ᠨᠢᠭᠡᠳᠦᠭᠡᠷ ᠤᠯᠠᠷᠢᠯ ᠳᠤ ᠪᠥᠬᠦ ᠬᠤᠰᠢᠭᠤᠨ ᠤ ᠬᠡᠷᠡᠭᠯᠡᠭᠡᠨ ᠤ ᠵᠠᠬ᠎ᠠ ᠳᠡᠯᠭᠡᠭᠦᠷ ᠦᠷᠭᠦᠯᠵᠢᠯᠡᠨ ᠰᠠᠶᠢᠵᠢᠷᠠᠪᠠ
ᠨᠡᠶᠢᠲᠡᠯᠡᠭᠰᠡᠨ ᠴᠠᠭ᠄
2023/4/25
      ᠦᠨᠦ ᠵᠢᠯ ᠠᠴᠠ ᠨᠠᠭᠠᠰᠢ᠂ ᠮᠠᠨ ᠤ ᠬᠤᠰᠢᠭᠤ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠵᠤ ᠠᠬᠤᠶᠢᠯᠠᠯ ᠪᠠ ᠬᠤᠪᠢ ᠶᠢᠨ ᠡᠷᠦᠬᠡ ᠶᠢᠨ ᠬᠡᠷᠡᠭᠯᠡᠭᠡᠨ ᠤ ᠳᠠᠯᠳᠠ ᠬᠦᠴᠦᠨ ᠢ ᠭᠦᠢᠴᠡᠳ ᠪᠠᠳᠠᠷᠠᠭᠤᠯᠬᠤ ᠳᠤ ᠬᠦᠴᠦᠨ ᠨᠡᠮᠡᠷᠢᠯᠡᠵᠦ᠂ ᠬᠡᠷᠡᠭᠯᠡᠭᠡ ᠬᠢᠬᠦ ᠤᠷᠮ᠎ᠠ ᠵᠤᠷᠢᠭ ᠢ ᠨᠢ ᠦᠷᠭᠦᠯᠵᠢᠯᠡᠨ ᠬᠦᠭᠵᠢᠭᠡᠪᠡ᠃ ︽ᠤᠯᠠᠨ ᠦᠨᠨᠡᠯᠡᠯᠲᠡ ᠺᠤᠳ᠋ ᠳᠡᠭᠡᠷᠡᠬᠢ ᠠᠮᠢᠳᠤᠷᠠᠯ ᠤᠨ ᠳᠠᠪᠴᠠᠩ︾ ᠵᠡᠷᠭᠡ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠬᠦ ᠪᠠᠷ ᠳᠠᠮᠵᠢᠭᠤᠯᠤᠨ᠂ ᠡᠯ᠎ᠡ ᠲᠥᠷᠥᠯ ᠤᠨ ᠬᠡᠷᠡᠭᠯᠡᠭᠡᠨ ᠤ ᠲᠡᠮᠳᠡᠭᠲᠦ᠂ ᠪᠠᠷᠠᠭ᠎ᠠ ᠬᠤᠳᠠᠯᠳᠤᠨ ᠠᠪᠬᠤ ᠲᠡᠮᠳᠡᠭᠲᠦ ᠭᠠᠷᠭᠠᠵᠤ᠂ ᠰᠠᠭᠤᠭᠠᠯᠢ ᠠᠷᠠᠳ ᠤᠨ ᠬᠡᠷᠡᠭᠯᠡᠭᠡ ᠶᠢ ᠬᠥᠲᠥᠯᠥᠨ ᠵᠢᠯᠣᠭᠤᠳᠴᠤ ᠤᠷᠮᠠᠰᠢᠭᠤᠯᠤᠨ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠪᠡ᠃ ᠨᠢᠭᠡᠳᠦᠭᠡᠷ ᠤᠯᠠᠷᠢᠯ ᠳᠤ ᠪᠥᠬᠦ ᠬᠤᠰᠢᠭᠤᠨ ᠤ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ ᠶᠢᠨ ᠨᠡᠶᠢᠭᠡᠮ ᠤᠨ ᠬᠡᠷᠡᠭᠯᠡᠭᠡᠨ ᠤ ᠪᠤᠳᠠᠰ ᠵᠢᠵᠢᠭᠯᠡᠨ ᠪᠤᠷᠤᠯᠠᠭᠤᠯᠤᠭᠰᠠᠨ ᠶᠡᠷᠦᠩᠬᠡᠢ ᠲᠤᠭ᠎ᠠ 77387.5 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.7% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ 2 ᠳ᠋ᠤᠭᠠᠷ ᠰᠠᠷ᠎ᠠ ᠶᠢᠨ ᠬᠢ ᠠᠴᠠ ᠵᠠᠭᠤᠨ ᠤ 2.7 ᠬᠤᠪᠢ ᠳᠡᠭᠡᠭᠰᠢᠯᠡᠪᠡ᠃ ᠬᠡᠷᠡᠭᠯᠡᠭᠡᠨ ᠤ ᠲᠥᠷᠥᠯ ᠬᠡᠯᠪᠡᠷᠢ ᠠᠴᠠ ᠦᠵᠡᠪᠡᠯ᠂ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ 68933 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.2% ᠢᠶᠠᠷ ᠨᠡᠮᠡᠭᠳᠡᠪᠡ︔ ᠢᠳᠡᠭᠡᠨ ᠤᠮᠳᠠᠭᠠᠨ ᠤ ᠣᠷᠣᠯᠭ᠎ᠠ 8454.5 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 11. 0 % ᠪᠠᠷ ᠨᠡᠮᠡᠭᠳᠡᠪᠡ᠃ ᠡᠵᠡᠩᠨᠡᠯᠲᠡ ᠶᠢᠨ ᠨᠢᠭᠡᠴᠢ ᠶᠢᠨ ᠪᠠᠶᠢᠭ᠎ᠠ ᠭᠠᠵᠠᠷ ᠠᠴᠠ ᠦᠵᠡᠪᠡᠯ᠂ ᠬᠤᠲᠠ ᠪᠠᠯᠭᠠᠰᠤᠨ ᠤ ᠬᠡᠷᠡᠭᠯᠡᠭᠡᠨ ᠤ ᠪᠤᠳᠠᠰ ᠤᠨ ᠵᠢᠵᠢᠭᠯᠡᠨ ᠪᠤᠷᠤᠯᠠᠭᠤᠯᠤᠭᠰᠠᠨ ᠲᠤᠭ᠎ᠠ 59179.5 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.8% ᠪᠠᠷ ᠨᠡᠮᠡᠭᠳᠡᠪᠡ︔ ᠬᠥᠳᠡᠭᠡ ᠲᠣᠰᠬᠤᠨ ᠤ ᠬᠡᠷᠡᠭᠯᠡᠭᠡᠨ ᠤ ᠪᠤᠳᠠᠰ ᠤᠨ ᠵᠢᠵᠢᠭᠯᠡᠨ ᠪᠤᠷᠤᠯᠠᠭᠤᠯᠤᠭᠰᠠᠨ ᠲᠤᠭ᠎ᠠ 18208 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.4% ᠪᠠᠷ ᠨᠡᠮᠡᠭᠳᠡᠪᠡ᠃      ᠨᠢᠭᠡ᠂ ᠦᠨᠳᠦᠰᠦᠨ ᠠᠮᠢᠳᠤᠷᠠᠯ ᠤᠨ ᠲᠥᠷᠥᠯ ᠤᠨ ᠬᠡᠷᠡᠭᠯᠡᠭᠡᠨ ᠤ ᠨᠡᠮᠡᠭᠳᠡᠯ ᠴᠢᠩᠭ᠎ᠠ      ᠨᠢᠭᠡᠳᠦᠭᠡᠷ ᠤᠯᠠᠷᠢᠯ ᠳᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ ᠠᠮᠤ ᠪᠤᠳᠠᠭ᠎ᠠ ᠲᠣᠰᠣ ᠢᠳᠡᠭᠡᠨ ᠤᠮᠳᠠᠭᠠᠨ᠂ ᠠᠷᠢᠬᠢ ᠲᠠᠮᠠᠬᠢ ᠪᠠ ᠡᠳᠦᠷ ᠲᠤᠲᠤᠮ ᠤᠨ ᠬᠡᠷᠡᠭᠯᠡᠭᠡᠨ ᠤ ᠵᠦᠢᠯ ᠨᠡᠯᠢᠶᠡᠳ ᠲᠦᠷᠭᠡᠨ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠲᠣᠰ ᠲᠣᠰ 36%᠂ 5.3%᠂ 38.4%᠂ 99.6% ᠳᠤ ᠬᠦᠷᠴᠦ᠂ ᠬᠤᠪᠢᠷᠠᠰᠢ ᠦᠭᠡᠢ ᠲᠥᠷᠥᠯ ᠤᠨ ᠬᠡᠷᠡᠭᠯᠡᠭᠡᠨ ᠤ ᠨᠡᠮᠡᠭᠳᠡᠯ ᠨᠡᠯᠢᠶᠡᠳ ᠲᠦᠷᠭᠡᠨ ᠪᠠᠶᠢᠨ᠎ᠠ᠃      ᠬᠤᠶᠠᠷ᠂ ᠳᠡᠰ ᠲᠡᠪᠰᠢᠭᠰᠡᠨ ᠲᠥᠷᠥᠯ ᠤᠨ ᠲᠠᠸᠠᠷ ᠤᠨ ᠪᠣᠷᠣᠯᠠᠭᠤᠯᠭ᠎ᠠ ᠶᠢᠨ ᠨᠡᠮᠡᠭᠳᠡᠯ ᠤᠨ ᠬᠠᠨᠳᠤᠰᠢ ᠮᠠᠰᠢ ᠰᠠᠶᠢᠨ ᠪᠠᠶᠢᠨ᠎ᠠ      ᠨᠢᠭᠡᠳᠦᠭᠡᠷ ᠤᠯᠠᠷᠢᠯ ᠳᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠲᠠᠸᠠᠷ ᠤᠨ ᠳᠤᠲᠤᠷ᠎ᠠ ᠮᠠᠰᠢᠨ ᠲᠡᠷᠭᠡ᠂ ᠬᠡᠷ ᠤᠨ ᠴᠠᠬᠢᠯᠭᠠᠨ ᠬᠡᠷᠡᠭᠰᠡᠯ ᠪᠠ ᠳᠠᠭᠤᠤ ᠳᠦᠷᠰᠦ ᠰᠢᠩᠭᠡᠭᠡᠯᠲᠡ ᠶᠢᠨ ᠪᠠᠭᠠᠵᠢ ᠬᠡᠷᠡᠭᠰᠡᠯ ᠤᠨ ᠲᠥᠷᠥᠯ ᠤᠨ ᠵᠢᠵᠢᠭᠯᠡᠨ ᠪᠤᠷᠤᠯᠠᠭᠤᠯᠤᠭᠰᠠᠨ ᠬᠡᠮᠵᠢᠶ᠎ᠡ ᠲᠣᠰ ᠲᠣᠰ ᠠᠳᠠᠯᠢ ᠬᠤᠭᠤᠴᠠᠭᠠᠨ ᠤ ᠬᠢ ᠠᠴᠠ 7.3% ᠂ 53.3% ᠪᠠᠷ ᠨᠡᠮᠡᠭᠳᠡᠵᠦ᠂ ᠡᠭᠦᠨ ᠳᠤ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠪᠣᠷᠣᠯᠠᠭᠤᠯᠭ᠎ᠠ ᠶᠢᠨ ᠨᠡᠮᠡᠭᠳᠡᠯ ᠤᠨ ᠬᠤᠷᠳᠤᠴᠠ 92.9% ᠳᠤ ᠬᠦᠷᠴᠡᠶ᠃      ᠭᠤᠷᠪᠠ᠂ ᠬᠤᠨᠤᠭ ᠪᠠᠭᠤᠳᠠᠯ ᠤᠮᠳᠠᠭᠠᠨ ᠤ ᠵᠠᠬ᠎ᠠ ᠳᠡᠯᠭᠡᠭᠦᠷ ᠪᠥᠬᠦ ᠲᠠᠯ᠎ᠠ ᠪᠠᠷ ᠰᠡᠷᠭᠦᠪᠡ      ᠨᠢᠭᠡᠳᠦᠭᠡᠷ ᠤᠯᠠᠷᠢᠯ ᠳᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠬᠤᠨᠤᠭᠯᠠᠬᠤ ᠦᠢᠯᠡᠰ ᠤᠨ ᠨᠡᠮᠡᠭᠳᠡᠯ ᠤᠨ ᠬᠤᠷᠳᠤᠴᠠ 29.5% ᠳᠤ ᠬᠦᠷᠴᠦ᠂ ᠢᠳᠡᠭᠡᠨ ᠤᠮᠳᠠᠭᠠᠨ ᠤ ᠦᠢᠯᠡᠰ ᠤᠨ ᠨᠡᠮᠡᠭᠳᠡᠯ ᠤᠨ ᠬᠤᠷᠳᠤᠴᠠ 30.8% ᠳᠤ ᠬᠦᠷᠦᠨ᠂ ᠬᠤᠨᠤᠭ ᠢᠳᠡᠭᠡᠨ ᠤᠮᠳᠠᠭᠠᠨ ᠤ ᠵᠠᠬ᠎ᠠ ᠳᠡᠯᠭᠡᠭᠦᠷ ᠬᠢᠵᠢᠭ ᠤᠨ ᠨᠥᠯᠥᠭᠡ ᠠᠴᠠ ᠠᠩᠭᠢᠵᠢᠷᠠᠵᠤ᠂ ᠪᠥᠬᠦ ᠲᠠᠯ᠎ᠠ ᠪᠠᠷ ᠰᠡᠷᠭᠦᠪᠡ᠃ 
ᠢᠷᠡᠯᠲᠡ᠄ ᠣᠲᠤᠭ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ