ᠣᠲᠤᠭ ᠬᠤᠰᠢᠭᠤᠨ ᠤ ᠠᠵᠤ ᠦᠢᠯᠡᠳᠪᠦᠷᠢ ᠶᠢᠨ ᠠᠵᠤ ᠠᠬᠤᠢ ᠬᠦᠭᠵᠢᠪᠡ
ᠨᠡᠶᠢᠲᠡᠯᠡᠭᠰᠡᠨ ᠴᠠᠭ᠄
2023/4/25
      2023 ᠣᠨ ᠤ ᠨᠢᠭᠡᠳᠦᠭᠡᠷ ᠤᠯᠠᠷᠢᠯ ᠳᠤ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ 321.5 ᠳ᠋ᠦᠩᠰᠢᠭᠤᠷ ᠲᠥᠭᠦᠷᠢᠭ ᠤᠨ ᠡᠵᠡᠩᠨᠡᠯᠲᠡ ᠶᠢᠨ ᠣᠷᠣᠯᠭ᠎ᠠ ᠶᠢ ᠪᠡᠶᠡᠯᠡᠭᠦᠯᠵᠦ᠂ 19.8 ᠳ᠋ᠦᠩᠰᠢᠭᠤᠷ ᠲᠥᠭᠦᠷᠢᠭ ᠤᠨ ᠭᠠᠶᠢᠯᠢ ᠶᠢᠨ ᠮᠥᠩᠭᠦ ᠶᠢ ᠪᠡᠶᠡᠯᠡᠭᠦᠯᠦᠨ᠂ ᠠᠰᠢᠭ ᠬᠤᠨᠵᠢᠪᠣᠷᠢ ᠶᠢᠨ ᠶᠡᠷᠦᠩᠬᠡᠶ ᠲᠤᠭ᠎ᠠ 30.6 ᠳ᠋ᠦᠩᠰᠢᠭᠤᠷ ᠲᠥᠭᠦᠷᠢᠭ ᠲᠤ ᠬᠦᠷᠴᠦ᠂ ᠨᠡᠮᠡᠭᠳᠡᠯ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 0.4 % ᠪᠠᠷ ᠨᠡᠮᠡᠭᠳᠡᠪᠡ᠃ ᠡᠭᠦᠨ ᠳᠤ᠄ ᠨᠡᠭᠦᠷᠡᠰᠦ ᠮᠠᠯᠲᠠᠬᠤ ᠪᠠ ᠤᠬᠢᠶᠠᠵᠤ ᠰᠢᠯᠢᠬᠦ ᠦᠢᠯᠡᠰ 4.9% ᠨᠡᠮᠡᠭᠳᠡᠵᠦ᠂ ᠪᠦᠬᠦ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠢ ᠳᠠᠶᠢᠴᠢᠯᠠᠨ ᠵᠠᠭᠤᠨ ᠤ 2.4 ᠬᠤᠪᠢ ᠪᠠᠷ ᠨᠡᠮᠡᠭᠳᠡᠭᠦᠯᠵᠦ᠂ ᠲᠡᠭᠦᠨ ᠤ ᠦᠢᠯᠡᠳᠬᠦᠨ ᠤ ᠥᠷᠲᠡᠭ ᠨᠢ ᠪᠦᠬᠦ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠥᠷᠲᠡᠭ ᠲᠠᠬᠢ ᠡᠵᠡᠯᠡᠬᠦ ᠬᠤᠪᠢ ᠶᠢᠨ ᠵᠢᠩ ᠨᠢ 32.4% ᠪᠣᠯᠪᠠ︔ ᠨᠡᠭᠦᠷᠡᠰᠦ ᠪᠣᠯᠪᠠᠰᠤᠷᠠᠭᠤᠯᠬᠤ ᠦᠢᠯᠡᠰ ᠤᠨ ᠨᠡᠮᠡᠭᠳᠡᠯ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 2.7% ᠨᠡᠮᠡᠭᠳᠡᠵᠦ᠂ ᠪᠦᠬᠦ ᠠᠵᠤ ᠦᠢᠯᠡᠳᠪᠦᠷᠢ ᠶᠢᠨ ᠨᠡᠮᠡᠭᠳᠡᠯ ᠦᠷᠲᠡᠭ ᠤᠨ ᠨᠡᠮᠡᠭᠳᠡᠯ ᠢ ᠳᠠᠶᠢᠴᠢᠯᠠᠨ ᠵᠠᠭᠤᠨ ᠤ 0.2 ᠬᠤᠪᠢ ᠪᠠᠷ ᠨᠡᠮᠡᠭᠳᠡᠭᠦᠯᠵᠦ᠂ ᠲᠡᠭᠦᠨ ᠤ ᠦᠢᠯᠡᠳᠭᠦᠨ ᠤ ᠥᠷᠲᠡᠭ ᠨᠢ ᠪᠦᠬᠦ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠥᠷᠲᠡᠭ  ᠲᠠᠬᠢ ᠡᠵᠡᠯᠡᠬᠦ ᠬᠤᠪᠢ ᠶᠢᠨ ᠵᠢᠩ ᠨᠢ 19.1% ᠪᠤᠯᠪᠠ︔ ᠬᠢᠮᠢ ᠶᠢᠨ ᠠᠵᠤ ᠦᠢᠯᠡᠳᠪᠦᠷᠢ ᠶᠢᠨ ᠠᠵᠢᠯ ᠲᠥᠷᠥᠯ ᠠᠳᠠᠯᠢ ᠬᠤᠭᠤᠴᠠᠭᠠᠨ ᠤ ᠬᠢ ᠠᠴᠠ 2.3% ᠨᠡᠮᠡᠭᠳᠡᠵᠦ᠂ ᠪᠦᠬᠦ ᠠᠵᠤ ᠦᠢᠯᠡᠳᠪᠦᠷᠢ ᠶᠢᠨ ᠨᠡᠮᠡᠭᠳᠡᠯ ᠢ ᠳᠠᠶᠢᠴᠢᠯᠠᠨ ᠵᠠᠭᠤᠨ ᠤ 0.4 ᠬᠤᠪᠢ ᠪᠠᠷ ᠨᠡᠮᠡᠭᠳᠡᠭᠦᠯᠵᠦ᠂ ᠲᠡᠭᠦᠨ ᠤ ᠦᠢᠯᠡᠳᠭᠦᠨ ᠤ ᠥᠷᠲᠡᠭ ᠨᠢ ᠪᠦᠬᠦ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠥᠷᠲᠡᠭ ᠲᠠᠬᠢ ᠡᠵᠡᠯᠡᠬᠦ ᠬᠤᠪᠢ ᠶᠢᠨ ᠵᠢᠩ ᠨᠢ 20.8% ᠪᠤᠯᠪᠠ᠃ 
ᠢᠷᠡᠯᠲᠡ᠄ ᠣᠲᠤᠭ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ