᠣᠯᠬᠤ ᠶᠢ ᠪᠦᠭᠦᠳᠡ ᠶᠢ ᠨᠢ ᠴᠡᠭᠴᠡᠯᠡᠵᠦ᠂ ᠪᠦᠬᠦ ᠲᠠᠯ᠎ᠠ ᠪᠠᠷ ᠴᠡᠭᠴᠡᠯᠡᠨ᠎ᠡ ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠡᠷᠡᠭᠦᠦ ᠶᠢᠨ ᠬᠡᠷᠡᠭ ᠬᠠᠤᠯᠢ ᠴᠠᠭᠠᠵᠠ ᠲᠠᠢ ᠠᠪᠴᠠᠯᠳᠤᠭᠤᠯᠬᠤ ᠶᠢ ᠴᠢᠩᠭᠠᠳᠬᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ᠂ ᠡᠷᠡᠭᠦᠦ ᠶᠢᠨ ᠬᠡᠷᠡᠭ ᠬᠠᠤᠯᠢ ᠴᠠᠭᠠᠵᠠ᠂ ᠨᠡᠶᠢᠲᠡ ᠶᠢᠨ ᠠᠰᠠᠷᠠᠮᠵᠢ ᠶᠢᠨ ᠵᠠᠭᠠᠯᠳᠤᠯᠭ᠎ᠠ ᠬᠢᠬᠦ ᠠᠷᠭ᠎ᠠ ᠵᠠᠮ ᠢ ᠰᠢᠯᠤᠭᠤᠳᠬᠠᠨ᠂ ᠡᠷᠡᠭᠦᠦ ᠶᠢᠨ ᠬᠡᠷᠡᠭ ᠲᠠᠢ ᠬᠤᠯᠪᠣᠭᠳᠠᠭᠰᠠᠨ ᠢ ᠴᠠᠭ ᠳᠠᠷᠤᠢ ᠲᠤᠨᠢ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠲᠤᠰᠢᠶᠠᠵᠤ᠂ ᠬᠠᠤᠯᠢ ᠲᠣᠭᠲᠠᠭᠠᠯ ᠶᠣᠰᠣᠭᠠᠷ ᠰᠢᠢᠳᠪᠦᠷᠢᠯᠡᠭᠦᠯᠦᠨ᠎ᠡ᠃      ︵ᠭᠤᠷᠪᠡ︶ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ᠶᠡᠷᠦᠩᠬᠡᠶᠢᠯᠡᠨ ᠠᠷᠭ᠎ᠠ ᠪᠣᠳᠣᠯᠭ᠎ᠠ ᠠᠪᠤᠨ᠎ᠠ᠃ ᠢᠷᠡᠯᠲᠡ ᠠᠴᠠ ᠨᠢ ᠵᠠᠰᠠᠬᠤ᠂ ᠶᠡᠷᠦᠩᠬᠡᠶᠢᠯᠡᠨ ᠵᠠᠰᠠᠬᠤ ᠶᠢ ᠪᠠᠷᠢᠮᠲᠠᠯᠠᠵᠤ᠂ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ᠂ ᠰᠡᠷᠭᠡᠶᠢᠯᠡᠵᠦ ᠵᠠᠰᠠᠬᠤ ᠶᠢ ᠤᠶᠠᠯᠳᠤᠭᠤᠯᠤᠨ᠂ ᠭᠤᠣᠯ ᠮᠥᠷᠡᠨ ᠨᠠᠭᠤᠷ ᠴᠥᠬᠦᠷᠣᠮ ᠤᠨ ᠬᠠᠤᠯᠢ ᠵᠥᠷᠢᠴᠡᠭᠰᠡᠨ ᠠᠰᠠᠭᠤᠳᠠᠯ ᠢ ᠰᠢᠢᠳᠪᠦᠷᠢᠯᠡᠬᠦ ᠶᠢᠨ ᠳᠠᠭᠠᠤ ᠳᠠᠭᠠᠭᠠᠮᠠᠢ ᠲᠣᠭᠲᠠᠴᠠ ᠪᠠᠶᠢᠭᠤᠯᠵᠤ᠂ ᠭᠤᠣᠯ ᠮᠥᠷᠡᠨ ᠨᠠᠭᠤᠷ ᠴᠥᠬᠦᠷᠣᠮ ᠤᠨ ᠬᠢᠨᠠᠯᠲᠠ ᠬᠠᠮᠢᠶᠠᠷᠤᠯᠲᠠ ᠶᠢᠨ ᠲᠦᠪᠰᠢᠨ ᠪᠠ ᠴᠢᠳᠠᠪᠤᠷᠢ ᠶᠢᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠨ᠎ᠠ᠃ ᠬᠠᠲᠤᠨ ᠭᠤᠣᠯ ᠤᠨ ᠰᠠᠪᠠ ᠭᠠᠵᠠᠷ ᠤᠨ ᠭᠤᠣᠯ ᠮᠥᠷᠡᠨ ᠨᠠᠭᠤᠷ ᠴᠥᠬᠦᠷᠣᠮ ᠤᠨ ᠬᠠᠮᠢᠶᠠᠷᠤᠯᠲᠠ ᠶᠢᠨ ᠬᠦᠷᠢᠶ᠎ᠡ ᠬᠡᠪᠴᠢᠶᠡᠨ ᠳᠠᠬᠢ ᠳᠤᠷ᠎ᠠ ᠪᠠᠷ ᠡᠵᠡᠯᠡᠭᠰᠡᠨ᠂ ᠳᠤᠷ᠎ᠠ ᠪᠠᠷ ᠮᠠᠯᠲᠠᠭᠰᠠᠨ᠂ ᠳᠤᠷ᠎ᠠ ᠪᠠᠷ ᠣᠪᠣᠭᠠᠯᠠᠭᠰᠠᠨ᠂ ᠳᠤᠷ᠎ᠠ ᠪᠠᠷ ᠪᠠᠶᠢᠭᠤᠯᠤᠭᠰᠠᠨ ᠪᠠ ᠣᠯᠠᠨ ᠲᠦᠮᠡᠨ ᠤ ᠢᠯᠡᠴᠢᠯᠡᠨ ᠮᠡᠳᠡᠭᠦᠯᠦᠭᠰᠡᠨ ᠭᠤᠣᠯ ᠮᠥᠷᠡᠨ ᠨᠠᠭᠤᠷ ᠴᠥᠬᠦᠷᠣᠮ ᠲᠠᠢ ᠬᠤᠯᠪᠣᠭᠳᠠᠭᠰᠠᠨ ᠬᠠᠤᠯᠢ ᠲᠣᠭᠲᠠᠭᠠᠯ ᠵᠥᠷᠢᠴᠡᠭᠰᠡᠨ ᠠᠰᠠᠭᠤᠳᠠᠯ ᠢ ᠲᠠᠬᠢᠨ ᠳᠠᠷᠠᠭᠠᠯᠠᠵᠤ ᠪᠠᠶᠢᠴᠠᠭᠠᠨ᠂ ᠲᠠᠬᠢᠨ ᠴᠡᠭᠴᠡᠯᠡᠨ ᠵᠠᠯᠠᠷᠠᠭᠤᠯᠵᠤ᠂ ᠭᠤᠣᠯ ᠮᠥᠷᠡᠨ ᠨᠠᠭᠤᠷ ᠴᠥᠬᠦᠷᠣᠮ ᠤᠨ ᠳᠣᠪᠣᠶᠢᠮ᠎ᠡ ᠠᠰᠠᠭᠤᠳᠠᠯ ᠳᠤ ᠬᠦᠴᠦ ᠪᠠᠨ ᠲᠥᠪᠯᠡᠷᠡᠭᠦᠯᠦᠨ᠎ᠡ᠃      ᠵᠢᠷᠭᠤᠭ᠎ᠠ᠂ ᠠᠵᠢᠯ ᠤᠨ ᠱᠠᠭᠠᠷᠳᠠᠯᠭ᠎ᠠ      ᠡᠯ᠎ᠡ ᠭᠠᠵᠠᠷ ᠣᠷᠣᠨ ᠭᠤᠣᠯ ᠤᠨ ᠵᠠᠮ ᠤᠨ ᠠᠮᠦᠷ ᠲᠦᠪᠰᠢᠨ ᠤ ᠳᠠᠯᠳᠡ ᠭᠡᠮ ᠢ ᠲᠤᠰᠬᠠᠢ ᠳᠠᠷᠠᠭᠠᠯᠠᠨ ᠪᠠᠶᠢᠴᠠᠭᠠᠵᠤ ᠴᠡᠭᠴᠡᠯᠡᠬᠦ ᠠᠵᠢᠯᠯᠠᠭ᠎ᠠ ᠪᠠᠷ ᠲᠣᠬᠢᠶᠠᠯᠳᠤᠭᠤᠯᠵᠤ᠂ ᠬᠠᠷᠢᠶ᠎ᠠ ᠣᠷᠣᠨ ᠤ ᠪᠠᠨ ᠳᠣᠲᠣᠷᠠᠬᠢ ᠭᠤᠣᠯ ᠮᠥᠷᠡᠨ ᠨᠠᠭᠤᠷ ᠴᠥᠬᠦᠷᠣᠮ ᠵᠢᠴᠢ ᠠᠭᠤᠯᠠᠨ ᠤ ᠦᠶᠡᠷ ᠤᠨ ᠭᠤᠤ ᠰᠣᠪᠠᠭ ᠲᠤ ᠣᠷᠣᠰᠢᠵᠤ ᠪᠠᠶᠢᠭ᠎ᠠ ᠠᠰᠠᠭᠤᠳᠠᠯ ᠢ ᠦᠨᠡᠨ ᠬᠦ ᠣᠶᠢᠯᠠᠭᠠᠨ᠂ ᠣᠷᠣᠨ ᠨᠤᠲᠤᠭ ᠤᠨ ᠨᠠᠮ ᠵᠠᠰᠠᠭ ᠤᠨ ᠤᠳᠤᠷᠢᠳᠤᠯᠭ᠎ᠠ ᠬᠠᠷᠢᠭᠤᠴᠠᠬᠤ ᠳᠦᠷᠢᠮ ᠢᠶᠠᠷ ᠭᠤᠣᠯ ᠪᠣᠯᠭᠠᠭᠰᠠᠨ ᠭᠤᠣᠯ ᠮᠥᠷᠡᠨ ᠨᠠᠭᠤᠷ ᠴᠥᠬᠦᠷᠣᠮ ᠤᠨ ᠬᠠᠮᠢᠶᠠᠷᠤᠯᠲᠠ ᠬᠠᠮᠠᠭᠠᠯᠠᠯᠲᠠ ᠶᠢᠨ ᠬᠠᠷᠢᠭᠤᠴᠠᠯᠭ᠎ᠠ ᠶᠢᠨ ᠲᠣᠭᠲᠠᠯᠴᠠᠭ᠎ᠠ ᠶᠢ ᠤᠯᠠᠮ ᠨᠠᠶᠢᠳᠠᠪᠤᠷᠢᠵᠢᠭᠤᠯᠵᠤ᠂ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠭᠤᠣᠯ ᠮᠥᠷᠡᠨ ᠨᠠᠭᠤᠷ ᠴᠥᠬᠦᠷᠣᠮ ᠤᠨ ᠬᠠᠮᠢᠶᠠᠷᠤᠯᠲᠠ ᠬᠠᠮᠠᠭᠠᠯᠠᠯᠲᠠ ᠶᠢᠨ ᠬᠠᠷᠢᠭᠤᠴᠠᠯᠭ᠎ᠠ ᠶᠢᠨ ᠭᠤᠣᠯ ᠴᠣᠭᠴᠠ᠂ ᠠᠵᠢᠯᠲᠠᠨ᠂ ᠲᠥᠬᠦᠭᠡᠷᠦᠮᠵᠢ ᠪᠠ ᠵᠠᠷᠤᠳᠠᠯ ᠢ ᠨᠠᠷᠢᠯᠢᠭᠵᠢᠭᠤᠯᠤᠨ᠂ ᠬᠤᠯᠪᠣᠭᠠᠯᠠᠨ ᠰᠡᠷᠭᠡᠶᠢᠯᠡᠵᠦ ᠡᠵᠡᠮᠳᠡᠬᠦ ᠲᠣᠭᠲᠠᠴᠠ ᠶᠢ ᠲᠡᠭᠦᠯᠳᠡᠷᠵᠢᠭᠦᠯᠵᠦ᠂ ᠭᠤᠣᠯ ᠮᠥᠷᠡᠨ ᠨᠠᠭᠤᠷ ᠴᠥᠬᠦᠷᠣᠮ ᠤᠨ ᠬᠠᠮᠢᠶᠠᠷᠤᠯᠲᠠ ᠶᠢᠨ ᠮᠡᠳᠡᠭᠡ ᠵᠠᠩᠭᠢᠴᠢᠯᠠᠭᠰᠠᠨ ᠪᠠᠶᠢᠭᠤᠯᠤᠯᠲᠠ ᠶᠢ ᠴᠢᠩᠭᠠᠳᠬᠠᠨ᠂ ᠭᠤᠣᠯ ᠮᠥᠷᠡᠨ ᠨᠠᠭᠤᠷ ᠴᠥᠬᠦᠷᠣᠮ ᠢ ᠬᠠᠮᠢᠶᠠᠷᠴᠤ ᠬᠠᠮᠠᠭᠠᠯᠠᠬᠤ ᠳᠠᠭᠠᠭᠠᠮᠠᠭᠠᠢ ᠲᠣᠭᠲᠠᠴᠠ ᠶᠢ ᠪᠠᠶᠢᠭᠤᠯᠵᠤ ᠲᠡᠭᠦᠯᠳᠡᠷᠵᠢᠭᠦᠯᠦᠨ᠎ᠡ᠃      ︵ᠨᠢᠭᠡ︶ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ᠎ᠡ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠰᠢ ᠶᠢᠨ ᠫᠢᠡᠭ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠵᠢᠴᠢ ᠶᠡᠷᠦᠩᠬᠡᠢ ᠱᠦᠵᠢ ᠰᠢ ᠶᠢᠨ ᠫᠢᠡᠭ ᠤᠨ ᠤᠰᠤ ᠶᠢ ᠵᠠᠰᠠᠬᠤ ᠲᠤᠬᠠᠢ ᠴᠢᠬᠤᠯᠠ ᠦᠭᠦᠯᠡᠯᠳᠡ ᠵᠡᠷᠭᠡ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠬᠦ ᠲᠠᠯ᠎ᠠ ᠪᠠᠷ ᠣᠨᠣᠪᠴᠢᠲᠠᠢ ᠲᠣᠭᠤᠰᠢᠯᠠᠭᠤᠯᠤᠨ᠂ ᠤᠯᠤᠰ ᠲᠥᠷᠥ ᠶᠢᠨ ᠵᠣᠭᠰᠣᠴᠠ ᠪᠠᠨ ᠤᠯᠠᠮ ᠳᠡᠭᠡᠭᠰᠢᠯᠡᠭᠦᠯᠵᠦ᠂ ᠦᠵᠡᠯ ᠰᠠᠨᠠᠭᠠᠨ ᠤ ᠲᠠᠨᠢᠯᠲᠠ ᠪᠠᠨ ᠨᠢᠭᠡᠳᠦᠭᠦᠯᠦᠨ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠢᠭᠤᠴᠠᠯᠭ᠎ᠠ ᠶᠢᠨ ᠬᠤᠪᠢᠶᠠᠷᠢᠯᠠᠯ ᠢ ᠳᠣᠲᠤᠷᠬᠠᠶᠢᠯᠠᠨ᠂  ᠬᠠᠷᠢᠭᠤᠴᠠᠯᠭ᠎ᠠ ᠪᠠᠨ ᠵᠣᠷᠢᠭᠲᠠᠢ ᠡᠭᠦᠷᠭᠡᠯᠡᠵᠦ᠂ ᠬᠦᠴᠦᠲᠡᠢ ᠠᠷᠭ᠎ᠠ ᠪᠠᠷᠢᠯ ᠠᠪᠤᠨ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠬᠦᠴᠦᠯᠡᠨ ᠰᠠᠶᠢᠲᠤᠷ ᠠᠳᠬᠤᠵᠤ᠂ ᠭᠤᠣᠯ ᠤᠨ ᠵᠠᠮ ᠤᠨ ᠠᠮᠤᠷ ᠲᠦᠪᠰᠢᠨ ᠤ ᠳᠠᠯᠳᠡ ᠭᠡᠮ ᠢ ᠲᠤᠰᠬᠠᠢ ᠳᠠᠷᠠᠭᠠᠯᠠᠨ ᠪᠠᠶᠢᠴᠠᠭᠠᠵᠤ ᠴᠡᠭᠴᠡᠯᠡᠬᠦ ᠠᠵᠢᠯᠯᠠᠭ᠎ᠠ ᠳᠤ ᠪᠣᠳᠠᠲᠤ ᠪᠦᠲᠦᠮᠵᠢ ᠭᠠᠷᠭᠠᠬᠤ ᠶᠢ ᠪᠠᠲᠤᠯᠠᠨ᠂ ᠰᠢᠨ᠎ᠡ ᠱᠠᠲᠤ ᠦᠶ᠎ᠡ ᠶᠢᠨ ᠭᠤᠣᠯ ᠮᠥᠷᠡᠨ ᠨᠠᠭᠤᠷ ᠴᠥᠬᠦᠷᠣᠮ ᠤᠨ ᠬᠠᠮᠢᠶᠠᠷᠤᠯᠲᠠ ᠬᠠᠮᠠᠭᠠᠯᠠᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠪᠦᠲᠦᠮᠵᠢᠲᠡᠢ ᠠᠬᠢᠭᠤᠯᠤᠨ᠎ᠠ᠃      ︵ᠬᠤᠶᠠᠷ︶ ᠬᠠᠷᠢᠭᠤᠴᠠᠯᠭ᠎ᠠ ᠪᠠᠨ ᠪᠣᠳᠠᠲᠠᠶᠢᠵᠢᠭᠤᠯᠤᠨ᠎ᠠ᠃ ᠲᠤᠰ ᠤᠳᠠᠭᠠᠨ ᠤ ᠭᠤᠣᠯ ᠤᠨ ᠵᠠᠮ ᠤᠨ ᠠᠮᠤᠷ ᠲᠦᠪᠰᠢᠨ ᠤ ᠳᠠᠯᠳᠡ ᠭᠡᠮ ᠢ ᠳᠠᠷᠠᠭᠠᠯᠠᠨ ᠪᠠᠶᠢᠴᠠᠭᠠᠵᠤ ᠴᠡᠭᠴᠡᠯᠡᠬᠦ ᠲᠤᠰᠬᠠᠢ ᠠᠵᠢᠯᠯᠠᠭ᠎ᠠ ᠳᠤ ᠬᠤᠰᠢᠭᠤᠨ ᠤ ᠲᠡᠰ ᠤᠨ ᠭᠤᠣᠯ ᠮᠥᠷᠡᠨ ᠨᠠᠭᠤᠷ ᠴᠥᠬᠦᠷᠣᠮ ᠤᠨ ᠳᠠᠷᠤᠭ᠎ᠠ ᠲᠥᠷᠦᠭᠦᠯᠡᠨ ᠬᠢᠵᠤ᠂ ᠡᠯ᠎ᠡ ᠭᠠᠵᠠᠷ ᠣᠷᠣᠨ ᠴᠡᠭᠴᠡᠯᠡᠬᠦ ᠠᠭᠤᠯᠭ᠎ᠠ ᠳᠤ ᠪᠠᠨ ᠦᠨᠳᠦᠰᠦᠯᠡᠨ᠂ ᠬᠠᠷᠢᠶ᠎ᠠ ᠣᠷᠣᠨ ᠢᠶᠠᠨ ᠪᠦᠬᠦ ᠲᠠᠯ᠎ᠠ ᠪᠠᠷ ᠳᠠᠷᠠᠭᠠᠯᠠᠵᠤ ᠪᠠᠶᠢᠴᠠᠭᠠᠨ᠂ ᠣᠷᠬᠢᠭᠳᠠᠭᠤᠯᠬᠤ ᠦᠭᠡᠢ᠂ ᠪᠦᠬᠦ ᠲᠠᠯ᠎ᠠ ᠪᠠᠷ ᠪᠠᠶᠢᠴᠠᠭᠠᠬᠤ ᠶᠢ ᠪᠠᠲᠤᠯᠠᠨ᠂ ᠮᠡᠳᠡᠭᠡ ᠵᠠᠩᠭᠢ ᠴᠤᠭᠯᠠᠭᠤᠯᠵᠤ᠂ ᠠᠰᠠᠭᠤᠳᠠᠯ ᠢ ᠣᠨᠣᠪᠴᠢᠲᠠᠢ ᠡᠷᠢᠵᠦ ᠭᠠᠷᠭᠠᠨ᠂ ᠬᠤᠭᠤᠰᠤᠨ ᠭᠠᠵᠠᠷ ᠦᠨᠴᠦᠭ ᠪᠣᠯᠦᠩ ᠦᠯᠡᠳᠡᠭᠡᠯ ᠦᠭᠡᠢ ᠪᠠᠷ ᠭᠤᠣᠯ ᠮᠥᠷᠡᠨ ︵ᠨᠠᠭᠤᠷ ᠴᠥᠬᠦᠷᠣᠮ︶ ᠠᠭᠤᠯᠠᠨ ᠤ ᠦᠶᠡᠷ ᠤᠨ ᠭᠤᠤ ᠰᠣᠪᠠᠭ ᠢ ᠪᠦᠭᠦᠨ ᠢ ᠪᠠᠶᠢᠴᠠᠭᠠᠵᠤ᠂ ᠠᠰᠠᠭᠤᠳᠠᠯ ᠢ ᠪᠦᠬᠦᠨ ᠢ ᠰᠢᠢᠳᠪᠦᠷᠢᠯᠡᠨ᠎ᠡ᠃      ︵ᠭᠤᠷᠪᠡ︶ ᠵᠣᠬᠢᠴᠠᠭᠤᠯᠵᠤ ᠬᠠᠮᠲᠤᠷᠠᠨ ᠠᠵᠢᠯᠯᠠᠬᠤ ᠪᠠᠨ ᠴᠢᠩᠭᠠᠳᠬᠠᠨ᠎ᠠ᠃ ᠡᠯ᠎ᠡ ᠭᠠᠵᠠᠷ ᠣᠷᠣᠨ ᠡᠯ᠎ᠡ ᠪᠠᠶᠢᠭᠤᠯᠭ᠎ᠠ ᠭᠤᠣᠯ ᠮᠥᠷᠡᠨ ᠨᠠᠭᠤᠷ ᠴᠥᠬᠦᠷᠣᠮ ᠤᠨ ᠳᠠᠷᠤᠭ᠎ᠠ ᠶᠢᠨ ᠳᠦᠷᠢᠮ ᠤᠨ ᠠᠵᠢᠯᠯᠠᠬᠤ ᠳᠠᠪᠴᠠᠩ ᠢ ᠭᠦᠢᠴᠡᠳ ᠠᠰᠢᠭᠯᠠᠵᠤ᠂ ᠪᠠᠶᠢᠭᠤᠯᠭ᠎ᠠ ᠨᠤᠭᠤᠳ ᠬᠠᠮᠲᠤᠷᠠᠯᠴᠠᠭ᠎ᠠ ᠪᠠᠨ ᠴᠢᠩᠭᠠᠳᠬᠠᠨ᠂ ︽ᠭᠤᠣᠯ ᠮᠥᠷᠡᠨ ᠨᠠᠭᠤᠷ ᠴᠥᠬᠦᠷᠣᠮ ᠤᠨ ᠳᠠᠷᠤᠭ᠎ᠠ + ᠪᠠᠶᠢᠴᠠᠭᠠᠭᠠᠴᠢ ᠳᠠᠷᠤᠭ᠎ᠠ + ᠴᠠᠭᠳᠠᠭᠠᠨ ᠳᠠᠷᠤᠭ᠎ᠠ︾ ᠶᠢᠨ ᠬᠠᠮᠵᠢᠯᠴᠠᠬᠤ ᠲᠣᠭᠲᠠᠴᠠ ᠶᠢ ᠭᠦᠢᠴᠡᠳ ᠪᠠᠳᠠᠷᠠᠭᠤᠯᠵᠤ᠂ ᠪᠠᠶᠢᠭᠤᠯᠭ᠎ᠠ ᠶᠢᠨ ᠬᠦᠴᠦ ᠶᠢ ᠨᠢᠭᠡᠳᠦᠯᠲᠡᠢ ᠲᠥᠯᠥᠪᠯᠡᠨ᠂ ᠠᠵᠢᠯ ᠢᠶᠠᠨ ᠬᠤᠪᠢᠶᠠᠨ ᠬᠠᠷᠢᠭᠤᠴᠠᠵᠤ᠂ ᠵᠣᠬᠢᠴᠠᠭᠤᠯᠵᠤ ᠬᠠᠮᠵᠢᠯᠴᠠᠨ᠂ ᠦᠯᠡᠳᠡᠭᠰᠡᠨ ᠠᠰᠠᠭᠤᠳᠠᠯ ᠢ ᠰᠢᠢᠳᠪᠦᠷᠢᠯᠡᠵᠦ᠂ ᠰᠢᠨ᠎ᠡ ᠠᠰᠠᠭᠤᠳᠠᠯ ᠡᠭᠦᠰᠬᠡᠬᠦ ᠶᠢ ᠲᠡᠪᠴᠢᠨ᠂ ᠭᠤᠣᠯ ᠤᠨ ᠵᠠᠮ ᠤᠨ ᠠᠮᠤᠷ ᠲᠦᠪᠰᠢᠨ ᠤ ᠳᠠᠯᠳᠡ ᠭᠡᠮ ᠢ ᠳᠠᠷᠠᠭᠠᠯᠠᠨ ᠪᠠᠶᠢᠴᠠᠭᠠᠵᠤ ᠴᠡᠭᠴᠡᠯᠡᠬᠦ ᠲᠤᠰᠬᠠᠢ ᠠᠵᠢᠯᠯᠠᠭ᠎ᠠ ᠶᠢ ᠬᠠᠮᠲᠤᠷᠠᠨ ᠰᠠᠶᠢᠨ ᠬᠢᠨ᠎ᠡ᠃      ︵ᠳᠥᠷᠪᠡ︶ ᠳᠡᠯᠭᠡᠷᠡᠩᠭᠦᠢ ᠪᠠᠷ ᠤᠬᠠᠭᠤᠯᠤᠨ ᠳᠠᠶᠢᠴᠢᠯᠠᠨ᠎ᠠ᠃ ᠡᠯ᠎ᠡ ᠭᠠᠵᠠᠷ ᠣᠷᠣᠨ ᠡᠯ᠎ᠡ ᠪᠠᠶᠢᠭᠤᠯᠭ᠎ᠠ ᠤᠬᠠᠭᠤᠯᠭ᠎ᠠ ᠪᠠᠨ ᠴᠢᠩᠭᠠᠳᠬᠠᠵᠤ᠂ ᠣᠯᠠᠨ ᠲᠦᠮᠡᠨ ᠤ ᠰᠣᠨᠢᠷᠬᠠᠯ ᠢ ᠲᠠᠲᠠᠭᠰᠠᠨ ᠰᠣᠨᠢᠨ ᠰᠡᠪᠡᠭᠦᠨ ᠠᠷᠭ᠎ᠠ ᠬᠡᠯᠪᠡᠷᠢ ᠪᠠᠷ ᠣᠯᠠᠨ ᠲᠦᠮᠡᠨ ᠤ ᠲᠠᠨᠢᠯᠲᠠ ᠪᠠ ᠣᠷᠣᠯᠴᠠᠬᠤ ᠢᠳᠡᠪᠬᠢᠵᠢᠯ ᠢ ᠳᠠᠶᠢᠴᠢᠯᠠᠵᠤ᠂ ᠬᠠᠤᠯᠢ ᠲᠣᠭᠲᠠᠭᠠᠯ ᠵᠥᠷᠢᠴᠡᠭᠰᠡᠨ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠶᠢ ᠵᠣᠷᠢᠭᠵᠢᠭᠤᠯᠤᠨ ᠬᠥᠬᠢᠭᠦᠯᠦᠨ᠎ᠡ᠃ ᠮᠡᠳᠡᠭᠡ ᠵᠠᠩᠭᠢ ᠮᠡᠳᠡᠭᠦᠯᠦᠨ ᠬᠦᠷᠭᠡᠬᠦ ᠡᠷᠴᠢᠮ ᠢᠶᠠᠨ ᠴᠢᠩᠭᠠᠷᠠᠭᠤᠯᠵᠤ᠂ ᠮᠡᠳᠡᠭᠡ ᠵᠠᠩᠭᠢ ᠶᠢᠨ ᠲᠣᠪᠴᠢ ᠮᠡᠳᠡᠭᠡ᠂ ᠳ᠋ᠦᠩᠨᠡᠯᠲᠡ ᠶᠢᠨ ᠮᠡᠳᠡᠭᠦᠯᠦᠯᠲᠡ ᠶᠢ ᠴᠠᠭ ᠳᠠᠷᠤᠢ  ᠳᠤᠨᠢ ᠮᠡᠳᠡᠭᠦᠯᠦᠨ᠎ᠡ᠃ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ     2023 ᠣᠨ ᠤ  4 ᠳ᠋ᠦ᠋ᠭᠡᠷ ᠰᠠᠷ᠎ᠠ ᠶᠢᠨ 10 ᠤ ᠡᠳᠦᠷ ᠳᠠᠷᠤᠮᠠᠯᠯᠠᠨ ᠲᠠᠷᠬᠠᠭᠠᠪᠠ 
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ