1959 ᠤᠨ ᠳᠤ ᠴᠠᠪ ᠰᠤᠮᠤᠨ ᠤ ᠲᠤᠯᠢ ᠭᠠᠴᠠᠭᠠᠨ ᠳᠤ ᠲᠥᠷᠥᠪᠡ᠃ ᠳᠡᠭᠡᠳᠦ ᠵᠡᠷᠭᠡ ᠶᠢᠨ ᠳᠤᠰᠬᠠᠢ ᠮᠡᠷᠭᠡᠵᠢᠯ ᠤᠨ ᠰᠤᠷᠭᠠᠭᠤᠯᠢ ᠲᠡᠭᠦᠰᠴᠦ᠂ | 1975 ᠤᠨ ᠳᠤ ᠠᠵᠢᠯ ᠳᠤ ᠤᠷᠤᠵᠤ᠂ ᠲᠡᠦᠬᠡ ᠮᠦᠽᠸᠢ ᠶᠢᠨ ᠠᠵᠢᠯᠲᠠᠨ ᠢᠶᠠᠷ ᠠᠵᠢᠯᠯᠠᠵᠠᠢ᠃ | ᠤᠷᠢᠳ ᠬᠤᠵᠢᠳ ᠴᠡᠷᠢᠭ ᠲᠤ ᠤᠷᠤᠵᠤ᠂ ᠨᠤᠲᠤᠭ ᠤᠨ ᠡᠮᠴᠢ᠂ ᠺᠢᠨᠤ᠋ ᠭᠠᠷᠭᠠᠬᠤ᠂ ᠷᠠᠳᠢᠤ᠋ ᠲᠧᠯᠸᠢᠰ ᠨᠡᠪᠲᠡᠷᠡᠭᠦᠯᠬᠦ᠂ ᠬᠠᠭᠤᠴᠢ ᠬᠠᠮᠢᠶᠠᠷᠬᠤ ᠵᠡᠷᠭᠡ ᠠᠵᠢᠯ | ᠢ ᠬᠢᠵᠦ ᠥᠩᠭᠡᠷᠡᠪᠡ᠃ 2002 ᠤᠨ ᠳᠤ ᠪᠥᠬᠦ ᠤᠯᠤᠰ ᠤᠨ ᠠᠩᠬᠠᠨ ᠤ ᠰᠤᠮᠤ ︵ᠰᠢᠶᠠᠩ︶ ᠶᠢᠨ ᠲᠡᠰ ᠤᠨ ᠠᠪᠤᠷᠭᠤ ᠭᠦᠷᠪᠡᠯ ᠤᠨ ᠮᠦᠽᠸᠢ ᠶᠢ ᠪᠥᠲᠥᠭᠡᠨ | ᠪᠠᠶᠢᠭᠤᠯᠪᠠ᠃ ᠦᠭᠦᠯᠡᠯ ︽ᠥᠪᠥᠷ ᠮᠤᠩᠭᠤᠯ ᠤᠨ ᠴᠠᠪ ᠨᠤᠲᠤᠭ ᠤᠨ ᠳᠤᠮᠳᠠ ᠠᠮᠢᠳᠤ ᠡᠷᠡᠨ ᠤ ᠴᠠᠷᠳᠠ ᠶᠢᠨ ᠭᠠᠯᠪᠠ ᠶᠢᠨ ᠲᠤᠮᠤ ᠰᠤᠶᠤᠭᠠᠲᠤ ᠠᠪᠤᠷᠭᠤ | ᠭᠦᠷᠪᠡᠯ ᠤᠨ ᠤᠯᠠ ᠮᠥᠷ ᠤᠨ ᠴᠢᠯᠠᠭᠤᠵᠢᠮᠠᠯ︾ ᠭᠡᠬᠦ ᠦᠭᠦᠯᠡᠯ ᠢᠶᠠᠨ ᠡᠷᠲᠡᠨ ᠤ ᠠᠮᠢᠲᠠᠨ ᠤᠷᠭᠤᠮᠠᠯ ᠤᠨ ᠡᠷᠳᠡᠮ ᠰᠢᠨᠵᠢᠯᠡᠭᠡᠨ ᠤ ᠰᠡᠳᠬᠦᠯ ᠤᠨ ᠬᠤᠶᠠᠳᠤᠭᠠᠷ | ᠬᠤᠭᠤᠴᠠᠭ᠎ᠠ ᠶᠢᠨ 45 ᠳ᠋ᠤᠭᠠᠷ ᠪᠤᠳᠢ ᠳᠤ ᠨᠡᠶᠢᠲᠡᠯᠡᠪᠡ᠃ | 2003 ᠤᠨ ᠠᠴᠠ ᠬᠡᠭᠡᠷ᠎ᠡ ᠶᠢᠨ ᠤᠷᠭᠤᠮᠠᠯ ᠢ ᠲᠡᠭᠦᠵᠦ ᠴᠤᠭᠯᠠᠭᠤᠯᠵᠤ ᠪᠠᠶᠢᠴᠠᠭᠠᠯᠲᠠ ᠬᠢᠵᠦ ᠡᠬᠢᠯᠡᠨ᠂ ᠤᠯᠠᠨ ᠤᠳᠠᠭ᠎ᠠ ᠤᠷᠭᠤᠮᠠᠯ ᠤᠨ ᠬᠠᠮᠢᠶ᠎ᠠ ᠲᠠᠢ | ᠦᠵᠡᠭᠦᠯᠦᠯᠲᠡ ᠡᠷᠬᠢᠯᠡᠪᠡ᠃ ︽ᠤᠲᠤᠭ ᠤᠨ ᠠᠮᠢᠳᠤ ᠪᠤᠳᠠᠰ ᠤᠨ ᠡᠬᠢ ᠪᠠᠶᠠᠯᠢᠭ︾ ᠭᠡᠬᠦ ᠨᠤᠮ ᠢ ᠨᠠᠶᠢᠷᠠᠭᠤᠯᠤᠨ ᠵᠤᠬᠢᠶᠠᠪᠠ᠃ | | ︽ᠤᠲᠤᠭ ᠤᠨ ᠠᠮᠢᠳᠤ ᠪᠤᠳᠠᠰ ᠤᠨ ᠡᠬᠢ ᠪᠠᠶᠠᠯᠢᠭ︾ ᠪᠠᠭᠠᠲᠤᠷ ᠨᠠᠶᠢᠷᠠᠭᠤᠯᠤᠨ ᠵᠤᠬᠢᠶᠠᠪᠠ | |