ᠪᠡᠯᠡ ᠣᠷᠣᠭᠤᠯᠤᠯᠲᠠ ᠳᠤᠭᠲᠠᠭᠤᠨ ᠢᠶᠠᠷ ᠨᠡᠮᠡᠭᠳᠡᠵᠦ᠂ ᠨᠡᠮᠡᠭᠳᠡᠯ ᠤᠨ ᠪᠦᠲᠦᠴᠡ ᠦᠷᠭᠦᠯᠵᠢᠯᠡᠨ ᠰᠢᠯᠢᠳᠡᠭᠵᠢᠪᠡ
ᠨᠡᠶᠢᠲᠡᠯᠡᠭᠰᠡᠨ ᠴᠠᠭ᠄
2023/4/25
      2023 ᠣᠨ ᠤ ᠨᠢᠭᠡᠳᠦᠭᠡᠷ ᠤᠯᠠᠷᠢᠯ ᠳᠤ᠂ ᠪᠥᠬᠦ ᠬᠤᠰᠢᠭᠤᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 20.1% ᠪᠠᠷ ᠨᠡᠮᠡᠭᠳᠡᠵᠡᠶ᠂ ᠡᠭᠦᠨ ᠳᠤ᠄ ᠠᠷᠠᠳ ᠤᠨ ᠳᠤᠮᠳᠠᠬᠢ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 52.1% ᠪᠠᠷ ᠨᠡᠮᠡᠭᠳᠡᠨ᠂ ᠪᠥᠬᠦ ᠬᠤᠰᠢᠭᠤᠨ ᠤ ᠨᠡᠮᠡᠭᠳᠡᠯ ᠤᠨ ᠬᠤᠷᠳᠤᠴᠠ ᠶᠢ ᠵᠠᠭᠤᠨ ᠤ 40.2 ᠬᠤᠪᠢ ᠳᠠᠶᠢᠴᠢᠯᠠᠵᠤ᠂ ᠪᠥᠬᠦ ᠬᠤᠰᠢᠭᠤᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠲᠠᠰᠤᠷᠠᠯᠲᠠ ᠥᠬᠡᠶ ᠠᠬᠢᠭᠤᠯᠪᠠ᠃       ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠪᠦᠲᠦᠴᠡ ᠲᠠᠰᠤᠷᠠᠯᠲᠠ ᠦᠭᠡᠢ ᠰᠢᠯᠢᠳᠡᠭᠵᠢᠪᠡ᠃ ᠪᠥᠬᠦ ᠬᠤᠰᠢᠭᠤᠨ ᠤ ᠭᠤᠷᠪᠠᠨ ᠠᠵᠤ ᠦᠢᠯᠡᠰ ᠠᠴᠠ ᠦᠵᠡᠪᠡᠯ᠂ ᠪᠥᠬᠦ ᠬᠤᠰᠢᠭᠤᠨ ᠤ ᠪᠠᠯᠠ ᠣᠷᠣᠭᠤᠯᠤᠯᠲᠠ ᠳᠤ ︽ᠬᠤᠶᠠᠷ ᠢ ᠳᠡᠭᠡᠭᠰᠢᠯᠡᠭᠦᠯᠵᠦ ᠨᠢᠭᠡ ᠶᠢ ᠪᠠᠭᠤᠷᠠᠭᠤᠯᠬᠤ︾ ᠪᠠᠶᠢᠳᠠᠯ ᠢᠯᠡᠷᠡᠪᠡ᠃ ᠡᠭᠦᠨ ᠳᠤ᠄ ᠨᠢᠭᠡᠳᠦᠭᠡᠷ ᠠᠵᠤ ᠦᠶᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 100 % ᠪᠠᠷ ᠨᠡᠮᠡᠭᠳᠡᠵᠦ᠂ ᠪᠥᠬᠦ ᠪᠠᠯᠠ ᠣᠷᠣᠭᠤᠯᠤᠯᠲᠠ ᠶᠢ ᠵᠠᠭᠤᠨ ᠤ 1 ᠬᠤᠪᠢ ᠨᠡᠮᠡᠭᠳᠡᠭᠦᠯᠪᠡ︔ ᠬᠤᠶᠠᠳᠤᠭᠠᠷ ᠠᠵᠤ ᠦᠶᠯᠡᠰ ᠤᠨ ᠪᠠᠯᠠ ᠣᠷᠣᠭᠤᠯᠤᠯᠲᠠ 27.8 % ᠪᠠᠷ ᠨᠡᠮᠡᠭᠳᠡᠵᠦ᠂ ᠪᠥᠬᠦ ᠪᠠᠯᠠ ᠣᠷᠣᠭᠤᠯᠤᠯᠲᠠ ᠶᠢ ᠳᠠᠶᠢᠴᠢᠯᠠᠨ ᠵᠠᠭᠤᠨ ᠤ 25.2 ᠬᠤᠪᠢ ᠨᠡᠮᠡᠭᠳᠡᠭᠦᠯᠪᠡ︔ ᠭᠤᠷᠪᠠᠳᠤᠭᠠᠷ ᠠᠵᠤ ᠦᠶᠯᠡᠰ ᠤᠨ ᠪᠠᠯᠠ ᠣᠷᠣᠭᠤᠯᠤᠯᠲᠠ 84.5 % ᠪᠠᠷ ᠪᠠᠭᠤᠷᠠᠵᠤ᠂ ᠪᠥᠬᠦ ᠪᠠᠯᠠ ᠣᠷᠣᠭᠤᠯᠤᠯᠲᠠ ᠶᠢ ᠳᠠᠶᠢᠴᠢᠯᠠᠨ ᠵᠠᠭᠤᠨ ᠤ 7.6 ᠬᠤᠪᠢ ᠪᠠᠭᠤᠷᠠᠭᠤᠯᠪᠠ᠃      ᠠᠵᠤ ᠦᠶᠯᠡᠳᠪᠦᠷᠢ ᠶᠢᠨ ᠪᠡᠯᠡ ᠤᠷᠤᠭᠤᠯᠤᠯᠲᠠ ᠶᠢᠨ ᠨᠡᠮᠡᠭᠳᠡᠯ ᠶᠡᠭᠡ ᠬᠡᠮᠵᠢᠶ᠎ᠡ ᠪᠠᠷ ᠲᠦᠷᠭᠡᠳᠪᠡ᠃ ᠪᠥᠬᠦ ᠬᠤᠰᠢᠭᠤᠨ ᠤ ᠠᠵᠤ ᠦᠢᠯᠡᠳᠪᠦᠷᠢ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 27.8% ᠪᠠᠷ ᠨᠡᠮᠡᠭᠳᠡᠵᠦ᠂ 2022 ᠣᠨ ᠤ ᠬᠢ ᠠᠴᠠ ᠵᠠᠭᠤᠨ ᠤ 22.5 ᠬᠤᠪᠢ ᠨᠡᠮᠡᠭᠳᠡᠵᠦ᠂ ᠪᠥᠬᠦ ᠬᠤᠰᠢᠭᠤᠨ ᠤ ᠪᠠᠯᠠ ᠣᠷᠣᠭᠤᠯᠤᠯᠲᠠ ᠶᠢ ᠳᠠᠶᠢᠴᠢᠯᠠᠨ ᠵᠠᠭᠤᠨ ᠤ 25.2 ᠬᠤᠪᠢ ᠨᠡᠮᠡᠭᠳᠡᠭᠦᠯᠪᠡ᠃ ᠪᠦᠬᠦ ᠬᠤᠰᠢᠭᠤᠨ ᠤ ᠪᠡᠯᠡ ᠤᠷᠤᠭᠤᠯᠤᠯᠲᠠ ᠳᠠᠬᠢ ᠬᠤᠪᠢ ᠶᠢᠨ ᠵᠢᠩ ᠨᠢ 96.7% ᠶᠢ  ᠡᠵᠡᠯᠡᠪᠡ᠃ ᠡᠭᠦᠨ ᠳᠤ᠂ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ ᠶᠢᠨ ᠬᠤᠪᠢ ᠶᠢᠨ ᠵᠢᠩ ᠤᠨ 76.9% ᠶᠢ ᠡᠵᠡᠯᠡᠬᠦ ᠦᠢᠯᠡᠳᠬᠦ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 27.7% ᠪᠠᠷ ᠨᠡᠮᠡᠭᠳᠡᠵᠦ᠂ 2022 ᠣᠨ ᠤ ᠬᠢ ᠠᠴᠠ ᠵᠠᠭᠤᠨ ᠤ 20.5 ᠬᠤᠪᠢ ᠨᠡᠮᠡᠭᠳᠡᠨ᠂ ᠪᠥᠬᠦ ᠪᠠᠯᠠ ᠣᠷᠣᠭᠤᠯᠤᠯᠲᠠ ᠶᠢ ᠳᠠᠶᠢᠴᠢᠯᠠᠨ ᠵᠠᠭᠤᠨ ᠤ 19.4 ᠬᠤᠪᠢ ᠨᠡᠮᠡᠭᠳᠡᠭᠦᠯᠪᠡ᠃      ᠲᠤᠮᠤ ᠲᠥᠷᠥᠯ ᠵᠦᠢᠯ ᠤᠨ ᠪᠡᠯᠡ ᠤᠷᠤᠭᠤᠯᠤᠯᠲᠠ ᠶᠢᠨ ᠳᠠᠶᠢᠴᠢᠯᠠᠬᠤ ᠦᠶᠯᠡᠳᠦᠯ ᠢᠯᠡᠷᠬᠡᠶ ᠪᠠᠶᠢᠨ᠎ᠠ᠃ ᠪᠦᠬᠦ ᠬᠤᠰᠢᠭᠤᠨ ᠳᠤ 34 ᠡᠬᠢᠯᠡᠭᠦᠯᠦᠨ ᠪᠦᠲᠦᠭᠡᠨ ᠪᠠᠶᠢᠭᠤᠯᠵᠤ ᠪᠠᠶᠢᠭ᠎ᠠ ᠲᠥᠷᠥᠯ ᠵᠦᠢᠯ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 17 ᠢᠯᠡᠭᠦᠦ ᠪᠠᠶᠢᠵᠤ᠂ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 47.1% ᠪᠠᠷ ᠨᠡᠮᠡᠭᠳᠡᠨ᠂ ᠪᠦᠬᠦ ᠪᠡᠯᠡ ᠣᠷᠣᠭᠤᠯᠤᠯᠲᠠ ᠶᠢᠨ 96.6% ᠶᠢ ᠡᠵᠡᠯᠡᠵᠦ᠂ ᠪᠡᠯᠡ ᠣᠷᠣᠭᠤᠯᠤᠯᠲᠠ ᠶᠢ ᠳᠠᠶᠢᠴᠢᠯᠠᠨ ᠵᠠᠭᠤᠨ ᠤ 37.2 ᠬᠤᠪᠢ ᠪᠠᠷ ᠳᠠᠶᠢᠴᠢᠯᠠᠪᠠ᠃ 
ᠢᠷᠡᠯᠲᠡ᠄ ᠣᠲᠤᠭ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ