ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠪᠠ ᠠᠲᠠᠷ ᠬᠠᠭᠠᠯᠪᠤᠷᠢᠯᠠᠬᠤ ᠶᠢ ᠴᠠᠭᠠᠵᠠᠯᠠᠬᠤ ᠠᠵᠢᠯ ᠢ ᠦᠷᠭᠦᠯᠵᠢᠯᠡᠨ ᠴᠢᠩᠭᠠᠳᠬᠠᠬᠤ ᠳᠣᠬᠠᠢ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ ᠢ ᠤᠯᠠᠮᠵᠢᠯᠠᠨ ᠲᠠᠷᠬᠠᠭᠠᠬᠤ ᠲᠤᠬᠠᠢ ᠣᠳᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2023/5/4
                  ᠣᠳᠤᠭ ᠵᠠᠰᠠᠭ ᠲᠠᠷᠬᠠᠭᠠᠭᠰᠠᠨ ﹇2023﹈ 117 ᠳ᠋ᠤᠭᠠᠷ ᠲᠣᠭᠠᠲᠤ            ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠪᠠ ᠠᠲᠠᠷ ᠬᠠᠭᠠᠯᠪᠤᠷᠢᠯᠠᠬᠤ ᠶᠢ             ᠴᠠᠭᠠᠵᠠᠯᠠᠬᠤ ᠠᠵᠢᠯ ᠢ ᠦᠷᠭᠦᠯᠵᠢᠯᠡᠨ ᠴᠢᠩᠭᠠᠳᠬᠠᠬᠤ ᠳᠣᠬᠠᠢ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ            ᠮᠡᠳᠡᠭᠳᠡᠯ ᠢ ᠤᠯᠠᠮᠵᠢᠯᠠᠨ ᠲᠠᠷᠬᠠᠭᠠᠬᠤ ᠲᠤᠬᠠᠢ ᠣᠳᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ ᠣᠲᠤᠭ ᠬᠤᠰᠢᠭᠤᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠲᠠᠷᠢᠶᠠᠯᠠᠩ ᠮᠠᠯ ᠠᠵᠦ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠪ ᠵᠢᠴᠢ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠳᠤ᠄      ᠪᠦᠬᠦ ᠬᠤᠰᠢᠭᠤᠨ ᠤ ᠨᠤᠲᠤᠭ ᠪᠡᠯᠴᠢᠭᠡᠷ ᠢ ᠬᠠᠮᠠᠭᠠᠯᠠᠵᠤ ᠰᠡᠷᠭᠦᠭᠡᠭᠰᠡᠨ ᠦᠷ᠎ᠡ ᠪᠦᠲᠦᠭᠡᠯ ᠢ ᠪᠠᠲᠤᠳᠬᠠᠨ ᠳᠡᠭᠡᠭᠰᠢᠯᠡᠭᠦᠯᠵᠦ᠂ ᠠᠮᠢ ᠠᠬᠤᠢ ᠣᠷᠴᠢᠨ ᠲᠣᠭᠤᠷᠢᠨ ᠤ ᠲᠦᠷᠭᠡᠨ ᠰᠡᠷᠭᠦᠯᠲᠡ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠪᠠ ᠠᠵᠤ ᠠᠬᠤᠢ ᠨᠡᠶᠢᠭᠡᠮ ᠤᠨ ᠦᠷᠭᠦᠯᠵᠢᠯᠡᠭᠰᠡᠨ ᠬᠥᠭᠵᠢᠯᠲᠡ ᠶᠢ ᠠᠬᠢᠭᠤᠯᠤᠨ᠂ ︽ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠳᠦᠷᠢᠮ ᠪᠠ ᠰᠡᠯᠭᠦᠨ ᠮᠠᠯᠵᠢᠬᠤ ᠳᠦᠷᠢᠮ ᠢ ᠬᠡᠷᠡᠭᠵᠢᠭᠦᠯᠵᠦ᠂ ᠡᠪᠡᠰᠦ ᠤᠷᠭᠤᠬᠤ ᠬᠤᠭᠤᠴᠠᠭᠠᠨ ᠳᠤ ᠰᠡᠯᠭᠦᠨ ᠮᠠᠯᠵᠢᠵᠤ᠂ ᠰᠡᠯᠭᠦᠨ ᠮᠠᠯᠵᠢᠬᠤ ᠬᠤᠭᠤᠴᠠᠭ᠎ᠠ ᠶᠢ ᠭᠤᠷᠪᠠᠨ ᠰᠠᠷ᠎ᠠ ᠠᠴᠠ ᠳᠤᠲᠠᠭᠤᠯᠬᠤ ᠦᠭᠡᠢ︾ ᠪᠠᠶᠢᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠶᠢᠨ ᠲᠤᠰᠠᠳᠠ᠂ ᠡᠳᠦᠭᠡ ︽ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠪᠠ ᠠᠲᠠᠷ ᠬᠠᠭᠠᠯᠪᠤᠷᠢᠯᠠᠬᠤ ᠶᠢ ᠴᠠᠭᠠᠵᠠᠯᠠᠬᠤ ᠠᠵᠢᠯ ᠢ ᠦᠷᠭᠦᠯᠵᠢᠯᠡᠨ ᠴᠢᠩᠭᠠᠳᠬᠠᠬᠤ ᠲᠤᠬᠠᠢ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠣᠷᠳᠣᠰ ᠵᠠᠰᠠᠭ ᠲᠠᠷᠬᠠᠭᠠᠭᠰᠠᠨ ﹇2023﹈ 22 ᠳ᠋ᠤᠭᠠᠷ ᠲᠣᠭᠠᠲᠤ︶ ᠢ ᠲᠠ ᠨᠠᠷ ᠲᠤ ᠤᠯᠠᠮᠵᠢᠯᠠᠨ ᠲᠠᠷᠬᠠᠭᠠᠯ᠎ᠠ᠂ ᠪᠠᠶᠢᠭᠤᠯᠭ᠎ᠠ ᠨᠢᠭᠡᠴᠢ ᠶᠢᠨ ᠬᠢᠨ ᠨᠠᠷᠢᠨ ᠬᠢᠨᠠᠮᠠᠭᠠᠢ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠪᠠ ᠠᠲᠠᠷ ᠬᠠᠭᠠᠯᠪᠤᠷᠢᠯᠠᠬᠤ ᠶᠢ ᠴᠠᠭᠠᠵᠠᠯᠠᠬᠤ ᠠᠵᠢᠯ ᠢ ᠦᠷᠭᠦᠯᠵᠢᠯᠡᠨ ᠴᠢᠩᠭᠠᠳᠬᠠᠨ᠂ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠪᠡᠯᠡ ᠮᠥᠩᠭᠦ ᠶᠢ ᠴᠠᠭ ᠲᠤᠬᠠᠢ ᠳᠤᠨᠢ ᠲᠤᠭ᠎ᠠ ᠶᠣᠰᠣᠭᠠᠷ ᠲᠠᠷᠬᠠᠭᠠᠵᠤ᠂ 2023 ᠣᠨ ᠤ ᠪᠡᠯᠴᠢᠭᠡᠷ ᠤᠨ ᠪᠠᠭᠲᠠᠭᠠᠮᠵᠢ ᠶᠢᠨ ᠬᠡᠮᠵᠢᠶ᠎ᠡ ᠶᠢ ᠬᠢᠨᠠᠨ ᠲᠣᠭᠲᠠᠭᠠᠬᠤ ᠠᠵᠢᠯ ᠢ ᠲᠦᠷᠭᠡᠨ ᠥᠷᠨᠢᠭᠦᠯᠦᠭᠡᠷᠡᠢ᠃ᠳᠠᠭᠠᠯᠳᠤᠭᠤᠯᠤᠯ᠄ ︽ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠪᠠ ᠠᠲᠠᠷ ᠬᠠᠭᠠᠯᠪᠤᠷᠢᠯᠠᠬᠤ ᠶᠢ ᠴᠠᠭᠠᠵᠠᠯᠠᠬᠤ ᠠᠵᠢᠯ ᠢ ᠦᠷᠭᠦᠯᠵᠢᠯᠡᠨ ᠴᠢᠩᠭᠠᠳᠬᠠᠬᠤ ᠲᠤᠬᠠᠢ ᠣᠷᠳᠣᠰ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠣᠷᠳᠣᠰ ᠵᠠᠰᠠᠭ ᠲᠠᠷᠬᠠᠭᠠᠭᠰᠠᠨ ﹇2023﹈ 22 ᠳ᠋ᠤᠭᠠᠷ ᠲᠣᠭᠠᠲᠤ︶                                                                                                                         ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ                                                2023 ᠣᠨ ᠤ 5 ᠳ᠋ᠤᠭᠠᠷ ᠰᠠᠷ᠎ᠠ ᠶᠢᠨ 4 ᠤ ᠡᠳᠦᠷᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ         2023 ᠣᠨ ᠤ 5 ᠳ᠋ᠤᠭᠠᠷ ᠰᠠᠷ᠎ᠠ ᠶᠢᠨ 4 ᠤ ᠡᠳᠦᠷ ᠳᠠᠷᠤᠮᠠᠯᠯᠠᠨ ᠲᠠᠷᠬᠠᠭᠠᠪᠠ                                                              ᠣᠷᠳᠣᠰ ᠵᠠᠰᠠᠭ ᠲᠠᠷᠬᠠᠭᠠᠭᠰᠠᠨ ﹇2023﹈ 22 ᠳ᠋ᠤᠭᠠᠷ ᠲᠣᠭᠠᠲᠤ            ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠪᠠ ᠠᠲᠠᠷ ᠬᠠᠭᠠᠯᠪᠤᠷᠢᠯᠠᠬᠤ ᠶᠢ             ᠴᠠᠭᠠᠵᠠᠯᠠᠬᠤ ᠠᠵᠢᠯ ᠢ ᠦᠷᠭᠦᠯᠵᠢᠯᠡᠨ ᠴᠢᠩᠭᠠᠳᠬᠠᠬᠤ ᠳᠣᠬᠠᠢ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠬᠠᠮᠢᠶ᠎ᠠ ᠪᠦᠬᠦᠢ ᠪᠠᠶᠢᠭᠤᠯᠭ᠎ᠠ ᠳᠤ᠄      ᠪᠥᠬᠦ ᠬᠤᠲᠠ ᠶᠢᠨ ᠨᠤᠲᠤᠭ ᠪᠡᠯᠴᠢᠭᠡᠷ ᠢ ᠬᠠᠮᠠᠭᠠᠯᠠᠵᠤ ᠰᠡᠷᠭᠦᠭᠡᠭᠰᠡᠨ ᠦᠷ᠎ᠡ ᠪᠦᠲᠦᠭᠡᠯ ᠢ ᠪᠠᠲᠤᠳᠬᠠᠨ ᠳᠡᠭᠡᠭᠰᠢᠯᠡᠭᠦᠯᠵᠦ᠂ ᠨᠤᠲᠤᠭ ᠪᠡᠯᠴᠢᠭᠡᠷ ᠤᠨ ᠠᠮᠢ ᠠᠬᠤᠢ ᠣᠷᠴᠢᠨ ᠲᠣᠭᠤᠷᠢᠨ ᠤ ᠲᠦᠷᠭᠡᠨ ᠰᠡᠷᠭᠦᠯᠲᠡ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠪᠠ ᠠᠵᠤ ᠠᠬᠤᠢ ᠨᠡᠶᠢᠭᠡᠮ ᠤᠨ ᠦᠷᠭᠦᠯᠵᠢᠯᠡᠭᠰᠡᠨ ᠬᠥᠭᠵᠢᠯᠲᠡ ᠶᠢ ᠠᠬᠢᠭᠤᠯᠬᠤ ᠶᠢᠨ ᠲᠤᠰᠠᠳᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠡᠯᠴᠢᠭᠡᠷᠯᠡᠭᠦᠯᠬᠦ ᠶᠢ ᠬᠤᠷᠢᠵᠦ ᠰᠡᠯᠭᠦᠨ ᠮᠠᠯᠵᠢᠬᠤ ᠪᠠ ᠠᠲᠠᠷ ᠬᠠᠭᠠᠯᠪᠤᠷᠢᠯᠠᠬᠤ ᠶᠢ ᠴᠠᠭᠠᠵᠠᠯᠠᠬᠤ ᠠᠵᠢᠯ ᠢ ᠦᠷᠭᠦᠯᠵᠢᠯᠡᠨ ᠴᠢᠩᠭᠠᠳᠬᠠᠬᠤ ᠪᠠᠷ ᠲᠣᠭᠲᠠᠪᠠ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠮᠡᠳᠡᠭᠳᠡᠶ᠎ᠡ᠃      ᠨᠢᠭᠡ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠦᠨ᠎ᠡ      ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ᠂ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠪᠠ ᠠᠲᠠᠷ ᠬᠠᠭᠠᠯᠪᠤᠷᠢᠯᠠᠬᠤ ᠶᠢ ᠴᠠᠭᠠᠵᠠᠯᠠᠬᠤ ᠠᠵᠢᠯ ᠪᠣᠯ ᠰᠢ ᠶᠢᠨ ᠫᠢᠡᠭ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠪᠣᠳᠠᠲᠤ ᠦᠢᠯᠡ ᠠᠵᠢᠯᠯᠠᠭ᠎ᠠ ᠪᠣᠯᠣᠨ᠎ᠠ᠂ ᠨᠤᠲᠤᠭ ᠪᠡᠯᠴᠢᠭᠡᠷ ᠤᠨ ᠠᠮᠢ ᠠᠬᠤᠢ ᠶᠢᠨ ᠠᠮᠤᠷ ᠲᠦᠪᠰᠢᠨ ᠢ ᠬᠠᠮᠠᠭᠠᠯᠠᠵᠤ᠂ ᠨᠤᠲᠤᠭ ᠪᠡᠯᠴᠢᠭᠡᠷ ᠤᠨ ᠡᠬᠢ ᠪᠠᠶᠠᠯᠢᠭ ᠢ ᠡᠭᠦᠷᠢᠳᠡ ᠦᠷᠭᠦᠯᠵᠢᠯᠡᠨ ᠠᠰᠢᠭᠯᠠᠬᠤ ᠶᠢ ᠪᠡᠶᠡᠯᠡᠭᠦᠯᠬᠦ ᠠᠷᠭ᠎ᠠ ᠵᠠᠮ ᠪᠣᠯᠣᠨ᠎ᠠ᠃ ᠡᠯ᠎ᠡ ᠬᠤᠰᠢᠭᠤ ᠲᠣᠭᠤᠷᠢᠭ᠂ ᠬᠤᠲᠠ ᠶᠢᠨ ᠰᠢᠭᠤᠳ ᠬᠠᠷᠢᠶ᠎ᠠ ᠬᠠᠮᠢᠶ᠎ᠠ ᠪᠦᠬᠦᠢ ᠪᠠᠶᠢᠭᠤᠯᠭ᠎ᠠ ᠨᠤᠭᠤᠳ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ᠂ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠪᠠ ᠠᠲᠠᠷ ᠬᠠᠭᠠᠯᠪᠤᠷᠢᠯᠠᠬᠤ ᠶᠢ ᠴᠠᠭᠠᠵᠠᠯᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠬᠢᠭᠡᠳ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠢᠴᠠᠭ᠎ᠠ ᠶᠢ ᠵᠥᠪ ᠰᠢᠢᠳᠪᠦᠷᠢᠯᠡᠨ᠂ ᠠᠮᠢ ᠠᠬᠤᠢ᠂ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠴᠠᠭᠠᠵᠠᠯᠠᠭᠰᠠᠨ ᠪᠣᠯᠪᠠᠴᠤ ᠠᠵᠢᠯᠯᠠᠭ᠎ᠠ ᠪᠠᠨ ᠵᠣᠭᠰᠣᠭᠠᠬᠤ ᠦᠭᠡᠢ᠂ ᠰᠡᠯᠭᠦᠨ ᠮᠠᠯᠵᠢᠬᠤ ᠴᠢᠬᠤᠯᠠᠲᠠᠢ ᠪᠣᠯᠪᠠᠴᠤ ᠰᠡᠯᠭᠦᠨ ᠮᠠᠯᠵᠢᠬᠤ ᠦᠭᠡᠢ᠂ ᠬᠢᠨᠠᠯᠲᠠ ᠬᠠᠮᠢᠶᠠᠷᠤᠯᠲᠠ ᠰᠤᠯᠠ ᠪᠠᠶᠢᠬᠤ ᠵᠡᠷᠭᠡ ᠠᠰᠠᠭᠤᠳᠠᠯ ᠢ ᠡᠷᠡᠰ ᠲᠡᠪᠴᠢᠨ᠎ᠡ᠃ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠠᠵᠢᠯ ᠤᠨ ᠳᠦᠷᠢᠮ︾᠂ ︽ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠠᠵᠢᠯ ᠢ ᠤᠯᠠᠮ ᠴᠢᠩᠭᠠᠳᠬᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠵᠢᠯᠤᠭᠤᠳᠬᠤ ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2022﹈ 64 ᠳ᠋ᠦ᠋ᠭᠡᠷ ᠲᠣᠭᠠᠲᠤ︶ ᠤᠨ ᠬᠠᠮᠢᠶ᠎ᠠ ᠪᠦᠬᠦᠢ ᠲᠣᠭᠲᠠᠭᠠᠯ ᠪᠣᠯᠣᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠠᠵᠢᠯ ᠤᠨ ᠡᠷᠴᠢᠮ ᠢᠶᠠᠨ ᠴᠢᠩᠭᠠᠷᠠᠭᠤᠯᠤᠨ᠂ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠠᠵᠢᠯ ᠢ ᠦᠨᠡᠨ ᠬᠦ ᠴᠢᠩᠭ᠎ᠠ ᠮᠥᠷᠲᠡᠭᠡᠨ ᠨᠠᠷᠢᠨ ᠬᠢᠨᠠᠮᠠᠭᠠᠢ ᠪᠣᠳᠠᠲᠠᠢ ᠠᠳᠬᠤᠨ᠎ᠠ᠃      ᠬᠤᠶᠠᠷ᠂ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠨ᠎ᠡ      ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠣᠯ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ᠂ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠪᠠ ᠠᠲᠠᠷ ᠬᠠᠭᠠᠯᠪᠤᠷᠢᠯᠠᠬᠤ ᠶᠢ ᠴᠠᠭᠠᠵᠠᠯᠠᠬᠤ ᠠᠵᠢᠯ ᠤᠨ ᠬᠠᠷᠢᠭᠤᠴᠠᠯᠭᠠᠲᠤ ᠭᠤᠣᠯ ᠴᠣᠭᠴᠠ ᠪᠠᠶᠢᠵᠤ᠂ ᠲᠣᠰ ᠵᠠᠰᠠᠭ ᠵᠠᠬᠢᠷᠭᠠᠨ ᠤ ᠣᠷᠣᠨ ᠳᠣᠲᠣᠷᠠᠬᠢ ᠬᠠᠮᠢᠶ᠎ᠠ ᠪᠦᠬᠦᠢ ᠠᠵᠢᠯ ᠳᠤ ᠪᠥᠬᠦ ᠬᠠᠷᠢᠭᠤᠴᠠᠯᠭ᠎ᠠ ᠶᠢ ᠡᠭᠦᠷᠭᠡᠯᠡᠨ᠎ᠡ᠃ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠲᠣᠰ ᠬᠠᠷᠢᠶ᠎ᠠ ᠣᠷᠣᠨ ᠳᠣᠲᠣᠷᠠᠬᠢ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ᠂ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠪᠠ ᠠᠲᠠᠷ ᠬᠠᠭᠠᠯᠪᠤᠷᠢᠯᠠᠬᠤ ᠶᠢ ᠴᠠᠭᠠᠵᠠᠯᠠᠬᠤ ᠠᠵᠢᠯ ᠢ ᠪᠣᠳᠠᠲᠠᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠨᠤᠲᠤᠭ ᠪᠡᠯᠴᠢᠭᠡᠷ ᠬᠡᠷᠡᠭᠯᠡᠭᠴᠢ᠂ ᠨᠤᠲᠤᠭ ᠪᠡᠯᠴᠢᠭᠡᠷ ᠳᠠᠭᠠᠭᠠᠴᠢᠯᠠᠨ ᠡᠵᠡᠩᠨᠡᠭᠴᠢ ᠪᠣᠯ ᠨᠤᠲᠤᠭ ᠪᠡᠯᠴᠢᠭᠡᠷ ᠢ ᠬᠠᠮᠠᠭᠠᠯᠠᠬᠤ ᠭᠤᠣᠯ ᠴᠣᠭᠴᠠ ᠮᠥᠨ᠂ ᠨᠤᠲᠤᠭ ᠪᠡᠯᠴᠢᠭᠡᠷ ᠢ ᠬᠠᠤᠯᠢ ᠶᠣᠰᠣᠭᠠᠷ ᠬᠠᠮᠠᠭᠠᠯᠠᠬᠤ ᠪᠠ ᠵᠦᠢ ᠵᠣᠬᠢᠰᠲᠠᠢ ᠠᠰᠢᠭᠯᠠᠨ᠂ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ᠂ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠪᠠ ᠠᠲᠠᠷ ᠬᠠᠭᠠᠯᠪᠤᠷᠢᠯᠠᠬᠤ ᠶᠢ ᠴᠠᠭᠠᠵᠠᠯᠠᠬᠤ ᠳᠦᠷᠢᠮ ᠢ ᠵᠢᠷᠤᠮᠯᠠᠨ ᠰᠠᠬᠢᠵᠤ᠂ ᠨᠤᠲᠤᠭ ᠪᠡᠯᠴᠢᠭᠡᠷ ᠢ ᠬᠠᠮᠠᠭᠠᠯᠠᠬᠤ ᠡᠭᠦᠷᠭᠡ ᠪᠠᠨ ᠭᠦᠢᠴᠡᠳᠬᠡᠨ᠎ᠡ᠃ ᠡᠯ᠎ᠡ ᠬᠤᠰᠢᠭᠤ ᠲᠣᠭᠤᠷᠢᠭ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠲᠠᠢ ᠤᠶᠠᠯᠳᠤᠭᠤᠯᠤᠨ᠂ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ᠂ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠪᠠ ᠠᠲᠠᠷ ᠬᠠᠭᠠᠯᠪᠤᠷᠢᠯᠠᠬᠤ ᠶᠢ ᠴᠠᠭᠠᠵᠠᠯᠠᠬᠤ ᠬᠠᠷᠢᠭᠤᠴᠠᠯᠭ᠎ᠠ ᠶᠢᠨ ᠪᠢᠴᠢᠭ ᠲᠤ ᠱᠠᠲᠤ ᠳᠠᠷᠠᠭᠠᠯᠠᠨ ᠭᠠᠷ ᠤᠨ ᠥᠰᠥᠭ ᠵᠢᠷᠤᠵᠤ᠂ ᠬᠤᠰᠢᠭᠤ ᠲᠣᠭᠤᠷᠢᠭ᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠭᠤᠷᠪᠠᠨ ᠱᠠᠲᠤᠨ ᠤ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠲᠡᠭᠦᠯᠳᠡᠷᠵᠢᠭᠦᠯᠦᠨ᠂ ᠨᠤᠲᠤᠭ ᠪᠡᠯᠴᠢᠭᠡᠷ ᠬᠠᠮᠢᠶᠠᠷᠤᠨ ᠬᠠᠮᠠᠭᠠᠯᠠᠭᠴᠢ ᠶᠢᠨ ᠬᠠᠮᠢᠶᠠᠷᠤᠨ ᠬᠠᠮᠠᠭᠠᠯᠠᠬᠤ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠡᠯ᠎ᠡ ᠱᠠᠲᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠪᠠᠶᠢᠭᠤᠯᠭ᠎ᠠ ᠨᠤᠭᠤᠳ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠪᠠᠨ ᠴᠢᠩᠭᠠᠳᠬᠠᠵᠤ᠂ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ᠂ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠪᠠ ᠠᠲᠠᠷ ᠬᠠᠭᠠᠯᠪᠤᠷᠢᠯᠠᠬᠤ ᠶᠢ ᠴᠠᠭᠠᠵᠠᠯᠠᠬᠤ ᠠᠵᠢᠯ ᠢ ᠭᠦᠨᠵᠡᠭᠡᠢ ᠥᠷᠨᠢᠭᠦᠯᠬᠦ ᠶᠢ ᠡᠮᠬᠢ ᠵᠢᠷᠤᠮ ᠲᠠᠢ ᠠᠬᠢᠭᠤᠯᠤᠨ᠎ᠠ᠃      ᠭᠤᠷᠪᠠ᠂ ᠭᠤᠣᠯᠳᠠᠯᠭ᠎ᠠ ᠲᠠᠢ ᠵᠠᠩᠭᠢᠯᠠᠭ᠎ᠠ ᠶᠢ ᠰᠠᠶᠢᠲᠤᠷ ᠠᠳᠬᠤᠨ᠎ᠠ      ᠡᠯ᠎ᠡ ᠬᠤᠰᠢᠭᠤ ᠲᠣᠭᠤᠷᠢᠭ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠪᠡᠯᠡ ᠮᠥᠩᠭᠦ ᠶᠢ ᠴᠠᠭ ᠲᠤᠬᠠᠢ ᠳᠤᠨᠢ ᠮᠠᠯᠴᠢᠨ ᠲᠠᠷᠢᠶᠠᠴᠢᠳ ᠲᠤ ᠲᠤᠭ᠎ᠠ ᠶᠣᠰᠣᠭᠠᠷ  ᠲᠠᠷᠬᠠᠭᠠᠵᠤ᠂ ᠭᠠᠴᠠᠭ᠎ᠠ ᠲᠣᠰᠬᠤᠨ ᠤ ᠱᠠᠲᠤᠨ ᠤ ᠢᠯᠡ ᠨᠡᠶᠢᠲᠡᠯᠡᠬᠦ ᠳᠦᠷᠢᠮ ᠢ ᠴᠢᠩᠭ᠎ᠠ ᠬᠡᠷᠡᠭᠵᠢᠭᠦᠯᠦᠨ᠎ᠡ᠃ ᠤᠯᠤᠰ᠂ ᠥᠪᠡᠷᠲᠡᠭᠡᠨ ᠵᠠᠰᠠᠬᠤ ᠣᠷᠣᠨ ᠪᠣᠯᠣᠨ ᠬᠤᠳᠠ ᠶᠢᠨ ᠱᠠᠲᠤᠨ ᠤ ᠡᠯ᠎ᠡ ᠲᠥᠷᠥᠯ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠢᠳᠡᠪᠬᠢᠲᠡᠢ ᠴᠢᠷᠮᠠᠶᠢᠨ ᠣᠯᠵᠤ᠂ ᠰᠠᠭᠤᠷᠢ ᠲᠥᠬᠦᠭᠡᠷᠦᠮᠵᠢ ᠶᠢᠨ ᠪᠠᠶᠢᠭᠤᠯᠤᠯᠲᠠ ᠶᠢ ᠴᠢᠩᠭᠠᠳᠬᠠᠨ᠂ ᠡᠯ᠎ᠡ ᠲᠥᠷᠥᠯ ᠤᠨ ᠠᠷᠭ᠎ᠠ ᠬᠡᠮᠵᠢᠶ᠎ᠡ ᠠᠪᠴᠤ᠂ ᠲᠡᠵᠢᠭᠡᠯ ᠡᠪᠡᠰᠦ ᠪᠣᠷᠳᠤᠭ᠎ᠠ ᠨᠥᠭᠡᠴᠡᠯᠡᠨ ᠬᠠᠩᠭᠠᠬᠤ ᠵᠡᠷᠭᠡ ᠠᠵᠢᠯ ᠢ ᠰᠠᠶᠢᠲᠤᠷ ᠠᠳᠬᠤᠨ᠎ᠠ᠃ ᠪᠡᠯᠴᠢᠭᠡᠷᠯᠡᠭᠦᠯᠬᠦ ᠶᠢ ᠬᠤᠷᠢᠭᠰᠠᠨ ᠣᠷᠣᠨ ᠳᠤ ᠪᠡᠯᠴᠢᠭᠡᠷᠯᠡᠭᠦᠯᠬᠦ ᠶᠢ ᠬᠤᠷᠢᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠪᠡᠯᠴᠢᠭᠡᠷᠯᠡᠭᠦᠯᠬᠦ ᠶᠢ ᠬᠤᠷᠢᠬᠤ ᠢᠯᠡ ᠲᠣᠳᠣ ᠲᠡᠮᠳᠡᠭ ᠭᠠᠷᠭᠠᠨ᠂ ᠬᠦᠷᠢᠶ᠎ᠡ ᠬᠡᠪᠴᠢᠶ᠎ᠡ᠂ ᠠᠷᠭ᠎ᠠ ᠬᠡᠮᠵᠢᠶ᠎ᠡ᠂ ᠬᠠᠷᠢᠭᠤᠴᠠᠯᠭᠠᠲᠠᠨ ᠵᠡᠷᠭᠡ ᠵᠦᠢᠯᠡᠰ ᠢ ᠲᠣᠳᠣᠷᠬᠠᠶᠢᠯᠠᠵᠤ᠂ ᠪᠥᠬᠦ ᠵᠢᠯ ᠳᠤ ᠪᠡᠯᠴᠢᠭᠡᠷᠯᠡᠭᠦᠯᠵᠦ ᠪᠣᠯᠬᠤ ᠦᠭᠡᠢ᠃ ᠦᠦᠰᠢᠨ ᠬᠤᠰᠢᠭᠤ᠂ ᠬᠠᠩᠭᠢᠨ ᠬᠤᠰᠢᠭᠤ᠂ ᠣᠲᠤᠭ ᠬᠤᠰᠢᠭᠤ᠂ ᠣᠲᠤᠭ ᠤᠨ ᠡᠮᠦᠨᠡᠲᠦ ᠬᠤᠰᠢᠭᠤᠨ ᠤ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠣᠷᠣᠨ ᠳᠤ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠳᠦᠷᠢᠮ ᠪᠠ ᠰᠡᠯᠭᠦᠨ ᠮᠠᠯᠵᠢᠬᠤ ᠳᠦᠷᠢᠮ ᠢ ᠴᠢᠩᠭ᠎ᠠ ᠬᠡᠷᠡᠭᠵᠢᠭᠦᠯᠦᠨ᠂ ᠡᠪᠡᠰᠦ ᠤᠷᠭᠤᠬᠤ ᠬᠤᠭᠤᠴᠠᠭᠠᠨ ᠳᠤ ᠰᠡᠯᠭᠦᠨ ᠮᠠᠯᠵᠢᠵᠤ᠂ ᠰᠡᠯᠭᠦᠨ ᠮᠠᠯᠵᠢᠬᠤ ᠬᠤᠭᠤᠴᠠᠭ᠎ᠠ ᠶᠢ ᠭᠤᠷᠪᠠᠨ ᠰᠠᠷ᠎ᠠ ᠠᠴᠠ ᠳᠤᠲᠠᠭᠤ ᠪᠠᠶᠢᠯᠭᠠᠵᠤ ᠪᠣᠯᠬᠤ ᠦᠭᠡᠢ᠃ ᠡᠯ᠎ᠡ ᠬᠤᠯᠪᠣᠭᠳᠠᠯ ᠪᠦᠬᠦᠢ ᠬᠤᠰᠢᠭᠤ ᠲᠣᠭᠤᠷᠢᠭ 2023 ᠣᠨ ᠤ ᠪᠡᠯᠴᠢᠭᠡᠷ ᠤᠨ ᠪᠠᠭᠲᠠᠭᠠᠮᠵᠢ ᠶᠢ ᠬᠢᠨᠠᠨ ᠲᠣᠭᠲᠠᠭᠠᠬᠤ ᠠᠵᠢᠯ ᠢ ᠳᠠᠷᠤᠶᠢᠬᠠᠨ ᠥᠷᠨᠢᠭᠦᠯᠬᠦ ᠶᠢᠨ ᠬᠠᠮᠲᠤ ᠪᠡᠯᠴᠢᠭᠡᠷ ᠤᠨ ᠪᠠᠭᠲᠠᠭᠠᠮᠵᠢ ᠶᠢᠨ ᠪᠠᠷᠢᠮᠵᠢᠶ᠎ᠠ ᠶᠢ ᠴᠠᠭ ᠲᠤᠬᠠᠢ ᠳᠤᠨᠢ ᠢᠯᠡ ᠨᠡᠶᠢᠲᠡᠯᠡᠵᠦ᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠨᠢ ᠮᠠᠯᠴᠢᠨ ᠡᠷᠦᠬᠡ ᠶᠢᠨ ᠨᠤᠲᠤᠭ ᠪᠡᠯᠴᠢᠭᠡᠷ ᠤᠨ ᠲᠠᠯᠠᠪᠠᠶ᠂ ᠨᠤᠲᠤᠭ ᠪᠡᠯᠴᠢᠭᠡᠷ ᠤᠨ ᠲᠥᠷᠥᠯ ᠬᠡᠯᠪᠡᠷᠢ᠂ ᠨᠤᠲᠤᠭ ᠪᠡᠯᠴᠢᠭᠡᠷ ᠤᠨ ᠵᠡᠷᠭᠡ ᠲᠠᠰ ᠢ ᠴᠢᠩᠭ᠎ᠠ ᠵᠢᠷᠤᠮᠯᠠᠨ᠂ ᠪᠣᠳᠠᠲᠠᠢ ᠪᠡᠯᠴᠢᠭᠡᠷ ᠤᠨ ᠪᠠᠭᠲᠠᠭᠠᠮᠵᠢ ᠶᠢᠨ ᠬᠡᠮᠵᠢᠶ᠎ᠡ ᠶᠢ ᠬᠢᠨᠠᠨ ᠲᠣᠭᠲᠠᠭᠠᠨ᠎ᠠ᠃ ᠪᠡᠯᠴᠢᠭᠡᠷᠯᠡᠭᠦᠯᠬᠦ ᠶᠢ ᠬᠤᠷᠢᠬᠤ ᠣᠷᠣᠨ ᠪᠠ ᠰᠡᠯᠭᠦᠨ ᠮᠠᠯᠵᠢᠬᠤ ᠬᠤᠭᠤᠴᠠᠭᠠᠨ ᠳᠤ ᠬᠠᠤᠯᠢ ᠬᠡᠷᠡᠭᠵᠢᠭᠦᠯᠦᠨ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂ ᠡᠷᠭᠢᠯᠳᠦᠭᠦᠯᠦᠭᠰᠡᠨ ᠨᠤᠲᠤᠭ ᠪᠡᠯᠴᠢᠭᠡᠷ ᠢ ᠭᠤᠣᠯᠳᠠᠯᠭ᠎ᠠ ᠲᠠᠢ ᠲᠣᠭᠤᠷᠢᠨ ᠪᠠᠶᠢᠴᠠᠭᠠᠵᠤ ᠬᠢᠨᠠᠨ ᠡᠵᠡᠮᠳᠡᠬᠦ ᠣᠷᠣᠨ ᠪᠣᠯᠭᠠᠵᠤ ᠬᠢᠨᠠᠨ ᠬᠠᠮᠢᠶᠠᠷᠴᠤ᠂ ᠪᠡᠯᠴᠢᠭᠡᠷᠯᠡᠭᠦᠯᠬᠦ ᠶᠢ ᠬᠤᠷᠢᠵᠦ ᠰᠡᠯᠭᠦᠨ ᠮᠠᠯᠵᠢᠬᠤ ᠳᠦᠷᠢᠮ ᠢ ᠵᠥᠷᠢᠴᠡᠭᠰᠡᠨ ᠪᠠ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠣᠷᠣᠨ ᠳᠤ ᠪᠡᠯᠴᠢᠭᠡᠷ ᠤᠨ ᠪᠠᠭᠲᠠᠭᠠᠮᠵᠢ ᠠᠴᠠ ᠬᠡᠲᠦᠷᠡᠭᠦᠯᠦᠨ ᠮᠠᠯᠵᠢᠭᠰᠠᠨ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ ᠨᠤᠲᠤᠭ ᠪᠡᠯᠴᠢᠭᠡᠷ ᠢ ᠬᠠᠤᠯᠢ ᠪᠤᠰᠤ ᠪᠠᠷ ᠬᠠᠭᠠᠯᠪᠤᠷᠢᠯᠠᠬᠤ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠶᠢ ᠨᠤᠲᠤᠭ ᠪᠡᠯᠴᠢᠭᠡᠷ ᠤᠨ ᠬᠠᠤᠯᠢ ᠬᠡᠷᠡᠭᠵᠢᠭᠦᠯᠬᠦ ᠠᠵᠢᠯ ᠤᠨ ᠭᠤᠣᠯᠳᠠᠯᠭ᠎ᠠ ᠪᠣᠯᠭᠠᠵᠤ᠂ ᠨᠤᠲᠤᠭ ᠪᠡᠯᠴᠢᠭᠡᠷ ᠢ ᠬᠠᠤᠯᠢ ᠪᠤᠰᠤ ᠪᠠᠷ ᠬᠠᠭᠠᠯᠪᠤᠷᠢᠯᠠᠭᠰᠠᠨ ᠬᠡᠷᠡᠭ ᠢ ᠴᠠᠭ ᠲᠤᠬᠠᠢ ᠳᠤᠨᠢ ᠴᠢᠩᠭ᠎ᠠ ᠪᠠᠶᠢᠴᠠᠭᠠᠵᠤ ᠰᠢᠢᠳᠪᠦᠷᠢᠯᠡᠨ᠂ ᠡᠷᠡᠭᠦᠦ ᠶᠢᠨ ᠶᠠᠯ᠎ᠠ ᠬᠢᠭᠰᠡᠨ ᠰᠡᠵᠢᠭᠯᠡᠯᠲᠡᠢ ᠪᠠᠶᠢᠪᠠᠯ᠂ ᠬᠠᠮᠢᠶ᠎ᠠ ᠪᠦᠬᠦᠢ ᠲᠣᠭᠲᠠᠭᠠᠯ ᠳᠤ ᠦᠨᠳᠦᠰᠦᠯᠡᠨ᠂ ᠴᠠᠭ ᠲᠤᠬᠠᠢ ᠳᠤᠨᠢ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠬᠦᠷᠭᠡᠨ᠎ᠡ᠃      ᠳᠥᠷᠪᠡ᠂ ᠪᠠᠲᠤᠯᠠᠬᠤ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠎ᠡ      ᠡᠯ᠎ᠡ ᠬᠤᠰᠢᠭᠤ ᠲᠣᠭᠤᠷᠢᠭ ᠠᠵᠢᠯ ᠤᠨ ᠱᠠᠭᠠᠷᠳᠠᠯᠭ᠎ᠠ ᠪᠠᠨ ᠦᠨᠳᠦᠰᠦᠯᠡᠨ᠂ ᠵᠢᠯ ᠪᠦᠷᠢ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠬᠤᠷᠢᠵᠦ ᠰᠡᠯᠭᠦᠨ ᠮᠠᠯᠵᠢᠬᠤ ᠠᠵᠢᠯ ᠤᠨ ᠵᠠᠷᠤᠳᠠᠯ ᠢ ᠲᠣᠰ ᠱᠠᠲᠤᠨ ᠤ ᠡᠳ᠋ ᠤᠨ ᠵᠠᠰᠠᠭ ᠤᠨ ᠲᠥᠰᠥᠪ ᠲᠤ ᠣᠷᠣᠭᠤᠯᠵᠤ᠂ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠷᠠᠭᠤᠯᠬᠤ᠂ ᠬᠠᠤᠯᠢ ᠬᠡᠷᠡᠭᠵᠢᠭᠦᠯᠬᠦ ᠪᠠ ᠲᠥᠷᠥ ᠶᠢᠨ ᠪᠣᠳᠣᠯᠭ᠎ᠠ ᠶᠢᠨ ᠪᠣᠯᠪᠠᠰᠤᠷᠠᠯ ᠬᠢᠬᠦ᠂ ᠲᠥᠷᠥ ᠶᠢᠨ ᠪᠣᠳᠣᠯᠭ᠎ᠠ ᠶᠢ ᠤᠬᠠᠭᠤᠯᠬᠤ ᠵᠡᠷᠭᠡ ᠬᠠᠮᠢᠶᠠᠷᠤᠯᠲᠠ ᠶᠢᠨ ᠵᠠᠷᠤᠯᠭ᠎ᠠ ᠶᠢ ᠪᠠᠲᠤᠯᠠᠨ᠎ᠠ᠃ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠬᠤᠷᠢᠵᠦ ᠰᠡᠯᠭᠦᠨ ᠮᠠᠯᠵᠢᠬᠤ ᠳᠦᠷᠢᠮ ᠤᠨ ᠨᠠᠶᠢᠳᠠᠪᠤᠷᠢᠵᠢᠭᠤᠯᠤᠯᠲᠠ ᠶᠢ ᠬᠤᠰᠢᠭᠤ ᠲᠣᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠬᠦ ᠬᠢᠭᠡᠳ ᠣᠶ ᠰᠢᠭᠤᠢ ᠶᠢᠨ ᠳᠠᠷᠤᠭ᠎ᠠ ᠶᠢᠨ ᠳᠦᠷᠢᠮ ᠢ ᠬᠢᠨᠠᠨ ᠰᠢᠯᠭᠠᠷᠠᠭᠤᠯᠬᠤ ᠭᠦᠢᠴᠡᠳᠬᠡᠯ ᠲᠤᠭ᠎ᠠ ᠳᠤ ᠣᠷᠣᠭᠤᠯᠵᠤ᠂ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠬᠤᠷᠢᠵᠦ ᠰᠡᠯᠭᠦᠨ ᠮᠠᠯᠵᠢᠬᠤ ᠠᠵᠢᠯ ᠳᠤ ᠬᠢᠨᠠᠯᠲᠠ ᠲᠠᠯᠪᠢᠬᠤ᠂ ᠨᠤᠲᠤᠭ ᠪᠡᠯᠴᠢᠭᠡᠷ ᠢ ᠲᠣᠣᠷᠴᠢᠯᠠᠨ ᠬᠢᠨᠠᠨ ᠬᠠᠮᠢᠶᠠᠷᠬᠤ᠂ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠬᠢᠨᠠᠨ ᠰᠢᠯᠭᠠᠷᠠᠭᠤᠯᠬᠤ ᠴᠢᠬᠤᠯᠠ ᠦᠨᠳᠦᠰᠦᠯᠡᠯ ᠪᠣᠯᠭᠠᠨ᠎ᠠ᠃ ᠷᠠᠳᠢᠣ᠋ ᠲᠧᠯᠸᠢᠰ ᠢᠶᠠᠷ ᠨᠡᠪᠲᠡᠷᠡᠭᠦᠯᠬᠦ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ ᠤᠷᠢᠶ᠎ᠠ ᠯᠣᠽᠦ᠋ᠩ ᠨᠠᠭᠠᠬᠤ᠂ ᠭᠠᠴᠠᠭ᠎ᠠ ᠲᠣᠰᠬᠤᠨ ᠠᠶᠢᠯ ᠡᠷᠦᠬᠡ ᠳᠤ ᠬᠦᠷᠴᠦ ᠤᠬᠠᠭᠤᠯᠤᠨ ᠲᠠᠶᠢᠯᠪᠤᠷᠢᠯᠠᠬᠤ᠂ ᠸᠢᠴᠠᠲ ᠤᠨ ᠲᠠᠪᠴᠠᠩ ᠢᠶᠠᠷ ᠤᠬᠠᠭᠤᠯᠬᠤ ᠵᠡᠷᠭᠡ ᠤᠯᠠᠨ ᠵᠦᠢᠯ ᠤᠨ ᠬᠡᠯᠪᠡᠷᠢ ᠪᠠᠷ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠬᠤᠷᠢᠵᠦ ᠰᠡᠯᠭᠦᠨ ᠮᠠᠯᠵᠢᠬᠤ ᠳᠦᠷᠢᠮ᠂ ᠨᠤᠲᠤᠭ ᠪᠡᠯᠴᠢᠭᠡᠷ ᠢ ᠬᠠᠮᠠᠭᠠᠯᠠᠬᠤ ᠲᠥᠷᠥ ᠶᠢᠨ ᠪᠣᠳᠣᠯᠭ᠎ᠠ ᠪᠣᠯᠣᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠶᠡᠬᠡᠪᠡᠷ ᠤᠬᠠᠭᠤᠯᠤᠨ᠂ ᠬᠠᠰᠢᠶᠠᠯᠠᠨ ᠲᠡᠵᠢᠭᠡᠬᠦ ᠪᠠ ᠪᠡᠯᠴᠢᠭᠡᠷ ᠤᠨ ᠴᠢᠨᠠᠷ ᠢ ᠰᠠᠶᠢᠵᠢᠷᠠᠭᠤᠯᠬᠤ ᠵᠠᠭᠪᠤᠷ ᠢ ᠳᠡᠯᠭᠡᠷᠡᠭᠦᠯᠵᠦ᠂ ᠮᠠᠯᠴᠢᠨ ᠲᠠᠷᠢᠶᠠᠴᠢᠨ ᠢ ᠬᠥᠲᠥᠯᠥᠨ ᠵᠢᠯᠤᠭᠤᠳᠴᠤ ᠨᠤᠲᠤᠭ ᠪᠡᠯᠴᠢᠭᠡᠷ ᠤᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠬᠠᠮᠠᠭᠠᠯᠠᠭᠤᠯᠤᠨ᠂ ᠵᠦᠢ ᠵᠣᠬᠢᠰᠲᠠᠢ ᠠᠰᠢᠭᠯᠠᠭᠤᠯᠵᠤ᠂ ᠬᠠᠤᠯᠢ ᠶᠢ ᠮᠡᠳᠡᠵᠤ ᠬᠠᠤᠯᠢ ᠶᠢ ᠰᠠᠬᠢᠬᠤ ᠰᠠᠶᠢᠨ ᠰᠠᠶᠢᠬᠠᠨ ᠣᠷᠴᠢᠨ ᠠᠬᠤᠢ ᠶᠢ ᠪᠣᠢ ᠪᠣᠯᠭᠠᠨ᠎ᠠ᠃                                                  ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ                                                  2023 ᠣᠨ ᠤ 4 ᠳ᠋ᠦ᠋ᠭᠡᠷ ᠰᠠᠷ᠎ᠠ ᠶᠢᠨ 7 ᠤ ᠡᠳᠦᠷᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ       2023 ᠣᠨ ᠤ 4 ᠳ᠋ᠦ᠋ᠭᠡᠷ ᠰᠠᠷ᠎ᠠ ᠶᠢᠨ 10 ᠤ ᠡᠳᠦᠷ ᠳᠠᠷᠤᠮᠠᠯᠯᠠᠨ ᠲᠠᠷᠬᠠᠭᠠᠪᠠ 
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ