ᠣᠲᠤᠭ ᠬᠤᠰᠢᠭᠤᠨ ᠤ ᠠᠵᠤ ᠦᠶᠯᠡᠰ ᠤᠨ ᠪᠦᠲᠦᠴᠡ ᠤᠯᠠᠮ ᠰᠢᠯᠢᠳᠡᠭᠵᠢᠪᠡ
ᠨᠡᠶᠢᠲᠡᠯᠡᠭᠰᠡᠨ ᠴᠠᠭ᠄
2023/4/25
      ᠠᠩᠬ᠎ᠠ ᠠᠯᠬᠤᠮ ᠤᠨ ᠲᠣᠭᠠᠴᠠᠭ᠎ᠠ ᠬᠢᠭᠰᠡᠨ ᠦᠷ᠎ᠡ ᠳ᠋ᠦᠩ ᠠᠴᠠ ᠦᠵᠡᠪᠡᠯ᠂ 2023 ᠣᠨ ᠤ ᠨᠢᠭᠡᠳᠦᠭᠡᠷ ᠤᠯᠠᠷᠢᠯ ᠳᠤ᠂ ᠪᠥᠬᠦ ᠬᠤᠰᠢᠭᠤᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ 129.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.1% ᠪᠠᠷ ᠨᠡᠮᠡᠭᠳᠡᠪᠡ᠃ ᠡᠭᠦᠨ ᠳᠤ᠄ ᠨᠢᠭᠡᠳᠦᠭᠡᠷ ᠠᠵᠤ ᠦᠶᠯᠡᠰ ᠤᠨ ᠨᠡᠮᠡᠭᠳᠡᠯ ᠥᠷᠲᠡᠭ ᠢ 0.3 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 7.9% ᠪᠠᠷ ᠨᠡᠮᠡᠭᠳᠡᠪᠡ︔ ᠬᠤᠶᠠᠳᠤᠭᠠᠷ ᠠᠵᠤ ᠦᠶᠯᠡᠰ ᠤᠨ ᠥᠷᠲᠡᠭ ᠢ 102.1 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 0.2% ᠢᠶᠠᠷ ᠨᠡᠮᠡᠭᠳᠡᠪᠡ︔ ᠭᠤᠷᠪᠠᠳᠤᠭᠠᠷ ᠠᠵᠤ ᠦᠶᠯᠡᠰ ᠤᠨ ᠨᠡᠮᠡᠭᠳᠡᠯ ᠥᠷᠲᠡᠭ ᠢ 26.6 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 3.5% ᠪᠠᠷ ᠨᠡᠮᠡᠭᠳᠡᠪᠡ᠃ ᠭᠤᠷᠪᠠᠨ ᠠᠵᠤ ᠦᠢᠯᠡᠰ ᠤᠨ ᠡᠵᠡᠯᠡᠬᠦ ᠬᠠᠷᠢᠴᠠᠯ ᠢ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ 0.2᠄ 80.7᠄ 19.1 ᠪᠠᠶᠢᠭᠰᠠᠨ ᠠᠴᠠ 0.3᠄ 79.1᠄ 20.6 ᠪᠣᠯᠭᠠᠨ ᠰᠢᠯᠢᠳᠡᠭᠵᠢᠭᠦᠯᠵᠦ᠂ ᠨᠢᠭᠡᠳᠦᠭᠡᠷ ᠠᠵᠤ ᠦᠢᠯᠡᠰ ᠤᠨ ᠡᠵᠡᠯᠡᠬᠦ ᠬᠠᠷᠢᠴᠠᠯ ᠨᠢ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ ᠵᠠᠭᠤᠨ ᠤ 0.1 ᠬᠤᠪᠢ ᠨᠡᠮᠡᠭᠳᠡᠨ᠂ ᠬᠤᠶᠠᠳᠤᠭᠠᠷ ᠠᠵᠤ ᠦᠢᠯᠡᠰ ᠤᠨ ᠡᠵᠡᠯᠡᠬᠦ ᠬᠠᠷᠢᠴᠠᠯ ᠨᠢ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ ᠵᠠᠭᠤᠨ ᠤ 1.6 ᠬᠤᠪᠢ ᠪᠠᠭᠤᠷᠠᠵᠤ᠂ ᠭᠤᠷᠪᠠᠳᠤᠭᠠᠷ ᠠᠵᠤ ᠦᠢᠯᠡᠰ ᠤᠨ ᠡᠵᠡᠯᠡᠬᠦ ᠬᠠᠷᠢᠴᠠᠯ ᠨᠢ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ ᠵᠠᠭᠤᠨ ᠤ 1.5% ᠬᠤᠪᠢ ᠨᠡᠮᠡᠭᠳᠡᠪᠡ᠃ 
ᠢᠷᠡᠯᠲᠡ᠄ ᠣᠲᠤᠭ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ