ᠥᠷᠯᠦᠭᠦᠳ ᠳᠠᠮᠪᠠᠯᠢᠷᠤᠪ
ᠨᠡᠶᠢᠲᠡᠯᠡᠭᠰᠡᠨ ᠴᠠᠭ᠄
2023/5/8
      ᠥᠷᠯᠦᠭᠦᠳ ᠤᠪᠤᠭᠲᠠᠢ ᠳᠠᠮᠪᠠᠯᠢᠷᠤᠪ᠂ ᠤᠲᠤᠭ ᠬᠤᠰᠢᠭᠤᠨ ᠤ ᠤᠤᠯ ᠤᠨ ᠪᠤᠷᠤᠬᠤᠰᠢᠭᠤ ᠨᠤᠲᠤᠭ ᠤᠨ ᠤᠯᠠᠨᠨᠠᠭᠤᠷ ᠬᠡᠮᠡᠬᠦ ᠭᠠᠵᠠᠷ ᠲᠤ 1936 ᠤᠨ  ᠳᠤ ᠮᠠᠯᠴᠢᠨ ᠥᠷᠯᠦᠭᠦᠳ ᠤᠪᠤᠭᠲᠤ ᠪᠥᠷᠢᠨᠲᠡᠭᠦᠰ ᠤᠨ ᠬᠤᠶᠢᠴᠢᠰ ᠪᠤᠯᠵᠤ ᠵᠠᠶᠠᠭᠠᠭᠰᠠᠨ ᠶᠤᠮ᠃      ᠳᠤᠯᠤᠭᠠᠨ ᠨᠠᠰᠤᠨ ᠳᠠᠭᠠᠨ ᠪᠠᠭᠰᠢ ᠳᠤ ᠳᠤᠰᠢᠶᠠᠭᠳᠠᠵᠤ ᠯᠠᠮᠠ ᠪᠤᠯᠵᠤ᠂ 1947 ᠤᠨ ᠬᠦᠷᠲᠡᠯ᠎ᠡ ᠲᠥᠪᠡᠳ ᠨᠤᠮ ᠰᠤᠷᠴᠤ ᠪᠠᠶᠢᠪᠠ᠃ 1948 ᠤᠨ  ᠠᠴᠠ 1950 ᠤᠨ ᠬᠦᠷᠲᠡᠯ᠎ᠡ ᠭᠡᠷ ᠲᠡᠭᠡᠨ ᠬᠥᠳᠡᠯᠮᠦᠷᠢ ᠬᠢᠵᠦ ᠮᠠᠯ ᠬᠠᠷᠢᠭᠤᠯᠵᠤ ᠪᠠᠶᠢᠪᠠ᠃ ᠲᠤᠰ ᠵᠢᠯ ᠤᠨ ᠨᠠᠮᠤᠷ ᠬᠠᠯᠢᠭᠤᠲᠤ ᠶᠢᠨ ᠰᠥᠮ᠎ᠡ ᠳᠡᠭᠡᠷ᠎ᠡ ᠬᠠᠯᠢᠭᠤᠲᠤ᠂ ᠮᠤᠤᠨᠤᠬᠠᠢ ᠬᠤᠶᠠᠷ ᠰᠥᠮ᠎ᠡ ᠶᠢᠨ ᠵᠠᠯᠠᠭᠤ ᠯᠠᠮᠠ ᠨᠠᠷ ᠤᠨ ᠰᠠᠶᠢᠨ ᠳᠤᠷ᠎ᠠ ᠠᠴᠠ ᠮᠤᠩᠭᠤᠯ ᠪᠢᠴᠢᠭ ᠰᠤᠷᠤᠯᠴᠠᠬᠤ ᠲᠦᠷ ᠴᠠᠭ ᠤᠨ ᠰᠤᠷᠭᠠᠭᠤᠯᠢ ᠪᠠᠶᠢᠭᠤᠯᠤᠭᠳᠠᠪᠠ᠃ ᠪᠢ ᠡᠨᠡ ᠰᠤᠷᠭᠠᠭᠤᠯᠢ ᠳᠤ ᠨᠡᠷ᠎ᠡ ᠮᠡᠳᠡᠭᠦᠯᠵᠦ ᠵᠢᠯ ᠢᠯᠡᠭᠦᠦ ᠮᠤᠩᠭᠤᠯ ᠪᠢᠴᠢᠭ ᠰᠤᠷᠤᠯᠴᠠᠪᠠ᠃      1952 ᠤᠨ ᠠᠴᠠ 1953 ᠤᠨ ᠬᠦᠷᠲᠡᠯ᠎ᠡ ᠲᠤᠰ ᠤᠯᠠᠨᠨᠠᠭᠤᠷ ᠪᠠᠷᠢᠭᠠᠳᠠ ᠳᠠᠭᠠᠨ ᠪᠠᠷᠢᠭᠠᠳᠠ ᠶᠢᠨ ᠳᠠᠷᠤᠭ᠎ᠠ ᠶᠢᠨ ᠠᠵᠢᠯ ᠢ ᠬᠢᠵᠦ᠂ 1953 ᠤᠨ  ᠠᠴᠠ 1955 ᠤᠨ ᠤ ᠳᠡᠭᠡᠳᠦ ᠬᠠᠭᠠᠰ ᠵᠢᠯ ᠬᠦᠷᠲᠡᠯ᠎ᠡ ᠪᠤᠷᠤᠬᠤᠰᠢᠭᠤ ᠨᠤᠲᠤᠭ ᠤᠨ ᠬᠤᠶᠠᠳᠤᠭᠠᠷ ᠭᠠᠴᠠᠭᠠᠨ ᠤ ᠭᠠᠴᠠᠭᠠᠨ ᠳᠠᠷᠤᠭ᠎ᠠ ᠶᠢᠨ ᠠᠵᠢᠯ ᠢ ᠬᠢᠪᠡ᠃      ᠲᠤᠰ ᠵᠢᠯ ᠤᠨ ᠲᠠᠪᠤᠳᠤᠭᠠᠷ ᠰᠠᠷ᠎ᠠ ᠳᠤ ᠤᠯᠤᠰ ᠤᠨ ᠺᠠᠳ᠋ᠷ ᠢᠶᠠᠷ ᠡᠯᠰᠡᠭᠳᠡᠵᠦ᠂ ᠬᠤᠰᠢᠭᠤ ᠳᠤᠲᠤᠭᠠᠳᠤ ᠶᠢ ᠬᠠᠮᠠᠭᠠᠯᠠᠬᠤ ᠳᠤᠪᠴᠢᠶᠠᠨ ᠤ ᠠᠵᠢᠯᠲᠠᠨ ᠪᠤᠯᠵᠤ᠂ ᠳᠤᠲᠤᠭᠠᠳᠤ ᠶᠢ ᠬᠠᠮᠠᠭᠠᠯᠠᠬᠤ ᠲᠤᠮᠢᠯᠠᠭᠰᠠᠨ ᠳᠤᠰᠬᠠᠢ ᠲᠥᠯᠥᠭᠡᠯᠡᠭᠴᠢ ᠶᠢᠨ ᠠᠵᠢᠯ ᠡᠭᠦᠷᠭᠡ ᠶᠢ ᠡᠭᠦᠷᠭᠡᠯᠡᠵᠦ᠂ 1955 ᠤᠨ ᠤ 6 ᠰᠠᠷ᠎ᠠ ᠠᠴᠠ 1966 ᠤᠨ ᠬᠦᠷᠲᠡᠯ᠎ᠡ ᠪᠠᠶᠠᠨᠲᠤᠯᠤᠭᠠᠢ ᠰᠤᠮᠤ᠂ ᠬᠠᠳᠠᠲᠤ ᠰᠤᠮᠤ᠂ ᠪᠤᠯᠠᠭ ᠰᠤᠮᠤ᠂ ᠴᠠᠪ ᠠᠷᠠᠳ ᠤᠨ ᠭᠦᠩᠱᠧ ᠵᠡᠷᠭᠡ ᠰᠤᠮᠤ ᠨᠢᠭᠡᠳᠦᠯ ᠳᠤ ᠲᠤᠮᠢᠯᠠᠭᠰᠠᠨ ᠳᠤᠰᠬᠠᠢ ᠲᠥᠯᠥᠭᠡᠯᠡᠭᠴᠢ ᠶᠢᠨ ᠬᠤᠪᠢ ᠪᠠᠷ ᠠᠷᠪᠠ ᠭᠠᠷᠤᠢ ᠵᠢᠯ ᠠᠵᠢᠯᠯᠠᠪᠠ᠃ ᠡᠨᠡ ᠳᠤᠮᠳᠠ ᠪᠠᠨ 1958 ᠤᠨ ᠤ 10 ᠳ᠋ᠤᠭᠠᠷ ᠰᠠᠷ᠎ᠠ ᠠᠴᠠ  1959 ᠤᠨ ᠤ 9 ᠳ᠋ᠤᠭᠡᠷ ᠰᠠᠷ᠎ᠠ ᠬᠦᠷᠲᠡᠯ᠎ᠡ ᠬᠥᠬᠡᠬᠤᠲᠠ ᠳᠤ ᠥᠪᠥᠷ ᠮᠤᠩᠭᠤᠯ ᠤᠨ ᠶᠢᠰᠦᠳᠦᠭᠡᠷ ᠬᠤᠭᠤᠴᠠᠭᠠᠨ ᠤ ᠳᠤᠲᠤᠭᠠᠳᠤ ᠶᠢ ᠬᠠᠮᠠᠭᠠᠯᠠᠬᠤ ᠺᠠᠳ᠋ᠷ ᠤᠨ ᠰᠤᠷᠭᠠᠭᠤᠯᠢ ᠳᠤ ᠰᠤᠷᠤᠯᠴᠠᠵᠤ ᠥᠩᠭᠡᠷᠡᠪᠡ᠃      1966 ᠤᠨ ᠤ 6 ᠳ᠋ᠤᠭᠠᠷ ᠰᠠᠷ᠎ᠠ ᠠᠴᠠ 1970 ᠤᠨ ᠤ ᠡᠴᠦᠰ ᠬᠦᠷᠲᠡᠯ᠎ᠡ ᠪᠤᠷᠤᠬᠤᠰᠢᠭᠤ ᠠᠷᠠᠳ ᠤᠨ ᠭᠦᠩᠱᠧ ᠶᠢᠨ ᠨᠠᠮ ᠤᠨ ᠬᠤᠷᠢᠶᠠᠨ ᠤ ᠳᠡᠳ᠋ ᠱᠦᠵᠢ ᠶᠢᠨ ᠳᠤᠰᠢᠶᠠᠯ ᠢ ᠡᠭᠦᠷᠭᠡᠯᠡᠵᠦ᠂ ᠡᠨᠡ ᠳᠤᠮᠳᠠ ︽ᠰᠤᠶᠤᠯ ᠤᠨ ᠬᠤᠪᠢᠰᠬᠠᠯ︾ ᠤᠨ ᠰᠢᠭᠤᠷᠭᠠᠨ ᠤ ᠳᠠᠭᠠᠷᠢᠯᠲᠠ ᠶᠢ ᠥᠩᠭᠡᠷᠡᠭᠡᠭᠰᠡᠨ ᠶᠤᠮ᠃      1970 ᠤᠨ ᠤ ᠡᠴᠦᠰ ᠠᠴᠠ 1975 ᠤᠨ ᠤ ᠲᠠᠪᠤᠳᠤᠭᠠᠷ ᠰᠠᠷ᠎ᠠ ᠬᠦᠷᠲᠡᠯ᠎ᠡ ᠮᠠᠯᠠᠳ ᠠᠷᠠᠳ ᠤᠨ ᠭᠦᠩᠱᠧ ᠶᠢᠨ ᠳᠡᠳ᠋ ᠱᠦᠵᠢ ᠬᠤᠪᠢᠰᠬᠠᠯ ᠤᠨ ᠵᠥᠪᠯᠡᠯ ᠤᠨ ᠳᠡᠳ᠋ ᠡᠷᠬᠢᠯᠡᠭᠴᠢ ᠶᠢᠨ ᠠᠵᠢᠯ ᠢ ᠡᠭᠦᠷᠭᠡᠯᠡᠵᠦ᠂ 1975 ᠤᠨ ᠤ 6 ᠳ᠋ᠤᠭᠠᠷ ᠰᠠᠷ᠎ᠠ ᠠᠴᠠ 1978 ᠤᠨ ᠤ ᠡᠴᠦᠰ ᠬᠦᠷᠲᠡᠯ᠎ᠡ ᠤᠲᠤᠭ ᠬᠤᠰᠢᠭᠤᠨ ᠤ ᠰᠠᠶᠢᠬᠤᠰᠤ ᠳᠠᠬᠢ ︽ᠤᠯᠤᠰ ᠤᠨ ᠡᠪᠡᠰᠦᠨ ᠦᠷ᠎ᠡ ᠶᠢᠨ ᠲᠠᠯᠠᠪᠠᠢ︾ ᠳᠤ ᠨᠠᠮ ᠤᠨ ᠶᠡᠷᠦᠩᠬᠡᠢ ᠡᠭᠦᠷ ᠤᠨ ᠱᠦᠵᠢ᠂ ᠲᠠᠯᠠᠪᠠᠢ ᠶᠢᠨ ᠳᠠᠷᠤᠭ᠎ᠠ ᠶᠢᠨ ᠠᠵᠢᠯ ᠢ ᠬᠠᠷᠢᠭᠤᠴᠠᠵᠤ ᠥᠩᠭᠡᠷᠡᠪᠡ᠃      1978 ᠤᠨ ᠤ ᠡᠴᠦᠰ ᠠᠴᠠ ᠬᠤᠰᠢᠭᠤ ᠪᠠᠶᠢᠭᠤᠯᠭ᠎ᠠ ᠳᠤ ᠠᠵᠢᠯ ᠰᠢᠯᠵᠢᠵᠦ ᠢᠷᠡᠭᠡᠳ 1989 ᠤᠨ ᠤ ᠰᠡᠭᠦᠯᠴᠢ ᠬᠦᠷᠲᠡᠯ᠎ᠡ ᠤᠷᠢᠳ ᠬᠤᠵᠢᠳ ᠬᠤᠰᠢᠭᠤ ᠮᠠᠯ ᠲᠠᠷᠢᠶᠠᠯᠠᠩ ᠤᠨ ᠮᠠᠰᠢᠨᠵᠢᠭᠤᠯᠤᠯᠲᠠ ᠶᠢᠨ ᠳᠤᠪᠴᠢᠶᠠᠨ ᠤ ᠳᠤᠪᠴᠢᠶᠠᠨ ᠳᠠᠷᠤᠭ᠎ᠠ᠂ ᠬᠤᠰᠢᠭᠤ ᠮᠠᠯ ᠠᠵᠤ ᠠᠬᠤᠢ ᠶᠢᠨ ᠳᠤᠪᠴᠢᠶᠠᠨ ᠤ ᠳᠤᠪᠴᠢᠶᠠᠨ ᠳᠠᠷᠤᠭ᠎ᠠ᠂ ᠬᠤᠰᠢᠭᠤ ᠠᠯᠪᠠᠨ ᠪᠠᠶᠢᠭᠤᠯᠭ᠎ᠠ ᠶᠢᠨ ᠨᠠᠮ ᠤᠨ ᠬᠤᠷᠢᠶᠠᠨ ᠤ ᠱᠦᠵᠢ᠂ ᠬᠤᠰᠢᠭᠤ ᠤᠯᠤᠰ ᠲᠦᠷᠦ ᠬᠠᠤᠯᠢ ᠴᠠᠭᠠᠵᠠ ᠶᠢᠨ ᠵᠥᠪᠯᠡᠯ ᠤᠨ ᠨᠠᠮ ᠤᠨ ᠬᠤᠷᠢᠶᠠᠨ ᠤ ᠳᠡᠳ᠋ ᠱᠦᠵᠢ ᠵᠡᠷᠭᠡ ᠳᠤᠰᠢᠶᠠᠯ ᠢ ᠬᠠᠷᠢᠭᠤᠴᠠᠨ ᠠᠵᠢᠯᠯᠠᠵᠤ ᠪᠠᠶᠢᠭᠠᠳ 1989 ᠤᠨ ᠤ ᠵᠢᠯ ᠤᠨ ᠡᠴᠦᠰ ᠲᠤ ᠠᠵᠢᠯ ᠤᠨ ᠠᠮᠠᠷᠠᠯᠲᠠ ᠪᠠᠨ ᠠᠪᠤᠪᠠ       ᠠᠵᠢᠯ ᠤᠨ ᠠᠮᠠᠷᠠᠯᠲᠠ ᠪᠠᠨ ᠠᠪᠤᠭᠰᠠᠨ ᠤ ᠳᠠᠷᠠᠭ᠎ᠠ ᠦᠨᠳᠦᠰᠦᠲᠡᠨ ᠬᠢᠭᠡᠳ ᠨᠤᠲᠤᠭ ᠰᠤᠶᠤᠯ ᠳᠠᠭᠠᠨ ᠳᠤᠰᠤᠯ ᠤᠨ ᠲᠡᠳᠦᠢ ᠴᠦ ᠬᠤᠪᠢ ᠨᠡᠮᠡᠭᠦᠷᠢ ᠪᠠᠨ ᠦᠵᠡᠭᠦᠯᠬᠦ ᠭᠡᠵᠦ ᠴᠢᠷᠮᠠᠶᠢᠨ᠂ ᠤᠷᠢᠳ ᠬᠤᠵᠢᠳ ᠬᠡᠳᠦᠨ ᠵᠠᠭᠤᠨ ︽ᠵᠦᠢᠷ ᠰᠡᠴᠡᠨ ᠦᠭᠡ︾ ᠶᠢ ᠡᠮᠬᠢᠳᠬᠡᠨ ᠨᠡᠶᠢᠲᠡᠯᠡᠭᠦᠯᠵᠦ᠂ ︽ᠳᠥᠷᠪᠡᠨ ᠦᠨᠳᠦᠷ ᠤᠨ ᠰᠢᠯᠢ ᠬᠢᠭᠡᠳ ᠬᠤᠶᠠᠷ ᠳᠤᠰᠤᠲᠤ ᠶᠢᠨ ᠭᠤᠤᠯ ᠳᠠᠭᠠᠤ ᠳᠠᠬᠢ ᠭᠠᠵᠠᠷ ᠤᠰᠤᠨ ᠤ ᠨᠡᠷᠡᠰ︾ ᠭᠡᠬᠦ ᠲᠤᠮᠤᠬᠠᠨ ᠵᠤᠬᠢᠶᠠᠯ ᠢᠶᠠᠨ ᠬᠤᠰᠢᠭᠤ ᠤᠯᠤᠰ ᠲᠦᠷᠦ ᠶᠢᠨ ᠵᠥᠪᠯᠡᠯᠭᠡᠨ ᠤ ᠰᠤᠶᠤᠯ ᠲᠡᠦᠬᠡ ᠶᠢᠨ ᠡᠮᠬᠢᠳᠬᠡᠯ ᠤᠨ ᠨᠤᠮ ᠳᠤ ᠨᠡᠶᠢᠲᠡᠯᠡᠭᠦᠯᠪᠡ᠃ 2012 ᠤᠨ ᠳᠤ ᠥᠪᠥᠷ ᠮᠤᠩᠭᠤᠯ ᠤᠨ ᠠᠷᠠᠳ ᠤᠨ ᠬᠡᠪᠯᠡᠯ ᠤᠨ ᠬᠤᠷᠢᠶ᠎ᠠ ︽ᠪᠤᠷᠤᠬᠤᠰᠢᠭᠤ ᠨᠤᠲᠤᠭ ᠤᠨ ᠲᠡᠦᠬᠡᠨ ᠤᠯᠠ ᠮᠥᠷ︾ ᠭᠡᠬᠦ ᠭᠤᠴᠢᠭᠠᠳ ᠲᠥᠮᠡᠨ ᠦᠰᠦᠭᠲᠦ ᠨᠤᠮ ᠢ ᠬᠡᠪᠯᠡᠨ ᠳᠠᠷᠬᠠᠭᠠᠪᠠ᠃                         ︽ᠤᠲᠤᠭ ᠮᠤᠩᠭᠤᠯᠴᠤᠳ ᠤᠨ ᠤᠯᠠᠮᠵᠢᠯᠠᠯᠲᠤ ᠭᠡᠷ ᠤᠨ ᠰᠤᠷᠭᠠᠯ ᠤᠨ ᠳᠤᠪᠴᠢ︾ ᠥᠷᠯᠦᠭᠦᠳ ᠳᠠᠮᠪᠠᠯᠢᠷᠤᠪ ᠡᠮᠬᠢᠳᠬᠡᠨ ᠨᠠᠶᠢᠷᠠᠭᠤᠯᠪᠠ 
ᠢᠷᠡᠯᠲᠡ᠄ ᠤᠲᠤᠭ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ