ᠣᠲᠤᠭ ᠬᠤᠰᠢᠭᠤᠨ ᠤ 2023 ᠣᠨ ᠤ ᠬᠠᠲᠤᠨ ᠭᠤᠣᠯ ᠤᠨ ᠰᠠᠪᠠ ᠭᠠᠵᠠᠷ ᠤᠨ ᠲᠣᠰᠣᠲᠦ ᠶᠢᠨ ᠭᠤᠣᠯ ᠤᠨ ᠣᠭᠲᠣᠯᠣᠭᠠᠰᠤ ᠶᠢᠨ ᠤᠰᠤᠨ ᠤ ᠴᠢᠨᠠᠷ ᠢ ᠰᠠᠶᠢᠵᠢᠷᠠᠭᠤᠯᠬᠤ ᠲᠤᠰᠬᠠᠢ ᠲᠥᠷᠥᠯ ᠤᠨ ᠠᠵᠢᠯᠯᠠᠭ᠎ᠠ ᠶᠢᠨ ᠲᠥᠰᠥᠯ ᠢ ᠳᠠᠷᠤᠮᠠᠯᠯᠠᠨ ᠲᠠᠷᠬᠠᠭᠠᠬᠤ ᠲᠤᠬᠠᠢ ᠣᠳᠤᠭ ᠬᠤᠰᠢᠭᠤᠨ ᠤ ᠠᠷᠡᠳ ᠤᠨ ᠵᠡᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2023/5/29
                  ᠣᠳᠤᠭ ᠵᠠᠰᠠᠭ ᠠᠯᠪᠠᠨ ᠲᠠᠷᠬᠠᠭᠠᠭᠰᠠᠨ ﹇2023﹈ 43 ᠳ᠋ᠤᠭᠠᠷ ᠲᠣᠭᠠᠲᠤ            ᠣᠲᠤᠭ ᠬᠤᠰᠢᠭᠤᠨ ᠤ 2023 ᠣᠨ ᠤ ᠬᠠᠲᠤᠨ ᠭᠤᠣᠯ ᠤᠨ ᠰᠠᠪᠠ ᠭᠠᠵᠠᠷ ᠤᠨ ᠲᠣᠰᠣᠲᠦ ᠶᠢᠨ ᠭᠤᠣᠯ ᠤᠨ             ᠣᠭᠲᠣᠯᠣᠭᠠᠰᠤ ᠶᠢᠨ ᠤᠰᠤᠨ ᠤ ᠴᠢᠨᠠᠷ ᠢ ᠰᠠᠶᠢᠵᠢᠷᠠᠭᠤᠯᠬᠤ ᠲᠤᠰᠬᠠᠢ ᠲᠥᠷᠥᠯ ᠤᠨ ᠠᠵᠢᠯᠯᠠᠭ᠎ᠠ ᠶᠢᠨ ᠲᠥᠰᠥᠯ ᠢ             ᠳᠠᠷᠤᠮᠠᠯᠯᠠᠨ ᠲᠠᠷᠬᠠᠭᠠᠬᠤ ᠲᠤᠬᠠᠢ ᠣᠳᠤᠭ ᠬᠤᠰᠢᠭᠤᠨ ᠤ ᠠᠷᠡᠳ ᠤᠨ ᠵᠡᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤᠨ ︵ᠬᠤᠲᠠ︶ ᠤ ᠡᠯ᠎ᠡ ᠬᠠᠮᠢᠶ᠎ᠠ ᠪᠦᠬᠦᠢ ᠪᠠᠶᠢᠭᠤᠯᠭ᠎ᠠ ᠳᠤ᠄      ︽2023 ᠣᠨ ᠤ ᠬᠠᠲᠤᠨ ᠭᠤᠣᠯ ᠤᠨ ᠰᠠᠪᠠ ᠭᠠᠵᠠᠷ ᠤᠨ ᠲᠣᠰᠣᠲᠦ ᠶᠢᠨ ᠭᠤᠣᠯ ᠤᠨ ᠣᠭᠲᠣᠯᠣᠭᠠᠰᠤ ᠶᠢᠨ ᠤᠰᠤᠨ ᠤ ᠴᠢᠨᠠᠷ ᠢ ᠰᠠᠶᠢᠵᠢᠷᠠᠭᠤᠯᠬᠤ ᠲᠤᠰᠬᠠᠢ ᠲᠥᠷᠥᠯ ᠤᠨ ᠠᠵᠢᠯᠯᠠᠭ᠎ᠠ ᠶᠢᠨ ᠲᠥᠰᠥᠯ︾ ᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ ᠡᠳᠦᠭᠡ ᠲᠠ ᠨᠠᠷ ᠲᠤ ᠳᠠᠷᠤᠮᠠᠯᠯᠠᠨ ᠲᠠᠷᠬᠠᠭᠠᠯ᠎ᠠ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠢ᠃                                                 ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                                 2023 ᠣᠨ ᠤ 5 ᠳ᠋ᠤᠭᠠᠷ ᠰᠠᠷ᠎ᠠ ᠶᠢᠨ 29 ᠤ ᠡᠳᠦᠷ            ᠣᠲᠤᠭ ᠬᠤᠰᠢᠭᠤᠨ ᠤ 2023 ᠣᠨ ᠤ ᠬᠠᠲᠤᠨ ᠭᠤᠣᠯ ᠤᠨ ᠰᠠᠪᠠ ᠭᠠᠵᠠᠷ ᠤᠨ ᠲᠣᠰᠣᠲᠤ ᠶᠢᠨ ᠭᠤᠣᠯ ᠤᠨ             ᠣᠭᠲᠣᠯᠣᠭᠠᠰᠤ ᠶᠢᠨ ᠤᠰᠤᠨ ᠤ ᠴᠢᠨᠠᠷ ᠢ ᠰᠠᠶᠢᠵᠢᠷᠠᠭᠤᠯᠬᠤ ᠲᠤᠰᠬᠠᠢ ᠲᠥᠷᠥᠯ ᠤᠨ ᠠᠵᠢᠯᠯᠠᠭ᠎ᠠ ᠶᠢᠨ ᠲᠥᠰᠥᠯ      ᠠᠮᠢ ᠠᠬᠤᠢ ᠣᠷᠴᠢᠨ ᠲᠣᠭᠤᠷᠢᠨ ᠤ ᠶᠠᠮᠤᠨ ᠤ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠭᠰᠡᠨ ᠵᠠᠷᠯᠠᠯ ᠳᠤ ᠦᠨᠳᠦᠰᠦᠯᠡᠪᠡᠯ᠂ 2022 ᠣᠨ ᠤ 1 —12 ᠰᠠᠷ᠎ᠠ ᠶᠢᠨ ᠪᠥᠬᠦ ᠤᠯᠤᠰ ᠤᠨ ᠭᠠᠵᠠᠷ ᠣᠷᠣᠨ ᠤ ᠲᠠᠰ ᠤᠨ ᠬᠤᠲᠠ ᠶᠢᠨ ᠣᠭᠲᠣᠯᠣᠭᠠᠰᠤ ᠶᠢᠨ ᠤᠰᠤᠨ ᠤ ᠣᠷᠴᠢᠨ ᠲᠣᠭᠤᠷᠢᠨ ᠤ ᠴᠢᠨᠠᠷ ᠤᠨ ᠬᠤᠪᠢᠷᠠᠯᠲᠠ ᠶᠢ ᠬᠢᠨᠠᠨ ᠰᠢᠯᠭᠠᠷᠠᠭᠤᠯᠤᠭᠰᠠᠨ ᠨᠡᠷᠡᠰ ᠤᠨ ᠵᠢᠭᠰᠠᠭᠠᠯᠲᠠ ᠳᠤ᠂ ᠣᠷᠳᠣᠰ ᠬᠤᠲᠠ ᠶᠢᠨ ᠤᠰᠤᠨ ᠤ ᠣᠷᠴᠢᠨ ᠲᠣᠭᠤᠷᠢᠨ ᠤ ᠴᠢᠨᠠᠷ ᠤᠨ ᠬᠤᠪᠢᠷᠠᠯᠲᠠ ᠶᠢᠨ ᠬᠡᠮᠵᠢᠶ᠎ᠡ ᠪᠥᠬᠦ ᠤᠯᠤᠰ ᠲᠤ ᠠᠳᠠᠭ ᠠᠴᠠ ᠪᠠᠨ ᠬᠤᠷᠢᠨ ᠳᠥᠷᠪᠡᠳᠦᠭᠡᠷ ᠲᠤ ᠵᠢᠭᠰᠠᠭᠠᠭᠳᠠᠵᠤ᠂ ᠪᠥᠬᠦ ᠬᠤᠲᠠ ᠶᠢᠨ ᠬᠡᠰᠡᠭ ᠰᠠᠪᠠ ᠭᠠᠵᠠᠷ ᠤᠨ ᠣᠭᠲᠣᠯᠣᠭᠠᠰᠤ ᠶᠢᠨ ᠤᠰᠤᠨ ᠤ ᠴᠢᠨᠠᠷ ᠲᠤ ᠪᠠᠷᠢᠮᠵᠢᠶ᠎ᠠ ᠠᠴᠠ ᠳᠠᠪᠠᠭᠰᠠᠨ ᠠᠶᠤᠯ ᠲᠦᠭᠰᠢᠭᠦᠷᠢ ᠳᠠᠯᠳᠠ ᠭᠡᠮ ᠣᠷᠣᠰᠢᠵᠤ ᠪᠠᠶᠢᠨ᠎ᠠ᠃ ︽2023 ᠣᠨ ᠤ ᠦᠶᠡᠷ ᠤᠨ ᠬᠤᠭᠤᠴᠠᠭᠠᠨ ᠳᠠᠬᠢ ᠭᠠᠵᠠᠷ ᠤᠨ ᠭᠠᠳᠠᠷᠭᠤ ᠶᠢᠨ ᠤᠰᠤᠨ ᠤ ᠣᠷᠴᠢᠨ ᠲᠣᠭᠤᠷᠢᠨ ᠤ ᠴᠢᠨᠠᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠴᠢᠩᠭᠠᠳᠬᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠤᠨ ᠮᠡᠳᠡᠭᠳᠡᠯ︾ ︵ᠥᠪᠥᠷ ᠣᠷᠴᠢᠨ ᠲᠣᠭᠤᠷᠢᠨ ᠠᠯᠪᠠᠨ ﹇2023﹈ 92 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠪᠦᠬᠦ ᠬᠤᠲᠠ ᠶᠢᠨ ᠭᠠᠵᠠᠷ ᠤᠨ ᠭᠠᠳᠠᠷᠭᠤ ᠶᠢᠨ ᠤᠰᠤᠨ ᠤ ᠴᠢᠨᠠᠷ ᠤᠨ ᠠᠶᠤᠯ ᠲᠦᠭᠰᠢᠭᠦᠷᠢ ᠳᠠᠯᠳᠠ ᠭᠡᠮ ᠢ ᠱᠠᠯᠠᠪᠳᠠᠨ ᠠᠷᠢᠯᠭᠠᠵᠤ᠂ ᠦᠶᠡᠷ ᠤᠨ ᠬᠤᠭᠤᠴᠠᠭᠠᠨ ᠳᠠᠬᠢ ᠤᠰᠤᠨ ᠤ ᠣᠷᠴᠢᠨ ᠲᠣᠭᠤᠷᠢᠨ ᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠵᠣᠷᠢᠭᠤᠳᠠ ᠪᠣᠬᠢᠷᠲᠤᠭᠤᠯᠤᠭᠰᠠᠨ ᠰᠢᠯᠲᠠᠭᠠᠨ ᠢᠶᠠᠷ ᠦᠶᠡᠷ ᠤᠨ ᠬᠤᠭᠤᠴᠠᠭᠠᠨ ᠳᠠᠬᠢ ᠭᠤᠣᠯ ᠮᠥᠷᠡᠨ ᠨᠠᠭᠤᠷ ᠴᠥᠭᠦᠷᠥᠮ ᠤᠨ ᠤᠰᠤᠨ ᠤ ᠴᠢᠨᠠᠷ ᠢ ᠮᠠᠭᠤᠳᠠᠭᠤᠯᠬᠤ ᠠᠰᠠᠭᠤᠳᠠᠯ ᠡᠭᠦᠰᠬᠡᠬᠦ ᠦᠭᠡᠢ ᠪᠠᠶᠢᠬᠤ ᠶᠢ ᠪᠠᠲᠤᠯᠠᠵᠤ᠂ ᠪᠥᠬᠦ ᠵᠢᠯ ᠤᠨ ᠤᠰᠤᠨ ᠤ ᠣᠷᠴᠢᠨ ᠲᠣᠭᠤᠷᠢᠨ ᠤ ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠪᠠᠲᠤ ᠰᠠᠭᠤᠷᠢ ᠲᠠᠯᠪᠢᠨ᠂ ᠰᠠᠪᠠ ᠭᠠᠵᠠᠷ ᠤᠨ ᠣᠭᠲᠣᠯᠣᠭᠠᠰᠤ ᠶᠢᠨ ᠤᠰᠤᠨ ᠤ ᠴᠢᠨᠠᠷ ᠢ ᠰᠠᠶᠢᠵᠢᠷᠠᠭᠤᠯᠵᠤ᠂ ᠲᠣᠰᠣᠲᠦ ᠶᠢᠨ ᠭᠤᠣᠯ ᠤᠨ ᠰᠠᠪᠠ ᠭᠠᠵᠠᠷ ᠤᠨ ᠠᠷᠤ ᠲᠣᠰᠣᠲᠦ ᠶᠢᠨ ᠣᠭᠲᠣᠯᠣᠭᠠᠰᠤ ᠶᠢᠨ ᠲᠤᠰᠬᠠᠢ ᠴᠡᠭᠴᠡᠯᠡᠯᠲᠡ ᠶᠢᠨ ᠠᠵᠢᠯᠯᠠᠭ᠎ᠠ ᠶᠢ ᠥᠷᠨᠢᠭᠦᠯᠬᠦ ᠪᠠᠷ ᠲᠣᠭᠲᠠᠪᠠ᠂ ᠡᠳᠦᠭᠡ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠳᠣᠣᠷᠠᠬᠢ ᠮᠡᠲᠦ ᠬᠡᠷᠡᠭᠵᠢᠭᠦᠯᠬᠦ ᠲᠥᠰᠥᠯ ᠢ ᠲᠣᠭᠲᠠᠭᠠᠪᠠ᠃       ᠨᠢᠭᠡ᠂ ᠶᠡᠷᠦᠩᠬᠡᠢ ᠱᠠᠭᠠᠷᠳᠠᠯᠭ᠎ᠠ      ︵ᠨᠢᠭᠡ︶ ᠵᠢᠯᠣᠭᠤᠳᠬᠤ ᠦᠵᠡᠯ ᠰᠠᠨᠠᠭ᠎ᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠣᠭᠤᠰᠢᠯᠠᠭᠤᠯᠤᠨ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠤᠰᠤ ᠮᠥᠨ ᠭᠡᠬᠦ ᠣᠶᠢᠯᠠᠭᠠᠭᠳᠠᠬᠤᠨ ᠢ ᠪᠠᠲᠤ ᠪᠦᠷᠢᠯᠳᠦᠭᠦᠯᠦᠨ ᠦᠢᠯᠡᠳᠦᠯᠭᠡᠵᠢᠭᠦᠯᠵᠦ᠂ ᠪᠦᠬᠦ ᠬᠤᠲᠠ ᠶᠢᠨ ᠭᠠᠵᠠᠷ ᠤᠨ ᠭᠠᠳᠠᠷᠭᠤ ᠶᠢᠨ ᠤᠰᠤᠨ ᠤ ᠣᠷᠴᠢᠨ ᠲᠣᠭᠤᠷᠢᠨ ᠤ ᠴᠢᠨᠠᠷ ᠢ ᠰᠠᠶᠢᠵᠢᠷᠠᠭᠤᠯᠤᠨ ᠳᠡᠭᠡᠭᠰᠢᠯᠡᠭᠦᠯᠬᠦ ᠲᠡᠷᠢᠭᠦᠨ ᠴᠢᠬᠤᠯᠠ ᠬᠠᠷᠠᠯᠲᠠ ᠳᠤ ᠲᠥᠪᠯᠡᠷᠡᠭᠦᠯᠦᠨ᠂ ᠤᠰᠤ ᠶᠢ ᠵᠠᠰᠠᠵᠤ ᠤᠰᠤ ᠶᠢ ᠬᠥᠭᠵᠢᠭᠦᠯᠬᠦ ᠶᠢ ᠲᠡᠷᠢᠭᠦᠨ ᠴᠢᠬᠤᠯᠠ ᠤᠯᠤᠰ ᠲᠥᠷᠥ ᠶᠢᠨ ᠬᠠᠷᠠᠯᠲᠠ ᠪᠠ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠭᠠᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠲᠤᠨ ᠭᠤᠣᠯ ᠤᠨ ᠬᠠᠮᠠᠭᠠᠯᠠᠯᠲᠠ ᠶᠢᠨ ᠬᠠᠤᠯᠢ︾ ᠶᠢ ᠬᠢᠨᠠᠮᠠᠭᠠᠢ ᠤᠬᠠᠭᠤᠯᠵᠤ ᠲᠣᠭᠤᠰᠢᠯᠠᠭᠤᠯᠤᠨ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠵᠤ᠂ ᠣᠲᠤᠭ ᠬᠤᠰᠢᠭᠤᠨ ᠤ ᠰᠠᠪᠠ ᠭᠠᠵᠠᠷ ᠤᠨ ᠤᠰᠤᠨ ᠤ ᠴᠢᠨᠠᠷ ᠢ ᠰᠠᠶᠢᠵᠢᠷᠠᠭᠤᠯᠬᠤ ᠵᠢᠴᠢ ᠠᠮᠢ ᠠᠬᠤᠢ ᠶᠢ ᠬᠠᠮᠠᠭᠠᠯᠠᠬᠤ ᠶᠢ ᠠᠬᠢᠭᠤᠯᠤᠨ᠂ ᠤᠯᠤᠰ ᠤᠨ ᠡᠵᠡᠮᠰᠢᠯᠲᠦ ᠣᠭᠲᠣᠯᠣᠭᠠᠰᠤ᠂ ᠬᠤᠲᠠ ᠶᠢᠨ ᠡᠵᠡᠮᠰᠢᠯᠲᠦ ᠨᠠᠭᠤᠷ ᠴᠥᠭᠦᠷᠥᠮ ᠤᠨ ᠤᠰᠤᠨ ᠤ ᠴᠢᠨᠠᠷ ︵ᠰᠠᠭᠤᠷᠢ ᠬᠡᠮᠵᠢᠭᠳᠡᠯ ᠠᠴᠠ ᠭᠠᠳᠠᠨ᠎ᠠ︶ ᠢ ᠲᠣᠭᠲᠠᠭᠤᠨ ᠢᠶᠠᠷ ᠪᠠᠷᠢᠮᠵᠢᠶ᠎ᠠ ᠳᠤ ᠬᠦᠷᠦᠭᠦᠯᠵᠦ᠂ ᠤᠰᠤ ᠨᠢ ᠭᠤᠶᠣ᠂ ᠡᠷᠭᠢ ᠨᠢ ᠭᠤᠶᠣ᠂ ᠠᠵᠤ ᠦᠢᠯᠡᠰ ᠨᠢ ᠭᠤᠶᠣ᠂ ᠣᠷᠴᠢᠨ ᠲᠣᠭᠤᠷᠢᠨ ᠨᠢ ᠭᠤᠶᠣ ᠰᠠᠶᠢᠬᠠᠨ ᠡᠶ᠎ᠡ ᠵᠣᠬᠢᠴᠠᠯ ᠲᠠᠢ ᠤᠰᠤᠨ ᠤ ᠠᠮᠢ ᠠᠬᠤᠢ ᠣᠷᠴᠢᠨ ᠲᠣᠭᠤᠷᠢᠨ ᠢ ᠪᠣᠢ ᠪᠣᠯᠭᠠᠨ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠣᠭᠲᠠᠭᠤᠨ ᠤ ᠬᠠᠯᠬᠠᠪᠴᠢ ᠶᠢ ᠪᠦᠲᠦᠭᠡᠨ ᠪᠠᠶᠢᠭᠤᠯᠬᠤ ᠳᠤ ᠪᠠᠲᠤ ᠰᠠᠭᠤᠷᠢ ᠲᠠᠯᠪᠢᠨ᠎ᠠ᠃       ︵ᠬᠤᠶᠠᠷ︶ ᠦᠨᠳᠦᠰᠦᠨ ᠵᠠᠷᠴᠢᠮ      — — ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠵᠡᠷᠭᠡᠪᠡᠷ ᠠᠳᠬᠤᠨ ᠬᠠᠮᠲᠤ ᠪᠠᠷ ᠬᠠᠮᠢᠶᠠᠷᠤᠨ᠎ᠠ᠃ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ︽ᠨᠠᠮ ᠵᠠᠰᠠᠭ ᠠᠳᠠᠯᠢᠬᠠᠨ ᠬᠠᠷᠢᠭᠤᠴᠠᠯᠭ᠎ᠠ ᠡᠭᠦᠷᠭᠡᠯᠡᠬᠦ︾ ︽ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠤᠨ᠎ᠠ᠃ ᠬᠥᠭᠵᠢᠯᠲᠡ ᠶᠢ ᠬᠠᠮᠢᠶᠠᠷᠬᠤ ᠳᠤ ᠡᠷᠬᠡᠪᠰᠢ ᠣᠷᠴᠢᠨ ᠲᠣᠭᠤᠷᠢᠨ ᠤ ᠬᠠᠮᠠᠭᠠᠯᠠᠯᠲᠠ ᠶᠢ ᠬᠠᠮᠢᠶᠠᠷᠬᠤ᠂ ᠦᠢᠯᠡᠳᠪᠦᠷᠢᠯᠡᠯ ᠢ ᠬᠠᠮᠢᠶᠠᠷᠬᠤ ᠳᠤ ᠡᠷᠬᠡᠪᠰᠢ ᠣᠷᠴᠢᠨ ᠲᠣᠭᠤᠷᠢᠨ ᠤ ᠬᠠᠮᠠᠭᠠᠯᠠᠯᠲᠠ ᠶᠢ ᠬᠠᠮᠢᠶᠠᠷᠬᠤ᠂ ᠠᠵᠢᠯ ᠲᠦᠷᠦᠯ ᠢ ᠬᠠᠮᠢᠶᠠᠷᠬᠤ ᠳᠤ ᠡᠷᠬᠡᠪᠰᠢ ᠣᠷᠴᠢᠨ ᠲᠣᠭᠤᠷᠢᠨ ᠤ ᠬᠠᠮᠠᠭᠠᠯᠠᠯᠲᠠ ᠶᠢ ᠬᠠᠮᠢᠶᠠᠷᠬᠤ ᠶᠢ ᠪᠠᠷᠢᠮᠲᠠᠯᠠᠵᠤ᠂ ᠵᠣᠬᠢᠴᠠᠭᠤᠯᠤᠨ ᠬᠠᠮᠲᠤᠷᠠᠯᠴᠠᠬᠤ ᠶᠢ ᠴᠢᠩᠭᠠᠳᠬᠠᠨ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠵᠡᠷᠭᠡᠪᠡᠷ ᠠᠳᠬᠤᠨ ᠬᠠᠮᠲᠤ ᠪᠠᠷ ᠬᠠᠮᠢᠶᠠᠷᠬᠤ ᠪᠠᠶᠢᠳᠠᠯ ᠢ ᠪᠣᠢ ᠪᠣᠯᠭᠠᠨ᠂ ᠰᠠᠪᠠ ᠭᠠᠵᠠᠷ ᠤᠨ ᠣᠭᠲᠣᠯᠣᠭᠠᠰᠤ ᠶᠢᠨ ᠤᠰᠤᠨ ᠤ ᠴᠢᠨᠠᠷ ᠢ ᠳᠡᠭᠡᠭᠰᠢᠯᠡᠭᠦᠯᠬᠦ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠦᠨ᠎ᠡ᠃       — — ᠡᠬᠢ ᠢᠷᠡᠯᠲᠡ ᠠᠴᠠ ᠨᠢ ᠬᠠᠮᠢᠶᠠᠷᠤᠨ ᠡᠵᠡᠮᠳᠡᠵᠦ᠂ ᠰᠢᠨᠵᠢᠯᠡᠬᠦ ᠤᠬᠠᠭᠠᠨᠴᠢ ᠪᠠᠷ ᠵᠠᠰᠠᠨ᠎ᠠ᠃ ᠭᠤᠣᠯ ᠮᠦᠷᠡᠨ ︵ᠨᠠᠭᠤᠷ ᠴᠥᠬᠦᠷᠦᠮ︶ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠶᠢ ᠦᠷᠭᠦᠯᠵᠢᠯᠡᠨ ᠰᠠᠶᠢᠲᠤᠷ ᠪᠠᠶᠢᠴᠠᠭᠠᠨ ᠴᠡᠭᠴᠡᠯᠡᠵᠦ᠂ ᠪᠣᠬᠢᠷᠲᠤᠯ ᠢ ᠰᠡᠷᠭᠡᠶᠢᠯᠡᠨ ᠵᠠᠰᠠᠬᠤ ᠪᠠ ᠠᠮᠢ ᠠᠬᠤᠢ ᠶᠢ ᠬᠠᠮᠠᠭᠠᠯᠠᠬᠤ ︽ᠬᠤᠶᠠᠷ ᠲᠠᠯ᠎ᠠ ᠪᠠᠷ ᠬᠦᠴᠦᠯᠡᠬᠦ︾ ᠶᠢ ᠪᠠᠷᠢᠮᠲᠠᠯᠠᠨ᠂ ᠲᠠᠷᠢᠶᠠᠯᠠᠩ᠂ ᠠᠮᠢᠳᠤᠷᠠᠯ ᠤᠨ ᠪᠣᠬᠢᠷᠲᠤᠯ ᠤᠨ ᠡᠬᠢ ᠰᠤᠷᠪᠤᠯᠵᠢ ᠶᠢ ᠵᠡᠷᠭᠡᠪᠡᠷ ᠡᠵᠡᠮᠳᠡᠬᠦ ᠶᠢ ᠠᠬᠢᠭᠤᠯᠤᠨ᠎ᠠ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠴᠢᠩᠭᠠᠳᠬᠠᠨ᠂ ᠲᠣᠪᠣᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠴᠢᠨᠠᠷ ᠰᠠᠶᠢᠲᠠᠢ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠠᠮᠢ ᠠᠬᠤᠢ ᠣᠷᠴᠢᠨ ᠲᠣᠭᠤᠷᠢᠨ ᠤ ᠳᠤᠲᠠᠭᠤᠳᠠᠯ ᠢ ᠲᠦᠷᠭᠡᠨ ᠨᠥᠬᠦᠪᠦᠷᠢᠯᠡᠨ᠎ᠡ᠃      — — ᠲᠦᠷᠦ ᠶᠢᠨ ᠪᠣᠳᠣᠯᠭ᠎ᠠ ᠶᠢ ᠣᠨᠣᠪᠴᠢᠲᠠᠢ ᠬᠡᠷᠡᠭᠵᠢᠭᠦᠯᠵᠦ᠂ ᠰᠢᠪᠲᠤᠯᠤᠯᠲᠠ ᠬᠢᠵᠦ ᠰᠢᠨ᠎ᠡ ᠶᠢ ᠡᠭᠦᠳᠦᠨ᠎ᠡ᠃ ᠤᠰᠤᠨ ᠤ ᠠᠮᠢ ᠠᠬᠤᠢ ᠶᠢᠨ ᠬᠠᠮᠠᠭᠠᠯᠠᠯᠲᠠ ᠶᠢ ᠰᠢᠨᠡᠴᠢᠯᠡᠵᠦ ᠥᠷᠨᠢᠭᠦᠯᠦᠨ᠂ ᠰᠠᠪᠠ ᠭᠠᠵᠠᠷ ᠤᠨ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ᠂ ᠤᠰᠤᠨ ᠤ ᠠᠮᠢ ᠠᠬᠤᠢ ᠶᠢ ᠰᠡᠷᠭᠦᠭᠡᠬᠦ᠂ ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ ᠶᠢ ᠬᠠᠮᠵᠢᠯᠴᠠᠨ ᠬᠢᠬᠦ ᠶᠢ ᠠᠬᠢᠭᠤᠯᠤᠨ᠎ᠠ᠃      ︵ᠭᠤᠷᠪᠠ︶ ᠠᠵᠢᠯ ᠤᠨ ᠬᠠᠷᠠᠯᠲᠠ      ᠮᠠᠨ ᠤ ᠬᠤᠰᠢᠭᠤᠨ ᠳᠤ ᠣᠲᠣ 1 ᠤᠯᠤᠰ ᠤᠨ ᠡᠵᠡᠮᠰᠢᠯᠲᠦ ᠣᠭᠲᠣᠯᠣᠭᠠᠰᠤ ᠪᠠ 1 ᠬᠤᠲᠠ ᠶᠢᠨ ᠡᠵᠡᠮᠰᠢᠯᠲᠦ ᠨᠠᠭᠤᠷ ᠴᠥᠭᠦᠷᠥᠮ ᠲᠠᠢ ᠪᠠᠶᠢᠵᠤ᠂ ᠴᠥᠮ ᠬᠠᠲᠤᠨ ᠭᠤᠣᠯ ᠤᠨ ᠰᠠᠪᠠ ᠭᠠᠵᠠᠷ ᠤᠨ ᠲᠣᠰᠣᠲᠤ ᠶᠢᠨ ᠭᠤᠣᠯ ᠳᠤ ᠪᠠᠶᠢᠷᠢᠰᠢᠨ᠂ ᠤᠰᠤᠨ ᠤ ᠴᠢᠨᠠᠷ ᠤᠨ ᠬᠠᠷᠠᠯᠲᠠ ᠨᠢ ᠲᠣᠰ ᠲᠣᠰ Ⅳ ᠲᠥᠷᠥᠯ ᠪᠠ V ᠲᠥᠷᠥᠯ ᠳᠤ ᠪᠣᠶ︔ ᠲᠣᠰ ᠲᠥᠰᠥᠯ ᠢ ᠬᠡᠷᠡᠭᠵᠢᠭᠦᠯᠬᠦ ᠪᠠᠷ ᠳᠠᠮᠵᠢᠭᠤᠯᠤᠨ᠂ ᠤᠰᠤᠨ ᠤ ᠣᠷᠴᠢᠨ ᠲᠣᠭᠤᠷᠢᠨ ᠤ ᠶᠠᠰᠤ ᠴᠢᠨᠠᠷ ᠢ ᠬᠢᠨᠠᠨ ᠰᠢᠯᠭᠠᠷᠠᠭᠤᠯᠬᠤ ᠱᠠᠭᠠᠷᠳᠠᠯᠭ᠎ᠠ ᠳᠤ ᠬᠦᠷᠦᠭᠦᠯᠬᠦ ᠶᠢᠨ ᠬᠠᠮᠲᠤ ᠲᠣᠭᠲᠠᠭᠤᠨ ᠢᠶᠠᠷ ᠪᠠᠷᠢᠮᠵᠢᠶ᠎ᠠ ᠳᠤ  ᠬᠦᠷᠦᠭᠦᠯᠦᠨ᠎ᠡ᠃      ᠬᠤᠶᠠᠷ᠂ ᠭᠤᠣᠯ ᠡᠭᠦᠷᠭᠡ      ︵ᠨᠢᠭᠡ︶ ᠰᠠᠪᠠ ᠭᠠᠵᠠᠷ ᠤᠨ ᠡᠵᠡᠮᠳᠡᠬᠦ ᠨᠢᠭᠡᠴᠢ ᠶᠢᠨ ᠬᠠᠮᠢᠶᠠᠷᠤᠯᠲᠠ ᠶᠢᠨ ᠲᠣᠭᠲᠠᠯᠴᠠᠭ᠎ᠠ ᠶᠢ ᠬᠡᠷᠡᠭᠵᠢᠭᠦᠯᠦᠨ᠎ᠡ᠃ ᠰᠠᠪᠠ ᠭᠠᠵᠠᠷ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠢᠭᠤᠴᠠᠯᠭ᠎ᠠ ᠶᠢ ᠱᠠᠲᠤ ᠱᠠᠲᠤ ᠪᠠᠷ ᠡᠯ᠎ᠡ ᠪᠠᠶᠢᠭᠤᠯᠭ᠎ᠠ᠂ ᠭᠠᠴᠠᠭ᠎ᠠ ᠲᠣᠰᠬᠤᠨ ᠳᠤ ᠬᠤᠪᠢᠶᠠᠨ ᠥᠭᠴᠦ᠂ ᠭᠤᠣᠯ ᠮᠦᠷᠡᠨ ᠨᠠᠭᠤᠷ ᠴᠥᠬᠦᠷᠦᠮ ᠤᠨ ᠳᠠᠷᠤᠭ᠎ᠠ ᠶᠢᠨ ᠳᠦᠷᠢᠮ ᠢ ᠬᠡᠷᠡᠭᠵᠢᠭᠦᠯᠬᠦ ᠲᠠᠢ ᠤᠶᠠᠯᠳᠤᠭᠤᠯᠤᠨ᠂ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠬᠤ ᠪᠠᠷ ᠭᠤᠣᠯ ᠪᠣᠯᠭᠠᠭᠰᠠᠨ ᠬᠠᠮᠢᠶᠠᠷᠤᠯᠲᠠ ᠶᠢᠨ ᠲᠣᠭᠲᠠᠯᠴᠠᠭ᠎ᠠ ᠶᠢ ᠪᠠᠶᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠣᠪᠴᠢᠶ᠎ᠠ᠂ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠤᠯᠠᠭᠠᠨᠪᠠᠯᠭᠠᠰᠤ᠂ ᠠᠷᠪᠠᠰ ᠰᠤᠮᠤ︶      ︵ᠬᠤᠶᠠᠷ︶ ᠦᠶᠡᠷ ᠠᠴᠠ ᠡᠮᠦᠨᠡᠬᠢ ᠭᠤᠣᠯ ᠮᠦᠷᠡᠨ ᠨᠠᠭᠤᠷ ᠴᠥᠬᠦᠷᠦᠮ ᠤᠨ ᠤᠰᠤᠨ ᠤ ᠴᠢᠨᠠᠷ ᠤᠨ ᠪᠠᠷᠢᠮᠵᠢᠶ᠎ᠠ ᠠᠴᠠ ᠬᠡᠲᠦᠷᠡᠭᠰᠡᠨ ᠠᠰᠠᠭᠤᠳᠠᠯ ᠤᠨ ᠳᠠᠯᠳᠠ ᠬᠡᠮ ᠢ ᠪᠠᠶᠢᠴᠠᠭᠠᠵᠤ ᠴᠡᠭᠴᠡᠯᠡᠨ᠎ᠡ᠃ ᠲᠡᠦᠬᠡ ᠶᠢᠨ ᠬᠢᠨᠠᠨ ᠬᠡᠮᠵᠢᠯᠲᠡ ᠶᠢᠨ ᠲᠤᠭ᠎ᠠ ᠪᠠᠷᠢᠮᠲᠠ ᠲᠠᠢ ᠤᠶᠠᠯᠳᠤᠭᠤᠯᠤᠨ᠂ ᠣᠶᠢᠷ᠎ᠠ ᠶᠢᠨ ᠵᠢᠯ ᠤᠨ ᠦᠶᠡᠷ ᠤᠨ ᠬᠤᠭᠤᠴᠠᠭᠠᠨ ᠳᠠᠬᠢ ᠤᠰᠤᠨ ᠤ ᠴᠢᠨᠠᠷ ᠢᠯᠡᠳᠲᠡ  ᠮᠠᠭᠤᠳᠠᠭᠰᠠᠨ ᠪᠠᠶᠢᠳᠠᠯ ᠳᠤ ᠴᠢᠭᠯᠡᠭᠦᠯᠦᠨ᠂ ᠤᠰᠤ ᠬᠤᠷᠠᠭᠤᠯᠬᠤ ᠬᠡᠪᠴᠢᠶᠡᠨ ᠳᠤ ᠪᠣᠬᠢᠷᠲᠤᠯ ᠭᠠᠳᠠᠭᠰᠢᠯᠠᠭᠤᠯᠬᠤ ᠠᠵᠤ ᠠᠬᠤᠶᠢᠯᠠᠯ᠂ ᠬᠤᠲᠠ ᠪᠠᠯᠭᠠᠰᠤ ᠶᠢᠨ ᠪᠤᠵᠠᠷ ᠤᠰᠤ ᠰᠢᠢᠳᠪᠦᠷᠢᠯᠡᠬᠦ ᠦᠢᠯᠡᠳᠪᠦᠷᠢ᠂ ᠭᠤᠣᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠵᠡᠷᠭᠡ ᠪᠣᠬᠢᠷᠲᠤᠯ ᠤᠨ ᠡᠬᠢ ᠢᠷᠡᠯᠲᠡ ᠪᠠᠶᠢᠬᠤ ᠡᠰᠡᠬᠦ ᠶᠢ ᠭᠤᠣᠯᠳᠠᠯᠭ᠎ᠠ ᠲᠠᠢ ᠳᠠᠷᠠᠭᠠᠯᠠᠨ ᠪᠠᠶᠢᠴᠠᠭᠠᠵᠤ᠂ ᠡᠬᠡ ᠲᠠᠩᠰᠠ ᠪᠠᠶᠢᠭᠤᠯᠤᠨ᠂ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠵᠤ᠂ ᠴᠡᠭᠴᠡᠯᠡᠨ ᠰᠠᠶᠢᠵᠢᠷᠠᠭᠤᠯᠤᠭᠰᠠᠨ ᠢ ᠳᠠᠩᠰᠠᠨ ᠠᠴᠠ ᠭᠠᠷᠭᠠᠨ᠎ᠠ᠃ ᠪᠣᠷᠣᠭᠠᠨ ᠤ ᠤᠰᠤᠨ ᠬᠤᠭᠤᠯᠠᠢ᠂ ᠭᠤᠸ ᠰᠤᠪᠠᠭ ᠵᠡᠷᠭᠡ ᠳᠤ ᠬᠤᠷᠠᠮᠳᠤᠭᠰᠠᠨ ᠪᠤᠵᠠᠷ ᠤᠰᠤ᠂ ᠬᠤᠭ ᠨᠣᠪᠰᠢ ᠶᠢ ᠴᠠᠭ ᠲᠤᠬᠠᠢ ᠳᠤᠨᠢ ᠴᠡᠪᠡᠷᠯᠡᠨ᠂ ᠭᠤᠣᠯ ᠮᠥᠷᠡᠨ ᠨᠠᠭᠤᠷ ᠴᠥᠬᠦᠷᠦᠮ ᠤᠨ ᠡᠷᠭᠢ ᠳᠠᠭᠠᠤ ᠬᠤᠭ ᠨᠣᠪᠰᠢ᠂ ᠮᠠᠯ ᠵᠢᠭᠦᠷᠲᠡᠨ ᠤ ᠢᠯᠭᠠᠳᠠᠰᠤ ᠶᠢᠨ ᠪᠣᠬᠢᠷᠲᠤᠯ ᠵᠡᠷᠭᠡ ᠶᠢ ᠲᠥᠪᠯᠡᠷᠡᠭᠦᠯᠦᠨ ᠴᠡᠭᠴᠡᠯᠡᠵᠦ᠂ ᠭᠤᠣᠯ ᠮᠥᠷᠡᠨ ᠤ ᠤᠰᠤᠨ ᠤ ᠴᠢᠨᠠᠷ ᠲᠤ ᠦᠵᠡᠭᠦᠯᠬᠦ ᠨᠥᠯᠥᠭᠡ ᠶᠢ ᠪᠦᠲᠦᠮᠵᠢᠲᠡᠶ ᠪᠠᠭᠠᠰᠬᠠᠨ᠎ᠠ᠃ ︵ᠬᠠᠷᠢᠭᠤᠴᠠᠯᠭᠠᠲᠤ ᠨᠢᠭᠡᠴᠢ᠄ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠨᠡᠶᠢᠲᠡ ᠶᠢᠨ ᠬᠡᠷᠡᠭᠯᠡᠭᠡᠨ ᠤ ᠦᠢᠯᠡᠰ ᠤᠨ ᠦᠢᠯᠡᠴᠢᠯᠡᠭᠡᠨ ᠤ ᠲᠥᠪ᠂ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂  ᠤᠯᠠᠭᠠᠨᠪᠠᠯᠭᠠᠰᠤ᠂ ᠠᠷᠪᠠᠰ ᠰᠤᠮᠤ︶      ︵ᠭᠤᠷᠪᠡ︶ ᠦᠶᠡᠷ ᠤᠨ ᠬᠤᠭᠤᠴᠠᠭᠠᠨ ᠳᠠᠬᠢ ᠭᠤᠣᠯ ᠮᠥᠷᠡᠨ ᠨᠠᠭᠤᠷ ᠴᠥᠬᠦᠷᠣᠮ ᠤᠨ ᠤᠰᠤᠨ ᠤ ᠴᠢᠨᠠᠷ ᠤᠨ ᠬᠢᠨᠠᠯᠲᠠ ᠬᠡᠮᠵᠢᠯᠲᠡ ᠬᠠᠮᠢᠶᠠᠷᠤᠯᠲᠠ ᠶᠢ ᠴᠢᠩᠭᠠᠳᠬᠠᠨ᠎ᠠ᠃ ᠦᠶᠡᠷ ᠤᠨ ᠬᠤᠭᠤᠴᠠᠭᠠᠨ ᠤ ᠤᠰᠤᠨ ᠤ ᠴᠢᠨᠠᠷ ᠢ ᠨᠠᠷᠢᠨ ᠬᠢᠨᠠᠨ ᠬᠡᠮᠵᠢᠵᠦ᠂ ᠭᠤᠤᠯ ᠮᠥᠷᠡᠨ ᠨᠠᠭᠤᠷ ᠴᠥᠬᠦᠷᠣᠮ ᠤᠨ ᠤᠰᠤᠨ ᠤ ᠴᠢᠨᠠᠷ ᠤᠨ ᠬᠤᠪᠢᠷᠠᠯᠲᠠ ᠶᠢᠨ ᠪᠠᠶᠢᠳᠠᠯ ᠢ ᠢᠮᠠᠭᠲᠠ ᠠᠩᠬᠠᠷᠤᠨ᠎ᠠ᠃ ᠴᠠᠭ ᠠᠭᠤᠷ᠂ ᠤᠰᠤᠨ ᠠᠰᠢᠭᠯᠠᠯᠲᠠ ᠵᠡᠷᠭᠡ ᠪᠠᠶᠢᠭᠤᠯᠭ᠎ᠠ ᠲᠠᠢ ᠲᠤᠭ᠎ᠠ ᠪᠠᠷᠢᠮᠲᠠ ᠶᠢ ᠬᠠᠮᠲᠤ ᠪᠠᠷ ᠠᠰᠢᠭᠯᠠᠨ᠂ ᠦᠶᠡᠷ ᠤᠨ ᠬᠤᠭᠤᠴᠠᠭᠠᠨ ᠳᠠᠬᠢ ᠭᠤᠣᠯ ᠮᠥᠷᠡᠨ ᠨᠠᠭᠤᠷ ᠴᠥᠬᠦᠷᠣᠮ ᠤᠨ ᠤᠰᠤᠨ ᠤ ᠠᠮᠢ ᠠᠬᠤᠢ ᠣᠷᠴᠢᠨ ᠲᠣᠭᠤᠷᠢᠨ ᠤ ᠴᠢᠨᠠᠷ ᠴᠢᠨᠰᠠᠭ᠎ᠠ ᠶᠢᠨ ᠬᠤᠪᠢᠷᠠᠯᠲᠠ ᠶᠢᠨ ᠬᠠᠨᠳᠤᠰᠢ ᠶᠢᠨ ᠵᠠᠳᠠᠯᠤᠯᠲᠠ ᠪᠠ ᠣᠭᠲᠣᠯᠣᠭᠠᠰᠤ ᠶᠢᠨ ᠤᠰᠤᠨ ᠤ ᠴᠢᠨᠠᠷ ᠤᠨ ᠪᠠᠷᠢᠮᠵᠢᠶ᠎ᠠ ᠠᠴᠠ ᠬᠡᠲᠦᠷᠡᠭᠰᠡᠨ ᠰᠢᠯᠲᠠᠭᠠᠨ ᠤ ᠵᠠᠳᠠᠯᠤᠯᠲᠠ ᠬᠢᠨ᠎ᠡ᠃ ︵ᠬᠠᠷᠢᠭᠤᠴᠠᠯᠭᠠᠲᠤ ᠨᠢᠭᠡᠴᠢ᠄ ᠬᠤᠰᠢᠭᠤᠨ ᠤ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠴᠠᠭ ᠠᠭᠤᠷ ᠤᠨ ᠲᠣᠪᠴᠢᠶ᠎ᠠ︶      ︵ᠳᠥᠷᠪᠡ︶ ᠲᠠᠷᠢᠶᠠᠯᠠᠩ ᠤᠨ ᠪᠣᠬᠢᠷᠲᠤᠯ ᠢ ᠰᠡᠷᠭᠡᠶᠢᠯᠡᠨ ᠵᠠᠰᠠᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠲᠡᠵᠢᠭᠡᠨ ᠦᠷᠡᠵᠢᠭᠦᠯᠬᠦ ᠶᠢ ᠴᠠᠭᠠᠵᠠᠯᠠᠬᠤ ᠣᠷᠣᠨ᠂ ᠲᠡᠵᠢᠭᠡᠨ ᠦᠷᠡᠵᠢᠭᠦᠯᠬᠦ ᠶᠢ ᠬᠢᠵᠠᠭᠠᠷᠯᠠᠬᠤ ᠣᠷᠣᠨ ᠪᠠ ᠲᠡᠵᠢᠭᠡᠨ ᠦᠷᠡᠵᠢᠭᠦᠯᠬᠦ ᠣᠷᠣᠨ ᠤ ᠲᠥᠷᠥᠯ ᠠᠩᠭᠢᠯᠠᠭᠰᠠᠨ ᠬᠠᠮᠢᠶᠠᠷᠤᠯᠲᠠ ᠶᠢ ᠴᠢᠩᠭᠠᠳᠬᠠᠵᠤ᠂ ᠲᠥᠯᠦᠪᠵᠢᠭᠦᠯᠭᠡ ᠠᠴᠠ ᠬᠡᠲᠦᠷᠡᠭᠦᠯᠦᠨ ᠲᠡᠵᠢᠭᠡᠨ ᠦᠷᠡᠵᠢᠭᠦᠯᠬᠦ ᠶᠢ ᠬᠤᠷᠢᠭᠯᠠᠨ᠎ᠠ᠃ ᠬᠡᠪᠴᠢᠶᠡᠵᠢᠭᠰᠡᠨ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠲᠠᠯᠠᠪᠠᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠲᠥᠬᠦᠭᠡᠷᠦᠮᠵᠢ ᠶᠢ ᠢᠵᠢ ᠪᠦᠷᠢᠳᠦᠭᠦᠯᠵᠦ᠂ ᠮᠠᠯ ᠵᠢᠭᠦᠷᠲᠡᠨ ᠲᠡᠵᠢᠭᠡᠨ ᠦᠷᠡᠵᠢᠭᠦᠯᠬᠦ ᠶᠢᠨ ᠪᠣᠬᠢᠷᠲᠤᠯ ᠤᠨ ᠵᠠᠰᠠᠯᠲᠠ ᠶᠢ ᠭᠦᠨᠵᠡᠭᠡᠶᠢᠷᠡᠭᠦᠯᠦᠨ᠎ᠡ᠃ ᠳᠣᠰᠤᠲᠤ ᠶᠢᠨ ᠭᠤᠣᠯ ᠤᠨ ᠰᠠᠪᠠ ᠭᠠᠵᠠᠷ ᠲᠠᠬᠢ ᠪᠣᠢ ᠪᠦᠬᠦᠢ ᠬᠡᠪᠴᠢᠶᠡᠵᠢᠭᠰᠡᠨ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠲᠠᠯᠠᠪᠠᠢ ᠳᠤ ᠡᠷᠬᠡᠪᠰᠢ ᠪᠣᠬᠢᠷᠲᠤᠯ ᠢ ᠰᠡᠷᠭᠡᠶᠢᠯᠡᠨ ᠵᠠᠰᠠᠬᠤ ᠲᠥᠬᠦᠭᠡᠷᠦᠮᠵᠢ ᠶᠢ ᠢᠵᠢ ᠪᠦᠷᠢᠳᠦᠭᠦᠯᠬᠦ   ᠬᠡᠷᠡᠭᠲᠡᠢ᠃ ᠰᠠᠪᠠ ᠭᠠᠵᠠᠷ ᠤᠨ ᠣᠶᠢᠷ᠎ᠠ ᠬᠠᠪᠢ ᠪᠠᠷ ᠬᠢ ᠮᠠᠯᠴᠢᠨ ᠲᠠᠷᠢᠶᠠᠴᠢᠳ ᠤᠨ ᠪᠡᠯᠴᠢᠭᠡᠷᠯᠡᠭᠦᠯᠦᠭᠰᠡᠨ ᠮᠠᠯ ᠵᠢᠭᠦᠷᠲᠡᠨ ᠤ ᠭᠤᠣᠯ ᠤᠨ ᠵᠠᠮ ᠳᠤ ᠣᠷᠣᠵᠤ ᠤᠰᠤ ᠤᠤᠭᠤᠬᠤ᠂ ᠪᠡᠯᠴᠢᠭᠡᠷᠯᠡᠬᠦ ᠶᠢ ᠬᠤᠷᠢᠭᠯᠠᠵᠤ᠂ ᠮᠠᠯ ᠵᠢᠭᠦᠷᠲᠡᠨ ᠤ ᠰᠢᠭᠡᠭ ᠪᠤᠷᠤᠭᠠᠨ ᠢᠶᠠᠷ ᠳᠠᠮᠵᠢᠨ ᠭᠤᠣᠯ ᠤᠨ ᠵᠠᠮ ᠳᠤ ᠣᠷᠣᠰᠤᠭᠳᠠᠨ ᠣᠷᠣᠵᠤ᠂ ᠤᠰᠤᠨ ᠤ ᠴᠢᠨᠠᠷ ᠢ ᠨᠥᠯᠥᠭᠡᠯᠡᠬᠦ ᠶᠢ ᠪᠠᠭᠠᠰᠬᠠᠨ᠎ᠠ᠃ ᠰᠢᠨᠵᠢᠯᠡᠬᠦ ᠤᠬᠠᠭᠠᠨᠴᠢ ᠳᠦᠷᠢᠮᠵᠢᠯ ᠲᠠᠢ᠂ ᠡᠷᠬᠡ ᠬᠠᠷᠢᠭᠤᠴᠠᠯᠭ᠎ᠠ ᠨᠢ ᠲᠣᠳᠣᠷᠬᠠᠢ᠂ ᠴᠢᠩᠭ᠎ᠠ ᠬᠢᠵᠠᠭᠠᠷᠯᠠᠯ ᠲᠠᠢ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠳᠦᠷᠢᠮ ᠢ ᠲᠣᠭᠲᠠᠭᠠᠨ᠎ᠠ᠃ ᠲᠠᠷᠢᠮᠠᠯ ᠤᠨ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢ ᠲᠦᠷᠭᠡᠳᠬᠡᠵᠦ᠂ ᠬᠢᠮᠢ ᠶᠢᠨ ᠪᠣᠷᠳᠣᠭᠤᠷ ᠲᠠᠷᠢᠶᠠᠨ ᠡᠮ ᠬᠡᠷᠡᠭᠯᠡᠬᠦ ᠬᠡᠮᠵᠢᠶ᠎ᠡ ᠶᠢ ᠪᠠᠭᠠᠰᠬᠠᠨ ᠦᠷ᠎ᠡ ᠠᠰᠢᠭ ᠢ ᠨᠡᠮᠡᠭᠳᠡᠭᠦᠯᠬᠦ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠦᠨ᠂ ᠥᠨᠳᠥᠷ ᠪᠦᠲᠦᠮᠵᠢᠲᠡᠶ᠂ ᠬᠤᠣᠷ ᠪᠠᠭ᠎ᠠ᠂ ᠲᠠᠷᠢᠶᠠᠨ ᠡᠮ ᠪᠠ ᠠᠮᠢᠳᠤ ᠪᠣᠳᠠᠰ ᠤᠨ ᠲᠠᠷᠢᠶᠠᠨ ᠡᠮ ᠤᠨ ᠦᠯᠡᠳᠡᠭᠳᠡᠯ ᠪᠠᠭ᠎ᠠ᠂ ᠪᠣᠬᠢᠷᠲᠤᠯ ᠦᠭᠡᠢ ᠰᠡᠷᠭᠡᠶᠢᠯᠡᠨ ᠡᠵᠡᠮᠳᠡᠭᠰᠡᠨ ᠪᠦᠲᠦᠭᠡᠭᠳᠡᠬᠦᠨ ᠢ ᠲᠦᠭᠡᠮᠡᠯᠵᠢᠭᠦᠯᠬᠦ ᠶᠢᠨ ᠬᠠᠮᠲᠤ᠂ ᠰᠢᠨ᠎ᠡ ᠬᠡᠯᠪᠡᠷᠢ ᠶᠢᠨ ᠡᠮ ᠤᠨ ᠪᠠᠭᠠᠵᠢ ᠬᠡᠷᠡᠭᠰᠡᠯ ᠢ ᠳᠡᠯᠭᠡᠷᠡᠭᠦᠯᠦᠨ ᠬᠡᠷᠡᠭᠯᠡᠨ᠎ᠡ︔ ᠲᠠᠷᠢᠮᠠᠯ ᠤᠨ ᠵᠦᠢᠯ ᠤᠨ ᠡᠪᠡᠳᠴᠢᠨ ᠬᠤᠷᠣᠬᠠᠢ ᠶᠢᠨ ᠬᠥᠨᠥᠭᠡᠯ ᠢ ᠪᠣᠬᠢᠷᠲᠤᠯ ᠦᠭᠡᠢ ᠪᠠᠷ ᠰᠡᠷᠭᠡᠶᠢᠯᠡᠨ ᠡᠵᠡᠮᠳᠡᠬᠦ ᠪᠠ ᠨᠢᠭᠡᠳᠦᠯᠲᠡᠢ ᠰᠡᠷᠭᠡᠶᠢᠯᠡᠨ ᠵᠠᠰᠠᠬᠤ ᠠᠵᠢᠯ ᠢ ᠥᠷᠨᠢᠭᠦᠯᠵᠦ᠂ ᠲᠠᠷᠢᠶᠠᠨ ᠡᠮ ᠬᠡᠷᠡᠭᠯᠡᠬᠦ ᠬᠡᠮᠵᠢᠶ᠎ᠡ ᠶᠢ ᠨᠡᠮᠡᠭᠳᠡᠭᠦᠯᠬᠦ ᠦᠭᠡᠢ ᠪᠠᠶᠢᠬᠤ ᠬᠠᠷᠠᠯᠲᠠ ᠶᠢ ᠪᠡᠶᠡᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠣᠪᠴᠢᠶ᠎ᠠ᠂ ᠤᠯᠠᠭᠠᠨᠪᠠᠯᠭᠠᠰᠣ᠂ ᠠᠷᠪᠠᠰ ᠰᠤᠮᠤ︶      ︵ᠲᠠᠪᠤ︶ ᠰᠠᠪᠠ ᠭᠠᠵᠠᠷ ᠳᠣᠲᠣᠷᠠᠬᠢ ᠠᠮᠢᠳᠤᠷᠠᠯ ᠤᠨ ᠪᠤᠵᠠᠷ ᠤᠰᠤ᠂ ᠬᠤᠭ ᠨᠣᠪᠰᠢ ᠶᠢ ᠬᠤᠷᠢᠶᠠᠨ ᠴᠤᠭᠯᠠᠭᠤᠯᠵᠤ ᠰᠢᠢᠳᠪᠦᠷᠢᠯᠡᠬᠦ ᠬᠢᠷᠢ ᠲᠦᠪᠰᠢᠨ ᠢ ᠳᠡᠭᠡᠭᠰᠢᠯᠡᠭᠦᠯᠵᠦ᠂ ᠪᠣᠷᠣᠭᠠᠨ ᠤᠰᠤ ᠪᠠ ᠪᠤᠵᠠᠷ ᠤᠰᠤ ᠶᠢ ᠰᠠᠯᠭᠠᠨ ᠤᠷᠤᠰᠬᠠᠬᠤ ᠬᠤᠭᠤᠯᠠᠢ ᠲᠣᠣᠷ ᠢ ᠲᠡᠭᠦᠯᠳᠡᠷᠵᠢᠭᠦᠯᠦᠨ᠂ ᠭᠤᠣᠯ ᠳᠤ ᠴᠢᠳᠬᠤᠬᠤ ᠤᠰᠤᠨ ᠤ ᠴᠢᠨᠠᠷ ᠤᠨ ᠪᠠᠷᠢᠮᠵᠢᠶ᠎ᠠ ᠳᠤ ᠬᠦᠷᠬᠦ ᠶᠢ ᠪᠠᠲᠤᠯᠠᠨ᠎ᠠ᠃ ᠰᠠᠪᠠ ᠭᠠᠵᠠᠷ ᠲᠤ ᠲᠥᠪᠯᠡᠷᠡᠨ ᠰᠠᠭᠤᠷᠢᠰᠢᠭᠰᠠᠨ ᠲᠣᠭᠤᠷᠢᠭ ᠤᠨ ᠪᠤᠵᠠᠷ ᠤᠰᠤ᠂ ᠬᠤᠭ ᠨᠣᠪᠰᠢ ᠶᠢ ᠬᠤᠷᠢᠶᠠᠨ ᠴᠤᠭᠯᠠᠭᠤᠯᠵᠤ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠨᠡᠶᠢᠲᠡ ᠶᠢᠨ ᠦᠢᠯᠡᠰ ᠤᠨ ᠦᠢᠯᠡᠴᠢᠯᠡᠭᠡᠨ ᠤ ᠲᠥᠪ᠂ ᠤᠯᠠᠭᠠᠨᠪᠠᠯᠭᠠᠰᠣ᠂ ᠠᠷᠪᠠᠰ ᠰᠤᠮᠤ︶      ︵ᠵᠢᠷᠭᠤᠭ᠎ᠠ︶ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠴᠢᠩᠭ᠎ᠠ ᠲᠣᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃ ᠡᠯ᠎ᠡ ᠱᠠᠲᠤᠨ ᠤ ᠭᠤᠣᠯ ᠮᠥᠷᠡᠨ᠂ ᠨᠠᠭᠤᠷ ᠴᠥᠬᠦᠷᠣᠮ ᠤᠨ ᠳᠠᠷᠤᠭ᠎ᠠ ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ᠂ ᠤᠰᠤᠨ ᠣᠷᠣᠨ ᠤ ᠡᠷᠭᠢ ᠱᠤᠭᠤᠮ ᠤᠨ ᠬᠠᠮᠢᠶᠠᠷᠤᠯᠲᠠ᠂ ᠤᠰᠤᠨ ᠤ ᠪᠣᠬᠢᠷᠲᠤᠯ ᠤᠨ ᠰᠡᠷᠭᠡᠶᠢᠯᠡᠨ ᠵᠠᠰᠠᠯᠲᠠ᠂ ᠤᠰᠤᠨ ᠤ ᠣᠷᠴᠢᠨ ᠲᠣᠭᠤᠷᠢᠨ ᠤ ᠵᠠᠰᠠᠯᠲᠠ᠂ ᠬᠠᠤᠯᠢ ᠬᠡᠷᠡᠭᠵᠢᠭᠦᠯᠬᠦ ᠬᠢᠨᠠᠨ ᠬᠠᠮᠢᠶᠠᠷᠤᠯᠲᠠ ᠵᠡᠷᠭᠡ ᠶᠢ ᠪᠠᠭᠲᠠᠭᠠᠭᠰᠠᠨ ᠬᠠᠷᠠᠭᠠᠯᠵᠠᠭᠰᠠᠨ ᠭᠤᠣᠯ ᠮᠥᠷᠡᠨ ᠨᠠᠭᠤᠷ ᠴᠥᠬᠦᠷᠣᠮ ᠤᠨ ᠬᠠᠮᠢᠶᠠᠷᠤᠯᠲᠠ ᠬᠠᠮᠠᠭᠠᠯᠠᠯᠲᠠ ᠶᠢᠨ ᠠᠵᠢᠯ ᠢ ᠵᠣᠬᠢᠶᠠᠨ ᠪᠠᠶᠢᠭᠤᠯᠤᠨ ᠤᠳᠤᠷᠢᠳᠤᠨ᠎ᠠ᠃  ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠭᠤᠣᠯ ᠮᠥᠷᠡᠨ ᠤ ᠳᠠᠷᠤᠭ᠎ᠠ ᠶᠢᠨ ᠠᠯᠪᠠᠨ ᠭᠡᠷ ᠪᠣᠯᠣᠨ ᠬᠠᠮᠢᠶ᠎ᠠ ᠪᠦᠬᠦᠢ ᠪᠠᠶᠢᠭᠤᠯᠭ᠎ᠠ ᠨᠢᠭᠡᠴᠢ ᠶᠢᠨ ᠬᠠᠮᠵᠢᠯᠴᠠᠭ᠎ᠠ ᠶᠢ ᠴᠢᠩᠭᠠᠳᠬᠠᠨ᠂ ᠣᠷᠣᠨ ᠲᠣᠭᠤᠷᠢᠭ ᠤᠨ ᠤᠰᠤᠨ ᠵᠦᠢ᠂ ᠤᠰᠤᠨ ᠤ ᠴᠢᠨᠠᠷ᠂ ᠠᠮᠢ ᠠᠬᠤᠢ ᠶᠢᠨ ᠤᠷᠤᠰᠬᠠᠯ ᠤᠨ ᠬᠡᠮᠵᠢᠶ᠎ᠡ᠂ ᠭᠤᠣᠯ ᠤᠨ ᠵᠠᠮ ᠤᠨ ᠲᠤᠨᠤᠮᠠᠯ ᠪᠤᠳᠠᠰ ᠤᠨ ᠴᠡᠪᠡᠷᠯᠡᠯᠲᠡ᠂ ᠦᠶᠡᠷ ᠤᠨ ᠬᠤᠭᠤᠴᠠᠭᠠᠨ ᠤ ᠤᠰᠤᠨ ᠠᠰᠢᠭᠯᠠᠯᠲᠠ ᠶᠢᠨ ᠲᠥᠬᠦᠭᠡᠷᠦᠮᠵᠢ ᠶᠢᠨ ᠠᠵᠢᠯᠯᠠᠭᠠᠨ ᠤ ᠲᠣᠬᠢᠷᠠᠭᠤᠯᠤᠯᠲᠠ ᠵᠡᠷᠭᠡ ᠮᠡᠳᠡᠭᠡ ᠵᠠᠩᠭᠢ ᠶᠢ ᠬᠠᠮᠲᠤᠪᠠᠷ ᠠᠰᠢᠭᠯᠠᠵᠣ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠮᠡᠳᠡᠭᠡ ᠵᠠᠩᠭᠢ ᠶᠢ ᠮᠡᠳᠡᠭᠡᠯᠡᠬᠦ᠂ ᠪᠠᠴᠢᠮ ᠪᠠᠶᠢᠳᠠᠯ ᠢ ᠠᠷᠭᠠᠴᠠᠭᠠᠬᠤ᠂ ᠠᠰᠠᠭᠤᠳᠠᠯ ᠢ ᠰᠢᠢᠳᠪᠦᠷᠢᠯᠡᠬᠦ ᠵᠡᠷᠭᠡ ᠠᠵᠢᠯ ᠢ ᠨᠠᠷᠢᠯᠢᠭ ᠭᠦᠨᠵᠡᠭᠡᠢ ᠬᠢᠨ᠎ᠡ᠃ ᠦᠶᠡᠷ ᠤᠨ ᠬᠤᠭᠤᠴᠠᠭᠠᠨ ᠳᠠᠬᠢ ᠭᠤᠣᠯ ᠮᠥᠷᠡᠨ ᠨᠠᠭᠤᠷ ᠴᠥᠬᠦᠷᠣᠮ ᠢ ᠲᠣᠭᠤᠷᠢᠨ ᠪᠠᠶᠢᠴᠠᠭᠠᠬᠤ ᠡᠷᠴᠢᠮ ᠢᠶᠠᠨ  ᠴᠢᠩᠭᠠᠷᠠᠭᠤᠯᠤᠨ᠂ ᠭᠤᠣᠯ ᠮᠥᠷᠡᠨ ᠨᠠᠭᠤᠷ ᠴᠥᠭᠦᠷᠥᠮ ᠤᠨ ︽ᠳᠤᠷ᠎ᠠ ᠪᠠᠷ ᠡᠵᠡᠯᠡᠬᠦ ᠮᠠᠯᠲᠠᠬᠤ ᠣᠪᠣᠭᠠᠯᠠᠬᠤ ᠪᠠᠶᠢᠭᠤᠯᠬᠤ ᠶᠢ ᠴᠡᠭᠴᠡᠯᠡᠬᠦ︾ ᠠᠵᠢᠯ ᠢ ᠦᠷᠭᠦᠯᠵᠢᠯᠡᠨ ᠥᠷᠨᠢᠭᠦᠯᠵᠦ᠂ ᠵᠣᠷᠢᠭᠤᠳᠠ ᠪᠣᠬᠢᠷᠲᠤᠭᠤᠯᠤᠭᠰᠠᠨ ᠰᠢᠯᠲᠠᠭᠠᠨ ᠢᠶᠠᠷ ᠦᠶᠡᠷ ᠤᠨ ᠬᠤᠭᠤᠴᠠᠭᠠᠨ ᠳᠠᠬᠢ ᠭᠤᠣᠯ ᠮᠥᠷᠡᠨ ᠨᠠᠭᠤᠷ ᠴᠥᠬᠦᠷᠣᠮ ᠤᠨ ᠤᠰᠤᠨ ᠤ ᠣᠷᠴᠢᠨ ᠲᠣᠭᠤᠷᠢᠨ ᠢ ᠮᠠᠭᠤᠳᠠᠭᠤᠯᠬᠤ ᠠᠰᠠᠭᠤᠳᠠᠯ ᠡᠭᠦᠰᠬᠡᠬᠦ ᠶᠢ ᠡᠷᠡᠰ ᠬᠤᠷᠢᠭᠯᠠᠨ᠎ᠠ᠃ ︵ᠬᠠᠷᠢᠭᠤᠴᠠᠯᠭᠠᠲᠤ ᠨᠢᠭᠡᠴᠢ᠄ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ᠂ ᠤᠯᠠᠭᠠᠨᠪᠠᠯᠭᠠᠰᠣ᠂ ᠠᠷᠪᠠᠰ ᠰᠤᠮᠤ︶      ︵ᠳᠣᠯᠤᠭ᠎ᠠ︶ ᠤᠰᠤᠨ ᠤ ᠡᠬᠢ ᠪᠠᠶᠠᠯᠢᠭ ᠤᠨ ᠲᠣᠬᠢᠷᠠᠭᠤᠯᠭ᠎ᠠ ᠶᠢᠨ ᠪᠦᠲᠤᠴᠡ ᠶᠢ ᠰᠢᠯᠢᠳᠡᠭᠵᠢᠭᠦᠯᠵᠦ᠂ ᠭᠠᠵᠠᠷ ᠳᠣᠣᠷᠠᠬᠢ ᠤᠰᠤᠨ ᠤ ᠡᠬᠢ ᠪᠠᠶᠠᠯᠢᠭ ᠢ ᠬᠡᠲᠦ ᠨᠡᠭᠡᠭᠡᠨ ᠠᠰᠢᠭᠯᠠᠬᠤ ᠶᠢ ᠪᠠᠭᠠᠰᠬᠠᠨ᠎ᠠ᠃ ᠴᠡᠪᠡᠷᠰᠢᠭᠦᠯᠦᠭᠰᠡᠨ ᠤᠰᠤ ᠶᠢ ᠡᠭᠡᠭᠦᠯᠦᠨ ᠬᠡᠷᠡᠭᠯᠡᠬᠦ ᠡᠷᠴᠢᠮ ᠢ ᠴᠢᠩᠭᠠᠷᠠᠭᠤᠯᠵᠤ᠂ ᠭᠠᠵᠠᠷ ᠳᠣᠣᠷᠠᠬᠢ ᠤᠰᠤ ᠶᠢ ᠬᠡᠷᠡᠭᠯᠡᠬᠦ ᠬᠡᠮᠵᠢᠶ᠎ᠡ ᠶᠢ ᠪᠠᠭᠠᠰᠬᠠᠨ᠂ ᠨᠣᠭᠤᠭᠠᠷᠠᠭᠤᠯᠤᠯᠲᠠ ᠳᠤ ᠬᠡᠷᠡᠭᠯᠡᠬᠦ ᠤᠰᠤ ᠶᠢ ᠠᠷᠪᠢᠯᠠᠨ ᠭᠠᠮᠨᠠᠵᠤ᠂ ᠭᠠᠵᠠᠷ ᠳᠣᠣᠷᠠᠬᠢ ᠤᠰᠤᠨ ᠤ ᠡᠬᠢ ᠪᠠᠶᠠᠯᠢᠭ ᠢ ᠤᠯᠠᠮ ᠨᠢᠭᠡ ᠠᠯᠬᠤᠮ ᠬᠠᠮᠠᠭᠠᠯᠠᠨ᠎ᠠ᠃ ︵ᠬᠠᠷᠢᠭᠤᠴᠠᠯᠭᠠᠲᠤ ᠨᠢᠭᠡᠴᠢ᠄ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ᠂ ᠨᠡᠶᠢᠲᠡ ᠶᠢᠨ ᠦᠢᠯᠡᠰ ᠤᠨ ᠦᠢᠯᠡᠴᠢᠯᠡᠭᠡᠨ ᠤ ᠲᠥᠪ︶      ︵ᠨᠠᠢᠮᠠ︶ ᠤᠰᠤᠨ ᠤ ᠠᠮᠢ ᠠᠬᠤᠢ ᠣᠷᠴᠢᠨ ᠲᠣᠭᠤᠷᠢᠨ ᠤ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠤᠨ᠎ᠠ᠃ ᠬᠤᠲᠠ ᠪᠠᠯᠭᠠᠰᠤᠨ ᠤ ᠪᠤᠵᠠᠷ ᠤᠰᠤ ᠶᠢ ᠰᠢᠢᠳᠪᠦᠷᠢᠯᠡᠬᠦ ᠦᠢᠯᠡᠳᠪᠦᠷᠢ᠂ ᠬᠡᠪᠴᠢᠶᠡᠵᠢᠭᠰᠡᠨ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠲᠠᠯᠠᠪᠠᠶ ᠵᠡᠷᠭᠡ ᠲᠣᠭᠲᠠᠮᠠᠯ ᠢᠷᠡᠯᠲᠡ ᠲᠠᠢ ᠭᠠᠳᠠᠭᠰᠢᠯᠠᠭᠤᠯᠤᠯᠲᠠ ᠳᠠᠬᠢ ᠬᠠᠤᠯᠢ ᠬᠡᠷᠡᠭᠵᠢᠭᠦᠯᠦᠯᠲᠡ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠦᠶᠡᠷ ᠤᠨ ᠬᠤᠭᠤᠴᠠᠭᠠᠨ ᠤ ᠡᠳᠦᠷ ᠲᠤᠲᠤᠮ ᠤᠨ ᠲᠣᠭᠤᠷᠢᠨ ᠪᠠᠶᠢᠴᠠᠭᠠᠯᠲᠠ᠂ ᠰᠣᠭᠤᠴᠢᠨ ᠪᠠᠶᠢᠴᠠᠭᠠᠯᠲᠠ᠂ ᠳᠠᠯᠳᠠᠭᠤᠷ ᠪᠠᠶᠢᠴᠠᠭᠠᠬᠤ ᠤᠳᠠᠭ᠎ᠠ ᠶᠢ ᠠᠷᠪᠢᠳᠬᠠᠨ᠂ ᠡᠯ᠎ᠡ ᠵᠦᠢᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠲᠥᠬᠦᠭᠡᠷᠦᠮᠵᠢ ᠵᠢᠴᠢ ᠰᠦᠯᠵᠢᠶᠡᠨ ᠳᠡᠭᠡᠷᠡᠬᠢ ᠬᠢᠨᠠᠨ ᠡᠵᠡᠮᠳᠡᠬᠦ ᠲᠥᠬᠦᠭᠡᠷᠦᠮᠵᠢ ᠶᠢᠨ ᠬᠢᠨᠠᠨ ᠪᠠᠶᠢᠴᠠᠭᠠᠯᠲᠠ ᠶᠢ ᠴᠢᠩᠭᠠᠳᠬᠠᠵᠤ᠂ ᠪᠣᠬᠢᠷᠲᠤᠯ ᠭᠠᠳᠠᠭᠰᠢᠯᠠᠭᠤᠯᠬᠤ ᠲᠥᠬᠦᠭᠡᠷᠦᠮᠵᠢ ᠶᠢᠨ ᠬᠡᠪ ᠤᠨ ᠶᠣᠰᠣᠭᠠᠷ ᠲᠣᠭᠲᠠᠭᠤᠨ ᠪᠥᠭᠡᠳ ᠪᠦᠲᠦᠮᠵᠢᠲᠡᠶ ᠡᠷᠭᠢᠯᠳᠦᠬᠦ ᠶᠢ ᠪᠠᠲᠤᠯᠠᠨ᠂ ᠠᠵᠤ ᠠᠬᠤᠶᠢᠯᠠᠯ ᠤᠨ ᠬᠡᠲᠦ ᠭᠠᠳᠠᠭᠰᠢᠯᠠᠭᠤᠯᠤᠭᠰᠠᠨ᠂ ᠳᠠᠯᠳᠠᠭᠤᠷ ᠭᠠᠳᠠᠭᠰᠢᠯᠠᠭᠤᠯᠤᠭᠰᠠᠨ ᠵᠡᠷᠭᠡ ᠬᠠᠤᠯᠢ ᠵᠥᠷᠢᠴᠡᠭᠰᠡᠨ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠭᠦᠨ᠎ᠡ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠤᠰᠤᠨ ᠠᠰᠢᠭᠯᠠᠯᠲᠠ ᠵᠡᠷᠭᠡ ᠪᠠᠶᠢᠭᠤᠯᠭ᠎ᠠ ᠬᠠᠮᠲᠤᠷᠠᠨ ᠬᠠᠤᠯᠢ ᠬᠡᠷᠡᠭᠵᠢᠭᠦᠯᠵᠦ᠂ ᠬᠤᠲᠠ ᠶᠢᠨ ᠶᠠᠪᠤᠳᠠᠯ ᠤᠨ ᠤᠰᠤ ᠭᠠᠳᠠᠭᠰᠢᠯᠠᠭᠤᠯᠬᠤ ᠬᠤᠭᠤᠯᠠᠢ ᠲᠣᠣᠷ ᠢ ᠳᠤᠷ᠎ᠠ ᠪᠠᠷ ᠢᠶᠠᠨ ᠵᠠᠯᠭᠠᠭᠰᠠᠨ᠂ ᠬᠠᠤᠯᠢ ᠵᠥᠷᠢᠴᠡᠨ ᠪᠣᠷᠣᠭᠠᠨ ᠤ ᠤᠰᠤᠨ ᠤ ᠬᠤᠭᠤᠯᠠᠢ ᠲᠣᠣᠷ᠂ ᠪᠣᠷᠣᠭᠠᠨ ᠦᠶᠡᠷ ᠤᠨ ᠤᠰᠤ ᠵᠠᠯᠠᠬᠤ ᠠᠮᠠᠰᠠᠷ ᠢᠶᠠᠷ ᠪᠣᠬᠢᠷᠲᠤᠯ ᠭᠠᠳᠠᠭᠰᠢᠯᠠᠭᠤᠯᠤᠭᠰᠠᠨ᠂ ᠭᠤᠣᠯ ᠮᠥᠷᠡᠨ ᠨᠠᠭᠤᠷ ᠴᠥᠬᠦᠷᠣᠮ ᠤᠨ ᠲᠠᠩ ᠭᠠᠵᠠᠷ ᠪᠠ ᠡᠷᠭᠢ ᠪᠠᠷ ᠪᠣᠬᠢᠷᠲᠤᠯ ᠪᠣᠳᠠᠰ ᠣᠪᠣᠭᠠᠯᠠᠭᠰᠠᠨ ᠵᠡᠷᠭᠡ ᠲᠠᠯ᠎ᠠ ᠪᠠᠷ ᠬᠢ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠣᠪᠴᠢᠶ᠎ᠠ︶      ︵ᠶᠢᠰᠦ︶ ᠤᠰᠤᠨ ᠤ ᠪᠣᠬᠢᠷᠲᠤᠯ ᠤᠨ ᠭᠡᠨᠡᠳᠳᠡ ᠶᠢᠨ ᠬᠡᠷᠡᠭ ᠢ ᠠᠷᠭᠠᠴᠠᠭᠠᠬᠤ ᠠᠵᠢᠯ ᠢ ᠰᠠᠶᠢᠲᠤᠷ ᠬᠢᠨ᠎ᠡ᠃ ᠤᠰᠤᠨ ᠤ ᠪᠣᠬᠢᠷᠲᠤᠯ ᠤᠨ ᠭᠡᠨᠡᠳᠳᠡ ᠶᠢᠨ ᠬᠡᠷᠡᠭ ᠤᠨ ︽ᠨᠢᠭᠡ ᠭᠤᠣᠯ ᠮᠥᠷᠡᠨ ᠳᠤ ᠨᠢᠭᠡ ᠠᠷᠭ᠎ᠠ ᠪᠣᠳᠣᠯᠭ᠎ᠠ ᠨᠢᠭᠡ ᠵᠢᠷᠤᠭ ᠲᠥᠰᠥᠯ︾ ᠲᠣᠭᠲᠠᠭᠠᠬᠤ ᠣᠷᠴᠢᠨ ᠲᠣᠭᠤᠷᠢᠨ ᠤ ᠪᠠᠴᠢᠮ ᠪᠠᠶᠢᠳᠠᠯ ᠢ ᠠᠷᠭᠠᠴᠠᠭᠠᠵᠤ ᠰᠢᠢᠳᠪᠦᠷᠢᠯᠡᠬᠦ ᠲᠥᠰᠥᠯ ᠢ ᠲᠦᠷᠭᠡᠨ ᠲᠣᠭᠲᠠᠭᠠᠵᠤ ᠲᠡᠭᠦᠯᠳᠡᠷᠵᠢᠭᠦᠯᠦᠨ᠂ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠢᠳᠡᠪᠬᠢᠲᠡᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃ ᠪᠣᠷᠣᠭᠠᠨ ᠤ ᠪᠠᠶᠢᠳᠠᠯ ᠤᠰᠤᠨ ᠤ ᠪᠠᠶᠢᠳᠠᠯ ᠢ ᠨᠢᠭᠲᠠ ᠠᠩᠬᠠᠷᠴᠤ᠂ ᠬᠤᠯᠪᠣᠭᠳᠠᠯ ᠪᠦᠬᠦᠢ ᠪᠠᠶᠢᠭᠤᠯᠭ᠎ᠠ ᠶᠢ ᠴᠠᠭ ᠲᠤᠬᠠᠢ ᠳᠤᠨᠢ ᠰᠡᠷᠡᠮᠵᠢᠯᠡᠭᠦᠯᠦᠨ᠂ ᠣᠷᠴᠢᠨ  ᠲᠣᠭᠤᠷᠢᠨ ᠤ ᠭᠡᠨᠡᠳᠲᠡ ᠶᠢᠨ ᠬᠡᠷᠡᠭ ᠤᠨ ᠲᠦᠭᠰᠢᠭᠦᠷᠢ ᠶᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ᠂ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ︶      ︵ᠠᠷᠪᠠ︶ ᠳᠡᠭᠡᠳᠦ ᠱᠠᠲᠤᠨ ᠤ ᠵᠠᠰᠠᠯᠲᠠ ᠶᠢᠨ ᠲᠤᠰᠬᠠᠢ ᠪᠡᠯᠡ ᠮᠥᠩᠭᠦ ᠶᠢ ᠣᠯᠬᠤ ᠪᠠᠷ ᠴᠢᠷᠮᠠᠶᠢᠨ᠎ᠠ᠃ ᠭᠤᠣᠯᠳᠠᠯᠭ᠎ᠠ ᠲᠠᠢ ᠰᠠᠪᠠ ᠭᠠᠵᠠᠷ᠂ ᠭᠤᠣᠯᠳᠠᠯᠭ᠎ᠠ  ᠲᠠᠢ ᠲᠥᠷᠥᠯ ᠵᠦᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠡᠯᠡ  ᠮᠥᠩᠭᠦᠨ ᠤ ᠣᠷᠣᠭᠤᠯᠤᠯᠲᠠ ᠶᠢ ᠨᠡᠮᠡᠭᠳᠡᠭᠦᠯᠦᠨ᠎ᠡ᠃ ᠤᠰᠤᠨ ᠠᠰᠢᠭᠯᠠᠯᠲᠠ ᠶᠢᠨ ᠪᠠᠶᠢᠭᠤᠯᠭ᠎ᠠ ᠳᠡᠭᠡᠳᠦ ᠱᠠᠲᠤᠨ ᠠᠴᠠ ᠬᠠᠵᠠᠭᠤ ᠬᠥᠲᠥᠯ ᠢ ᠵᠠᠰᠠᠬᠤ᠂ ᠭᠤᠣᠯ ᠤᠨ ᠵᠠᠮ ᠢ ᠵᠠᠰᠠᠬᠤ ᠲᠤᠰᠬᠠᠢ ᠪᠡᠯᠡ ᠮᠥᠩᠭᠦ ᠣᠯᠬᠤ ᠪᠠᠷ ᠢᠳᠡᠪᠬᠢᠲᠡᠢ ᠴᠢᠷᠮᠠᠶᠢᠵᠤ᠂ ᠲᠣᠰᠤᠲᠤ ᠶᠢᠨ ᠭᠤᠣᠯ ᠤᠨ ᠡᠷᠭᠢ ᠶᠢᠨ ᠢᠳᠡᠭᠳᠡᠯ ᠪᠠ ᠭᠤᠣᠯ ᠤᠨ ᠡᠷᠭᠢ ᠶᠢᠨ ᠢᠳᠡᠭᠳᠡᠵᠦ ᠨᠤᠷᠠᠬᠤ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠨ᠎ᠡ᠃ ᠠᠮᠢ ᠠᠬᠤᠢ ᠣᠷᠴᠢᠨ ᠲᠣᠭᠤᠷᠢᠨ ᠤ ᠪᠠᠶᠢᠭᠤᠯᠭ᠎ᠠ ᠳᠡᠭᠡᠳᠦ ᠱᠠᠲᠤᠨ ᠠᠴᠠ ᠤᠰᠤᠨ ᠤ ᠴᠢᠨᠠᠷ ᠢ ᠳᠡᠭᠡᠭᠰᠢᠯᠡᠭᠦᠯᠬᠦ ᠲᠠᠯ᠎ᠠ ᠪᠠᠷ ᠬᠢ ᠲᠤᠰᠬᠠᠢ ᠪᠡᠯᠡ ᠮᠥᠩᠭᠦ  ᠶᠢ ᠣᠯᠬᠤ ᠪᠠᠷ ᠴᠢᠷᠮᠠᠶᠢᠨ᠎ᠠ᠃ ︵ᠬᠠᠷᠢᠭᠤᠴᠠᠯᠭᠠᠲᠤ ᠨᠢᠭᠡᠴᠢ᠄ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ᠂ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ︶      ᠭᠤᠷᠪᠠ᠂ ᠪᠠᠲᠤᠯᠠᠬᠤ ᠠᠷᠭ᠎ᠠ ᠬᠡᠮᠵᠢᠶ᠎ᠡ      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠨ᠎ᠠ᠃ ︽ᠣᠲᠤᠭ ᠬᠤᠰᠢᠭᠤᠨ ᠤ ᠬᠠᠲᠤᠨ ᠭᠤᠣᠯ ᠤᠨ ᠰᠠᠪᠠ ᠭᠠᠵᠠᠷ ᠤᠨ ᠤᠰᠤᠨ ᠤ ᠠᠮᠢ ᠠᠬᠤᠢ ᠣᠷᠴᠢᠨ ᠲᠣᠭᠤᠷᠢᠨ ᠢ ᠳᠠᠷᠠᠭᠠᠯᠠᠨ ᠪᠠᠶᠢᠴᠠᠭᠠᠵᠤ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠲᠠᠷᠬᠠᠭᠠᠬᠤ ᠲᠤᠬᠠᠢ ᠤᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ︾ ︵ᠣᠲᠤᠭ ᠵᠠᠰᠠᠭ ᠠᠯᠪᠠᠨ ᠲᠠᠷᠬᠠᠭᠠᠭᠰᠠᠨ ﹇2022﹈ 163 ᠳ᠋ᠤᠭᠠᠷ ᠲᠤᠭᠠᠲᠤ︶ ᠶᠣᠰᠣᠭᠠᠷ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢ ᠪᠠᠶᠢᠭᠤᠯᠵᠤ᠂ ᠬᠤᠰᠢᠭᠤᠨ ᠤ ᠵᠠᠰᠠᠭ ᠤᠨ ᠣᠷᠳᠣᠨ ᠠᠴᠠ ᠶᠡᠷᠦᠩᠬᠡᠶᠢᠯᠡᠭᠰᠡᠨ ᠵᠣᠬᠢᠴᠠᠭᠤᠯᠵᠤ ᠲᠣᠬᠢᠷᠠᠭᠤᠯᠤᠨ᠂ ᠬᠤᠯᠪᠣᠭᠳᠠᠯ ᠪᠦᠬᠦᠢ ᠪᠠᠶᠢᠭᠤᠯᠭ᠎ᠠ ᠶᠢᠨ ᠬᠢᠨ ᠵᠠᠷᠴᠢᠮ ᠢ ᠪᠣᠳᠠᠲᠠᠢ ᠬᠡᠷᠡᠭᠵᠢᠭᠦᠯᠵᠦ᠂ ᠲᠤᠰ ᠲᠤᠰ ᠤᠨ ᠬᠠᠷᠢᠭᠤᠴᠠᠯᠭ᠎ᠠ ᠪᠠᠨ ᠡᠭᠦᠷᠭᠡᠯᠡᠨ᠂ ᠬᠦᠴᠦ ᠪᠠᠨ ᠬᠠᠮᠲᠤᠳᠬᠠᠨ ᠠᠵᠢᠯ ᠢ ᠠᠬᠢᠭᠤᠯᠤᠭᠰᠠᠨ ᠲᠣᠳᠣᠷᠬᠠᠢ  ᠬᠠᠷᠢᠭᠤᠴᠠᠯᠭ᠎ᠠ ᠶᠢᠨ ᠲᠣᠭᠲᠠᠯᠴᠠᠭ᠎ᠠ ᠶᠢ ᠪᠠᠶᠢᠭᠤᠯᠤᠨ᠎ᠠ᠃ ᠰᠠᠪᠠ ᠭᠠᠵᠠᠷ ᠤᠨ ᠲᠦᠭᠰᠢᠭᠦᠷᠢ ᠶᠢᠨ ᠳᠠᠯᠳᠠ ᠭᠡᠮ ᠤᠨ ᠠᠰᠠᠭᠤᠳᠠᠯ ᠳᠤ ᠴᠢᠭᠯᠡᠭᠦᠯᠵᠦ᠂ ᠪᠣᠬᠢᠷᠲᠤᠯ ᠤᠨ ᠡᠬᠢ ᠢᠷᠡᠯᠲᠡ ᠶᠢ ᠰᠢᠰᠲ᠋ᠧᠮ ᠲᠠᠢ ᠪᠠᠶᠢᠴᠠᠭᠠᠨ᠂ ᠣᠨᠣᠪᠴᠢᠲᠠᠢ ᠠᠷᠭ᠎ᠠ ᠪᠣᠳᠣᠯᠭ᠎ᠠ ᠠᠪᠴᠤ᠂ ᠵᠠᠰᠠᠯᠲᠠ ᠶᠢ ᠪᠦᠬᠦ ᠲᠠᠯ᠎ᠠ ᠪᠠᠷ ᠵᠣᠬᠢᠶᠠᠨ ᠪᠠᠶᠢᠭᠤᠯᠵᠤ ᠠᠬᠢᠭᠤᠯᠤᠨ᠂ ᠤᠰᠤᠨ ᠤ ᠣᠷᠴᠢᠨ ᠲᠣᠭᠤᠷᠢᠨ ᠤ ᠴᠢᠨᠠᠷ ᠴᠢᠨᠰᠠᠭ᠎ᠠ ᠶᠢ ᠪᠦᠬᠦ ᠲᠠᠯ᠎ᠠ ᠪᠠᠷ ᠯᠠᠪᠳᠠᠭᠤᠨ ᠢᠶᠠᠷ ᠪᠠᠷᠢᠮᠵᠢᠶ᠎ᠠ ᠳᠤ ᠬᠦᠷᠭᠡᠬᠦ ᠶᠢ ᠪᠠᠲᠤᠯᠠᠨ᠎ᠠ᠃      ︵ᠬᠤᠶᠠᠷ︶ ᠱᠠᠭᠠᠷᠳᠠᠨ ᠪᠠᠶᠢᠴᠠᠭᠠᠵᠤ ᠦᠷ᠎ᠡ ᠪᠦᠲᠦᠮᠵᠢ ᠠᠰᠠᠭᠤᠬᠤ ᠶᠢ ᠴᠢᠩᠭᠠᠷᠠᠭᠤᠯᠤᠨ᠎ᠠ᠃ ᠪᠦᠬᠦ ᠬᠤᠰᠢᠭᠤᠨ ᠤ ᠰᠠᠪᠠ ᠭᠠᠵᠠᠷ ᠤᠨ ᠤᠰᠤᠨ ᠤ ᠠᠮᠢ ᠠᠬᠤᠢ ᠶᠢᠨ ᠬᠠᠮᠠᠭᠠᠯᠠᠯᠲᠠ ᠶᠢᠨ ᠠᠵᠢᠯ ᠪᠣᠯ ᠤᠯᠤᠰ ᠲᠥᠷᠥ ᠶᠢᠨ ᠡᠭᠦᠷᠭᠡ ᠪᠣᠯᠣᠨ᠎ᠠ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠬᠤ ᠳᠤ ᠬᠤᠯᠪᠣᠭᠳᠠᠬᠤ ᠤᠴᠢᠷ ᠶᠠᠪᠤᠳᠠᠯ ᠢ ᠬᠤᠰᠢᠭᠤᠨ ᠤ ᠵᠠᠰᠠᠭ ᠤᠨ ᠣᠷᠳᠣᠨ ᠤ ᠱᠠᠭᠠᠷᠳᠠᠨ ᠪᠠᠶᠢᠴᠠᠭᠠᠬᠤ ᠠᠯᠪᠠᠨ ᠭᠡᠷ ᠠᠴᠠ ᠦᠷᠭᠦᠯᠵᠢ ᠱᠠᠭᠠᠷᠳᠠᠨ ᠪᠠᠶᠢᠴᠠᠭᠠᠵᠤ᠂ ᠰᠠᠪᠠ ᠭᠠᠵᠠᠷ ᠢ ᠵᠠᠰᠠᠬᠤ ᠠᠵᠢᠯ ᠤᠨ ᠠᠷᠭ᠎ᠠ ᠬᠡᠮᠵᠢᠶ᠎ᠡ ᠶᠢ ᠪᠣᠳᠠᠲᠠᠢ ᠨᠠᠶᠢᠳᠠᠪᠤᠷᠢᠵᠢᠭᠤᠯᠬᠤ ᠪᠠ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠠᠪᠬᠤ ᠶᠢ ᠪᠠᠲᠤᠯᠠᠨ᠂ ᠱᠠᠭᠠᠷᠳᠠᠨ ᠪᠠᠶᠢᠴᠠᠭᠠᠯᠲᠠ ᠪᠠᠷ ᠢᠯᠡᠷᠡᠭᠦᠯᠦᠭᠰᠡᠨ ᠪᠦᠷᠢᠯᠳᠦᠭᠦᠨ ᠨᠢᠭᠡᠴᠢ ᠶᠢᠨ ᠡᠭᠦᠷᠭᠡ ᠬᠠᠷᠢᠭᠤᠴᠠᠯᠭ᠎ᠠ ᠪᠠᠨ ᠤᠬᠠᠮᠰᠠᠷ ᠠᠴᠠ ᠪᠠᠨ ᠭᠦᠢᠴᠡᠳᠬᠡᠭᠰᠡᠨ ᠦᠭᠡᠢ᠂ ᠠᠵᠢᠯ ᠤᠨ ᠬᠠᠷᠢᠭᠤᠴᠠᠯᠭ᠎ᠠ ᠪᠠᠨ ᠬᠠᠷᠢᠯᠴᠠᠨ ᠲᠦᠯᠬᠢᠯᠴᠡᠭᠰᠡᠨ᠂ ᠬᠠᠰᠢ ᠶᠠᠰᠢ ᠪᠠᠷ ᠠᠷᠭᠠᠴᠠᠭᠠᠭᠰᠠᠨ ᠵᠡᠷᠭᠡ ᠦᠶᠯᠡ ᠠᠵᠢᠯᠯᠠᠭ᠎ᠠ ᠶᠢ ᠪᠥᠬᠦ ᠬᠤᠰᠢᠭᠤᠨ ᠤ ᠬᠡᠪᠴᠢᠶᠡᠨ ᠳᠤ ᠮᠡᠳᠡᠭᠡᠯᠡᠨ ᠰᠢᠭᠦᠮᠵᠢᠯᠡᠬᠦ ᠶᠢᠨ ᠳᠠᠭᠠᠤ᠂ ᠪᠠᠶᠢᠭᠤᠯᠭ᠎ᠠ ᠶᠢᠨ ᠭᠤᠣᠯ ᠬᠠᠷᠢᠭᠤᠴᠠᠯᠭᠠᠲᠠᠨ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ᠃      ︵ᠭᠤᠷᠪᠠ︶ ᠣᠯᠠᠨ ᠨᠡᠶᠢᠲᠡ ᠶᠢᠨ ᠣᠷᠣᠯᠴᠠᠬᠤ ᠢᠳᠡᠪᠬᠢᠵᠢᠯ ᠢ ᠳᠠᠶᠢᠴᠢᠯᠠᠨ᠎ᠠ᠃ ᠤᠬᠠᠭᠤᠯᠭ᠎ᠠ ᠶᠢᠨ ᠠᠷᠭ᠎ᠠ ᠪᠠᠷᠢᠯ ᠢ ᠰᠢᠨᠡᠴᠢᠯᠡᠵᠦ᠂ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠤᠨ᠂ ᠰᠠᠪᠠ ᠭᠠᠵᠠᠷ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠴᠢᠬᠤᠯᠠ ᠠᠴᠢ ᠬᠤᠯᠪᠣᠭᠳᠠᠯ᠂ ᠬᠠᠷᠠᠯᠲᠠ ᠡᠭᠦᠷᠭᠡ ᠶᠢ ᠢᠳᠡᠪᠬᠢᠲᠡᠢ ᠤᠬᠠᠭᠤᠯᠵᠤ᠂ ᠠᠷᠠᠳ ᠤᠯᠠᠨ ᠢ ᠳᠠᠶᠢᠴᠢᠯᠠᠨ᠂ ᠨᠡᠶᠢᠭᠡᠮ ᠳᠠᠶᠠᠭᠠᠷ ᠢᠶᠠᠨ ᠣᠷᠣᠯᠴᠠᠵᠤ ᠬᠠᠮᠲᠤᠪᠠᠷ ᠠᠳᠬᠤᠭᠰᠠᠨ ᠰᠠᠪᠠ ᠭᠠᠵᠠᠷ ᠤᠨ ᠤᠰᠤᠨ ᠤ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ ᠰᠠᠶᠢᠨ ᠰᠠᠶᠢᠬᠠᠨ ᠠᠬᠤᠢ ᠪᠠᠶᠢᠳᠠᠯ ᠢ ᠪᠤᠢ ᠪᠣᠯᠭᠠᠨ᠎ᠠ᠃ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠵᠠᠭᠤᠴᠢᠯᠠᠭᠤᠷ ᠤᠨ ᠢᠯᠡᠴᠢᠯᠡᠬᠦ ᠡᠷᠴᠢᠮ ᠢ ᠴᠢᠩᠭᠠᠷᠠᠭᠤᠯᠤᠨ᠂ ᠣᠯᠠᠨ ᠲᠦᠮᠡᠨ ᠤ ᠣᠯᠠᠨ ᠵᠦᠢᠯ ᠤᠨ ᠠᠷᠭ᠎ᠠ ᠵᠠᠮ ᠢᠶᠠᠷ ᠰᠠᠪᠠ ᠭᠠᠵᠠᠷ ᠤᠨ ᠠᠮᠢ ᠠᠬᠤᠢ ᠣᠷᠴᠢᠨ ᠲᠣᠭᠤᠷᠢᠨ ᠤ ᠬᠠᠤᠯᠢ ᠵᠥᠷᠢᠴᠡᠭᠰᠡᠨ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠶᠢ ᠵᠣᠷᠢᠭᠵᠢᠭᠤᠯᠤᠨ᠎ᠠ᠃ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ      2023 ᠣᠨ ᠤ 5 ᠳ᠋ᠤᠭᠠᠷ ᠰᠠᠷ᠎ᠠ ᠶᠢᠨ 29 ᠤ ᠡᠳᠦᠷ ᠳᠠᠷᠤᠮᠠᠯᠯᠠᠨ ᠲᠠᠷᠬᠠᠭᠠᠪᠠ 
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ