ᠬᠠᠩᠰᠢ ᠶᠢᠨ ᠡᠳᠦᠷ ᠤᠨ ᠪᠣᠯᠪᠠᠰᠤᠨ ᠢᠶᠠᠷ ᠲᠠᠬᠢᠯᠭ᠎ᠠ ᠬᠢᠬᠦ ᠰᠠᠨᠠᠭᠠᠴᠢᠯᠠᠭ᠎ᠠ ᠶᠢᠨ ᠪᠢᠴᠢᠭ
ᠨᠡᠶᠢᠲᠡᠯᠡᠭᠰᠡᠨ ᠴᠠᠭ᠄
2023/4/3
      ᠥᠷᠭᠡᠨ ᠤᠯᠠᠨ ᠬᠤᠳᠠ ᠶᠢᠨ ᠠᠷᠠᠳ ᠨᠠᠶᠢᠵᠠ ᠨᠠᠷ ᠡ᠄       2023 ᠣᠨ ᠤ ᠬᠠᠩᠰᠢ ᠶᠢᠨ ᠡᠳᠦᠷ ᠬᠦᠷᠴᠦ ᠢᠷᠡᠬᠦ ᠲᠠᠰᠢᠷᠠᠮ ᠢᠶᠠᠷ᠂ ᠵᠠᠩ ᠳᠠᠳᠬᠠᠯ ᠢᠶᠠᠨ ᠥᠭᠡᠷᠡᠴᠢᠯᠡᠬᠦ ᠶᠢ ᠭᠦᠨᠵᠡᠭᠡᠶᠢᠷᠡᠭᠦᠯᠵᠦ᠂ ᠴᠠᠭ ᠦᠶ᠎ᠡ ᠶᠢᠨ ᠰᠢᠨ᠎ᠡ ᠬᠡᠪ ᠰᠤᠷᠲᠠᠯ ᠢ ᠪᠤᠶᠢᠵᠢᠭᠤᠯᠵᠤ᠂ ᠬᠠᠩᠰᠢ ᠶᠢᠨ ᠡᠳᠦᠷ ᠤᠨ ᠲᠠᠬᠢᠯᠭ᠎ᠠ ᠶᠢᠨ ᠠᠵᠢᠯᠯᠠᠭ᠎ᠠ ᠶᠢᠨ ᠠᠮᠤᠷ ᠲᠦᠪᠰᠢᠨ᠂ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠨ᠂ ᠠᠷᠠᠳ ᠤᠯᠠᠨ ᠤ ᠲᠠᠬᠢᠯᠭ᠎ᠠ ᠬᠢᠬᠦ ᠬᠡᠷᠡᠭᠴᠡᠭᠡ ᠶᠢ ᠬᠠᠩᠭᠠᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠠᠳᠤᠯᠠᠬᠤ ᠶᠢᠨ ᠲᠥᠯᠥᠭᠡ᠂ ᠪᠢᠳᠡ ᠲᠤᠤᠷᠠᠬᠢ ᠮᠡᠳᠦ ᠰᠠᠨᠠᠭᠠᠴᠢᠯᠠᠭ᠎ᠠ ᠭᠠᠷᠭᠠᠵᠤ ᠪᠠᠶᠢᠨ᠎ᠠ᠄       ᠨᠢᠭᠡ᠂ ᠪᠣᠯᠪᠠᠰᠤᠨ ᠢᠶᠠᠷ ᠲᠠᠬᠢᠯᠭ᠎ᠠ ᠬᠢᠶ᠎ᠡ᠃ ᠭᠡᠷ ᠪᠦᠯᠢ ᠪᠠᠷ ᠢᠶᠠᠨ ᠮᠥᠷᠥᠭᠡᠳᠦᠨ ᠰᠠᠨᠠᠭᠠᠯᠵᠠᠬᠤ᠂ ᠰᠦᠯᠵᠢᠶᠡᠨ ᠳᠡᠭᠡᠷ᠎ᠡ ᠭᠠᠰᠢᠭᠤᠳᠠᠨ ᠮᠦᠷᠦᠭᠡᠳᠬᠦ᠂ ᠰᠣᠷᠭᠤᠭ ᠴᠡᠴᠡᠭ ᠬᠦᠷᠭᠡᠬᠦ᠂ ᠵᠣᠬᠢᠶᠠᠯ ᠪᠢᠴᠢᠵᠦ ᠳᠤᠷᠠᠰᠤᠨ ᠰᠠᠨᠠᠭᠠᠯᠵᠠᠬᠤ ᠵᠡᠷᠭᠡ ᠬᠡᠯᠪᠡᠷᠢ ᠪᠠᠷ ᠨᠦᠭᠴᠢᠭᠰᠡᠨ ᠲᠦᠷᠦᠯ ᠰᠠᠳᠤᠨ ᠢᠶᠠᠨ ᠭᠠᠰᠢᠭᠤᠳᠠᠨ ᠳᠤᠷᠠᠰᠤᠨ ᠰᠠᠨᠠᠭᠠᠯᠵᠠᠬᠤ ᠶᠢ ᠰᠠᠨᠠᠭᠠᠴᠢᠯᠠᠵᠤ᠂ ᠨᠢᠭᠡ ᠪᠠᠭᠴᠠ ᠴᠡᠴᠡᠭ ᠬᠦᠷᠭᠡᠬᠦ᠂ ᠨᠢᠭᠡ ᠬᠤᠨᠳᠠᠭ᠎ᠠ ᠠᠷᠢᠬᠢ ᠪᠠᠷᠢᠬᠤ᠂ ᠨᠢᠭᠡ ᠰᠠᠭᠤᠷᠢ ᠮᠣᠳᠣ ᠲᠠᠷᠢᠬᠤ᠂ ᠤᠩᠭᠤᠨ ᠬᠥᠰᠢᠶ᠎ᠡ ᠶᠢ ᠴᠡᠪᠡᠷᠯᠡᠨ ᠱᠦᠭᠦᠷᠳᠡᠬᠦ ᠵᠡᠷᠭᠡ ᠪᠤᠬᠢᠷᠳᠤᠯ ᠦᠭᠡᠢ ᠪᠤᠯᠪᠠᠰᠤᠨ ᠢᠶᠠᠷ ᠲᠠᠬᠢᠯᠭ᠎ᠠ ᠬᠢᠵᠦ᠂ ᠤᠳᠤ ᠦᠶ᠎ᠡ ᠶᠢᠨ ᠪᠤᠯᠪᠠᠰᠤᠨ ᠡᠷᠡᠭᠦᠯ ᠰᠠᠷᠠᠭᠤᠯ ᠢᠯᠡᠳᠭᠡᠬᠦ ᠬᠡᠯᠪᠡᠷᠢ ᠪᠠᠷ ᠲᠡᠭᠡᠳᠦᠰ ᠢᠶᠠᠨ ᠰᠠᠨᠠᠭᠠᠯᠵᠠᠵᠤ ᠨᠦᠭᠴᠢᠭᠰᠡᠳ ᠢᠶᠠᠨ ᠳᠤᠷᠠᠰᠤᠨ ᠰᠠᠨᠠᠭᠠᠯᠵᠠᠵᠤ ᠪᠠᠶᠢᠬᠤ ᠪᠠᠨ ᠢᠯᠡᠳᠬᠡᠶ᠎ᠡ᠃       ᠬᠤᠶᠠᠷ᠂ ᠠᠷᠪᠢᠴᠢ ᠭᠠᠮᠲᠠᠢ ᠪᠠᠷ ᠳᠠᠬᠢᠯᠭ᠎ᠠ ᠬᠢᠶ᠎ᠡ᠃ ᠳᠤᠮᠳᠠᠳᠤ ᠶᠢᠨ ᠦᠨᠳᠦᠰᠦᠲᠡᠨ ᠤ ᠨᠠᠰᠤᠲᠠᠨ ᠢᠶᠠᠨ ᠠᠴᠢᠯᠠᠵᠤ ᠲᠦᠷᠦᠯ ᠰᠠᠳᠤᠨ ᠢᠶᠠᠨ ᠬᠠᠶᠢᠷᠠᠯᠠᠬᠤ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠤᠯᠠᠮᠵᠢᠯᠠᠯᠲᠤ ᠰᠠᠶᠢᠬᠠᠨ ᠰᠤᠷᠲᠠᠯ ᠢ ᠪᠠᠳᠠᠷᠠᠭᠤᠯᠵᠤ᠂ ᠠᠮᠢᠳᠤ ᠪᠠᠶᠢᠬᠤ ᠳᠤ ᠨᠢ ᠰᠠᠶᠢᠬᠠᠨ ᠠᠰᠠᠷᠠᠨ ᠬᠠᠷᠠᠭᠠᠯᠵᠠᠵᠤ ᠨᠠᠰᠤ ᠪᠠᠷᠠᠪᠠᠯ ᠲᠦᠬᠦᠮᠬᠡᠨ ᠣᠷᠣᠰᠢᠭᠤᠯᠬᠤ᠂ ᠦᠨᠡᠨᠴᠢ ᠰᠢᠳᠤᠷᠭᠤ ᠠᠴᠢᠯᠠᠯ ᠲᠠᠢ ᠪᠠᠶᠢᠬᠤ ᠪᠣᠯᠪᠠᠰᠤᠨ ᠣᠶᠢᠯᠠᠭᠠᠭᠳᠠᠬᠤᠨ ᠢ ᠰᠠᠨᠠᠭᠠᠴᠢᠯᠠᠶ᠎ᠠ᠃ ᠨᠠᠰᠤᠲᠠᠶᠢᠴᠤᠳ ᠢ ᠠᠮᠢᠳᠤ ᠰᠡᠷᠡᠭᠦᠨ ᠪᠠᠶᠢᠬᠤ ᠳᠤᠨᠢ ᠢᠯᠡᠭᠦᠬᠡᠨ ᠬᠠᠯᠠᠮᠵᠢᠯᠠᠵᠤ᠂ ᠠᠴᠢᠯᠠᠯ ᠤᠨ ᠰᠡᠳᠬᠢᠯ ᠢᠶᠠᠨ ᠭᠦᠢᠴᠡᠳᠬᠡᠵᠦ᠂ ᠲᠡᠳᠡᠨ ᠢ ᠥᠲᠡᠯᠦᠭᠡ ᠨᠠᠰᠤᠨ ᠳᠤ ᠪᠠᠨ ᠲᠦᠰᠢᠭ ᠲᠠᠢ ᠂ ᠪᠠᠶᠠᠷ ᠵᠢᠷᠭᠠᠯ ᠲᠠᠢ ᠪᠠᠶᠢᠯᠭᠠᠶ᠎ᠠ︔ ᠣᠷᠣᠰᠢᠭᠤᠯᠭ᠎ᠠ ᠪᠠ ᠲᠠᠬᠢᠯᠭ᠎ᠠ ᠬᠢᠬᠦ ᠳᠤ ᠪᠠᠨ ᠨᠥᠭᠴᠢᠭᠰᠡᠳ ᠤᠨ ᠰᠢᠯᠢᠳᠡᠭ ᠣᠶᠤᠨ ᠰᠠᠨᠠᠭ᠎ᠠ ᠰᠣᠶᠣᠯ ᠢ ᠤᠯᠠᠮᠵᠢᠯᠠᠨ ᠵᠠᠯᠭᠠᠮᠵᠢᠯᠠᠬᠤ ᠶᠢ ᠨᠡᠩ ᠴᠢᠬᠤᠯᠠᠴᠢᠯᠠᠵᠤ᠂ ᠰᠢᠨᠵᠢᠯᠡᠬᠦ ᠤᠬᠠᠭᠠᠨᠴᠢ ᠲᠠᠬᠢᠯᠭ᠎ᠠ ᠶᠢᠨ ᠦᠵᠡᠯᠲᠡ ᠶᠢ ᠪᠤᠶ ᠪᠣᠯᠭᠠᠨ᠂ ᠮᠤᠬᠤᠷ ᠪᠢᠰᠢᠷᠡᠯ ᠠᠴᠠ ᠵᠠᠶᠢᠯᠠᠰᠬᠢᠵᠦ᠂ ᠣᠶᠤᠨᠴᠢ ᠪᠠᠷ ᠬᠡᠷᠡᠭᠯᠡᠭᠡ ᠬᠢᠵᠦ᠂ ᠠᠲᠠᠭᠠᠷᠬᠠᠨ ᠠᠳᠠᠯᠢᠳᠬᠠᠬᠤ ᠰᠡᠳᠬᠢᠴᠡ ᠪᠠᠨ ᠲᠠᠶᠠᠭᠳᠠᠵᠤ᠂ ᠲᠥᠪ ᠬᠢᠴᠢᠶᠡᠩᠭᠦᠢ᠂ ᠣᠷᠴᠢᠨ ᠠᠬᠤᠢ ᠶᠢ ᠬᠠᠮᠠᠭᠠᠯᠠᠬᠤ᠂ ᠠᠷᠪᠢᠯᠠᠨ ᠭᠠᠮᠨᠠᠬᠤ ᠪᠣᠯᠪᠠᠰᠤᠨ ᠬᠡᠯᠪᠡᠷᠢ ᠪᠠᠷ ᠨᠥᠭᠴᠢᠭᠰᠡᠳ ᠢ ᠮᠥᠷᠥᠭᠡᠳᠦᠨ ᠰᠠᠨᠠᠭᠠᠯᠵᠠᠶ᠎ᠠ᠃ ᠲᠠᠬᠢᠯᠭ᠎ᠠ ᠶᠢᠨ ᠠᠵᠢᠯᠯᠠᠭ᠎ᠠ ᠶᠢᠨ ︽ᠭᠡᠷ ᠤᠨ ᠰᠤᠷᠲᠠᠯ ᠢ ᠰᠠᠶᠢᠲᠤᠷ ᠤᠯᠠᠮᠵᠢᠯᠠᠵᠤ᠂ ᠰᠠᠶᠢᠨ ᠡᠨᠧᠷᠬᠢ ᠶᠢ ᠢᠯᠡᠷᠡᠭᠦᠯᠬᠦ︾ ᠦᠢᠯᠡᠳᠦᠯ ᠢ ᠪᠠᠳᠠᠷᠠᠭᠤᠯᠵᠤ᠂ ᠨᠡᠶᠢᠭᠡᠮ ᠤᠨ ᠪᠣᠯᠪᠠᠰᠤᠨ ᠤ ᠰᠢᠨ᠎ᠡ ᠬᠡᠪ ᠰᠤᠷᠲᠠᠯ ᠢ ᠪᠣᠶ ᠪᠣᠯᠭᠠᠶ᠎ᠠ᠃       ᠭᠤᠷᠪᠠ᠂ ᠡᠮᠬᠢ ᠲᠠᠷᠠᠭ᠎ᠠ ᠲᠠᠢ ᠪᠠᠷ ᠳᠠᠬᠢᠯᠭ᠎ᠠ ᠬᠢᠶ᠎ᠡ᠃ ᠦᠨᠦ ᠵᠢᠯ ᠤᠨ ᠬᠠᠩᠰᠢ ᠶᠢᠨ ᠡᠳᠦᠷ ᠲᠤ ᠥᠷᠭᠡᠨ ᠣᠯᠠᠨ ᠲᠦᠮᠡᠨ ᠤ ᠳᠠᠬᠢᠯᠭ᠎ᠠ ᠬᠢᠵᠦ ᠭᠠᠰᠢᠭᠤᠳᠠᠨ ᠲᠤᠷᠠᠰᠬᠤ᠂ ᠲᠥᠷᠥᠯ ᠰᠠᠳᠤᠨ ᠢᠶᠠᠨ ᠮᠥᠷᠥᠭᠡᠳᠦᠨ ᠰᠠᠨᠠᠭᠠᠯᠵᠠᠬᠤ ᠬᠡᠷᠡᠭᠴᠡᠭᠡ ᠨᠡᠯᠢᠶᠡᠳ ᠲᠥᠪᠯᠡᠷᠡᠩᠭᠦᠢ ᠪᠠᠶᠢᠵᠤ᠂ ᠨᠡᠶᠢᠲᠡ ᠶᠢᠨ ᠤᠩᠭᠤᠨ᠂ ᠣᠷᠣᠰᠢᠭᠤᠯᠭ᠎ᠠ ᠶᠢᠨ ᠭᠠᠵᠠᠷ ᠵᠡᠷᠭᠡ ᠦᠢᠯᠡᠴᠢᠯᠡᠭᠡᠨ ᠤ ᠲᠠᠯᠠᠪᠤᠷ ᠲᠤ ᠴᠠᠭ ᠢᠶᠠᠨ ᠵᠤᠬᠢᠴᠠᠭᠤᠯᠤᠨ ᠣᠴᠢᠬᠤ ᠶᠢ ᠰᠠᠨᠠᠭᠠᠴᠢᠯᠠᠵᠤ ᠬᠦᠮᠦᠨ ᠤ ᠤᠷᠤᠰᠬᠠᠯ ᠪᠤᠯᠤᠨ ᠲᠡᠷᠭᠡᠨ ᠤ ᠤᠷᠤᠰᠬᠠᠯ  ᠤᠨ ᠣᠷᠭᠢᠯ ᠦᠶ᠎ᠡ ᠠᠴᠠ ᠵᠦᠢ ᠵᠤᠬᠢᠰᠲᠠᠢ ᠪᠠᠷ ᠵᠠᠶᠢᠯᠠᠰᠬᠢᠵᠤ᠂ ᠳᠠᠬᠢᠯᠭ᠎ᠠ ᠶᠢᠨ ᠭᠠᠵᠠᠷ ᠤᠨ ᠣᠯᠠᠨ ᠨᠡᠶᠢᠲᠡ ᠶᠢᠨ ᠡᠮᠬᠢ ᠵᠢᠷᠤᠮ ᠢ ᠤᠬᠠᠮᠰᠠᠷ ᠠᠴᠠ ᠪᠠᠨ ᠵᠢᠷᠤᠮᠯᠠᠨ ᠰᠠᠬᠢᠵᠤ᠂ ᠳᠠᠬᠢᠯᠭ᠎ᠠ ᠶᠢᠨ ᠲᠣᠭᠲᠠᠭᠠᠯ ᠢ ᠵᠢᠷᠤᠮᠯᠠᠨ᠂ ᠠᠵᠢᠯᠲᠠᠨ ᠤ ᠲᠣᠬᠢᠷᠠᠭᠤᠯᠤᠯᠲᠠ ᠶᠢ ᠳᠠᠭᠠᠵᠤ᠂ ᠬᠠᠷᠢᠯᠴᠠᠨ ᠨᠠᠶᠢᠷ ᠲᠠᠯᠪᠢᠵᠤ ᠂ ᠠᠮᠤᠷ ᠲᠦᠪᠰᠢᠨ᠂ ᠤᠷᠤᠭᠰᠢᠲᠠᠢ᠂ ᠡᠮᠬᠢ ᠵᠢᠷᠤᠮ ᠲᠠᠢ ᠳᠠᠬᠢᠯᠭ᠎ᠠ ᠶᠢᠨ ᠠᠭᠤᠷ ᠠᠮᠢᠰᠬᠤᠯ ᠢ ᠬᠠᠮᠲᠤ ᠪᠠᠷ ᠪᠣᠶ ᠪᠣᠯᠭᠠᠶ᠎ᠠ᠃       ᠳᠥᠷᠪᠡ᠂ ᠠᠮᠤᠷ ᠲᠦᠪᠰᠢᠨ ᠢᠶᠠᠷ ᠲᠠᠬᠢᠯᠭ᠎ᠠ ᠬᠢᠶ᠎ᠠ᠃ ᠬᠠᠩᠰᠢ ᠶᠢᠨ ᠡᠳᠦᠷ ᠪᠣᠯ ᠤᠢ ᠰᠢᠭᠤᠢ ᠶᠢᠨ ᠭᠠᠯ ᠢ ᠰᠡᠷᠭᠡᠶᠢᠯᠡᠬᠦ ᠬᠠᠮᠤᠭ ᠤᠨ ᠴᠢᠬᠤᠯᠠ ᠬᠠᠮᠤᠭ ᠤᠨ ᠵᠠᠩᠭᠢᠯᠠᠭ᠎ᠠ ᠶᠢᠨ ᠬᠤᠭᠤᠴᠠᠭ᠎ᠠ ᠪᠣᠯᠣᠨ᠎ᠠ᠂ ᠬᠤᠯᠪᠣᠭᠳᠠᠯ ᠪᠦᠬᠦᠢ ᠭᠠᠯ ᠢ ᠰᠡᠷᠭᠡᠶᠢᠯᠡᠬᠦ ᠲᠣᠭᠲᠠᠭᠠᠯ ᠢ ᠴᠢᠩᠭ᠎ᠠ ᠵᠢᠷᠤᠮᠯᠠᠵᠤ᠂ ᠲᠣᠭᠲᠠᠭᠠᠯ ᠢ ᠵᠥᠷᠢᠴᠡᠨ ᠭᠠᠯ ᠬᠡᠷᠡᠭᠯᠡᠬᠦ ᠦᠭᠡᠢ ᠪᠠᠶᠢᠵᠤ᠂ ᠪᠦᠬᠦ ᠬᠤᠳᠠ ᠶᠢᠨ ᠬᠡᠪᠴᠢᠶᠡᠨ ᠳᠤ ᠬᠤᠶᠢᠯᠭ᠎ᠠ ᠶᠢᠨ ᠴᠠᠭᠠᠰᠤᠨ ᠵᠣᠭᠤᠰ᠂ ᠬᠤᠶᠢᠯᠭ᠎ᠠ ᠶᠢᠨ ᠪᠣᠳᠠᠰ ᠰᠢᠲᠠᠭᠠᠬᠤ ᠶᠢ ᠴᠢᠩᠭ᠎ᠠ ᠴᠠᠭᠠᠵᠠᠯᠠᠵᠤ᠂ ᠭᠠᠯ ᠤᠨ ᠠᠶᠤᠯ ᠵᠡᠷᠭᠡ ᠡᠯ᠎ᠡ ᠵᠦᠢᠯ ᠤᠨ ᠠᠮᠤᠷ ᠲᠦᠪᠰᠢᠨ ᠤ ᠬᠡᠮ ᠰᠣᠭᠤᠭ ᠢ ᠪᠠᠭᠠᠰᠬᠠᠶ᠎ᠠ᠃       ᠲᠠᠪᠤ᠂ ᠠᠮᠢ ᠠᠬᠤᠢ ᠳᠤ ᠠᠰᠢᠭᠲᠠᠢ ᠣᠷᠣᠰᠢᠭᠤᠯᠭ᠎ᠠ ᠬᠢᠶ᠎ᠡ᠃ ᠠᠮᠢ ᠠᠬᠤᠢ ᠶᠢᠨ ᠪᠣᠯᠪᠠᠰᠤᠨ ᠤ ᠣᠷᠣᠰᠢᠭᠤᠯᠭ᠎ᠠ ᠶᠢᠨ ᠣᠨᠣᠯᠵᠢᠬᠤᠨ ᠢ ᠦᠢᠯᠡᠳᠦᠯᠭᠡᠵᠢᠭᠦᠯᠵᠦ᠂ ᠮᠣᠳᠣᠨ ᠣᠷᠣᠰᠢᠭᠤᠯᠭ᠎ᠠ᠂ ᠵᠦᠯᠭᠡᠨ ᠣᠷᠣᠰᠢᠭᠤᠯᠭ᠎ᠠ᠂ ᠴᠡᠴᠡᠭᠲᠦ ᠣᠷᠣᠰᠢᠭᠤᠯᠭ᠎ᠠ᠂ ᠬᠠᠨᠠᠨ ᠣᠷᠣᠰᠢᠭᠤᠯᠭ᠎ᠠ ᠵᠡᠷᠭᠡ ᠣᠷᠣᠰᠢᠭᠤᠯᠭ᠎ᠠ ᠶᠢᠨ ᠠᠷᠭ᠎ᠠ ᠮᠠᠶ᠋ᠢᠭ ᠢ ᠬᠡᠷᠡᠭᠯᠡᠨ᠂ ᠬᠥᠮᠥᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠥᠭᠵᠢᠬᠦ ᠶᠢ ᠠᠬᠢᠭᠤᠯᠤᠶ᠎ᠠ᠃ ᠵᠠᠰᠠᠮᠠᠯ ᠵᠠᠮ᠂ ᠲᠡᠮᠦᠷ ᠵᠠᠮ᠂ ᠭᠤᠣᠯ ᠤᠨ ᠬᠦᠪᠡᠭᠡ᠂ ᠲᠠᠷᠢᠶᠠᠨ ᠭᠠᠵᠠᠷ᠂ ᠣᠶ ᠰᠢᠭᠤᠢ ᠡᠪᠡᠰᠦᠲᠦ ᠭᠠᠵᠠᠷ᠂ ᠤᠰᠤᠨ ᠤ ᠡᠬᠢ ᠰᠤᠷᠪᠤᠯᠵᠢ ᠶᠢᠨ ᠤᠷᠤᠨ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠣᠷᠣᠨ᠂ ᠵᠢᠭᠤᠯᠴᠢᠯᠠᠯ ᠤᠨ ᠦᠵᠡᠮᠵᠢ ᠶᠢᠨ ᠣᠷᠣᠨ᠂ ᠲᠥᠯᠥᠪᠵᠢᠭᠦᠯᠦᠨ ᠪᠦᠲᠦᠭᠡᠨ ᠪᠠᠶᠢᠭᠤᠯᠬᠤ ᠳᠤ ᠬᠡᠷᠡᠭᠯᠡᠬᠦ ᠭᠠᠵᠠᠷ ᠤᠨ ᠳᠣᠲᠣᠷ᠎ᠠ ᠬᠡᠭᠦᠷ ᠤᠩᠭᠤᠨ ᠪᠠᠶᠢᠭᠤᠯᠬᠤ ᠶᠢ ᠴᠢᠩᠭ᠎ᠠ ᠴᠠᠭᠠᠵᠠᠯᠠᠨ᠎ᠠ᠃       ᠵᠢᠷᠭᠤᠭ᠎ᠠ᠂ ᠦᠯᠢᠭᠡᠷ ᠳᠠᠭᠤᠷᠢᠶᠠᠯ ᠤᠨ ᠦᠢᠯᠡᠳᠦᠯ ᠢᠶᠠᠨ ᠪᠠᠳᠠᠷᠠᠭᠤᠯᠤᠶ᠎ᠠ᠃ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠪᠡᠶ᠎ᠡ ᠪᠠᠷ ᠢᠶᠠᠨ ᠬᠡᠪ ᠲᠠᠭᠤᠷᠢᠶᠠᠯ ᠪᠣᠯᠵᠤ᠂ ᠣᠷᠣᠰᠢᠭᠤᠯᠭ᠎ᠠ ᠶᠢᠨ ᠥᠭᠡᠷᠡᠴᠢᠯᠡᠯᠲᠡ ᠶᠢᠨ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠵᠤ᠂ ᠲᠦᠷᠦᠭᠦᠯᠡᠨ ᠳᠣᠣᠷ᠎ᠠ ᠨᠡᠭᠦᠷᠡᠰᠦᠲᠥ᠋ᠷᠥᠭᠴᠢᠲᠦ ᠳᠠᠬᠢᠯᠭ᠎ᠠ ᠪᠠ ᠪᠣᠯᠪᠠᠰᠤᠨ ᠠᠷᠪᠢᠯᠠᠨ ᠭᠠᠮᠨᠠᠬᠤ ᠣᠷᠣᠰᠢᠭᠤᠯᠭ᠎ᠠ ᠶᠢᠨ ᠶᠠᠪᠤᠳᠠᠯ ᠢ ᠭᠦᠢᠴᠡᠳᠬᠡᠵᠦ᠂ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠠᠬᠢᠭᠤᠯᠵᠤ᠂ ᠪᠣᠯᠪᠠᠰᠤᠨ ᠪᠤᠰᠤ ᠂ ᠲᠦᠷᠢᠮᠵᠢᠯ ᠦᠭᠡᠢ ᠳᠠᠬᠢᠯᠭ᠎ᠠ ᠶᠢᠨ ᠠᠵᠢᠯᠯᠠᠭ᠎ᠠ ᠳᠤ ᠬᠢᠨᠠᠯᠲᠠ ᠲᠠᠯᠪᠢᠨ ᠬᠤᠷᠢᠭᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠪᠣᠯᠪᠠᠰᠤᠨ ᠢᠶᠠᠷ ᠳᠠᠬᠢᠯᠭ᠎ᠠ ᠬᠢᠬᠦ᠂ ᠠᠷᠪᠢᠴᠢ ᠭᠠᠮᠲᠠᠢ ᠪᠠᠷ ᠭᠠᠰᠢᠭᠤᠳᠠᠯ ᠤᠨ ᠶᠠᠪᠤᠳᠠᠯ ᠢ ᠡᠷᠬᠢᠯᠡᠬᠦ ᠵᠢᠱᠢᠶ᠎ᠡ ᠦᠵᠡᠭᠦᠯᠬᠦ ᠦᠢᠯᠡᠳᠦᠯ ᠢᠶᠠᠨ ᠪᠠᠳᠠᠷᠠᠭᠤᠯᠬᠤ ᠬᠡᠷᠡᠭᠲᠡᠢ᠃        ᠦᠷᠭᠡᠨ ᠤᠯᠠᠨ ᠬᠤᠲᠠ ᠶᠢᠨ ᠠᠷᠠᠳ ᠨᠠᠶᠢᠵᠠ ᠨᠠᠷ ᠠ᠋᠂ ᠵᠠᠩ ᠳᠠᠳᠬᠠᠯ ᠢᠶᠠᠨ ᠥᠭᠡᠷᠡᠴᠢᠯᠡᠬᠦ᠂ ᠪᠣᠯᠪᠠᠰᠤᠨ ᠢᠶᠠᠷ ᠳᠠᠭᠢᠯᠭ᠎ᠠ ᠬᠢᠬᠦ ᠪᠣᠯ ᠨᠡᠶᠢᠭᠡᠮ ᠤᠨ ᠬᠥᠭᠵᠢᠯᠲᠡ ᠳᠠᠪᠰᠢᠯᠲᠠ ᠶᠢᠨ ᠴᠢᠬᠤᠯᠠ ᠪᠡᠯᠭᠡ ᠲᠡᠮᠳᠡᠭ ᠮᠥᠨ᠃ ᠪᠢᠳᠡ ᠢᠳᠡᠪᠬᠢᠲᠡᠢ ᠪᠠᠷ ᠬᠥᠳᠡᠯᠦᠯᠴᠡᠵᠦ᠂ ᠤᠳᠤ ᠠᠴᠠ ᠡᠬᠢᠯᠡᠨ ᠬᠢᠵᠦ᠂ ᠥᠪᠡᠷ ᠤᠨ ᠪᠡᠶ᠎ᠡ  ᠠᠴᠠ ᠪᠠᠨ ᠡᠬᠢᠯᠡᠨ ᠬᠢᠵᠦ᠂ ᠪᠣᠯᠪᠠᠰᠤᠨ ᠲᠠᠬᠢᠯᠭ᠎ᠠ ᠶᠢᠨ ᠵᠢᠱᠢᠶ᠎ᠡ ᠦᠵᠡᠭᠦᠯᠦᠭᠴᠢ᠂ ᠪᠣᠯᠬᠢ ᠳᠠᠳᠬᠠᠯ ᠢ ᠠᠷᠢᠯᠭᠠᠬᠤ ᠶᠢᠨ ᠲᠦᠷᠦᠭᠦᠴᠢ᠂ ᠵᠠᠩ ᠳᠠᠳᠬᠠᠯ ᠢ ᠥᠭᠡᠷᠡᠴᠢᠯᠡᠬᠦ ᠶᠢᠨ ᠠᠬᠢᠭᠤᠯᠤᠭᠴᠢ᠂ ᠠᠮᠤᠷ ᠲᠦᠪᠰᠢᠨ ᠤ ᠡᠮᠬᠢ ᠵᠢᠷᠤᠮ ᠲᠠᠢ ᠪᠠᠶᠢᠬᠤ ᠶᠢ ᠰᠠᠬᠢᠨ ᠬᠠᠮᠠᠭᠠᠯᠠᠭᠴᠢ ᠪᠣᠯᠬᠤ ᠪᠠᠷ ᠴᠢᠷᠮᠠᠶᠢᠵᠤ᠂ ᠪᠣᠳᠠᠲᠤ ᠠᠵᠢᠯᠯᠠᠭ᠎ᠠ ᠪᠠᠷ ᠢᠶᠠᠨ ᠪᠣᠯᠪᠠᠰᠤᠨ ᠡᠶ᠎ᠡ ᠵᠣᠬᠢᠴᠠᠩᠭᠤᠢ ᠰᠠᠶᠢᠨ ᠰᠠᠶᠢᠬᠠᠨ ᠭᠡᠷ ᠣᠷᠣᠨ ᠢ ᠬᠠᠮᠲᠤᠪᠠᠷ ᠪᠦᠲᠦᠭᠡᠨ ᠪᠠᠶᠢᠭᠤᠯᠤᠶ᠎ᠠ᠃
ᠢᠷᠡᠯᠲᠡ᠄ ᠤᠲᠤᠭ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ