ᠣᠲᠤᠭ ᠬᠤᠰᠢᠭᠤ ᠬᠠᠮᠲᠤ ᠪᠠᠷ ᠴᠢᠨᠡᠭᠡᠯᠢᠭᠵᠢᠬᠦ ᠶᠢ ᠠᠳᠬᠤᠵᠤ᠂ ᠣᠷᠣᠯᠭ᠎ᠠ ᠶᠢᠨ ᠬᠤᠪᠢᠶᠠᠷᠢᠯᠠᠯᠲᠠ ᠶᠢ ᠰᠢᠯᠢᠳᠡᠭᠵᠢᠭᠦᠯᠪᠡ
ᠨᠡᠶᠢᠲᠡᠯᠡᠭᠰᠡᠨ ᠴᠠᠭ᠄
2023/4/25
      2023 ᠣᠨ ᠤ ᠨᠢᠭᠡᠳᠦᠭᠡᠷ ᠤᠯᠠᠷᠢᠯ ᠳᠤ᠂ ᠪᠥᠬᠦ ᠬᠤᠰᠢᠭᠤ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ ᠨᠡᠶᠢᠲᠡ 16.1 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 0.7 ᠳ᠋ᠦᠩᠰᠢᠭᠤᠷ ᠲᠥᠭᠦᠷᠢᠭ ᠨᠡᠮᠡᠭᠳᠡᠪᠡ᠃ ᠡᠭᠦᠨ ᠳᠤ ᠭᠠᠶᠢᠯᠢ ᠲᠠᠲᠠᠪᠤᠷᠢ ᠶᠢᠨ ᠣᠷᠣᠯᠭ᠎ᠠ 15 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.6 ᠳ᠋ᠦᠩᠰᠢᠭᠤᠷ ᠲᠥᠭᠦᠷᠢᠭ ᠨᠡᠮᠡᠭᠳᠡᠪᠡ᠃ ᠨᠢᠭᠡᠳᠦᠭᠡᠷ ᠤᠯᠠᠷᠢᠯ ᠳᠤ ᠪᠥᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ 13077 ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 4.5% ᠪᠠᠷ ᠨᠡᠮᠡᠭᠳᠡᠨ᠂ GDP ᠶᠢᠨ ᠨᠡᠮᠡᠭᠳᠡᠯ ᠤᠨ ᠬᠤᠷᠳᠤᠴᠠ ᠠᠴᠠ ᠵᠠᠭᠤᠨ ᠤ 3.4 ᠬᠤᠪᠢ ᠥᠨᠳᠥᠷ ᠪᠣᠯᠪᠠ︔ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠣᠰ ᠲᠣᠰ 14561 ᠲᠥᠭᠦᠷᠢᠭ ᠪᠠ 7924 ᠲᠥᠭᠦᠷᠢᠭ ᠪᠡᠶᠡᠯᠡᠭᠦᠯᠦᠨ᠂ ᠣᠷᠣᠯᠭ᠎ᠠ ᠶᠢᠨ ᠳᠠᠬᠢᠨ ᠵᠥᠷᠢᠶ᠎ᠡ ᠨᠢ 1.838 ᠪᠣᠯᠵᠣ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 0.049 ᠪᠠᠭᠠᠰᠴᠠᠶ᠃ 
ᠢᠷᠡᠯᠲᠡ᠄ ᠣᠲᠤᠭ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ