ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠤᠨ ᠳᠠᠭᠠᠭᠠᠮᠠᠭᠠᠢ ᠬᠠᠮᠢᠶᠠᠷᠤᠯᠲᠠ ᠶᠢᠨ ᠲᠣᠭᠲᠠᠴᠠ ᠶᠢ ᠤᠯᠠᠮ‌‍ᠲ᠋ᠡᠭᠦᠯᠳᠡᠷᠵᠢᠭᠦᠯᠬᠦ ᠲᠤᠬᠠᠢ ᠣᠳᠤᠭ ᠬᠤᠰᠢᠭᠤᠨ ᠤ ᠠᠷᠡᠳ ᠤᠨ ᠵᠡᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2023/4/25
                                                                                                             ᠣᠳᠤᠭ ᠵᠠᠰᠠᠭ ᠠᠯᠪᠠᠨ ᠲᠠᠷᠬᠠᠭᠠᠭᠰᠠᠨ ﹇2023﹈ 22 ᠳ᠋ᠤᠭᠠᠷ ᠲᠣᠭᠠᠲᠤ                ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠤᠨ ᠳᠠᠭᠠᠭᠠᠮᠠᠭᠠᠢ ᠬᠠᠮᠢᠶᠠᠷᠤᠯᠲᠠ ᠶᠢᠨ ᠲᠣᠭᠲᠠᠴᠠ ᠶᠢ ᠤᠯᠠᠮ                 ᠲᠡᠭᠦᠯᠳᠡᠷᠵᠢᠭᠦᠯᠬᠦ ᠲᠤᠬᠠᠢ ᠣᠳᠤᠭ ᠬᠤᠰᠢᠭᠤᠨ ᠤ ᠠᠷᠡᠳ ᠤᠨ ᠵᠡᠰᠠᠭ ᠤᠨ ᠣᠷᠳᠣᠨ ᠤ ᠠᠯᠪᠠᠨ ᠭᠡᠷ  ᠤᠨ  ᠮᠡᠳᠡᠭᠳᠡᠯ ᠣᠲᠤᠭ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤᠨ ︵ᠬᠤᠲᠠ︶ ᠤ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠪᠠᠶᠢᠭᠤᠯᠭ᠎ᠠ᠂ ᠡᠯ᠎ᠡ ᠶᠡᠭᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄      ︽ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠤᠨ ᠳᠠᠭᠠᠭᠠᠮᠠᠭᠠᠢ ᠬᠠᠮᠢᠶᠠᠷᠤᠯᠲᠠ ᠶᠢᠨ ᠲᠣᠭᠲᠠᠴᠠ ᠶᠢ ᠤᠯᠠᠮ ᠲᠡᠭᠦᠯᠳᠡᠷᠵᠢᠭᠦᠯᠬᠦ ᠲᠤᠬᠠᠢ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ ᠡᠳᠦᠭᠡ ᠲᠠ ᠨᠠᠷ ᠲᠤ ᠳᠠᠷᠤᠮᠠᠯᠯᠠᠨ ᠲᠠᠷᠬᠠᠭᠠᠯ᠎ᠠ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠨᠠᠷᠢᠨ ᠬᠢᠨᠠᠮᠠᠭᠠᠢ ᠲᠣᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃                                                 ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                                      2023 ᠣᠨ ᠤ 4 ᠳ᠋ᠦ᠋ᠭᠡᠷ ᠰᠠᠷ᠎ᠠ ᠶᠢᠨ 25 ᠤ ᠡᠳᠦᠷ                   ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠤᠨ ᠳᠠᠭᠠᠭᠠᠮᠠᠭᠠᠢ ᠬᠠᠮᠢᠶᠠᠷᠤᠯᠲᠠ ᠶᠢᠨ ᠲᠣᠭᠲᠠᠴᠠ      ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠤᠷᠲᠤ ᠬᠤᠭᠤᠴᠠᠭ᠎ᠠ ᠪᠠᠷ ᠭᠦᠨᠵᠡᠭᠡᠢ ᠥᠷᠨᠢᠭᠦᠯᠵᠦ᠂ ᠠᠷᠠᠳ ᠣᠯᠠᠨ ᠤ ᠡᠷᠡᠭᠦᠯ ᠮᠡᠨᠳᠦ ᠶᠢᠨ ᠤᠬᠠᠮᠰᠠᠷ ᠪᠠ ᠡᠷᠡᠭᠦᠯ ᠮᠡᠨᠳᠦ ᠶᠢᠨ ᠲᠦᠪᠰᠢᠨ ᠢ ᠤᠯᠠᠮ ᠳᠡᠭᠡᠭᠰᠢᠯᠡᠭᠦᠯᠦᠨ᠂ ᠠᠵᠤ ᠠᠬᠤᠢ ᠶᠢᠨ ᠬᠥᠭᠵᠢᠯᠲᠡ ᠪᠠ ᠨᠡᠶᠢᠭᠡᠮ ᠤᠨ ᠳᠠᠪᠰᠢᠯᠲᠠ ᠶᠢ ᠠᠬᠢᠭᠤᠯᠬᠤ ᠶᠢᠨ ᠲᠤᠰᠠᠳᠡ᠂ ︽ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ  ᠤᠨ ᠳᠠᠭᠠᠭᠠᠮᠠᠭᠠᠢ ᠬᠠᠮᠢᠶᠠᠷᠤᠯᠲᠠ ᠶᠢᠨ ᠲᠣᠭᠲᠠᠴᠠ ᠶᠢ ᠤᠯᠠᠮ ᠲᠡᠭᠦᠯᠳᠡᠷᠵᠢᠭᠦᠯᠬᠦ ᠲᠤᠬᠠᠢ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ︾ ︵ᠣᠷᠳᠣᠰ ᠵᠠᠰᠠᠭ ᠠᠯᠪᠠᠨ ᠲᠠᠷᠬᠠᠭᠠᠭᠰᠠᠨ ﹇2020﹈ 26 ᠳ᠋ᠤᠭᠠᠷ ᠲᠣᠭᠠᠲᠤ︶ ᠳᠤ ᠦᠨᠳᠦᠰᠦᠯᠡᠵᠦ᠂ ᠬᠤᠰᠢᠭᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠤᠨ ᠳᠠᠭᠠᠭᠠᠮᠠᠭᠠᠢ ᠲᠣᠭᠲᠠᠴᠠ ᠶᠢ ᠤᠯᠠᠮ ᠲᠡᠭᠦᠯᠳᠡᠷᠵᠢᠭᠦᠯᠬᠦ ᠲᠤᠬᠠᠢ ᠬᠠᠮᠢᠶ᠎ᠠ ᠪᠦᠬᠦᠢ ᠤᠴᠢᠷ ᠶᠠᠪᠤᠳᠠᠯ ᠢ ᠳᠣᠣᠷᠠᠬᠢ ᠮᠡᠲᠦ ᠮᠡᠳᠡᠭᠳᠡᠶ᠎ᠡ᠃      ᠨᠢᠭᠡ᠂ ᠵᠢᠯᠣᠭᠤᠳᠬᠤ ᠦᠵᠡᠯ ᠰᠠᠨᠠᠭ᠎ᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠪᠦᠬᠦ ᠤᠯᠤᠰ ᠤᠨ ᠡᠷᠡᠭᠦᠯ ᠬᠠᠮᠠᠭᠠᠯᠠᠯ ᠤᠨ ᠬᠥᠳᠡᠯᠭᠡᠭᠡᠨ ᠬᠢᠭᠡᠳ ᠡᠷᠡᠭᠦᠯ ᠮᠠᠨᠳᠤ ᠶᠢᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮ ᠨᠠᠶᠢᠳᠠᠪᠤᠷᠢᠵᠢᠭᠤᠯᠤᠨ᠂ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ ᠶᠢ ᠪᠠᠷᠢᠮᠲᠠᠯᠠᠵᠤ᠂ ᠵᠠᠰᠠᠭ ᠤᠨ ᠣᠷᠳᠣᠨ ᠠᠴᠠ ᠤᠳᠤᠷᠢᠳᠬᠤ᠂ ᠪᠠᠶᠢᠭᠤᠯᠭ᠎ᠠ ᠨᠤᠭᠤᠳ ᠬᠠᠮᠵᠢᠯᠴᠠᠬᠤ᠂ ᠣᠯᠠᠨ ᠲᠦᠮᠡᠨ ᠬᠥᠳᠡᠯᠦᠯᠴᠡᠬᠦ᠂ ᠨᠡᠶᠢᠭᠡᠮ ᠳᠠᠶᠠᠭᠠᠷ ᠣᠷᠣᠯᠴᠠᠬᠤ᠂ ᠬᠠᠤᠯᠢ ᠶᠣᠰᠣᠭᠠᠷ ᠵᠠᠰᠠᠬᠤ᠂ ᠰᠢᠨᠵᠢᠯᠡᠬᠦ ᠤᠬᠠᠭᠠᠨᠴᠢ ᠪᠠᠷ ᠵᠢᠯᠤᠭᠤᠳᠬᠤ ᠠᠵᠢᠯ ᠤᠨ ᠴᠢᠭᠯᠡᠯᠲᠡ ᠶᠣᠰᠣᠭᠠᠷ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠰᠢᠯᠢᠳᠡᠭ ᠤᠯᠠᠮᠵᠢᠯᠠᠯ ᠢ ᠦᠷᠭᠦᠯᠵᠢᠯᠡᠨ ᠪᠠᠳᠠᠷᠠᠭᠤᠯᠣᠨ᠂ ᠣᠯᠠᠨ ᠲᠦᠮᠡᠨ ᠤ ᠬᠥᠳᠡᠯᠭᠡᠭᠡᠨ ᠤ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠡᠬᠢ ᠦᠨᠳᠦᠰᠦ ᠠᠴᠠ ᠨᠢ ᠡᠵᠡᠮᠳᠡᠬᠦ ᠶᠢ ᠪᠦᠬᠦ ᠬᠦᠴᠦᠨ ᠢᠶᠠᠷ ᠢᠶᠠᠨ ᠬᠡᠷᠡᠭᠵᠢᠭᠦᠯᠦᠨ᠂ ᠡᠷᠡᠭᠦᠯ ᠬᠠᠮᠠᠭᠠᠯᠠᠯ ᠤᠨ ᠴᠡᠭᠴᠡᠯᠡᠯᠲᠡ ᠶᠢᠨ ᠠᠵᠢᠯᠯᠠᠭ᠎ᠠ ᠶᠢ ᠬᠦᠴᠥᠯᠡᠨ ᠥᠷᠨᠢᠭᠦᠯᠵᠦ᠂ ᠡᠷᠡᠭᠦᠯ ᠴᠢᠭᠢᠷᠠᠭ ᠠᠮᠢᠳᠤᠷᠠᠯ ᠤᠨ ᠠᠷᠭ᠎ᠠ ᠮᠠᠶ᠋ᠢᠭ ᠢ ᠶᠡᠬᠡᠪᠡᠷ ᠰᠠᠨᠠᠭᠠᠴᠢᠯᠠᠨ᠂ ᠥᠷᠭᠡᠨ ᠣᠯᠠᠨ ᠲᠦᠮᠡᠨ ᠤ ᠡᠷᠡᠭᠦᠯ ᠮᠡᠨᠳᠦ ᠶᠢᠨ ᠡᠷᠬᠡ ᠠᠰᠢᠭ ᠢ ᠦᠨᠡᠨᠬᠦ ᠬᠠᠮᠠᠭᠠᠯᠠᠵᠤ᠂ ᠪᠦᠬᠦ ᠠᠷᠠᠳ ᠤᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠣᠯᠠᠨ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠡᠷᠡᠭᠦᠯ ᠮᠡᠨᠳᠦ ᠶᠢ ᠪᠠᠲᠤᠯᠠᠨ᠎ᠠ᠃      ᠬᠤᠶᠠᠷ᠂ ᠠᠵᠢᠯ ᠤᠨ ᠬᠠᠷᠠᠯᠲᠠ      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢᠨ ᠳᠠᠭᠠᠭᠠᠮᠠᠭᠠᠢ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠦᠨ᠎ᠡ      ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤᠨ ︵ᠬᠤᠲᠠ︶ ᠤ ᠰᠢᠭᠤᠳ ᠬᠠᠷᠢᠶ᠎ᠠ ᠡᠯ᠎ᠡ ᠪᠠᠶᠢᠭᠤᠯᠭ᠎ᠠ ᠨᠢᠭᠡᠴᠢ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠢ ᠨᠢᠭᠡ ᠲᠥᠷᠥᠯ ᠤᠨ ᠴᠢᠬᠤᠯᠠ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠭᠠᠵᠤ᠂ ᠠᠵᠤ ᠠᠬᠤᠢ ᠨᠡᠶᠢᠬᠡᠮ ᠤᠨ ᠬᠥᠭᠵᠢᠯᠲᠡ ᠶᠢᠨ ᠶᠡᠭᠡ ᠪᠠᠶᠢᠳᠠᠯ ᠳᠤ ᠣᠷᠣᠭᠤᠯᠤᠨ ᠨᠢᠭᠡᠳᠦᠯᠲᠡᠢ ᠲᠥᠯᠥᠪᠯᠡᠵᠦ ᠠᠬᠢᠭᠤᠯᠤᠨ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠳᠤᠮᠳᠠᠬᠢ ᠴᠢᠬᠤᠯᠠ ᠶᠡᠭᠡ ᠠᠰᠠᠭᠤᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠰᠤᠳᠤᠯᠤᠨ ᠰᠢᠢᠳᠪᠣᠷᠢᠯᠡᠵᠣ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠤᠨ ᠪᠡᠯᠡ ᠮᠥᠩᠭᠦᠨ ᠤ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠦᠨ᠂ ᠵᠠᠰᠠᠭ ᠤᠨ ᠣᠷᠳᠣᠨ ᠠᠴᠠ ᠤᠳᠤᠷᠢᠳᠤᠭᠰᠠᠨ᠂ ᠡᠷᠡᠭᠦᠯ ᠬᠠᠮᠠᠭᠠᠯᠠᠯ ᠪᠠ ᠡᠷᠡᠭᠦᠯ ᠮᠡᠨᠳᠦ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠣᠷᠴᠢᠨ ᠲᠣᠭᠤᠷᠢᠨ ᠤ ᠬᠠᠮᠠᠭᠠᠯᠠᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠬᠤᠯᠪᠣᠭᠳᠠᠯ ᠪᠦᠬᠦᠢ ᠪᠠᠶᠢᠭᠤᠯᠭ᠎ᠠ ᠬᠠᠮᠲᠤᠪᠠᠷ ᠠᠳᠬᠤᠵᠤ ᠬᠠᠮᠢᠶᠠᠷᠤᠭᠰᠠᠨ᠂ ᠨᠡᠶᠢᠭᠡᠮ ᠳᠠᠶᠠᠭᠠᠷ ᠢᠶᠠᠨ ᠣᠷᠣᠯᠴᠠᠭᠰᠠᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠵᠠᠰᠠᠯᠲᠠ ᠶᠢᠨ ᠳᠠᠭᠠᠭᠠᠮᠠᠭᠠᠢ ᠲᠣᠭᠲᠠᠴᠠ ᠶᠢ ᠪᠠᠶᠢᠭᠤᠯᠵᠤ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠢ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠪᠠ ᠨᠡᠶᠢᠭᠡᠮ ᠤᠨ ᠳᠠᠪᠰᠢᠯᠲᠠ ᠲᠠᠢ ᠵᠣᠬᠢᠴᠠᠭᠤᠯᠤᠨ ᠬᠥᠭᠵᠢᠭᠦᠯᠬᠦ ᠶᠢ ᠪᠠᠲᠤᠯᠠᠨ᠎ᠠ᠃ ᠬᠤᠰᠢᠭᠤᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠵᠥᠪᠯᠡᠯ ᠠᠴᠠ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠤᠨ ᠲᠥᠯᠥᠪᠵᠢᠭᠦᠯᠭᠡ ᠶᠢ ᠰᠣᠳᠣᠯᠣᠨ ᠲᠣᠭᠲᠠᠭᠠᠵᠤ᠂ ᠵᠢᠯ ᠳᠤ 1-2 ᠤᠳᠠᠭᠠᠨ ᠤ ᠬᠤᠷᠠᠯ ᠬᠤᠷᠠᠯᠳᠤᠭᠤᠯᠤᠨ᠂ ᠣᠨ ᠤ ᠠᠵᠢᠯ ᠤᠨ ᠲᠥᠯᠥᠪᠯᠡᠭᠡ ᠲᠣᠭᠲᠠᠭᠠᠵᠤ᠂ ᠴᠢᠬᠤᠯᠠ ᠠᠵᠢᠯ ᠤᠨ ᠡᠭᠦᠷᠭᠡ ᠶᠢ ᠰᠤᠳᠤᠯᠵᠤ ᠪᠠᠶᠢᠷᠢᠯᠠᠭᠤᠯᠤᠨ᠎ᠠ᠃ ᠡᠯ᠎ᠡ ᠰᠤᠮᠤ ᠪᠠᠯᠭᠠᠰᠤ᠂ ᠭᠠᠴᠠᠭ᠎ᠠ ᠲᠤᠰᠬᠤᠨ ︵ᠨᠡᠶᠢᠭᠡᠮ ᠲᠣᠭᠤᠷᠢᠭ︶᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠲᠤᠰᠬᠠᠢ ᠪᠤᠶᠤ ᠲᠤᠰᠢᠶᠠᠯ ᠬᠠᠪᠰᠤᠷᠭᠠᠭᠰᠠᠨ ᠠᠵᠢᠯᠲᠠᠨ ᠲᠣᠭᠲᠠᠭᠠᠵᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠢ ᠬᠠᠷᠢᠭᠤᠴᠠᠭᠤᠯᠵᠤ᠂ ᠪᠦᠬᠦ ᠲᠠᠯ᠎ᠠ ᠶᠢᠨ ᠵᠠᠰᠠᠯᠲᠠ ᠬᠢᠭᠡᠳ ᠭᠤᠣᠯᠳᠠᠯᠭ᠎ᠠ ᠲᠠᠢ ᠵᠠᠰᠠᠯᠲᠠ ᠶᠢ ᠤᠶᠠᠯᠳᠤᠭᠤᠯᠬᠤ᠂ ᠡᠳᠦᠷ ᠳᠣᠳᠥᠮ ᠤᠨ ᠬᠠᠮᠢᠶᠠᠷᠤᠯᠲᠠ ᠬᠢᠭᠡᠳ ᠣᠷᠳᠣ ᠬᠤᠭᠤᠴᠠᠭᠠᠨ ᠤ ᠬᠠᠮᠢᠶᠠᠷᠤᠯᠲᠠ ᠶᠢ ᠤᠶᠠᠯᠳᠤᠭᠤᠯᠬᠤ ᠶᠢ ᠪᠠᠷᠢᠮᠲᠠᠯᠠᠨ᠂ ᠲᠣᠣᠷᠴᠢᠯᠠᠭᠰᠠᠨ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠵᠦ᠂ ᠬᠡᠰᠡᠭ ᠢᠶᠠᠷ ᠭᠤᠣᠯ  ᠪᠣᠯᠭᠠᠨ᠂ ᠬᠡᠰᠡᠭ ᠲᠣᠭᠤᠷᠢᠭ ᠢ ᠤᠶᠠᠯᠳᠤᠭᠤᠯᠤᠭᠰᠠᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠵᠤ᠂ ᠬᠠᠤᠯᠢ ᠶᠣᠰᠣᠭᠠᠷ ᠰᠢᠨᠵᠢᠯᠡᠬᠦ ᠤᠬᠠᠭᠠᠨᠴᠢ ᠪᠠᠷ ᠵᠠᠰᠠᠯᠲᠠ ᠬᠢᠬᠦ ᠲᠦᠪᠰᠢᠨ ᠢᠶᠠᠨ ᠳᠡᠭᠡᠭᠰᠢᠯᠡᠭᠦᠯᠦᠨ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠦᠨᠡᠨᠬᠦ ᠪᠠᠲᠤᠯᠠᠨ᠎ᠠ᠃      ︵ᠬᠤᠶᠠᠷ︶ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠳᠠᠭᠠᠭᠠᠮᠠᠭᠠᠢ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠦᠨ᠎ᠡᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤᠨ ᠤ ᠬᠤᠲᠠ ᠬᠥᠳᠡᠭᠡ ᠶᠢᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠵᠠᠰᠠᠯᠲᠠ ᠶᠢᠨ ᠪᠣᠳᠠᠲᠠᠢ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠭᠤᠣᠯᠯᠠᠨ ᠤᠳᠤᠷᠢᠳᠬᠤ᠂ ᠪᠠᠶᠢᠭᠤᠯᠭ᠎ᠠ ᠵᠣᠬᠢᠶᠠᠨ ᠪᠠᠶᠢᠭᠤᠯᠵᠦ ᠬᠡᠷᠡᠭᠵᠢᠭᠦᠯᠬᠦ᠂ ᠡᠯ᠎ᠡ ᠱᠠᠲᠤᠨ ᠤ ᠪᠠᠶᠢᠭᠤᠯᠭ᠎ᠠ ᠨᠢᠭᠡᠴᠢ ᠬᠠᠮᠵᠢᠯᠴᠠᠬᠤ ᠵᠠᠷᠴᠢᠮ ᠶᠣᠰᠣᠭᠠᠷ᠂ ᠬᠠᠷᠢᠶ᠎ᠠ ᠣᠷᠣᠨ ᠤ ᠪᠠᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠴᠡᠭᠴᠡᠯᠡᠯᠲᠡ ᠶᠢ ᠪᠠᠲᠤᠲᠠᠢ ᠠᠬᠢᠭᠤᠯᠤᠨ᠎ᠠ᠃      ᠬᠤᠲᠠ ᠪᠠᠯᠭᠠᠰᠤᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠲᠠᠯ᠎ᠠ ᠪᠠᠷ ︽ᠳᠥᠷᠪᠡ ᠶᠢ ᠴᠡᠪᠡᠷᠯᠡᠬᠦ︾᠂ ︽ᠵᠢᠷᠭᠤᠭ᠎ᠠ ᠶᠢ ᠬᠢᠬᠦ︾᠂ ︽ᠭᠤᠷᠪᠡ ᠶᠢ ᠴᠢᠩᠭᠠᠳᠬᠠᠬᠤ︾᠂ ︽ᠳᠥᠷᠪᠡ ᠶᠢ ᠪᠡᠶᠡᠯᠡᠭᠦᠯᠬᠦ︾ ᠶᠢ ᠪᠡᠶᠡᠯᠡᠭᠦᠯᠦᠨ᠎ᠡ᠃ ︽ᠳᠥᠷᠪᠡ ᠶᠢ ᠴᠡᠪᠡᠷᠯᠡᠬᠦ︾᠄ ᠬᠤᠭ ᠨᠣᠪᠰᠢ ᠶᠢ ᠦᠨᠴᠦᠭ ᠪᠣᠯᠦᠩ ᠦᠯᠡᠳᠡᠭᠡᠯ ᠦᠭᠡᠢ ᠴᠡᠪᠡᠷᠯᠡᠬᠦ᠂ ᠣᠪᠣᠭᠠᠯᠠᠭᠰᠠᠨ ᠬᠠᠶᠠᠭᠳᠠᠮᠠᠯ ᠡᠳ᠋ ᠢ ᠴᠡᠪᠡᠷᠯᠡᠬᠦ᠂ ᠠᠰᠠᠷ ᠤᠨ ᠭᠤᠳᠤᠮᠵᠢ ᠶᠢ ᠴᠡᠪᠡᠷᠯᠡᠬᠦ᠂ ᠪᠤᠵᠠᠷ ᠤᠰᠤ ᠲᠠᠢ ᠭᠤᠤ ᠰᠤᠪᠠᠭ ᠢ ᠴᠡᠪᠡᠷᠯᠡᠬᠦ︔ ︽ᠵᠢᠷᠭᠤᠭ᠎ᠠ ᠶᠢ ᠬᠢᠬᠦ︾᠄ ᠬᠤᠪᠢ ᠶᠢᠨ ᠰᠡᠷᠭᠡᠶᠢᠯᠡᠯᠲᠡ ᠶᠢ ᠰᠠᠶᠢᠨ ᠬᠢᠬᠦ᠂ ᠭᠡᠷ ᠪᠦᠯᠢ ᠶᠢᠨ ᠡᠷᠡᠭᠦᠯ ᠬᠠᠮᠠᠭᠠᠯᠠᠯ ᠢ ᠡᠷᠬᠢᠮᠯᠡᠬᠦ᠂ ᠰᠠᠭᠤᠭᠠᠯᠢ ᠲᠣᠭᠤᠷᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠪᠠᠲᠤᠯᠠᠬᠤ᠂ ᠨᠡᠶᠢᠲᠡ ᠶᠢᠨ ᠣᠷᠣᠨ ᠲᠣᠭᠤᠷᠢᠭ ᠢ ᠴᠡᠪᠡᠷᠯᠡᠬᠦ᠂ ᠬᠥᠮᠥᠨ ᠠᠷᠪᠢᠨ ᠴᠤᠭᠯᠠᠷᠠᠭᠰᠠᠨ ᠲᠠᠯᠠᠪᠤᠷ ᠢ ᠬᠠᠮᠢᠶᠠᠷᠤᠨ ᠡᠵᠡᠮᠳᠡᠬᠦ᠂ ᠬᠤᠭ ᠨᠣᠪᠰᠢ ᠶᠢ ᠲᠥᠷᠥᠯ ᠠᠩᠭᠢᠯᠠᠬᠤ ᠶᠢ ᠳᠡᠯᠭᠡᠷᠡᠭᠦᠯᠬᠦ᠃ ︽ᠭᠤᠷᠪᠡ ᠶᠢ ᠴᠢᠩᠭᠠᠳᠬᠠᠬᠤ︾᠄ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠢ ᠪᠠᠷᠢᠮᠵᠢᠶᠠᠵᠢᠭᠤᠯᠤᠨ ᠲᠣᠬᠢᠷᠠᠭᠤᠯᠬᠤ ᠬᠢᠭᠡᠳ ᠬᠠᠮᠢᠶᠠᠷᠬᠤ︔ ︽ᠲᠠᠪᠤᠨ ᠵᠢᠵᠢᠭ ᠠᠵᠢᠯ ᠲᠥᠷᠥᠯ︾ ᠤᠨ ᠵᠢᠷᠤᠮᠵᠢᠭᠰᠠᠨ ᠬᠠᠮᠢᠶᠠᠷᠤᠯᠲᠠ ᠶᠢ ᠴᠢᠩᠭᠠᠳᠬᠠᠬᠤ︔ ᠬᠤᠲᠠ ᠬᠥᠳᠡᠭᠡ ᠶᠢᠨ ᠠᠭᠤᠯᠵᠠᠷ ᠢ ᠪᠠᠶᠢᠩᠭᠤ ᠬᠠᠮᠢᠶᠠᠷᠴᠤ᠂ ︽ᠭᠤᠷᠪᠠᠨ ᠱᠤᠭᠤᠮ ᠭᠤᠷᠪᠠᠨ ᠬᠢᠵᠠᠭᠠᠷ︾ ︵ᠵᠠᠰᠠᠮᠠᠯ ᠵᠠᠮ᠂ ᠲᠡᠮᠦᠷ ᠵᠠᠮ᠂ ᠬᠤᠲᠠ ᠬᠥᠳᠡᠭᠡ᠂ ᠵᠠᠭᠠᠭ ᠬᠢᠵᠠᠭᠠᠷ᠂ ᠦᠵᠡᠮᠵᠢ ᠶᠢᠨ ᠣᠷᠣᠨ ᠤ ᠣᠶᠢᠷ᠎ᠠ ᠬᠠᠪᠢ︶ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠴᠡᠭᠴᠡᠯᠡᠯᠲᠡ ᠶᠢᠨ ᠠᠵᠢᠯᠯᠠᠭ᠎ᠠ ᠶᠢ ᠬᠡᠷᠡᠭᠵᠢᠭᠦᠯᠬᠦ︔ ︽ᠳᠥᠷᠪᠡ ᠶᠢ ᠪᠡᠶᠡᠯᠡᠭᠦᠯᠬᠦ︾᠄ ᠬᠤᠲᠠ ᠶᠢ ᠪᠦᠲᠦᠭᠡᠨ ᠪᠠᠶᠢᠭᠤᠯᠵᠤ ᠬᠠᠲᠠᠭᠤᠷᠠᠭᠤᠯᠬᠤ᠂ ᠬᠡᠷᠡᠯᠳᠦᠭᠦᠯᠬᠦ᠂ ᠭᠤᠶᠣᠵᠢᠭᠤᠯᠬᠤ᠂ ᠨᠣᠭᠤᠭᠠᠷᠠᠭᠤᠯᠬᠤ᠃      ᠮᠠᠯᠵᠢᠬᠤ ᠲᠠᠷᠢᠶᠠᠯᠠᠬᠤ ᠣᠷᠣᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠲᠠᠯ᠎ᠠ ᠪᠠᠷ ︽ᠲᠠᠪᠤᠨ ᠣᠪᠣᠭᠠᠯᠠᠭᠰᠠᠨ ᠵᠦᠢᠯ ᠢ ᠴᠡᠪᠡᠷᠯᠡᠬᠦ︾᠂ ︽ᠭᠤᠷᠪᠡ ᠶᠢ ᠰᠠᠶᠢᠨ ᠬᠠᠮᠢᠶᠠᠷᠬᠤ︾᠂ ︽ᠬᠤᠶᠠᠷ ᠢ ᠳᠡᠭᠡᠭᠰᠢᠯᠡᠭᠦᠯᠬᠦ︾ ᠶᠢ ᠪᠡᠶᠡᠯᠡᠭᠦᠯᠦᠨ᠎ᠡ᠃ ︽ᠲᠠᠪᠤᠨ ᠣᠪᠣᠭᠠᠯᠠᠭᠰᠠᠨ ᠵᠦᠢᠯ ᠢ ᠴᠡᠪᠡᠷᠯᠡᠬᠦ︾᠄ ᠲᠦᠯᠡᠰᠢᠨ ᠮᠣᠳᠤ᠂ ᠰᠢᠪᠠᠷ ᠰᠢᠷᠣᠢ᠂ ᠡᠪᠡᠰᠦ᠂ ᠰᠢᠭᠡᠭ᠂ ᠬᠤᠭ ᠨᠤᠪᠰᠢ ᠶᠢᠨ ᠣᠪᠣᠭ᠎ᠠ ᠶᠢ ᠴᠡᠪᠡᠷᠯᠡᠬᠦ︔ ︽ᠭᠤᠷᠪᠡ ᠶᠢ ᠰᠠᠶᠢᠨ ᠬᠠᠮᠢᠶᠠᠷᠬᠤ︾᠄ ᠭᠠᠴᠠᠭ᠎ᠠ ᠲᠤᠰᠬᠤᠨ ᠤ ᠳᠦᠷᠢ ᠳᠥᠷᠬᠦ ᠶᠢ ᠬᠦᠴᠦᠯᠡᠨ ᠰᠠᠶᠢᠵᠢᠷᠠᠭᠤᠯᠵᠤ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠵᠤ ᠪᠦᠯᠦᠭ ᠠᠩᠭᠢᠯᠠᠨ ᠬᠠᠮᠢᠶᠠᠷᠬᠤ ᠪᠠ ᠬᠠᠳᠠᠭᠠᠯᠠᠵᠤ ᠲᠡᠭᠡᠭᠡᠪᠦᠷᠢᠯᠡᠬᠦ ᠲᠥᠬᠦᠭᠡᠷᠦᠮᠵᠢ ᠶᠢᠨ ᠪᠠᠶᠢᠭᠤᠯᠤᠯᠲᠠ ᠶᠢ ᠴᠢᠩᠭᠠᠳᠬᠠᠨ᠂ ᠡᠳᠦᠷ ᠤᠨ ᠦᠢᠯᠡᠳᠪᠦᠷᠢᠯᠡᠭᠰᠡᠨ ᠢ ᠡᠳᠦᠷ ᠲᠤᠨᠢ ᠴᠡᠪᠡᠷᠯᠡᠬᠦ ᠶᠢ ᠪᠡᠶᠡᠯᠡᠭᠦᠯᠬᠦ︔ ︽ᠵᠣᠷᠯᠦᠩ ᠤᠨ ᠥᠭᠡᠷᠡᠴᠢᠯᠡᠯᠲᠡ︾ ᠶᠢ ᠭᠦᠨᠵᠡᠭᠡᠢ ᠠᠬᠢᠭᠤᠯᠵᠤ᠂ ᠵᠣᠷᠯᠦᠩ ᠤᠨ ᠰᠢᠭᠡᠰᠦ ᠪᠠᠭᠠᠰᠤ ᠶᠢ ᠴᠡᠪᠡᠷᠯᠡᠨ᠂ ᠰᠢᠭᠡᠰᠦ ᠪᠠᠭᠠᠰᠤ ᠪᠠᠷ ᠳᠠᠮᠵᠢᠨ ᠡᠪᠡᠳᠴᠢᠨ ᠬᠢᠵᠢᠭ ᠳᠡᠯᠭᠡᠷᠡᠬᠦ ᠳᠠᠯᠳᠡ ᠭᠡᠮ ᠢ ᠪᠠᠭᠠᠰᠬᠠᠬᠤ︔ ᠰᠢᠨᠵᠢᠯᠡᠬᠦ ᠤᠬᠠᠭᠠᠨᠴᠢ ᠪᠠᠷ ᠲᠡᠵᠢᠭᠡᠨ ᠦᠷᠡᠵᠢᠭᠦᠯᠬᠦ ᠶᠢ ᠵᠢᠯᠣᠭᠤᠳᠴᠦ᠂ ᠰᠢᠨᠵᠢᠯᠡᠬᠦ ᠤᠬᠠᠭᠠᠨᠴᠢ ᠪᠠᠷ ᠮᠠᠯ ᠵᠢᠭᠦᠷᠲᠡᠨ ᠢ ᠲᠡᠵᠢᠭᠡᠵᠦ ᠦᠷᠡᠵᠢᠭᠦᠯᠦᠨ ᠬᠥᠮᠥᠨ ᠮᠠᠯ ᠬᠠᠮᠲᠤᠪᠠᠷ ᠡᠪᠡᠳᠴᠢᠨ ᠳᠤ ᠬᠠᠯᠳᠠᠪᠤᠷᠢᠯᠠᠭᠳᠠᠬᠤ ᠲᠦᠭᠰᠢᠭᠦᠷᠢ ᠶᠢ ᠪᠠᠭᠠᠰᠬᠠᠬᠤ᠃ ︽ᠬᠤᠶᠠᠷ ᠢ ᠳᠡᠭᠡᠭᠰᠢᠯᠡᠭᠦᠯᠬᠦ︾᠄ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠪᠠ ᠠᠮᠢ ᠠᠬᠤᠢ ᠶᠢᠨ ᠣᠷᠴᠢᠨ ᠲᠣᠭᠤᠷᠢᠨ ᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠬᠦ᠃      ︵ᠭᠤᠷᠪᠡ︶ ᠡᠷᠡᠭᠦᠯ ᠮᠡᠨᠳᠦ ᠶᠢᠨ ᠬᠥᠮᠥᠵᠢᠯ ᠬᠢᠭᠡᠳ ᠡᠷᠡᠭᠦᠯ ᠮᠡᠨᠳᠦ ᠶᠢ ᠠᠬᠢᠭᠤᠯᠬᠤ ᠳᠠᠭᠠᠭᠠᠮᠠᠭᠠᠢ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠦᠨ᠎ᠡ       ⒈ᠡᠷᠡᠭᠦᠯ ᠮᠡᠨᠳᠦ ᠶᠢᠨ ᠬᠥᠮᠥᠵᠢᠯ ᠤᠨ ᠠᠷᠭ᠎ᠠ ᠮᠠᠶ᠋ᠢᠭ ᠪᠠ ᠠᠴᠢᠶᠠᠯᠠᠪᠤᠷᠢ ᠶᠢᠨ ᠰᠢᠨ᠎ᠡ ᠶᠢ ᠡᠭᠦᠳᠦᠨ᠎ᠡ᠃ ᠰᠤᠮᠤ ᠪᠠᠯᠭᠠᠰᠤ ᠶᠢ ᠵᠣᠷᠢᠭᠵᠢᠭᠤᠯᠵᠤ ᠡᠷᠡᠭᠦᠯ ᠴᠢᠬᠢᠷᠠᠭ ᠠᠮᠢᠳᠤᠷᠠᠯ ᠤᠨ ᠠᠷᠭ᠎ᠠ ᠮᠠᠶ᠋ᠢᠭ ᠢ ᠬᠠᠮᠢᠶᠠᠷᠤᠨ ᠵᠢᠯᠤᠭᠤᠳᠬᠤ ᠡᠩᠨᠡᠭᠡ ᠶᠢ ᠪᠠᠶᠢᠭᠤᠯᠵᠤ᠂ ᠡᠷᠡᠭᠦᠯ ᠮᠡᠨᠳᠦ ᠳᠤᠮᠳᠠᠳᠤ ᠤᠯᠤᠰ ᠤᠨ ᠠᠶᠠᠯᠠᠯ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠭᠠᠷᠠᠭ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠰᠠᠷ᠎ᠠ᠂ ᠳᠡᠯᠡᠬᠡᠢ ᠶᠢᠨ ᠡᠷᠡᠭᠦᠯ ᠬᠠᠮᠠᠭᠠᠯᠠᠯ ᠤᠨ ᠡᠳᠦᠷ᠂ ︽ᠡᠷᠡᠭᠦᠯ ᠬᠠᠮᠠᠭᠠᠯᠠᠯ ᠢ ᠬᠠᠮᠲᠤᠪᠠᠷ ᠠᠬᠢᠭᠤᠯᠬᠤ ︾᠂ ︽ᠡᠷᠡᠭᠦᠯ ᠮᠡᠨᠳᠦ ᠪᠠᠨ ᠬᠠᠮᠠᠭᠠᠯᠠᠬᠤ︾ ᠵᠡᠷᠭᠡ ᠭᠤᠣᠯ ᠰᠡᠳᠦᠪ ᠪᠣᠯᠭᠠᠵᠤ᠂ ᠡᠷᠡᠭᠦᠯ ᠮᠡᠨᠳᠦ ᠶᠢᠨ ᠬᠠᠮᠢᠶᠠᠷᠤᠯᠲᠠ᠂ ᠡᠪᠡᠳᠴᠢᠨ ᠬᠢᠵᠢᠭ ᠤᠨ ᠰᠡᠷᠭᠡᠶᠢᠯᠡᠯᠲᠡ ᠵᠡᠷᠭᠡ ᠮᠡᠳᠡᠯᠭᠡ ᠪᠠᠷ ᠭᠤᠣᠯ ᠪᠣᠯᠭᠠᠭᠰᠠᠨ ᠪᠦᠬᠦ ᠠᠷᠠᠳ ᠤᠨ ᠡᠷᠡᠭᠦᠯ ᠮᠡᠨᠳᠦ ᠶᠢᠨ ᠬᠥᠮᠥᠵᠢᠯ ᠤᠨ ᠠᠵᠢᠯᠯᠠᠭ᠎ᠠ ᠥᠷᠨᠢᠭᠦᠯᠦᠨ᠎ᠡ᠃      ⒉ᠡᠷᠡᠭᠦᠯ ᠮᠡᠨᠳᠦ ᠶᠢ ᠠᠬᠢᠭᠤᠯᠬᠤ ᠠᠵᠢᠯ ᠤᠨ ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ᠃ ᠡᠷᠡᠭᠦᠯ ᠬᠠᠮᠠᠭᠠᠯᠠᠯ ᠪᠠ ᠡᠷᠡᠭᠦᠯ ᠮᠡᠨᠳᠦ ᠶᠢᠨ ᠪᠠᠶᠢᠭᠤᠯᠭ᠎ᠠ ᠠᠴᠠ ᠲᠥᠷᠦᠭᠦᠯᠡᠵᠤ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠭᠤᠣᠯ ᠤᠳᠤᠷᠢᠳᠤᠨ᠂ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠪᠠ ᠡᠷᠡᠭᠦᠯ ᠮᠡᠨᠳᠦ ᠶᠢᠨ ᠪᠠᠶᠢᠭᠤᠯᠤᠮᠵᠢ ᠪᠠᠷ ᠲᠤᠯᠭᠠᠭᠤᠷᠢ ᠪᠣᠯᠭᠠᠵᠤ᠂ ᠠᠯᠪᠠᠨ ᠪᠠᠶᠢᠭᠤᠯᠭ᠎ᠠ ᠪᠠ ᠰᠤᠷᠭᠠᠭᠤᠯᠢ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠪᠠᠷ ᠰᠠᠭᠤᠷᠢ ᠪᠣᠯᠭᠠᠭᠰᠠᠨ ᠡᠷᠡᠭᠦᠯ ᠮᠡᠨᠳᠦ ᠶᠢᠨ ᠬᠥᠮᠥᠵᠢᠯ ᠬᠢᠭᠡᠳ ᠡᠷᠡᠭᠦᠯ ᠮᠡᠨᠳᠦ ᠶᠢ ᠠᠬᠢᠭᠤᠯᠬᠤ ᠠᠵᠢᠯ ᠤᠨ ᠲᠣᠭᠲᠠᠯᠴᠠᠭ᠎ᠠ ᠪᠠᠶᠢᠭᠤᠯᠤᠨ᠂ ᠡᠷᠡᠭᠦᠯ ᠮᠡᠨᠳᠦ ᠶᠢ ᠠᠬᠢᠭᠤᠯᠬᠤ ᠠᠵᠢᠯ ᠢ ᠠᠬᠢᠭᠤᠯᠤᠨ᠎ᠠ᠃ ᠡᠷᠡᠭᠦᠯ ᠮᠡᠨᠳᠦ ᠪᠠᠷ ᠬᠤᠰᠢᠭᠤ ᠪᠠ ᠡᠷᠡᠭᠦᠯ ᠮᠡᠨᠳᠦ ᠶᠢᠨ ᠲᠠᠯᠠᠪᠤᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠢ ᠴᠢᠩᠭᠠᠳᠬᠠᠵᠤ᠂ ᠲᠠᠮᠡᠬᠢ ᠲᠠᠲᠠᠬᠤ ᠶᠢ ᠬᠤᠷᠢᠭᠯᠠᠬᠤ ᠠᠷᠭ᠎ᠠ ᠪᠠᠷᠢᠯ ᠤᠳ ᠢ ᠨᠠᠶᠢᠳᠠᠪᠤᠷᠢᠵᠢᠭᠤᠯᠤᠨ᠂ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠬᠥᠳᠡᠯᠭᠡᠭᠡᠨ ᠢ ᠠᠬᠢᠭᠤᠯᠵᠤ᠂ ᠨᠡᠶᠢᠭᠡᠮ ᠳᠠᠶᠠᠭᠠᠷ ᠢᠶᠠᠨ ᠡᠷᠡᠭᠦᠯ ᠬᠠᠮᠠᠭᠠᠯᠠᠯ ᠢ ᠡᠷᠬᠢᠮᠯᠡᠬᠦ᠂ ᠪᠣᠯᠬᠢ ᠳᠠᠳᠬᠠᠯ ᠢᠶᠠᠨ ᠲᠠᠲᠠᠭᠳᠠᠬᠤ᠂ ᠡᠷᠡᠭᠦᠯ ᠮᠡᠨᠳᠦ ᠶᠢ ᠠᠬᠢᠭᠤᠯᠬᠤ ᠰᠠᠶᠢᠨ ᠰᠠᠶᠢᠬᠠᠨ ᠪᠠᠶᠢᠳᠠᠯ ᠢ ᠪᠣᠢ ᠪᠣᠯᠭᠠᠨ᠎ᠠ᠃      ︵ᠳᠥᠷᠪᠡ︶ ᠬᠤᠯᠣᠭᠠᠨ᠎ᠠ ᠶᠢᠨ ᠬᠢᠵᠢᠭ ᠢ ᠰᠡᠷᠭᠡᠶᠢᠯᠡᠬᠦ ᠪᠠᠷ ᠭᠤᠣᠯ ᠪᠣᠯᠭᠠᠭᠰᠠᠨ ᠡᠪᠡᠳᠴᠢᠨ ᠬᠢᠵᠢᠭ ᠤᠨ ᠵᠠᠭᠤᠴᠢ ᠠᠮᠢᠳᠤ ᠪᠣᠳᠠᠰ ᠢ ᠰᠡᠷᠭᠡᠶᠢᠯᠡᠬᠦ ᠳᠠᠭᠠᠭᠠᠮᠠᠭᠠᠢ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠦᠨ᠎ᠡ      ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ ᠴᠢᠭᠯᠡᠯᠲᠡ ᠶᠢ ᠪᠠᠷᠢᠮᠲᠠᠯᠠᠵᠤ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠡᠵᠡᠮᠳᠡᠬᠦ ᠶᠢ ᠨᠠᠶᠢᠳᠠᠪᠤᠷᠢᠵᠢᠭᠤᠯᠤᠨ᠂ ᠦᠨᠳᠦᠰᠦᠨ ᠱᠠᠲᠤᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠤᠨ ᠳᠠᠪᠠᠭᠤᠯᠢᠭ ᠢ ᠪᠠᠳᠠᠷᠠᠭᠤᠯᠵᠤ᠂ ᠲᠤᠰᠬᠠᠢ ᠰᠡᠷᠭᠡᠶᠢᠯᠡᠬᠦ ᠪᠠ ᠣᠯᠠᠨ ᠢᠶᠠᠷ ᠢᠶᠠᠨ ᠣᠷᠣᠯᠴᠠᠬᠤ ᠶᠢ ᠴᠢᠩᠭᠠᠳᠬᠠᠨ᠂ ᠬᠠᠮᠲᠤᠪᠠᠷ ᠡᠪᠡᠳᠴᠢᠨ ᠬᠢᠵᠢᠭ ᠢ ᠰᠡᠷᠭᠡᠶᠢᠯᠡᠬᠦ᠂ ᠡᠷᠡᠭᠦᠯ ᠮᠠᠨᠳᠤ ᠶᠢ ᠠᠬᠢᠭᠤᠯᠬᠤ ᠠᠵᠢᠯ ᠤᠨ ᠪᠠᠶᠢᠳᠠᠯ ᠢ ᠪᠦᠷᠢᠯᠳᠦᠭᠦᠯᠵᠦ᠂ ᠡᠪᠡᠳᠴᠢᠨ ᠬᠢᠵᠢᠭ ᠡᠭᠦᠰᠴᠦ ᠳᠡᠯᠭᠡᠷᠡᠬᠦ ᠢᠷᠡᠯᠳᠡ ᠶᠢ ᠬᠤᠷᠢᠭᠯᠠᠨ᠎ᠠ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠵᠣᠬᠢᠶᠠᠨ ᠪᠠᠶᠢᠭᠤᠯᠤᠨ ᠵᠣᠬᠢᠴᠠᠭᠤᠯᠬᠤ ᠦᠢᠯᠡᠳᠦᠯ ᠢ ᠪᠠᠳᠠᠷᠠᠭᠤᠯᠵᠤ᠂ ᠬᠤᠯᠪᠣᠭᠳᠠᠯ ᠪᠦᠬᠦᠢ ᠪᠠᠶᠢᠭᠤᠯᠭ᠎ᠠ ᠥᠪᠡᠷ ᠥᠪᠡᠷ ᠤᠨ ᠬᠠᠷᠢᠭᠤᠴᠠᠯᠭ᠎ᠠ ᠪᠠᠨ ᠡᠭᠦᠷᠭᠡᠯᠡᠨ᠂ ᠬᠠᠮᠵᠢᠯᠴᠠᠨ ᠠᠵᠢᠯᠯᠠᠵᠤ᠂ ᠬᠠᠯᠳᠠᠪᠤᠷᠢᠯᠠᠬᠤ ᠢᠷᠡᠯᠲᠡ ᠶᠢᠨ ᠬᠠᠮᠢᠶᠠᠷᠤᠯᠲᠠ᠂ ᠬᠥᠨᠥᠭᠡᠯᠲᠦ ᠬᠦᠴᠦᠨ ᠵᠦᠢᠯ ᠤᠨ ᠡᠵᠡᠮᠳᠡᠯ᠂ ᠰᠡᠷᠭᠡᠶᠢᠯᠡᠨ ᠡᠵᠡᠮᠳᠡᠬᠦ ᠮᠡᠳᠡᠯᠭᠡ ᠶᠢᠨ ᠲᠦᠭᠡᠮᠡᠯᠵᠢᠭᠦᠯᠦᠯᠲᠡ᠂ ᠨᠡᠶᠢᠭᠡᠮ ᠤᠨ ᠰᠡᠳᠬᠢᠴᠡ ᠶᠢᠨ ᠵᠥᠪᠯᠡᠯᠭᠡ ᠵᠡᠷᠭᠡ ᠶᠡᠷᠦᠩᠬᠡᠶᠢᠯᠡᠭᠰᠡᠨ ᠰᠡᠷᠭᠡᠶᠢᠯᠡᠨ ᠡᠵᠡᠮᠳᠡᠬᠦ ᠠᠷᠭ᠎ᠠ ᠪᠠᠷᠢᠯ ᠢ ᠬᠠᠮᠲᠤᠪᠠᠷ ᠨᠠᠶᠢᠳᠠᠪᠤᠷᠢᠵᠢᠭᠤᠯᠤᠨ᠎ᠠ᠃ ᠤᠯᠠᠷᠢᠯ ᠤᠨ ᠴᠢᠨᠠᠷᠲᠠᠢ ᠬᠠᠯᠳᠠᠪᠤᠷᠢᠲᠤ ᠡᠪᠡᠳᠴᠢᠨ ᠢ ᠰᠡᠷᠭᠡᠶᠢᠯᠡᠬᠦ ᠠᠵᠢᠯ ᠢ ᠭᠤᠣᠯᠳᠠᠯᠭ᠎ᠠ ᠲᠠᠢ ᠴᠢᠩᠭᠠᠳᠬᠠᠵᠤ᠂ ᠬᠤᠲᠠ ᠪᠠᠯᠭᠠᠰᠤ ᠨᠢ ᠰᠠᠭᠤᠭᠠᠯᠢ ᠠᠷᠠᠳ ᠤᠨ ᠲᠣᠭᠤᠷᠢᠭ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠵᠡᠷᠭᠡ ᠣᠯᠠᠨ ᠨᠡᠶᠢᠲᠡ ᠶᠢᠨ ᠲᠠᠯᠠᠪᠤᠷ ᠢᠶᠠᠷ ᠭᠤᠣᠯ ᠪᠣᠯᠭᠠᠨ᠂ ᠮᠠᠯᠵᠢᠬᠤ ᠲᠠᠷᠢᠶᠠᠯᠠᠬᠤ ᠣᠷᠣᠨ ᠨᠢ ᠬᠤᠯᠤᠭᠠᠨ᠎ᠠ ᠠᠷᠪᠢᠨ ᠭᠠᠵᠠᠷ ᠢᠶᠠᠷ ᠭᠤᠣᠯ ᠪᠣᠯᠭᠠᠵᠤ᠂ ᠶᠡᠭᠡ ᠬᠡᠪᠴᠢᠶ᠎ᠡ ᠪᠠᠷ ᠬᠤᠯᠣᠭᠠᠨ᠎ᠠ ᠪᠦᠭᠡᠰᠤ ᠤᠰᠠᠳᠬᠠᠬᠤ ᠠᠵᠢᠯᠯᠠᠭ᠎ᠠ ᠶᠢ ᠲᠣᠭᠲᠠᠭᠰᠠᠨ ᠬᠤᠭᠤᠴᠠᠭ᠎ᠠ ᠲᠠᠢ ᠥᠷᠨᠢᠭᠦᠯᠦᠨ᠂ ᠬᠤᠯᠣᠭᠠᠨ᠎ᠠ ᠪᠠ ᠪᠦᠭᠡᠰᠤᠨ ᠤ ᠲᠤᠭ᠎ᠠ ᠶᠢ ᠤᠯᠤᠰ ᠤᠨ ᠪᠠᠷᠢᠮᠵᠢᠶ᠎ᠠ ᠳᠣᠲᠣᠷ᠎ᠠ ᠡᠵᠡᠮᠳᠡᠬᠦ ᠶᠢ ᠪᠠᠲᠤᠯᠠᠨ᠎ᠠ᠃ ᠡᠭᠦᠨ ᠤ ᠳᠠᠭᠠᠤ᠂ ᠤᠬᠠᠭᠤᠯᠭ᠎ᠠ ᠪᠠᠨ ᠴᠢᠩᠭᠠᠳᠬᠠᠵᠤ᠂ ᠰᠠᠭᠤᠭᠠᠯᠢ ᠠᠷᠠᠳ ᠢ ᠵᠢᠯᠣᠭᠤᠳᠤᠨ ︽ᠭᠤᠷᠪᠡ ᠶᠢ ᠥᠯᠦ ᠬᠢᠬᠦ ᠭᠤᠷᠪᠡ ᠶᠢ ᠮᠡᠳᠡᠭᠦᠯᠬᠦ︾ ︵ᠬᠢᠵᠢᠭ ᠲᠠᠢ ᠭᠠᠵᠠᠷ ᠤᠨ ᠠᠮᠢᠲᠠᠨ ᠢ ᠳᠤᠷ᠎ᠠ ᠪᠠᠷ ᠢᠶᠠᠨ ᠪᠠᠷᠢᠵᠤ ᠠᠩᠨᠠᠬᠤ ᠦᠭᠡᠢ᠂ ᠬᠢᠵᠢᠭ ᠲᠠᠢ ᠭᠠᠵᠠᠷ ᠤᠨ ᠠᠮᠢᠲᠡᠨ ᠢ ᠳᠤᠷ᠎ᠠ ᠠᠴᠠ ᠪᠠᠨ ᠥᠪᠴᠢᠵᠦ ᠢᠳᠡᠬᠦ ᠦᠭᠡᠢ᠂ ᠬᠢᠵᠢᠭ ᠲᠠᠢ ᠭᠠᠵᠠᠷ ᠤᠨ ᠠᠮᠢᠲᠠᠨ ᠵᠢᠴᠢ ᠪᠦᠲᠦᠭᠡᠭᠳᠡᠬᠦᠨ ᠢ ᠬᠢᠵᠢᠭᠲᠦ ᠣᠷᠣᠨ ᠠᠴᠠ ᠳᠤᠷ᠎ᠠ ᠪᠠᠷ ᠢᠶᠠᠨ ᠠᠪᠴᠤ ᠶᠠᠪᠤᠬᠤ ᠦᠭᠡᠢ᠃ ᠡᠪᠡᠳᠴᠢᠨ ᠢᠶᠠᠷ ᠦᠬᠦᠭᠰᠡᠨ ᠬᠤᠯᠤᠭᠠᠨ᠎ᠠ ᠶᠢ ᠮᠡᠳᠡᠭᠦᠯᠬᠦ᠂ ᠬᠤᠯᠤᠭᠠᠨ᠎ᠠ ᠶᠢᠨ ᠬᠢᠵᠢᠭ ᠤᠨ ᠰᠡᠵᠢᠭᠯᠡᠯᠲᠡᠢ ᠡᠪᠡᠳᠴᠢᠲᠡᠨ ᠢ ᠮᠡᠳᠡᠭᠦᠯᠬᠦ᠂ ᠳᠣᠲᠤᠷᠬᠠᠢ ᠰᠢᠯᠲᠠᠭᠠᠨ ᠦᠭᠡᠢ ᠪᠠᠷ ᠪᠡᠶ᠎ᠡ ᠬᠠᠯᠠᠭᠤᠷᠠᠭᠰᠠᠨ ᠡᠪᠡᠳᠴᠢᠲᠡᠨ ᠪᠠ ᠭᠡᠨᠡᠳᠳᠡ ᠲᠦᠷᠭᠡᠨ ᠢᠶᠠᠷ ᠨᠠᠰᠤ ᠪᠠᠷᠠᠭᠰᠠᠨ ᠡᠪᠡᠳᠴᠢᠲᠡᠨ ᠢ ᠮᠡᠳᠡᠭᠦᠯᠬᠦ︶ ᠶᠢ ᠪᠡᠶᠡᠯᠡᠭᠦᠯᠦᠨ᠎ᠡ᠃      ︵ᠲᠠᠪᠤ︶ ᠡᠷᠡᠭᠦᠯ ᠬᠠᠮᠠᠭᠠᠯᠠᠯ ᠤᠨ ᠬᠤᠲᠠ ᠬᠢᠭᠡᠳ ᠡᠷᠡᠭᠦᠯ ᠮᠡᠨᠳᠦ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠳᠠᠭᠠᠭᠠᠮᠠᠭᠠᠢ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠦᠨ᠎ᠡ      ᠦᠨᠳᠤᠷ ᠪᠠᠷᠢᠮᠵᠢᠶ᠎ᠠ ᠶᠢ ᠪᠠᠷᠢᠮᠲᠠᠯᠠᠵᠤ᠂ ᠦᠨᠳᠤᠷ ᠲᠦᠪᠰᠢᠨ ᠳᠤ ᠬᠦᠷᠭᠡᠬᠦ ᠪᠠᠷ ᠴᠢᠷᠮᠠᠶᠢᠨ᠂ ᠤᠯᠤᠰ ᠤᠨ ᠡᠷᠡᠭᠦᠯ ᠬᠠᠮᠠᠭᠠᠯᠠᠯ ᠤᠨ ᠬᠤᠰᠢᠭᠤ ᠰᠢᠶᠡᠨ ᠪᠠ ᠤᠯᠤᠰ ᠤᠨ ᠡᠷᠡᠭᠦᠯ ᠬᠠᠮᠠᠭᠠᠯᠠᠯ ᠤᠨ ᠰᠢᠶᠠᠩ ᠪᠠᠯᠭᠠᠰᠤ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠮᠵᠢ ᠶᠢ ᠦᠷᠭᠦᠯᠵᠢᠯᠡᠨ ᠪᠠᠲᠤᠳᠬᠠᠨ᠎ᠠ᠃ ᠦᠵᠡᠰᠭᠦᠯᠡᠩᠳᠣ ᠰᠠᠶᠢᠬᠠᠨ ᠬᠥᠳᠡᠭᠡ ᠲᠤᠰᠬᠤᠨ ᠤ ᠪᠦᠲᠦᠭᠡᠨ ᠪᠠᠶᠢᠭᠤᠯᠤᠯᠲᠠ ᠶᠢ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠴᠡᠭᠴᠡᠯᠡᠯᠲᠡ  ᠲᠠᠢ ᠤᠶᠠᠯᠳᠤᠭᠤᠯᠵᠤ᠂ ᠡᠷᠡᠭᠦᠯ ᠬᠠᠮᠠᠭᠠᠯᠠᠯ ᠤᠨ ᠰᠤᠮᠤ ᠪᠠᠯᠭᠠᠰᠤ᠂ ᠭᠠᠴᠠᠭ᠎ᠠ ᠲᠤᠰᠬᠤᠨ ᠢ ᠡᠭᠦᠳᠦᠨ ᠪᠠᠶᠢᠭᠤᠯᠬᠤ ᠠᠵᠢᠯ ᠢ ᠶᠡᠬᠡᠪᠡᠷ ᠥᠷᠨᠢᠭᠦᠯᠦᠨ᠂ ᠬᠤᠲᠠ ᠬᠥᠳᠡᠭᠡ ᠶᠢᠨ ᠣᠷᠴᠢᠨ ᠲᠣᠭᠤᠷᠢᠨ ᠤ ᠪᠠᠶᠢᠳᠠᠯ ᠪᠠ ᠰᠠᠭᠤᠭᠠᠯᠢ ᠠᠷᠠᠳ ᠤᠨ ᠪᠣᠯᠪᠠᠰᠤᠨ ᠤ ᠬᠡᠪ ᠪᠣᠯᠪᠠᠰᠤᠷᠠᠯ ᠤᠨ ᠪᠦᠬᠦ ᠲᠠᠯ᠎ᠠ ᠶᠢᠨ  ᠳᠡᠭᠡᠭᠰᠢᠯᠡᠯᠲᠡ ᠶᠢ ᠳᠠᠶᠢᠴᠢᠯᠠᠨ᠎ᠠ᠃ ︽ᠡᠷᠡᠭᠦᠯ ᠮᠡᠨᠳᠦ ᠳᠤᠮᠳᠠᠳᠤ ᠤᠯᠤᠰ︾ ᠤᠨ ᠪᠠᠶᠢᠯᠳᠤᠬᠤ ᠪᠣᠳᠣᠯᠭ᠎ᠠ ᠶᠢ ᠭᠦᠨᠵᠡᠭᠡᠢ ᠲᠣᠭᠤᠰᠢᠯᠠᠭᠤᠯᠤᠨ᠂ ᠡᠷᠡᠭᠦᠯ ᠮᠡᠨᠳᠦ ᠬᠤᠲᠠ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠰᠦᠪᠡᠭᠴᠢᠯᠡᠵᠦ᠂ ᠨᠡᠶᠢᠭᠡᠮ ᠤᠨ ᠡᠯ᠎ᠡ ᠲᠠᠯ᠎ᠠ ᠶᠢᠨ ᠬᠢᠨ ᠪᠠ ᠥᠷᠭᠡᠨ ᠣᠯᠠᠨ ᠲᠦᠮᠡᠨ ᠤ ᠡᠷᠡᠭᠦᠯ ᠮᠡᠨᠳᠦ ᠶᠢᠨ ᠬᠤᠲᠠ ᠶᠢᠨ ᠪᠦᠲᠦᠭᠡᠨ ᠪᠠᠶᠢᠭᠤᠯᠤᠯᠲᠠ ᠳᠤ ᠣᠷᠣᠯᠴᠠᠬᠤ ᠶᠢ ᠵᠣᠷᠢᠭᠵᠢᠭᠤᠯᠤᠨ᠂ ᠬᠤᠲᠠ ᠶᠢᠨ ᠦᠢᠯᠠᠭᠠᠭᠲᠠᠬᠤᠨ ᠢ ᠨᠡᠶᠢᠭᠡᠮ ᠲᠣᠭᠤᠷᠢᠭ᠂ ᠰᠤᠷᠭᠠᠭᠤᠯᠢ᠂ ᠠᠵᠤ ᠠᠬᠤᠶᠢᠯᠠᠯ᠂ ᠠᠯᠪᠠᠨ ᠪᠠᠶᠢᠭᠤᠯᠭ᠎ᠠ ᠳᠤ ᠤᠬᠠᠭᠤᠯᠬᠤ ᠵᠡᠷᠭᠡ ︽ᠡᠷᠡᠭᠦᠯ ᠮᠡᠨᠳᠦ ᠡᠰ︾ ᠤᠨ ᠢᠨᠵᠧᠨᠧᠷᠢᠩ ᠤᠨ ᠪᠠᠶᠢᠭᠤᠯᠤᠯᠲᠠ ᠶᠢ ᠠᠬᠢᠭᠤᠯᠵᠤ᠂ ᠨᠡᠶᠢᠭᠡᠮ ᠤᠨ ᠣᠷᠣᠯᠴᠠᠬᠤ ᠢᠳᠡᠪᠬᠢᠵᠢᠯ ᠢ ᠳᠠᠶᠢᠴᠢᠯᠠᠨ᠂ ᠬᠤᠲᠠ ᠶᠢᠨ ᠪᠦᠲᠦᠭᠡᠨ ᠪᠠᠶᠢᠭᠤᠯᠤᠯᠲᠠ ᠬᠢᠭᠡᠳ ᠬᠥᠮᠥᠨ ᠤ ᠡᠷᠡᠭᠦᠯ ᠡᠩᠬᠡ ᠶᠢᠨ ᠡᠶ᠎ᠡ ᠵᠣᠬᠢᠴᠠᠩᠭᠤᠢ ᠬᠥᠭᠵᠢᠯᠲᠡ ᠶᠢ ᠠᠬᠢᠭᠤᠯᠤᠨ᠎ᠠ᠃      ᠭᠤᠷᠪᠡ᠂ ᠪᠠᠲᠤᠯᠠᠬᠤ ᠠᠷᠭ᠎ᠠ ᠪᠠᠷᠢᠯ      ︵ᠨᠢᠭᠡ︶ ᠪᠠᠶᠢᠭᠤᠯᠭ᠎ᠠ ᠶᠢᠨ ᠲᠤᠰᠢᠶᠠᠯ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠵᠥᠪᠯᠡᠯ ᠵᠣᠬᠢᠶᠠᠨ ᠪᠠᠶᠢᠭᠤᠯᠵᠤ ᠵᠣᠬᠢᠴᠠᠭᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠤᠨ ᠬᠤᠪᠢᠶᠠᠷᠢᠯᠠᠯ ᠤᠨ ᠬᠠᠷᠢᠭᠤᠴᠠᠯᠭ᠎ᠠ ᠶᠢᠨ ᠳᠦᠷᠢᠮ ᠢ ᠬᠠᠤᠯᠢ ᠶᠣᠰᠣᠭᠠᠷ ᠬᠡᠷᠡᠭᠵᠢᠭᠦᠯᠦᠨ᠂ ᠪᠦᠷᠢᠯᠳᠦᠬᠦᠨ ᠨᠢᠭᠡᠴᠢ ᠲᠤᠰᠢᠶᠠᠯ ᠬᠠᠷᠢᠭᠤᠴᠠᠯᠭ᠎ᠠ ᠶᠢᠨ ᠢᠶᠠᠨ ᠬᠤᠪᠢᠶᠠᠷᠢᠯᠠᠯ ᠶᠣᠰᠣᠭᠠᠷ ᠬᠠᠮᠵᠢᠯᠴᠠᠯᠭ᠎ᠠ ᠪᠠᠨ ᠴᠢᠩᠭᠠᠳᠬᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠡᠯᠡᠬᠦ᠂ ᠬᠤᠯᠪᠣᠭᠠᠯᠠᠨ ᠵᠥᠪᠯᠡᠵᠦ ᠬᠤᠯᠪᠣᠭᠠᠯᠠᠨ ᠬᠥᠳᠣᠯᠣᠯᠴᠡᠬᠦ ᠪᠠ ᠬᠠᠷᠢᠭᠤᠴᠠᠯᠭ᠎ᠠ ᠨᠡᠬᠡᠮᠵᠢᠯᠡᠬᠦ ᠵᠡᠷᠭᠡ ᠠᠵᠢᠯ ᠤᠨ ᠳᠦᠷᠢᠮ ᠢ ᠲᠣᠭᠲᠠᠭᠠᠨ᠂ ᠠᠵᠢᠯ ᠢ ᠠᠬᠢᠭᠤᠯᠬᠤ ᠬᠠᠮ ᠬᠦᠴᠦ ᠶᠢ ᠪᠦᠷᠢᠯᠳᠦᠭᠦᠯᠦᠨ᠎ᠡ᠃      ︵ᠬᠤᠶᠠᠷ︶ ᠤᠬᠠᠭᠤᠯᠭ᠎ᠠ ᠵᠢᠯᠣᠭᠤᠳᠤᠯᠭ᠎ᠠ ᠪᠠᠨ ᠴᠢᠩᠭᠠᠳᠬᠠᠨ᠎ᠠ᠃ ᠠᠷᠭ᠎ᠠ ᠪᠠᠷᠢᠯ ᠢᠶᠠᠨ ᠰᠢᠨᠡᠴᠢᠯᠡᠵᠦ᠂ ᠤᠬᠠᠭᠤᠯᠬᠤ ᠡᠷᠴᠢᠮ ᠢᠶᠠᠨ ᠴᠢᠩᠭᠠᠳᠬᠠᠨ᠂ ᠤᠬᠠᠭᠤᠯᠬᠤ ᠠᠴᠢᠶᠠᠯᠠᠪᠤᠷᠢ ᠶᠢ ᠪᠠᠶᠠᠯᠢᠭᠵᠢᠭᠤᠯᠵᠤ᠂ ᠷᠠᠳᠢᠤ᠋ ᠲᠧᠯᠸᠢᠰ ᠨᠡᠪᠲᠡᠷᠡᠭᠦᠯᠭᠡ᠂ ᠰᠦᠯᠵᠢᠶ᠎ᠡ᠂ ᠪᠦᠷᠭᠡ᠂ ᠸᠢᠴᠠᠲ ᠵᠡᠷᠭᠡ ᠵᠠᠭᠤᠴᠢᠯᠠᠭᠤᠷ ᠪᠠ ᠨᠡᠶᠢᠭᠡᠮ ᠲᠣᠭᠤᠷᠢᠭ᠂ ᠭᠠᠴᠠᠭ᠎ᠠ ᠲᠤᠰᠬᠤᠨ ᠤ ᠤᠬᠠᠭᠤᠯᠭ᠎ᠠ ᠶᠢᠨ ᠳᠠᠪᠴᠡᠩ᠂ ᠥᠮᠴᠢᠲᠡᠳ ᠤᠨ ᠸᠢᠴᠠᠲ ᠤᠨ ᠬᠤᠯᠪᠣᠭ᠎ᠠ ᠵᠡᠷᠭᠡ ᠪᠠᠷ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠡᠷᠭᠡ ᠮᠡᠳᠡᠯᠭᠡ ᠶᠢ ᠭᠡᠷ ᠪᠦᠯᠢ᠂ ᠬᠥᠮᠥᠨ ᠪᠦᠬᠦᠨ ᠳᠤ ᠴᠠᠭ ᠳᠠᠷᠤᠢ ᠳᠤᠨᠢ ᠣᠨᠣᠪᠴᠢᠲᠠᠢ ᠤᠬᠠᠭᠤᠯᠤᠨ᠂ ᠪᠦᠬᠦ ᠨᠡᠶᠢᠭᠡᠮ ᠤᠨ ᠪᠣᠯᠪᠠᠰᠤᠨ ᠡᠷᠡᠭᠦᠯ ᠬᠠᠮᠠᠭᠠᠯᠠᠯ ᠤᠨ ᠳᠠᠳᠬᠠᠯ ᠪᠠ ᠡᠷᠡᠭᠦᠯ ᠮᠡᠨᠳᠦ ᠠᠮᠢᠳᠤᠷᠠᠬᠤ ᠠᠷᠭ᠎ᠠ ᠮᠠᠶ᠋ᠢᠭ ᠢ ᠡᠷᠬᠢᠮᠯᠡᠬᠦ ᠶᠢ ᠬᠥᠲᠥᠯᠥᠨ ᠵᠢᠯᠣᠭᠤᠳᠤᠨ᠎ᠠ᠃ ᠡᠭᠦᠨ ᠤ ᠳᠠᠭᠠᠤ᠂ ᠵᠠᠰᠠᠭ ᠤᠨ ᠣᠷᠳᠣᠨ ᠬᠢᠭᠡᠳ ᠵᠠᠬ᠎ᠠ ᠳᠡᠯᠭᠡᠭᠦᠷ ᠢ ᠤᠷᠭᠠᠨᠢᠭ ᠢᠶᠠᠷ ᠤᠶᠠᠯᠳᠤᠭᠤᠯᠬᠤ ᠲᠣᠭᠲᠠᠴᠠ ᠶᠢ ᠢᠳᠡᠪᠬᠢᠲᠡᠢ ᠰᠦᠪᠡᠭᠴᠢᠯᠡᠵᠦ ᠪᠠᠶᠢᠭᠤᠯᠤᠨ᠂ ᠨᠡᠶᠢᠭᠡᠮ ᠳᠠᠶᠠᠭᠠᠷ ᠢ ᠳᠠᠶᠢᠴᠢᠯᠠᠵᠤ ᠬᠠᠨᠳᠢᠪᠯᠠᠬᠤ᠂ ᠰᠠᠶᠢᠨ ᠳᠤᠷ᠎ᠠ ᠶᠢᠨ ᠦᠢᠯᠡᠴᠢᠯᠡᠭᠡ ᠬᠠᠩᠭᠠᠬᠤ ᠵᠡᠷᠭᠡ ᠠᠷᠭ᠎ᠠ ᠪᠠᠷ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠳᠤ ᠣᠷᠣᠯᠴᠠᠭᠤᠯᠵᠤ᠂ ᠣᠯᠠᠨ ᠲᠦᠮᠡᠨ ᠤ ᠵᠣᠬᠢᠶᠠᠨ ᠪᠠᠶᠢᠭᠤᠯᠤᠯᠲᠠ ᠶᠢᠨ ᠢᠳᠡᠪᠬᠢ ᠦᠢᠯᠡᠳᠦᠯ ᠢ ᠭᠦᠢᠴᠡᠳ ᠪᠠᠳᠠᠷᠠᠭᠤᠯᠤᠨ᠎ᠠ᠃      ︵ᠭᠤᠷᠪᠡ︶ ᠱᠠᠭᠠᠷᠳᠠᠨ ᠪᠠᠶᠢᠴᠠᠭᠠᠯᠲᠠ ᠬᠢᠨᠠᠨ ᠰᠢᠯᠭᠠᠷᠠᠭᠤᠯᠤᠯᠲᠠ ᠶᠢ ᠴᠢᠩᠭᠠᠳᠬᠠᠨ᠎ᠠ᠃ ᠬᠤᠰᠢᠭᠤᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠵᠥᠪᠯᠡᠯ ᠤᠨ ᠠᠯᠪᠠᠨ ᠭᠡᠷ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠳᠠᠬᠢ ᠱᠠᠭᠠᠷᠳᠠᠨ ᠪᠠᠶᠢᠴᠠᠭᠠᠯᠲᠠ ᠪᠠᠨ ᠴᠢᠩᠭᠠᠳᠬᠠᠵᠤ᠂ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠴᠠᠭ ᠳᠠᠷᠤᠢ ᠲᠤᠨᠢ ᠢᠯᠡᠷᠡᠭᠦᠯᠵᠦ ᠰᠢᠢᠳᠪᠦᠷᠢᠯᠡᠨ᠎ᠡ᠃ ᠨᠡᠶᠢᠬᠡᠮ ᠤᠨ ᠬᠢᠨᠠᠯᠲᠠ ᠶᠢᠨ ᠲᠣᠭᠲᠠᠴᠠ ᠶᠢ ᠪᠠᠶᠢᠭᠤᠯᠵᠤ᠂ ᠬᠢᠨᠠᠯᠲᠠ ᠲᠠᠯᠪᠢᠬᠤ ᠠᠷᠭ᠎ᠠ ᠵᠠᠮ ᠢ ᠰᠢᠯᠤᠭᠤᠳᠬᠠᠨ᠂ ᠨᠡᠶᠢᠭᠡᠮ ᠪᠠ ᠣᠯᠠᠨ ᠲᠦᠮᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠨᠢᠮᠪᠡᠢ ᠡᠮᠬᠢᠯᠡᠨ᠂ ᠣᠯᠠᠨ ᠲᠦᠮᠡᠨ ᠤ ᠲᠤᠰᠬᠠᠭᠰᠠᠨ ᠠᠰᠠᠭᠤᠳᠠᠯ ᠢ ᠴᠡᠭᠴᠡᠯᠡᠵᠦ ᠵᠠᠯᠠᠷᠠᠭᠤᠯᠤᠨ᠂ ᠣᠯᠠᠨ ᠲᠦᠮᠡᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠳᠠᠬᠢ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃    ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ      2023 ᠣᠨ ᠤ 4 ᠳ᠋ᠦ᠋ᠭᠡᠷ ᠰᠠᠷ᠎ᠠ ᠶᠢᠨ 25 ᠤ ᠡᠳᠦᠷ ᠳᠠᠷᠤᠮᠠᠯᠯᠠᠨ ᠲᠠᠷᠬᠠᠭᠠᠪᠠ 
ᠢᠷᠡᠯᠲᠡ᠄ ᠣᠳᠤᠭ ᠬᠤᠰᠢᠭᠤᠨ ᠤ ᠠᠷᠡᠳ ᠤᠨ ᠵᠡᠰᠠᠭ ᠤᠨ ᠣᠷᠳᠣᠨ ᠤ ᠠᠯᠪᠠᠨ ᠭᠡᠷ